3 ᠰᠠᠷ᠎ᠠ᠎ᠶ᠋ᠢᠨ 21᠎ᠦ ᠡᠳᠦᠷ
ᠡᠬᠢᠯᠡᠬᠦ᠌ ᠴᠠᠭ᠄
2026-03-21 11:37:09
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

01封面模板_01.png


02天气模板_01.png


12盟市模板_01.png


ᠨᠡᠢᠭᠡᠮ

✦ ᠤᠢᠷ᠎ᠠ ᠳ᠋ᠤ 2026 ᠣᠨ᠎ᠤ᠋ ᠲᠥᠪ᠎ᠦᠨ ᠡᠳ᠋᠎ᠦᠨ ᠵᠠᠰᠠᠭ᠎ᠤᠨ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ᠋ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠥᠷᠥ᠎ᠶᠢᠨ ᠪᠣᠳᠣᠯᠭ᠎ᠠ᠎ᠶᠢᠨ ᠲᠣᠳᠣᠷᠬᠠᠢ ᠬᠠᠭᠤᠳᠠᠰᠤ᠎ᠶᠢ ᠨᠡᠢᠲᠡᠯᠡᠵᠦ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢᠨ ᠨᠥᠬᠥᠪᠦᠷᠢ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ᠎ᠦ ᠨᠥᠬᠥᠪᠦᠷᠢ ᠵᠡᠷᠭᠡ 16 ᠵᠦᠢᠯ᠎ᠦᠨ ᠭᠣᠣᠯᠳᠠᠯᠭ᠎ᠠ᠎ᠲᠠᠢ ᠠᠭᠤᠯᠭ᠎ᠠ᠎ᠶᠢ ᠪᠠᠭᠲᠠᠭᠠᠵᠠᠢ᠃

✦ 18᠎ᠤ ᠡᠳᠦᠷ᠂ ᠠᠷᠠᠳ᠎ᠤᠨ ᠳᠡᠭᠡᠳᠦ ᠰᠢᠭᠦᠬᠦ ᠬᠣᠷᠢᠶ᠎ᠠ 《ᠠᠷᠠᠳ᠎ᠤᠨ ᠰᠢᠭᠦᠬᠦ ᠬᠣᠷᠢᠶ᠎ᠠ᠎ᠶᠢᠨ ᠨᠠᠰᠤᠨ᠎ᠳᠤ ᠥᠯᠥ ᠭᠦᠷᠦᠭᠰᠡᠳ᠎ᠲᠦ ᠬᠣᠯᠪᠣᠭᠳᠠᠭᠰᠠᠨ ᠢᠷᠭᠡᠨ᠎ᠦ ᠬᠡᠷᠡᠭ᠎ᠢ ᠰᠢᠭᠦᠨ ᠳᠠᠰᠤᠯᠠᠬᠤ ᠠᠵᠢᠯ᠎ᠤᠨ ᠵᠢᠯᠣᠭᠣᠳᠤᠮᠵᠢ》 ᠶ᠋ᠢ ᠨᠡᠢᠲᠡᠯᠡᠵᠦ᠂ ᠡᠯ᠎ᠡ ᠱᠠᠲᠤᠨ᠎ᠤ ᠰᠢᠭᠦᠬᠦ ᠬᠣᠷᠢᠶ᠎ᠠ᠎ᠶᠢᠨ ᠬᠣᠯᠪᠣᠭᠳᠠᠯ ᠪᠦᠬᠦᠢ ᠬᠡᠷᠡᠭ᠎ᠢ ᠬᠠᠤᠯᠢ ᠶᠣᠰᠣᠭᠠᠷ ᠲᠥᠪ ᠭᠣᠥᠯᠴᠢ᠎ᠪᠠᠷ ᠰᠢᠭᠦᠨ ᠳᠠᠰᠤᠯᠠᠬᠤ᠎ᠶᠢ ᠵᠢᠭᠠᠨ ᠵᠢᠯᠤᠭᠣᠳᠴᠤ᠂ ᠨᠠᠰᠤᠨ᠎ᠳᠤ ᠥᠯᠥ ᠭᠦᠷᠦᠭᠰᠡᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠨ᠂ ᠨᠠᠰᠤᠨ᠎ᠳᠤ ᠦᠯᠤ ᠬᠥᠷᠦᠭᠰᠡᠳ᠎ᠦᠨ ᠬᠠᠤᠯᠢ᠎ᠡᠴᠡ ᠵᠥᠷᠢᠴᠡᠵᠦ ᠶᠠᠯ᠎ᠠ ᠬᠢᠬᠦ᠎ᠶᠢ ᠤᠷᠢᠳᠴᠢᠯᠠᠨ ᠰᠡᠷᠭᠡᠢᠯᠡᠬᠦ ᠪᠠ ᠵᠠᠰᠠᠬᠤ ᠵᠢ ᠴᠢᠨᠭᠭᠠᠳᠬᠠᠵᠠᠢ᠃

✦ ᠤᠢᠷ᠎ᠠ ᠳ᠋ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ 3 ᠰᠠᠯᠠᠭ᠎ᠠ ᠮᠥᠴᠢᠷ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠵᠤ ᠦᠢᠯᠡᠰ᠎ᠦᠨ ᠥᠷᠢᠰᠦᠯᠳᠦᠭᠡᠨ᠎ᠦ ᠡᠮᠬᠢ ᠳᠢᠭ᠌ᠯᠢᠮ᠎ᠢ ᠤᠯᠠᠮ ᠵᠢᠷᠤᠮᠵᠢᠭᠤᠯᠬᠤ ᠲᠤᠬᠠᠢ ᠪᠠᠢᠷᠢᠯᠠᠭᠤᠯᠵᠤ᠂ ᠦᠨ᠎ᠡ ᠬᠠᠩᠰᠢ᠎ᠶᠢᠨ ᠬᠢᠨᠠᠨ ᠬᠡᠮᠵᠢᠯᠲᠡ ᠪᠣᠯᠣᠨ ᠥᠪᠡᠷ᠎ᠦᠨ ᠦᠷᠳᠡᠭ᠎ᠦᠨ ᠪᠠᠢᠴᠠᠭᠠᠯᠲᠠ᠎ᠶᠢ ᠴᠢᠩᠭᠠᠳᠬᠠᠵᠤ᠂ ᠮᠠᠰᠢᠨ ᠲᠡᠷᠭᠡᠨ ᠤ᠋ ᠲᠤᠬᠠᠢ ᠮᠥᠩᠭᠥᠨ ᠭᠦᠢᠯᠭᠡᠭᠡᠨ᠎ᠦ ᠲᠦᠷᠦ᠎ᠶᠢᠨ ᠪᠣᠳᠣᠯᠭ᠎ᠠ᠎ᠶᠢ ᠵᠢᠷᠤᠮᠵᠢᠭᠤᠯᠵᠤ᠂ ᠠᠵᠢᠯ ᠲᠦᠷᠦᠯ᠎ᠦᠨ ᠰᠦᠯᠵᠢᠶᠡᠨ᠎ᠦ ᠡᠮᠬᠢ ᠵᠠᠮᠪᠠᠷᠠᠭ᠎ᠠ ᠦᠭᠡᠢ ᠦᠵᠡᠭᠳᠡᠯ᠎ᠢ ᠤᠷᠳᠤ ᠬᠤᠭᠤᠴᠠᠭ᠎ᠠ᠎ᠪᠠᠷ ᠪᠦᠲᠦᠮᠵᠢᠲᠡᠢ ᠴᠡᠭᠴᠡᠯᠡᠨ ᠵᠠᠰᠠᠵᠤ᠂ ᠠᠵᠤ ᠠᠬᠤᠢᠯᠠᠯ᠎ᠤᠨ 60 ᠡᠳᠦᠷ᠎ᠦᠨ ᠲᠠᠩᠰᠠ᠎ᠶᠢᠨ ᠬᠤᠭᠤᠴᠠᠭᠠᠨ᠎ᠤ ᠠᠮᠠᠯᠠᠯᠲᠠ᠎ᠶᠢ ᠴᠢᠩᠭ᠎ᠠ ᠨᠠᠢᠳᠠᠪᠤᠷᠢᠵᠢᠭᠤᠯᠬᠤ᠎ᠶᠢ ᠱᠠᠯᠠᠪᠳᠠᠭᠤᠯᠬᠤ᠎ᠪᠠᠷ ᠱᠠᠭᠠᠷᠳᠠᠵᠠᠢ᠃

✦ ᠰᠤᠷᠭᠠᠨ ᠬᠥᠮᠦᠵᠢᠯ᠎ᠦᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ ᠰᠤᠷᠭᠠᠨ ᠬᠥᠮᠦᠵᠢᠯ᠎ᠦᠨ ᠶᠠᠮᠤᠨ 3 ︱ 5 ᠰᠠᠷ᠎ᠠ᠎ᠳᠤ ᠪᠥᠬᠥ ᠤᠯᠤᠰ᠎ᠤᠨ ᠬᠡᠪᠴᠢᠶᠡᠨ᠎ᠳᠦ 2026 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ 《ᠬᠠᠪᠤᠷ᠎ᠤᠨ ᠤᠯᠠᠷᠢᠯ᠎ᠤᠨ ᠠᠵᠢᠯ ᠣᠯᠭᠣᠯᠲᠠ᠎ᠶᠢ ᠠᠬᠢᠭᠤᠯᠬᠤ ᠪᠤᠭᠤᠮᠳᠠ ᠰᠢᠪᠲᠤᠯᠬᠤ ᠠᠵᠢᠯᠯᠠᠭ᠎ᠠ》 ᠥᠷᠨᠢᠭᠦᠯᠬᠦ᠎ᠪᠡᠷ ᠲᠣᠭᠲᠠᠪᠠ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 2026 ᠣᠨ᠎ᠳᠤ ᠥᠪᠥᠷ ᠮᠣᠩᠭᠣᠯ ᠬᠥᠳᠡᠭᠡ ᠲᠣᠰᠬᠣᠨ᠎ᠤ 《ᠠᠶᠠᠨᠴᠢᠨ ᠪᠠᠷᠠᠭ᠎ᠠ ᠰᠢᠤᠳᠠᠨ》᠎ᠢ ᠠᠭᠤᠰᠤᠯᠴᠠᠭᠤᠯᠤᠨ ᠬᠥᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠠᠭᠤᠰᠤᠯᠴᠠᠯ ᠤ᠋ᠨ ᠵᠠᠮ ᠱᠤᠭᠤᠮ᠎ᠢ 10%᠎ᠪᠠᠷ ᠨᠡᠮᠡᠭᠳᠡᠭᠦᠯᠬᠦ᠎ᠪᠡᠷ ᠴᠢᠷᠮᠠᠢᠵᠤ᠂ ᠠᠭᠤᠰᠤᠯᠴᠠᠯ ᠤ᠋ᠨ ᠨᠥᠬᠥᠴᠡᠯ᠎ᠢ ᠪᠦᠷᠢᠯᠳᠦᠭᠦᠯᠦᠭᠰᠡᠨ ᠬᠤᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠤ ᠪᠦᠷᠬᠦᠴᠡ᠎ᠶᠢᠨ ᠨᠣᠷᠮ᠎ᠠ᠎ᠶᠢ 60%᠎ᠳᠤ ᠬᠦᠷᠭᠡᠨ᠎ᠠ᠃

✦ 20᠎ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ᠎ᠤ ᠬᠤᠩᠱᠠᠨ ᠰᠣᠶᠣᠯ᠎ᠤᠨ ᠶᠠᠷᠢᠶᠠᠨ᠎ᠤ ᠲᠠᠪᠴᠠᠩ ᠵᠢᠴᠢ ᠤᠯᠠᠭᠠᠨᠬᠠᠳᠠ ᠶᠡᠬᠡ ᠰᠤᠷᠭᠠᠭᠤᠯᠢ᠎ᠶᠢᠨ ᠫᠠᠢᠰᠠ ᠰᠡᠬᠦᠬᠦ ᠶᠣᠰᠣᠯᠠᠯ ᠶᠠᠪᠤᠭᠳᠠᠵᠤ᠂ ᠤᠯᠠᠭᠠᠨᠬᠠᠳᠠ ᠳᠡᠭᠡᠳᠦ ᠰᠤᠷᠭᠠᠭᠤᠯᠢ᠎ᠶᠢᠨ ᠨᠡᠷ᠎ᠡ᠎ᠶᠢ ᠤᠯᠠᠭᠠᠨᠬᠠᠳᠠ ᠶᠡᠬᠡ ᠰᠤᠷᠭᠠᠭᠤᠯᠢ ᠭᠡᠵᠦ ᠬᠠᠯᠠᠬᠤ᠎ᠶᠢᠨ ᠬᠠᠮᠲᠤ ᠫᠠᠢᠰᠠ ᠰᠡᠬᠦᠪᠡ᠃ ᠡᠨᠡ ᠨᠢ ᠤᠯᠠᠭᠠᠨᠬᠠᠳᠠ᠎ᠶᠢᠨ ᠰᠤᠷᠭᠠᠨ ᠬᠥᠮᠦᠵᠢᠯ᠎ᠦᠨ ᠦᠢᠯᠡᠰ᠎ᠦᠨ ᠬᠥᠭᠵᠢᠯᠲᠡ᠎ᠶᠢᠨ ᠲᠡᠦᠬᠡᠨ᠎ᠳᠡᠬᠢ ᠨᠢᠭᠡᠨ ᠪᠠᠶᠠᠷᠲᠤ ᠶᠠᠪᠤᠳᠠᠯ᠂ ᠦᠪᠡᠳᠡᠭᠰᠢ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ ᠬᠤᠳᠠ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠳᠡᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ ᠲᠠᠢ ᠶᠡᠬᠡ ᠶᠠᠪᠤᠳᠠᠯ᠂ ᠴᠢᠬᠤᠯᠠ ᠶᠠᠪᠤᠳᠠᠯ ᠪᠣᠯᠣᠨ᠎ᠠ᠃

✦ 4 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠲᠦᠨᠭᠯᠢᠶᠤᠤ ᠬᠣᠲᠠ ᠦᠷᠡᠵᠢᠯ᠎ᠦᠨ ᠳᠠᠭᠠᠳᠬᠠᠯ᠎ᠤᠨ ᠰᠢᠨ᠎ᠡ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠳᠠᠭᠠᠳᠬᠠᠯ ᠳ᠋ᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ᠂ ᠡᠮᠴᠢᠯᠡᠭᠡᠨ᠎ᠦ ᠬᠠᠷᠠᠭᠠᠯᠵᠠᠯ᠂ ᠬᠠᠷᠠᠭᠠᠯᠵᠠᠯ ᠬᠦᠷᠲᠡᠬᠦ ᠳᠦᠷᠢᠮ ᠵᠢᠴᠢ ᠦᠷᠡᠵᠢᠯ᠎ᠦᠨ ᠨᠥᠬᠥᠪᠦᠷᠢ ᠵᠡᠷᠭᠡ ᠲᠠᠯ᠎ᠠ᠎ᠪᠠᠷ ᠰᠢᠯᠢᠳᠡᠭᠵᠢᠭᠦᠯᠦᠨ ᠲᠣᠬᠢᠷᠠᠭᠤᠯᠤᠯᠲᠠ  ᠬᠢᠵᠦ᠂ ᠨᠠᠩ ᠣᠯᠠᠨ ᠬᠥᠮᠥᠰ᠎ᠲᠦ ᠪᠠᠲᠤᠯᠠᠭ᠎ᠠ ᠬᠦᠷᠲᠡᠭᠡᠵᠦ᠂ ᠰᠦᠢᠳᠬᠡᠯ ᠲᠤᠰᠢᠶᠠᠬᠤ ᠳᠦᠷᠢᠮ᠎ᠢ ᠨᠠᠩ ᠲᠣᠳᠣᠷᠬᠠᠢ ᠪᠣᠯᠭᠠᠨ᠂ ᠡᠮ ᠡᠮᠨᠡᠯᠭᠡ᠎ᠶᠢᠨ ᠳᠠᠩᠰᠠ ᠡᠴᠠ ᠲᠠᠢᠯᠬᠤ᠎ᠳᠤ ᠨᠠᠩ ᠳᠥᠭᠥᠮ ᠪᠣᠯᠭᠠᠵᠤ᠂ ᠨᠥᠬᠥᠪᠦᠷᠢ ᠮᠥᠩᠭᠥ᠎ᠶᠢᠨ ᠬᠠᠷᠠᠭᠠᠯᠵᠠᠯ᠎ᠢ ᠨᠠᠩ ᠠᠳᠠᠯᠢ ᠲᠡᠭᠰᠢ ᠪᠣᠯᠭᠠᠬᠤ᠎ᠶᠢ ᠪᠡᠶᠡᠯᠡᠭᠦᠯᠬᠦ ᠪᠣᠯᠣᠨ᠎ᠠ᠃

✦ ᠨᠢᠳᠤᠨᠤᠨ ᠵᠢᠯ᠎ᠡᠴᠡ ᠨᠠᠭᠠᠰᠢ᠂ ᠠᠯᠠᠱᠠ ᠪᠠᠷᠠᠭᠤᠨ ᠬᠣᠰᠢᠭᠤ ᠠᠩᠬ᠎ᠠ ᠤᠳᠠᠭ᠎ᠠ 《ᠠᠳᠠᠯᠢ ᠬᠤᠭᠤᠴᠠᠭᠠᠨ᠎ᠳᠤ ᠣᠷᠣᠭ᠎ᠠ ᠣᠷᠣᠬᠤ + ᠡᠯᠧᠺᠲᠷᠣᠨ ᠮᠡᠷᠭᠡᠵᠢᠯ ᠎ᠢᠶᠡᠷ ᠦᠷ᠎ᠡ ᠡᠰ᠎ᠢ ᠠᠪᠬᠤ + ᠦᠷ᠎ᠡ ᠡᠰ᠎ᠢ ᠬᠥᠯᠳᠡᠭᠡᠬᠦ + ᠬᠥᠮᠥᠨ᠎ᠦ ᠬᠦᠴᠦ᠎ᠪᠡᠷ ᠬᠡᠭᠡᠯᠲᠦᠭᠦᠯᠬᠦ + ᠢᠩᠭᠡ᠎ᠶᠢ ᠪᠦᠲᠦᠮᠵᠢᠲᠡᠶ ᠬᠡᠭᠡᠯᠲᠦᠭᠦᠯᠬᠦ》 ᠪᠦᠬᠦ ᠶᠠᠪᠤᠴᠠ᠎ᠶᠢ ᠨᠢᠭᠡ ᠴᠣᠭᠴᠠᠵᠢᠭᠤᠯᠤᠭᠰᠠᠨ ᠦᠷᠡᠵᠢᠭᠦᠯᠦᠨ ᠪᠣᠢᠵᠢᠭᠤᠯᠬᠤ ᠮᠡᠷᠭᠡᠵᠢᠯ ᠦ᠋ᠨ ᠰᠢᠰᠲᠧᠮ᠎ᠢ ᠪᠡᠶᠡᠯᠡᠭᠦᠯᠵᠦ᠂ ᠮᠠᠨ᠎ᠤ ᠤᠯᠤᠰ᠎ᠦᠨ ᠬᠣᠣᠰ ᠪᠥᠬᠥᠲᠦ ᠲᠡᠮᠡᠭᠡ᠎ᠶᠢ ᠥᠨᠳᠥᠷ ᠪᠦᠲᠦᠮᠵᠢᠲᠡᠶ᠎ᠪᠡᠷ ᠦᠷᠡᠵᠢᠭᠦᠯᠦᠨ ᠪᠣᠢᠵᠢᠭᠤᠯᠬᠤ ᠮᠡᠷᠭᠡᠵᠢᠯ ᠦ᠋ᠨ ᠬᠣᠭᠣᠰᠤᠨ᠎ᠢ ᠨᠥᠬᠥᠪᠦᠷᠢᠯᠡᠨ᠂ ᠤᠯᠠᠮᠵᠢᠯᠠᠯᠲᠤ ᠦᠷᠡᠵᠢᠭᠦᠯᠦᠨ ᠪᠣᠢᠵᠢᠭᠤᠯᠬᠤ ᠬᠡᠯᠪᠡᠷᠢ᠎ᠡᠴᠡ ᠣᠳᠣᠬᠢᠴᠢᠯᠠᠭᠰᠠᠨ ᠦᠷᠡᠵᠢᠭᠦᠯᠦᠨ ᠪᠣᠢᠵᠢᠭᠤᠯᠬᠤ ᠴᠢᠬᠤᠯᠠ ᠶᠡᠬᠡ ᠳᠠᠪᠠᠯᠲᠠ᠎ᠶᠢ ᠪᠡᠶᠡᠯᠡᠭᠦᠯᠵᠡᠢ᠃

✦ ᠣᠢᠷ᠎ᠠ᠎ᠳᠤ ᠱᠠᠩᠬᠠᠢ᠎ᠶᠢᠨ ᠹᠧᠩ ᠹᠧᠢ ᠠᠭᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠰᠤᠳᠤᠯᠤᠨ ᠨᠡᠭᠡᠭᠡᠭᠰᠡᠨ ᠬᠦᠨᠳᠦ ᠬᠡᠯᠪᠡᠷᠢ᠎ᠶᠢᠨ ᠵᠢᠯᠣᠭᠣᠴᠢ ᠦᠭᠡᠢ ᠨᠢᠰᠬᠡᠯ V2000CG ᠨᠢ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠨᠡᠢᠭᠡᠮᠯᠢᠭ᠎ᠦᠨ ᠳ᠋ᠸᠩᠺᠸᠤ ᠠᠭᠠᠷ᠎ᠤᠨ ᠠᠶᠠᠯᠠᠯ᠎ᠤᠨ ᠨᠢᠰᠦᠯᠲᠡ᠎ᠶᠢᠨ ᠰᠠᠭᠤᠷᠢᠨ᠎ᠳᠤ ᠠᠮᠵᠢᠯᠳᠠ ᠲᠠᠢ ᠳᠤᠷᠰᠢᠨ ᠨᠢᠰᠪᠡ᠃ ᠡᠨᠡ ᠨᠢ ᠪᠠᠶᠠᠨᠨᠠᠭᠤᠷ ᠬᠣᠲᠠ᠎ᠶᠢᠨ ᠳ᠋ᠸᠩᠺᠸᠤ ᠰᠢᠶᠠᠨ᠎ᠤ ᠤᠢᠷ᠎ᠠ ᠤᠭᠲᠠᠷᠭᠤᠢ ᠵᠢᠨ ᠠᠵᠤ ᠠᠬᠤᠢ᠎ᠶᠢᠨ ᠬᠥᠭᠵᠢᠯᠲᠡ ᠵᠠᠩᠭᠢᠯᠠᠭ᠎ᠠ᠎ᠶᠢᠨ ᠠᠯᠬᠤᠮ ᠠᠯᠬᠤᠭᠰᠠᠨ᠎ᠢ ᠬᠠᠷᠠᠭᠤᠯᠵᠤ ᠪᠠᠢᠨ᠎ᠠ᠃

✦ ᠦᠦᠰᠢᠨ ᠬᠣᠰᠢᠭᠤᠨ᠎ᠤ ᠤᠯᠠᠭᠠᠨᠲᠣᠯᠤᠭᠠᠢ ᠪᠠᠯᠭᠠᠰᠤᠨ᠎ᠤ ᠮᠠᠯ᠎ᠤᠨ ᠡᠪᠡᠰᠦ ᠪᠣᠷᠳᠣᠭᠠᠨ᠎ᠤ ᠦᠢᠯᠡᠴᠢᠯᠡᠭᠡᠨ᠎ᠦ ᠲᠥᠪ᠎ᠡᠴᠡ ᠡᠷᠬᠢᠯᠡᠭᠰᠡᠨ ᠮᠠᠯᠴᠢᠨ ᠲᠠᠷᠢᠶᠠᠴᠢᠨ᠎ᠤ ᠬᠡᠷᠡᠭᠯᠡᠭᠡᠨ᠎ᠦ ᠮᠡᠷᠭᠡᠵᠢᠯ᠎ᠦᠨ ᠪᠣᠯᠪᠠᠰᠤᠷᠠᠯ ᠲᠦᠷᠦᠭᠦᠬᠡᠨ ᠤᠯᠠᠭᠠᠨᠲᠣᠯᠤᠭᠠᠢ ᠪᠠᠯᠭᠠᠰᠤᠨ᠎ᠳᠤ  ᠶᠠᠪᠤᠭᠳᠠᠪᠠ᠃ ᠲᠤᠰ ᠤᠳᠠᠭᠠᠨ᠎ᠤ ᠪᠣᠯᠪᠠᠰᠤᠷᠠᠯ ᠳ᠋ᠤ ᠥᠨᠳᠥᠷ ᠪᠦᠲᠦᠮᠵᠢᠲᠡᠶ᠎ᠪᠡᠷ ᠲᠡᠵᠢᠭᠡᠨ ᠦᠷᠡᠵᠢᠭᠦᠯᠬᠦ᠂ ᠮᠠᠯ᠎ᠤᠨ ᠬᠢᠵᠢᠭ ᠰᠡᠷᠭᠡᠢᠯᠡᠬᠦ᠂  ᠰᠢᠨᠵᠢᠯᠡᠬᠦ ᠤᠬᠠᠭᠠᠨᠴᠢ᠎ᠪᠠᠷ ᠮᠠᠯᠵᠢᠬᠤ᠂ ᠣᠷᠳᠣᠰ᠎ᠤᠨ ᠨᠠᠷᠢᠨ ᠨᠣᠣᠰᠣᠲᠤ ᠬᠣᠨᠢ᠎ᠶᠢ ᠠᠷᠠᠴᠢᠯᠠᠬᠤ ᠪᠠ ᠪᠣᠷᠳᠣᠨ ᠲᠠᠷᠭᠤᠯᠠᠭᠤᠯᠬᠤ ᠠᠷᠭ᠎ᠠ ᠵᠡᠷᠭᠡ ᠲᠠᠯ᠎ᠠ᠎ᠪᠠᠷ ᠲᠠᠢᠯᠤᠮᠵᠢ ᠬᠢᠭᠰᠡᠨ ᠪᠠᠢᠨ᠎ᠠ᠃


ᠠᠵᠤ ᠠᠬᠤᠢ

✦ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ 2026 ᠣᠨ᠎ᠤ ᠬᠠᠪᠤᠷ᠎ᠤᠨ ᠤᠯᠠᠷᠢᠯ᠎ᠤᠨ ᠡᠪᠡᠰᠦ ᠪᠣᠷᠳᠣᠭ᠎ᠠ ᠵᠠᠬᠢᠶᠠᠯᠠᠬᠤ ᠬᠤᠷᠠᠯ ᠤᠷᠴᠢᠮᠬᠠᠨ ᠶᠠᠪᠤᠭᠳᠠᠵᠤ᠂ 10 ᠭᠠᠷᠤᠢ ᠡᠪᠡᠰᠦ ᠪᠣᠷᠳᠣᠭᠠᠨ᠎ᠤ ᠠᠵᠤ ᠠᠬᠤᠢᠯᠠᠯ᠎ᠢ ᠴᠤᠭᠯᠠᠭᠤᠯᠤᠨ᠂ ᠦᠢᠯᠡᠳᠪᠦᠷᠢ᠎ᠡᠴᠡ ᠰᠢᠭᠤᠳ ᠪᠣᠷᠣᠯᠠᠭᠤᠯᠬᠤ᠂ ᠮᠠᠯᠴᠢᠳ᠎ᠲᠤ ᠠᠰᠢᠭ᠋ ᠬᠦᠷᠲᠡᠭᠡᠬᠦ ᠬᠡᠯᠪᠡᠷᠢ᠎ᠪᠡᠷ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ ᠪᠠᠢᠭᠤᠯᠵᠤ᠂ ᠮᠠᠯᠴᠢᠳ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠵᠦ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ᠂ ᠮᠠᠯ ᠠᠵᠤ ᠠᠬᠤᠢ᠎ᠶᠢᠨ ᠭᠠᠷᠤᠯᠳᠠ᠎ᠶᠢ ᠲᠣᠭᠲᠠᠪᠤᠷᠢᠵᠢᠭᠤᠯᠤᠨ ᠬᠠᠩᠭᠠᠯᠭ᠎ᠠ᠎ᠶᠢ ᠪᠠᠲᠤᠯᠠᠬᠤ ᠰᠠᠭᠤᠷᠢ᠎ᠶᠢ ᠪᠡᠬᠢᠵᠢᠭᠦᠯᠪᠡ᠃

✦ 2025 ᠣᠨ᠎ᠳᠤ᠂ ᠤᠯᠠᠭᠠᠢ ᠬᠠᠮᠢᠶᠠᠷᠤᠯᠲᠠ᠎ᠶᠢᠨ ᠣᠷᠣᠨ᠎ᠤ ᠬᠠᠩᠭᠠᠨ ᠪᠣᠷᠣᠯᠠᠭᠤᠯᠬᠤ ᠬᠣᠷᠰᠢᠶ᠎ᠠ ᠨᠢ ᠬᠠᠷᠢᠶ᠎ᠠ ᠣᠷᠣᠨ᠎ᠤ 7 ᠨᠡᠭᠡᠭᠡᠯᠲᠡᠲᠤ ᠬᠣᠷᠰᠢᠶ᠎ᠠ ᠡᠷᠭᠢᠯᠡᠬᠦ ᠠᠵᠤ ᠠᠬᠤᠢᠯᠠᠯ᠎ᠳᠤ ᠵᠢᠯᠣᠭᠣᠳᠤᠯᠭ᠎ᠠ᠎ᠶᠢᠨ ᠦᠢᠯᠡᠴᠢᠯᠡᠭᠡ ᠬᠠᠩᠭᠠᠵᠤ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠦᠢᠯᠭᠡᠭᠡᠨ᠎ᠦ ᠬᠦᠷᠢᠶᠡᠨ᠎ᠳᠦ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢ ᠠᠭᠤᠰᠤᠯᠴᠠᠭᠤᠯᠤᠭᠰᠠᠨ ᠣᠲᠣ᠌ ᠦᠶ᠎ᠡ᠎ᠶᠢᠨ ᠭᠦᠢᠯᠭᠡᠭᠡᠨ᠎ᠦ ᠰᠢᠰᠲᠧᠮ᠎ᠢ ᠪᠠᠢᠭᠤᠯᠵᠤ᠂ ᠪᠥᠬᠥ ᠵᠢᠯ᠎ᠳᠦ ᠨᠡᠶ᠋ᠢᠲᠡ 926 ᠲᠦᠮᠡᠨ ᠲᠥᠭᠥᠷᠢᠭ᠎ᠦᠨ ᠪᠣᠷᠤᠯᠠᠭᠤᠯᠭ᠎ᠠ᠎ᠶᠢᠨ ᠶᠡᠷᠦᠩᠬᠡᠢ ᠬᠡᠮᠵᠢᠶ᠎ᠡ᠎ᠶᠢ ᠪᠡᠶᠡᠯᠡᠭᠦᠯᠪᠡ᠃


ᠰᠣᠶᠣᠯ

✦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ᠎ᠶᠢᠨ ᠮᠡᠳᠡᠭᠡᠯᠡᠭᠰᠡᠨ᠎ᠢᠶᠡᠷ᠂ ᠬᠣᠩᠭᠢᠯ ᠬᠥᠭᠥᠷᠭᠡ᠎ᠶᠢ ᠬᠠᠮᠠᠭᠠᠯᠠᠬᠤ ᠭᠤᠷᠪᠠᠨ ᠵᠢᠯ᠎ᠦᠨ ᠠᠵᠢᠯᠯᠠᠭᠠᠨ᠎ᠤ ᠴᠢᠷᠮᠠᠢᠯᠭ᠎ᠠ᠎ᠪᠠᠷ ᠳᠡᠮᠵᠢᠨ ᠪᠥᠬᠥ ᠤᠯᠤᠰ᠎ᠤᠨ ᠬᠣᠩᠭᠢᠯ ᠬᠥᠭᠥᠷᠭᠡ ᠶ᠋ᠢᠨ ᠡᠬᠢ ᠪᠠᠶᠠᠯᠢᠭ᠋᠎ᠤᠨ ᠪᠠᠢᠳᠠᠯ᠎ᠢ ᠪᠥᠬᠥ ᠲᠠᠯ᠎ᠠ᠎ᠪᠠᠷ ᠲᠣᠳᠣᠷᠬᠠᠢ ᠣᠢᠯᠠᠭᠠᠵᠤ᠂ ᠬᠣᠩᠭᠢᠯ ᠬᠥᠭᠥᠷᠭᠡ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠶᠡᠷᠦᠩᠬᠡᠢ ᠲᠣᠭ᠎ᠠ 2193 ᠪᠠᠢᠵᠤ᠂ ᠨᠡᠮᠡᠭᠳᠡᠯ᠎ᠦᠨ ᠬᠡᠮᠵᠢᠶ᠎ᠡ ᠨᠢ 61% ᠶ᠋ᠢ ᠳᠠᠪᠠᠵᠠᠢ᠃

✦ ᠤᠢᠷ᠎ᠠ ᠳ᠋ᠤ ᠨᠢᠩᠴᠧᠩ᠎ᠤᠨ ᠤᠯᠤᠰ᠎ᠤᠨ ᠭᠠᠵᠠᠷ ᠰᠢᠨᠵᠢᠯᠡᠭᠡᠨ᠎ᠦ ᠴᠡᠴᠡᠷᠯᠢᠭ ᠬᠢᠭᠡᠳ ᠨᠡᠢᠰᠯᠡᠯ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠬᠢᠨ ᠤᠯᠠᠭᠠᠨᠬᠠᠳᠠ ᠬᠣᠲᠠ᠎ᠶᠢᠨ ᠨᠢᠩᠴᠧᠩ ᠰᠢᠶᠠᠨ᠎ᠠᠴᠠ ᠣᠲᠣ᠌ ᠠ᠋ᠴᠠ ᠪᠠᠷᠤᠭ 1.65 ᠳ᠋ᠦᠩᠰᠢᠭᠤᠷ ᠵᠢᠯ᠎ᠦᠨ ᠡᠮᠦᠨᠡᠬᠢ ᠳᠤᠮᠳᠠ ᠵᠦᠷ᠎ᠦᠨ ᠭᠠᠯᠪᠠ ᠵᠢᠨ ᠦᠶ᠎ᠡ᠎ᠶᠢᠨ ᠭᠠᠵᠠᠷ᠎ᠤᠨ ᠳᠠᠪᠬᠤᠷᠭ᠎ᠠ ᠡᠴᠠ ᠬᠣᠶᠠᠷ ᠵᠦᠢᠯ᠎ᠦᠨ ᠪᠦᠷᠢᠨ ᠪᠦᠲᠦᠨ ᠬᠠᠳᠠᠭᠠᠯᠠᠭᠳᠠᠵᠤ ᠪᠠᠢᠭ᠎ᠠ ᠪᠢᠰ᠎ᠦᠨ ᠲᠥᠷᠥᠯ᠎ᠦᠨ ᠰᠢᠪᠠᠵᠢ᠎ᠶᠢᠨ ᠴᠢᠯᠠᠭᠤᠵᠢᠮᠠᠯ᠎ᠢ ᠢᠯᠡᠷᠡᠭᠦᠯᠵᠡᠢ᠂ ᠡᠨᠡ ᠪᠣᠯ ᠮᠠᠨ᠎ᠤ ᠤᠯᠤᠰ᠎ᠤᠨ ᠳᠤᠳᠤᠭᠠᠳᠤ ᠳ᠋ᠤ ᠠᠩᠬ᠎ᠠ ᠤᠳᠠᠭ᠎ᠠ ᠪᠦᠷᠢᠨ ᠪᠦᠲᠦᠨ ᠬᠠᠳᠠᠭᠠᠯᠠᠭᠳᠠᠵᠤ ᠪᠠᠢᠭ᠎ᠠ ᠪᠦᠳᠦᠭᠦᠯᠢᠭ ᠪᠢᠰ᠎ᠦᠨ ᠢᠵᠠᠭᠤᠷ᠎ᠤᠨ ᠳᠠᠯᠠᠪᠴᠢ᠎ᠶᠢᠨ ᠰᠤᠳᠠᠯ᠎ᠤᠨ ᠥᠯᠢᠭᠡᠷ ᠬᠡᠪ᠎ᠢ ᠢᠯᠡᠷᠡᠭᠦᠯᠵᠦ ᠪᠠᠢᠭ᠎ᠠ ᠶᠠᠪᠤᠳᠠᠯ ᠪᠣᠯᠣᠨ᠎ᠠ᠃


ᠲᠠᠮᠢᠷ

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ ᠣᠢᠷ᠎ᠠ᠎ᠳᠤ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠮᠥᠩᠭᠥ 1077 ᠲᠦᠮᠡᠨ ᠲᠥᠭᠥᠷᠢᠭ᠎ᠢ ᠲᠤᠰ ᠤᠳᠠᠭᠠᠨ᠎ᠤ ᠴᠤᠭᠯᠠᠭᠠᠨ᠎ᠢ ᠳᠠᠭᠠᠭᠠᠴᠢᠯᠠᠨ ᠡᠷᠭᠢᠯᠡᠬᠦ ᠬᠣᠲᠠ ᠪᠤᠭᠤᠲᠤ ᠬᠣᠲᠠ᠎ᠳᠤ ᠪᠠᠭᠤᠯᠭᠠᠵᠤ᠂ ᠤᠷᠤᠯᠳᠤᠭᠠᠨ᠎ᠤ ᠪᠡᠯᠡᠳᠬᠡᠯ ᠪᠠ ᠵᠣᠬᠢᠶᠠᠨ ᠪᠠᠶ᠋ᠢᠭᠤᠯᠬᠤ ᠠᠵᠢᠯ᠎ᠳᠤ ᠳᠤᠰᠬᠠᠢ ᠬᠡᠷᠡᠭᠯᠡᠬᠦᠯᠪᠡ᠃


ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳ᠋ᠠᠨᠮᠠᠷᠺ᠎ᠤᠨ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠠᠮᠧᠷᠢᠺᠠ᠎ᠶᠢᠨ ᠭᠷᠢᠨᠯᠠᠨᠳ᠋ ᠠᠷᠠᠯ᠎ᠳᠤ ᠠᠪᠴᠤ ᠮᠡᠳᠡᠬᠦ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠶᠢ ᠠᠷᠭᠠᠴᠠᠭᠠᠬᠤ᠎ᠶᠢᠨ ᠲᠥᠯᠥᠭᠡ ᠳ᠋ᠠᠨᠮᠠᠷᠺ ᠡᠨᠡ ᠵᠢᠯ᠎ᠦᠨ 1 ᠰᠠᠷ᠎ᠠ᠎ᠳᠤ ᠪᠠᠴᠢᠮ ᠪᠠᠢᠳᠠᠯ᠎ᠢ ᠠᠷᠭᠠᠴᠠᠭᠠᠬᠤ ᠲᠥᠰᠥᠯ ᠪᠠᠢᠷᠢᠯᠠᠭᠤᠯᠵᠤ᠂ ᠠᠷᠠᠯ ᠳᠡᠭᠡᠷ᠎ᠡ ᠴᠡᠷᠢᠭ ᠲᠣᠮᠢᠯᠠᠨ ᠳᠠᠷᠢ ᠵᠥᠭᠡᠭᠡᠪᠦᠷᠢᠯᠡᠵᠦ ᠥᠩᠭᠡᠷᠡᠵᠡᠢ᠂ ᠴᠢᠬᠤᠯᠠᠲᠠᠢ ᠦᠶ᠎ᠡ᠎ᠳᠦ ᠨᠢᠰᠬᠡᠯ᠎ᠦᠨ ᠲᠠᠯᠠᠪᠤᠷ ᠤ᠋ᠨ ᠭᠦᠶᠦᠯᠲᠡ᠎ᠶᠢᠨ ᠵᠠᠮ᠎ᠢ ᠡᠪᠳᠡᠵᠦ᠂ ᠠᠮᠧᠷᠢᠺᠠ᠎ᠶᠢᠨ ᠴᠡᠷᠢᠭ᠎ᠦᠨ ᠲᠡᠭᠡᠭᠡᠪᠦᠷᠢ ᠶ᠋ᠢᠨ ᠨᠢᠰᠬᠡᠯ᠎ᠦᠨ ᠪᠠᠭᠤᠬᠤ᠎ᠶᠢ ᠬᠣᠷᠢᠭ᠍ᠯᠠᠬᠤ᠎ᠪᠠᠷ ᠪᠠᠢᠨ᠎ᠠ ᠭᠡᠵᠡᠢ᠃

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ 19᠎ᠦ ᠡᠳᠦᠷ ᠪᠦᠬᠦ ᠪᠥᠮᠪᠥᠷᠴᠡᠭ᠎ᠦᠨ ᠠᠷᠠᠯᠵᠢᠶᠠᠨ᠎ᠤ ᠪᠠᠷᠠᠯᠠᠯ᠎ᠤᠨ ᠬᠠᠮᠤᠭ᠎ᠤᠨ ᠰᠢᠨ᠎ᠡ ᠮᠡᠳᠡᠭᠦᠯᠦᠯᠲᠡ᠎ᠶᠢ ᠨᠡᠢᠲᠡᠯᠡᠵᠦ᠂ ᠵᠢᠱ᠌ᠢᠯᠲᠡ᠎ᠪᠡᠷ 2026 ᠣᠨ᠎ᠤ ᠪᠦᠬᠦ ᠪᠥᠮᠪᠥᠷᠴᠡᠭ᠎ᠦᠨ ᠪᠠᠷᠠᠭᠠᠨ᠎ᠤ ᠠᠷᠠᠯᠵᠢᠶᠠᠨ᠎ᠤ ᠨᠡᠮᠡᠭᠳᠡᠯ᠎ᠦᠨ ᠬᠤᠷᠳᠤᠴᠠ 1.9% ᠳ᠋ᠤ ᠬᠦᠷᠴᠦ᠂ 2025 ᠣᠨ᠎ᠤ ᠨᠡᠮᠡᠭᠳᠡᠯ᠎ᠦᠨ ᠬᠤᠷᠳᠤᠴᠠ᠎ᠠᠴᠠ ᠨᠡᠯᠢᠶᠡᠳ ᠶᠡᠬᠡ ᠪᠠᠭᠤᠷᠠᠬᠤ ᠪᠤᠯᠤᠨ᠎ᠠ᠃ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶᠢᠨ ᠠᠵᠤ ᠠᠬᠤᠢ᠎ᠶᠢᠨ ᠤᠬᠠᠭᠠᠨᠲᠠᠳ᠂ ᠣᠳᠣᠬᠠᠨ᠎ᠳᠤ ᠳᠤᠮᠳᠠᠳᠤ ᠳᠣᠷᠣᠨᠠᠲᠤ᠎ᠶᠢᠨ ᠮᠥᠷᠭᠥᠯᠳᠦᠭᠡᠨ ᠨᠢ ᠪᠦᠬᠦ ᠪᠥᠮᠪᠥᠷᠴᠡᠭ᠎ᠦᠨ ᠠᠷᠠᠯᠵᠢᠶᠠᠨ᠎ᠤ ᠨᠡᠮᠡᠭᠳᠡᠯ᠎ᠢ ᠤᠯᠠᠮ ᠴᠢᠨᠠᠭᠰᠢᠳᠠ ᠨᠥᠯᠥᠭᠡᠯᠡᠵᠦ ᠮᠡᠳᠡᠨ᠎ᠠ ᠭᠡᠵᠡᠢ᠃

 

ᠦᠢᠯᠡᠴᠢᠯᠡᠭᠡ

✦ ᠠᠯᠠᠱᠠ ᠠᠢᠮᠠᠭ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ ᠦᠢᠯᠡᠰ ᠦ᠋ᠨ ᠨᠢᠭᠡᠴᠢ 15 ᠠᠵᠢᠯᠲᠠᠨ ᠡᠯᠰᠡᠨ᠎ᠠ᠃ 


ᠲᠠᠨ᠎ᠤ ᠲᠤᠰᠠ᠎ᠳᠤ

✦ ᠭᠡᠵᠢᠭᠡ ᠤᠨᠠᠬᠤ ᠨᠢ ᠬᠡᠢ ᠴᠢᠰᠤ ᠳᠤᠲᠠᠭᠳᠠᠬᠤ᠂ ᠰᠥᠨᠢᠵᠢᠨ ᠰᠠᠭᠤᠭᠠᠳ ᠶᠠᠳᠠᠷᠠᠬᠰᠠᠨ᠎ᠲᠠᠢ ᠬᠤᠯᠪᠤᠭ᠎ᠠ᠎ᠲᠠᠢ ᠪᠠᠢᠳᠠᠭ᠃ ᠡᠳᠦᠷ ᠲᠤᠲᠤᠮ᠎ᠭᠦᠢᠴᠡᠳ ᠤᠨᠳᠠᠬᠤ ᠵᠢ ᠪᠠᠲᠤᠯᠠᠵᠤ᠂ ᠭᠤᠱᠤᠭᠤᠨ ᠲᠣᠰᠣᠯᠢᠭ᠋ ᠵᠦᠢᠯ᠎ᠢ ᠪᠠᠭ᠎ᠠ ᠢᠳᠡᠪᠡᠯ ᠵᠣᠬᠢᠨ᠎ᠠ᠃ ᠬᠠᠷ᠎ᠠ ᠮᠠᠭᠠᠵᠢ᠂ ᠬᠠᠷ᠎ᠠ ᠪᠤᠷᠴᠠᠭ᠂ ᠬᠤᠰᠢᠭ᠎ᠠ᠂ ᠤᠯᠠᠭᠠᠨ ᠴᠢᠪᠠᠭ᠎ᠠ ᠵᠡᠷᠭᠡ ᠬᠡᠢ ᠴᠢᠰᠤ᠎ᠶᠢ ᠲᠥᠯᠵᠢᠭᠦᠯᠬᠦ᠂ ᠡᠯᠢᠭᠡ ᠪᠥᠭᠡᠷ᠎ᠡ᠎ᠶᠢ ᠰᠢᠮᠡᠵᠢᠭᠦᠯᠬᠦ ᠢᠳᠡᠭᠡᠨ᠎ᠢ ᠦᠷᠭᠦᠯᠵᠢ ᠢᠳᠡᠵᠦ ᠪᠣᠯᠣᠨ᠎ᠠ᠃ ᠭᠡᠵᠢᠭᠡ ᠤᠬᠢᠶᠠᠬᠤ ᠳ᠋ᠠᠭᠠᠨ ᠤᠰᠤᠨ ᠤ᠋ ᠬᠠᠯᠠᠭᠤᠨ ᠢ᠋ ᠬᠡᠲᠦᠷᠬᠡᠢ ᠥᠨᠳᠥᠷ ᠪᠠᠢᠯᠭᠠᠵᠤ ᠪᠣᠯᠬᠤ ᠦᠭᠡᠢ᠃ ᠲᠣᠯᠣᠭᠠᠢ᠎ᠶᠢᠨ ᠠᠷᠠᠰᠤ᠎ᠶᠢ ᠵᠥᠭᠡᠯᠡᠨ ᠨᠤᠬᠤᠯᠠᠨ᠂ ᠴᠢᠰᠤᠨ᠎ᠤ ᠡᠷᠭᠢᠯᠲᠡ᠎ᠶᠢ ᠠᠬᠢᠭᠤᠯᠵᠦ ᠪᠤᠯᠤᠨ᠎ᠠ᠃ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠵᠤ᠂ ᠬᠡᠢ ᠴᠢᠰᠤ ᠵᠢ ᠭᠦᠢᠴᠡᠳ ᠪᠠᠢᠯᠭᠠᠪᠠᠯ᠂ ᠦᠰᠦ ᠭᠡᠵᠢᠭᠡ ᠠᠶᠠᠨᠳᠠᠭᠠᠨ ᠥᠩᠭᠡ ᠭᠢᠯᠪᠠᠭ᠎ᠠ᠎ᠲᠠᠢ ᠪᠣᠯᠳᠠᠭ᠃

ᠵᠠᠯᠭᠠᠭᠠᠳ 《ᠬᠠᠨ ᠠᠭᠤᠯᠠ ᠵᠢᠨ ᠢᠷᠭᠤᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号