


ᠨᠡᠢᠭᠡᠮ
✦ᠤᠢᠷ᠎ᠠ ᠳ᠋ᠤ
ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠢᠳᠡᠭᠡᠨ᠎ᠦ ᠠᠮᠤᠷ ᠲᠦᠪᠰᠢᠨ᠎ᠦ ᠠᠯᠪᠠᠨ ᠭᠡᠷ᠂ ᠰᠤᠷᠭᠠᠨ
ᠬᠥᠮᠦᠵᠢᠯ᠎ᠦᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ
ᠬᠠᠮᠲᠤᠷᠠᠨ 《ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ
ᠢᠳᠡᠭᠡᠨ᠎ᠦ ᠠᠮᠤᠷ ᠲᠦᠪᠰᠢᠨ᠎ᠦ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠨ ᠬᠢᠨᠠᠨ
ᠪᠠᠢᠴᠠᠭᠠᠬᠤ ᠠᠵᠢᠯ᠎ᠤᠨ ᠲᠥᠰᠥᠯ》ᠳᠠᠷᠤᠮᠠᠯᠯᠠᠨ ᠲᠠᠷᠬᠠᠭᠠᠵᠤ᠂ 《ᠰᠤᠷᠭᠠᠭᠤᠯᠢ᠎ᠶᠢᠨ
ᠬᠦᠷᠢᠶᠡᠨ᠎ᠦ ᠬᠣᠭᠣᠯᠠ》᠎ᠶᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ
ᠪᠡᠬᠢᠵᠢᠭᠦᠯᠦᠨ ᠭᠦᠨᠵᠡᠭᠡᠢᠷᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ᠎ᠦ
ᠪᠠᠲᠤᠯᠠᠭ᠎ᠠ᠎ᠶᠢᠨ ᠲᠦᠪᠰᠢᠨ᠎ᠢ ᠤᠯᠠᠮ ᠨᠢᠭᠡ ᠠᠯᠬᠤᠮ ᠴᠢᠨᠭᠭᠠᠳᠬᠠᠪᠠ᠃
✦13᠎ᠤ ᠡᠳᠦᠷ᠂
40 ᠡᠳᠦᠷᠦᠷᠬᠦᠯᠵᠢᠯᠡᠭᠰᠡᠨ ᠴᠠᠭᠠᠨ ᠰᠠᠷ᠎ᠠ ᠶᠢᠨ ᠵᠥᠭᠡᠭᠡᠪᠦᠷᠢ ᠵᠢᠩᠬᠢᠨᠢ᠎ᠪᠡᠷ ᠥᠨᠳᠥᠷᠯᠡᠪᠡ᠃ ᠵᠠᠮ
ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠴᠠᠭᠠᠨ ᠰᠠᠷ᠎ᠠ᠎ᠶᠢᠨ
ᠵᠥᠭᠡᠭᠡᠪᠦᠷᠢ᠎ᠶᠢᠨ 40 ᠡᠳᠦᠷ᠎ᠲᠦ ᠵᠢᠱ᠌ᠢᠯᠲᠡ᠎ᠪᠡᠷ ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ
ᠬᠥᠮᠥᠰ᠎ᠦᠨ ᠰᠢᠯᠵᠢᠯᠲᠡ᠎ᠶᠢᠨ ᠬᠡᠮᠵᠢᠶ᠎ᠡ 94 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠡᠳᠦᠷ
ᠳᠤᠮᠳᠠᠴᠢ᠎ᠪᠠᠷ 2.35 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ
ᠬᠢ᠎ᠡᠴᠡ 4.3% ᠪᠡᠷ ᠨᠡᠮᠡᠭᠳᠡᠨ᠂ ᠲᠡᠦᠬᠡ᠎ᠶᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠪᠡ᠃
✦ᠣᠢᠷ᠎ᠠ᠎ᠳᠤ
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ 《ᠵᠠᠷᠮᠡᠳᠡᠭᠡ
ᠳ᠋ᠠᠬᠢ ᠰᠠᠨᠠᠭᠤᠯᠤᠮᠵᠢ᠎ᠶᠢᠨ ᠴᠢᠨᠠᠷᠲᠠᠢ ᠬᠡᠯᠡᠯᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ
ᠴᠢᠩᠭᠠᠳᠬᠠᠬᠤ ᠲᠤᠬᠠᠢ ᠮᠡᠳᠡᠭᠳᠡᠯ》 ᠳᠠᠷᠤᠮᠠᠯᠯᠠᠨ ᠲᠠᠷᠬᠠᠭᠠᠵᠤ᠂ ᠬᠣᠯᠪᠣᠭᠳᠠᠯ ᠪᠦᠬᠦᠢ
ᠵᠠᠷᠮᠡᠳᠡᠭᠡ ᠵᠢᠨ ᠵᠢᠷᠤᠮᠵᠢᠯ ᠦᠭᠡᠢ ᠦᠵᠡᠭᠳᠡᠯ ᠳ᠋ᠦ ᠬᠠᠭᠠᠰ ᠵᠢᠯ᠎ᠦᠨ ᠬᠤᠭᠤᠴᠠᠭ᠎ᠠ᠎ᠲᠠᠢ ᠢᠯᠭᠠᠷᠠᠭᠤᠯᠤᠨ
ᠴᠡᠭᠴᠡᠯᠡᠬᠦ ᠠᠵᠢᠯ᠎ᠢ ᠪᠠᠢᠷᠢᠯᠠᠭᠤᠯᠪᠠ᠃
✦13 ᠤ ᠡᠳᠦᠷ᠂
ᠳᠤᠮᠳᠠᠳᠤ ᠤᠯᠤᠰ᠎ᠤᠨ ᠳᠠᠭᠠᠭᠤᠯᠢ ᠣᠳᠣᠨ ᠤ ᠠᠶᠠᠯᠠᠯ ᠵᠠᠯᠠᠬᠤ ᠰᠢᠰᠲᠧᠮ᠎ᠦᠨ ᠬᠠᠮᠢᠶᠠᠷᠤᠯᠲᠠ᠎ᠶᠢᠨ ᠠᠯᠪᠠᠨ
ᠭᠡᠷ ᠦᠨ ᠮᠡᠳᠡᠭᠡᠯᠡᠭᠰᠡᠨ ᠵᠢᠡᠷ᠂ ᠨᠠᠩ ᠰᠢᠯᠢᠳᠡᠭ ᠦᠢᠯᠡᠴᠢᠯᠡᠭᠡ ᠬᠠᠩᠭᠠᠬᠤ᠎ᠶᠢᠨ ᠲᠥᠯᠥᠭᠡ ᠳᠣᠬᠢᠭᠤᠷ
ᠲᠤᠯᠤᠭᠠᠨ ᠣᠲᠣ᠌ ᠨᠡᠷᠡᠮᠵᠢᠲᠦ ᠠᠶᠠᠯᠠᠯ ᠵᠠᠯᠠᠬᠤ ᠰᠢᠰᠲᠧᠮ᠎ᠢ ᠣᠢᠷ᠎ᠠ᠎ᠶᠢᠨ ᠬᠤᠭᠤᠴᠠᠭᠠᠨ᠎ᠳᠤ
ᠲᠣᠭᠣᠷᠢᠯᠲᠠ᠎ᠶᠢᠨ ᠵᠠᠮ᠎ᠳᠤ ᠲᠠᠰ ᠳᠡᠪᠰᠢᠭᠦᠯᠵᠦ᠂ ᠬᠡᠰᠡᠭ ᠳᠠᠭᠠᠭᠤᠯᠢ ᠣᠳᠣᠨ᠎ᠤ ᠠᠵᠢᠯ᠎ᠤᠨ ᠪᠠᠢᠳᠠᠯ᠎ᠳᠤ
ᠰᠢᠯᠢᠳᠡᠭᠵᠢᠭᠦᠯᠦᠨ ᠲᠣᠬᠢᠷᠠᠭᠤᠯᠤᠯᠲᠠ ᠬᠢᠬᠦ ᠪᠣᠯᠣᠨ᠎ᠠ᠃ ᠲᠠᠰ ᠳᠡᠪᠰᠢᠬᠦ ᠬᠤᠭᠤᠴᠠᠭᠠᠨ᠎ᠳᠤ᠂ ᠲᠣᠭᠣᠷᠢᠯᠲᠠ᠎ᠶᠢᠨ
ᠵᠠᠮ ᠳᠠᠬᠢ ᠰᠢᠰᠲᠧᠮ᠎ᠦᠨ ᠳᠠᠭᠠᠭᠤᠯᠢ ᠣᠲᠣ᠌᠎ᠶᠢ ᠬᠣᠯᠪᠤᠭᠠᠯᠠᠨ ᠲᠣᠬᠢᠷᠠᠭᠤᠯᠵᠤ ᠬᠣᠯᠪᠤᠭᠠᠯᠠᠨ ᠲᠤᠷᠰᠢᠬᠤ᠂
ᠦᠢᠯᠡᠴᠢᠯᠡᠭᠡᠨ᠎ᠦ ᠴᠢᠳᠠᠮᠵᠢ ᠶᠢ ᠬᠢᠨᠠᠨ ᠬᠡᠮᠵᠢᠵᠦ ᠬᠠᠮᠠᠭᠠᠯᠠᠬᠤ᠎ᠶᠢ ᠦᠷᠭᠦᠯᠵᠢᠯᠡᠨ ᠴᠢᠩᠭᠠᠳᠬᠠᠨ᠎ᠠ᠃
✦ᠣᠢᠷ᠎ᠠ᠎ᠳᠤ
ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠳᠠᠷᠢᠵᠤ ᠣᠷᠣᠭᠤᠯᠬᠤ ᠬᠡᠯᠪᠡᠷᠢ᠎ᠶᠢᠨ
ᠲᠠᠷᠢᠬᠢ ᠮᠠᠰᠢᠨ᠎ᠤ ᠵᠠᠯᠭᠠᠭᠠᠰᠤ ᠶ᠋ᠢᠨ ᠭᠠᠷᠤᠨ ᠬᠡᠰᠡᠭ᠎ᠦᠨ ᠬᠥᠳᠡᠯᠭᠡᠭᠡᠨ᠎ᠦ ᠴᠢᠳᠠᠮᠵᠢ᠎ᠶᠢ ᠣᠷᠣᠯᠠᠨ
ᠭᠦᠢᠴᠡᠳᠬᠡᠬᠦ ᠰᠢᠰᠲᠧᠮ᠎ᠦᠨ ᠰᠢᠨ᠎ᠡ᠎ᠶᠢ ᠡᠭᠦᠳᠬᠦ ᠦᠢᠯᠡᠳᠬᠦᠨ᠎ᠢ ᠳᠠᠩᠰᠠᠯᠠᠭᠤᠯᠬᠤ ᠭᠤᠶᠤᠴᠢᠯᠠᠯ ᠢ᠋
ᠵᠥᠪᠰᠢᠶᠡᠷᠡᠵᠦ᠂ ᠲᠠᠷᠢᠬᠢ ᠮᠠᠰᠢᠨ᠎ᠤ ᠵᠠᠯᠭᠠᠭᠠᠰᠤ ᠶ᠋ᠢᠨ ᠡᠮᠴᠢᠯᠡᠭᠡᠨ᠎ᠦ ᠪᠠᠭᠠᠵᠢ ᠬᠡᠷᠡᠭᠰᠡᠯ᠎ᠢ ᠪᠥᠬᠥ
ᠳᠡᠯᠡᠬᠡᠢ᠎ᠳᠦ ᠠᠩᠬ᠎ᠠ ᠤᠳᠠᠭ᠎ᠠ ᠵᠠᠬ᠎ᠠ ᠳᠡᠯᠭᠡᠭᠦᠷ᠎ᠲᠦ ᠭᠠᠷᠭᠠᠬᠤ᠎ᠶᠢ ᠪᠡᠶᠡᠯᠡᠭᠦᠯᠵᠡᠢ᠃ ᠲᠤᠰ ᠦᠢᠯᠡᠳᠬᠦᠨ
ᠨᠢ ᠬᠦᠵᠦᠭᠦᠨ᠎ᠦ ᠬᠡᠰᠡᠭ᠎ᠦᠨ ᠨᠤᠭᠤᠰᠤᠨ᠎ᠤ ᠭᠡᠮᠲᠦᠯ᠎ᠡᠴᠡ ᠪᠣᠯᠤᠭᠰᠠᠨ ᠳᠥᠷᠪᠡᠨ ᠮᠥᠴᠢ ᠲᠠᠮᠪᠠᠷᠠᠭᠰᠠᠨ
ᠡᠪᠡᠳᠴᠢᠲᠡᠨ᠎ᠳᠦ ᠲᠣᠬᠢᠷᠠᠵᠤ᠂ ᠬᠡᠢ ᠬᠥᠳᠡᠯᠭᠡᠭᠡᠨᠲᠦ ᠪᠡᠭᠡᠯᠡᠢ᠎ᠶᠢᠨ ᠲᠥᠬᠦᠭᠡᠷᠦᠮᠵᠢ ᠪᠡᠷ ᠭᠠᠷᠤᠨ
ᠬᠡᠰᠡᠭ᠎ᠦᠨ ᠠᠳᠬᠤᠬᠤ ᠴᠢᠳᠠᠪᠤᠷᠢ᠎ᠶᠢ ᠣᠷᠣᠯᠠᠭᠤᠯᠬᠤ᠎ᠳᠤ ᠲᠤᠰᠠᠯᠠᠨ᠎ᠠ᠃
✦ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ
ᠣᠢᠯᠠᠭᠠᠭᠰᠠᠨ ᠵᠢᠡᠷ᠂ 2025 ᠣᠨ᠎ᠳᠤ ᠥᠪᠥᠷ ᠮᠣᠩᠭᠣᠯ ᠨᠡᠶ᠋ᠢᠲᠡ 3767.57 ᠲᠦᠮᠡᠨ ᠠᠯᠪᠠᠨ ᠵᠢᠷᠤᠮ᠎ᠤᠨ
ᠮᠣᠳᠣ᠌ ᠳᠠᠷᠢᠬᠤ ᠠᠵᠢᠯ᠎ᠢ ᠪᠡᠶᠡᠯᠡᠭᠦᠯᠵᠦ᠂ ᠠᠯᠪᠠᠨ ᠵᠢᠷᠤᠮ᠎ᠤᠨ ᠮᠣᠳᠣ᠌ ᠳᠠᠷᠢᠬᠤ ᠠᠵᠢᠯᠯᠠᠭ᠎ᠠ᠎ᠳᠤ
ᠣᠷᠣᠯᠴᠠᠭᠰᠠᠨ ᠬᠥᠮᠥᠨ᠎ᠦ ᠲᠣᠭ᠎ᠠ 851.73 ᠲᠦᠮᠡᠨ ᠬᠥᠮᠥᠨ ᠤᠳᠠᠭ᠎ᠠ᠎ᠳᠤ ᠬᠦᠷᠴᠡᠢ᠃
✦ᠣᠢᠷ᠎ᠠ ᠳ᠋ᠤ
ᠰᠢᠯᠢᠩᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠵᠢᠨ ᠬᠢᠨ ᠬᠠᠷᠢᠶᠠᠨ᠎ᠳᠠᠬᠢ
ᠤᠯᠤᠰ᠎ᠤᠨ ᠪᠠ ᠮᠤᠵᠢ ᠶᠢᠨ ᠭᠣᠣᠯ ᠱᠤᠭᠤᠮ ᠵᠢᠴᠢ ᠬᠥᠳᠡᠭᠡ ᠲᠣᠰᠬᠣᠨ᠎ᠤ ᠵᠠᠰᠠᠮᠠᠯ ᠵᠠᠮ ᠢ ᠪᠦᠬᠦᠨ᠎ᠢ
ᠪᠦᠷᠬᠦᠭᠦᠯᠦᠨ ᠲᠣᠭᠣᠷᠢᠨ ᠪᠠᠢᠴᠠᠭᠠᠬᠤ ᠪᠠ ᠵᠠᠮ ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ
ᠦᠷᠨᠢᠬᠦᠯᠵᠡᠢ᠃ ᠣᠲᠣᠬᠠᠨ ᠪᠣᠯᠲᠠᠯ᠎ᠠ ᠵᠠᠮ ᠳᠠᠭᠠᠤ᠎ᠶᠢᠨ ᠬᠣᠭ ᠨᠣᠪᠰᠢ᠎ᠶᠢ ᠨᠡᠶ᠋ᠢᠲᠡ 86 ᠪᠣᠰᠣᠭ᠎ᠠ
ᠳᠥᠷᠪᠡᠯᠵᠢᠨ ᠮᠧᠲᠷ ᠴᠡᠪᠡᠷᠯᠡᠵᠦ᠂106 ᠡᠷᠢᠶᠡᠯᠵᠡᠬᠦ᠎ᠶᠢ ᠰᠡᠷᠭᠡᠢᠯᠡᠬᠦ ᠬᠠᠪᠲᠠᠰᠤ᠂ 8 ᠬᠠᠯᠬᠠᠪᠴᠢ
ᠬᠡᠷᠡᠰᠬᠡ᠂ 6 ᠲᠣᠮᠣ᠌ ᠬᠡᠯᠪᠡᠷᠢ᠎ᠶᠢᠨ ᠵᠢᠭᠠᠯᠲᠠ ᠫᠠᠢᠰᠠ ᠵᠢ ᠰᠡᠯᠪᠢᠨ ᠵᠠᠰᠠᠬᠤ ᠪᠤᠶᠤ ᠰᠣᠯᠢᠵᠠᠢ᠃
✦ᠣᠳᠣᠬᠠᠨ
ᠪᠣᠯᠲᠠᠯ᠎ᠠ ᠰᠥᠨᠢᠳ ᠵᠡᠭᠦᠨ ᠬᠣᠰᠢᠭᠤᠨ᠎ᠤ ᠬᠢᠨ ᠨᠡᠶ᠋ᠢᠲᠡ 335961 ᠲᠥᠯ ᠲᠤᠰᠴᠤ᠂ ᠡᠭᠦᠨᠳ᠋ᠤ ᠪᠤᠳᠠ ᠮᠠᠯ
34536᠂ ᠪᠣᠭ ᠮᠠᠯ 301425 ᠪᠠᠢᠵᠤ᠂ ᠤᠨᠳᠤᠷᠤᠯᠲᠠ᠎ᠶᠢᠨ ᠨᠣᠷᠮ᠎ᠠ ᠨᠢ 99.9%᠎ᠳᠤ ᠬᠦᠷᠴᠦ᠂ ᠪᠦᠬᠦ
ᠵᠢᠯ᠎ᠳᠦ 62 ᠲᠦᠮᠡᠨ ᠲᠥᠯ ᠲᠤᠰᠬᠤ᠎ᠪᠠᠷ ᠵᠢᠱ᠌ᠢᠵᠦ ᠪᠠᠢᠨ᠎ᠠ᠃
✦ᠣᠢᠷ᠎ᠠ ᠳ᠋ᠤ
ᠤᠯᠠᠭᠠᠨᠰᠤᠬᠠᠢ ᠨᠠᠭᠤᠷ ᠨᠡᠭᠦᠳᠡᠯ᠎ᠦᠨ ᠰᠢᠪᠠᠭᠤᠳ᠎ᠤᠨ ᠤᠮᠠᠷᠠᠰᠢ ᠪᠤᠴᠠᠬᠤ ᠤᠷᠬᠢᠯ᠎ᠤᠨ ᠬᠤᠭᠤᠴᠠᠭ᠎ᠠ᠎ᠶᠢ
ᠤᠭᠲᠤᠨ ᠠᠪᠴᠢᠷᠠᠪᠠ᠃ ᠬᠤᠨ ᠭᠠᠯᠠᠭᠤ᠂ ᠤᠯᠠᠭᠠᠨ ᠨᠤᠭᠤᠰᠤ᠂ ᠠᠯᠠᠭ ᠨᠤᠭᠤᠰᠤ ᠵᠡᠷᠭᠡ ᠣᠯᠠᠨ ᠵᠦᠢᠯ᠎ᠦᠨ
ᠨᠡᠭᠦᠳᠡᠯ᠎ᠦᠨ ᠰᠢᠪᠠᠭᠤ ᠨᠤᠭᠤ ᠭᠠᠵᠠᠷ᠎ᠲᠤ ᠴᠤᠭᠯᠠᠷᠠᠨ᠂ ᠬᠠᠪᠤᠷ᠎ᠤᠨ ᠡᠬᠢᠨ᠎ᠦ 《ᠪᠣᠭᠣᠮᠲᠠ᠎ᠶᠢᠨ
ᠭᠠᠳᠠᠨᠠᠬᠢ ᠬᠡᠷᠡᠯᠳᠦ ᠰᠤᠪᠤᠳ 》 ᠲᠦ᠍ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃
ᠠᠵᠤ ᠠᠬᠤᠢ
✦13 ᠤ᠋ ᠡᠳᠦᠷ᠂ 《ᠤᠯᠤᠰ᠎ᠲᠠᠭᠠᠨ
ᠦᠢᠯᠡᠳᠪᠦᠷᠢᠯᠡᠭᠰᠡᠨ ᠭᠠᠷ ᠤᠲᠠᠰᠤᠨ᠎ᠤ ᠦᠨ᠎ᠡ 2000 ᠲᠥᠭᠥᠷᠢᠭ ᠥᠰᠪᠡ》 ᠭᠡᠬᠦ ᠬᠡᠯᠡᠯᠭᠡ
ᠣᠯᠠᠨ᠎ᠤ ᠠᠩᠬᠠᠷᠤᠯ ᠢ᠋ ᠲᠠᠲᠠᠪᠠ᠃ 2026 ᠣᠨ᠎ᠳᠤ᠂ ᠤᠯᠤᠰ᠎ᠤᠨ ᠳᠣᠲᠣᠭᠠᠳᠤ᠎ᠶᠢᠨ ᠭᠣᠣᠯ ᠪᠣᠯᠬᠤ
ᠭᠠᠷ ᠤᠲᠠᠰᠤᠨ᠎ᠤ ᠲᠥᠷᠥᠯ ᠲᠡᠮᠳᠡᠭ ᠨᠤᠭᠦᠳ ᠦᠨ᠎ᠡ ᠥᠰᠬᠡᠬᠦ ᠲᠥᠰᠥᠯᠵᠢᠡᠨ ᠨᠢᠭᠡᠨᠲᠡ ᠲᠣᠭᠲᠠᠭᠠᠵᠤ᠂ 3 ᠰᠠᠷ᠎ᠠ᠎ᠳᠤ
ᠰᠢᠨ᠎ᠡ ᠡᠭᠡᠯᠵᠢ᠎ᠶᠢᠨ ᠬᠠᠮᠲᠤ ᠶ᠋ᠢᠨ ᠦᠨ᠎ᠡ ᠶ᠋ᠢᠨ ᠲᠣᠬᠢᠷᠠᠭᠤᠯᠤᠯᠲᠠ᠎ᠶᠢ ᠡᠬᠢᠯᠡᠭᠦᠯᠵᠦ᠂ ᠬᠡᠰᠡᠭ ᠲᠥᠷᠥᠯ
ᠲᠡᠮᠳᠡᠭ ᠨᠢᠭᠡᠨᠲᠡ ᠪᠤᠳᠠᠳᠤ ᠴᠤᠭᠴᠠ ᠵᠢᠨ ᠡᠵᠡᠩᠨᠡᠨ ᠪᠣᠷᠣᠯᠠᠭᠤᠯᠬᠤ ᠳᠡᠯᠭᠡᠭᠦᠷ᠂ ᠰᠦᠯᠵᠢᠶᠡᠨ ᠳᠡᠭᠡᠷᠡᠬᠢ
ᠳᠡᠯᠭᠡᠭᠦᠷ ᠲᠦ᠍ ᠦᠨ᠎ᠡ᠎ᠶᠢᠨ ᠲᠣᠬᠢᠷᠠᠭᠤᠯᠤᠯᠲᠠ᠎ᠶᠢᠨ ᠮᠡᠳᠡᠭᠳᠡᠯ ᠪᠠᠭᠤᠯᠭᠠᠪᠠ᠃
✦ᠥᠪᠥᠷ
ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ᠎ᠡᠴᠡ ᠣᠢᠯᠠᠭᠠᠭᠰᠠᠨ᠎ᠢᠶᠠᠷ᠂
2025 ᠣᠨ᠎ᠤ ᠡᠴᠦᠰ ᠪᠣᠯᠲᠠᠯ᠎ᠠ ᠪᠦᠬᠦ ᠣᠷᠣᠨ᠎ᠤ ᠤᠯᠤᠰ᠎ᠦᠨ ᠥᠮᠴᠢᠯᠡᠯ᠎ᠦᠨ ᠡᠳ᠋ ᠬᠥᠷᠥᠩᠭᠡ᠎ᠶᠢᠨ ᠨᠡᠢᠭᠡᠮ ᠦ᠋ᠨ
ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠲᠤᠰᠬᠠᠢ ᠡᠷᠦᠬᠡ (ᠪᠡᠯᠡ ᠮᠥᠩᠭᠥ) ᠶ᠋ᠢᠨ
ᠬᠡᠪᠴᠢᠶ᠎ᠡ 3.43 ᠳ᠋ᠦᠩᠰᠢᠭᠤᠷ ᠲᠥᠭᠥᠷᠢᠭ᠎ᠢ ᠳᠠᠪᠠᠵᠤ᠂ 2025 ᠣᠨ᠎ᠳᠤ ᠰᠢᠨ᠎ᠡ᠎ᠪᠡᠷ ᠨᠡᠮᠡᠭᠳᠡᠭᠰᠡᠨ (ᠰᠲ᠋ᠣᠺ᠎ᠤᠨ
ᠡᠷᠬᠡ)ᠠᠰᠢᠭ᠋ ᠬᠤᠪᠢᠶᠠᠷᠢᠯᠠᠯᠲᠠ ᠶ᠋ᠢᠨ ᠠᠰᠢᠭ᠋ ᠣᠷᠣᠯᠭ᠎ᠠ 1.05 ᠳ᠋ᠦᠩᠰᠢᠭᠤᠷ
ᠲᠥᠭᠥᠷᠢᠭ ᠢ ᠳᠠᠪᠠᠵᠤ᠂ 2 ᠵᠢᠯ ᠳᠠᠷᠠᠭᠠᠯᠠᠨ ᠰᠢᠨ᠎ᠡ᠎ᠪᠡᠷ ᠨᠡᠮᠡᠭᠳᠡᠭᠰᠡᠨ ᠠᠰᠢᠭ ᠬᠤᠪᠢᠶᠠᠷᠢᠯᠠᠯᠲᠠ ᠶ᠋ᠢᠨ
ᠠᠰᠢᠭ᠋ ᠣᠷᠣᠯᠭ᠎ᠠ ᠳ᠋ᠦᠩᠰᠢᠭᠤᠷ ᠲᠥᠭᠥᠷᠢᠭ᠎ᠢ ᠳᠠᠪᠠᠵᠤ᠂ ᠪᠡᠯᠡ ᠮᠥᠩᠭᠥ ᠶᠢᠨ ᠦᠯᠡᠳᠡᠪᠦᠷᠢ ᠲᠣᠭ᠎ᠠ ᠠᠳᠠᠯᠢ
ᠬᠤᠭᠤᠴᠠᠭᠠᠨ᠎ᠤ ᠬᠢ᠎ᠡᠴᠡ 46.80% ᠨᠡᠮᠡᠭᠳᠡᠵᠦ᠂ ᠡᠯ᠎ᠡ ᠵᠦᠢᠯ᠎ᠦᠨ ᠲᠣᠭ᠎ᠠ ᠪᠠᠷᠢᠮᠲᠠ ᠰᠢᠨ᠎ᠡ
ᠲᠡᠮᠳᠡᠭᠯᠡᠯ᠎ᠢ ᠡᠭᠦᠳᠴᠡᠢ᠃
ᠰᠤᠶᠤᠯ
✦ᠥᠪᠥᠷ
ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠦᠨ ᠮᠣᠩᠭᠣᠯ ᠵᠦᠴᠦᠭᠡ᠎ᠶᠢᠨ ᠤᠷᠠᠯᠢᠭ᠋᠎ᠤᠨ
ᠪᠦᠯᠬᠦᠮ᠎ᠦᠨ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ ᠨᠢ》 ᠭᠡᠬᠦ ᠲᠣᠮᠣ᠌ ᠬᠡᠯᠪᠡᠷᠢ ᠶ᠋ᠢᠨ ᠲᠠᠢᠰᠠᠨ᠎ᠤ ᠵᠦᠴᠦᠭᠡ
ᠵᠢᠨ ᠪᠦᠬᠦ ᠣᠷᠣᠨ ᠳ᠋ᠡᠬᠢ ᠲᠣᠭᠣᠷᠢᠨ ᠲᠣᠭᠯᠠᠯᠲᠠ 3 ᠰᠠᠷ᠎ᠠ᠎ᠶᠢᠨ 16᠎ᠡᠴᠡ 3 ᠰᠠᠷ᠎ᠠ᠎ᠶᠢᠨ 26 ᠤ ᠡᠳᠦᠷ
ᠪᠣᠯᠲᠠᠯ᠎ᠠ ᠰᠥᠨᠢᠳ ᠪᠠᠷᠠᠭᠤᠨ ᠬᠣᠰᠢᠭᠤ᠂ ᠰᠢᠯᠤᠭᠤᠨ ᠬᠥᠪᠡᠭᠡᠲᠦ ᠴᠠᠭᠠᠨ ᠬᠣᠰᠢᠭᠤ᠂ ᠬᠡᠰᠢᠭᠲᠡᠨ ᠬᠣᠰᠢᠭᠤ᠂
ᠣᠩᠨᠢᠭᠤᠳ ᠬᠣᠰᠢᠭᠤ ᠵᠡᠷᠭᠡ ᠠᠷᠪᠠᠭᠠᠳ ᠬᠤᠰᠢᠭᠤ ᠰᠢᠶᠠᠨ ᠵᠢᠡᠷ ᠲᠤᠭᠤᠷᠢᠨ ᠲᠤᠭᠯᠠᠬᠤ ᠪᠤᠯᠤᠨ᠎ᠠ᠃
✦12᠎ᠤᠨ ᠡᠳᠦᠷ᠂
ᠥᠪᠥᠷ ᠮᠣᠩᠭᠣᠯ᠎ᠤᠨ ᠲᠠᠯ᠎ᠠ ᠨᠤᠲᠤᠭ᠎ᠤᠨ ᠲᠣᠰᠣᠨ ᠪᠤᠳᠤᠭ᠎ᠤᠨ ᠵᠢᠷᠤᠭ᠎ᠤᠨ ᠬᠦᠷᠢᠶᠡᠯᠡᠩ᠎ᠦᠨ 2026
ᠵᠢᠷᠭᠤᠳᠤᠭᠠᠷ ᠬᠤᠭᠤᠴᠠᠭᠠᠨ ᠤ᠋ ᠬᠠᠭᠤᠯᠤᠨ ᠵᠢᠷᠤᠬᠤ ᠪᠦᠲᠦᠭᠡᠯ᠎ᠦᠨ ᠦᠵᠡᠰᠬᠦᠯᠡᠩ ᠥᠪᠥᠷ ᠮᠣᠩᠭᠣᠯ᠎ᠤᠨ ᠤᠷᠠᠨ
ᠵᠢᠷᠤᠭ᠎ᠤᠨ ᠣᠷᠳᠣᠨ᠎ᠳᠤ ᠶᠠᠪᠤᠭᠳᠠᠪᠠ᠃ ᠲᠣᠰ ᠤᠳᠠᠭᠠᠨ ᠤ᠋ ᠦᠵᠡᠰᠬᠦᠯᠡᠩᠳᠦ ᠨᠡᠶ᠋ᠢᠲᠡ 116 ᠰᠣᠳᠣᠨ
ᠪᠦᠲᠦᠭᠡᠯ ᠢ᠋ ᠳᠡᠯᠭᠡᠨ ᠦᠵᠡᠭᠦᠯᠵᠦ᠂ 3 ᠰᠠᠷ᠎ᠠ ᠶ᠋ᠢᠨ 29᠎ᠦ ᠡᠳᠦᠷ ᠪᠣᠯᠲᠠᠯ᠎ᠠ ᠦᠷᠭᠦᠯᠵᠢᠯᠡᠬᠦ
ᠪᠣᠯᠣᠨ᠎ᠠ᠃
ᠲᠠᠮᠢᠷ
✦ᠤᠢᠷ᠎ᠠ ᠳ᠋ᠤ
ᠨᠡᠢᠲᠡᠯᠡᠭᠰᠡᠨ《2025 ᠳᠤᠮᠳᠠᠳᠤ ᠤᠯᠤᠰ᠎ᠤᠨ ᠪᠡᠶ᠎ᠡ ᠴᠢᠭᠢᠷᠠᠭᠵᠢᠭᠤᠯᠬᠤ ᠠᠵᠢᠯ
ᠲᠥᠷᠥᠯ᠎ᠦᠨ ᠲᠣᠭ᠎ᠠ ᠪᠠᠷᠢᠮᠲᠠ᠎ᠶᠢᠨ ᠮᠡᠳᠡᠭᠦᠯᠦᠯᠲᠡ 》᠎ᠳ᠋ᠤ ᠢᠯᠡᠷᠡᠬᠦᠯᠦᠭᠰᠡᠨ ᠵᠢᠡᠷ᠂ 2025 ᠣᠨ ᠳᠤ ᠪᠥᠬᠥ
ᠤᠯᠤᠰ᠎ᠤᠨ ᠪᠡᠶ᠎ᠡ ᠴᠢᠭᠢᠷᠠᠭᠵᠢᠭᠤᠯᠬᠤ ᠺᠯᠦ᠋ᠪ ᠲᠦᠷᠦᠭᠦᠸ᠋ ᠵᠢᠯ᠎ᠦᠨ 28683 ᠪᠠᠢᠭᠰᠠᠨ ᠠ᠋ᠴᠠ᠎ᠪᠠᠨ 38523
ᠪᠣᠯᠵᠤ ᠨᠡᠮᠡᠭᠳᠡᠪᠡ᠃ ᠪᠥᠬᠥ ᠤᠯᠤᠰ᠎ᠤᠨ ᠪᠡᠶ᠎ᠡ ᠴᠢᠭᠢᠷᠠᠭᠵᠢᠭᠤᠯᠬᠤ
ᠭᠡᠰᠢᠭᠦᠨ᠎ᠦ ᠪᠥᠬᠥ ᠲᠣᠭ᠎ᠠ 8451.8 ᠲᠦᠮᠡ᠎ᠳᠦ ᠬᠦᠷᠴᠦ᠂ ᠠᠳᠠᠯᠢ ᠬᠤᠭᠤᠴᠠᠭᠠᠨ ᠤ᠋ ᠬᠢ᠎ᠡᠴᠡ 3.44% ᠪᠡᠷ
ᠪᠠᠭᠤᠷᠠᠵᠤ᠂ ᠢᠳᠡᠪᠬᠢᠲᠡᠢ ᠭᠡᠰᠢᠭᠦᠳ᠎ᠦᠨ ᠰᠠᠷ᠎ᠠ ᠳᠤᠮᠳᠠᠴᠢ᠎ᠶᠢᠨ ᠺᠯᠦ᠋ᠪ ᠲᠦ ᠢᠷᠡᠬᠦ ᠲᠣᠭ᠎ᠠ ᠨᠢ 7.56
ᠤᠳᠠᠭ᠎ᠠ ᠪᠣᠯᠣᠨ ᠨᠡᠮᠡᠭᠳᠡᠵᠦ᠂ ᠠᠳᠠᠯᠢ ᠬᠤᠭᠤᠴᠠᠭᠠᠨ᠎ᠤ ᠬᠢ᠎ᠡᠴᠡ 42.1% ᠪᠡᠷ ᠨᠡᠮᠡᠭᠳᠡᠪᠠ᠃
✦ᠦᠢᠷ᠎ᠡ ᠳ᠋ᠤ ᠦᠦᠰᠢᠨ
ᠬᠣᠰᠢᠭᠤᠨ᠎ᠤ 2026 ᠣᠨ᠎ᠤ ᠪᠥᠬᠥ ᠤᠶᠠᠭᠠᠴᠢᠳ᠎ᠤᠨ ᠨᠠᠢᠷ ᠭᠠᠯᠠᠭᠤᠲᠤ ᠪᠠᠯᠭᠠᠰᠤᠨ᠎ᠤ ᠰᠠᠷᠠᠭᠤᠯᠨᠤᠲᠤᠭ ᠭᠠᠴᠠᠭᠠᠨ
ᠳ᠋ᠦ ᠶᠠᠪᠤᠭᠳᠠᠵᠤ᠂ ᠪᠥᠬᠥ ᠬᠣᠰᠢᠭᠤᠨ᠎ᠤ 60 ᠭᠠᠷᠤᠢ ᠤᠶᠠᠭᠠᠴᠢ ᠬᠦᠷᠦᠯᠴᠡᠨ ᠢᠷᠡᠵᠦ ᠵᠢᠷᠤᠭ᠎ᠠ ᠮᠣᠷᠢ ᠪᠣᠯᠣᠨ
ᠬᠤᠷᠳᠤᠨ ᠮᠣᠷᠢᠨ᠎ᠤ ᠤᠷᠤᠯᠳᠤᠭᠠᠨ᠎ᠳᠤ ᠣᠷᠣᠯᠴᠠᠨ᠂ ᠮᠣᠷᠢᠨ᠎ᠤ ᠰᠣᠷᠢᠭ᠎ᠠ ᠪᠣᠯᠪᠠᠰᠤᠷᠠᠯ᠎ᠢᠶᠠᠨ ᠰᠢᠯᠭᠠᠵᠤ᠂ ᠤᠶᠠᠭᠠᠴᠢᠳ᠎ᠤᠨ
ᠴᠤᠭ ᠵᠣᠯᠪᠣᠭ᠎ᠠ ᠪᠠᠨ ᠪᠠᠳᠠᠷᠠᠭᠤᠯᠤᠯ᠎ᠠ᠃
ᠲᠡᠯᠡᠬᠡᠢ
✦ᠠᠮᠧᠷᠢᠺᠠ
ᠢᠰᠷᠧᠯ ᠢᠷᠠᠨ ᠤ᠋ ᠮᠥᠷᠭᠥᠯᠳᠦᠭᠡᠨ ᠦᠷᠭᠦᠯᠵᠢᠯᠡᠵᠦ᠂ ᠬᠤᠷᠮᠤᠽ ᠬᠣᠭᠣᠯᠠᠢ ᠶ᠋ᠢᠨ ᠪᠠᠢᠳᠠᠯ ᠲᠤᠭᠲᠠᠭᠤᠨ ᠦᠭᠡᠢ
ᠠᠬᠤᠢ ᠪᠠᠢᠳᠠᠯ ᠳᠣᠣᠷ᠎ᠠ᠂ ᠰᠠᠦᠢ᠍ᠳ᠋᠎ᠤᠨ ᠠᠷᠠᠪ᠂ ᠠᠷᠠᠪ᠎ᠤᠨ ᠬᠣᠯᠪᠣᠭᠠᠲᠤ ᠠᠬᠠᠮᠠᠳ᠎ᠲᠤ ᠤᠯᠤᠰ ᠪᠣᠯᠣᠨ ᠤᠮᠠᠨ
ᠤᠯᠤᠰ ᠶᠠᠭ ᠲᠣᠰ ᠣᠯᠠᠨ ᠤᠯᠤᠰ᠎ᠤᠨ ᠲᠡᠭᠡᠭᠡᠪᠦᠷᠢ ᠶᠢᠨ ᠯᠤᠭᠰᠢᠭᠤᠨ ᠰᠤᠳᠠᠯ᠎ᠢ
ᠣᠷᠣᠯᠠᠬᠤ ᠪᠠᠷᠠᠭᠠᠨ᠎ᠤ ᠭᠦᠢᠯᠭᠡᠭᠡᠨ ᠦ ᠬᠣᠩᠭᠢᠯ᠂ ᠭᠠᠷᠠᠮ ᠤ᠋ᠨ ᠲᠡᠭᠡᠭᠡᠪᠦᠷᠢ᠎ᠶᠢᠨ ᠬᠦᠴᠦᠨ ᠪᠣᠯᠣᠨ
ᠳᠣᠲᠣᠭᠠᠳᠤ ᠬᠠᠭᠤᠷᠠᠢ᠎ᠶᠢᠨ ᠲᠡᠭᠡᠭᠡᠪᠦᠷᠢ ᠶ᠋ᠢᠨ ᠱᠤᠭᠤᠮ᠎ᠢ ᠡᠬᠢᠯᠡᠭᠦᠯᠵᠦ᠂ ᠵᠠᠩᠭᠢᠯᠠᠭ᠎ᠠ᠎ᠶᠢᠨ ᠡᠬᠢ
ᠪᠠᠶᠠᠯᠢᠭ᠋᠎ᠤᠨ ᠤᠷᠤᠭᠰᠢᠲᠠᠢ ᠭᠦᠢᠯᠭᠡᠭᠡᠨ᠎ᠢ ᠪᠠᠲᠤᠯᠠᠵᠤ ᠪᠠᠢᠨ᠎ᠠ᠃
✦ᠲᠥᠪ
ᠲᠧᠯᠸᠢᠰ ᠦᠨ ᠮᠡᠳᠡᠭᠡ ᠵᠢ ᠦᠨᠳᠦᠰᠦᠯᠡᠪᠡᠯ᠂ ᠺᠠᠨᠠᠳᠠ᠎ᠶᠢᠨ ᠶᠡᠷᠦᠩᠬᠡᠢ ᠰᠠᠢᠳ ᠺᠠᠨᠢ 12᠎ᠤᠨ ᠡᠳᠦᠷ
ᠢᠯᠡᠷᠬᠡᠢᠯᠡᠭᠰᠡᠨ ᠵᠢᠡᠷ᠂ ᠬᠣᠯᠪᠣᠭᠠᠨ᠎ᠤ ᠵᠠᠰᠠᠭ᠎ᠤᠨ ᠣᠷᠳᠣᠨ 350 ᠳ᠋ᠦᠩᠰᠢᠭᠤᠷ ᠰᠢᠬᠠᠮ ᠲᠥᠭᠥᠷᠢᠭ᠎ᠦᠨ
ᠪᠡᠯᠡ ᠮᠥᠩᠭᠥ ᠭᠠᠷᠭᠠᠵᠤ᠂ ᠺᠠᠨᠠᠳᠠ᠎ᠶᠢᠨ ᠤᠮᠠᠷᠠᠲᠤ ᠬᠡᠰᠡᠭ ᠦᠨ ᠭᠠᠵᠠᠷ ᠣᠷᠣᠨ᠎ᠳᠤ ᠨᠠᠩ ᠥᠷᠭᠡᠨ
ᠬᠡᠪᠴᠢᠶᠡᠨ᠎ᠦ ᠴᠡᠷᠢᠭ ᠦᠨ ᠶᠠᠪᠤᠳᠠᠯ ᠤᠨ ᠠᠵᠢᠯᠯᠠᠭ᠎ᠠ ᠥᠷᠨᠢᠭᠦᠯᠬᠦ᠎ᠳᠦ ᠪᠡᠯᠡᠳᠬᠡᠯ ᠬᠢᠵᠦ᠂ ᠤᠮᠠᠷᠠᠲᠤ
ᠠᠮᠧᠷᠢᠺᠠ ᠲᠢᠪ ᠲᠦ᠍ ᠲᠤᠯᠭᠠᠷᠠᠵᠤ ᠪᠠᠢᠭ᠎ᠠ ᠳᠠᠯᠳᠠ ᠰᠦᠷᠳᠡᠭᠦᠯᠦᠯ᠎ᠢ ᠡᠰᠡᠷᠭᠦᠴᠡᠨ ᠬᠣᠷᠢᠭ᠍ᠯᠠᠬᠤ᠎ᠶᠢᠨ
ᠬᠠᠮᠲᠤ ᠤᠮᠠᠷᠠᠲᠤ ᠲᠤᠢᠯ᠎ᠤᠨ ᠭᠠᠵᠠᠷ ᠣᠷᠣᠨ᠎ᠤ ᠨᠤᠲᠤᠭ ᠳᠡᠪᠢᠰᠬᠡᠷ᠎ᠦᠨ ᠡᠷᠬᠡ ᠮᠡᠳᠡᠯ᠎ᠢ ᠬᠠᠮᠠᠭᠠᠯᠠᠨ᠎ᠠ
ᠭᠡᠵᠡᠢ᠃
ᠦᠢᠯᠡᠴᠢᠯᠡᠭᠡ
✦ᠳᠤᠮᠳᠠᠳᠤ ᠤᠯᠤᠰ ᠤᠨ
ᠦᠢᠯᠡᠳᠪᠦᠷᠢ ᠬᠤᠳᠠᠯᠳᠤᠭᠠᠨ ᠤ ᠪᠠᠩᠬᠢ᠎ᠶᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ 240 ᠠᠵᠢᠯᠲᠠᠨ
ᠡᠯᠰᠡᠨ᠎ᠠ᠃
ᠲᠠᠨ ᠤ ᠲᠤᠰᠡ ᠳ᠋ᠤ
✦ᠠᠯᠭᠤᠷ
ᠠᠭᠠᠵᠢᠮ᠂ ᠭᠦᠨ ᠤᠷᠲᠤ ᠠᠮᠢᠰᠬᠤᠬᠤ ᠨᠢ ᠳᠡᠳ᠋ ᠰᠣᠯᠪᠢᠭᠤ ᠮᠡᠳᠡᠷᠡᠯ ᠢ ᠰᠡᠷᠭᠦᠭᠡᠨ ᠠᠮᠢᠯᠠᠭᠤᠯᠵᠤ᠂ ᠵᠢᠷᠦᠬᠡᠨ
ᠴᠣᠬᠢᠯᠭ᠎ᠠ ᠶᠢ ᠲᠣᠭᠲᠠᠪᠤᠷᠢᠵᠢᠭᠤᠯᠵᠤ᠂ ᠵᠢᠷᠦᠬᠡ
ᠴᠢᠰᠤᠨ ᠰᠤᠳᠠᠯ ᠤᠨ ᠴᠢᠩᠭᠠᠷᠠᠯᠲᠠ ᠶᠢᠨ ᠪᠠᠢᠳᠠᠯ
ᠢ ᠪᠠᠭᠤᠷᠠᠭᠤᠯᠤᠨ᠎ᠠ᠃ ᠥᠷᠯᠥᠭᠡ ᠪᠤᠶᠤ ᠤᠨᠲᠠᠬᠤ ᠡᠴᠠ ᠪᠠᠨ ᠡᠮᠦᠨ᠎ᠡ 5 ᠮᠢᠨᠦ᠋ᠲ ᠦᠨ ᠳᠣᠲᠣᠷ᠎ᠠ ᠬᠡᠪᠡᠯᠢ ᠪᠡᠷ ᠵᠢᠡᠨ ᠭᠦᠨ ᠠᠮᠢᠰᠬᠤᠬᠤ ᠨᠢ ᠵᠢᠷᠦᠬᠡᠨ ᠤ᠋ ᠠᠢᠵᠠᠮ᠎ᠢ ᠲᠠᠢᠪᠤᠰᠢᠷᠠᠭᠤᠯᠵᠤ᠂ ᠵᠢᠷᠦᠬᠡ ᠴᠢᠰᠤᠨ ᠰᠤᠳᠠᠯ ᠢ᠋ ᠰᠠᠢᠵᠢᠷᠠᠭᠤᠯᠳᠠᠭ᠃
ᠵᠠᠯᠭᠠᠭᠠᠳ 《ᠠᠷᠤ ᠳᠡᠯᠡᠬᠡᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)