3 ᠰᠠᠷ᠎ᠠ ᠵᠢᠨ 18 ᠎ᠤ ᠡᠳᠤᠷ
ᠡᠬᠢᠯᠡᠬᠦ᠌ ᠴᠠᠭ᠄
2026-03-18 10:39:29
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄

ᠨᠡᠢᠭᠡᠮ                       

✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠂ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠣᠢᠷ᠎ᠠ᠎ᠳᠤ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠎ᠤᠨ ᠬᠢᠨ ᠤᠯᠤᠰ᠎ᠤᠨ ᠨᠤᠲᠤᠭ ᠳᠡᠪᠢᠰᠬᠡᠷ ᠦ᠋ᠨ ᠣᠷᠣᠨ ᠵᠠᠢ ᠎ᠶᠢᠨ ᠲᠥᠯᠦᠪᠵᠢᠭᠦᠯᠭᠡ᠎ᠶᠢᠨ ᠬᠥᠳᠡᠯᠦᠩᠭᠦᠢ ᠬᠠᠮᠠᠭᠠᠯᠠᠯᠲᠠ᠎ᠶᠢᠨ ᠲᠣᠭᠲᠠᠴᠠ ᠎ᠶᠢ ᠪᠠᠢᠭᠤᠯᠵᠤ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠬᠦ᠎ᠶᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠣᠯᠭᠠᠵᠤ᠂ ᠣᠷᠣᠨ ᠨᠤᠲᠤᠭ᠎ᠤᠨ ᠬᠢᠨ᠎ᠦ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ ᠶ᠋ᠢᠨ ᠵᠥᠪᠰᠢᠶᠡᠷᠡᠯ᠎ᠦᠨ ᠳᠦᠷᠢᠮ᠎ᠦᠨ ᠲᠤᠷᠰᠢᠯᠲᠠ᠎ᠶᠢ ᠰᠦᠪᠡᠭᠴᠢᠯᠡᠨ ᠥᠷᠨᠢᠭᠦᠯᠬᠦ ᠶ᠋ᠢ ᠳᠡᠮᠵᠢᠨ ᠵᠣᠷᠢᠭ᠍ᠵᠢᠭᠤᠯᠵᠤ᠂ ᠲᠥᠯᠦᠪᠵᠢᠭᠦᠯᠭᠡ ᠎ᠶᠢ ᠨᠠᠩ ᠪᠣᠳᠠᠲᠤ ᠬᠡᠷᠡᠭᠴᠡᠭᠡ ᠲᠠᠢ ᠪᠡᠷ ᠨᠠᠢᠳᠠᠪᠤᠷᠢᠵᠢᠭᠤᠯᠬᠤ ᠶ᠋ᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃

✦ᠣᠢᠷ᠎ᠠ ᠎ᠳᠤ ᠤᠯᠤᠰ ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠂ ᠤᠯᠤᠰ ᠤ᠋ᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠂ ᠤᠯᠤᠰ ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠎ᠶᠢᠨ ᠵᠥᠪᠯᠡᠯ ᠬᠠᠮᠲᠤᠷᠠᠨ《ᠡᠮ ᠡᠮᠨᠡᠯᠭᠡ᠎ᠶᠢᠨ ᠳᠠᠭᠠᠳᠬᠠᠯ᠎ᠢᠶᠠᠷ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠬᠥᠭᠵᠢᠯᠲᠡ ᠎ᠶᠢ ᠳᠡᠮᠵᠢᠬᠦ ᠲᠤᠬᠠᠢ ᠵᠢᠯᠤᠭᠣᠳᠬᠤ ᠰᠠᠨᠠᠯ》 ᠢ᠋ ᠳᠠᠷᠤᠮᠠᠯᠯᠠᠨ ᠲᠠᠷᠬᠠᠭᠠᠵᠦ᠂ ᠦᠨᠳᠦᠰᠦᠨ ᠱᠠᠲᠤᠨ᠎ᠤ ᠬᠢᠨ ᠤᠳᠠᠭᠠᠨ ᠴᠢᠨᠠᠷᠲᠠᠢ ᠡᠪᠡᠳᠴᠢᠲᠡᠨ᠎ᠳᠦ ᠬᠠᠮᠤᠭ ᠎ᠤᠨ ᠣᠷᠳᠣ᠌ ᠎ᠳᠠᠭᠠᠨ 12 ᠭᠠᠷᠠᠭ ᠬᠡᠷᠡᠭᠯᠡᠬᠦ ᠡᠮ ᠎ᠤᠨ ᠣᠷᠳᠣ᠌ ᠬᠤᠭᠤᠴᠠᠭᠠᠨ᠎ᠤ ᠵᠣᠷ ᠭᠠᠷᠭᠠᠵᠤ ᠥᠭᠬᠦ᠎ᠶᠢ ᠵᠥᠪᠰᠢᠶᠡᠷᠡᠬᠦ᠎ᠶᠢᠨ ᠬᠠᠮᠲᠤ ᠣᠷᠳᠣ᠌ ᠬᠤᠭᠤᠴᠠᠭᠠᠨ᠎ᠤ ᠵᠣᠷ᠎ᠢ ᠤᠳᠠᠭ᠎ᠠ ᠪᠦᠷᠢ᠎ᠶᠢᠨ ᠳᠤᠮᠳᠠᠴᠢ ᠵᠠᠷᠤᠳᠠᠯ᠎ᠤᠨ ᠬᠢᠨᠠᠨ ᠰᠢᠯᠭᠠᠯᠲᠠ᠎ᠳᠤ ᠣᠷᠣᠭᠤᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃

✦ᠰᠦᠯᠵᠢᠶᠡᠨ ᠳᠡᠭᠡᠷᠡᠬᠢ ᠢᠳᠡᠭᠡᠨ᠎ᠦ ᠵᠦᠢᠯ᠎ᠦᠨ ᠠᠷᠠᠯᠵᠢᠶᠠᠨ ᠎ᠤ ᠲᠠᠪᠴᠠᠩ ᠵᠢᠴᠢ ᠰᠦᠯᠵᠢᠶᠡᠨ᠎ᠳᠡᠭᠡᠷᠡᠬᠢ ᠡᠵᠡᠩᠨᠡᠭᠴᠢ᠎ᠶᠢᠨ ᠭᠤᠤᠯ ᠴᠣᠭᠴᠠ᠎ᠶᠢᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ᠎ᠶᠢᠨ ᠲᠥᠯᠥᠭᠡ᠂ 16᠎ᠤ ᠡᠳᠦᠷ᠎ᠡᠴᠡ ᠡᠬᠢᠯᠡᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠎ᠶᠢᠨ ᠶᠡᠷᠦᠩᠬᠡᠢ ᠲᠣᠪᠴᠢᠶ᠎ᠠ ᠰᠦᠯᠵᠢᠶᠡᠨ᠎ᠳᠡᠭᠡᠷᠡᠬᠢ ᠢᠳᠡᠭᠡᠨ ᠎ᠦ ᠵᠦᠢᠯ᠎ᠦᠨ ᠠᠮᠤᠷ ᠲᠦᠪᠰᠢᠨ ᠎ᠦ ᠲᠣᠭᠲᠠᠭᠠᠯ᠎ᠳᠤ ᠨᠡᠢᠴᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠦᠷᠨᠢᠬᠦᠯᠵᠦ᠂ ᠰᠢᠭᠤᠳ ᠨᠡᠪᠲᠡᠷᠡᠭᠦᠯᠭᠡ ᠵᠢᠨ ᠢᠳᠡᠭᠡᠨ᠎ᠤ ᠵᠦᠢᠯ᠂ ᠰᠦᠯᠵᠢᠶᠡᠨ᠎ᠳᠡᠭᠡᠷ᠎ᠠ ᠪᠣᠷᠣᠯᠠᠭᠤᠯᠬᠤ ᠢᠳᠡᠭᠡᠨ ᠤ᠋ ᠵᠦᠢᠯ᠂ ᠡᠷᠡᠭᠦᠯᠵᠢᠯ ᠦ᠋ᠨ ᠢᠳᠡᠭᠡᠨ ᠵᠡᠷᠭᠡ᠎ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ᠂ ᠮᠠᠭᠤ᠎ᠪᠠᠷ ᠰᠠᠢᠨ᠎ᠢ ᠣᠷᠣᠯᠠᠭᠤᠯᠬᠤ ᠵᠡᠷᠭᠡ ᠠᠰᠠᠭᠤᠳᠠᠯ᠎ᠲᠠᠢ ᠢᠳᠡᠭᠡᠨ᠎ᠤ ᠵᠦᠢᠯ ᠢ᠋ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ᠎ᠢᠶᠡᠨ ᠴᠢᠩᠭᠠᠳᠬᠠᠨ᠎ᠠ ᠭᠡᠵᠡᠢ᠃

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ 9 ᠰᠠᠯᠠᠭ᠎ᠠ ᠮᠥᠴᠢᠷ ᠬᠠᠮᠲᠤᠷᠠᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠲᠠᠪᠤᠨ ᠵᠢᠯ᠎ᠦᠨ ᠠᠵᠢᠯᠯᠠᠭᠠᠨ᠎ᠤ ᠲᠥᠯᠥᠪᠯᠡᠭᠡ (2026 — 2030 ᠣᠨ)ᠵᠢ ᠳᠠᠷᠤᠮᠠᠯᠯᠠᠨ ᠲᠠᠷᠬᠠᠭᠠᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠥᠬᠥ ᠤᠯᠤᠰ᠎ᠤᠨ ᠠᠵᠢᠯ᠎ᠠᠴᠠ ᠪᠣᠯᠤᠭᠰᠠᠨ ᠭᠡᠮᠲᠦᠯ᠎ᠢ ᠤᠷᠢᠳᠴᠢᠯᠠᠨ ᠰᠡᠷᠭᠡᠢᠯᠡᠬᠦ ᠠᠵᠢᠯ ᠎ᠢ ᠪᠠᠢᠷᠢᠯᠠᠭᠤᠯᠵᠤ᠂ ᠠᠵᠢᠯ᠎ᠠᠴᠠ ᠪᠣᠯᠤᠭᠰᠠᠨ ᠭᠡᠮᠲᠦᠯ ᠎ᠦᠨ ᠡᠨᠳᠡᠯ ᠭᠠᠷᠬᠤ ᠨᠣᠷᠮ᠎ᠠ᠎ᠶᠢ ᠦᠷᠭᠦᠯᠵᠢᠯᠡᠨ ᠪᠠᠭᠤᠷᠠᠭᠤᠯᠵᠤ᠂ ᠭᠣᠣᠯᠳᠠᠯᠭ᠎ᠠ᠎ᠲᠠᠢ ᠠᠵᠢᠯ ᠲᠥᠷᠥᠯ ᠢ᠋ 5 ᠵᠢᠯ᠎ᠳᠦ 10% ᠣᠷᠴᠢᠮ᠎ᠢᠶᠠᠷ ᠪᠠᠭᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃

✦ᠣᠢᠷ᠎ᠠ᠎ᠳᠤ 《ᠡᠨᠡ ᠵᠢᠯ ᠪᠠ ᠢᠷᠡᠬᠦ ᠵᠢᠯ ᠨᠢ ᠲᠡᠦᠬᠡ᠎ᠶᠢᠨ ᠬᠠᠮᠤᠭ᠎ᠤᠨ ᠬᠠᠯᠠᠭᠤᠨ ᠵᠢᠯ ᠪᠣᠯᠵᠤ ᠮᠡᠳᠡᠨ᠎ᠡ》 ᠭᠡᠬᠦ ᠮᠡᠲᠦ᠎ᠶᠢᠨ ᠶᠠᠷᠢᠶᠠᠨ ᠎ᠤ ᠰᠡᠳᠦᠪ ᠬᠠᠯᠠᠮᠰᠢᠯ ᠪᠣᠯᠵᠤ ᠪᠠᠢᠭ᠎ᠠ ᠳ᠋ᠤ ᠵᠤᠷᠢᠭᠤᠯᠤᠨ᠂ ᠤᠯᠤᠰ ᠎ᠤᠨ ᠠᠭᠤᠷ ᠠᠮᠢᠰᠬᠤᠯ᠎ᠤᠨ ᠲᠥᠪ᠎ᠦᠨ ᠡᠷᠬᠡ ᠰᠦᠷᠲᠦ ᠲᠤᠰᠬᠠᠢ ᠮᠡᠷᠭᠡᠵᠢᠯᠲᠡᠨ ᠬᠠᠷᠢᠭᠤ ᠲᠤᠰᠬᠠᠬᠤ᠎ᠳᠠᠭᠠᠨ᠂ ᠣᠳᠣᠬᠠᠨ᠎ᠳᠤ ᠬᠡᠲᠦ ᠬᠦᠴᠦᠷᠬᠡᠭ ᠡᠸᠯᠨᠢᠨᠤ᠋ ᠡᠴᠡ ᠪᠤᠯᠵᠤ ᠡᠨᠡ ᠵᠢᠯ᠎ᠢ ᠬᠠᠮᠤᠭ ᠤ᠋ᠨ ᠬᠠᠯᠠᠭᠤᠨ ᠵᠢᠯ ᠪᠣᠯᠵᠤ ᠮᠡᠳᠡᠨ᠎ᠡ ᠭᠡᠵᠦ ᠮᠠᠭᠠᠳᠯᠠᠬᠤ᠎ᠳᠤ ᠠᠷᠠᠢ ᠡᠷᠲᠡ ᠪᠠᠢᠨ᠎ᠠ ᠭᠡᠵᠡᠢ᠃

✦2026 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠲᠣᠰ ᠱᠠᠲᠤᠨ᠎ᠤ ᠡᠳ᠋᠎ᠦᠨ ᠵᠠᠰᠠᠭ  ᠠ᠋ᠴᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠥᠷᠥᠯ ᠵᠦᠢᠯ᠎ᠦᠨ ᠵᠠᠷᠤᠳᠠᠯ᠎ᠢ 6133 ᠲᠦᠮᠡᠨ ᠲᠥᠭᠥᠷᠢᠭ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠠᠵᠢᠯ ᠥᠷᠨᠢᠭᠦᠯᠬᠦ᠎ᠶᠢ ᠳᠡᠮᠵᠢᠨ᠎ᠡ᠃

✦ᠪᠠᠶᠠᠨᠨᠠᠭᠤᠷ ᠬᠣᠲᠠ᠎ᠶᠢᠨ ᠣᠶ ᠰᠢᠭᠤᠢ ᠪᠠ ᠨᠤᠲᠤᠭ ᠪᠡᠯᠴᠢᠭᠡᠷ ᠎ᠦᠨ ᠲᠣᠪᠴᠢᠶ᠎ᠠ ᠡᠴᠠ ᠣᠢᠯᠠᠭᠠᠭᠰᠠᠨ᠎ᠢᠶᠠᠷ᠂ ᠪᠠᠶᠠᠨᠨᠠᠭᠤᠷ ᠬᠣᠲᠠ ᠪᠠᠲᠤᠯᠠᠭ᠎ᠠ᠎ᠶᠢᠨ ᠴᠢᠨᠠᠷᠲᠠᠢ ᠴᠢᠬᠢ ᠮᠣᠳᠣᠨ᠎ᠤ ᠬᠦᠷᠢᠶᠡᠯᠡᠩ ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠭᠠᠩ ᠬᠠᠭᠰᠠᠷᠠᠭᠠᠨ᠂ ᠰᠠᠯᠬᠢ ᠰᠢᠭᠤᠷᠭᠠᠨ᠎ᠳᠤ ᠲᠡᠰᠪᠦᠷᠢᠲᠡᠢ ᠰᠢᠯᠢᠳᠡᠭ ᠰᠠᠢᠨ ᠮᠣᠳᠣᠨ ᠤ᠋ ᠡᠭᠦᠯᠳᠡᠷ᠎ᠢ ᠪᠣᠢᠵᠢᠭᠤᠯᠵᠤ ᠪᠤᠢ᠃ 2026 ᠣᠨ᠎ᠳᠤ ᠪᠠᠶᠠᠨᠨᠠᠭᠤᠷ ᠬᠣᠲᠠ 2680 ᠲᠦᠮᠡᠨ  ᠴᠢᠬᠢ ᠮᠣᠳᠣ᠌᠎ᠶᠢ ᠪᠣᠢᠵᠢᠭᠤᠯᠬᠤ᠎ᠪᠠᠷ ᠲᠥᠯᠥᠪᠯᠡᠵᠦ᠂ ᠡᠭᠦᠨ᠎ᠳᠦ 1010 ᠲᠦᠮᠡᠨ ᠲᠤᠷᠤᠭ ᠮᠣᠳᠣ᠌᠂ 1670 ᠲᠦᠮᠡᠨ ᠪᠣᠳᠠ ᠮᠣᠳᠣ᠌ ᠪᠠ 50 ᠲᠦᠮᠡᠨ ᠺᠢᠯᠣᠭ᠌ᠷᠠᠮ ᠡᠪᠡᠰᠦᠨ᠎ᠦ ᠡᠭᠦᠯᠳᠡᠷ᠎ᠢ ᠵᠡᠷᠭᠡ ᠪᠡᠷ ᠪᠣᠢᠵᠢᠭᠤᠯᠬᠤ ᠪᠤᠯᠤᠨ᠎ᠠ᠃

✦ᠣᠳᠣᠬᠠᠨ᠎ᠳᠤ ᠲᠦᠨᠭᠯᠢᠶᠤᠤ ᠬᠤᠳᠠ ᠵᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋ 65 ᠨᠠᠰᠤ ᠵᠢᠴᠢ ᠲᠡᠭᠦᠨ᠎ᠡᠴᠡ ᠳᠡᠭᠡᠭᠰᠢᠬᠢ ᠨᠠᠰᠤᠲᠠᠢᠴᠤᠳ᠎ᠲᠤ ᠰᠦᠢᠳᠬᠡᠯ ᠬᠤᠷᠢᠶᠠᠬᠤ ᠦᠭᠡᠢ᠎ᠪᠡᠷ ᠪᠡᠶ᠎ᠡ᠎ᠶᠢᠨ ᠪᠠᠢᠴᠠᠭᠠᠯᠲᠠ ᠬᠢᠵᠦ ᠥᠭᠬᠦ ᠠᠵᠢᠯ ᠎ᠢ ᠵᠢᠩᠬᠢᠨᠢ᠎ᠪᠡᠷ ᠡᠬᠢᠯᠡᠭᠦᠯᠵᠦ᠂ ᠵᠢᠱ᠌ᠢᠯᠲᠡ᠎ᠪᠡᠷ 17096 ᠨᠠᠰᠤᠲᠠᠨ᠎ᠳᠤ ᠦᠢᠯᠡᠴᠢᠯᠡᠭᠡ ᠬᠠᠩᠭᠠᠬᠤ ᠪᠣᠯᠣᠨ᠎ᠠ᠃

✦ᠵᠡᠭᠦᠨ ᠦᠵᠦᠮᠦᠴᠢᠨ ᠬᠣᠰᠢᠭᠤᠨ᠎ᠤ ᠬᠠᠪᠤᠷ᠎ᠤᠨ ᠤᠯᠠᠷᠢᠯ᠎ᠤᠨ ᠲᠥᠯ ᠲᠣᠰᠴᠤ ᠪᠣᠢᠵᠢᠭᠤᠯᠬᠤ ᠠᠵᠢᠯ ᠡᠮᠬᠢ ᠵᠢᠷᠤᠮ᠎ᠲᠠᠢ ᠶᠠᠪᠤᠭᠳᠠᠵᠤ ᠪᠠᠢᠨ᠎ᠠ᠃ ᠣᠲᠣᠬᠠᠨ ᠪᠣᠯᠲᠠᠯ᠎ᠠ ᠪᠥᠬᠥ ᠬᠣᠰᠢᠭᠤᠨ ᠳ᠋ᠤ 9459 ᠲᠤᠭᠤᠯ ᠲᠤᠰᠴᠤ᠂ ᠤᠨᠳᠤᠷᠤᠯᠳᠠ ᠵᠢᠨ ᠨᠣᠷᠮ᠎ᠠ ᠨᠢ 99.58%᠎ᠡᠴᠡ ᠳᠡᠭᠡᠭᠰᠢ᠎ᠳᠦ ᠬᠦᠷᠴᠡᠢ᠃ 61744 ᠬᠤᠷᠠᠭ᠎ᠠ᠎ᠲᠤᠰᠴᠤ᠂ ᠤᠨᠳᠤᠷᠤᠯᠲᠠ᠎ᠶᠢᠨ ᠨᠣᠷᠮ᠎ᠠ 99.93% ᠶ᠋ᠢ ᠳᠠᠪᠠᠵᠠᠢ᠃

 

ᠠᠵᠤ ᠠᠬᠤᠢ  

✦15᠎ᠤ ᠡᠳᠦᠷ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠎ᠤᠨ ᠠᠷᠠᠳ ᠎ᠤᠨ ᠪᠠᠩᠬᠢ ᠬᠠᠮᠲᠤᠷᠠᠨ《ᠬᠤᠪᠢ ᠬᠥᠮᠥᠨ ᠎ᠦ ᠵᠢᠭᠡᠯᠡᠯᠭᠡ᠎ᠶᠢᠨ ᠲᠤᠬᠠᠢᠯᠠᠭᠰᠠᠨ ᠠᠵᠢᠯ ᠤ᠋ᠨ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ᠎ᠶᠢᠨ ᠥᠪᠡᠷ᠎ᠦᠨ ᠥᠷᠲᠡᠭ ᠢ᠋ ᠢᠯᠡᠷᠬᠡᠢᠯᠡᠬᠦ ᠲᠣᠭᠲᠠᠭᠠᠯ》 ᠎ᠢ ᠨᠡᠢᠲᠡᠯᠡᠵᠦ ᠂ ᠵᠢᠭᠡᠯᠡᠯᠭᠡ ᠬᠠᠨᠭᠭᠠᠭᠴᠢ ᠡᠴᠡ ᠬᠤᠪᠢ ᠬᠥᠮᠥᠨ᠎ᠦ ᠵᠢᠭᠡᠯᠡᠯᠭᠡ᠎ᠶᠢᠨ ᠲᠤᠬᠠᠢᠯᠠᠭᠰᠠᠨ ᠠᠵᠢᠯ ᠥᠷᠨᠢᠭᠦᠯᠬᠦ᠎ᠳᠡᠭᠡᠨ᠂ ᠵᠢᠭᠡᠯᠡᠯᠭᠡ ᠠᠪᠤᠭ᠍ᠴᠢ᠎ᠳᠤ ᠶᠡᠷᠦᠩᠬᠡᠢᠯᠡᠭᠰᠡᠨ ᠪᠡᠯᠡ ᠲᠣᠬᠢᠷᠠᠭᠤᠯᠭ᠎ᠠ ᠎ᠶᠢᠨ ᠥᠪᠡᠷ ᠦ᠋ᠨ ᠥᠷᠲᠡᠭ᠎ᠦᠨ ᠢᠯᠡᠷᠬᠡᠢᠯᠡᠯ᠎ᠦᠨ ᠬᠦᠰᠦᠨᠦᠭᠲᠦ ᠎ᠶᠢ ᠳᠡᠯᠭᠡᠨ ᠦᠵᠡᠭᠦᠯᠵᠦ᠂ ᠬᠤᠪᠢ ᠬᠥᠮᠥᠨ᠎ᠦ ᠵᠢᠭᠡᠯᠡᠯᠭᠡ᠎ᠶᠢᠨ ᠡᠯ᠎ᠡ ᠵᠦᠢᠯ᠎ᠦᠨ ᠬᠦᠦ ᠮᠥᠩᠭᠥ᠎ᠶᠢᠨ ᠰᠦᠢᠳᠬᠡᠯ ᠢ᠋ 《ᠢᠯᠡ ᠲᠣᠳᠣ᠌》 ᠪᠣᠯᠭᠠᠵᠤ᠂ ᠮᠥᠩᠭᠥᠨ ᠭᠦᠢᠯᠭᠡᠭᠡᠨ᠎ᠦ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠨᠠᠩ ᠰᠠᠢᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

✦16 ᠎ᠤ ᠡᠳᠦᠷ᠂ ᠲᠣᠰ ᠡᠭᠡᠯᠵᠢ᠎ᠶᠢᠨ ᠲᠣᠰᠣᠨ᠎ᠤ ᠦᠨ᠎ᠡ᠎ᠶᠢᠨ ᠦᠶᠡᠯᠡᠯ ᠦ᠋ᠨ ᠬᠤᠭᠤᠴᠠᠭᠠᠨ᠎ᠤ ᠪᠦᠷᠢᠳᠬᠡᠯ ᠨᠢᠭᠡᠨᠲᠡ ᠬᠠᠭᠠᠰ᠎ᠢ ᠳᠠᠪᠠᠵᠤ᠂ ᠵᠢᠱ᠌ᠢᠯᠲᠡ᠎ᠪᠡᠷ ᠲᠣᠰᠣᠨ᠎ᠤ ᠦᠨ᠎ᠡ᠎ᠶᠢᠨ ᠥᠰᠦᠯᠲᠡ᠎ᠶᠢᠨ ᠬᠡᠮᠵᠢᠶ᠎ᠡ ᠲᠣᠨ ᠪᠦᠷᠢ᠎ᠳᠡᠭᠡᠨ 1480 ᠲᠥᠭᠥᠷᠢᠭ ᠬᠦᠷᠴᠦ᠂ ᠨᠤᠭᠤᠯᠤᠨ ᠪᠤᠳᠤᠭᠰᠠᠨ᠎ᠤ ᠳᠠᠷᠠᠭ᠎ᠠ ᠯᠢᠲᠷ ᠪᠦᠷᠢ᠎ᠶᠢᠨ ᠲᠣᠰᠣᠨ᠎ᠤ ᠦᠨ᠎ᠡ 1.08 — 1.25 ᠲᠥᠭᠥᠷᠢᠭ ᠥᠰᠦᠨ᠎ᠡ᠃ 50 ᠯᠢᠲᠷ ᠭᠡᠷ᠎ᠦᠨ ᠬᠡᠷᠡᠭᠯᠡᠭᠡᠨ᠎ᠦ ᠮᠠᠰᠢᠨ ᠲᠡᠷᠭᠡᠨ᠎ᠦ ᠲᠣᠰᠣᠨ᠎ᠤ ᠰᠠᠪᠠ ᠵᠢ ᠳᠦᠭᠦᠷᠭᠡᠬᠦ᠎ᠳᠦ 54 ᠲᠥᠭᠥᠷᠢᠭ ᠣᠷᠴᠢᠮ ᠢᠯᠡᠭᠦᠦ ᠵᠠᠷᠤᠴᠠᠭᠤᠯᠬᠤ᠎ᠪᠤᠯᠤᠨ᠎ᠠ᠃

 

ᠰᠤᠶᠤᠯ 

✦ᠤᠢᠷ᠎ᠠ ᠳ᠋ᠤ 2026 ᠣᠨ ᠎ᠤ ᠤᠯᠠᠭᠠᠨ ᠮᠣᠷᠢᠨ ᠵᠢᠯ᠎ᠦᠨ ᠠᠷᠠᠳ᠎ᠤᠨ ᠠᠳᠤᠭᠤᠨ ᠰᠣᠶᠣᠯ᠎ᠤᠨ ᠭᠣᠣᠯ ᠰᠡᠳᠦᠪᠲᠦ ᠦᠵᠡᠰᠬᠦᠯᠡᠨᠭ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠵᠦ᠂ 4 ᠰᠠᠷ᠎ᠠ᠎ᠶᠢᠨ 6᠎ᠤ ᠡᠳᠦᠷ ᠪᠣᠯᠲᠠᠯ᠎ᠠ ᠦᠷᠭᠦᠯᠵᠢᠯᠡᠨ᠎ᠡ᠃ ᠲᠤᠰ ᠦᠵᠡᠰᠬᠦᠯᠡᠨᠭ᠎ᠢ ᠰᠦᠢᠳᠬᠡᠯ ᠬᠤᠷᠢᠶᠠᠬᠤ ᠦᠭᠡᠢ᠎ᠪᠡᠷ ᠣᠯᠠᠨ ᠨᠡᠶ᠋ᠢᠲᠡ᠎ᠳᠦ ᠨᠡᠭᠡᠭᠡᠵᠦ᠂ ᠨᠠᠩ ᠣᠯᠠᠨ ᠬᠥᠮᠥᠰ᠎ᠲᠦ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠮᠡᠳᠡᠷᠡᠭᠦᠯᠬᠦ ᠪᠣᠯᠣᠨ᠎ᠠ᠃


 ᠲᠠᠮᠢᠷ 

✦ᠣᠢᠷ᠎ᠠ ᠎ᠳᠤ 2025 — 2026 ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ ᠾᠧᠪᠧᠢ ᠮᠤᠵᠢ ᠳ᠋ᠤ ᠶᠠᠪᠤᠭᠳᠠᠵᠤ᠂ ᠪᠥᠬᠥ ᠤᠯᠤᠰ᠎ᠤᠨ ᠡᠯ᠎ᠡ ᠮᠤᠵᠢ ᠣᠷᠣᠨ ᠬᠣᠲᠠ᠎ᠶᠢᠨ 11 ᠠᠩᠭᠢ ᠵᠢᠨ 120 ᠭᠠᠷᠤᠢ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃ ᠮᠠᠨ᠎ᠤ ᠣᠷᠣᠨ ᠨᠡᠢ᠍ᠢᠳᠡ 23 ᠲᠠᠮᠢᠷᠴᠢᠨ ᠲᠣᠮᠢᠯᠠᠨ 11 ᠵᠦᠢᠯ᠎ᠦᠨ ᠤᠷᠤᠯᠳᠤᠭᠠᠨ᠎ᠳᠤ ᠣᠷᠣᠯᠴᠠᠭᠤᠯᠵᠤ᠂ 6 ᠡᠳᠦᠷ᠎ᠦᠨ ᠥᠷᠢᠰᠦᠯᠳᠦᠭᠡᠨ᠎ᠢᠶᠡᠷ ᠲᠠᠮᠵᠢᠨ 4 ᠠᠯᠳᠠᠨ ᠮᠧᠳᠠᠯ᠂ 5 ᠮᠥᠩᠭᠥᠨ ᠮᠧᠳᠠᠯ᠂ 6 ᠬᠦᠷᠡᠯ ᠮᠧᠳᠠᠯ᠂ ᠨᠡᠢ᠍ᠢᠳᠡ 30 ᠲᠦᠷᠦᠭᠦᠦ ᠨᠠᠢ᠍ᠮᠠ ᠳ᠋ᠤ ᠤᠷᠤᠭᠰᠠᠨ ᠰᠢᠯᠢᠳᠡᠭ ᠬᠢᠷᠢ ᠪᠦᠲᠦᠮᠵᠢ ᠣᠯᠪᠠ᠃


ᠲᠡᠯᠡᠬᠡᠢ  


✦ᠲᠦᠪ ᠲᠸᠯᠸᠢᠰ ᠎ᠤᠨ ᠮᠡᠳᠡᠭᠡ ᠵᠢ ᠦᠨᠳᠦᠰᠦᠯᠡᠪᠡᠯ᠂ ᠢᠷᠡᠨ᠎ᠤ ᠲᠠᠯ᠎ᠠ ᠶ᠋ᠢᠨ ᠬᠢᠨ ᠣᠷᠴᠢᠮᠬᠠᠨ ᠮᠡᠳᠡᠭᠡ  ᠨᠡᠢᠲᠡᠯᠡᠵᠦ᠂ ᠢᠷᠡᠨ᠎ᠤ ᠬᠢᠨ ᠳᠠᠢᠰᠤᠨ᠎ᠤ ᠲᠠᠯ᠎ᠠ ᠪᠣᠯᠣᠨ ᠢᠷᠡᠨ ᠢ᠋ ᠡᠰᠡᠷᠭᠦᠴᠡᠬᠦ ᠵᠠᠭᠤᠴᠢᠯᠠᠭᠤᠷ᠎ᠲᠤ ᠨᠢᠭᠤᠴᠠ ᠮᠡᠳᠡᠭᠡ ᠳᠠᠮᠵᠢᠭᠤᠯᠤᠭᠰᠠᠨ ᠰᠡᠵᠢᠭᠯᠡᠯᠲᠡᠢ 500 ᠲᠠᠩᠨᠠᠭᠤᠯ ᠢ᠋ ᠪᠠᠷᠢᠪᠴᠢᠯᠠᠵᠠᠢ ᠭᠡᠪᠡ᠃

✦ᠰᠢᠨᠬᠤᠸᠠ ᠬᠣᠷᠢᠶ᠎ᠠ ᠵᠢᠨ ᠮᠡᠳᠡᠭᠡ᠎ᠵᠢ ᠦᠨᠳᠦᠰᠦᠯᠡᠪᠡᠯ᠂ ᠤᠯᠠᠨ ᠤᠯᠤᠰ ᠤ᠋ᠨ ᠡᠨᠧᠷᠭᠢ᠎ᠶᠢᠨ ᠵᠠᠬᠢᠷᠭ᠎ᠠ᠎ᠶᠢᠨ ᠳᠠᠷᠤᠭ᠎ᠠ 16 ᠎ᠤ ᠡᠳᠦᠷ ᠢᠯᠡᠷᠬᠡᠢᠯᠡᠭᠰᠡᠨ ᠵᠢᠡᠷ᠂ ᠬᠡᠳᠦᠢᠪᠡᠷ ᠪᠦᠷᠢᠯᠳᠦᠭᠦᠨ ᠤᠯᠤᠰ᠎ᠤᠳ ᠴᠢᠯᠠᠭᠤᠨ ᠲᠤᠰᠤᠨ᠎ᠤ ᠨᠥᠭᠡᠴᠡ ᠶ᠋ᠢᠨ ᠬᠡᠮᠵᠢᠶ᠎ᠡ᠎ᠶᠢ ᠰᠤᠯᠠᠯᠠᠬᠤ ᠲᠤᠬᠠᠢ ᠰᠠᠨᠠᠯ ᠨᠢᠭᠡᠳᠦᠭᠰᠡᠨ ᠪᠣᠯᠪᠠᠴᠤ᠂ ᠢᠷᠡᠭᠡᠳᠦᠢ᠎ᠳᠦ 《ᠴᠢᠬᠤᠯᠠ᠎ᠲᠠᠢ ᠪᠣᠯ》ᠨᠥᠭᠡᠴᠡ ᠎ᠶᠢ ᠴᠢᠨᠠᠭᠰᠢᠳᠠ ᠬᠡᠷᠡᠭᠯᠡᠬᠦ ᠪᠣᠯᠣᠮᠵᠢ᠎ᠲᠠᠢ ᠭᠡᠪᠡ᠃

ᠦᠢᠯᠡᠴᠢᠯᠡᠭᠡ  


✦ᠲᠦᠩᠯᠢᠶᠣᠣ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ 44 ᠵᠢᠯᠤᠭᠤᠴᠢ ᠡᠯᠰᠡᠨ᠎ᠠ᠃ 


✦ᠣᠢᠷ᠎ᠠ ᠎ᠳᠤ ᠳᠤᠮᠳᠠᠳᠤ ᠤᠯᠤᠰ᠎ᠤᠨ ᠣᠯᠠᠨ ᠤᠯᠤᠰ ᠎ᠤᠨ ᠠᠭᠠᠷ ᠎ᠤᠨ ᠠᠶᠠᠯᠠᠯ᠂ ᠳᠤᠮᠳᠠᠳᠤ ᠤᠯᠤᠰ᠎ᠤᠨ ᠳᠣᠷᠣᠨᠠᠲᠤ᠎ᠶᠢᠨ ᠠᠭᠠᠷ ᠎ᠤᠨ ᠠᠶᠠᠯᠠᠯ᠂ ᠳᠤᠮᠳᠠᠳᠤ ᠤᠯᠤᠰ ᠤ᠋ᠨ ᠡᠮᠦᠨᠡᠲᠦ᠎ᠶᠢᠨ ᠠᠭᠠᠷ ᠎ᠤᠨ ᠠᠶᠠᠯᠠᠯ ᠎ᠤᠨ ᠺᠣᠮᠫᠠᠨᠢ ᠠᠶᠠᠨᠴᠢᠳ ᠤ᠋ᠨ ᠡᠷᠬᠡ ᠠᠰᠢᠭ᠋ ᠎ᠢ ᠬᠠᠮᠠᠭᠠᠯᠠᠬᠤ ᠠᠯᠪᠠᠨ ᠵᠠᠷᠯᠠᠯ ᠨᠡᠢᠲᠡᠯᠡᠵᠦ᠂ ᠪᠢᠯᠧᠲ ᠎ᠦᠨ ᠦᠨ᠎ᠡ᠎ᠶᠢᠨ ᠬᠡᠯᠪᠡᠯᠵᠡᠯ᠎ᠳᠦ ᠰᠦᠢᠳᠬᠡᠯ ᠬᠤᠷᠢᠶᠠᠬᠤ ᠦᠭᠡᠢ᠎ᠪᠡᠷ ᠪᠢᠯᠸᠲ ᠪᠤᠴᠠᠭᠠᠬᠤ ᠦᠢᠯᠡᠴᠢᠯᠡᠭᠡ ᠬᠠᠨᠭᠭᠠᠨ᠎ᠠ ᠭᠡᠵᠡᠢ᠃ ᠬᠡᠷᠪᠡ ᠠᠶᠠᠨᠴᠢᠳ᠎ᠤᠨ ᠬᠤᠳᠠᠯᠳᠤᠨ ᠠᠪᠤᠭᠰᠠᠨ ᠪᠢᠯᠸᠲ ᠨᠢ ᠬᠡᠳᠦ ᠦᠨᠳᠦᠷ ᠦᠨ᠎ᠠ ᠳᠠᠢ ᠪᠤᠯᠤᠭᠰᠠᠨ ᠪᠤᠯ ᠠᠭᠠᠷ ᠎ᠤᠨ ᠠᠶᠠᠯᠠᠯ᠎ᠤᠨ ᠺᠤᠮᠫᠠᠨᠢ ᠵᠢᠨ ᠠᠯᠪᠠᠨ ᠰᠦᠯᠵᠢᠶ᠎ᠠ ᠳ᠋ᠤ ᠤᠷᠤᠵᠤ ᠦᠨ᠎ᠠ ᠲᠦᠯᠦᠪᠦᠷᠢ ᠦᠭᠡᠢ ᠪᠡᠷ ᠪᠤᠴᠠᠭᠠᠵᠤ ᠪᠤᠯᠤᠨ᠎ᠠ᠃


ᠲᠠᠨ ᠎ᠤ ᠲᠤᠰᠡ ᠳ᠋ᠤ 

 

✦ᠰᠢᠨᠵᠢᠯᠡᠬᠦ ᠤᠬᠠᠭᠠᠨᠴᠢ ᠎ᠪᠠᠷ ᠪᠡᠶ᠎ᠠ ᠪᠣᠯᠪᠠᠰᠤᠷᠠᠭᠤᠯᠬᠤ᠎ᠶᠢᠨ ᠵᠠᠩᠭᠢᠯᠠᠭ᠎ᠠ ᠨᠢ ᠲᠣᠬᠢᠷᠠᠮᠵᠢᠲᠠᠢ ᠪᠠᠢᠬᠤ᠂ ᠵᠢᠮ᠎ᠡ ᠶᠣᠰᠣ᠌᠎ᠲᠠᠢ ᠪᠠᠢᠬᠤ᠂ ᠪᠠᠷᠢᠮᠲᠠᠯᠠᠬᠤ᠎ᠳᠤ ᠪᠠᠢᠳᠠᠭ᠃ ᠡᠳᠦᠷ ᠪᠦᠷᠢ 30 ᠮᠢᠨᠦ᠋ᠲ ᠣᠷᠴᠢᠮ ᠬᠦᠨᠭᠭᠡᠨ ᠬᠥᠳᠡᠯᠭᠡᠭᠡᠨ ᠬᠢᠪᠡᠯ ᠵᠢᠷᠦᠬᠡ ᠠᠭᠤᠰᠬᠢᠨ ᠤ᠋ ᠠᠵᠢᠯᠯᠠᠭ᠎ᠠ ᠪᠠ ᠰᠣᠯᠢᠯᠴᠠᠭᠠᠨ ᠎ᠤ ᠲᠦᠪᠰᠢᠨ ᠎ᠢ ᠳᠡᠭᠡᠭᠰᠢᠯᠡᠭᠦᠯᠦᠨ᠎ᠠ᠃ ᠬᠥᠳᠡᠯᠭᠡᠭᠡᠨ ᠬᠢᠬᠦ᠎ᠡᠴᠡ ᠡᠮᠦᠨ᠎ᠡ ᠪᠡᠶ᠎ᠡ ᠪᠡᠨ ᠭᠦᠢᠴᠡᠳ ᠬᠠᠯᠠᠭᠠᠵᠤ᠂ ᠪᠤᠯᠴᠢᠩ ᠎ᠢ ᠰᠢᠷᠬᠠᠲᠤᠭᠤᠯᠬᠤ ᠡᠴᠠ ᠰᠡᠷᠭᠡᠢᠯᠡᠨ᠎ᠡ᠃ ᠬᠥᠳᠡᠯᠭᠡᠭᠡᠨ ᠤ᠋ ᠳᠤᠮᠳᠠ ᠬᠦᠴᠦᠯᠡᠴᠡ᠎ᠶᠢᠨ ᠬᠡᠮᠵᠢᠶ᠎ᠠ ᠵᠢ ᠰᠣᠬᠣᠷ ᠪᠠᠯᠠᠢ ᠎ᠪᠠᠷ ᠬᠥᠭᠡᠭᠡᠴᠡᠯᠳᠦᠬᠦ ᠦᠭᠡᠢ᠃ ᠡᠭᠦᠨ᠎ᠦ ᠬᠠᠮᠲᠤ ᠭᠦᠢᠴᠡᠳ ᠤᠨᠲᠠᠬᠤ ᠪᠠ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠢᠯᠭᠠᠬᠤ ᠎ᠶᠢ ᠪᠠᠲᠤᠯᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠪᠠᠯ ᠪᠡᠶ᠎ᠡ ᠮᠠᠬᠠᠪᠤᠳ ᠎ᠢ ᠴᠢᠭᠢᠷᠠᠭᠵᠢᠭᠤᠯᠬᠤ᠎ᠪᠠᠷ ᠪᠠᠷᠠᠬᠤ ᠦᠭᠡᠢ ᠪᠠᠰᠠ ᠳᠠᠷᠤᠯᠲᠠ᠎ᠶᠢ ᠬᠥᠩᠭᠡᠷᠡᠭᠦᠯᠵᠦ᠂ ᠤᠷᠮ᠎ᠠ ᠰᠡᠳᠬᠢᠯᠭᠡ ᠎ᠶᠢ ᠰᠠᠢᠵᠢᠷᠠᠭᠤᠯᠤᠨ᠂ ᠪᠡᠶ᠎ᠡ ᠮᠠᠬᠠᠪᠤᠳ ᠎ᠤᠨ ᠡᠷᠡᠭᠦᠯ ᠴᠢᠭᠢᠷᠠᠭ ᠠᠮᠢᠵᠢᠷᠠᠯ ᠎ᠤᠨ ᠬᠦᠴᠦᠨ᠎ᠢ ᠪᠠᠲᠤᠯᠠᠵᠤ ᠴᠢᠳᠠᠨ᠎ᠠ᠃

 

ᠵᠠᠯᠭᠠᠭᠠᠳ《ᠮᠢᠨᠦ ᠭᠤᠷᠪᠠᠨ ᠰᠢᠲᠦᠬᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ ᠎ᠤᠨ ᠡᠳᠦᠷ ᠎ᠤᠨ ᠰᠤᠨᠢᠨ ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号