


ᠨᠡᠢᠭᠡᠮ
✦2025 ᠣᠨ᠎ᠤ ᠳᠤᠮᠳᠠᠳᠤ ᠤᠯᠤᠰ᠎ᠤᠨ ᠨᠤᠲᠤᠭ ᠳᠡᠪᠢᠰᠬᠡᠷ᠎ᠦᠨ ᠨᠣᠭᠣᠭᠠᠷᠠᠭᠤᠯᠤᠯᠲᠠ
ᠶᠢᠨ ᠪᠠᠢᠳᠠᠯ ᠤᠨ ᠠᠯᠪᠠᠨ ᠮᠡᠳᠡᠭᠡ ᠳᠦ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠣᠶ ᠰᠢᠭᠤᠢ ᠡᠪᠡᠰᠦ
ᠪᠡᠯᠴᠢᠭᠡᠷ᠎ᠦᠨ ᠪᠦᠷᠬᠦᠴᠡ᠎ᠶᠢᠨ ᠨᠣᠷᠮ᠎ᠠ 56% ᠶ᠋ᠢ ᠳᠠᠪᠠᠵᠠᠢ᠃
✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠡ᠎ᠶᠢ
ᠦᠨᠳᠦᠰᠦᠯᠡᠪᠡᠯ᠂ ᠣᠢᠷ᠎ᠠ᠎ᠶᠢᠨ ᠬᠤᠭᠤᠴᠠᠭᠠᠨ᠎ᠳᠤ ᠥᠯᠥ ᠬᠥᠳᠡᠯᠬᠦ ᠬᠥᠷᠥᠩᠭᠡ᠎ᠶᠢ ᠳᠡᠩᠰᠡᠯᠡᠨ ᠲᠡᠮᠳᠡᠭᠯᠡᠬᠦ
ᠠᠵᠢᠯ ᠤ᠋ᠨ《ᠮᠤᠵᠢ ᠠᠯᠤᠰᠯᠠᠨ ᠨᠡᠢᠳᠡᠮ ᠭᠦᠢᠴᠡᠳᠬᠡᠬᠦ》ᠵᠢ ᠲᠦᠷᠭᠡᠳᠬᠡᠨ ᠠᠬᠢᠭᠤᠯᠵᠤ᠂
ᠣᠶ ᠰᠢᠭᠤᠢ ᠪᠠ ᠲᠠᠷᠢᠶᠠᠯᠠᠩ᠎ᠤᠨ ᠵᠥᠷᠢᠴᠡᠯ ᠵᠡᠷᠭᠡ ᠲᠡᠦᠬᠡᠨ ᠦᠯᠡᠳᠡᠭᠳᠡᠯ ᠠᠰᠠᠭᠤᠳᠠᠯ᠎ᠢ ᠰᠢᠢᠳᠪᠦᠷᠢᠯᠡᠬᠦ
ᠪᠣᠯᠣᠨ᠎ᠠ᠃
✦ᠠᠮᠢ ᠠᠬᠤᠢ ᠣᠷᠴᠢᠨ ᠲᠤᠭᠤᠷᠢᠨ᠎ᠤ ᠶᠠᠮᠤᠨ ᠢᠯᠡᠷᠬᠡᠢᠯᠡᠬᠦ᠎ᠳᠡᠭᠡᠨ᠂
ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠣᠯᠪᠣᠭᠳᠠᠯ ᠪᠦᠬᠦᠢ ᠪᠢᠴᠢᠭ ᠮᠠᠲᠧᠷᠢᠶᠠᠯ ᠨᠡᠢᠲᠡᠯᠡᠵᠦ᠂ ᠵᠠᠰᠠᠬᠤ
ᠭᠣᠣᠯᠳᠠᠯᠭ᠎ᠠ᠎ᠪᠠᠨ ᠰᠢᠶᠠᠩ ᠲᠣᠰᠬᠣᠨ᠂ ᠰᠢᠶᠠᠨ ᠵᠦᠭ ᠤᠯᠠᠮ ᠨᠢᠭᠡ ᠠᠯᠬᠤᠮ ᠤᠷᠲᠤᠳᠬᠠᠨ᠎ᠠ ᠭᠡᠪᠡ᠃
✦ᠤᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠲᠦᠷᠦᠭᠦᠦ ᠪᠦᠯᠦᠭ᠎ᠦᠨ ᠰᠢᠨ᠎ᠡ ᠬᠡᠯᠪᠡᠷᠢ᠎ᠶᠢᠨ ᠬᠡᠷᠡᠭᠯᠡᠭᠡᠨ᠎ᠦ 10 ᠶᠡᠬᠡ ᠨᠡᠢᠲᠡᠯᠢᠭ ᠵᠢᠱ᠌ᠢᠶ᠎ᠡ᠎ᠶᠢ ᠨᠡᠢᠲᠡᠯᠡᠪᠡ᠃
ᠡᠭᠦᠨ᠎ᠳᠦ ᠪᠠᠶᠠᠨᠨᠠᠭᠤᠷ ᠬᠣᠲᠠ᠎ᠶᠢᠨ《ᠪᠣᠷᠣᠳᠣᠬᠣᠢ᠎ᠳᠤ ᠪᠢ ᠪᠤᠭᠤᠳᠠᠢ᠎ᠶᠢᠨ ᠲᠠᠷᠢᠶ᠎ᠠ᠎ᠲᠠᠢ》ᠬᠡᠮᠡᠬᠦ ᠵᠢᠱ᠌ᠢᠶ᠎ᠡ ᠨᠡᠢᠲᠡᠯᠢᠭ ᠵᠢᠱ᠌ᠢᠶᠡᠨ᠎ᠳᠤ ᠠᠮᠵᠢᠯᠲᠠ᠎ᠲᠠᠢ᠎ᠪᠠᠷ ᠰᠣᠩᠭᠣᠭᠳᠠᠪᠠ᠃
✦ᠡᠨᠡ ᠵᠢᠯ᠎ᠦᠨ ᠲᠦᠷᠦᠭᠦᠦ ᠬᠣᠶᠠᠷ ᠰᠠᠷ᠎ᠠ᠎ᠳᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ
ᠨᠡᠢ᠍ᠢᠳᠡ 3501 ᠴᠤᠪᠤᠭ᠎ᠠ ᠠᠶᠠᠯᠠᠵᠤ᠂ 35.2 ᠲᠦᠮᠡᠨ ᠪᠠᠷᠢᠮᠵᠢᠶᠠᠲᠤ ᠴᠢᠩᠭᠡᠯᠢᠭ ᠪᠠᠷᠠᠭ᠎ᠠ ᠬᠦᠷᠭᠡᠵᠦ᠂ ᠠᠳᠠᠯᠢ ᠬᠤᠭᠤᠴᠠᠭᠠᠨ᠎ᠤ
ᠬᠢ᠎ᠡᠴᠡ ᠳᠤᠰᠪᠤᠷᠢ 32%᠂ 25% ᠪᠡᠷ ᠨᠡᠮᠡᠭᠳᠡᠪᠡ᠃
✦ᠤᠢᠷ᠎ᠠ᠎ᠳᠤ ᠪᠤᠭᠤᠲᠤ ᠬᠤᠲᠠ《ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠳᠤ ᠨᠢᠳᠦ᠎ᠪᠡᠨ ᠬᠠᠮᠠᠭᠠᠯᠠᠬᠤ》 ᠭᠣᠣᠯ ᠰᠡᠳᠦᠪᠲᠦ ᠤᠬᠠᠭᠤᠯᠭ᠎ᠠ ᠵᠢᠴᠢ ᠠᠷᠠᠳ᠎ᠲᠤ ᠳᠥᠭᠥᠮ ᠦᠵᠡᠭᠦᠯᠬᠦ
ᠦᠢᠯᠡᠴᠢᠯᠡᠭᠡᠨ᠎ᠦ ᠠᠵᠢᠯᠯᠠᠭ᠎ᠠ᠎ᠶᠢ ᠡᠬᠢᠯᠡᠭᠦᠯᠪᠡ᠃ 3 ᠰᠠᠷ᠎ᠠ ᠵᠢᠨ 10᠎ᠤ ᠡᠳᠦᠷ᠎ᠡᠴᠡ ᠡᠬᠢᠯᠡᠨ ᠪᠤᠭᠤᠳᠤ ᠬᠤᠲᠠ᠎ᠶᠢᠨ ᠨᠢᠳᠦᠨ ᠰᠢᠯ᠎ᠦᠨ
ᠳᠡᠯᠭᠡᠭᠦᠷᠦᠳ ᠨᠢᠭᠡ ᠰᠠᠷ᠎ᠠ᠎ᠶᠢᠨ ᠬᠤᠭᠤᠴᠠᠭ᠎ᠠ᠎ᠲᠠᠢ ᠨᠡᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠥᠷᠨᠢᠭᠦᠯᠵᠦ᠂
ᠥᠷᠭᠡᠨ ᠣᠯᠠᠨ ᠰᠠᠭᠤᠭᠠᠯᠢ ᠠᠷᠠᠳ ᠪᠣᠯᠣᠨ ᠰᠤᠷᠤᠭ᠍ᠴᠢᠳ᠎ᠲᠤ ᠦᠨ᠎ᠡ ᠲᠥᠯᠥᠪᠦᠷᠢ ᠦᠭᠡᠢ᠎ᠪᠡᠷ ᠬᠠᠷᠠᠭ᠎ᠠ᠎ᠶᠢ ᠪᠠᠢᠴᠠᠭᠠᠬᠤ
ᠵᠢᠴᠢ ᠨᠢᠳᠦᠨ ᠰᠢᠯ ᠤᠬᠢᠶᠠᠬᠤ ᠵᠡᠷᠭᠡ ᠦᠢᠯᠡᠴᠢᠯᠡᠭᠡ ᠬᠠᠩᠭᠠᠬᠤ ᠪᠤᠯᠤᠨ᠎ᠠ᠃
✦ᠤᠷᠴᠢᠮᠬᠠᠨ ᠦᠤᠰᠢᠨ ᠬᠤᠰᠢᠭᠤ ᠬᠠᠪᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠦ ᠬᠠᠯᠳᠠᠪᠤᠷᠢᠲᠤ
ᠡᠪᠡᠳᠴᠢᠨ ᠳᠡᠯᠭᠡᠷᠡᠬᠦ᠎ᠶᠢ ᠰᠡᠷᠭᠡᠢᠯᠡᠨ ᠡᠵᠡᠮᠳᠡᠵᠦ᠂ ᠢᠳᠡᠭᠡᠨ ᠤᠮᠳᠠᠭᠠᠨ᠎ᠤ ᠬᠠᠮᠢᠶᠠᠷᠤᠯᠲᠠ᠎ᠶᠢᠨ ᠲᠦᠪᠰᠢᠨ᠎ᠢ
ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠎ᠶᠢ ᠦᠨᠡᠨᠬᠦ ᠬᠠᠮᠠᠭᠠᠯᠠᠬᠤ᠎ᠶᠢᠨ ᠲᠥᠯᠥᠭᠡ
ᠦᠦᠰᠢᠨ ᠬᠣᠰᠢᠭᠤᠨ᠎ᠤ ᠡᠪᠡᠳᠴᠢᠨ ᠡᠮᠭᠡᠭ᠎ᠢ ᠰᠡᠷᠭᠡᠢᠯᠡᠨ
ᠡᠵᠡᠮᠳᠡᠬᠦ ᠲᠥᠪ᠎ᠡᠴᠡ ᠪᠥᠬᠥ ᠬᠣᠰᠢᠭᠤᠨ᠎ᠤ 8 ᠳᠤᠮᠳᠠᠳᠤ ᠪᠠᠭ᠎ᠠ ᠰᠤᠷᠭᠠᠭᠤᠯᠢ᠎ᠳᠤ ᠬᠠᠪᠤᠷ᠎ᠤᠨ ᠤᠯᠠᠷᠢᠯ᠎ᠤᠨ
ᠪᠠᠢᠩᠭᠤ ᠲᠣᠬᠢᠶᠠᠯᠳᠤᠳᠠᠭ ᠡᠪᠡᠳᠴᠢᠨ᠎ᠢ ᠰᠡᠷᠭᠡᠢᠯᠡᠨ ᠡᠵᠡᠮᠳᠡᠬᠦ ᠮᠡᠳᠡᠯᠭᠡ᠎ᠶᠢᠨ ᠲᠤᠬᠠᠢ ᠲᠤᠰᠬᠠᠢ ᠰᠡᠳᠦᠪᠲᠦ
ᠲᠠᠢᠯᠤᠮᠵᠢ ᠬᠢᠭᠰᠡᠨ ᠪᠠᠢᠨ᠎ᠠ᠃
✦ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ
ᠵᠡᠭᠦᠨᠭᠠᠷ ᠬᠣᠰᠢᠭᠤᠨ᠎ᠤ ᠬᠤᠤ ᠫᠦ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠤ 《ᠭᠡᠷᠡᠯᠴᠢ ᠴᠡᠨᠡᠭ᠎ᠢ ᠨᠥᠭᠡᠴᠡᠯᠡᠵᠦ
ᠴᠠᠬᠢᠯᠭᠠᠨ ᠴᠡᠨᠡᠭᠯᠡᠬᠦ ᠪᠠ ᠴᠡᠨᠡᠭᠯᠡᠭᠦᠷ ᠰᠣᠯᠢᠬᠤ》 ᠶᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ
ᠲᠥᠷᠥᠯ ᠵᠦᠢᠯ ᠤᠷᠴᠢᠮᠬᠠᠨ ᠪᠠᠷᠢᠯᠭ᠎ᠠ ᠡᠬᠢᠯᠡᠪᠡ᠃ ᠲᠤᠰ ᠲᠥᠷᠥᠯ ᠵᠦᠢᠯ ᠪᠠᠢᠭᠤᠯᠤᠭᠳᠠᠭᠰᠠᠨ ᠤ ᠳᠠᠷᠠᠭ᠎ᠠ᠂ ᠡᠳᠦᠷ ᠲᠦ ᠬᠠᠮᠤᠭ᠎ᠤᠨ ᠥᠨᠳᠥᠷ᠎ᠲᠡᠬᠡᠨ 1000 ᠴᠠᠬᠢᠯᠭᠠᠨ ᠬᠥᠳᠡᠯᠭᠡᠭᠦᠷ᠎ᠳᠦ ᠬᠦᠨᠳᠦ ᠠᠴᠢᠶᠠᠨ᠎ᠤ ᠮᠠᠰᠢᠨ
ᠲᠡᠷᠭᠡᠨ᠎ᠳᠦ ᠴᠠᠬᠢᠯᠭᠠᠨ ᠬᠠᠩᠭᠠᠵᠥ ᠳᠡᠢᠯᠬᠦ ᠪᠤᠯᠤᠨ᠎ᠠ᠃
✦ᠤᠯᠠᠭᠠᠠᠰᠤᠬᠠᠢ ᠨᠠᠭᠤᠷ᠎ᠤᠨ ᠬᠠᠨᠳᠠᠭᠠᠢ ᠵᠢ ᠬᠦᠮᠦᠨ᠎ᠤ
ᠬᠦᠴᠦ ᠪᠡᠷ ᠦᠷᠡᠵᠢᠬᠦᠯᠦᠨ ᠪᠤᠢᠵᠢᠭᠤᠯᠬᠤ ᠲᠤᠷᠰᠢᠯᠲᠠ᠎ᠶᠢᠨ ᠲᠠᠯᠠᠪᠠᠢ᠎ᠳᠤ ᠪᠠᠢᠭ᠎ᠠ 2024 ᠣᠨ᠎ᠤ 3 ᠰᠠᠷ᠎ᠠ ᠪᠣᠯᠣᠨ 2025 ᠣᠨ᠎ᠤ 9 ᠰᠠᠷ᠎ᠠ᠎ᠳᠤ ᠪᠡᠭᠡᠵᠢᠩ᠂ ᠵᠢᠶᠠᠩᠰᠤ᠎ᠠᠴᠠ ᠣᠷᠣᠭᠤᠯᠤᠭᠰᠠᠨ ᠬᠣᠶᠠᠷ ᠪᠦᠯᠦᠭ ᠬᠠᠨᠳᠠᠭᠠᠢ ᠡᠪᠦᠯ᠎ᠦᠨ ᠤᠯᠠᠷᠢᠯ᠎ᠢ
ᠠᠮᠵᠢᠯᠲᠠ᠎ᠲᠠᠢ ᠦᠩᠭᠡᠷᠡᠭᠡᠪᠡ᠂ ᠡᠨᠡ ᠨᠢ ᠲᠡᠳᠡᠨ᠎ᠦ ᠤᠯᠠᠭᠠᠨᠰᠤᠬᠠᠢ᠎ᠶᠢᠨ ᠨᠤᠭᠤ ᠭᠠᠵᠠᠷ᠎ᠲᠤ ᠰᠠᠭᠤᠷᠢᠰᠢᠬᠰᠠᠨᠢ
ᠬᠠᠷᠠᠭᠤᠯᠵᠤ ᠪᠠᠢᠨ᠎ᠠ᠃
ᠠᠵᠦ ᠠᠬᠤᠢ
✦ᠤᠯᠤᠰ᠎ᠤᠨ ᠲᠡᠮᠦᠷ ᠵᠠᠮ ᠤᠨ ᠪᠦᠯᠦᠭᠯᠡᠯ᠎ᠤᠨ ᠮᠡᠳᠡᠭᠡ᠎ᠶᠢ
ᠦᠨᠳᠦᠰᠦᠯᠡᠪᠡᠯ᠂ ᠡᠨᠡ ᠵᠢᠯ᠎ᠦᠨ ᠲᠦᠷᠦᠬᠦᠦ ᠬᠤᠶᠠᠷ ᠰᠠᠷ᠎ᠠ᠎ᠳᠤ ᠪᠦᠬᠦ ᠤᠯᠤᠰ᠎ᠤᠨ ᠲᠡᠮᠦᠷ ᠵᠠᠮ᠎ᠤᠨ ᠬᠢᠨ ᠲᠣᠭᠲᠠᠮᠠᠯ
ᠬᠥᠷᠥᠩᠭᠡ᠎ᠶᠢᠨ ᠪᠡᠯᠡ ᠣᠷᠣᠭᠤᠯᠤᠯᠲᠠ᠎ᠶᠢ 722 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭᠠᠨ᠎ᠤ
ᠬᠢ᠎ᠡᠴᠡ 5.4%᠎ᠪᠠᠷ ᠨᠡᠮᠡᠭᠳᠡᠵᠡᠢ
᠃
✦《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ
ᠬᠤᠭᠤᠴᠠᠭᠠᠨ᠎ᠳᠤ᠂ ᠬᠤᠤᠯᠢᠩᠭᠤᠤᠯ ᠬᠣᠲᠠ᠎ᠶᠢᠨ ᠠᠷᠠᠳ᠎ᠤᠨ ᠡᠵᠡᠩᠨᠡᠯᠲᠡ᠎ᠶᠢᠨ ᠭᠣᠣᠯ ᠴᠣᠭᠴᠠ 14587 ᠡᠷᠦᠬᠡ ᠪᠠᠢᠭᠰᠠᠨ ᠡᠴᠡ᠎ᠪᠠᠨ ᠨᠡᠮᠡᠭᠳᠡᠭᠡᠳ 18021 ᠡᠷᠦᠬᠡ ᠪᠣᠯᠵᠤ᠂ ᠬᠡᠪᠴᠢᠶᠡᠵᠢᠯ᠎ᠠᠴᠠ ᠳᠡᠭᠡᠭᠰᠢᠬᠢ
ᠠᠷᠠᠳ ᠤ᠋ᠨ ᠡᠵᠡᠩᠨᠡᠯᠳᠡ ᠵᠢᠨ ᠠᠵᠤ ᠦᠢᠯᠡᠳᠪᠦᠷᠢ᠎ᠶᠢᠨ ᠠᠵᠤ ᠠᠬᠤᠢᠯᠠᠯ 26 ᠡᠷᠦᠬᠡ ᠪᠠᠢᠭᠰᠠᠨ᠎ᠠᠴᠠ᠎ᠪᠠᠨ ᠨᠡᠮᠡᠭᠳᠡᠭᠡᠳ 40 ᠡᠷᠦᠬᠡ ᠪᠣᠯᠵᠤ᠂ ᠡᠵᠡᠯᠡᠬᠦ ᠬᠠᠷᠢᠴᠠᠯ ᠨᠢ ᠳᠡᠭᠡᠭᠰᠢᠯᠡᠭᠡᠳ 75.5%᠎ᠳᠤ ᠬᠦᠷᠦᠭᠰᠡᠨ ᠪᠠᠢᠨ᠎ᠠ ᠃
ᠰᠤᠶᠤᠯ
✦《ᠪᠢᠳᠡ ᠡᠨᠡ ᠬᠦ᠌ ᠨᠤᠲᠤᠭ ᠳᠡᠪᠢᠰᠬᠡᠷ ᠳᠡᠭᠡᠷ᠎ᠡ ᠠᠮᠢᠳᠤᠷᠠᠵᠤ
ᠪᠠᠢᠨ᠎ᠠ ︱ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠳᠤᠷᠠᠰᠤᠮᠵᠢ᠎ᠶᠢᠨ ᠭᠡᠷᠡᠯ ᠵᠢᠷᠤᠭ᠎ᠤᠨ
ᠦᠵᠡᠭᠦᠯᠭᠡ》ᠲᠦᠷᠦᠬᠦᠬᠡᠨ ᠪᠣᠷᠣᠳᠣᠬᠣᠢ᠎ᠶᠢᠨ ᠤᠷᠠᠯᠢᠭ᠋᠎ᠤᠨ ᠦᠵᠡᠰᠬᠦᠯᠡᠩ᠎ᠤᠨ ᠲᠢᠩᠬᠢᠮ᠎ᠳᠦ
ᠶᠠᠪᠤᠭᠳᠠᠪᠠ ᠃
ᠲᠠᠮᠢᠷ
✦3 ᠰᠠᠷ᠎ᠠ᠎ᠶᠢᠨ
7᠎ᠤ ᠡᠳᠦᠷ᠂ ᠭᠤᠸᠠᠩᠰᠢ᠎ᠶᠢᠨ ᠨᠠᠨᠨᠢᠩ ᠬᠤᠲᠠ᠎ᠳᠤ ᠶᠠᠪᠤᠭᠳᠠᠭᠰᠠᠨ
ᠪᠦᠬᠦ ᠤᠯᠤᠰ᠎ᠤᠨ U17 ᠳᠡᠯᠡᠬᠡᠢ᠎ᠶᠢᠨ ᠮᠠᠶᠢᠭ᠋᠎ᠤᠨ ᠪᠥᠬᠡ᠎ᠶᠢᠨ ᠮᠠᠩᠯᠠᠢ ᠰᠢᠯᠭᠠᠷᠠᠭᠤᠯᠬᠤ
ᠤᠷᠤᠯᠳᠤᠭᠠᠨ᠎ᠤ 110 ᠺᠢᠯᠣᠭ᠌ᠷᠠᠮ᠎ᠤᠨ ᠳᠡᠰ᠎ᠤᠨ ᠴᠢᠯᠦᠭᠡᠲᠦ ᠪᠥᠬᠡ᠎ᠶᠢᠨ ᠲᠡᠮᠡᠴᠡᠭᠡᠨ᠎ᠳᠦ᠂ ᠤᠷᠠᠳ ᠨᠤᠲᠤᠭ᠎ᠤᠨ
ᠵᠠᠯᠠᠭᠤ ᠪᠥᠬᠡᠴᠢᠨ ᠬᠠᠢ ᠿᠦᠩ ᠰᠢᠤᠸᠠᠨ ᠬᠦᠷᠡᠯ ᠮᠧᠳᠠᠯ ᠲᠤᠰᠴᠤ᠂ ᠡᠩᠭᠡᠷ᠎ᠢᠶᠡᠨ ᠮᠢᠯᠢᠶᠠᠯᠭᠠᠭᠰᠠᠨ ᠪᠠᠢᠨ᠎ᠠ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ《ᠨᠢᠦ᠋
ᠶᠣᠷᠺ᠎ᠤᠨ ᠴᠠᠭ ᠰᠣᠨᠢᠨ》᠎ᠤ 12 ᠤᠨ
ᠡᠳᠦᠷ ᠮᠡᠳᠡᠭᠡᠯᠡᠭᠰᠡᠨ᠎ᠢᠶᠡᠷ᠂ ᠢᠷᠠᠨ ᠨᠢᠭᠡᠨᠲᠡ ᠬᠤᠷᠮᠤᠽ ᠬᠣᠭᠣᠯᠠᠢ᠎ᠳᠤ ᠤᠰᠤᠨ ᠮᠢᠨ᠎ᠠ ᠪᠠᠢᠷᠢᠯᠠᠭᠤᠯᠵᠤ
ᠡᠬᠢᠯᠡᠵᠡᠢ ᠭᠡᠪᠡ᠃ ᠮᠦᠨ ᠳᠤᠰ ᠡᠳᠤᠷ ᠢᠷᠡᠨ᠎ᠤ ᠲᠠᠯ᠎ᠠ ᠵᠢᠨ ᠬᠢᠨ ᠮᠢᠨ᠎ᠠ ᠪᠠᠢᠷᠢᠯᠠᠭᠤᠯᠤᠬᠰᠠᠨ ᠬᠡᠳᠡᠭ᠎ᠢ ᠦᠭᠡᠢᠰᠬᠡᠭᠰᠡᠨ
ᠪᠠᠢᠨ᠎ᠠ᠃
ᠦᠢᠯᠡᠴᠢᠯᠡᠭᠡ
✦ᠦᠪᠤᠷ ᠮᠤᠩᠭᠤᠯ᠎ᠤᠨ ᠠᠵᠤ ᠤᠢᠯᠡᠳᠪᠤᠷᠢ ᠵᠢᠨ ᠶᠡᠬᠡ ᠰᠤᠷᠭᠠᠭᠤᠯᠢ
ᠴᠢᠳᠠᠪᠤᠷᠢᠳᠠᠨ ᠤᠷᠢᠨ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ ᠢ ᠦᠵᠡᠬᠦ》 ( 阅读原文) ᠦᠰᠦᠭ᠎ᠢ ᠳᠤᠪᠴᠢᠳᠠᠵᠤ
ᠦᠵᠡᠭᠡᠷᠡᠢ!
✦ᠴᠠᠭᠠᠨ ᠰᠠᠷ᠎ᠠ ᠶᠢᠨ ᠵᠥᠭᠡᠭᠡᠪᠦᠷᠢ ᠳᠠᠭᠤᠰᠤᠭᠰᠠᠨ᠎ᠤ
ᠳᠠᠷᠠᠭ᠎ᠠ᠂ ᠤᠯᠤᠰ᠎ᠤᠨ ᠳᠣᠲᠣᠭᠠᠳᠤ᠎ᠶᠢᠨ ᠠᠷᠠᠳ᠎ᠤᠨ ᠠᠭᠠᠷ᠎ᠤᠨ ᠠᠶᠠᠯᠠᠯ᠎ᠤᠨ ᠨᠢᠰᠬᠡᠯ᠎ᠦᠨ ᠪᠢᠯᠧᠲ᠎ᠦᠨ ᠦᠨ᠎ᠡ
ᠪᠦᠷ ᠶᠡᠬᠡᠪᠡᠷ ᠬᠢᠮᠳᠠᠷᠠᠵᠠᠢ᠃ ᠡᠭᠦᠨ᠎ᠳᠦ 3 ᠰᠠᠷ᠎ᠠ᠎ᠳᠤ ᠬᠠᠷᠪᠢᠨ᠂ ᠮᠦᠭᠳᠡᠨ᠂ ᠴᠠᠩᠴᠦ᠋ᠨ᠂ ᠳ᠋ᠠᠯᠢᠶᠠᠨ᠎ᠳᠤ
ᠬᠦᠷᠬᠦ ᠬᠠᠮᠤᠭ᠎ᠤᠨ ᠬᠢᠮᠳᠠ ᠨᠢᠰᠬᠡᠯ᠎ᠦᠨ ᠪᠢᠯᠧᠲ᠎ᠦᠨ ᠦᠨ᠎ᠡ 200 ᠲᠥᠭᠥᠷᠢᠭ ᠣᠷᠴᠢᠮ ᠪᠣᠯᠣᠨ᠎ᠠ᠃
ᠬᠠᠯᠠᠮᠰᠢᠯ ᠵᠢᠭᠤᠯᠴᠢᠯᠠᠯ᠎ᠤᠨ ᠭᠠᠵᠠᠷ ᠪᠣᠯᠬᠤ ᠬᠠᠢᠺᠧᠦ᠂ ᠰᠠᠨᠶᠠ ᠬᠦᠷᠬᠦ ᠠᠭᠠᠷ᠎ᠤᠨ ᠠᠶᠠᠯᠠᠯ᠎ᠤᠨ ᠨᠢᠰᠬᠡᠯ᠎ᠤᠨ
ᠪᠢᠯᠧᠲ᠎ᠦᠨ ᠦᠨ᠎ᠡ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠣᠷᠭᠢᠯ ᠬᠤᠭᠤᠴᠠᠭᠠᠨ᠎ᠳᠤ 2000 ᠲᠥᠭᠥᠷᠢᠭ᠎ᠢ ᠳᠠᠪᠠᠵᠤ ᠪᠠᠢᠭᠰᠠᠨ ᠪᠣᠯ ᠣᠳᠣᠬᠠᠨ᠎ᠳᠤ ᠬᠥᠬᠡᠬᠣᠲᠠ᠎ᠠᠴᠠ ᠬᠠᠢᠺᠧᠦ ᠬᠦᠷᠬᠦ ᠨᠢᠰᠬᠡᠯ᠎ᠦᠨ
ᠪᠢᠯᠸᠲ᠎ᠤᠨ ᠦᠨ᠎ᠡ 350 ᠲᠦᠭᠦᠷᠢᠭ᠂ ᠬᠦᠬᠡᠬᠤᠳᠠ ᠡᠴᠡ ᠰᠠᠨᠶᠠ ᠬᠦᠷᠬᠦ
ᠨᠢᠰᠬᠡᠯ᠎ᠤᠨ ᠪᠢᠯᠸᠲ᠎ᠤᠨ ᠦᠨ᠎ᠡ 520 ᠲᠦᠭᠦᠷᠢᠭ ᠪᠤᠯᠤᠬᠰᠠᠨ ᠪᠠᠢᠨ᠎ᠠ᠃
ᠲᠠᠨ᠎ᠤ ᠲᠤᠰᠠ᠎ᠳᠤ
✦ᠰᠢᠯ ᠰᠠᠪᠠ ᠭᠠᠵᠠᠷ᠎ᠲᠤ ᠤᠨᠠᠨ
ᠬᠠᠭᠠᠷᠠᠭᠰᠠᠨ ᠦᠶᠡᠰ ᠤᠷᠢᠳ᠎ᠢᠶᠠᠷ ᠲᠣᠭᠣᠰᠣ᠌ ᠰᠣᠷᠣᠬᠤ ᠮᠠᠰᠢᠨ᠎ᠢᠶᠠᠷ ᠠᠷᠢᠯᠭᠠᠨ ᠴᠡᠪᠡᠷᠯᠡᠭᠰᠡᠨᠦ
ᠳᠠᠷᠠᠭ᠎ᠠ ᠨᠤᠬᠤᠭᠰᠠᠨ ᠭᠤᠯᠢᠷ᠎ᠠᠴᠠ ᠪᠠᠭ᠎ᠠ ᠬᠡᠰᠡᠭ ᠲᠠᠰᠤᠳᠠᠵᠤ ᠠᠪᠤᠭᠠᠳ ᠰᠢᠯ᠎ᠦᠨ ᠵᠢᠵᠢᠭ ᠬᠡᠮᠬᠡᠳᠡᠭ᠎ᠢ
ᠨᠠᠭᠠᠯᠳᠤᠭᠤᠯᠵᠤ ᠠᠪᠤᠪᠠᠯ ᠴᠡᠪᠡᠷᠬᠡᠨ ᠠᠷᠢᠯᠭᠠᠵᠤ ᠳᠡᠢᠯᠳᠡᠭ᠃
ᠵᠠᠯᠭᠠᠭᠠᠳ 《ᠬᠤᠶᠠᠭᠤᠯᠠ
ᠪᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)