


ᠨᠡᠢᠭᠡᠮ
✦ᠤᠯᠤᠰ᠎ᠤᠨ ᠲᠣᠭ᠎ᠠ ᠪᠦᠷᠢᠳᠬᠡᠯ᠎ᠦᠨ
ᠲᠣᠪᠴᠢᠶ᠎ᠠ᠎ᠶᠢᠨ ᠨᠡᠢᠲᠡᠯᠡᠭᠰᠡᠨ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ
ᠲᠣᠭ᠎ᠠ ᠪᠦᠷᠢᠳᠬᠡᠯ᠎ᠦᠨ ᠠᠯᠪᠠᠨ ᠮᠡᠳᠡᠭᠡ᠎ᠳᠦ ᠢᠯᠡᠷᠡᠭᠦᠯᠦᠭᠰᠡᠨ᠎ᠢᠶᠡᠷ᠂ 2025 ᠣᠨ᠎ᠤ ᠪᠥᠬᠥ ᠵᠢᠯ᠎ᠳᠦ᠂ ᠮᠠᠨ᠎ᠤ
ᠤᠯᠤᠰ᠎ᠲᠤ ᠰᠢᠨ᠎ᠡ᠎ᠪᠡᠷ 2574 ᠲᠦᠮᠡᠨ ᠡᠵᠡᠩᠨᠡᠯᠲᠡ᠎ᠶᠢᠨ ᠭᠤᠤᠯ ᠴᠣᠭᠴᠠ᠎ᠶᠢ ᠪᠠᠢᠭᠤᠯᠵᠤ᠂ ᠡᠳᠦᠷ ᠳᠤᠮᠳᠠᠴᠢ᠎ᠪᠠᠷ
2.6 ᠲᠦᠮᠡᠨ ᠠᠵᠤ ᠠᠬᠤᠢᠯᠠᠯ᠎ᠢ ᠰᠢᠨ᠎ᠡ᠎ᠪᠡᠷ ᠪᠠᠢᠭᠤᠯᠪᠠ᠃
✦ᠬᠥᠬᠡᠬᠣᠲᠠ᠎ᠶᠢᠨ ᠰᠣᠶᠣᠯ ᠵᠢᠭᠤᠯᠴᠢᠯᠠᠯ
ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ 2026 ᠣᠨ᠎ᠤ ᠴᠠᠭᠠᠨ ᠰᠠᠷ᠎ᠠ ᠵᠢᠨ
ᠠᠮᠠᠷᠠᠯᠳᠠ ᠵᠢᠨ ᠬᠤᠭᠤᠴᠠᠭᠠᠨ᠎ᠳᠤ ᠬᠥᠬᠡᠬᠣᠲᠠ ᠶᠢᠨ ᠠᠶᠠᠯᠠᠯ ᠵᠢᠭᠤᠯᠴᠢᠯᠠᠯ ᠬᠥᠭᠵᠢᠶᠡᠨᠲᠡᠢ ᠪᠠᠢᠵᠤ᠂ ᠨᠢᠰᠬᠡᠯ᠎ᠦᠨ
ᠪᠢᠯᠧᠲ᠎ᠦᠨ ᠵᠠᠬᠢᠶᠠᠯᠠᠭ᠎ᠠ᠎ᠶᠢᠨ ᠬᠡᠮᠵᠢᠶ᠎ᠡ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 1.8 ᠳᠠᠬᠢᠨ ᠨᠡᠮᠡᠭᠳᠡᠨ᠂
ᠪᠦᠬᠥ ᠤᠯᠤᠰ᠎ᠤᠨ ᠬᠠᠯᠠᠮᠰᠢᠯᠲᠤ ᠵᠢᠭᠤᠯᠴᠢᠯᠠᠯ᠎ᠤᠨ ᠣᠷᠣᠨ᠎ᠤ ᠲᠦᠷᠦᠭᠦᠦ ᠠᠷᠪᠠ᠎ᠳᠤ ᠣᠷᠣᠪᠠ᠃
✦2026 ᠣᠨ᠎ᠤ ᠴᠠᠭᠠᠨ ᠰᠠᠷ᠎ᠠ
ᠶᠢᠨ ᠠᠮᠠᠷᠠᠯᠳᠠ ᠵᠢᠨ ᠬᠤᠭᠤᠴᠠᠭᠠᠨ ᠳᠤ᠂ ᠪᠦᠬᠥ ᠤᠯᠤᠰ᠎ᠤᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠢᠰᠲᠧᠮ ᠨᠢ ᠠᠷᠪᠠᠨ ᠬᠣᠶᠠᠷ ᠵᠢᠯ᠎ᠦᠨ ᠰᠣᠶᠣᠯ᠂
ᠪᠣᠳᠠᠰ᠎ᠤᠨ ᠪᠤᠰᠤ ᠰᠣᠶᠣᠯ᠎ᠦᠨ ᠥᠪ᠎ᠦᠨ ᠤᠷ᠎ᠠ ᠮᠡᠷᠭᠡᠵᠢᠯ ᠪᠣᠯᠣᠨ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠢ ᠠᠭᠤᠰᠤᠯᠴᠠᠭᠤᠯᠤᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠵᠦ ᠠᠷᠠᠳ᠎ᠲᠤ ᠠᠰᠢᠭ᠋
ᠬᠦᠷᠲᠡᠭᠡᠬᠦ ᠠᠯᠢ ᠣᠯᠠᠨ ᠠᠵᠢᠯᠯᠠᠭ᠎ᠠ᠎ᠶᠢ ᠨᠠᠷᠢᠨ ᠨᠢᠮᠪᠠᠢ ᠲᠥᠰᠥᠪᠯᠡᠵᠦ᠂ ᠨᠡᠢᠲᠡ 350 ᠲᠦᠮᠡᠨ ᠬᠥᠮᠥᠨ ᠤᠳᠠᠭ᠎ᠠ᠎ᠶᠢᠨ
ᠦᠵᠡᠭᠴᠢᠳ ᠢ ᠬᠦᠯᠢᠶᠡᠨ ᠠᠪᠤᠭᠰᠠᠨ ᠪᠠᠢᠨ᠎ᠠ᠃
✦2025 ᠣᠨ᠎ᠠᠴᠠ ᠣᠳᠤᠬᠠᠨ ᠪᠣᠯᠲᠠᠯ᠎ᠠ᠂
ᠬᠥᠯᠥᠨ ᠪᠣᠢᠷ ᠬᠣᠲᠠ ᠭᠤᠷᠪᠠᠨ ᠶᠡᠬᠡ ᠠᠮᠤ ᠪᠤᠳᠠᠭᠠᠨ᠎ᠤ ᠲᠠᠷᠢᠮᠠᠯ᠎ᠤᠨ ᠥᠪᠡᠷ᠎ᠦᠨ ᠥᠷᠲᠡᠭ᠎ᠦᠨ ᠳᠠᠭᠠᠳᠬᠠᠯ᠎ᠤᠨ
ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠶᠢ ᠨᠡᠢᠲᠡ 4 ᠳ᠋ᠦᠩᠰᠢᠭᠤᠷ 4400 ᠲᠦᠮᠡᠨ ᠲᠥᠭᠥᠷᠢᠭ
ᠪᠠᠭᠤᠯᠭᠠᠪᠠ᠃
✦ ᠬᠠᠪᠤᠷ᠎ᠤᠨ ᠤᠯᠠᠷᠢᠯ ᠪᠣᠯ ᠠᠮᠢᠲᠠᠨ᠎ᠤ ᠬᠢᠵᠢᠭ ᠡᠪᠡᠳᠴᠢᠨ ᠣᠯᠠᠨ ᠡᠭᠦᠰᠳᠡᠭ ᠦᠶ᠎ᠡ
ᠶᠤᠮ᠃ ᠮᠠᠯ ᠣᠨᠣᠭᠠᠨᠤ ᠬᠢᠵᠢᠭ ᠡᠪᠡᠳᠴᠢᠨ᠎ᠢ ᠰᠡᠷᠭᠡᠢᠯᠡᠬᠦ᠎ᠶᠢᠨ ᠲᠥᠯᠥᠭᠡ᠂ ᠣᠢᠷ᠎ᠠ᠎ᠳᠤ ᠣᠲᠤᠭ
ᠬᠣᠰᠢᠭᠤᠨ᠎ᠤ ᠠᠮᠢᠲᠠᠨ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠬᠢᠨ ᠦᠢᠯᠡᠴᠢᠯᠡᠭᠡᠨ᠎ᠦ ᠬᠦᠷᠢᠶ᠎ᠡ ᠬᠡᠪᠴᠢᠶ᠎ᠡ᠎ᠪᠡᠨ ᠥᠷᠭᠡᠳᠬᠡᠵᠦ᠂ ᠠᠵᠢᠯᠲᠠᠳ᠎ᠢᠶᠡᠨ
ᠵᠣᠬᠢᠶᠠᠨ ᠪᠠᠢᠭᠤᠯᠵᠤ ᠬᠢᠵᠢᠭ᠎ᠢ ᠰᠡᠷᠭᠡᠢᠯᠡᠬᠦ ᠮᠡᠳᠡᠯᠭᠡ ᠪᠠ ᠮᠡᠷᠭᠡᠵᠢᠯ᠎ᠦᠨ ᠦᠢᠯᠡᠴᠢᠯᠡᠭᠡ᠎ᠶᠢ ᠮᠠᠯᠴᠢᠨ
ᠲᠠᠷᠢᠶᠠᠴᠢᠨ᠎ᠤ ᠭᠡᠷ᠎ᠦᠨ ᠡᠭᠦᠳᠡᠨ᠎ᠳᠦ ᠬᠦᠷᠭᠡᠵᠦ ᠪᠠᠢᠨ᠎ᠠ᠃
✦ᠤᠢᠷ᠎ᠠ᠎ᠳᠤ ᠰᠢᠷᠠᠠᠤᠰᠤᠨ ᠤᠯᠤᠰ᠎ᠤᠨ
ᠨᠤᠭᠤ ᠭᠠᠵᠠᠷ᠎ᠤᠨ ᠴᠡᠴᠡᠷᠯᠢᠭ ᠨᠢ 2026 ᠣᠨ᠎ᠤ ᠠᠩᠬᠠᠨ᠎ᠤ ᠪᠦᠯᠦᠭ 5000 ᠭᠠᠷᠤᠢ ᠨᠡᠭᠦᠳᠡᠯ᠎ᠦᠨ ᠰᠢᠪᠠᠭᠤ᠎ᠶᠢ
ᠤᠭᠲᠤᠨ ᠠᠪᠴᠤ᠂ ᠨᠤᠭᠤ ᠭᠠᠵᠠᠷ᠎ᠤᠨ ᠴᠡᠴᠡᠷᠯᠢᠭ᠎ᠡᠴᠡ ᠠᠯᠤᠰ ᠡᠵᠡᠮᠳᠡᠭᠦᠷ ᠵᠢᠴᠢ ᠲᠣᠭᠣᠷᠢᠨ ᠬᠠᠮᠠᠭᠠᠯᠠᠬᠤ᠎ᠶᠢ
ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ᠎ᠪᠡᠷ ᠨᠡᠭᠦᠳᠡᠯ᠎ᠦᠨ ᠰᠢᠪᠠᠭᠤᠳ᠎ᠤᠨ ᠠᠮᠤᠷ ᠲᠦᠪᠰᠢᠨ᠎ᠢᠶᠡᠷ ᠨᠡᠭᠦᠬᠦ᠎ᠶᠢ
ᠪᠠᠳᠤᠯᠠᠵᠤ ᠪᠤᠢ᠃
ᠠᠵᠤ ᠠᠬᠤᠢ
✦《ᠠᠷᠪᠠᠨ ᠲᠠᠪᠤᠳᠤᠭᠠᠷ ᠲᠠᠪᠤᠨ
ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠣᠷᠣᠨ
ᠡᠴᠡ ᠪᠦᠬᠦ ᠣᠷᠣᠨ᠎ᠤ ᠬᠡᠪᠴᠢᠶᠡᠨ᠎ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢᠨ
ᠴᠢᠳᠠᠪᠤᠷᠢ᠎ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠴᠢᠨᠠᠷ ᠰᠠᠢᠲᠠᠢ
ᠬᠥᠭᠵᠢᠯᠲᠡ᠎ᠪᠡᠷ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠎ᠪᠡᠷ
ᠪᠣᠢ᠃ ᠡᠭᠦᠨ᠎ᠳᠦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ ᠭᠤᠷᠪᠠᠨ ᠵᠢᠯ ᠬᠤᠪᠢᠶᠠᠨ 100
ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ᠎ᠶᠢᠨ
ᠬᠦᠷᠢᠶᠡᠯᠡᠩ ᠲᠣᠭᠣᠷᠢᠭ᠋᠎ᠢ 20 ᠣᠷᠴᠢᠮ ᠪᠠᠢᠭᠤᠯᠬᠤ᠎ᠶᠢ ᠳᠡᠮᠵᠢᠬᠦ᠎ᠪᠡᠷ ᠲᠥᠯᠥᠪᠯᠡᠵᠦ ᠪᠣᠢ᠃
✦ᠴᠠᠭᠠᠨ ᠰᠠᠷ᠎ᠠ᠎ᠶᠢᠨ ᠠᠮᠠᠷᠠᠯᠲᠠ᠎ᠶᠢᠨ
ᠬᠤᠭᠤᠴᠠᠭᠠᠨ᠎ᠳᠤ᠂ ᠤᠯᠠᠭᠠᠠᠬᠠᠳᠠ ᠬᠤᠲᠠ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠰᠠᠳ᠎ᠢ ᠨᠡᠶ᠋ᠢᠲᠡ 509.35 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂
ᠶᠡᠷᠤᠩᠬᠡᠶ ᠣᠷᠣᠯᠭ᠎ᠠ ᠨᠢ 35.76 ᠳ᠋ᠦᠩᠰᠢᠭᠤᠷ
ᠲᠥᠭᠥᠷᠢᠭ᠎ᠲᠦ ᠬᠦᠷᠴᠠᠢ᠃
✦ᠬᠠᠮᠢᠶ᠎ᠠ ᠪᠦᠬᠦᠢ ᠲᠣᠭ᠎ᠠ ᠪᠠᠷᠢᠮᠲᠠ᠎ᠳᠤ
ᠢᠯᠡᠷᠡᠭᠦᠯᠦᠭᠰᠡᠨ᠎ᠢᠶᠡᠷ᠂ 2035 ᠣᠨ ᠪᠣᠯᠬᠤ᠎ᠳᠤ᠂ ᠮᠠᠨ᠎ᠤ ᠤᠯᠤᠰ᠎ᠤᠨ ᠪᠤᠭᠤᠷᠤᠯᠴᠤᠳ᠎ᠤᠨ ᠠᠵᠤ ᠠᠬᠤᠢ᠎ᠶᠢᠨ ᠵᠠᠬ᠎ᠠ
ᠳᠡᠯᠭᠡᠭᠦᠷ᠎ᠦᠨ ᠬᠡᠪᠴᠢᠶ᠎ᠡ 30 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ GDP ᠳᠤ ᠡᠵᠡᠯᠡᠬᠦ ᠬᠤᠪᠢ᠎ᠶᠢᠨ ᠵᠢᠩ ᠨᠢ 10% ᠣᠷᠴᠢᠮ
ᠪᠣᠯᠬᠤ ᠪᠣᠯᠣᠨ᠎ᠠ ᠃
✦ᠤᠷᠠᠳ᠎ᠤᠨ ᠡᠮᠦᠨᠡᠲᠦ ᠬᠣᠰᠢᠭᠤᠨ᠎ᠤ
ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠠᠴᠠ ᠭᠣᠣᠯᠯᠠᠨ ᠡᠷᠬᠢᠯᠡᠭᠰᠡᠨ
ᠴᠠᠭᠠᠨ ᠰᠠᠷ᠎ᠠ᠎ᠶᠢᠨ ᠪᠠᠶᠠᠷ᠎ᠤᠨ ᠠᠵᠢᠯᠯᠠᠭ᠎ᠠ ᠤᠷᠴᠢᠮᠬᠠᠨ ᠠᠮᠵᠢᠯᠳᠠᠳᠠᠢ ᠶᠠᠪᠤᠭᠳᠠᠵᠤ᠂ ᠤᠷᠠᠳ᠎ᠤᠨ
ᠡᠮᠦᠨᠡᠳᠤ ᠬᠣᠰᠢᠭᠤᠨ᠎ᠤ ᠡᠯ᠎ᠡ ᠰᠤᠮᠤ ᠪᠠᠯᠭᠠᠰᠤᠨ᠎ᠤ ᠤᠯᠠᠮᠵᠢᠯᠠᠯ᠎ᠤᠨ ᠭᠠᠵᠠᠷ᠎ᠠᠴᠠ ᠢᠷᠡᠭᠰᠡᠨ 100 ᠭᠠᠷᠤᠢ
ᠤᠷᠠᠳ ᠠᠷᠠᠳ᠎ᠤᠨ ᠳᠠᠭᠤᠤ᠂ ᠬᠠᠩᠬ᠎ᠠ ᠠᠷᠠᠳ᠎ᠤᠨ ᠳᠠᠭᠤᠤ᠎ᠶᠢᠨ ᠤᠯᠠᠮᠵᠢᠯᠠᠭ᠍ᠴᠢ ᠣᠷᠣᠯᠴᠠᠭᠰᠠᠨ ᠪᠠᠢᠨ᠎ᠠ᠃
✦ᠰᠥᠨᠢᠳ ᠪᠠᠷᠠᠭᠤᠨ ᠬᠣᠰᠢᠭᠤᠨ᠎ᠤ
ᠥᠷᠭᠡᠨᠲᠠᠯᠡ ᠪᠠᠯᠭᠠᠰᠤᠨ᠎ᠤ ᠥᠷᠭᠡᠨ ᠨᠡᠢᠭᠡᠮ ᠲᠣᠭᠣᠷᠢᠭ᠋᠎ᠤᠨ ᠰᠢᠨ᠎ᠡ ᠴᠠᠭ ᠦᠶ᠎ᠡ᠎ᠶᠢᠨ ᠪᠣᠯᠪᠠᠰᠤᠨ ᠦᠢᠯᠡᠳᠦᠯᠭᠡ᠎ᠶᠢᠨ
ᠥᠷᠲᠡᠭᠡ ᠨᠢ ᠤᠷᠴᠢᠮᠬᠠᠨ 《ᠬᠠᠶᠠᠭᠳᠠᠮᠠᠯ ᠪᠣᠳᠠᠰ᠎ᠢ ᠳᠠᠬᠢᠨ ᠠᠰᠢᠭ᠍ᠯᠠᠵᠤ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ
ᠳᠣᠷᠳᠤᠩ᠎ᠢᠶᠠᠷ ᠬᠥᠯᠥᠭ ᠮᠣᠷᠢ ᠤᠷᠠᠯᠠᠵᠤ ᠰᠢᠨ᠎ᠡ ᠵᠢᠯ᠎ᠢᠶᠡᠨ ᠤᠭᠲᠤᠬᠤ》 ᠭᠣᠣᠯ ᠰᠡᠳᠦᠪᠲᠦ ᠠᠵᠢᠯᠯᠠᠭ᠎ᠠ᠎ᠶᠢ ᠡᠷᠬᠢᠯᠡᠨ ᠶᠠᠪᠤᠭᠳᠠᠭᠤᠯᠵᠤ᠂ 《ᠣᠷᠴᠢᠨ ᠲᠣᠭᠣᠷᠢᠨ᠎ᠤ ᠬᠠᠮᠠᠭᠠᠯᠠᠯᠲᠠ》 ᠪᠠ 《ᠣᠨᠣᠯ᠎ᠤᠨ ᠤᠬᠠᠭᠤᠯᠤᠨ ᠲᠠᠢᠯᠪᠤᠷᠢᠯᠠᠯᠲᠠ》 ᠵᠢ
ᠭᠦᠨᠵᠡᠭᠡᠢ ᠠᠭᠤᠰᠤᠯᠴᠠᠭᠤᠯᠪᠠ᠃
ᠲᠠᠮᠢᠷ
✦2 ᠰᠠᠷ᠎ᠠ᠎ᠶᠢᠨ 28᠎ᠤ ᠡᠳᠦᠷ᠂
ᠰᠢᠯᠢᠩᠬᠤᠲᠠ᠎ᠳᠤ ᠶᠠᠪᠤᠭᠳᠠᠭᠰᠠᠨ ᠳᠣᠯᠣᠭᠠᠳᠠᠬᠢ ᠤᠳᠠᠭᠠᠨ᠎ᠤ ᠮᠣᠩᠭᠣᠯ ᠪᠦᠬᠡ᠎ᠶᠢᠨ ᠠᠯᠲᠠᠨ ᠪᠦᠰᠡ᠎ᠶᠢᠨ ᠲᠡᠮᠡᠴᠡᠭᠡᠨ
ᠤ ᠰᠢᠯᠢᠳᠡᠭ 128 ᠪᠥᠬᠡ᠎ᠶᠢᠨ ᠪᠠᠷᠢᠯᠳᠤᠭᠠᠨ᠎ᠳᠤ ᠲᠥᠷᠥᠰᠠᠴᠤᠷᠠᠯ ᠲᠦᠷᠦᠭᠦᠯᠡᠪᠡ᠃
✦ᠤᠢᠷ᠎ᠠ᠎ᠳᠤ ᠪᠠᠷᠠᠭᠤᠨ
ᠦᠵᠦᠮᠦᠴᠢᠨ ᠬᠤᠰᠢᠭᠤᠨ᠎ᠤ ᠳᠦᠷᠪᠡᠳᠦᠭᠡᠷ ᠬᠤᠭᠤᠴᠠᠭᠠᠨ᠎ᠤ ᠰᠤᠮᠤ ᠪᠠᠯᠭᠠᠰᠤ᠎ᠶᠢᠨ ᠲᠠᠪᠤᠨ ᠬᠥᠮᠥᠨ᠎ᠦ
ᠳᠦᠷᠢᠮᠲᠦ ᠬᠥᠯ ᠪᠥᠮᠪᠥᠭᠡ᠎ᠶᠢᠨ ᠤᠷᠤᠯᠳᠤᠭᠠᠨ ᠪᠠᠯᠭᠠᠷᠭᠣᠣᠯ ᠪᠠᠯᠭᠠᠰᠤᠨ᠎ᠳᠤ ᠶᠠᠪᠤᠭᠳᠠᠪᠠ᠃ ᠵᠠᠯᠠᠭᠤ ᠨᠢᠭᠡ
ᠦᠶ᠎ᠡ᠎ᠶᠢᠨ ᠲᠠᠮᠢᠷᠴᠢᠳ ᠢᠶᠠᠨ
ᠤᠷᠮᠠᠰᠢᠭᠤᠯᠬᠤ᠎ᠶᠢᠨ ᠡᠭᠦᠳᠡᠨ᠎ᠡᠴᠡ ᠠᠬᠠᠮᠠᠳ ᠲᠠᠮᠢᠷᠴᠢᠳ ᠨᠢ ᠬᠡᠤᠬᠡᠳ ᠳᠡᠭᠦᠦ ᠨᠠᠷᠲᠡᠭᠡᠨ ᠨᠣᠮ᠎ᠤᠨ
ᠪᠡᠯᠡᠭ ᠬᠦᠷᠭᠡᠵᠦ᠂ ᠤᠷᠤᠯᠳᠤᠭᠠᠨ᠎ᠤ ᠤᠳᠬ᠎ᠠ ᠤᠴᠢᠷ᠎ᠢᠶᠠᠨ ᠨᠠᠩ ᠭᠦᠨᠵᠡᠭᠡᠢᠷᠡᠭᠦᠯᠵᠡᠢ᠃
ᠳᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠷᠠᠨ᠎ᠤ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠢᠷᠠᠨ᠎ᠤ ᠬᠠᠮᠤᠭ᠎ᠤᠨ
ᠳᠡᠭᠡᠳᠦ ᠤᠳᠤᠷᠢᠳᠤᠭ᠍ᠴᠢ ᠬᠠᠮᠧᠨ᠋ᠸᠢ ᠬᠣᠣᠷᠯᠠᠭᠳᠠᠪᠠ᠃
✦ᠠᠮᠧᠷᠢᠺᠠ᠎ᠶᠢᠨ ᠠᠯᠪᠠᠨ᠎ᠤ ᠲᠠᠯ᠎ᠠ᠎ᠶᠢᠨ
ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠳᠤ ᠠᠹᠷᠢᠺᠠ ᠲᠢᠪ ᠪᠣᠯᠣᠨ ᠠᠮᠧᠷᠢᠺᠠ᠎ᠶᠢᠨ ᠠᠷᠠᠯᠵᠢᠶᠠᠨ᠎ᠦ
ᠶᠡᠷᠦᠩᠬᠡᠢ ᠬᠡᠮᠵᠢᠶ᠋ᠶᠡ 834 ᠳ᠋ᠦᠩᠰᠢᠭᠤᠷ ᠳ᠋ᠣᠯᠯᠠᠷ᠎ᠲᠤ ᠬᠦᠷᠴᠡᠢ᠃
ᠦᠢᠯᠡᠴᠢᠯᠡᠭᠡ
✦ᠬᠦᠬᠡᠬᠤᠳᠠ ᠵᠢᠨ ᠰᠠᠢᠬᠠᠨ
ᠲᠤᠭᠤᠷᠢᠭ᠎ᠤᠨ ᠳᠦᠷᠪᠡᠳᠦᠭᠡᠷ ᠬᠡᠤᠬᠡᠳ᠎ᠤᠨ ᠴᠡᠴᠡᠷᠯᠢᠭ ᠪᠠᠬᠰᠢ ᠡᠯᠰᠡᠵᠤ ᠪᠤᠢ᠃
✦《ᠪᠥᠬᠥ ᠤᠯᠤᠰ᠎ᠤᠨ ᠰᠢᠨ᠎ᠡ ᠵᠢᠯ
ᠴᠠᠭᠠᠨ ᠰᠠᠷ᠎ᠠ ᠵᠢᠴᠢ ᠪᠠᠶᠠᠷ ᠳᠤᠷᠠᠰᠬᠠᠯ᠎ᠤᠨ ᠡᠳᠦᠷ᠎ᠦᠨ ᠴᠢᠯᠦᠭᠡ ᠲᠠᠯᠪᠢᠬᠤ ᠠᠷᠭ᠎ᠠ》 (ᠳᠤᠤᠷ᠎ᠠ ᠳᠦᠭᠦᠮᠴᠢᠯᠡᠭᠡᠳ 《ᠠᠷᠭ᠎ᠠ》 ᠭᠡᠨ᠎ᠡ)᠎ᠶᠢᠨ ᠭᠤᠷᠪᠠᠳᠤᠭᠠᠷ ᠵᠦᠢᠯ᠎ᠳᠦ᠂ 3 ᠰᠠᠷ᠎ᠠ᠎ᠶᠢᠨ 8᠎ᠤ ᠡᠮᠡᠭᠲᠡᠢᠴᠦᠳ᠎ᠦᠨ ᠪᠠᠶᠠᠷ ᠤᠨ ᠡᠳᠦᠷ ᠪᠣᠯ ᠬᠡᠰᠡᠭ ᠠᠷᠠᠳ ᠢᠷᠭᠡᠳ᠎ᠦᠨ ᠬᠠᠤᠯᠢ ᠶᠣᠰᠣᠨᠦ
ᠠᠮᠠᠷᠠᠯᠲᠠ ᠤᠴᠢᠷ᠎ᠠᠴᠠ ᠡᠨᠡ ᠡᠳᠦᠷ ᠡᠮᠡᠭᠲᠡᠢᠴᠦᠳ᠎ᠲᠦ ᠬᠠᠭᠠᠰ ᠡᠳᠦᠷ᠎ᠦᠨ ᠠᠮᠠᠷᠠᠯᠲᠠ ᠲᠠᠯᠪᠢᠨ᠎ᠠ ᠭᠡᠵᠦ ᠲᠣᠭᠲᠠᠪᠠ᠃
ᠮᠦᠨᠴᠤ ᠡᠨᠡᠬᠦ 《ᠠᠷᠭ᠎ᠠ》᠎ᠶᠢ
ᠦᠨᠳᠦᠰᠦᠯᠡᠪᠡᠯ᠂ ᠬᠡᠷᠪᠡ ᠬᠡᠰᠡᠭ ᠠᠷᠠᠳ ᠢᠷᠭᠡᠳ᠎ᠤᠨ ᠠᠮᠠᠷᠠᠯᠲᠠ᠎ᠶᠢᠨ ᠡᠳᠦᠷ ᠨᠢ ᠶᠠᠭ ᠭᠠᠷᠠᠭ᠎ᠤᠨ ᠵᠢᠷᠭᠤᠭᠠᠨ᠂
ᠭᠠᠷᠠᠭ᠎ᠤᠨ ᠡᠳᠦᠷ ᠲᠣᠬᠢᠶᠠᠯᠳᠤᠪᠠᠯ ᠨᠥᠬᠥᠵᠦ ᠠᠮᠠᠷᠠᠬᠤ ᠦᠭᠡᠢ᠃ ᠥᠨᠥ ᠵᠢᠯ᠎ᠦᠨ 3 ᠰᠠᠷ᠎ᠠ᠎ᠶᠢᠨ 8᠎ᠤ ᠡᠳᠦᠷ ᠨᠢ ᠭᠠᠷᠠᠭ᠎ᠤᠨ ᠡᠳᠦᠷ ᠲᠣᠬᠢᠶᠠᠭᠰᠠᠨ ᠪᠣᠯᠬᠣᠷ ᠨᠥᠬᠥᠵᠦ ᠠᠮᠠᠷᠠᠬᠤ ᠦᠭᠡᠢ᠃
ᠲᠠᠨ᠎ᠤ ᠲᠤᠰᠠ᠎ᠳᠤ
✦ᠠᠯᠮᠤᠷᠠᠳ ᠰᠠᠷᠢᠮᠰᠠᠭ᠎ᠤᠨ
ᠦᠨᠤᠷ ᠠᠮᠳᠠ ᠵᠢ ᠳᠠᠷᠤᠨ᠎ᠠ᠃ ᠰᠠᠷᠢᠮᠰᠠᠭ ᠢᠳᠡᠬᠦ ᠨᠢ ᠠᠮᠳᠠᠳᠠᠢᠴᠦ ᠦᠨᠤᠷ ᠠᠮᠳᠠ ᠨᠢ ᠤᠳᠠᠭᠠᠨ ᠠᠷᠢᠯᠬᠤ
ᠦᠭᠡᠢ ᠪᠠᠢᠳᠠᠭ᠃ ᠡᠨᠡ ᠦᠶᠡᠰ ᠵᠢᠭᠠᠬᠠᠨ ᠠᠯᠮᠤᠷᠠᠳ ᠢᠳᠡᠪᠡᠯ ᠡᠨᠡᠬᠦ ᠦᠨᠤᠷᠢ ᠳᠠᠷᠤᠵᠤ ᠴᠢᠳᠠᠳᠠᠭ᠃ ᠤᠴᠢᠷ
ᠨᠢ ᠠᠯᠮᠤᠷᠠᠳ᠎ᠤᠨ ᠳᠤᠳᠤᠷᠠᠬᠢ ᠹᠸᠨᠤᠯ᠎ᠤᠨ ᠲᠦᠷᠦᠯ᠎ᠤᠨ ᠪᠤᠳᠠᠰ ᠨᠢ ᠰᠠᠷᠢᠮᠰᠠᠭ᠎ᠲᠦ ᠬᠠᠴᠢᠨ ᠦᠨᠤᠷ ᠭᠠᠷᠳᠠᠭ
ᠬᠦᠬᠦᠷᠯᠢᠭ ᠪᠤᠳᠠᠰ ᠳᠠᠢ ᠨᠡᠢᠯᠡᠵᠤ᠂ ᠦᠨᠤᠷ ᠦᠭᠡᠢ ᠪᠤᠶᠤ ᠠᠩᠭᠢᠯᠤᠮ᠎ᠠ ᠦᠨᠤᠷ ᠳᠠᠢ ᠪᠤᠳᠠᠰ ᠪᠤᠯᠵᠤ
ᠬᠤᠪᠢᠷᠠᠳᠠᠭ᠃
ᠵᠠᠯᠭᠠᠭᠠᠳ 《ᠠᠪᠤ ᠡᠵᠢ
ᠬᠤᠶᠠᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)