3 ᠰᠠᠷ᠎ᠠ᠎ᠶ᠋ᠢᠨ 12᠎ᠤᠨ ᠡᠳᠦᠷ
ᠡᠬᠢᠯᠡᠬᠦ᠌ ᠴᠠᠭ᠄
2026-03-12 10:15:37
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png

02天气模板_01.png

12盟市模板_01.png


ᠬᠣᠶᠠᠷ ᠬᠤᠷᠠᠯ᠎ᠤᠨ ᠲᠤᠰᠭᠠᠢ ᠮᠡᠳᠡᠭᠡᠯᠡᠯ

✦ 3 ᠰᠠᠷ᠎ᠠ᠎ᠶᠢᠨ 12᠎ᠤᠨ ᠡᠳᠦᠷ (ᠭᠠᠷᠠᠭ᠎ᠤᠨ ᠳᠥᠷᠪᠡᠨ)᠎ᠤᠨ ᠦᠳᠡ᠎ᠶᠢᠨ ᠬᠣᠢᠨᠠᠬᠢ 3 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠭᠦᠰᠬᠦ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ ᠳ᠋ᠤ ᠶᠠᠪᠤᠭᠳᠠᠨ᠎ᠠ᠃

 

ᠨᠡᠢᠭᠡᠮ

✦ 11 ᠤ᠋ ᠡᠳᠦᠷ᠂ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ T1200 ᠲᠠᠰ᠎ᠤᠨ ᠬᠡᠲᠦ ᠥᠨᠳᠥᠷ ᠬᠦᠴᠦᠯᠡᠴᠡ᠎ᠲᠠᠢ ᠨᠡᠭᠦᠷᠡᠰᠦᠲᠥ᠋ᠷᠥᠭᠴᠢ᠎ᠶᠢᠨ ᠰᠢᠷᠬᠡᠭᠯᠢᠭ᠎ᠢ ᠪᠥᠬᠥ ᠳᠡᠯᠡᠬᠡᠢ᠎ᠳᠦ ᠠᠩᠬ᠎ᠠ ᠳᠠᠷᠬᠠᠭᠠᠪᠠ᠃ ᠡᠨᠡ ᠬᠦ᠌ ᠰᠢᠪᠲᠤᠯᠤᠯᠲᠠ ᠨᠢ ᠪᠦᠬᠦ ᠪᠥᠮᠪᠥᠷᠴᠡᠭ᠎ᠦᠨ ᠬᠣᠯᠪᠣᠭᠳᠠᠯ ᠪᠦᠬᠦᠢ ᠬᠦᠷᠢᠶᠡᠨ᠎ᠦ ᠬᠣᠭᠣᠰᠤᠨ᠎ᠢ ᠨᠥᠬᠥᠪᠦᠷᠢᠯᠡᠵᠦ᠂ ᠮᠠᠨ᠎ᠤ ᠤᠯᠤᠰ ᠬᠡᠳᠦ ᠥᠨᠳᠥᠷ ᠬᠦᠴᠦᠯᠡᠴᠡ᠎ᠲᠠᠢ ᠨᠡᠭᠦᠷᠡᠰᠦᠲᠥ᠋ᠷᠥᠭᠴᠢ᠎ᠶᠢᠨ ᠰᠢᠷᠬᠡᠭᠯᠢᠭ᠎ᠦᠨ ᠬᠦᠷᠢᠶᠡᠨ ᠳ᠋ᠦ ᠴᠢᠬᠤᠯᠠ ᠶᠡᠬᠡ ᠳᠠᠪᠠᠯᠲᠠ᠎ᠲᠠᠢ ᠪᠤᠯᠤᠭᠰᠠᠨ᠎ᠢ ᠬᠠᠷᠠᠭᠤᠯᠵᠤ ᠪᠠᠢᠨ᠎ᠠ᠃

✦ ᠲᠥᠪ᠎ᠦᠨ ᠢᠨᠲᠸᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠵᠦᠪᠯᠡᠯ᠎ᠤᠨ ᠠᠯᠪᠠᠨ ᠭᠡᠷ ᠣᠢᠷ᠎ᠠ᠎ᠳᠤ 《ᠲᠤᠨᠭᠭᠠᠯᠠᠭ·2026 ᠣᠨ᠎ᠤ᠋ ᠥᠯᠵᠡᠢ ᠪᠡᠯᠭᠡᠲᠦ ᠴᠠᠭᠠᠨ ᠰᠠᠷ᠎ᠠ᠎ᠶᠢᠨ ᠰᠦᠯᠵᠢᠶᠡᠨ᠎ᠦ ᠣᠷᠴᠢᠨ᠎ᠢ ᠪᠣᠶ ᠪᠣᠯᠭᠠᠬᠤ》 ᠲᠤᠰᠬᠠᠢ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠵᠦ᠂ ᠣᠲᠣᠬᠠᠨ ᠪᠣᠯᠲᠠᠯ᠎ᠠ ᠬᠠᠤᠯᠢ ᠶᠣᠰᠣᠭᠠᠷ 3.9 ᠲᠦᠮᠡ ᠭᠠᠷᠤᠢ ᠲᠠᠩᠰᠠᠨ ᠨᠣᠮᠧᠷ᠎ᠢ ᠰᠢᠢᠳᠪᠦᠷᠢᠯᠡᠵᠦ᠂ ᠬᠠᠤᠯᠢ ᠲᠣᠭᠲᠠᠭᠠᠯ ᠠ᠋ᠴᠠ ᠵᠥᠷᠢᠴᠡᠭᠰᠡᠨ 70.8 ᠲᠦᠮᠡ ᠭᠠᠷᠤᠢ ᠮᠡᠳᠡᠭᠡ ᠵᠠᠩᠭᠢ᠎ᠶᠢ ᠴᠡᠪᠡᠷᠯᠡᠭᠰᠡᠨ ᠪᠠᠢᠨ᠎ᠠ᠃

✦ ᠭᠠᠳᠠᠭᠠᠳᠤ ᠶᠠᠪᠤᠳᠠᠯ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠡᠯ᠎ᠡ ᠲᠠᠯ᠎ᠠ ᠶ᠋ᠢᠨ ᠬᠢᠨ᠎ᠦ ᠬᠠᠮᠲᠤ ᠶ᠋ᠢᠨ ᠴᠢᠷᠮᠠᠢᠯᠭ᠎ᠠ᠎ᠪᠠᠷ ᠣᠳᠣᠬᠠᠨ᠎ᠳᠤ ᠳᠤᠮᠳᠠᠳᠤ ᠤᠯᠤᠰ᠎ᠤᠨ ᠲᠦᠮᠡ ᠭᠠᠷᠤᠢ ᠬᠦᠮᠦᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠂ ᠤᠮᠠᠨ᠂ ᠰᠠᠦᠢ᠍ᠳ᠋᠎ᠤᠨ ᠠᠷᠠᠪ ᠵᠡᠷᠭᠡ ᠤᠯᠤᠰ ᠠ᠋ᠴᠠ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ᠎ᠪᠠᠷ ᠤᠯᠤᠰ ᠲᠠᠭᠠᠨ ᠪᠤᠴᠠᠵᠤ ᠢᠷᠡᠭᠰᠡᠨ ᠪᠠᠢᠨ᠎ᠠ᠃

✦ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠠ᠋ᠴᠠ ᠬᠠᠮᠲᠤᠷᠠᠨ ᠡᠷᠭᠢᠯᠡᠭᠰᠡᠨ 2026 ᠣᠨ᠎ᠤ ᠬᠠᠪᠤᠷ ᠤ᠋ᠨ ᠤᠯᠠᠷᠢᠯ᠎ᠤᠨ ᠪᠦᠬᠦ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ ᠶ᠋ᠢᠨ ᠭᠠᠯ ᠤ᠋ᠨ ᠠᠶᠤᠯ ᠡᠴᠡ ᠰᠡᠷᠭᠡᠢᠯᠡᠬᠦ ᠨᠡᠬᠡᠬᠡᠯᠳᠡᠳᠦ ᠬᠢᠴᠢᠶᠡᠯ ᠢ᠋ 3 ᠰᠠᠷ᠎ᠠ  ᠶ᠋ᠢᠨ 13᠎ᠤ ᠡᠳᠦᠷ᠎ᠦᠨ 15 ᠴᠠᠭ᠎ᠲᠤ ᠰᠢᠭᠤᠳ ᠨᠡᠪᠲᠡᠷᠡᠭᠦᠯᠦᠨ᠎ᠡ᠃

✦ ᠡᠨᠡ ᠵᠢᠯ ᠥᠪᠥᠷ ᠮᠣᠩᠭᠣᠯ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢ ᠭᠦᠨᠵᠡᠭᠡᠢ ᠠᠭᠤᠳᠠᠯᠵᠤ᠂ ᠪᠥᠬᠥ ᠵᠢᠯ᠎ᠳᠦ 50 ᠲᠦᠮᠡ᠎ᠡᠴᠡ ᠳᠡᠭᠡᠭᠰᠢ ᠵᠠᠬ᠎ᠠ ᠳᠡᠯᠭᠡᠭᠦᠷᠴᠢᠯᠡᠭᠰᠡᠨ ᠠᠵᠢᠯ᠎ᠤᠨ ᠪᠠᠢᠷᠢ᠎ᠶᠢ ᠴᠤᠭᠯᠠᠭᠤᠯᠤᠨ ᠨᠡᠢᠲᠡᠯᠡᠵᠦ᠂ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠂ ᠦᠨᠳᠦᠰᠦᠨ ᠱᠠᠲᠤᠨ ᠳ᠋ᠤ ᠦᠢᠯᠡᠴᠢᠯᠡᠬᠦ ᠲᠥᠷᠥᠯ ᠵᠦᠢᠯ ᠵᠡᠷᠭᠡ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ 4.5 ᠲᠦᠮᠡ᠎ᠡᠴᠡ ᠢᠯᠡᠬᠦᠦ ᠪᠠᠢᠯᠭᠠᠨ᠂ ᠨᠡᠭᠡᠭᠡᠨ ᠬᠥᠭᠵᠢᠭᠦᠯᠵᠦ ᠠᠵᠢᠯ ᠣᠯᠭᠣᠬᠤ᠎ᠶᠢ ᠲᠤᠰᠠᠯᠠᠬᠤ ᠠᠵᠢᠯ᠎ᠤᠨ ᠪᠠᠢᠷᠢ᠎ᠶᠢ 1000 ᠡᠴᠡ ᠢᠯᠡᠬᠦᠦ ᠪᠠᠢᠯᠭᠠᠬᠤ᠎ᠪᠠᠷ ᠲᠥᠯᠥᠪᠯᠡᠵᠦ ᠪᠣᠶ᠃

✦ 10᠎ᠤ ᠡᠳᠦᠷ᠂ ᠬᠥᠬᠡᠬᠣᠲᠠ᠎ᠶᠢᠨ ᠱᠧᠩ ᠯᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠪᠣᠭᠣᠮᠲᠠ ᠲᠤᠬᠠᠢ᠎ᠶᠢᠨ ᠲᠠᠯᠠᠪᠤᠷ᠎ᠤᠨ ᠰᠢᠯᠭᠠᠨ ᠪᠠᠢᠴᠠᠭᠠᠯᠲᠠ ᠳ᠋ᠤ ᠬᠢᠷᠢ ᠳᠡᠨᠭᠴᠡᠪᠡ᠃ ᠡᠨᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 4F ᠲᠠᠰ᠎ᠤᠨ ᠣᠯᠠᠨ ᠤᠯᠤᠰ ᠤ᠋ᠨ ᠨᠢᠰᠬᠡᠯ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠪᠣᠭᠣᠮᠲᠠ ᠠᠰᠢᠭ᠍ᠯᠠᠯᠲᠠ ᠳ᠋ᠤ ᠣᠷᠣᠬᠤ ᠨᠥᠬᠥᠴᠡᠯ᠎ᠢ ᠪᠦᠷᠢᠯᠳᠦᠬᠦᠯᠵᠦ᠂ ᠨᠢᠰᠬᠡᠯ᠎ᠦᠨ ᠪᠠᠭᠤᠳᠠᠯ ᠵᠢᠩᠬᠢᠨᠢ᠎ᠪᠡᠷ ᠠᠶᠠᠯᠠᠯ ᠨᠡᠪᠲᠡᠷᠡᠬᠦ᠂ ᠳᠡᠯᠡᠬᠡᠢᠴᠢᠯᠡᠭᠰᠡᠨ ᠡᠵᠡᠩᠨᠡᠯᠲᠡ ᠵᠠᠩᠭᠢᠯᠠᠭ᠎ᠠ ᠶ᠋ᠢᠨ ᠠᠯᠬᠤᠮ ᠢ᠋ ᠠᠯᠬᠤᠭᠰᠠᠨ᠎ᠢ ᠬᠠᠷᠠᠭᠤᠯᠵᠤ ᠪᠠᠢᠨ᠎ᠠ᠃

✦ ᠬᠥᠯᠥᠨ ᠪᠤᠢ᠍ᠢᠷ ᠬᠤᠳᠠ᠎ᠶᠢᠨ ᠠᠳᠤᠭᠤᠨ ᠦᠢᠯᠡᠰ᠎ᠤᠨ ᠵᠢᠳᠬᠦᠯᠳᠡᠳ ᠵᠢᠴᠢ ᠤᠶᠠᠭᠠᠴᠢᠳ᠎ᠤᠨ ᠱᠠᠩᠨᠠᠯ ᠣᠯᠭᠣᠬᠤ ᠶᠣᠰᠣᠯᠠᠯ ᠤᠢᠷ᠎ᠠ ᠳ᠋ᠤ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠰᠢᠭᠤᠨ᠎ᠳ᠋ᠤ ᠶᠠᠪᠤᠭᠳᠠᠵᠤ᠂ ᠬᠦᠯᠦᠨ ᠪᠤᠢᠷ ᠬᠤᠳᠠ ᠵᠢᠨ ᠮᠠᠯᠵᠢᠬᠤ ᠳᠦᠷᠪᠡᠨ ᠬᠤᠰᠢᠭᠤᠨ᠎ᠤ ᠤᠶᠠᠭᠠᠴᠢᠳ᠂ ᠠᠳᠤᠭᠤᠴᠢᠳ ᠵᠢᠴᠢ ᠠᠳᠤᠭᠤᠨ ᠰᠣᠶᠣᠯ᠎ᠢ ᠤᠯᠠᠮᠵᠢᠯᠠᠭ᠍ᠴᠢᠳ᠎ᠲᠦ᠍ ᠠᠷᠪᠠ ᠭᠠᠷᠤᠢ ᠵᠦᠢᠯ᠎ᠦᠨ ᠢᠷᠠᠭᠤ ᠠᠯᠳᠠᠷ᠎ᠤᠯᠭᠤᠪᠠ᠃

✦ ᠦᠬᠠᠢ ᠬᠣᠲᠠ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠰᠣᠨᠢᠷᠬᠠᠬᠤ ᠬᠠᠮᠤᠭ᠎ᠤᠨ ᠰᠠᠢᠨ ᠤᠯᠠᠷᠢᠯ᠎ᠳᠤ ᠣᠷᠣᠵᠦ᠂ ᠲᠤᠬᠠᠢ᠎ᠶᠢᠨ ᠭᠠᠵᠠᠷ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠦᠨ 8 ᠬᠢᠨᠠᠨ ᠬᠡᠮᠵᠢᠬᠦ ᠴᠡᠭ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠣᠳᠣᠬᠠᠨ᠎ᠳᠤ ᠨᠢᠭᠡᠨᠲᠡ ᠬᠤᠨ ᠭᠠᠯᠠᠭᠤ᠂ ᠤᠯᠠᠭᠠᠨ ᠬᠣᠰᠢᠭᠤᠲᠤ ᠴᠠᠬᠤᠯᠠᠢ ᠵᠡᠷᠭᠡ 10 ᠭᠠᠷᠤᠢ ᠵᠦᠢᠯ᠎ᠦᠨ ᠨᠡᠭᠦᠳᠡᠯ᠎ᠦᠨ ᠰᠢᠪᠠᠭᠤ ᠦᠬᠠᠢ ᠬᠣᠲᠠ᠎ᠳᠤ ᠢᠷᠡᠵᠦ᠂ ᠳᠦᠷᠰᠦ᠎ᠶᠢᠨ ᠰᠦᠷᠦᠭ᠎ᠦᠨ ᠶᠡᠷᠦᠩᠬᠡᠢ ᠬᠡᠮᠵᠢᠶ᠎ᠠ ᠪᠠᠷᠤᠭ 2 ᠲᠦᠮᠡ ᠪᠠᠢᠨ᠎ᠠ᠃

✦ ᠰᠥᠨᠢᠳ ᠵᠡᠭᠦᠨ ᠬᠣᠰᠢᠭᠤᠨ᠎ᠤ ᠳᠠᠯᠠᠢ ᠰᠤᠮᠤ ᠵᠢᠨ ᠬᠢᠨ ᠤᠷᠴᠢᠮᠬᠠᠨ 19 ᠡᠷᠦᠬᠡ ᠵᠢᠨ ᠮᠠᠯᠴᠢᠳ᠎ᠲᠤ ᠬᠠᠪᠤᠷ᠎ᠤᠨ ᠤᠯᠠᠷᠢᠯ᠎ᠤᠨ ᠬᠤᠯᠤᠭᠠᠨ᠎ᠠ᠎ᠶᠢᠨ ᠭᠠᠮᠰᠢᠭ ᠢ᠋ ᠰᠡᠷᠭᠡᠢᠯᠡᠬᠦ ᠡᠮ᠎ᠦᠨ ᠵᠦᠢᠯᠡᠰ᠎ᠢ ᠲᠥᠪᠯᠡᠷᠡᠭᠦᠯᠦᠨ ᠲᠦᠭᠡᠭᠡᠵᠡᠢ᠃ ᠡᠨᠡ ᠨᠢ ᠲᠤᠰ ᠬᠣᠰᠢᠭᠤᠨ᠎ᠤ 2026 ᠣᠨ᠎ᠤ ᠬᠠᠪᠤᠷ᠎ᠤᠨ ᠤᠯᠠᠷᠢᠯ᠎ᠤᠨ ᠬᠤᠯᠤᠭᠠᠨ᠎ᠠ᠎ᠶᠢᠨ ᠭᠠᠮᠰᠢᠭ᠎ᠢ ᠰᠡᠷᠭᠡᠢᠯᠡᠨ ᠡᠵᠡᠮᠳᠡᠬᠦ ᠠᠵᠢᠯ ᠪᠦᠬᠦ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠢᠨ᠎ᠠ᠃


ᠠᠵᠤ ᠠᠬᠤᠢ 

✦ ᠪᠠᠷᠠᠭᠤᠨ ᠦᠵᠦᠮᠦᠴᠢᠨ ᠬᠣᠰᠢᠭᠤ ᠤᠯᠠᠨ ᠡᠰᠢᠴᠢᠯᠡᠭᠰᠡᠨ ᠪᠣᠢᠵᠢᠭᠤᠯᠤᠯᠲᠠ᠎ᠶᠢᠨ ᠠᠷᠭ᠎ᠠ ᠵᠠᠮ᠎ᠢᠶᠠᠷ ᠳᠠᠮᠵᠢᠭᠤᠯᠤᠨ ᠨᠢᠭᠡ ᠪᠦᠯᠦᠭ ᠳᠠᠢᠴᠢᠯᠠᠬᠤ ᠴᠢᠳᠠᠪᠤᠷᠢ᠎ᠪᠠᠷ ᠴᠢᠩᠭ᠎ᠠ᠂ ᠨᠥᠯᠥᠭᠡᠯᠡᠬᠦ ᠬᠡᠪᠴᠢᠶ᠎ᠡ᠎ᠪᠡᠷ ᠥᠷᠭᠡᠨ᠂ ᠡᠵᠡᠩᠨᠡᠯᠲᠡ ᠬᠠᠮᠢᠶᠠᠷᠤᠯᠲᠠ ᠵᠢᠷᠤᠮᠵᠢᠭ᠍ᠰᠠᠨ ᠬᠡᠪ ᠳᠠᠭᠤᠷᠢᠶᠠᠯ᠎ᠤᠨ ᠬᠡᠯᠪᠡᠷᠢ᠎ᠶᠢᠨ ᠡᠵᠡᠩᠨᠡᠯᠲᠡ᠎ᠶᠢᠨ ᠭᠣᠣᠯ ᠴᠣᠭᠴᠠ᠎ᠶᠢ ᠪᠠᠢᠭᠤᠯᠵᠠᠢ᠃ ᠣᠲᠣᠬᠠᠨ ᠪᠣᠯᠲᠠᠯ᠎ᠠ ᠪᠥᠬᠥ ᠬᠣᠰᠢᠭᠤᠨ᠎ᠳᠤ ᠨᠢᠭᠡᠨᠲᠡ 772 ᠭᠡᠷ ᠪᠦᠯᠢ᠎ᠶᠢᠨ ᠮᠠᠯᠵᠢᠯ᠎ᠤᠨ ᠲᠠᠯᠠᠪᠠᠶ᠂ 143 ᠮᠠᠯᠴᠢᠳ᠎ᠤᠨ ᠲᠤᠰᠬᠠᠢ ᠬᠣᠷᠰᠢᠶ᠎ᠠ᠎ᠶᠢ ᠪᠣᠢᠵᠢᠭᠤᠯᠵᠠᠢ᠃


ᠰᠣᠶᠣᠯ

✦ ᠬᠣᠶᠠᠳᠤᠭᠠᠷ ᠬᠤᠭᠤᠴᠠᠭᠠᠨ᠎ᠦ 《ᠢᠵᠠᠭᠤᠷ ᠰᠣᠶᠣᠯ》 ᠨᠡᠷᠡᠮᠵᠢᠲᠤ ᠣᠷᠳᠣᠰ ᠨᠠᠢᠷ᠎ᠤᠨ ᠤᠷᠤᠯᠳᠤᠭᠠᠨ ᠲᠦᠷᠦᠭᠦᠬᠡᠨ ᠣᠲᠤᠭ ᠎ᠤᠨ ᠡᠮᠦᠨᠡᠲᠦ ᠬᠣᠰᠢᠭᠤᠨ ᠳ᠋ᠤ ᠠᠮᠵᠢᠯᠲᠠ᠎ᠲᠠᠢ ᠶᠠᠪᠤᠭᠳᠠᠵᠤ᠂ ᠦᠦᠰᠢᠨ ᠬᠣᠰᠢᠭᠤ᠂ ᠣᠲᠣᠭ᠎ᠤᠨ ᠡᠮᠦᠨᠡᠲᠦ ᠬᠣᠰᠢᠭᠤ᠂ ᠣᠲᠣᠭ ᠬᠣᠰᠢᠭᠤᠨ᠎ᠤ ᠠᠷᠪᠠᠨ ᠰᠠᠯᠪᠤᠷᠢ ᠠᠷᠠᠳ᠎ᠤᠨ ᠤᠷᠠᠯᠢᠭ᠍ᠴᠢᠳ᠎ᠤᠨ ᠪᠦᠯᠬᠦᠮ ᠨᠡᠷ᠎ᠡ ᠮᠡᠳᠡᠭᠦᠯᠦᠨ ᠣᠷᠣᠯᠴᠠᠵᠤ᠂ ᠥᠪᠡᠷ ᠥᠪᠡᠷ ᠤ᠋ᠨ ᠤᠷ᠎ᠠ ᠠᠪᠢᠶᠠᠰ ᠵᠢᠡᠨ ᠦᠵᠡᠬᠦᠯᠦᠭᠰᠡᠨ ᠪᠠᠢᠨ᠎ᠠ᠃

✦ ᠤᠢᠷ᠎ᠠ ᠳ᠋ᠤ 《ᠴᠠᠬᠢᠷᠮ᠎ᠠ》 ᠨᠡᠷᠡᠮᠵᠢᠲᠦ ᠱᠠᠭ᠎ᠠ ᠨᠠᠭᠠᠳᠤᠮ᠎ᠤᠨ ᠤᠷᠤᠯᠳᠤᠭᠠᠨ ᠣᠲᠤᠭ ᠤ᠋ᠨ ᠡᠮᠦᠨᠡᠲᠦ ᠬᠣᠰᠢᠭᠤᠨ᠎ᠳᠤ ᠨᠢᠵᠢᠭᠢᠷ ᠰᠠᠢᠬᠠᠨ ᠶᠠᠪᠤᠭᠳᠠᠵᠦ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ 140 ᠭᠠᠷᠤᠢ ᠱᠠᠭ᠎ᠠ ᠰᠣᠶᠣᠯ᠎ᠤᠨ ᠪᠠᠬᠠᠲᠠᠳ ᠢᠳᠡᠪᠬᠢᠲᠡᠢ ᠣᠷᠣᠯᠴᠠᠪᠠ᠃


ᠲᠠᠮᠢᠷ

✦ 2026 ᠤᠨ᠎ᠤ ᠮᠢᠯᠠᠨ᠎ᠤ ᠡᠪᠦᠯ᠎ᠦᠨ ᠤᠯᠠᠷᠢᠯ᠎ᠤᠨ ᠵᠡᠮᠳᠡᠭᠴᠦᠳ ᠦ᠋ᠨ ᠣᠯᠢᠮᠫᠢᠺ᠎ᠶᠢᠨ ᠲᠠᠮᠢᠷ᠎ᠤᠨ ᠴᠤᠭᠯᠠᠭᠠᠨ᠎ᠤ ᠳᠥᠷᠪᠡᠳᠦᠭᠡᠷ ᠤᠷᠤᠯᠳᠤᠭᠠᠨ᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ 9 ᠠᠯᠲᠠᠨ ᠮᠧᠳᠠᠯ᠂ 6 ᠮᠥᠩᠭᠥᠨ ᠮᠧᠳᠠᠯ᠂ 8 ᠬᠦᠷᠡᠯ ᠮᠧᠳᠠᠯ᠂ ᠨᠡᠶ᠋ᠢᠲᠡ 23 ᠮᠧᠳᠠᠯ ᠭᠠᠷᠳᠠᠵᠤ᠂ ᠱᠠᠩᠨᠠᠯ᠎ᠤᠨ ᠮᠧᠳᠠᠯ ᠤ᠋ᠨ ᠵᠢᠭ᠍ᠰᠠᠭᠠᠯᠲᠠ᠎ᠳᠤ ᠲᠦᠷᠦᠭᠦᠯᠡᠪᠡ᠃


ᠳᠡᠯᠡᠬᠡᠢ

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠂ ᠤᠷᠤᠰ᠂ ᠦᠺᠷᠠᠢᠨ ᠭᠤᠷᠪᠠᠨ ᠲᠠᠯ᠎ᠠ᠎ᠶᠢᠨ ᠬᠡᠯᠡᠯᠴᠡᠭᠡ᠎ᠶᠢ ᠳᠠᠷᠠᠭ᠎ᠠ ᠭᠠᠷᠠᠭ᠎ᠲᠤ ᠬᠢᠬᠦ᠎ᠪᠡᠷ ᠬᠣᠢᠰᠢᠯᠠᠭᠤᠯᠤᠨ᠎ᠠ ᠭᠡᠪᠡ᠃ ᠦᠺᠷᠠᠢᠨ᠎ᠤ ᠶᠡᠷᠦᠩᠬᠡᠢᠯᠡᠭᠴᠢ ᠽᠸᠯᠢᠶᠠᠨᠰᠺᠢ ᠬᠡᠯᠡᠬᠦ᠎ᠳᠡᠭᠡᠨ᠂ ᠬᠡᠯᠡᠯᠴᠡᠭᠡ ᠬᠢᠬᠦ ᠭᠠᠵᠠᠷ ᠨᠢ ᠲᠦᠷᠺ᠎ᠲᠦ ᠪᠠᠢᠬᠤ ᠪᠣᠯᠣᠯᠴᠠᠭ᠎ᠠ ᠲᠠᠢ ᠭᠡᠵᠡᠢ᠃

✦ 10᠎ᠤ ᠡᠳᠦᠷ᠂ ᠳᠤᠮᠳᠠᠳᠤ ᠳᠣᠷᠣᠨᠠᠲᠤ ᠶ᠋ᠢᠨ ᠳᠠᠶ᠋ᠢᠨ ᠤ᠋ ᠲᠤᠬᠠᠢ ᠵᠠᠬ᠎ᠠ ᠳᠡᠯᠭᠡᠭᠦᠷ᠎ᠦᠨ ᠰᠠᠨᠠᠭᠠᠰᠢᠷᠠᠯ ᠨᠠᠮᠳᠠᠭᠰᠠᠨ ᠠ᠋ᠴᠠ ᠪᠣᠯᠵᠤ᠂ ᠣᠯᠠᠨ ᠤᠯᠤᠰ᠎ᠤᠨ ᠲᠦᠭᠦᠬᠡᠢ ᠴᠢᠯᠠᠭᠤᠨ ᠲᠣᠰᠣᠨ᠎ᠤ ᠬᠤᠭᠤᠴᠠᠭᠠᠲᠤ ᠪᠠᠷᠠᠭᠠᠨ᠎ᠤ ᠦᠨ᠎ᠡ ᠬᠠᠩᠰᠢ ᠶᠡᠬᠡ ᠪᠡᠷ ᠡᠷᠭᠢᠵᠦ᠂ ᠶᠡᠬᠡ᠎ᠪᠡᠷ ᠥᠰᠴᠦ ᠪᠠᠢᠭᠰᠠᠨ ᠠ᠋ᠴᠠ᠎ᠪᠠᠨ ᠶᠡᠬᠡ᠎ᠪᠡᠷ ᠪᠠᠭᠤᠷᠠᠭᠰᠠᠨ ᠪᠠᠢᠨ᠎ᠠ᠃


ᠦᠢᠯᠡᠴᠢᠯᠡᠭᠡ

✦ ᠥᠪᠥᠷ ᠮᠣᠩᠭᠣᠯ᠎ᠤᠨ ᠴᠠᠭ ᠠᠭᠤᠷ᠎ᠤᠨ ᠰᠠᠯᠠᠭ᠎ᠠ ᠮᠥᠴᠢᠷ 24 ᠠᠵᠢᠯᠲᠠᠨ ᠡᠯᠰᠡᠨ᠎ᠠ᠃ 

 

ᠲᠠᠨ᠎ᠤ ᠲᠤᠰᠠ᠎ᠳᠤ

✦ ᠴᠢᠰᠤᠨ ᠰᠢᠬᠢᠷ ᠥᠨᠳᠥᠷ ᠬᠥᠮᠥᠰ ᠭᠤᠯᠢᠷ ᠬᠤᠭᠤᠯᠠ ᠢᠳᠡᠬᠦ ᠳ᠋ᠡᠭᠡᠨ ᠪᠠᠭ᠎ᠠ ᠰᠠᠭ᠎ᠠ ᠪᠦᠳᠦᠭᠦᠯᠢᠭ ᠠᠮᠤ ᠵᠢᠨ ᠨᠤᠨᠳᠠᠭ ᠪᠤᠶᠤ ᠪᠤᠷᠴᠠᠭ᠎ᠤᠨ ᠨᠤᠨᠳᠠᠭ ᠬᠤᠯᠢᠵᠦ ᠪᠣᠯᠣᠨ᠎ᠠ᠃ ᠡᠨᠡ ᠨᠢ ᠬᠣᠭᠣᠯᠠᠨ᠎ᠤ ᠳᠠᠷᠠᠭᠠᠬᠢ ᠴᠢᠰᠤᠨ ᠰᠢᠬᠢᠷ᠎ᠢ ᠬᠢᠵᠠᠭᠠᠷᠯᠠᠬᠤ᠎ᠳᠤ ᠲᠤᠰᠠᠲᠠᠢ ᠪᠠᠢᠵᠦ᠂ ᠪᠠᠰᠠ ᠵᠣᠬᠢᠬᠤ ᠬᠡᠮᠵᠢᠶᠡᠨ᠎ᠳᠦ ᠡᠷᠦᠳᠡᠰᠦ᠂ ᠸᠢᠲ᠋ᠠᠮᠢᠨ ᠪᠠ ᠢᠳᠡᠭᠡᠨ᠎ᠦ ᠰᠢᠷᠬᠡᠭᠯᠢᠭ ᠎ᠢ ᠰᠢᠩᠭᠡᠬᠡᠨ ᠠᠪᠬᠤ ᠬᠡᠮᠵᠢᠶ᠎ᠡ᠎ᠶᠢ ᠨᠡᠮᠡᠭᠳᠡᠭᠦᠯᠦᠨ᠎ᠡ᠃ ᠭᠡᠬᠦ ᠳ᠋ᠡᠭᠡᠨ ᠡᠵᠡᠯᠡᠬᠦ ᠬᠠᠷᠢᠴᠠᠯ᠎ᠢ 20% ᠡᠴᠡ ᠳᠠᠪᠠᠭᠤᠯᠬᠤ ᠦᠭᠡᠢ᠂ ᠡᠰᠡ ᠲᠡᠢᠮᠦ ᠪᠤᠯ ᠭᠤᠯᠢᠷ ᠨᠤᠬᠤᠬᠤ ᠳ᠋ᠤ ᠠᠮᠠᠷᠬᠠᠨ ᠨᠡᠢᠯᠡᠬᠦ ᠦᠭᠡᠢ᠃

ᠵᠠᠯᠭᠠᠭᠠᠳ 《ᠬᠠᠯᠵᠠᠨ ᠬᠦᠷᠡᠨᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号