3 ᠰᠠᠷ᠎ᠠ ᠵᠢᠨ 17 ᠎ᠤ ᠡᠳᠤᠷ
ᠡᠬᠢᠯᠡᠬᠦ᠌ ᠴᠠᠭ᠄
2026-03-17 11:06:37
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

 ᠨᠡᠢᠭᠡᠮ                                              

✦2025 ᠣᠨ᠎ᠳᠤ᠂ ᠪᠦᠬᠦ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠬᠡᠷᠡᠭᠯᠡᠭᠡᠨ᠎ᠦ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠎ᠶᠢ 2600 ᠭᠠᠷᠤᠢ ᠲᠦᠮᠡᠨ ᠬᠤᠪᠢ ᠬᠦᠯᠢᠶᠡᠨ ᠠᠪᠴᠤ᠂ ᠬᠡᠷᠡᠭᠯᠡᠭᠴᠢᠳ᠎ᠦᠨ ᠠᠵᠤ ᠠᠬᠤᠢ᠎ᠶᠢᠨ ᠬᠣᠬᠢᠷᠠᠯ᠎ᠢ 43.5 ᠳ᠋ᠦᠩᠰᠢᠭᠤᠷ ᠲᠥᠭᠥᠷᠢᠭ ᠡᠭᠡᠭᠦᠯᠦᠨ ᠠᠪᠴᠢᠷᠠᠪᠠ᠃

✦3 ᠰᠠᠷ᠎ᠠ ᠵᠢᠨ 15 ᠎ᠤ ᠡᠳᠤᠷ᠂ ᠳᠤᠮᠳᠠᠳᠤ ᠠᠮᠧᠷᠢᠺᠠ᠎ᠶᠢᠨ ᠠᠵᠤ ᠠᠬᠤᠢ ᠠᠷᠠᠯᠵᠢᠶᠠᠨ ᠎ᠤ ᠵᠥᠪᠳᠡᠯᠴᠡᠭᠡᠷ ᠹᠷᠠᠨᠼᠢ᠎ᠶᠢᠨ ᠫᠠᠷᠢᠰ᠎ᠲᠤ ᠡᠬᠢᠯᠡᠪᠡ᠃

✦3 ᠰᠠᠷ᠎ᠠ᠎ᠶᠢᠨ 15᠎ᠤ ᠡᠳᠦᠷ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠨᠡᠢᠭᠡᠮᠯᠢᠭ ᠡᠴᠡ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠨᠡᠶ᠋ᠢᠲᠡ ᠎ᠶᠢᠨ ᠠᠰᠠᠷᠠᠮᠵᠢ᠎ᠶᠢᠨ ᠵᠠᠷᠭᠤ᠎ᠶᠢᠨ ᠨᠢᠭᠡ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠡᠨᠡ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ ᠨᠢ ᠨᠡᠶ᠋ᠢᠲᠡ 10 ᠬᠤᠪᠢ ᠪᠠᠢᠵᠤ᠂ ᠰᠢᠮ᠎ᠡ ᠲᠡᠵᠢᠭᠡᠯ᠎ᠦᠨ ᠵᠦᠢᠯᠡᠰ᠂ ᠲᠠᠷᠢᠶᠠᠯᠠᠩ ᠎ᠤᠨ ᠪᠦᠲᠦᠭᠡᠭᠳᠡᠬᠦᠨ ᠵᠡᠷᠭᠡ ᠣᠯᠠᠨ ᠬᠡᠷᠡᠭᠯᠡᠭᠡᠨ ᠎ᠦ ᠵᠦᠢᠯᠡᠰ ᠎ᠦᠨ ᠲᠥᠷᠥᠯ ᠵᠦᠢᠯ ᠎ᠳᠦ ᠬᠣᠯᠪᠣᠭᠳᠠᠵᠠᠢ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ᠂ ᠬᠡᠷᠡᠭᠯᠡᠭᠴᠢᠳ᠎ᠦᠨ ᠡᠷᠬᠡ ᠠᠰᠢᠭ᠋ ᠎ᠲᠦ ᠬᠠᠯᠳᠠᠭᠰᠠᠨ App ᠵᠢ ᠦᠷᠭᠦᠯᠵᠢᠯᠡᠨ ᠴᠡᠭᠴᠡᠯᠡᠵᠦ ᠪᠤᠢ᠃ ᠤᠢᠷ᠎ᠠ ᠎ᠳᠤ ᠭᠤᠷᠪᠠᠳᠠᠭᠢ ᠡᠲᠡᠭᠡᠳ᠎ᠦᠨ ᠪᠠᠢᠴᠠᠭᠠᠨ ᠰᠢᠯᠭᠠᠬᠤ ᠪᠠᠢᠭᠤᠯᠤᠮᠵᠢ ᠎ᠶᠢ ᠵᠣᠬᠢᠶᠠᠨ ᠪᠠᠢᠭᠤᠯᠵᠤ ᠰᠤᠭᠤᠴᠢᠨ ᠪᠠᠢᠴᠠᠭᠠᠭᠰᠠᠨ ᠎ᠤ ᠳ᠋ᠦᠩ᠎ᠳᠦ᠂ ᠨᠡᠢᠲᠡ 24App ᠵᠢᠴᠢ SDK ( ᠵᠥᠭᠡᠯᠡᠨ ᠲᠣᠨᠣᠭ ᠨᠡᠭᠡᠭᠡᠨ ᠠᠰᠢᠭ᠍ᠯᠠᠬᠤ ᠬᠡᠷᠡᠭᠯᠡᠭᠦᠷ ) ᠨᠢ  ᠬᠡᠷᠡᠭᠯᠡᠭᠴᠢᠳ᠎ᠦᠨ ᠡᠷᠬᠡ ᠠᠰᠢᠭ᠋ ᠲᠤ᠌ ᠬᠠᠯᠳᠠᠭᠰᠠᠨ ᠦᠢᠯᠡ ᠠᠵᠢᠯᠯᠠᠭ᠎ᠠ ᠎ᠲᠠᠢ ᠪᠠᠢᠬᠤ᠎ᠶᠢ ᠢᠯᠡᠷᠡᠭᠦᠯᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠡᠭᠴᠡᠯᠡᠨ ᠰᠠᠢᠵᠢᠷᠠᠭᠤᠯᠬᠤ᠎ᠶᠢ ᠱᠠᠭᠠᠷᠳᠠᠵᠠᠢ᠃ ᠬᠡᠷᠪᠡ ᠴᠡᠭᠴᠡᠯᠡᠨ ᠰᠠᠢᠵᠢᠷᠠᠭᠤᠯᠬᠤ ᠠᠵᠢᠯ᠎ᠢ ᠪᠣᠳᠠᠲᠠᠢ᠎ᠨᠠᠢᠳᠠᠪᠤᠷᠢᠵᠢᠭᠤᠯᠬᠤ ᠦᠭᠡᠢ ᠪᠣᠯ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠢᠳᠪᠦᠷᠢᠯᠡᠬᠦ ᠠᠵᠢᠯ᠎ᠢ ᠥᠷᠨᠢᠭᠦᠯᠬᠦ᠎ᠪᠤᠯᠤᠨ᠎ᠠ᠃

✦ᠳᠤᠮᠳᠠᠳᠤ ᠤᠯᠤᠰ ᠎ᠤᠨ ᠴᠠᠭ ᠠᠭᠤᠷ᠎ᠤᠨ ᠬᠤᠷᠢᠶ᠎ᠠ ᠵᠢᠨ  ᠤᠷᠢᠳᠴᠢᠯᠠᠨ ᠮᠡᠳᠡᠭᠡᠯᠡᠭᠰᠡᠨ ᠎ᠢᠶᠡᠷ᠂ ᠢᠷᠡᠬᠦ ᠨᠢᠭᠡ ᠭᠠᠷᠠᠭ ᠎ᠲᠤ  ᠪᠡᠭᠡᠵᠢᠩ᠎ᠦᠨ ᠬᠣᠢᠲᠤ ᠬᠡᠰᠡᠭ᠂ ᠾᠧᠪᠧᠢ ᠎ᠶᠢᠨ ᠳᠤᠮᠳᠠ ᠪᠠ ᠬᠣᠢᠲᠤ ᠬᠡᠰᠡᠭ᠂ ᠥᠪᠥᠷ ᠮᠣᠩᠭᠣᠯ᠎ᠤᠨ ᠪᠠᠷᠠᠭᠤᠨ ᠬᠣᠢᠲᠤ ᠬᠡᠰᠡᠭ᠂ ᠱᠠᠨ ᠰᠢ᠎ᠶᠢᠨ ᠬᠣᠢᠲᠤ ᠬᠡᠰᠡᠭ᠂ ᠭᠠᠨᠰᠤ᠎ᠶᠢᠨ ᠪᠠᠷᠠᠭᠤᠨ ᠡᠮᠦᠨ᠎ᠡ ᠬᠡᠰᠡᠭ᠂ ᠯᠢᠶᠣᠤᠨᠢᠩ᠎ᠦᠨ ᠡᠮᠦᠨ᠎ᠡ ᠬᠡᠰᠡᠭ ᠵᠡᠷᠭᠡ ᠭᠠᠵᠠᠷ ᠨᠢ ᠴᠡᠴᠡᠭ᠎ᠦᠨ ᠳᠤᠭᠤᠰᠤᠨ᠎ᠤ ᠬᠤᠭᠤᠴᠠᠭᠠᠨ᠎ᠳᠤ ᠣᠷᠣᠨ᠎ᠠ ᠭᠡᠪᠡ᠃

✦ᠬᠠᠪᠤᠷ ᠎ᠤᠨ ᠤᠯᠠᠷᠢᠯ ᠨᠢ ᠶᠡᠷᠦᠳᠡᠭᠡᠨ ᠬᠠᠷᠰᠢᠮᠠᠲᠠᠭᠠᠢ ᠴᠢᠨᠠᠷᠲᠠᠢ ᠡᠪᠡᠳᠴᠢᠨ ᠎ᠢ ᠤᠯᠠᠨ ᠡᠭᠦᠰᠬᠡᠳᠡᠭ ᠪᠤᠯᠬᠤᠷ ᠡᠨᠡᠬᠦ ᠪᠠᠢᠳᠠᠯ ᠎ᠳᠤ ᠴᠢᠭᠯᠡᠭᠦᠯᠦᠨ ᠬᠣᠲᠠ᠎ᠶᠢᠨ ᠠᠷᠠᠳ᠎ᠤᠨ ᠤᠢᠷ᠎ᠠ ᠬᠠᠪᠢ᠎ᠳᠠᠭᠠᠨ ᠡᠪᠡᠳᠴᠢᠨ ᠦᠵᠡᠭᠦᠯᠬᠦ᠎ᠳᠦ ᠳᠥᠬᠥᠮ ᠦᠵᠡᠭᠦᠯᠬᠦ ᠎ᠶᠢᠨ ᠲᠥᠯᠥᠭᠡ᠂ ᠤᠷᠴᠢᠮᠬᠠᠨ ᠬᠥᠬᠡᠬᠣᠲᠠ ᠎ᠶᠢᠨ ᠣᠯᠠᠨ ᠡᠮᠨᠡᠯᠭᠡ ᠎ᠶᠢᠨ ᠬᠣᠷᠢᠶ᠎ᠠ ᠬᠠᠷᠰᠢᠮᠠᠲᠠᠭᠠᠢ ᠴᠢᠨᠠᠷᠲᠠᠢ ᠡᠪᠡᠳᠴᠢᠨ᠎ᠦ ᠡᠭᠦᠳᠡᠨ ᠡᠮᠨᠡᠯᠭᠡ᠎ᠶᠢ ᠨᠡᠭᠡᠭᠡᠭᠰᠡᠨ ᠪᠠᠢᠨ᠎ᠠ᠃

✦ᠤᠢᠷ᠎ᠠ᠎ᠳᠤ ᠣᠷᠳᠣᠰ ᠬᠣᠲᠠ᠎ᠶᠢᠨ ᠠᠩᠬᠠᠨ᠎ᠤ ᠬᠣᠲᠠ᠎ᠶᠢᠨ ᠪᠣᠯᠪᠠᠰᠤᠨ᠎ᠤ ᠶᠡᠷᠦᠩᠬᠡᠢ ᠴᠣᠭᠴᠠ ᠪᠠᠢᠭᠤᠯᠤᠭᠳᠠᠨ ᠠᠰᠢᠭ᠍ᠯᠠᠯᠲᠠ᠎ᠳᠤ ᠣᠷᠣᠪᠠ᠃ ᠭᠤᠷᠪᠠᠨ ᠳᠠᠪᠬᠤᠷ ᠣᠷᠣᠨ ᠵᠠᠢ᠎ᠶᠢ ᠨᠠᠷᠢᠯᠢᠭ᠋ ᠪᠠᠢᠷᠢᠰᠢᠭᠤᠯᠵᠤ᠂ ᠬᠤᠲᠠ᠎ᠶᠢᠨ ᠨᠣᠮ᠎ᠤᠨ ᠥᠷᠥᠭᠡ᠂ ᠳᠠᠭᠤᠤ ᠬᠥᠭᠵᠢᠮ ᠎ᠦᠨ ᠵᠣᠬᠢᠶᠠᠨ ᠪᠦᠲᠦᠭᠡᠯᠭᠡ᠂ ᠤᠳᠬ᠎ᠠ ᠤᠷᠠᠯᠢᠭ᠋ ᠎ᠤᠨ ᠦᠵᠡᠰᠬᠦᠯᠡᠩ᠂ ᠰᠣᠶᠣᠯ ᠎ᠤᠨ ᠪᠦᠲᠦᠭᠡᠯᠴᠢ ᠪᠡᠯᠡᠭ ᠵᠡᠷᠭᠡ ᠲᠠᠪᠤᠨ ᠶᠡᠬᠡ ᠭᠣᠣᠯ ᠴᠢᠳᠠᠮᠵᠢᠲᠤ ᠣᠷᠣᠨ᠎ᠢ ᠪᠠᠢᠭᠤᠯᠵᠤ᠂ ᠪᠥᠬᠥ ᠲᠠᠯ᠎ᠠ᠎ᠶᠢᠨ᠂ ᠴᠢᠨᠠᠷ ᠰᠠᠢᠲᠠᠢ᠂ ᠭᠦᠨᠵᠡᠭᠡᠢ ᠣᠢᠯᠠᠭᠠᠬᠤ ᠮᠠᠶᠢᠭ᠋ ᠎ᠤᠨ ᠪᠣᠯᠪᠠᠰᠤᠨ ᠦᠢᠯᠡᠴᠢᠯᠡᠭᠡᠨ ᠎ᠦ ᠲᠣᠭᠲᠠᠯᠴᠠᠭ᠎ᠠ ᠎ᠶᠢᠨ ᠪᠡᠶᠡᠴᠢᠯᠡᠨ ᠣᠢᠯᠠᠭᠠᠬᠤ ᠣᠷᠴᠢᠨ ᠎ᠢ ᠪᠤᠢ ᠪᠣᠯᠭᠠᠭᠰᠠᠨ ᠪᠠᠢᠨ᠎ᠠ᠃

✦ᠤᠢᠷ᠎ᠠ ᠵᠢᠨ ᠡᠳᠤᠷ ᠦᠦᠰᠢᠨ ᠬᠣᠰᠢᠭᠤᠨ᠎ᠤ ᠡᠪᠡᠳᠴᠢᠨ ᠡᠮᠭᠡᠭ ᠎ᠢ ᠰᠡᠷᠭᠡᠢᠯᠡᠨ ᠡᠵᠡᠮᠳᠡᠬᠦ ᠲᠥᠪ ᠪᠠ ᠠᠮᠢᠲᠠᠨ᠎ᠤ ᠬᠢᠵᠢᠭ ᠎ᠢ ᠰᠡᠷᠭᠡᠢᠯᠡᠨ ᠡᠵᠡᠮᠳᠡᠬᠦ ᠲᠥᠪ ᠬᠠᠮᠲᠤᠷᠠᠨ᠂ ᠪᠦᠬᠦ ᠬᠣᠰᠢᠭᠤᠨ ᠎ᠤ ᠨᠢᠭᠡᠳᠦᠭᠡᠷ ᠹᠷᠣᠨᠲ᠎ᠤᠨ ᠮᠠᠯ ᠡᠮᠨᠡᠯᠭᠡ ᠎ᠶᠢᠨ ᠠᠵᠢᠯᠲᠠᠳ᠎ᠲᠤ ᠪᠷᠦ᠋ᠼᠧᠯ ᠡᠪᠡᠳᠴᠢᠨ᠎ᠢ ᠲᠤᠰᠬᠠᠢ ᠰᠤᠭᠤᠴᠢᠨ ᠪᠠᠢᠴᠠᠭᠠᠬᠤ ᠠᠵᠢᠯ᠎ᠢ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠎ᠢᠶᠠᠨ ᠦᠨᠳᠦᠰᠦᠨ ᠱᠠᠲᠤᠨ᠎ᠤ ᠬᠢᠵᠢᠭ ᠎ᠢ ᠰᠡᠷᠭᠡᠢᠯᠡᠬᠦ ᠠᠵᠢᠯᠲᠠᠨ ᠎ᠤ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢ ᠬᠠᠮᠠᠭᠠᠯᠠᠪᠠ᠃

 

 

ᠠᠵᠤ ᠠᠬᠤᠢ 

✦ᠡᠨᠡ ᠵᠢᠯ᠎ᠡᠴᠡ ᠨᠠᠭᠠᠰᠢ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠵᠤ᠂ ᠣᠲᠣᠬᠠᠨ ᠪᠣᠯᠲᠠᠯ᠎ᠠ 3232.6 ᠳ᠋ᠦᠩᠰᠢᠭᠤᠷ ᠲᠥᠭᠥᠷᠢᠭ᠎ᠦᠨ ᠪᠣᠷᠤᠯᠠᠭᠤᠯᠭ᠎ᠠ᠎ᠶᠢ ᠳᠠᠶ᠋ᠢᠴᠢᠯᠠᠵᠤ᠂ ᠠᠳᠠᠯᠢ ᠬᠤᠭᠤᠴᠠᠭᠠᠨ᠎ᠤ ᠬᠢ᠎ᠡᠴᠡ 3.2%᠎ᠢᠶᠠᠷ ᠨᠡᠮᠡᠭᠳᠡᠪᠡ᠃

✦ᠳᠠᠯᠠᠳ᠎ᠤᠨ ᠠᠵᠤ ᠠᠬᠤᠢ᠎ᠶᠢᠨ ᠨᠡᠭᠡᠭᠡᠯᠲᠡ᠎ᠶᠢᠨ ᠲᠤᠭᠤᠷᠢᠭ ᠲᠸ᠋ ᠪᠠᠢᠭ᠎ᠠ ᠶᠡᠷᠦᠩᠬᠡᠢ ᠪᠡᠯᠡ ᠣᠷᠣᠭᠤᠯᠤᠯᠲᠠ ᠨᠢ 98.3 ᠳ᠋ᠦᠩᠰᠢᠭᠤᠷ ᠲᠥᠭᠥᠷᠢᠭ ᠪᠤᠯᠬᠤ ᠥᠪᠥᠷ ᠮᠣᠩᠭᠣᠯ᠎ᠤᠨ ᠷᠦᠩ ᠰᠢᠨ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠵᠢᠯ᠎ᠳᠦ 80 ᠲᠦᠮᠡᠨ ᠲᠣᠨ ᠠᠯᠺᠧᠨ ᠦᠢᠯᠡᠳᠪᠦᠷᠢᠯᠡᠬᠦ ᠲᠥᠷᠥᠯ ᠵᠦᠢᠯ ᠨᠢ 2026 ᠣᠨ ᠎ᠤ ᠰᠡᠭᠦᠯᠴᠢ ᠎ᠪᠡᠷ ᠪᠠᠢᠭᠤᠯᠵᠤ ᠳᠠᠭᠤᠰᠬᠠᠨ ᠠᠰᠢᠭ᠍ᠯᠠᠯᠲᠠ᠎ᠳᠤ ᠣᠷᠣᠭᠤᠯᠬᠤ ᠬᠠᠷᠠᠯᠲᠠ ᠵᠦᠭ ᠪᠦᠬᠦ ᠬᠦᠴᠦᠨ᠎ᠢᠶᠡᠷ᠎ᠢᠶᠡᠨ ᠰᠢᠪᠲᠤᠯᠤᠯᠲᠠ ᠬᠢᠵᠦ ᠪᠠᠢᠨ᠎ᠠ᠃ 

✦ᠣᠳᠣᠬᠠᠨ ᠪᠣᠯᠲᠠᠯ᠎ᠠ᠂ ᠭᠠᠭᠴᠠᠮᠣᠳᠤ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭ᠎ᠠ᠎ᠶᠢᠨ ᠲᠡᠭᠡᠭᠡᠪᠦᠷᠢ ᠎ᠶᠢᠨ ᠬᠡᠮᠵᠢᠶ᠎ᠡ 1004 ᠲᠦᠮᠡᠨ ᠲᠣᠨ᠎ᠢ ᠳᠠᠪᠠᠵᠤ᠂ ᠨᠢᠳᠤᠨᠤᠨ᠎ᠦ ᠠᠳᠠᠯᠢ ᠬᠤᠭᠤᠴᠠᠭᠠᠨ᠎ᠤ ᠬᠢ᠎ᠡᠴᠡ 45.54%᠎ᠪᠠᠷ ᠨᠡᠮᠡᠭᠳᠡᠪᠡ᠃

 

ᠰᠤᠶᠤᠯ 

✦ᠤᠢᠷ᠎ᠠ᠎ᠶᠢᠨ ᠡᠳᠦᠷ᠂ ᠵᠧᠵᠢᠶᠠᠩ ᠴᠧᠩᠳᠦ᠋ ᠬᠣᠶᠠᠷ ᠭᠠᠵᠠᠷ᠎ᠤᠨ ᠭᠡᠷᠡᠯ ᠵᠢᠷᠤᠭ᠍ᠴᠢᠳ ᠣᠲᠤᠭ ᠬᠣᠰᠢᠭᠤᠨ᠎ᠳᠤ  ᠴᠤᠭᠯᠠᠷᠠᠵᠤ᠂ ᠣᠲᠣᠭ ᠬᠣᠰᠢᠭᠤᠨ᠎ᠤ ᠭᠡᠷᠡᠯ ᠵᠢᠷᠤᠭ᠍ᠴᠢᠳ᠎ᠤᠨ ᠨᠡᠢᠭᠡᠮᠯᠢᠭ᠎ᠲᠠᠢ ᠬᠠᠮᠲᠤᠷᠠᠨ ᠵᠣᠬᠢᠶᠠᠨ ᠪᠦᠲᠦᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠭᠠᠵᠠᠷ ᠣᠷᠣᠨ ᠠᠯᠤᠰᠯᠠᠭᠰᠠᠨ ᠭᠡᠷᠡᠯ ᠵᠢᠷᠤᠭ᠎ᠤᠨ ᠤᠷᠠᠯᠢᠭ᠋᠎ᠤᠨ ᠰᠣᠯᠢᠯᠴᠠᠭᠠᠨ᠎ᠤ ᠬᠥᠭᠥᠷᠭᠡ᠎ᠶᠢ ᠪᠠᠢᠭᠤᠯᠵᠤ᠂ ᠭᠡᠷᠡᠯ ᠵᠢᠷᠤᠭ᠎ᠤᠨ ᠰᠣᠶᠣᠯ᠎ᠤᠨ ᠠᠭᠤᠰᠤᠯᠴᠠᠯ᠎ᠢ ᠬᠠᠮᠲᠤ᠎ᠪᠠᠷ ᠠᠬᠢᠭᠤᠯᠪᠠ᠃

 

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ ᠎ᠤ ᠹᠠᠷᠰ ᠴᠢᠮᠡᠭᠡᠯᠡᠯ᠎ᠦᠨ ᠬᠣᠷᠢᠶᠠᠨ᠎ᠤ 3 ᠰᠠᠷ᠎ᠠ ᠵᠢᠨ 15᠎ᠤ ᠡᠳᠦᠷ᠎ᠦᠨ ᠮᠡᠳᠡᠭᠡᠯᠡᠯ᠎ᠳᠤ᠂ ᠢᠷᠠᠨ᠎ᠤ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠠᠯᠠᠭᠧᠴᠢ᠎ᠳᠠᠶ᠋ᠢᠨ᠎ᠢ ᠭᠣᠣᠯᠴᠢ᠎ᠪᠠᠷ ᠳᠠᠭᠤᠰᠬᠠᠵᠤ ᠳᠡᠢᠯᠬᠦ ᠭᠠᠵᠠᠷ ᠣᠷᠣᠨ᠎ᠤ ᠶᠠᠮᠠᠷᠪᠠ ᠰᠠᠨᠠᠭᠠᠴᠢᠯᠠᠭ᠎ᠠ ᠎ᠶᠢ ᠪᠠᠶᠠᠷᠯᠠᠨ ᠤᠭᠲᠤᠨ᠎ᠠ ᠭᠡᠵᠦ ᠢᠯᠡᠷᠬᠡᠢᠯᠡᠪᠡ᠃  

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠰᠸᠢᠰ᠎ᠦᠨ ᠵᠠᠰᠠᠭ᠎ᠤᠨ ᠣᠷᠳᠣᠨ᠎ᠤ ᠰᠦᠯᠵᠢᠶᠡᠨ᠎ᠳᠤ ᠨᠡᠢᠲᠡᠯᠡᠭᠰᠡᠨ ᠵᠢᠡᠷ᠂ ᠰᠸᠢᠰ᠎ᠦᠨ ᠬᠣᠯᠪᠣᠭᠠᠨ᠎ᠤ ᠵᠥᠪᠯᠡᠯ ᠢᠷᠠᠨ᠎ᠤ ᠳᠠᠶ᠋ᠢᠨ᠎ᠳᠦ ᠬᠣᠯᠪᠣᠭᠳᠠᠭᠰᠠᠨ ᠠᠮᠧᠷᠢᠺᠠ᠎ᠶᠢᠨ ᠴᠡᠷᠢᠭ᠎ᠦᠨ ᠬᠣᠶᠠᠷ ᠨᠢᠰᠬᠡᠯ ᠬᠠᠷᠢᠶ᠎ᠠ ᠠᠭᠠᠷ᠎ᠢᠶᠠᠷ ᠨᠢ ᠨᠢᠰᠦᠨ ᠥᠩᠭᠡᠷᠡᠬᠦ ᠭᠤᠶᠤᠴᠢᠯᠠᠯ᠎ᠢ ᠵᠥᠪᠰᠢᠶᠡᠷᠡᠭᠰᠡᠨ ᠦᠭᠡᠢ᠃

 

ᠦᠢᠯᠡᠴᠢᠯᠡᠭᠡ 

✦ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ ᠬᠠᠷᠢᠶᠠᠳᠤ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠬᠦ ᠪᠡᠷ ᠪᠤᠢ᠃ 

 

✦ᠤᠢᠷ᠎ᠠ᠎ᠳᠤ ᠬᠦᠬᠡᠬᠤᠳᠠ ᠵᠢᠨ ᠱᠤᠭᠤᠮᠠᠯ ᠤᠷᠠᠯᠢᠭ᠎ᠤᠨ ᠤᠷᠳᠤᠨ ᠠᠯᠪᠠᠨ ᠵᠠᠷᠯᠠᠯ ᠨᠡᠢᠲᠡᠯᠡᠵᠤ᠂ 3 ᠰᠠᠷ᠎ᠠ ᠵᠢᠨ 21᠎ᠤ ᠡᠳᠤᠷ ᠡᠴᠡ ᠡᠬᠢᠯᠡᠨ ᠲᠤᠰ ᠤᠷᠳᠤᠨ᠎ᠦ ᠺᠢᠨᠣ᠋ ᠳᠡᠯᠭᠡᠨ ᠦᠵᠡᠭᠦᠯᠬᠦ ᠠᠵᠢᠯᠯᠠᠭ᠎ᠠ᠎ᠳᠤ ᠤᠷᠢᠳᠴᠢᠯᠠᠨ ᠪᠣᠯᠵᠣᠬᠤ ᠳᠦᠷᠢᠮ᠎ᠢ ᠬᠡᠷᠡᠭᠵᠢᠭᠦᠯᠤᠨ᠎ᠠ᠃ ᠤᠷᠢᠳᠴᠢᠯᠠᠨ ᠪᠣᠯᠵᠣᠬᠤ ᠬᠣᠶᠠᠷ ᠬᠡᠮᠵᠢᠯᠲᠦ ᠺᠤᠳ᠋᠎ᠢ 3 ᠰᠠᠷ᠎ᠠ᠎ᠶᠢᠨ 19᠎ᠤ ᠡᠳᠦᠷ ᠬᠥᠬᠡᠬᠣᠲᠠ᠎ᠶᠢᠨ ᠱᠤᠭᠤᠮᠠᠯ ᠤᠷᠠᠯᠢᠭ᠋᠎ᠤᠨ ᠣᠷᠳᠣᠨ᠎ᠤ ᠵᠢᠷᠭᠢᠶ᠎ᠠ ᠵᠢᠨ ᠲᠠᠪᠴᠠᠩ᠎ᠳᠤ ᠨᠡᠢᠲᠡᠯᠡᠵᠦ᠂ ᠲᠠᠯᠠᠪᠤᠷ ᠪᠦᠷᠢ ᠵᠢᠨ ᠬᠥᠮᠥᠨ᠎ᠦ ᠲᠣᠭ᠎ᠠ᠎ᠶᠢ 150 ᠬᠥᠮᠥᠨ᠎ᠢᠶᠠᠷ ᠬᠢᠵᠠᠭᠠᠷᠯᠠᠵᠤ᠂ ᠤᠷᠢᠳᠴᠢᠯᠠᠨ ᠪᠣᠯᠵᠣᠪᠠᠯ ᠰᠠᠶᠢ ᠺᠢᠨᠣ᠋ ᠦᠵᠡᠵᠦ ᠪᠣᠯᠣᠨ᠎ᠠ ᠭᠡᠪᠡ᠃  

 

 

ᠲᠠᠨ ᠎ᠤ ᠲᠤᠰᠡ ᠳ᠋ᠤ  

✦ᠬᠠᠪᠤᠷ᠎ᠤᠨ ᠤᠯᠠᠷᠢᠯ᠎ᠳᠤ ᠨᠢᠮᠪᠡᠭᠡ᠂ ᠵᠦᠷᠵᠢ᠂ ᠦᠵᠦᠮ᠂ ᠠᠯᠮᠤᠷᠠᠳ᠂ ᠬᠠᠨ ᠪᠤᠷᠭᠤᠴᠠᠢ᠂ ᠬᠦᠵᠡᠯᠵᠡᠭᠡᠨ᠎ᠡ ᠵᠡᠷᠭᠡ ᠵᠢᠮᠢᠰ᠎ᠪᠠ ᠥᠷᠭᠡᠰᠦᠲᠦ ᠨᠣᠭᠣᠭ᠎ᠠ᠂ ᠪᠤᠷᠴᠠᠭ᠎ᠤᠨ ᠴᠢᠴᠢᠭᠡᠰᠦ᠂ ᠬᠠᠪᠤᠷ᠎ᠤᠨ ᠰᠦᠶ᠎ᠡ᠂ ᠭᠣᠭᠣᠳ ᠵᠡᠷᠭᠡ ᠢᠳᠡᠰᠢᠨ ᠨᠣᠭᠣᠭ᠎ᠠ᠎ᠶᠢ ᠢᠳᠡᠬᠦ᠎ᠳᠦ ᠲᠣᠬᠢᠷᠠᠮᠵᠢᠲᠠᠢ ᠪᠠᠢᠳᠠᠭ᠃

 

ᠵᠠᠯᠭᠠᠭᠠᠳ 《ᠪᠤᠷᠤ ᠪᠤᠢᠯᠠᠰᠤᠳᠤ ᠵᠢᠨ ᠳᠡᠨᠵᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号