


ᠨᠡᠢᠭᠡᠮ
✦3 ᠰᠠᠷ᠎ᠠ᠎ᠶᠢᠨ 17᠎ᠤ ᠡᠳᠦᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ
ᠵᠥᠪᠯᠡᠯ᠂ ᠲᠥᠷᠥ ᠶᠢᠨ ᠶᠠᠪᠤᠳᠠᠯ᠎ᠦᠨ ᠬᠤᠷᠢᠶ᠎ᠠ ᠵᠢᠨ ᠡᠮᠡᠭᠲᠡᠢᠴᠦᠳ ᠬᠡᠦᠬᠡᠳ᠎ᠦᠨ ᠠᠵᠢᠯ ᠤᠨ ᠵᠥᠪᠯᠡᠯ ᠦᠨ ᠠᠯᠪᠠᠨ
ᠭᠡᠷᠬᠠᠮᠳᠤᠷᠠᠨ 《ᠬᠡᠦᠬᠡᠳ᠎ᠲᠦ ᠨᠥᠬᠥᠷᠰᠡᠭ ᠪᠠᠢᠬᠤ ᠪᠠᠢᠭᠤᠯᠤᠯᠲᠠ᠎ᠶᠢ
ᠪᠥᠬᠥ ᠨᠡᠢᠭᠡᠮ᠎ᠳᠦ ᠲᠦᠭᠡᠮᠡᠯᠵᠢᠭᠦᠯᠬᠦ᠎ᠶᠢ ᠠᠬᠢᠭᠤᠯᠬᠤ ᠲᠤᠬᠠᠢ ᠰᠠᠨᠠᠯ》᠎ᠢ ᠨᠡᠢᠲᠡᠯᠡᠪᠡ᠃
✦ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠮᠡᠳᠡᠭᠡ ᠵᠢ ᠦᠨᠳᠦᠰᠦᠯᠡᠪᠡᠯ᠂
2025 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ
ᠨᠣᠷᠮ᠎ᠠ 96%᠎ᠳᠤ ᠬᠦᠷᠪᠡ᠃
✦ᠤᠢᠷ᠎ᠠ᠎ᠳᠤ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ
ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠠᠩᠰᠢ᠎ᠶᠢᠨ ᠡᠳᠦᠷ᠎ᠦᠨ ᠲᠠᠬᠢᠯᠭ᠎ᠠ᠎ᠶᠢᠨ ᠠᠵᠢᠯ᠎ᠢ ᠰᠠᠢᠲᠤᠷ ᠬᠢᠬᠦ
ᠲᠤᠬᠠᠢ ᠪᠠᠢᠷᠢᠯᠠᠭᠤᠯᠵᠠᠢ᠃ ᠡᠭᠦᠨ᠎ᠳᠦ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠣᠷᠣᠰᠢᠭᠤᠯᠭ᠎ᠠ᠎ᠶᠢᠨ
ᠦᠢᠯᠡᠴᠢᠯᠡᠭᠡᠨ᠎ᠦ ᠬᠠᠮᠢᠶᠠᠷᠤᠯᠲᠠ᠎ᠪᠠᠨ ᠴᠢᠩᠭᠠᠳᠬᠠᠨ ᠰᠠᠢᠵᠢᠷᠠᠭᠤᠯᠵᠤ᠂ ᠣᠢ ᠰᠢᠭᠤᠢ ᠨᠤᠲᠤᠭ ᠪᠡᠯᠴᠢᠭᠡᠷ᠎ᠦᠨ
ᠭᠠᠯ᠎ᠤᠨ ᠭᠠᠮᠰᠢᠭ᠋᠎ᠤᠨ ᠲᠦᠭᠰᠢᠭᠦᠷᠢ᠎ᠶᠢ ᠢᠳᠡᠪᠬᠢᠲᠡᠢ᠎ᠪᠡᠷ ᠰᠡᠷᠭᠡᠢᠯᠡᠨ ᠠᠷᠢᠯᠭᠠᠬᠤ ᠬᠡᠷᠡᠭᠲᠡᠢ ᠭᠡᠵᠡᠢ᠃
✦ ᠬᠥᠬᠡᠬᠣᠲᠠ᠎ᠶᠢᠨ ᠠᠷᠪᠠᠨ ᠭᠤᠷᠪᠠᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ ᠤᠨ
ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠰᠤᠷᠭᠠᠭᠤᠯᠢ ) ᠵᠢᠨ ᠰᠢᠨ᠎ᠡ᠎ᠪᠡᠷ
ᠪᠠᠶ᠋ᠢᠭᠤᠯᠬᠤ ᠲᠥᠰᠥᠯ᠎ᠳᠦ ᠢᠯᠡ᠎ᠪᠡᠷ ᠳᠠᠭᠠᠭᠠᠴᠢᠯᠠᠯᠲᠠ ᠵᠠᠷᠯᠠᠬᠤ ᠠᠵᠢᠯ᠎ᠢ ᠤᠷᠴᠢᠮᠬᠠᠨ ᠡᠬᠢᠯᠡᠭᠦᠯᠪᠡ᠃ ᠲᠤᠰ
ᠲᠥᠰᠥᠯ᠎ᠳᠦ ᠨᠡᠢᠲᠡ 2 ᠳ᠋ᠦᠩᠰᠢᠭᠤᠷ 3233.41 ᠲᠦᠮᠡᠨ ᠲᠥᠭᠥᠷᠢᠭ ᠦᠨ ᠪᠡᠯᠡ ᠣᠷᠣᠭᠤᠯᠬᠤ ᠪᠠᠷ
ᠲᠥᠯᠥᠪᠯᠡᠵᠦ᠂ ᠶᠡᠷᠦᠩᠬᠡᠢ ᠲᠠᠯᠠᠪᠠᠢ ᠨᠢ 43129.695 ᠲᠡᠭᠰᠢ ᠳᠥᠷᠪᠡᠯᠵᠢᠨ ᠮᠧᠲᠷ᠂ ᠡᠭᠦᠨ᠎ᠳᠤ ᠪᠠᠷᠢᠯᠭ᠎ᠠ᠎ᠶᠢᠨ
ᠶᠡᠷᠦᠩᠬᠡᠢ ᠲᠠᠯᠠᠪᠠᠢ ᠨᠢ 37310.6 ᠲᠡᠭᠰᠢ ᠳᠥᠷᠪᠡᠯᠵᠢᠨ ᠮᠧᠲᠷ ᠪᠤᠢ᠃
✦51 ᠳ᠋ᠦ᠍ᠭᠡᠷ ᠬᠤᠭᠤᠴᠠᠭᠠᠨ᠎ᠤ ᠵᠧᠨᠧᠸᠠᠶᠢᠨ ᠣᠯᠠᠨ ᠤᠯᠤᠰ ᠤᠨ ᠡᠭᠦᠳᠦᠯᠲᠡ᠎ᠶᠢᠨ ᠳᠡᠯᠭᠡᠨ
ᠦᠵᠡᠭᠦᠯᠭᠡ ᠶᠢᠨ ᠳ᠋ᠦᠩ᠎ᠢ ᠣᠢᠷ᠎ᠠ᠎ᠳᠦ ᠨᠡᠢᠲᠡᠯᠡᠵᠦ᠂ ᠵᠧᠵᠢᠶᠠᠩ ᠶᠡᠬᠡ ᠰᠤᠷᠭᠠᠭᠤᠯᠢ — ᠣᠷᠳᠣᠰ ᠬᠣᠲᠠ᠎ᠶᠢᠨ
ᠤᠲᠤᠭ ᠬᠣᠰᠢᠭᠤᠨ᠎ᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠠᠮᠲᠤᠷᠠᠭᠰᠠᠨ ᠰᠤᠳᠤᠯᠭᠠᠨ ᠤ ᠲᠥᠪ᠎ᠦᠨ ᠡᠷᠬᠢᠯᠡᠭᠴᠢ
ᠵᠧᠦ ᠮᠢᠨ ᠫᠷᠤᠹᠧᠰᠰᠤᠷ᠎ᠤᠨ ᠪᠦᠯᠬᠦᠮ ᠦᠨ ᠳᠡᠯᠭᠡᠨ ᠦᠵᠡᠭᠦᠯᠦᠭᠰᠡᠨ 2 ᠲᠥᠷᠥᠯ ᠵᠦᠢᠯ ᠨᠢ ᠳᠤᠰᠪᠤᠷᠢ ᠠᠯᠲᠠᠨ
ᠱᠠᠩᠨᠠᠯ᠂ ᠮᠥᠩᠭᠥᠨ ᠱᠠᠩᠨᠠᠯ ᠬᠦᠷᠳᠡᠭᠰᠡᠨ ᠪᠠᠢᠨ᠎ᠠ᠃
✦ᠤᠢᠷ᠎ᠠ᠎ᠳᠤ ᠦᠴᠦᠸᠠᠨ ᠰᠢᠶᠠᠨ ᠣᠢ ᠰᠢᠭᠤᠢ ᠪᠠ ᠨᠤᠲᠤᠭ ᠪᠡᠯᠴᠢᠭᠡᠷ᠎ᠢ ᠡᠪᠳᠡᠵᠦ ᠬᠠᠤᠯᠢ
ᠲᠣᠭᠲᠠᠭᠠᠯ ᠡᠴᠡ ᠵᠥᠷᠢᠴᠡᠭᠰᠡᠨ ᠠᠵᠢᠯᠯᠠᠭ᠎ᠠ᠎ᠶᠢ ᠴᠠᠭᠠᠵᠠᠯᠠᠬᠤ ᠲᠤᠬᠠᠢ ᠮᠡᠳᠡᠭᠳᠡᠯ᠎ᠦᠨ ᠪᠢᠴᠢᠭ ᠨᠡᠢᠲᠡᠯᠡᠵᠦ᠂
ᠰᠢᠭᠤᠢᠲᠤ ᠣᠷᠣᠨ᠂ ᠨᠤᠲᠤᠭ ᠪᠡᠯᠴᠢᠭᠡᠷ᠂ ᠨᠤᠭᠤ ᠭᠠᠵᠠᠷ ᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ᠎ᠶᠢ ᠴᠢᠩᠭ᠎ᠠ
ᠬᠣᠷᠢᠭ᠍ᠯᠠᠵᠤ᠂ ᠣᠢ ᠮᠣᠳᠣ ᠵᠢ ᠣᠭᠲᠣᠯᠣᠨ ᠲᠠᠷᠢᠶ᠎ᠠ ᠲᠠᠷᠢᠬᠤ᠂ ᠲᠣᠭᠲᠠᠭᠠᠯ᠎ᠠᠴᠠ ᠵᠥᠷᠢᠴᠡᠨ ᠮᠠᠯ ᠮᠠᠯᠵᠢᠬᠤ
ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ ᠭᠡᠪᠡ᠃
✦ᠤᠢᠷ᠎ᠠ ᠶᠢᠨ ᠡᠳᠦᠷ᠎ᠲᠤ᠂ ᠰᠢᠶᠣᠣ ᠵᠤᠸᠠᠩ ᠭᠣᠣᠯ᠎ᠤᠨ ᠵᠣᠯ ᠵᠢᠷᠭᠠᠯᠲᠤ ᠭᠣᠣᠯ ᠮᠥᠷᠡᠨ ᠨᠠᠭᠤᠷ
ᠴᠥᠭᠥᠷᠥᠮ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠪᠦᠬᠦ ᠲᠠᠯ᠎ᠠ᠎ᠪᠠᠷ ᠠᠵᠢᠯ᠎ᠢᠶᠠᠨ ᠰᠡᠷᠭᠦᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠨᠢᠭᠡ ᠪᠦᠯᠦᠭ ᠵᠥᠪᠰᠢᠶᠡᠷᠡᠭᠳᠡᠭᠰᠡᠨ ᠵᠣᠯ ᠵᠢᠷᠭᠠᠯᠲᠤ
ᠭᠣᠣᠯ ᠮᠥᠷᠡᠨ ᠨᠠᠭᠤᠷ ᠴᠥᠭᠥᠷᠥᠮ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠪᠣᠯᠤᠭᠰᠠᠨ᠎ᠤ ᠬᠤᠪᠢ᠎ᠳᠤ᠂
ᠲᠤᠰ ᠲᠥᠷᠥᠯ ᠵᠦᠢᠯ ᠨᠢ ᠶᠠᠭ ᠴᠠᠭ᠎ᠢ ᠠᠮᠵᠢᠨ ᠪᠦᠬᠦ ᠬᠤᠷᠳᠤᠴᠠ᠎ᠪᠠᠷ ᠪᠠᠷᠢᠯᠭ᠎ᠠ ᠪᠠᠨ ᠠᠬᠢᠭᠤᠯᠵᠤ᠂ 6 ᠰᠠᠷ᠎ᠠ᠎ᠶᠢᠨ ᠰᠡᠭᠦᠯᠴᠢ᠎ᠪᠡᠷ ᠪᠠᠷᠢᠯᠭ᠎ᠠ᠎ᠪᠠᠨ ᠳᠠᠭᠤᠰᠬᠠᠬᠤ᠎ᠪᠠᠷ
ᠲᠥᠯᠥᠪᠯᠡᠵᠦ ᠪᠣᠶ᠃ ᠲᠥᠷᠥᠯ ᠵᠦᠢᠯ ᠨᠢ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ ᠪᠠᠷᠠᠭᠤᠨ ᠯᠢᠶᠣᠤᠾᠧ ᠭᠣᠣᠯ᠎ᠤᠨ
ᠠᠮᠢ ᠠᠬᠤᠢ᠎ᠶᠢᠨ ᠤᠰᠤ ᠨᠥᠬᠥᠪᠦᠷᠢᠯᠡᠬᠦ ᠴᠢᠬᠤᠯᠠ ᠵᠠᠮ ᠪᠣᠯᠵᠤ᠂ ᠰᠠᠪᠠ ᠭᠠᠵᠠᠷ᠎ᠤᠨ ᠠᠮᠢ ᠠᠬᠤᠢ᠎ᠶᠢᠨ ᠰᠡᠷᠭᠦᠯᠲᠡ᠎ᠳᠦ
ᠣᠰᠤᠨ ᠠᠰᠢᠭ᠍ᠯᠠᠯᠲᠠ ᠶᠢᠨ ᠰᠠᠭᠤᠷᠢ᠎ᠶᠢ ᠪᠡᠬᠢᠵᠢᠭᠦᠯᠬᠦ ᠪᠣᠯᠣᠨ᠎ᠠ᠃
✦ᠤᠷᠠᠳ ᠤᠨ ᠳᠤᠮᠳᠠᠳᠤ ᠬᠣᠰᠢᠭᠤᠨ ᠤ 2026 ᠣᠨ ᠤ ᠠᠩᠬᠠᠨ᠎ᠤ ᠬᠤᠭᠤᠴᠠᠭᠠᠨ ᠤ ᠵᠢᠯᠣᠭᠣᠴᠢ
ᠦᠭᠡᠢ ᠨᠢᠰᠬᠡᠯ᠎ᠤᠨ ᠵᠢᠯᠣᠭᠣᠴᠢ᠎ᠶᠢᠨ ᠪᠣᠯᠪᠠᠰᠤᠷᠠᠯ᠎ᠤᠨ ᠠᠩᠭᠢ ᠤᠷᠴᠢᠮᠬᠠᠨ ᠡᠬᠢᠯᠡᠵᠦ᠂ ᠪᠥᠬᠥ ᠬᠣᠰᠢᠭᠤᠨ᠎ᠤ
ᠡᠯ᠎ᠡ ᠠᠵᠢᠯ ᠲᠥᠷᠥᠯ ᠤᠨ ᠠᠵᠢᠯᠳᠠᠳ ᠬᠣᠯᠪᠣᠭᠳᠠᠯ ᠪᠦᠬᠦᠢ ᠣᠨᠣᠯ ᠦᠢᠯᠡᠳᠦᠯᠭᠡ ᠶᠢᠨ ᠪᠣᠯᠪᠠᠰᠤᠷᠠᠯ ᠳᠤ ᠢᠳᠡᠪᠬᠢᠳᠡᠢ
ᠤᠷᠤᠯᠴᠠᠬᠰᠠᠨ ᠪᠠᠢᠨ᠎ᠠ᠃
✦ᠣᠢᠷ᠎ᠠ᠎ᠳᠤ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ
ᠪᠠᠷᠠᠭᠤᠨ ᠵᠢᠷᠢᠮ ᠪᠠᠯᠭᠠᠰᠤ᠎ᠶᠢᠨ ᠪᠠᠷᠠᠭᠤᠨ ᠵᠢᠷᠢᠮ ᠳᠤᠮᠳᠠᠳᠤ ᠰᠤᠷᠭᠠᠭᠤᠯᠢ᠎ᠳᠤ ᠸᠠᠩ ᠪᠥᠬᠡ ᠮᠣᠩᠭᠣᠯ
ᠡᠮᠨᠡᠯᠭᠡ᠎ᠶᠢᠨ ᠬᠣᠷᠢᠶ᠎ᠠ᠎ᠶᠢᠨ ᠬᠢᠨ᠎ᠦ ᠬᠠᠢᠷ᠎ᠠ᠎ᠶᠢᠨ ᠬᠠᠨᠳᠢᠪ ᠡᠷᠭᠦᠬᠦ ᠶᠣᠰᠣᠯᠠᠯ ᠶᠠᠪᠤᠭᠳᠠᠪᠠ᠃ ᠲᠠᠳᠡ ᠪᠠᠭ᠎ᠠ
ᠰᠤᠷᠭᠠᠭᠤᠯᠢ᠂ ᠳᠤᠮᠳᠠᠳᠤ ᠰᠤᠷᠭᠠᠭᠤᠯᠢ᠂ ᠶᠡᠬᠡ ᠰᠤᠷᠭᠠᠭᠤᠯᠢ᠎ᠶᠢᠨ ᠣᠶᠤᠲᠠᠨ ᠵᠡᠷᠭᠡ 98 ᠰᠤᠷᠤᠭ᠍ᠴᠢ᠎ᠳᠤ ᠨᠡᠶ᠋ᠢᠲᠡ 164000 ᠲᠥᠭᠥᠷᠢᠭ ᠦᠨ ᠬᠠᠨᠳᠢᠪ᠎ᠤᠨ ᠮᠥᠩᠭᠥ ᠲᠤᠰᠠᠯᠠᠬᠤ᠎ᠶᠢᠨ
ᠬᠠᠮᠲᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠲᠠᠪᠤᠨ ᠮᠢᠩᠭ᠎ᠠ ᠭᠠᠷᠤᠢ ᠲᠥᠭᠥᠷᠢᠭ᠎ᠦᠨ ᠪᠢᠷ᠂
ᠳᠠᠰᠬᠠᠯ᠎ᠤᠨ ᠳᠡᠪᠲᠡᠷ ᠬᠠᠨᠳᠢᠪᠯᠡᠵᠠᠢ᠃
✦ᠵᠢᠰᠦ ᠭᠣᠶᠣᠯᠠᠬᠤ ᠪᠠᠢᠭᠤᠯᠤᠮᠵᠢ᠎ᠶᠢᠨ ᠬᠤᠳᠠᠯ ᠬᠠᠭᠤᠷᠮᠠᠭ᠎ᠢᠶᠠᠷ ᠤᠬᠠᠭᠤᠯᠭ᠎ᠠ ᠬᠢᠬᠦ᠂
ᠦᠨᠡᠮᠯᠡᠯ ᠦᠭᠡᠢ ᠪᠦᠲᠦᠭᠡᠭᠳᠡᠬᠦᠨ᠎ᠢ ᠬᠡᠷᠡᠭᠯᠡᠬᠦ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠳᠤ
ᠴᠢᠩᠭ᠎ᠠ ᠴᠣᠬᠢᠯᠲᠠ ᠥᠭᠴᠦ᠂ ᠲᠥᠪ ᠲᠧᠯᠸᠢᠰ ᠦᠨ 《3·15》᠎ᠤ
ᠦᠳᠡᠰᠢᠯᠡᠭᠡ᠎ᠪᠡᠷ ᠢᠯᠡᠴᠢᠯᠡᠭᠰᠡᠨ ᠠᠰᠠᠭᠤᠳᠠᠯ ᠵᠢᠴᠢ ᠳᠡᠭᠡᠳᠦ ᠱᠠᠲᠤᠨ᠎ᠤ ᠨᠢᠭᠡᠳᠦᠯᠲᠡᠢ ᠪᠠᠢᠷᠢᠯᠠᠭᠤᠯᠤᠯᠲᠠ ᠶᠢ
ᠦᠨᠳᠦᠰᠦᠯᠡᠵᠦ᠂ ᠬᠡᠷᠡᠭᠯᠡᠭᠴᠢᠳ᠎ᠦᠨ ᠡᠷᠡᠭᠦᠯ ᠮᠡᠨᠳᠦ᠎ᠶᠢᠨ ᠠᠮᠤᠷ ᠲᠦᠪᠰᠢᠨ᠎ᠢ ᠦᠨᠡᠨᠬᠦ ᠪᠠᠲᠤᠯᠠᠬᠤ᠎ᠶᠢᠨ ᠲᠥᠯᠥᠭᠡ᠂
ᠣᠢᠷ᠎ᠠ᠎ᠶᠢᠨ ᠡᠳᠦᠷ ᠦᠦᠰᠢᠨ ᠬᠣᠰᠢᠭᠤᠨ ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ
ᠬᠠᠷᠢᠶ᠎ᠠ ᠣᠷᠣᠨ᠎ᠤ᠎ᠪᠠᠨ ᠵᠢᠰᠦ ᠭᠣᠶᠣᠯᠠᠬᠤ ᠪᠠᠢᠭᠤᠯᠤᠮᠵᠢ᠎ᠳᠤ ᠲᠤᠰᠬᠠᠢ ᠪᠠᠢᠴᠠᠭᠠᠯᠲᠠ ᠬᠢᠭᠰᠡᠨ ᠪᠠᠢᠨ᠎ᠠ᠃
ᠠᠵᠤ ᠠᠬᠤᠢ
✦ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭᠯᠡᠭᠡᠨ ᠦ
ᠵᠤᠢᠯᠡᠰ᠎ᠤᠨ ᠦᠵᠡᠰᠬᠦᠯᠡᠩ 4 ᠰᠠᠷ᠎ᠠ᠎ᠶᠢᠨ 13 ᠡᠴᠡ 18᠎ᠤ ᠡᠳᠦᠷ ᠪᠣᠯᠲᠠᠯ᠎ᠠ ᠬᠠᠢᠨᠠᠨ᠎ᠤ ᠬᠠᠢᠺᠧᠦ ᠳ᠋ᠤ᠌ ᠶᠠᠪᠤᠭᠳᠠᠨ᠎ᠠ᠃
ᠦᠵᠡᠰᠬᠦᠯᠡᠩᠳᠦ ᠣᠷᠣᠯᠴᠠᠬᠤ ᠤᠯᠤᠰ ᠪᠣᠯᠣᠨ ᠭᠠᠵᠠᠷ ᠣᠷᠣᠨ᠎ᠤ ᠦᠵᠡᠰᠬᠦᠯᠡᠩ ᠦᠨ ᠪᠦᠯᠬᠦᠮ᠎ᠦᠨ ᠲᠣᠭ᠎ᠠ ᠳᠠᠬᠢᠨᠲᠠ
ᠰᠢᠨ᠎ᠡ ᠲᠡᠮᠳᠡᠭᠯᠡᠯ ᠢ ᠡᠭᠦᠳᠴᠦ᠂ ᠪᠦᠬᠦ ᠪᠥᠮᠪᠥᠷᠴᠡᠭ᠎ᠦᠨ ᠬᠡᠷᠡᠭᠯᠡᠭᠡᠨ᠎ᠦ ᠰᠣᠳᠣᠨ ᠪᠦᠲᠦᠭᠡᠭᠳᠡᠬᠦᠨ᠎ᠢ ᠳᠡᠯᠭᠡᠨ
ᠦᠵᠡᠭᠦᠯᠬᠦ ᠠᠷᠠᠯᠵᠢᠶᠠᠨ᠎ᠤ ᠴᠢᠳᠠᠮᠵᠢ ᠢᠯᠡᠳᠲᠡ ᠴᠢᠩᠭᠠᠷᠠᠪᠠ᠃
ᠰᠤᠶᠤᠯ
✦3 ᠰᠠᠷ᠎ᠠ᠎ᠶᠢᠨ 17 ᠤ ᠡᠳᠦᠷ᠂ ᠣᠲᠤᠭ ᠬᠣᠰᠢᠭᠤᠨ᠎ᠤ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ᠎ᠠᠴᠠ
ᠭᠣᠣᠯᠯᠠᠨ ᠡᠷᠬᠢᠯᠡᠭᠰᠡᠨ 《ᠲᠠᠯ᠎ᠠ ᠵᠢᠨ ᠬᠥᠯᠥᠭ᠎ᠦᠨ ᠳᠠᠪᠬᠢᠭ᠎ᠠ᠂ ᠤᠷᠠᠨ
ᠪᠦᠲᠦᠭᠡᠯ᠎ᠦᠨ ᠲᠡᠭᠦᠯᠳᠡᠷ ᠦᠵᠡᠰᠬᠦᠯᠡᠩ — ᠣᠲᠤᠭ ᠬᠣᠰᠢᠭᠤᠨ᠎ᠤ ᠮᠣᠷᠢᠨ ᠵᠢᠯ᠎ᠦᠨ ᠭᠣᠣᠯ ᠰᠡᠳᠦᠪᠲᠦ ᠤᠳᠬ᠎ᠠ ᠤᠷᠠᠯᠢᠭ᠋᠎ᠤᠨ
ᠵᠣᠬᠢᠶᠠᠨ ᠪᠦᠲᠦᠭᠡᠯᠭᠡ ᠶᠢᠨ ᠦᠵᠡᠰᠭᠦᠯᠡᠩ》 ᠶᠠᠪᠤᠭᠳᠠᠨ᠂ ᠤᠲᠤᠭ ᠬᠣᠰᠢᠭᠤᠨ᠎ᠤ
ᠤᠷᠠᠨ ᠵᠢᠷᠤᠭ᠂ ᠭᠡᠷᠡᠯ ᠵᠢᠷᠤᠭ᠂ ᠠᠷᠠᠳ᠎ᠤᠨ ᠤᠳᠬ᠎ᠠ ᠤᠷᠠᠯᠢᠭ᠋ ᠵᠡᠷᠭᠡ ᠭᠤᠷᠪᠠᠨ ᠶᠡᠬᠡ ᠬᠦᠷᠢᠶᠡᠨ᠎ᠦ ᠤᠷᠠᠯᠢᠭ᠍ᠴᠢᠳ᠎ᠤᠨ
ᠠᠳᠤᠭᠤᠨ ᠰᠣᠶᠣᠯ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠵᠡᠢ᠃
✦3 ᠰᠠᠷ᠎ᠠ᠎ᠶᠢᠨ17᠎ᠤ ᠡᠳᠦᠷ᠂ 2026 ᠣᠨ᠎ᠤ ᠪᠦᠬᠦ ᠤᠯᠤᠰ᠎ᠤᠨ ᠴᠠᠭᠠᠨ ᠰᠠᠷ᠎ᠠ᠎ᠶᠢᠨ 《ᠲᠣᠰᠬᠣᠨ᠎ᠤ ᠦᠳᠡᠰᠢᠯᠡᠭᠡ》 ᠵᠢᠨ ᠵᠢᠱ᠌ᠢᠶ᠎ᠡ ᠦᠵᠡᠭᠦᠯᠬᠦ
ᠦᠵᠡᠭᠦᠯᠭᠡ᠎ᠶᠢᠨ ᠴᠡᠭ᠎ᠦᠨ ᠠᠵᠢᠯᠯᠠᠭ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠪᠠᠶᠠᠨᠮᠤᠳᠤ ᠰᠤᠮᠤᠨ᠎ᠳᠤ
ᠶᠠᠪᠤᠭᠳᠠᠪᠠ᠃
ᠲᠡᠯᠡᠬᠡᠢ
✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠡᠳ᠋᠎ᠦᠨ
ᠵᠠᠰᠠᠭ᠎ᠤᠨ ᠶᠠᠮᠤᠨ᠎ᠤ 18 ᠤ ᠡᠳᠦᠷ ᠨᠡᠢᠲᠡᠯᠡᠭᠰᠡᠨ ᠠᠷᠠᠯᠵᠢᠶᠠᠨ᠎ᠤ ᠪᠦᠷᠢᠳᠬᠡᠯ᠎ᠦᠨ ᠳ᠋ᠦᠩ᠎ᠡᠴᠡ ᠦᠵᠡᠪᠡᠯ᠂
2 ᠰᠠᠷ᠎ᠠ᠎ᠳᠤ ᠶᠠᠫᠤᠨ᠎ᠤ ᠠᠮᠧᠷᠢᠺᠠ᠎ᠳᠤ ᠭᠠᠷᠭᠠᠭᠰᠠᠨ ᠭᠠᠳᠠᠭᠠᠳᠤ ᠭᠠᠷᠭᠠᠯᠳᠠ ᠵᠢᠨ ᠬᠡᠮᠵᠢᠶ᠎ᠡ ᠭᠤᠷᠪᠠᠨ ᠰᠠᠷ᠎ᠠ
ᠳᠠᠷᠠᠭᠠᠯᠠᠨ ᠪᠠᠭᠤᠷᠠᠵᠠᠢ᠃
ᠦᠢᠯᠡᠴᠢᠯᠡᠭᠡ
✦ᠦᠪᠤᠷ ᠮᠤᠩᠭᠤᠯ᠎ᠤᠨ ᠴᠠᠭ ᠠᠭᠤᠷ᠎ᠤᠨ ᠰᠠᠯᠠᠭ᠎ᠠ ᠮᠦᠴᠢᠷ ᠠᠵᠢᠯᠳᠠᠨ ᠡᠯᠰᠡᠬᠦ ᠪᠡᠷ ᠪᠤᠢ᠃
ᠲᠠᠨ ᠤ ᠲᠤᠰᠡ ᠳ᠋ᠤ
✦ᠥᠭᠡᠬᠦ᠎ᠶᠢ ᠪᠠᠭᠠᠰᠬᠠᠬᠤ ᠦᠢᠯᠡᠳᠦᠯ᠎ᠲᠠᠢ 3 ᠵᠦᠢᠯ᠎ᠦᠨ ᠢᠳᠡᠭᠡᠨ᠄
1.
ᠲᠥᠪᠡᠳ ᠬᠠᠰᠢ — ᠲᠥᠪᠡᠳ ᠬᠠᠰᠢ᠎ᠳᠤ ᠲᠥᠪᠡᠳ ᠬᠠᠰᠢ᠎ᠶᠢᠨ ᠤᠯᠠᠭᠠᠨ ᠡᠳ᠋ ᠡᠯᠪᠡᠭ ᠠᠭᠤᠯᠤᠭᠳᠠᠵᠤ᠂ ᠥᠭᠡᠬᠦ ᠶᠢ
ᠵᠠᠳᠠᠷᠠᠭᠤᠯᠵᠤ ᠮᠠᠷᠢᠶ᠎ᠠ ᠰᠢᠭᠤᠷᠠᠭᠤᠯᠬᠤ ᠦᠢᠯᠡᠳᠦᠯ᠎ᠲᠠᠢ᠃
2.ᠤᠰᠤᠨ ᠳᠤ
ᠴᠢᠨᠠᠭᠰᠠᠨ ᠡᠷᠳᠡᠨᠢ ᠰᠢᠰᠢ — ᠡᠷᠳᠡᠨᠢ ᠰᠢᠰᠢ ᠳᠤ ᠴᠢᠨᠠᠷ ᠰᠠᠢᠲᠠᠢ ᠨᠡᠭᠦᠷᠡᠰᠦ ᠤᠰᠤᠨ᠎ᠤ ᠨᠢᠭᠡᠳᠪᠦᠷᠢ ᠠᠭᠤᠯᠳᠠᠭ
ᠡᠴᠡ ᠡᠨᠧᠷᠭᠢ ᠨᠥᠬᠥᠪᠦᠷᠢᠯᠡᠵᠦ᠂ ᠰᠢᠨ᠎ᠡ ᠬᠠᠭᠤᠴᠢᠨ ᠤ ᠰᠣᠯᠢᠯᠴᠠᠭ᠎ᠠ ᠪᠠ ᠴᠢᠰᠤᠨ᠎ᠤ ᠡᠷᠭᠢᠯᠲᠡ᠎ᠶᠢ ᠰᠠᠢᠵᠢᠷᠠᠭᠤᠯᠬᠤ
ᠦᠢᠯᠡᠳᠦᠯ᠎ᠲᠠᠢ ᠪᠠᠢᠳᠠᠭ᠃
3. ᠪᠤᠷᠴᠠᠭ ᠤᠨ
ᠴᠢᠴᠢᠭᠡᠰᠦ — ᠪᠤᠷᠴᠠᠭ᠎ᠤᠨ ᠴᠢᠴᠢᠭᠡᠰᠦ ᠵᠢᠨ ᠢᠯᠴᠢ
ᠵᠢᠨ ᠬᠡᠮᠵᠢᠶ᠎ᠡ ᠮᠠᠰᠢ ᠳᠣᠣᠷ᠎ᠠ᠂ ᠢᠳᠡᠭᠡᠨ᠎ᠦ ᠰᠢᠷᠬᠡᠭᠯᠢᠭ᠎ᠦᠨ ᠠᠭᠤᠯᠤᠭᠳᠠᠴᠠ ᠥᠨᠳᠥᠷ ᠪᠣᠯᠬᠣᠷ ᠦᠷᠭᠦᠯᠵᠢ
ᠢᠳᠡᠪᠡᠯ ᠥᠭᠡᠬᠦ ᠪᠦᠷᠢᠯᠳᠦᠬᠦ᠎ᠶᠢ ᠰᠡᠷᠭᠡᠢᠯᠡᠵᠦ ᠴᠢᠳᠠᠨ᠎ᠠ᠃
ᠵᠠᠯᠭᠠᠭᠠᠳ 《ᠮᠢᠷᠠᠯᠵᠠᠬᠰᠠᠨ
ᠵᠡᠷᠭᠡᠯᠭᠡᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ
ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ
ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕