3 ᠰᠠᠷ᠎ᠠ ᠵᠢᠨ 19 ᠎ᠤ ᠡᠳᠤᠷ
ᠡᠬᠢᠯᠡᠬᠦ᠌ ᠴᠠᠭ᠄
2026-03-19 11:45:14
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄


ᠨᠡᠢᠭᠡᠮ                                   

✦ᠤᠢᠷ᠎ᠠ᠎ᠳᠦ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠡᠮᠡᠭᠲᠡᠢᠴᠦᠳ ᠬᠡᠦᠬᠡᠳ ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ ᠰᠠᠨᠠᠯ ᠳᠠᠷᠤᠮᠠᠯᠯᠠᠨ ᠲᠠᠷᠬᠠᠭᠠᠵᠤ᠂ ᠬᠡᠦᠬᠡᠳ᠎ᠲᠦ ᠨᠥᠬᠥᠷᠰᠡᠭ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠪᠠᠢᠷᠢᠯᠠᠭᠤᠯᠪᠠ᠃ ᠡᠭᠦᠨ᠎ᠳᠦ ᠬᠡᠦᠬᠡᠳ᠎ᠦᠨ ᠪᠢᠯᠧᠲ ᠠᠪᠬᠤ ᠦᠭᠡᠢ᠎ᠪᠠᠢᠬᠤ ᠪᠡᠶ᠎ᠡ᠎ᠶᠢᠨ ᠥᠨᠳᠥᠷ᠂ ᠨᠠᠰᠤᠨ᠎ᠤ ᠬᠢᠵᠠᠭᠠᠷᠯᠠᠯ᠎ᠢ ᠠᠭᠤᠵᠢᠭᠤ ᠲᠠᠯᠪᠢᠬᠤ᠎ᠶᠢ ᠵᠣᠷᠢᠭ᠍ᠵᠢᠭᠤᠯᠬᠤ᠂ ᠪᠦᠬᠦᠯᠢ 13 ᠨᠠᠰᠤ ᠭᠦᠷᠦᠭᠰᠡᠨ ᠬᠡᠦᠬᠡᠳ᠎ᠲᠦ ᠰᠦᠢᠳᠬᠡᠯ ᠬᠤᠷᠢᠶᠠᠬᠤ ᠦᠭᠡᠢ᠎ᠪᠡᠷ HPV ᠸᠠᠺᠼᠢᠨ ᠳᠠᠷᠢᠵᠤ ᠥᠭᠬᠦ ᠵᠡᠷᠭᠡ ᠠᠷᠭ᠎ᠠ ᠬᠡᠮᠵᠢᠶ᠎ᠡ ᠪᠠᠭᠲᠠᠨ᠎ᠠ᠃

✦ᠤᠯᠤᠰ ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠎ᠦᠨ ᠤᠢᠷ᠎ᠠ᠎ᠵᠢᠨ ᠡᠳᠦᠷ᠎ᠤᠨ ᠮᠡᠳᠡᠭᠡ᠎ᠶᠢ ᠦᠨᠳᠦᠰᠦᠯᠡᠪᠡᠯ᠂ 2026 ᠣᠨ᠎ᠤ ᠤᠯᠤᠰ᠎ᠤᠨ ᠡᠮᠴᠢᠯᠡᠭᠡᠨ᠎ᠦ ᠶᠠᠰᠤ ᠴᠢᠨᠠᠷ᠎ᠤᠨ ᠠᠮᠤᠷ ᠲᠦᠪᠰᠢᠨ᠎ᠢ ᠰᠠᠢᠵᠢᠷᠠᠭᠤᠯᠬᠤ ᠬᠠᠷᠠᠯᠲᠠ ᠨᠢ 2025 ᠣᠨ᠎ᠤ ᠬᠣᠶᠠᠷ ᠲᠥᠷᠥᠯ ᠵᠦᠢᠯ᠎ᠦᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠂ ᠤᠯᠠᠮ ᠨᠢᠭᠡ ᠠᠯᠬᠤᠮ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ᠎ᠶᠢ ᠥᠷᠭᠡᠳᠬᠡᠪᠡ᠃ ᠡᠭᠦᠨ᠎ᠦ ᠬᠠᠮᠲᠤ ᠤᠯᠤᠰ᠎ᠤᠨ ᠲᠠᠰ᠎ᠤᠨ ᠡᠯ᠎ᠡ ᠶᠠᠰᠤ ᠴᠢᠨᠠᠷ᠎ᠢ ᠬᠢᠨᠠᠨ ᠡᠵᠡᠮᠳᠡᠬᠦ ᠲᠥᠪ᠎ᠢ ᠵᠢᠯᠣᠭᠣᠳᠤᠨ ᠲᠣᠰ ᠲᠤᠰᠬᠠᠢ ᠮᠡᠷᠭᠡᠵᠢᠯ᠎ᠦᠨ 2026 ᠣᠨ᠎ᠤ ᠶᠠᠰᠤ ᠴᠢᠨᠠᠷ᠎ᠢ ᠬᠢᠨᠠᠨ ᠡᠵᠡᠮᠳᠡᠬᠦ ᠠᠵᠢᠯ᠎ᠢ ᠰᠠᠢᠵᠢᠷᠠᠭᠤᠯᠬᠤ ᠬᠠᠷᠠᠯᠲᠠ᠎ᠶᠢ ᠰᠤᠳᠤᠯᠤᠨ ᠲᠣᠭᠲᠠᠭᠠᠵᠤ᠂ ᠠᠮᠢᠰᠬᠤᠯ᠎ᠤᠨ ᠳᠣᠲᠣᠷ ᠰᠠᠯᠠᠭ᠎ᠠ᠂ ᠵᠢᠰᠦ ᠭᠣᠶᠣᠯᠠᠬᠤ᠂ ᠡᠮᠴᠢᠯᠡᠭᠡᠨ᠎ᠦ ᠰᠢᠯᠭᠠᠨ ᠪᠠᠢᠴᠠᠭᠠᠯᠲᠠ᠂ ᠮᠡᠳᠡᠷᠡᠯ᠎ᠦᠨ ᠠᠨᠠᠭᠠᠬᠤ ᠤᠬᠠᠭᠠᠨ ᠵᠡᠷᠭᠡ 45 ᠲᠤᠰᠬᠠᠢ ᠮᠡᠷᠭᠡᠵᠢᠯ᠎ᠳᠦ ᠬᠣᠯᠪᠣᠭᠳᠠᠵᠠᠢ᠃

✦ᠣᠢᠷ᠎ᠠ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠎ᠶᠢᠨ ᠵᠥᠪᠯᠡᠯ᠎ᠡᠴᠡ ᠪᠡᠯᠭᠡ ᠲᠡᠮᠳᠡᠭ᠎ᠦᠨ ᠴᠢᠨᠠᠷᠲᠠᠢ 13 ᠴᠢᠬᠤᠯᠠ ᠶᠡᠬᠡ ᠭᠠᠳᠠᠭᠠᠳᠤ ᠪᠡᠯᠡ᠎ᠶᠢᠨ ᠲᠥᠷᠥᠯ ᠵᠦᠢᠯ ᠎ᠢ ᠭᠠᠷᠭᠠᠵᠤ᠂ 134 ᠳ᠋ᠦᠩᠰᠢᠭᠤᠷ ᠳ᠋ᠣᠯᠯᠠᠷ᠎ᠤᠨ ᠪᠡᠯᠡ ᠣᠷᠣᠭᠤᠯᠬᠤ᠎ᠪᠠᠷ ᠲᠥᠯᠥᠪᠯᠡᠵᠦ ᠪᠣᠶ᠃ ᠰᠢᠨ᠎ᠡ᠎ᠪᠡᠷ ᠰᠣᠩᠭᠣᠭᠳᠠᠭᠰᠠᠨ ᠲᠥᠷᠥᠯ ᠵᠦᠢᠯ ᠨᠢ ᠭᠣᠣᠯᠳᠠᠭᠤ ᠦᠢᠯᠡᠳᠬᠦ ᠦᠢᠯᠡᠰ᠎ᠲᠦ ᠲᠥᠪᠯᠡᠷᠡᠵᠦ ᠪᠠᠢᠨ᠎ᠠ᠃

✦ᠲᠦᠷᠦᠭᠦᠬᠡᠨ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠳᠡᠯᠡᠬᠡᠢ ᠳᠡᠭᠡᠷ᠎ᠡ ᠠᠩᠬ᠎ᠠ ᠤᠳᠠᠭ᠎ᠠ ᠲᠣᠰ ᠲᠣᠰ ᠥᠪᠡᠷ᠎ᠦᠨ ᠪᠡᠶ᠎ᠡ ᠪᠠ ᠣᠨᠳᠣᠣ ᠪᠡᠶ᠎ᠡ᠎ᠶᠢᠨ ᠭᠣᠣᠯ ᠡᠰ᠎ᠦᠨ ᠢᠷᠡᠯᠲᠡ᠎ᠶᠢ ᠠᠰᠢᠭ᠍ᠯᠠᠨ ᠳᠠᠬᠢᠨ ᠤᠷᠭᠤᠭᠰᠠᠨ ᠨᠣᠢᠷ᠎ᠤᠨ ᠠᠷᠠᠯ᠎ᠤᠨ ᠪᠢᠴᠢᠯ ᠰᠢᠯᠵᠢᠭᠦᠯᠦᠯᠲᠡ ᠬᠢᠵᠦ᠂ 1᠎ᠳᠦᠭᠡᠷ ᠬᠡᠯᠪᠡᠷᠢ᠎ᠶᠢᠨ ᠰᠢᠬᠢᠷ ᠰᠢᠵᠢᠩ ᠡᠪᠡᠳᠴᠢᠲᠡᠨ᠎ᠦ ᠨᠣᠢᠷ᠎ᠤᠨ ᠠᠷᠠᠯ᠎ᠤᠨ ᠴᠢᠳᠠᠮᠵᠢ ᠎ᠶᠢ ᠳᠠᠬᠢᠨ ᠪᠠᠶ᠋ᠢᠭᠤᠯᠬᠤ ᠪᠠ ᠴᠢᠰᠤᠨ ᠰᠢᠬᠢᠷ᠎ᠢ ᠪᠡᠶ᠎ᠡ᠎ᠪᠡᠨ ᠳᠠᠭᠠᠭᠠᠵᠤ ᠲᠣᠬᠢᠷᠠᠭᠤᠯᠤᠨ ᠡᠵᠡᠮᠳᠡᠬᠦ᠎ᠶᠢ ᠪᠡᠶᠡᠯᠡᠭᠦᠯᠪᠡ᠃

✦3 ᠰᠠᠷ᠎ᠠ᠎ᠶᠢᠨ 17᠎ᠤ ᠡᠳᠦᠷ᠂ ᠥᠪᠥᠷ ᠮᠣᠩᠭᠣᠯ ᠣᠶ ᠰᠢᠭᠤᠢ ᠨᠤᠲᠤᠭ ᠪᠡᠯᠴᠢᠭᠡᠷ᠎ᠦᠨ ᠦᠷ᠎ᠡ ᠴᠢᠬᠢ᠎ᠶᠢᠨ ᠶᠠᠰᠤ ᠴᠢᠨᠠᠷ᠎ᠢ ᠬᠢᠨᠠᠨ ᠬᠠᠮᠢᠶᠠᠷᠬᠤ  ᠠᠵᠢᠯᠯᠠᠭ᠎ᠠ᠎ᠶᠢ ᠡᠬᠢᠯᠡᠭᠦᠯᠵᠦ᠂ ᠴᠢᠩᠭ᠎ᠠ ᠬᠢᠨᠠᠨ ᠬᠠᠮᠢᠶᠠᠷᠬᠤ᠂ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠪᠡᠷ ᠦᠷ᠎ᠡ ᠴᠢᠬᠢ᠎ᠶᠢᠨ ᠶᠠᠰᠤ ᠴᠢᠨᠠᠷ᠎ᠤᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠪᠥᠬᠥ ᠣᠷᠣᠨ᠎ᠤ 4000 ᠲᠦᠮᠡᠨ ᠮᠦ᠍᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠳᠦ ᠴᠢᠨᠠᠷ ᠰᠠᠢᠲᠠᠢ ᠦᠷ᠎ᠡ ᠴᠢᠬᠢ᠎ᠶᠢᠨ ᠪᠠᠲᠤᠯᠠᠭ᠎ᠠ ᠬᠠᠩᠭᠠᠬᠤ᠎ᠪᠠᠷ ᠪᠠᠢᠨ᠎ᠠ᠃

✦ᠥᠪᠥᠷ ᠮᠣᠩᠭᠣᠯ᠎ᠤᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠾᠧᠪᠧᠢ + 800 ᠺᠢᠯᠦᠸᠤᠯᠲ᠎ᠤᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠱᠤᠭᠤᠮ᠎ᠤᠨ ᠢᠨᠵᠧᠨᠧᠷᠢᠩ ( ᠥᠪᠥᠷ ᠮᠣᠩᠭᠣᠯ᠎ᠤᠨ ᠬᠡᠰᠡᠭ ) ᠎ᠢ 3 ᠰᠠᠷ᠎ᠠ᠎ᠶᠢᠨ 17᠎ᠤ ᠡᠳᠦᠷ ᠬᠥᠬᠡᠬᠣᠲᠠ᠎ᠶᠢᠨ ᠲᠣᠭᠲᠠᠬᠤ ᠰᠢᠶᠠᠨ᠎ᠳᠤ ᠠᠵᠢᠯ ᠡᠬᠢᠯᠡᠭᠦᠯᠦᠨ ᠪᠦᠲᠦᠭᠡᠨ ᠪᠠᠢᠭᠤᠯᠪᠠ᠃

✦3 ᠰᠠᠷ᠎ᠠ᠎ᠶᠢᠨ 16᠎ᠤ ᠡᠳᠦᠷ᠂ ᠪᠣᠭᠣᠮᠲᠠ᠎ᠶᠢᠨ ᠶᠡᠷᠦᠩᠬᠡᠢ ᠵᠠᠬᠢᠷᠭ᠎ᠠ᠎ᠡᠴᠡ ᠲᠥᠪ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠭᠠᠳᠠᠭᠠᠳᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ 24 ᠰᠠᠯᠠᠭ᠎ᠠ ᠮᠥᠴᠢᠷ ( ᠪᠠᠢᠭᠤᠯᠭ᠎ᠠ ᠨᠢᠭᠡᠴᠢ )᠎ᠲᠠᠢ ᠬᠠᠮᠲᠤᠷᠠᠨ᠂ 6 ᠰᠠᠷ᠎ᠠ ᠎ᠶᠢᠨ ᠬᠤᠭᠤᠴᠠᠭ᠎ᠠ᠎ᠲᠠᠢ ᠬᠢᠯᠢ ᠠᠯᠤᠰᠯᠠᠭᠰᠠᠨ ᠠᠷᠠᠯᠵᠢᠶ᠎ᠠ᠎ᠶᠢᠨ ᠠᠵᠢᠯ ᠶᠠᠪᠤᠳᠠᠯ᠎ᠢ  ᠳᠥᠭᠥᠮᠴᠢᠯᠡᠬᠦ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠤᠨ ᠡᠬᠢᠯᠡᠵᠦ ᠥᠷᠨᠢᠭᠦᠯᠪᠡ᠃ ᠡᠭᠦᠨ᠎ᠳᠤ ᠬᠥᠬᠡᠬᠣᠲᠠ 2026 ᠣᠨ᠎ᠤ ᠬᠢᠯᠢ ᠠᠯᠤᠰᠯᠠᠭᠰᠠᠨ ᠠᠷᠠᠯᠵᠢᠶ᠎ᠠ ᠎ᠶᠢᠨ ᠠᠵᠢᠯ ᠶᠠᠪᠤᠳᠠᠯ ᠎ᠢ ᠳᠥᠭᠥᠮᠴᠢᠯᠡᠬᠦ ᠲᠤᠰᠬᠠᠢ ᠠᠵᠢᠯᠯᠠᠭ᠎ᠠ ᠎ᠶᠢᠨ ᠲᠤᠷᠰᠢᠯᠲᠠ᠎ᠶᠢᠨ ᠬᠣᠲᠠ᠎ᠪᠠᠷ ᠰᠣᠩᠭᠣᠭᠳᠠᠵᠤ᠂  ᠮᠠᠨ ᠎ᠤ ᠣᠷᠣᠨ᠎ᠠᠴᠠ ᠲᠤᠰ ᠲᠤᠰᠬᠠᠢ ᠠᠵᠢᠯᠯᠠᠭ᠎ᠠ᠎ᠳᠤ ᠰᠣᠩᠭᠣᠭᠳᠠᠭᠰᠠᠨ ᠴᠤᠷ᠎ᠤᠨ ᠭᠠᠭᠴᠠ ᠬᠣᠲᠠ ᠪᠣᠯᠵᠠᠢ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ ᠣᠯᠠᠨ ᠰᠢᠨᠵᠢᠯᠡᠭᠡᠨ᠎ᠦ ᠰᠠᠯᠠᠭᠠᠨ᠎ᠤ ᠲᠤᠰᠬᠠᠢ ᠮᠡᠷᠭᠡᠵᠢᠯᠲᠡᠨ᠎ᠦ ᠪᠦᠯᠬᠦᠮ᠎ᠢ ᠵᠣᠬᠢᠶᠠᠨ ᠪᠠᠢᠭᠤᠯᠵᠤ᠂ 3 ᠰᠠᠷ᠎ᠠ᠎ᠶᠢᠨ 19᠎ᠦ ᠡᠳᠦᠷ᠎ᠦᠨ ᠦᠳᠡ᠎ᠶᠢᠨ ᠡᠮᠦᠨ᠎ᠡ ᠰᠢᠯᠢ᠎ᠶᠢᠨ ᠭᠣᠣᠯ ᠠᠢᠮᠠᠭ᠎ᠤᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ᠎ᠳᠤ ᠬᠦᠷᠴᠦ ᠡᠮᠡᠭᠲᠡᠢᠴᠦᠳ ᠪᠠ ᠬᠡᠦᠬᠡᠳ᠎ᠦᠨ ᠬᠠᠮᠢᠶ᠎ᠠ ᠪᠦᠬᠦᠢ ᠠᠯᠪᠠᠨ ᠵᠢᠷᠤᠮ᠎ᠤᠨ ᠡᠮᠴᠢᠯᠡᠭᠡᠨ᠎ᠦ ᠦᠢᠯᠡᠴᠢᠯᠡᠭᠡ ᠥᠷᠨᠢᠭᠦᠯᠬᠦ᠎ᠪᠡᠷ ᠪᠣᠶ᠃

✦ᠰᠢᠯᠢᠩᠬᠣᠲᠠ ᠪᠣᠯᠣᠨ ᠬᠥᠬᠡᠬᠣᠲᠠ ᠎ᠶᠢᠨ ᠬᠣᠭᠣᠷᠣᠨᠳᠣᠬᠢ ᠴᠠᠬᠢᠯᠭᠠᠨ  ᠬᠥᠳᠡᠯᠭᠡᠭᠦᠷᠲᠦ ᠭᠠᠯᠲᠤ ᠲᠡᠷᠭᠡ ᠎ᠶᠢ ᠵᠢᠱ᠌ᠢᠯᠲᠡ᠎ᠪᠡᠷ 6 ᠰᠠᠷ᠎ᠠ ᠎ᠶᠢᠨ ᠰᠡᠭᠦᠯᠴᠢ᠎ᠪᠡᠷ ᠨᠡᠪᠲᠡᠷᠡᠭᠦᠯᠬᠦ᠎ᠪᠡᠷ ᠪᠤᠢ᠃ ᠡᠨᠡ᠎ᠬᠦ ᠭᠠᠯᠲᠤ ᠲᠡᠷᠭᠡ ᠨᠡᠪᠲᠡᠷᠡᠭᠰᠡᠨ᠎ᠦ ᠳᠠᠷᠠᠭ᠎ᠠ ᠰᠢᠯᠢᠩᠬᠣᠲᠠ᠎ᠠᠴᠠ ᠬᠥᠬᠡᠬᠣᠲᠠ ᠬᠦᠷᠬᠦ ᠠᠶᠠᠨ᠎ᠤ ᠴᠠᠭ᠎ᠢ ᠣᠳᠣᠬᠠᠨ᠎ᠤ 8 ᠴᠠᠭ ᠭᠠᠷᠤᠢ ᠪᠠᠢᠭᠰᠠᠨ᠎ᠠᠴᠠ 5 ᠴᠠᠭ ᠣᠷᠴᠢᠮ ᠪᠣᠯᠭᠠᠨ ᠪᠣᠭᠣᠨᠢᠰᠬᠠᠬᠤ ᠪᠣᠯᠣᠨ᠎ᠠ᠃

✦ᠤᠢᠷ᠎ᠠ᠎ᠳᠦ ᠥᠪᠥᠷ ᠮᠣᠩᠭᠣᠯ᠎ᠤᠨ ᠠᠯᠠᠱᠠ ᠠᠭᠤᠯᠠ᠎ᠶᠢᠨ ᠤᠯᠤᠰ ᠎ᠤᠨ ᠳᠡᠰ᠎ᠤᠨ ᠪᠠᠢᠭᠠᠯᠢ ᠎ᠶᠢᠨ ᠬᠠᠮᠠᠭᠠᠯᠠᠯᠲᠠ ᠎ᠶᠢᠨ ᠣᠷᠣᠨ ᠎ᠤ ᠠᠩᠬᠠᠳᠠᠭᠴᠢ ᠡᠮᠡᠭᠲᠡᠢ ᠣᠢ ᠬᠠᠮᠠᠭᠠᠯᠠᠭ᠍ᠴᠢ ᠎ᠶᠢᠨ ᠪᠦᠯᠬᠦᠮ ᠪᠠᠢᠭᠤᠯᠤᠭᠳᠠᠵᠤ᠂ 4 ᠣᠢ ᠬᠠᠮᠠᠭᠠᠯᠠᠭ᠍ᠴᠢ ᠠᠵᠢᠯ᠎ᠤᠨ ᠪᠠᠢᠷᠢ᠎ᠳᠠᠭᠠᠨ ᠭᠠᠷᠴᠤ ᠠᠯᠠᠱᠠ ᠠᠭᠤᠯᠠ᠎ᠶᠢ ᠰᠠᠬᠢᠨ ᠬᠠᠮᠠᠭᠠᠯᠠᠬᠤ ᠡᠭᠦᠷᠭᠡ᠎ᠶᠢ ᠡᠭᠦᠷᠭᠡᠯᠡᠨ ᠠᠪᠤᠯ᠎ᠠ᠃


ᠰᠤᠶᠤᠯ  

✦2026 ᠣᠨ᠎ᠤ ᠠᠩᠬᠠᠳᠤᠭᠠᠷ ᠬᠤᠭᠤᠴᠠᠭᠠᠨ ᠎ᠤ 《ᠳᠤᠯᠠᠭᠠᠨ ᠬᠣᠲᠠ᠎ᠶᠢᠨ ᠵᠡᠷᠭᠡᠯᠭᠡᠨ》ᠤᠷᠳᠤᠰ ᠬᠤᠲᠠ᠎ᠵᠢᠨ ᠡᠵᠡᠨ ᠬᠣᠷᠣᠭ᠎ᠠ ᠬᠣᠰᠢᠭᠤᠨ᠎ᠤ ᠴᠠᠭᠠᠨ ᠰᠠᠷ᠎ᠠ᠎ᠶᠢᠨ ᠳ᠋ᠧᠩ᠎ᠦᠨ ᠦᠵᠡᠰᠬᠦᠯᠡᠩ᠎ᠢ ᠰᠦᠢᠳᠬᠡᠯ ᠬᠤᠷᠢᠶᠠᠬᠤ ᠦᠭᠡᠢ᠎ᠪᠡᠷ ᠣᠯᠠᠨ᠎ᠳᠤ ᠦᠵᠡᠭᠦᠯᠬᠦ᠎ᠪᠡᠷ ᠪᠤᠯᠵᠤ᠂ ᠲᠤᠰ ᠠᠵᠢᠯᠯᠠᠭ᠎ᠠ᠎ᠨᠢ 3 ᠰᠠᠷ᠎ᠠ᠎ᠵᠢᠨ 29᠎ᠤ ᠡᠳᠦᠷ ᠪᠤᠯᠲᠠᠯ᠎ᠠ ᠶᠠᠪᠤᠭᠳᠠᠨ᠎ᠠ᠃

✦ᠤᠢᠷ᠎ᠡ ᠎ᠳᠦ ᠬᠥᠯᠥᠨ ᠪᠣᠶ᠋ᠢᠷ ᠬᠣᠲᠠ᠎ᠶᠢᠨ ᠠᠷᠪᠠᠨ ᠳᠥᠷᠪᠡᠳᠦᠭᠡᠷ ᠬᠤᠭᠤᠴᠠᠭᠠᠨ᠎ᠤ ᠡᠮᠡᠭᠲᠡᠢᠴᠦᠳ᠎ᠦᠨ ᠤᠯᠠᠨ ᠤᠯᠤᠰ᠎ᠤᠨ ᠰᠢᠲᠠᠷ᠎ᠠ᠎ᠶᠢᠨ ᠤᠷᠤᠯᠳᠤᠭᠠᠨ ᠰᠢᠨ᠎ᠡ ᠪᠠᠷᠭᠤ ᠪᠠᠷᠠᠭᠤᠨ ᠬᠣᠰᠢᠭᠤᠨ᠎ᠳᠤ ᠶᠠᠪᠤᠭᠳᠠᠪᠠ᠃ ᠣᠷᠣᠯᠳᠤᠭᠠᠨ᠎ᠳᠤ ᠮᠠᠯᠵᠢᠬᠤ ᠳᠥᠷᠪᠡᠨ ᠬᠣᠰᠢᠭᠤᠨ᠎ᠤ 28 ᠡᠮᠡᠭᠲᠡᠢ ᠰᠢᠲᠠᠷᠠᠴᠢᠨ ᠣᠷᠣᠯᠴᠠᠵᠤ᠂ ᠬᠤᠪᠢ  ᠬᠥᠮᠥᠨ ᠪᠠ ᠬᠠᠮᠲᠤ ᠨᠢᠭᠡᠴᠢ᠎ᠶᠢᠨ ᠤᠷᠤᠯᠳᠤᠭᠠᠨ ᠭᠡᠬᠦ ᠬᠣᠶᠠᠷ ᠲᠥᠷᠥᠯ᠎ᠢᠶᠡᠷ ᠶᠠᠪᠤᠭᠳᠠᠵᠠᠢ᠃

 

ᠲᠠᠮᠢᠷ

✦3 ᠰᠠᠷ᠎ᠠ᠎ᠵᠢᠨ 17᠎ᠤ ᠡᠳᠦᠷ ᠶᠠᠪᠤᠭᠳᠠᠭᠰᠠᠨ 2026 ᠣᠨ᠎ᠤ ᠡᠮᠡᠭᠲᠡᠢ᠎ᠶᠢᠨ ᠰᠠᠭᠰᠤᠨ ᠪᠥᠮᠪᠥᠭᠡ᠎ᠶᠢᠨ ᠳᠡᠯᠡᠬᠡᠢ᠎ᠶᠢᠨ ᠬᠤᠨᠳᠠᠭᠠᠲᠤ ᠬᠢᠷᠢ ᠬᠡᠮ᠎ᠦᠨ ᠤᠷᠤᠯᠳᠤᠭᠠᠨ᠎ᠤ A ᠳᠤᠭᠤᠢᠯᠠᠩ᠎ᠤᠨ ᠬᠠᠮᠤᠭ ᠰᠡᠭᠦᠯᠴᠢ᠎ᠶᠢᠨ ᠨᠢᠭᠡ ᠡᠭᠡᠯᠵᠢ᠎ᠶᠢᠨ ᠤᠷᠤᠯᠳᠤᠭᠠᠨ᠎ᠳᠤ᠂ ᠨᠢᠭᠡᠨᠲᠡ ᠳᠡᠯᠡᠬᠡᠢ᠎ᠶᠢᠨ ᠬᠤᠨᠳᠠᠭᠠᠲᠤ ᠵᠢᠩᠬᠢᠨᠢ ᠤᠷᠤᠯᠳᠤᠭᠠᠨ᠎ᠳᠤ ᠤᠷᠢᠳᠴᠢᠯᠠᠨ ᠳᠠᠪᠰᠢᠭ᠍ᠰᠠᠨ ᠳᠤᠮᠳᠠᠳᠤ ᠤᠯᠤᠰ᠎ᠤᠨ ᠠᠩᠭᠢ 83᠄ 71᠎ᠪᠠᠷ ᠪᠷᠠᠽᠢᠯ᠎ᠤᠨ ᠠᠩᠭᠢ᠎ᠶᠢ ᠢᠯᠠᠵᠤ᠂ ᠳᠥᠷᠪᠡ ᠢᠯᠠᠵᠤ ᠨᠢᠭᠡ ᠢᠯᠠᠭᠳᠠᠭᠰᠠᠨ ᠬᠢᠷᠢ ᠪᠦᠲᠦᠮᠵᠢ ᠎ᠪᠡᠷ ᠳᠤᠭᠤᠢᠯᠠᠩ᠎ᠤᠨ ᠤᠷᠤᠯᠳᠤᠭᠠᠨ᠎ᠤ ᠬᠣᠶᠠᠳᠤᠭᠠᠷ᠎ᠲᠤ ᠵᠢᠭ᠍ᠰᠠᠭᠠᠭᠳᠠᠪᠠ᠃

✦2025 — 2026 ᠣᠨ ᠎ᠤ ᠤᠷᠤᠯᠳᠤᠭᠠᠨ ᠎ᠤ ᠤᠯᠠᠷᠢᠯ᠎ᠤᠨ ᠪᠦᠬᠦ ᠤᠯᠤᠰ᠎ᠤᠨ ᠤᠢᠷ᠎ᠡ ᠵᠠᠢ ᠎ᠶᠢᠨ ᠲᠦᠷᠭᠡᠨ ᠲᠡᠰᠢᠯᠲᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 2026 ᠣᠨ᠎ᠤ 3 ᠰᠠᠷ᠎ᠠ᠎ᠶᠢᠨ 20᠎ᠤ ᠡᠳᠦᠷ᠎ᠡᠴᠡ 22᠎ᠤᠨ ᠡᠳᠦᠷ ᠪᠣᠯᠲᠠᠯ᠎ᠠ᠂ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ᠎ᠦᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ ᠎ᠤᠨ ᠣᠷᠳᠣᠨ᠎ᠳᠤ ᠶᠠᠪᠤᠭᠳᠠᠬᠤ ᠎ᠪᠠᠷ ᠪᠤᠢ᠃


ᠲᠡᠯᠡᠬᠡᠢ 

✦ᠰᠢᠨᠬᠤᠸᠠ ᠬᠤᠷᠢᠶ᠎ᠠ ᠎ᠵᠢᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 16᠎ᠤ ᠡᠳᠦᠷ ᠎ᠦᠨ ᠦᠳᠡ᠎ᠶᠢᠨ ᠬᠣᠢᠨ᠎ᠠ ᠴᠠᠭᠠᠨ ᠣᠷᠳᠣᠨ᠎ᠳᠤ ᠢᠯᠡᠷᠬᠡᠢᠯᠡᠬᠦ᠎ᠳᠡᠭᠡᠨ᠂ ᠠᠮᠧᠷᠢᠺᠠ᠎ᠶᠢᠨ ᠢᠷᠠᠨ᠎ᠳᠦ ᠶᠠᠪᠤᠭᠳᠠᠭᠤᠯᠵᠤ ᠪᠠᠢᠭ᠎ᠠ ᠴᠡᠷᠢᠭ ᠲᠡᠶ᠋ᠢᠨ᠎ᠦ ᠠᠵᠢᠯᠯᠠᠭ᠎ᠠ ᠲᠣᠰ ᠭᠠᠷᠠᠭ᠎ᠲᠤ ᠳᠠᠭᠤᠰᠬᠤ ᠦᠭᠡᠢ ᠭᠡᠵᠡᠢ᠃

✦ᠰᠢᠨᠬᠤᠸᠠ ᠬᠣᠷᠢᠶ᠎ᠠ ᠎ᠶᠢᠨ ᠮᠡᠳᠡᠭᠡ ᠎ᠶᠢ ᠦᠨᠳᠦᠰᠦᠯᠡᠪᠡᠯ᠂ ᠣᠷᠣᠰ᠎ᠤᠨ ᠨᠡᠢᠰᠯᠡᠯ ᠮᠣᠰᠺᠸᠠ 14᠎ᠦ ᠡᠳᠦᠷ᠎ᠡᠴᠡ ᠡᠬᠢᠯᠡᠨ ᠡᠨᠡ ᠵᠢᠯ᠎ᠡᠴᠡ ᠨᠠᠭᠠᠰᠢᠬᠢ ᠬᠠᠮᠤᠭ᠎ᠤᠨ ᠶᠡᠬᠡ ᠬᠡᠪᠴᠢᠶᠡᠨ᠎ᠦ ᠵᠢᠯᠣᠭᠣᠴᠢ ᠦᠭᠡᠢ ᠨᠢᠰᠬᠡᠯ᠎ᠦᠨ ᠳᠠᠭᠠᠷᠢᠯᠲᠠ᠎ᠳᠤ ᠤᠴᠠᠷᠠᠪᠠ᠃ ᠥᠩᠭᠡᠷᠡᠭᠰᠡᠨ 3 ᠡᠳᠦᠷ᠎ᠲᠦ ᠣᠷᠣᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ᠎ᠤ ᠠᠭᠠᠷ᠎ᠤᠨ ᠰᠡᠷᠭᠡᠢᠯᠡᠯᠲᠡ᠎ᠶᠢᠨ ᠰᠢᠰᠲᠧᠮ᠎ᠡᠴᠡ  ᠮᠣᠰᠺᠸᠠ᠎ᠳᠤ ᠣᠢᠷᠠᠲᠤᠭᠰᠠᠨ 181 ᠵᠢᠯᠣᠭᠣᠴᠢ ᠦᠭᠡᠢ ᠨᠢᠰᠬᠡᠯ᠎ᠢ  ᠬᠠᠷᠪᠤᠵᠤ ᠤᠨᠠᠭᠠᠭᠰᠠᠨ ᠪᠠᠢᠨ᠎ᠠ᠃

✦ᠰᠢᠨᠬᠤᠸᠠ ᠬᠤᠷᠢᠶ᠎ᠠ᠎ᠵᠢᠨ 3 ᠰᠠᠷ᠎ᠠ᠎ᠵᠢᠨ 17᠎ᠤ ᠡᠳᠦᠷ᠎ᠤᠨ ᠮᠡᠳᠡᠭᠡ᠎ᠶᠢ ᠦᠨᠳᠦᠰᠦᠯᠡᠪᠡᠯ᠂ ᠠᠷᠭᠧᠨ᠋ᠲ᠋ᠢᠨ ᠳᠡᠯᠡᠬᠡᠢ ᠎ᠶᠢᠨ ᠡᠷᠡᠭᠦᠯ ᠬᠠᠮᠠᠭᠠᠯᠠᠯ ᠎ᠤᠨ ᠵᠣᠬᠢᠶᠠᠨ ᠪᠠᠢᠭᠤᠯᠤᠯᠲᠠ᠎ᠠᠴᠠ ᠭᠠᠷᠴᠠᠢ᠃


 

ᠦᠢᠯᠡᠴᠢᠯᠡᠭᠡ 

✦ᠪᠤᠭᠤᠲᠤ᠎ᠶᠢᠨ ᠪᠣᠯᠣᠳ ᠲᠡᠮᠦᠷ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠳᠤᠯᠭ᠎ᠠ᠎ᠵᠢᠨ ᠠᠵᠢᠯᠲᠠᠨ ᠡᠯᠰᠡᠵᠦ ᠪᠤᠢ᠃ 

 

ᠲᠠᠨ ᠎ᠤ ᠲᠤᠰᠡ ᠳ᠋ᠤ   

✦ᠰᠤᠳᠤᠯᠭᠠᠨ ᠎ᠢ ᠦᠨᠳᠦᠰᠦᠯᠡᠪᠡᠯ᠂ ᠡᠳᠦᠷ ᠲᠤᠲᠤᠮ᠎ᠤᠨ ᠢᠳᠡᠭᠡᠨ ᠤᠮᠳᠠᠭᠠᠨ ᠎ᠤ ᠳᠣᠲᠣᠷ᠎ᠠ ᠬᠡᠲᠦ ᠪᠣᠯᠪᠠᠰᠤᠷᠠᠭᠤᠯᠤᠭᠰᠠᠨ ᠢᠳᠡᠭᠡᠨ ᠎ᠢ ᠬᠡᠳᠦᠢ ᠠᠷᠪᠢᠨ ᠢᠳᠡᠪᠡᠯ ᠬᠣᠳᠣᠭᠣᠳᠤᠨ ᠮᠤᠬᠤᠷ ᠎ᠤᠨ ᠱᠤᠷᠠᠭ ᠪᠠᠭᠠᠨᠠᠲᠤ ᠪᠠᠺᠲᠧᠷᠢ ᠬᠠᠯᠳᠠᠪᠤᠷᠢᠯᠠᠬᠤ ᠨᠣᠷᠮ᠎ᠠ ᠨᠢ ᠲᠡᠳᠦᠢ ᠥᠨᠳᠥᠷ ᠪᠠᠢᠳᠠᠭ᠃ ᠬᠡᠳᠦ ᠪᠣᠯᠪᠠᠰᠤᠷᠠᠭᠤᠯᠤᠭᠰᠠᠨ ᠢᠳᠡᠭᠡᠨ ᠭᠡᠳᠡᠭ ᠨᠢ ᠨᠢᠭᠡᠨᠲᠡ ᠪᠣᠯᠪᠠᠰᠤᠷᠠᠭᠤᠯᠤᠭᠰᠠᠨ ᠢᠳᠡᠭᠡᠨ᠎ᠦ ᠰᠠᠭᠤᠷᠢᠨ ᠳᠡᠭᠡᠷ᠎ᠡ ᠳᠠᠬᠢᠨ ᠭᠦᠨᠵᠡᠭᠡᠢ ᠪᠣᠯᠪᠠᠰᠤᠷᠠᠭᠤᠯᠤᠭᠰᠠᠨ ᠢᠳᠡᠭᠡᠨ ᠎ᠢ ᠵᠢᠭᠠᠵᠤ ᠪᠠᠢᠨ᠎ᠠ᠃ ᠶᠡᠷᠦ᠎ᠳᠡᠭᠡᠨ ᠣᠯᠠᠨ ᠵᠦᠢᠯ ᠎ᠦᠨ ᠨᠡᠮᠡᠯᠲᠡ ᠡᠳ᠋ ᠠᠭᠤᠯᠵᠤ᠂ ᠰᠢᠬᠢᠷ ᠶᠡᠬᠡᠲᠡᠢ᠂ ᠥᠭᠡᠬᠦ ᠶᠡᠬᠡᠲᠡᠢ᠂ ᠳᠠᠪᠤᠰᠤ ᠶᠡᠬᠡᠲᠡᠢ᠂ ᠢᠯᠴᠢ ᠶᠡᠬᠡᠲᠡᠢ ᠢᠳᠡᠭᠡᠨ ᠪᠤᠯᠤᠨ᠎ᠠ᠃

 

ᠵᠠᠯᠭᠠᠭᠠᠳ 《ᠳᠡᠯᠭᠡᠷ ᠪᠠᠶᠠᠨ ᠨᠠᠢᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!


ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号