3 ᠰᠠᠷ᠎ᠠ᠎ᠶ᠋ᠢᠨ 22᠎ᠦ ᠡᠳᠦᠷ
ᠡᠬᠢᠯᠡᠬᠦ᠌ ᠴᠠᠭ᠄
2026-03-22 11:12:54
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄

401.jpg


404.jpg


403.jpg


ᠨᠡᠢᠭᠡᠮ

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 16 ᠵᠤᠷᠪᠤᠰ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠳᠤᠷᠠᠳᠴᠤ᠂ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢ ᠠᠬᠢᠭᠤᠯᠪᠠ᠃

✦ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠣᠢᠷ᠎ᠠ᠎ᠳᠤ 《ᠬᠢᠯᠢ᠎ᠶᠢᠨ ᠳᠣᠲᠣᠷᠠᠬᠢ ᠠᠵᠤ ᠠᠬᠤᠢᠯᠠᠯ᠎ᠤᠨ ᠬᠢᠯᠢ᠎ᠶᠢᠨ ᠭᠠᠳᠠᠨ᠎ᠠ ᠵᠣᠭᠣᠰ ᠵᠢᠭᠡᠯᠡᠭᠦᠯᠬᠦ ᠬᠠᠮᠢᠶᠠᠷᠤᠯᠲᠠ᠎ᠶᠢᠨ ᠠᠷᠭ᠎ᠠ》 ᠵᠢ ᠳᠠᠷᠤᠮᠠᠯᠯᠠᠨ ᠲᠠᠷᠬᠠᠭᠠᠵᠤ᠂ ᠵᠣᠭᠣᠰ ᠵᠢᠭᠡᠯᠡᠭᠦᠯᠦᠭᠴᠢ ᠥᠪᠡᠷ᠎ᠦᠨ ᠪᠡᠯᠡ ᠮᠥᠩᠭᠥ᠎ᠪᠡᠨ ᠬᠡᠷᠡᠭᠯᠡᠨ ᠬᠢᠯᠢ᠎ᠶᠢᠨ ᠭᠠᠳᠠᠨ᠎ᠠ ᠵᠣᠭᠣᠰ ᠵᠢᠭᠡᠯᠡᠭᠦᠯᠬᠦ ᠲᠤᠬᠠᠢᠯᠠᠭᠰᠠᠨ ᠠᠵᠢᠯ ᠥᠷᠨᠢᠭᠦᠯᠬᠦ ᠬᠡᠷᠡᠭᠲᠡᠢ᠂ ᠬᠤᠪᠢ ᠬᠥᠮᠥᠨ᠎ᠦ ᠪᠡᠯᠡ ᠮᠥᠩᠭᠥ᠎ᠶᠢ ᠬᠡᠷᠡᠭᠯᠡᠬᠦ ᠪᠤᠶᠤ ᠥᠪᠡᠷ᠎ᠦᠨ ᠥᠭᠴᠡᠭᠡᠨ᠎ᠦ ᠪᠡᠯᠡ ᠲᠣᠬᠢᠷᠠᠭᠤᠯᠭ᠎ᠠ᠎ᠪᠠᠨ ᠠᠰᠢᠭ᠍ᠯᠠᠨ ᠬᠢᠯᠢ᠎ᠶᠢᠨ ᠭᠠᠳᠠᠨ᠎ᠠ ᠵᠣᠭᠣᠰ ᠵᠢᠭᠡᠯᠡᠭᠦᠯᠬᠦ᠎ᠳᠦ ᠪᠡᠯᠡ ᠮᠥᠩᠭᠥ᠎ᠶᠢᠨ ᠢᠷᠡᠯᠲᠡ ᠬᠠᠩᠭᠠᠵᠤ ᠪᠣᠯᠬᠤ ᠦᠭᠡᠢ ᠭᠡᠵᠡᠢ᠃

✦3 ᠰᠠᠷ᠎ᠠ᠎ᠵᠢᠨ 21᠎ᠦ ᠡᠳᠦᠷ ᠪᠣᠯ ᠣᠯᠠᠨ ᠤᠯᠤᠰ᠎ᠤᠨ ᠣᠶ ᠰᠢᠭᠤᠢ᠎ᠶᠢᠨ ᠡᠳᠦᠷ ᠪᠣᠯᠣᠨ᠎ᠠ᠂ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠮᠠᠨ᠎ᠤ ᠤᠯᠤᠰ᠎ᠤᠨ ᠣᠶ ᠰᠢᠭᠤᠢ᠎ᠶᠢᠨ ᠲᠠᠯᠠᠪᠠᠶ ᠪᠠ ᠣᠶ ᠰᠢᠭᠤᠢ᠎ᠶᠢᠨ ᠬᠠᠳᠠᠭᠠᠯᠠᠭᠳᠠᠴᠠ 40 ᠵᠢᠯ ᠳᠠᠷᠠᠭᠠᠯᠠᠨ ᠬᠣᠣᠰ ᠨᠡᠮᠡᠭᠳᠡᠯ᠎ᠢ ᠪᠡᠶᠡᠯᠡᠭᠦᠯᠵᠦ᠂ ᠪᠥᠬᠥ ᠳᠡᠯᠡᠬᠡᠢ᠎ᠳᠦ ᠨᠣᠭᠣᠭᠠᠷᠠᠭᠤᠯᠤᠯᠲᠠ᠎ᠶᠢ ᠬᠠᠮᠤᠭ᠎ᠤᠨ ᠲᠦᠷᠭᠡᠨ ᠪᠡᠶᠡᠯᠡᠭᠦᠯᠦᠭᠰᠡᠨ ᠤᠯᠤᠰ ᠪᠣᠯᠤᠭᠰᠠᠨ ᠪᠠᠢᠨ᠎ᠠ᠃

✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠵᠠᠮ ᠲᠡᠭᠡᠭᠡᠪᠦᠷᠢ᠎ᠶᠢᠨ ᠠᠵᠢᠯᠲᠠᠨ᠎ᠤ ᠬᠠᠮᠢᠶᠠᠷᠤᠯᠲᠠ᠎ᠶᠢᠨ ᠰᠢᠨ᠎ᠡ ᠲᠣᠭᠲᠠᠭᠠᠯ᠎ᠢ ᠦᠨᠳᠦᠰᠦᠯᠡᠪᠡᠯ᠂ 20᠎ᠤ ᠡᠳᠦᠷ᠎ᠡᠴᠡ ᠡᠬᠢᠯᠡᠨ ᠡᠵᠡᠩᠨᠡᠯᠲᠡ᠎ᠶᠢᠨ ᠴᠢᠨᠠᠷᠲᠠᠢ ᠠᠶᠠᠨᠴᠢᠳ᠎ᠤᠨ ᠪᠠ ᠪᠠᠷᠠᠭᠠᠨ᠎ᠤ ᠲᠡᠭᠡᠭᠡᠪᠦᠷᠢ᠎ᠶᠢᠨ ᠵᠢᠯᠣᠭᠣᠴᠢ᠂ ᠵᠠᠮ ᠲᠡᠭᠡᠭᠡᠪᠦᠷᠢ᠎ᠶᠢᠨ ᠠᠵᠢᠯᠲᠠᠨ ᠵᠡᠷᠭᠡ ᠠᠵᠢᠯ᠎ᠤᠨ ᠪᠠᠢᠷᠢ᠎ᠳᠦ ᠠᠵᠢᠯᠯᠠᠬᠤ ᠨᠠᠰᠤᠨ᠎ᠤ ᠳᠡᠭᠡᠳᠦ ᠬᠢᠵᠠᠭᠠᠷ᠎ᠢ ᠪᠦᠬᠦᠯᠢ 60 ᠨᠠᠰᠤ ᠪᠠᠢᠭᠰᠠᠨ᠎ᠠᠴᠠ ᠪᠦᠬᠦᠯᠢ 63 ᠨᠠᠰᠤ ᠪᠣᠯᠲᠠᠯ᠎ᠠ ᠤᠷᠲᠤᠳᠬᠠᠵᠠᠢ᠃

✦ᠣᠢᠷ᠎ᠠ᠎ᠳᠤ ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠠᠩᠬ᠎ᠠ ᠤᠳᠠᠭ᠎ᠠ ᠬᠡᠭᠡᠷ᠎ᠡ᠎ᠶᠢᠨ ᠲᠤᠲᠤᠷᠭ᠎ᠠ᠎ᠶᠢ ᠣᠯᠠᠨ ᠵᠢᠯ᠎ᠵᠢᠡᠷ ᠳᠠᠷᠢᠵᠤ ᠳᠡᠢᠯᠬᠦ᠎ᠶᠢ ᠲᠣᠭᠲᠠᠭᠠᠬᠤ ᠵᠠᠩᠭᠢᠯᠠᠭ᠎ᠠ᠎ᠶᠢᠨ ᠭᠧᠨ᠎ᠢ ᠢᠯᠡᠷᠡᠭᠦᠯᠵᠦ᠂ ᠨᠢᠭᠡ ᠤᠳᠠᠭ᠎ᠠ ᠲᠠᠷᠢᠪᠠᠯ ᠣᠯᠠᠨ ᠵᠢᠯ ᠬᠤᠷᠢᠶᠠᠵᠤ ᠪᠣᠯᠬᠤ 《ᠣᠷᠳᠣ᠌ ᠨᠠᠰᠤᠲᠤ ᠤᠰᠤᠨ ᠲᠤᠲᠤᠷᠭ᠎ᠠ》 ᠵᠢ ᠪᠤᠢᠵᠢᠭᠤᠯᠪᠠ᠃

✦ᠰᠢᠯᠢ᠎ᠶᠢᠨ ᠭᠣᠣᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠦ ᠡᠮ ᠬᠡᠷᠡᠭᠯᠡᠬᠦ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠡᠮᠴᠢᠯᠡᠭᠡᠨ᠎ᠳᠦ ᠬᠡᠷᠡᠭᠯᠡᠬᠦ ᠡᠮ᠎ᠦᠨ ᠲᠣᠭᠲᠠᠭᠤᠨ ᠬᠠᠩᠭᠠᠯᠭ᠎ᠠ᠎ᠶᠢ ᠪᠠᠲᠤᠯᠠᠬᠤ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ ᠣᠲᠣᠬᠠᠨ᠎ᠳᠦ ᠤᠯᠤᠰ᠎ᠠᠴᠠ ᠵᠣᠬᠢᠶᠠᠨ ᠪᠠᠢᠭᠤᠯᠵᠤ ᠡᠮ᠎ᠦᠨ ᠵᠦᠢᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠠᠷᠪᠠᠨ ᠨᠢᠭᠡᠳᠦᠭᠡᠷ ᠪᠦᠯᠦᠭ᠎ᠦᠨ ᠰᠣᠩᠭᠣᠭᠳᠠᠭᠰᠠᠨ ᠦᠷ᠎ᠡ ᠳ᠋ᠦᠩ᠎ᠢ ᠪᠥᠬᠥ ᠲᠠᠯ᠎ᠠ᠎ᠪᠠᠷ ᠬᠡᠷᠡᠭᠵᠢᠭᠦᠯᠪᠡ᠃

✦3 ᠰᠠᠷ᠎ᠠ᠎ᠶᠢᠨ 20᠎ᠤ ᠡᠳᠦᠷ᠎ᠡᠴᠡ ᠡᠬᠢᠯᠡᠨ ᠬᠥᠬᠡᠬᠣᠲᠠ 《2026 ᠬᠥᠬᠡᠬᠣᠲᠠ᠎ᠶᠢᠨ ᠴᠠᠭᠠᠰᠤᠨ ᠰᠢᠪᠠᠭᠤ᠎ᠶᠢᠨ ᠤᠷᠠᠯᠢᠭ᠋᠎ᠤᠨ ᠤᠯᠠᠷᠢᠯ》᠎ᠤᠨ  ᠭᠣᠣᠯ ᠰᠡᠳᠦᠪᠲᠦ ᠠᠵᠢᠯᠯᠠᠭ᠎ᠠ᠎ᠶᠢ ᠡᠷᠬᠢᠯᠡᠨ ᠶᠠᠪᠤᠭᠳᠠᠭᠤᠯᠵᠤ᠂  ᠠᠵᠢᠯᠯᠠᠭ᠎ᠠ ᠨᠢ 4 ᠰᠠᠷ᠎ᠠ᠎ᠶᠢᠨ 6᠎ᠤ ᠡᠳᠦᠷ ᠪᠣᠯᠲᠠᠯ᠎ᠠ ᠶᠠᠪᠤᠭᠳᠠᠨ᠎ᠠ᠃

✦ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠣᠢᠷ᠎ᠠ᠎ᠳᠤ 2026 ᠣᠨ᠎ᠤ ᠨᠢᠭᠡᠳᠦᠭᠡᠷ ᠪᠦᠯᠦᠭ ᠲᠥᠪ᠎ᠦᠨ ᠡᠳ᠋᠎ᠦᠨ ᠵᠠᠰᠠᠭ᠎ᠠᠴᠠ ᠣᠷᠣᠨ ᠨᠤᠲᠤᠭ᠎ᠤᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ᠎ᠶᠢ ᠳᠡᠮᠵᠢᠬᠦ ᠲᠤᠰᠬᠠᠢ ᠪᠡᠯᠡ ᠮᠥᠩᠭᠥ᠎ᠶᠢ 6.87 ᠳ᠋ᠦᠩᠰᠢᠭᠤᠷ ᠲᠥᠭᠥᠷᠢᠭ ᠪᠠᠭᠤᠯᠭᠠᠵᠤ᠂ ᠣᠲᠣ᠌ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ ᠪᠠᠶ᠋ᠢᠭᠤᠯᠬᠤ᠎ᠶᠢ ᠠᠬᠢᠭᠤᠯᠵᠤ᠂ ᠠᠷᠠᠳ ᠣᠯᠠᠨ᠎ᠤ ᠦᠨᠳᠦᠰᠦᠨ ᠰᠣᠶᠣᠯ᠎ᠤᠨ ᠡᠷᠬᠡ ᠠᠰᠢᠭ᠋᠎ᠢ ᠦᠨᠡᠨᠬᠦ ᠪᠠᠲᠤᠯᠠᠬᠤ᠎ᠶᠢ ᠵᠤᠷᠢᠪᠠ᠃

✦ᠲᠦᠷᠦᠭᠦᠬᠡᠨ ᠵᠢᠷᠭᠤᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠪᠠᠷᠠᠭᠤᠨ ᠬᠡᠰᠡᠭ ᠤᠷᠤᠨ᠎ᠤ ᠬᠠᠪᠤᠷ᠎ᠤᠨ ᠲᠠᠷᠢᠶᠠᠯᠠᠩ᠎ᠤᠨ ᠮᠠᠰᠢᠨ᠎ᠤ ᠦᠵᠡᠰᠬᠦᠯᠡᠩ ᠪᠠᠶᠠᠨᠨᠠᠭᠤᠷ ᠬᠤᠲᠠ᠎ᠵᠢᠨ ᠯᠢᠨᠾᠸ ᠲᠤᠭᠤᠷᠢᠭ᠎ᠲᠦ ᠭᠤᠷᠪᠠᠨ ᠡᠳᠦᠷ᠎ᠤᠨ ᠬᠤᠭᠤᠴᠠᠭ᠎ᠠ ᠲᠠᠢ ᠶᠠᠪᠤᠭᠳᠠᠵᠠᠢ᠃

✦ᠬᠠᠪᠤᠷ᠎ᠤᠨ ᠲᠠᠷᠢᠶᠠᠯᠠᠭ᠎ᠠ᠎ᠶᠢᠨ ᠴᠠᠭ ᠬᠦᠷᠴᠦ ᠢᠷᠡᠬᠦ ᠲᠠᠰᠢᠷᠠᠮ᠎ᠳᠤ᠂ ᠤᠷᠳᠤᠰ ᠬᠤᠲᠠ᠎ᠵᠢᠨ ᠣᠲᠤᠭ᠎ᠤᠨ ᠡᠮᠦᠨᠡᠲᠦ ᠬᠣᠰᠢᠭᠤᠨ᠎ᠤ ᠬᠢᠨ ᠤᠢᠷ᠎ᠠ᠎ᠳᠦ ᠳᠥᠷᠪᠡᠨ ᠪᠠᠯᠭᠠᠰᠤ᠎ᠶᠢᠨ 1000 ᠭᠠᠷᠤᠢ ᠮᠠᠯᠴᠢᠨ᠎ᠳᠦ ᠬᠠᠪᠤᠷ᠎ᠤᠨ ᠲᠠᠷᠢᠶᠠᠯᠠᠭ᠎ᠠ᠎ᠶᠢᠨ ᠪᠣᠯᠪᠠᠰᠤᠷᠠᠯ ᠬᠦᠷᠲᠡᠭᠡᠨ᠂ ᠮᠡᠷᠭᠡᠵᠢᠯ᠎ᠦᠨ ᠵᠢᠯᠣᠭᠣᠳᠤᠯᠭ᠎ᠠ ᠬᠢᠵᠡᠢ᠃

 

ᠰᠤᠶᠤᠯ                       

✦3 ᠰᠠᠷ᠎ᠠ᠎ᠵᠢᠨ 20᠎ᠤ ᠡᠳᠦᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠠᠴᠠ ᠭᠣᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ᠎ᠤ CMG ᠳᠤᠮᠳᠠᠳᠤ ᠤᠯᠤᠰ᠎ᠤᠨ ᠺᠢᠨᠣ᠋᠎ᠶᠢᠨ ᠦᠪᠡᠳᠡᠭᠰᠢ ᠶᠣᠰᠣᠯᠠᠯ ᠪᠡᠭᠡᠵᠢᠩ᠎ᠳᠦ ᠶᠠᠪᠤᠭᠳᠠᠪᠠ᠃

 

ᠲᠠᠮᠢᠷ

✦2026 ᠣᠨ᠎ᠤ ᠳᠤᠮᠳᠠᠳᠤ ᠤᠯᠤᠰ᠎ᠤᠨ ᠤᠮᠪᠠᠯᠲᠠ᠎ᠶᠢᠨ ᠢᠯᠠ ᠤᠷᠤᠯᠳᠤᠭᠠᠨ᠎ᠤ ᠡᠷᠡᠭᠲᠡᠢ᠎ᠶᠢᠨ 50 ᠮᠧᠲᠷ᠎ᠦᠨ ᠴᠢᠯᠦᠭᠡᠲᠦ ᠤᠮᠪᠠᠯᠲᠠ ᠵᠢᠨ A ᠳᠤᠭᠤᠢᠯᠠᠩ᠎ᠤᠨ ᠰᠢᠢᠳᠪᠦᠷᠢᠲᠦ ᠤᠷᠤᠯᠳᠤᠭᠠᠨ᠎ᠳᠤ᠂ ᠠᠦ᠋ᠰᠲᠷᠠᠯᠢᠶ᠎ᠠ᠎ᠶᠢᠨ ᠲᠠᠮᠢᠷᠴᠢᠨ ᠮᠸᠺᠸᠸᠶᠢ 20 ᠰᠧᠺᠦ᠋ᠨ᠋ᠳ᠋ 88 ᠵᠢᠨ ᠬᠢᠷᠢ ᠪᠦᠲᠦᠮᠵᠢ᠎ᠪᠡᠷ 17 ᠵᠢᠯ᠎ᠦᠨ ᠲᠤᠷᠰᠢᠬᠢ ᠳᠡᠯᠡᠬᠡᠢ᠎ᠶᠢᠨ ᠲᠡᠮᠳᠡᠭᠯᠡᠯ᠎ᠢ ᠰᠢᠨᠡᠳᠬᠡᠪᠡ᠃

✦ᠲᠦᠷᠦᠭᠦᠬᠡᠨ ᠳᠤᠮᠳᠠᠳᠤ ᠤᠯᠤᠰ᠎ᠤᠨ ᠡᠷᠡᠭᠲᠡᠢ᠎ᠶᠢᠨ ᠬᠥᠯ ᠪᠥᠮᠪᠥᠭᠡ᠎ᠶᠢᠨ ᠠᠩᠭᠢ ᠰᠢᠨ᠎ᠡ ᠨᠢᠭᠡ ᠬᠤᠭᠤᠴᠠᠭᠠᠨ᠎ᠤ 26 ᠬᠥᠮᠥᠨ᠎ᠦ ᠲᠥᠪᠯᠡᠷᠡᠭᠦᠯᠦᠨ ᠪᠣᠯᠪᠠᠰᠤᠷᠠᠭᠤᠯᠬᠤ ᠨᠡᠷᠡᠰ᠎ᠢ ᠨᠡᠢᠲᠡᠯᠡᠵᠦ᠂ ᠵᠠᠩ ᠢᠦᠢ ᠨᠢᠩ᠂ ᠰᠢᠦᠢ ᠪᠢᠨ ᠵᠡᠷᠭᠡ ᠪᠥᠮᠪᠥᠭᠡᠴᠢᠨ ᠨᠡᠷᠡᠰ᠎ᠤᠨ ᠵᠢᠭ᠍ᠰᠠᠭᠠᠯᠲᠠ᠎ᠳᠤ ᠣᠷᠣᠵᠠᠢ᠃


ᠳᠡᠯᠡᠬᠡᠢ

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠤᠮᠠᠷᠠᠲᠤ ᠠᠲᠯᠠᠨᠲ ᠳᠠᠯᠠᠢ᠎ᠶᠢᠨ ᠨᠡᠶ᠋ᠢᠲᠡ᠎ᠶᠢᠨ ᠭᠡᠷ᠎ᠡ᠎ᠶᠢᠨ ᠵᠣᠬᠢᠶᠠᠨ ᠪᠠᠢᠭᠤᠯᠤᠯᠲᠠ᠎ᠶᠢᠨ ᠰᠣᠨᠢᠨ ᠮᠡᠳᠡᠭᠡᠨ᠎ᠦ ᠥᠭᠦᠯᠡᠭᠴᠢ 20᠎ᠤ ᠡᠳᠦᠷ ᠢᠯᠡᠷᠬᠡᠢᠯᠡᠬᠦ᠎ᠳᠡᠭᠡᠨ᠂ ᠳᠤᠮᠳᠠᠳᠤ ᠳᠣᠷᠣᠨᠠᠲᠤ᠎ᠶᠢᠨ ᠪᠠᠢᠳᠠᠯ᠎ᠤᠨ ᠨᠥᠯᠥᠭᠡ᠎ᠪᠡᠷ ᠤᠮᠠᠷᠠᠲᠤ ᠠᠲᠯᠠᠨᠲ ᠳᠠᠯᠠᠢ᠎ᠶᠢᠨ ᠨᠡᠶ᠋ᠢᠲᠡ᠎ᠶᠢᠨ ᠭᠡᠷ᠎ᠡ᠎ᠶᠢᠨ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ ᠢᠷᠠᠺ᠎ᠲᠠᠬᠢ ᠪᠣᠯᠪᠠᠰᠤᠷᠠᠯ᠎ᠤᠨ ᠡᠭᠦᠷᠭᠡ᠎ᠪᠡᠨ ᠲᠦᠷ ᠵᠣᠭᠰᠣᠭᠠᠵᠤ᠂ ᠢᠷᠠᠺ᠎ᠠᠴᠠ ᠪᠤᠢ ᠪᠦᠬᠦᠢ ᠬᠥᠮᠥᠰ᠎ᠢᠶᠡᠨ ᠲᠠᠲᠠᠵᠤ ᠭᠠᠷᠭᠠᠬᠤ᠎ᠪᠠᠷ ᠲᠣᠭᠲᠠᠪᠠ᠃

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠣᠯᠠᠨ ᠤᠯᠤᠰ᠎ᠤᠨ ᠡᠨᠧᠷᠭᠢ᠎ᠶᠢᠨ ᠵᠠᠬᠢᠷᠭ᠎ᠠ 19᠎ᠦ ᠡᠳᠦᠷ ᠠᠯᠪᠠᠨ ᠮᠡᠳᠡᠭᠡ ᠨᠡᠢᠲᠡᠯᠡᠵᠦ᠂ ᠪᠦᠷᠢᠯᠳᠦᠭᠦᠨ ᠤᠯᠤᠰ᠎ᠤᠳ 4 ᠳ᠋ᠦᠩᠰᠢᠭᠤᠷ ᠲᠦᠩᠰᠡ ᠪᠠᠢᠯᠳᠤᠬᠤ ᠪᠣᠳᠣᠯᠭ᠎ᠠ᠎ᠶᠢᠨ ᠴᠢᠯᠠᠭᠤᠨ ᠲᠣᠰᠣᠨ᠎ᠤ ᠨᠥᠭᠡᠴᠡ᠎ᠶᠢ ᠬᠡᠷᠡᠭᠯᠡᠬᠦ᠎ᠪᠡᠷ ᠰᠠᠨᠠᠯ ᠨᠢᠭᠡᠲᠡᠢ ᠲᠣᠭᠲᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠨᠥᠭᠡᠴᠡ᠎ᠶᠢ ᠨᠢᠭᠡᠨᠲᠡ ᠵᠠᠬ᠎ᠠ ᠳᠡᠯᠭᠡᠭᠦᠷ᠎ᠲᠦ ᠭᠠᠷᠭᠠᠵᠤ ᠡᠬᠢᠯᠡᠪᠡ ᠭᠡᠵᠡᠢ᠃

 

ᠦᠢᠯᠡᠴᠢᠯᠡᠭᠡ

✦ᠨᠠᠢ᠍ᠮᠠᠨ ᠬᠣᠰᠢᠭᠤᠨ᠎ᠤ ᠮᠣᠩᠭᠣᠯ ᠡᠮᠨᠡᠯᠭᠡ᠎ᠶᠢᠨ ᠬᠣᠷᠢᠶ᠎ᠠ 10 ᠰᠤᠪᠢᠯᠠᠭ᠍ᠴᠢ ᠡᠯᠰᠡᠵᠤ ᠪᠤᠢ᠃ 

 

ᠲᠠᠨ᠎ᠤ ᠲᠤᠰᠠ᠎ᠳᠤ 

✦ᠣᠷᠳᠣ᠌ ᠬᠤᠭᠤᠴᠠᠭ᠎ᠠ᠎ᠪᠠᠷ ᠤᠷᠮ᠎ᠠ᠎ᠰᠡᠳᠬᠢᠯᠭᠡ ᠮᠠᠭᠤᠳᠠᠬᠤ ᠨᠢ ᠠᠷᠭ᠎ᠠ ᠬᠡᠢ᠎ᠶᠢᠨ ᠨᠡᠪᠲᠡᠷᠡᠬᠦ᠎ᠶᠢ ᠨᠥᠯᠥᠭᠡᠯᠡᠵᠦ᠂ ᠠᠮᠠᠷᠬᠠᠨ ᠲᠣᠯᠣᠭᠠᠢ ᠡᠷᠭᠢᠬᠦ᠂ ᠴᠡᠭᠡᠵᠢ ᠪᠢᠲᠡᠭᠦᠷᠡᠬᠦ᠂ ᠬᠣᠳᠣᠭᠣᠳᠤ ᠬᠥᠭᠡᠭᠡᠬᠦ ᠵᠡᠷᠭᠡ ᠪᠠᠢᠳᠠᠯ ᠢᠯᠡᠷᠡᠳᠡᠭ᠃ ᠥᠪᠡᠷ᠎ᠦᠨ ᠳᠤᠷ᠎ᠠ ᠪᠠᠬ᠎ᠠ᠎ᠪᠠᠨ ᠬᠥᠮᠥᠵᠢᠭᠦᠯᠵᠦ᠂ ᠰᠡᠳᠬᠢᠴᠡ᠎ᠶᠢᠨ ᠳᠠᠷᠤᠭᠠᠰᠤ᠎ᠪᠠᠨ ᠬᠥᠩᠭᠡᠷᠡᠭᠦᠯᠦᠨ᠂ ᠰᠡᠳᠬᠢᠯ ᠰᠠᠨᠠᠭ᠎ᠠ᠎ᠪᠡᠨ ᠪᠠᠶᠠᠷ ᠬᠥᠷ᠎ᠲᠠᠢ ᠪᠠᠢᠯᠭᠠᠵᠤ᠂ ᠤᠷᠮ᠎ᠠ ᠰᠡᠳᠬᠢᠯᠭᠡ᠎ᠪᠡᠨ ᠬᠥᠭᠵᠢᠭᠡᠬᠦ ᠨᠢ ᠪᠡᠶ᠎ᠡ ᠮᠠᠬᠠᠪᠤᠳ᠎ᠲᠦ ᠠᠰᠢᠭᠲᠠᠢ᠃

ᠵᠠᠯᠭᠠᠭᠠᠳ《ᠠᠮᠤᠷ ᠪᠠᠶᠠᠰᠬᠤᠯᠠᠩ᠎ᠤᠨ ᠳᠠᠭᠤᠤ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号