


ᠨᠡᠢᠭᠡᠮ
✦ᠲᠠᠷᠢᠶᠠᠯᠠᠩ ᠤᠨ ᠪᠠᠢᠳᠠᠯ ᠤᠨ ᠬᠠᠮᠤᠭ ᠤᠨ ᠰᠢᠨ᠎ᠡ ᠲᠣᠬᠢᠷᠠᠭᠤᠯᠤᠯᠲᠠ᠎ᠠᠴᠠ
ᠦᠵᠡᠪᠡᠯ᠂ ᠪᠥᠬᠥ ᠤᠯᠤᠰ᠎ᠤᠨ ᠡᠷᠲᠡ᠎ᠶᠢᠨ ᠲᠤᠲᠤᠷᠭ᠎ᠠ᠎ᠶᠢᠨ ᠴᠢᠬᠢ ᠪᠣᠢᠵᠢᠭᠤᠯᠬᠤ ᠠᠵᠢᠯ ᠨᠢᠭᠡᠨᠲᠡ ᠭᠤᠷᠪᠠᠨ ᠬᠤᠪᠢ
ᠬᠠᠭᠠᠰ᠎ᠢ ᠳᠠᠪᠠᠵᠤ᠂ ᠠᠬᠢᠴᠠ ᠨᠢ ᠨᠢᠳᠤᠨᠤᠨ᠎ᠤ ᠬᠢ᠎ᠡᠴᠡ ᠲᠦᠷᠭᠡᠨ ᠪᠠᠢᠨ᠎ᠠ᠃
✦ᠤᠯᠤᠰ᠎ᠤᠨ ᠡᠨᠧᠷᠭᠢ᠎ᠶᠢᠨ ᠳᠤᠪᠴᠢᠶ᠎ᠠ ᠵᠢᠨ ᠮᠡᠳᠡᠭᠡ᠎ᠶᠢ ᠦᠨᠳᠦᠰᠦᠯᠡᠪᠡᠯ᠂
2026 ᠣᠨ᠎ᠤ 2 ᠰᠠᠷ᠎ᠠ᠎ᠶᠢᠨ ᠰᠡᠭᠦᠯᠴᠢ
ᠪᠣᠯᠲᠠᠯ᠎ᠠ ᠮᠠᠨ᠎ᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢᠨ ᠶᠡᠷᠦᠩᠬᠡᠢ ᠲᠣᠭ᠎ᠠ 2101 ᠲᠦᠮᠡ᠎ᠳᠦ ᠬᠦᠷᠴᠡᠢ᠃
✦ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 2026 ᠤᠨ᠎ᠤ ᠡᠩ᠎ᠤᠨ ᠶᠡᠬᠡ ᠳᠡᠭᠡᠳᠦ ᠰᠤᠷᠭᠠᠭᠤᠯᠢ᠎ᠶᠢᠨ ᠲᠠᠮᠢᠷ᠎ᠤᠨ ᠪᠣᠯᠪᠠᠰᠤᠷᠠᠯ᠂ ᠵᠡᠪᠰᠡᠭ᠎ᠦᠨ ᠡᠷᠳᠡᠮ ᠪᠤᠯᠤᠨ
ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠦᠨ ᠲᠤᠰᠬᠠᠢ ᠮᠡᠷᠭᠡᠵᠢᠯ᠎ᠦᠨ ᠰᠤᠷᠤᠭ᠍ᠴᠢ ᠡᠯᠰᠡᠬᠦ ᠪᠢᠴᠢᠭ᠎ᠦᠨ
ᠰᠢᠯᠭᠠᠯᠲᠠ 3 ᠰᠠᠷ᠎ᠠ᠎ᠶᠢᠨ 28 — 29᠎ᠤ ᠡᠳᠦᠷ ᠪᠤᠯᠲᠠᠯ᠎ᠠ ᠶᠠᠪᠤᠬᠳᠠᠬᠤ ᠪᠡᠷ ᠪᠤᠢ᠃
✦3 ᠰᠠᠷ᠎ᠠ᠎ᠶᠢᠨ 20᠎ᠤ ᠡᠳᠦᠷ᠂ ᠬᠥᠬᠡᠬᠣᠲᠠ᠎ᠶᠢᠨ ᠬᠤᠷᠠᠯ ᠦᠵᠡᠰᠬᠦᠯᠡᠩ᠎ᠦᠨ ᠬᠢᠵᠠᠭᠠᠷᠲᠤ ᠺᠣᠮᠫᠠᠨᠢ ᠮᠡᠳᠡᠭᠳᠡᠯ ᠨᠡᠢᠲᠡᠯᠡᠵᠦ᠂
ᠬᠣᠲᠠ ᠵᠢᠨ ᠠᠷᠠᠳ᠎ᠤᠨ ᠲᠡᠷᠭᠡ ᠵᠣᠭᠰᠤᠭᠠᠬᠤ ᠬᠡᠷᠡᠭᠴᠡᠭᠡ᠎ᠶᠢ ᠨᠠᠩ ᠰᠠᠢᠨ ᠬᠠᠩᠭᠠᠬᠤ᠎ᠶᠢᠨ ᠲᠥᠯᠥᠭᠡ᠂ ᠲᠤᠰ ᠡᠳᠦᠷ᠎ᠡᠴᠡ
ᠡᠬᠢᠯᠡᠨ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠦᠨ ᠲᠡᠷᠭᠡᠨ ᠵᠣᠭᠰᠣᠭᠠᠯ᠎ᠤᠨ
ᠮᠠᠰᠢᠨ ᠲᠡᠷᠭᠡ ᠵᠣᠭᠰᠤᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ᠎ᠶᠢ ᠴᠠᠭ ᠪᠦᠷᠢ 2 ᠲᠥᠭᠥᠷᠢᠭ ᠪᠣᠯᠭᠠᠨ ᠳᠣᠷᠣᠭᠰᠢᠯᠠᠭᠤᠯᠤᠨ᠎ᠠ ᠭᠡᠪᠡ᠃
✦ᠤᠢᠷ᠎ᠠ᠎ᠳᠤ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠤᠨ
ᠦᠬᠠᠢ᠎ᠶᠢᠨ ᠴᠠᠬᠢᠯᠭᠠᠨ ᠬᠠᠩᠭᠠᠬᠤ ᠺᠣᠮᠫᠠᠨᠢ ᠦᠬᠠᠢ ᠬᠣᠲᠠ ᠵᠢᠨ ᠭᠤᠸᠠᠩ᠎ᠶᠢᠨ ᠰᠢᠨ᠎ᠡ ᠮᠠᠲᠧᠷᠢᠶᠠᠯ᠎ᠤᠨ ᠬᠢᠵᠠᠭᠠᠷᠲᠤ
ᠺᠣᠮᠫᠠᠨᠢ᠎ᠶᠢᠨ BDO︱PBAT ᠨᠢᠭᠡ ᠴᠣᠭᠴᠠᠵᠢᠭ᠍ᠰᠠᠨ ᠲᠦᠷᠦᠯ ᠵᠤᠢᠯ᠎ᠦᠨ 36 ᠲᠦᠮᠡᠨ ᠺᠢᠯᠤᠸᠣᠯᠲ ᠠᠮᠫᠧᠷ᠎ᠲᠦ ᠴᠠᠬᠢᠯᠭᠠᠨ ᠬᠦᠷᠭᠡᠬᠦ ᠡᠭᠦᠷᠭᠡ᠎ᠶᠢ ᠠᠮᠵᠢᠯᠲᠠ᠎ᠲᠠᠢ ᠪᠡᠶᠡᠯᠡᠭᠦᠯᠪᠡ᠃
ᠲᠤᠰ ᠲᠦᠷᠦᠯ ᠵᠤᠢᠯ᠎ᠢ ᠬᠣᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠢᠭᠤᠯᠵᠤ᠂ ᠪᠠᠢᠭᠤᠯᠵᠤ ᠳᠠᠭᠤᠰᠤᠭᠰᠠᠨᠦ
ᠳᠠᠷᠠᠭ᠎ᠠ 1000 ᠭᠠᠷᠤᠢ ᠠᠵᠢᠯ᠎ᠤᠨ ᠪᠠᠢᠷᠢ ᠬᠠᠩᠭᠠᠵᠤ᠂ 85.68 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ
ᠪᠣᠯᠣᠨ᠎ᠠ᠃
✦2026 ᠤᠨ᠎ᠳᠤ ᠲᠦᠩᠯᠢᠶᠤᠤ ᠬᠤᠳᠠ 1.2 ᠲᠦᠮᠡᠨ ᠬᠦᠮᠦᠨ᠎ᠳᠤ ᠰᠢᠨ᠎ᠡ
ᠪᠡᠷ ᠠᠵᠢᠯ ᠤᠯᠭᠤᠬᠤ ᠪᠡᠷ ᠲᠦᠯᠦᠪᠯᠡᠵᠤ ᠪᠤᠢ᠃
✦3 ᠰᠠᠷ᠎ᠠ ᠵᠢᠨ 20᠎ᠤ ᠡᠳᠦᠷ᠎ᠠᠴᠠ ᠡᠬᠢᠯᠡᠨ ᠪᠠᠶᠠᠠᠨᠠᠭᠤᠷ ᠬᠤᠳᠠ ᠵᠢᠨ ᠯᠢᠨᠾᠧ ᠲᠣᠭᠣᠷᠢᠭ᠋᠎ᠦᠨ ᠬᠤᠲᠠ᠎ᠶᠢᠨ
ᠬᠠᠮᠢᠶᠠᠷᠤᠯᠲᠠ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠬᠣᠲᠠ
ᠲᠣᠭᠣᠷᠢᠭ᠋᠎ᠤᠨ ᠵᠢᠵᠢᠭ ᠵᠠᠷ ᠮᠡᠳᠡᠭᠡ ᠵᠢ ᠳᠤᠰᠠᠭᠠᠷ ᠴᠡᠭᠴᠡᠯᠡᠬᠦ ᠠᠵᠢᠯᠯᠠᠭ᠎ᠠ᠎ᠶᠢ ᠡᠬᠢᠯᠡᠭᠦᠯᠪᠡ᠃ ᠠᠵᠢᠯᠯᠠᠭ᠎ᠠ᠎ᠳᠤ
ᠭᠣᠣᠯᠳᠠᠭᠤ ᠵᠡᠭᠡᠯᠢ ᠭᠤᠳᠤᠮᠵᠢ᠂ ᠵᠡᠭᠡᠯᠢ ᠳᠠᠭᠠᠤ᠎ᠶᠢᠨ ᠬᠤᠳᠠᠯᠳᠤᠭᠠᠨ᠎ᠤ ᠳᠡᠯᠭᠡᠭᠦᠷ᠂ ᠨᠡᠶ᠋ᠢᠲᠡ᠎ᠶᠢᠨ ᠠᠰᠠᠷᠠᠮᠵᠢ᠎ᠶᠢᠨ
ᠵᠠᠷ ᠮᠡᠳᠡᠭᠡ ᠵᠢᠨ ᠪᠤᠯᠤᠩ ᠵᠡᠷᠭᠡ ᠭᠤᠤᠯᠳᠠᠯᠭ᠎ᠠ ᠳᠠᠢ ᠭᠠᠵᠠᠷ᠎ᠲᠦ ᠴᠢᠭᠯᠡᠬᠦᠯᠦᠨ᠂ ᠡᠯ᠎ᠡ ᠲᠦᠷᠦᠯ᠎ᠤᠨ
ᠳᠤᠬᠲᠠᠭᠠᠯ ᠡᠴᠡ ᠵᠦᠷᠢᠴᠡᠨ ᠨᠠᠭᠠᠬᠰᠠᠨ ᠵᠢᠵᠢᠭ ᠵᠠᠷ ᠮᠡᠳᠡᠭᠡ ᠵᠢ ᠳᠤᠰᠬᠠᠢᠯᠠᠨ ᠴᠡᠭᠴᠡᠯᠡᠵᠡᠢ᠃
✦《ᠳᠤᠮᠳᠠᠳᠤ᠎ᠶᠢᠨ ᠤᠯᠠᠭᠠᠨ ᠯᠠᠵᠤᠤ᠎ᠶᠢᠨ ᠬᠣᠲᠠ》 ᠪᠣᠯᠤᠭᠰᠠᠨ᠎ᠤ ᠬᠤᠪᠢ᠎ᠳᠤ᠂
ᠺᠠᠢᠯᠤ ᠰᠢᠶᠠᠨ 60 ᠲᠦᠮᠡᠨ ᠮᠦ᠍ ᠤᠯᠠᠭᠠᠨ ᠯᠠᠵᠤᠤ᠎ᠶᠢᠨ ᠴᠢᠬᠢ ᠪᠣᠢᠵᠢᠭᠤᠯᠬᠤ
ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠢᠬᠢ ᠪᠣᠢᠵᠢᠭᠤᠯᠬᠤ᠂
ᠦᠢᠯᠡᠳᠪᠦᠷᠢ᠎ᠳᠦ ᠴᠢᠬᠢ ᠪᠣᠢᠵᠢᠭᠤᠯᠬᠤ ᠵᠡᠷᠭᠡ ᠠᠷᠭ᠎ᠠ ᠠᠪᠴᠠᠯ᠎ᠢᠶᠠᠷ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠳᠦ
ᠬᠦᠴᠦᠨ ᠨᠡᠮᠡᠷᠢᠯᠡᠵᠦ ᠪᠣᠶ᠃
✦3 ᠰᠠᠷ᠎ᠠ᠎ᠶᠢᠨ 20᠎ᠤ ᠡᠳᠦᠷ᠂ ᠠᠪᠠᠭ᠎ᠠ ᠬᠣᠰᠢᠭᠤᠨ᠎ᠤ ᠠᠬᠠᠮᠠᠳ ᠨᠠᠮ᠎ᠤᠨ ᠭᠡᠰᠢᠭᠦᠳ
ᠵᠢᠡᠷ ᠪᠦᠷᠢᠯᠳᠦᠭᠰᠡᠨ ᠰᠠᠢᠨ ᠳᠤᠷ᠎ᠠ᠎ᠶᠢᠨ ᠰᠤᠷᠤᠯᠴᠠᠬᠤ ᠡᠭᠦᠷ ᠨᠢ ᠨᠠᠮ᠎ᠤᠨ ᠰᠤᠷᠤᠯᠴᠠᠯᠭ᠎ᠠ ᠡᠷᠬᠢᠯᠡᠭᠰᠡᠨ
ᠠᠷᠪᠠᠨ ᠵᠢᠯ᠎ᠤᠨ ᠣᠢ ᠪᠠᠨ ᠳᠤᠷᠠᠰᠬᠠᠨ ᠲᠡᠮᠳᠡᠭᠯᠡᠵᠡᠢ᠃ ᠡᠨᠡᠬᠦ ᠠᠷᠪᠠᠨ ᠵᠢᠯ᠎ᠦᠨ ᠲᠤᠷᠰᠢ ᠲᠡᠳᠡ 222 ᠤᠳᠠᠭᠠᠨ᠎ᠤ ᠰᠤᠷᠤᠯᠴᠠᠯᠭ᠎ᠠ
ᠥᠷᠨᠢᠭᠦᠯᠵᠦ᠂ 1924 ᠬᠥᠮᠥᠨ ᠤᠳᠠᠭ᠎ᠠ ᠢᠳᠡᠪᠬᠢᠯᠡᠨ ᠤᠷᠤᠯᠴᠠᠬᠰᠠᠨ ᠪᠠᠢᠨ᠎ᠠ᠃
ᠠᠵᠦ ᠠᠬᠤᠢ
✦ᠡᠨᠡ ᠵᠢᠯ᠎ᠦᠨ ᠲᠦᠷᠦᠭᠦᠦ 2 ᠰᠠᠷ᠎ᠠ᠎ᠳᠤ᠂ ᠪᠥᠬᠥ ᠤᠯᠤᠰ᠎ᠲᠤ 8651 ᠭᠠᠳᠠᠭᠠᠳᠤ᠎ᠶᠢᠨ ᠠᠷᠠᠯᠵᠢᠶᠠᠴᠢᠨ᠎ᠤ ᠪᠡᠯᠡ ᠣᠷᠣᠭᠤᠯᠤᠭᠰᠠᠨ
ᠠᠵᠤ ᠠᠬᠤᠢᠯᠠᠯ᠎ᠢ ᠰᠢᠨ᠎ᠡ᠎ᠪᠡᠷ ᠪᠠᠢᠭᠤᠯᠵᠤ᠂ ᠲᠦᠷᠦᠭᠦᠦ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 14%᠎ᠪᠠᠷ ᠨᠡᠮᠡᠭᠳᠡᠪᠡ᠃
✦ᠤᠢᠷ᠎ᠠ᠎ᠳᠦ 《2026 ᠣᠨ᠎ᠤ ᠠᠩᠬᠠᠨ᠎ᠤ ᠪᠦᠯᠦᠭ᠎ᠦᠨ ᠬᠥᠬᠡᠬᠣᠲᠠ ᠵᠢᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶᠢᠨ ᠲᠥᠰᠥᠯ᠎ᠦᠨ
ᠬᠡᠷᠡᠭᠴᠡᠭᠡ ᠱᠠᠭᠠᠷᠳᠠᠯᠭ᠎ᠠ᠎ᠶᠢᠨ ᠲᠣᠳᠣᠷᠬᠠᠢ ᠬᠠᠭᠤᠳᠠᠰᠤ》᠎ᠶᠢ ᠨᠡᠢᠲᠡᠯᠡᠵᠦ᠂ ᠥᠨᠳᠥᠷ ᠪᠦᠲᠦᠮᠵᠢᠲᠡᠶ ᠪᠥᠭᠡᠳ ᠪᠣᠳᠠᠲᠠᠢ᠎ᠶᠢ
ᠡᠷᠬᠢᠮᠯᠡᠭᠰᠡᠨ ᠵᠠᠰᠠᠭ ᠤᠨ ᠣᠷᠳᠣᠨ ᠪᠠ ᠠᠵᠤ ᠠᠬᠤᠢᠯᠠᠯ᠎ᠢ
ᠵᠣᠯᠭᠠᠭᠤᠯᠬᠤ ᠲᠠᠪᠴᠠᠩ᠎ᠢ ᠪᠠᠢᠭᠤᠯᠵᠤ᠂ ᠬᠥᠷᠥᠩᠭᠡ ᠮᠥᠩᠭᠥ᠂ ᠲᠡᠷᠢᠭᠦᠨ᠎ᠦ ᠮᠡᠷᠭᠡᠵᠢᠯ ᠬᠢᠭᠡᠳ ᠳᠡᠭᠡᠳᠦ ᠳᠡᠰ᠎ᠤᠨ
ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠬᠥᠬᠡᠬᠣᠲᠠ᠎ᠶᠢᠨ ᠠᠵᠤ ᠠᠬᠤᠢ᠎ᠶᠢᠨ ᠰᠢᠨ᠎ᠡ ᠳᠠᠪᠰᠢᠯᠳᠠ᠎ᠶᠢ ᠪᠡᠶᠡᠯᠡᠭᠦᠯᠬᠦ
ᠳᠤ ᠬᠦᠴᠦᠨ ᠨᠡᠮᠡᠷᠢᠯᠡᠬᠦ ᠪᠠᠷ ᠪᠤᠢ᠃
✦ᠰᠢᠯᠤᠭᠤᠨ ᠬᠥᠬᠡ ᠬᠣᠰᠢᠭᠤᠨ᠎ᠤ ᠰᠠᠩ᠎ᠤᠨ ᠳᠠᠯᠠᠢ ᠪᠠᠯᠭᠠᠰᠤᠨ᠎ᠤ ᠲᠠᠪᠤᠬᠤᠲᠤ ᠭᠠᠴᠠᠭᠠᠨ᠎ᠤ ᠮᠠᠯᠴᠢᠨ ᠲᠡᠮᠦᠷᠪᠠᠭᠠᠨ᠎ᠠ
2010 ᠣᠨ᠎ᠠᠴᠠ ᠡᠬᠢᠯᠡᠨ ᠰᠤᠯᠠ ᠴᠠᠭ᠎ᠢᠶᠠᠨ ᠠᠰᠢᠭ᠍ᠯᠠᠨ ᠨᠤᠲᠤᠭ᠎ᠤᠨ᠎ᠢᠶᠠᠨ ᠤᠯᠠᠭᠠᠨ ᠪᠤᠷᠭᠠᠰᠤ᠎ᠪᠠᠷ ᠮᠣᠩᠭᠣᠯ
ᠭᠡᠷ᠂ ᠮᠠᠯ᠎ᠤᠨ ᠬᠠᠰᠢᠶ᠎ᠠ᠂ ᠠᠷᠤᠭ ᠰᠠᠪᠠᠷ ᠵᠡᠷᠭᠡ ᠮᠠᠯᠵᠢᠬᠤ ᠦᠢᠯᠡᠳᠪᠦᠷᠢᠯᠡᠯ ᠠᠮᠢᠳᠤᠷᠠᠯ᠎ᠤᠨ ᠬᠡᠷᠡᠭᠯᠡᠭᠡᠨ᠎ᠦ
ᠵᠤᠢᠯ᠎ᠢ ᠬᠢᠵᠤ᠂ ᠵᠢᠯ᠎ᠳᠤ 4 — 5 ᠲᠦᠮᠡᠨ ᠲᠥᠭᠥᠷᠢᠭ᠎ᠦᠨ ᠮᠠᠯᠵᠢᠯ᠎ᠤᠨ ᠪᠤᠰᠤ ᠣᠷᠣᠯᠭ᠎ᠠ ᠣᠯᠳᠠᠭ ᠪᠠᠢᠨ᠎ᠠ᠃
ᠰᠤᠶᠤᠯ
✦3 ᠰᠠᠷ᠎ᠠ᠎ᠶᠢᠨ 21᠎ᠦ ᠡᠳᠦᠷ᠂ ᠣᠷᠳᠣᠰ ᠬᠣᠲᠠ᠎ᠶᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠱᠧᠨᠵᠧᠨ᠎ᠦ ᠪᠠᠢᠭᠠᠯᠢ᠎ᠶᠢᠨ
ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ ᠬᠠᠮᠲᠤᠷᠠᠨ ᠡᠷᠬᠢᠯᠡᠵᠦ᠂ ᠣᠷᠳᠣᠰ ᠬᠣᠲᠠ᠎ᠶᠢᠨ ᠮᠣᠷᠢᠨ ᠬᠤᠭᠤᠷ᠎ᠤᠨ
ᠨᠠᠢᠷᠠᠯ ᠬᠥᠭᠵᠢᠮ᠎ᠦᠨ ᠪᠦᠯᠬᠦᠮ᠎ᠦᠨ ᠲᠣᠭᠯᠠᠭᠰᠠᠨ 《ᠣᠷᠳᠣᠰ᠎ᠤᠨ ᠮᠠᠭᠲᠠᠭᠠᠯ》 ᠮᠣᠷᠢᠨ ᠬᠤᠭᠤᠷ᠎ᠤᠨ ᠨᠠᠢᠷᠠᠯ
ᠬᠥᠭᠵᠢᠮ᠎ᠦᠨ ᠦᠳᠡᠰᠢᠯᠡᠭᠡ ᠨᠢ ᠱᠧᠨᠵᠧᠨ᠎ᠦ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ᠎ᠶᠢᠨ
ᠴᠢ ᠰᠢᠩ ᠵᠦᠴᠦᠭᠡ᠎ᠶᠢᠨ ᠬᠦᠷᠢᠶᠡᠯᠡᠩ᠎ᠳᠦ ᠠᠮᠵᠢᠯᠳᠠ ᠳᠠᠢ ᠶᠠᠪᠤᠬᠳᠠᠬᠰᠠᠨ ᠪᠠᠢᠨ᠎ᠠ᠃
✦ᠬᠤᠷᠢᠨ ᠨᠢ᠋ᠮᠠᠳᠤ᠎ᠬᠢ ᠳᠡᠯᠡᠬᠡᠢ᠎ᠶᠢᠨ ᠢᠷᠠᠭᠤ ᠨᠠᠢᠷᠠᠭ᠎ᠤᠨ ᠡᠳᠦᠷ᠎ᠢ ᠲᠣᠬᠢᠶᠠᠯᠳᠤᠭᠤᠯᠤᠨ ᠦᠦᠰᠢᠨ ᠬᠣᠰᠢᠭᠤᠨ᠎ᠤ ᠵᠣᠬᠢᠶᠠᠯᠴᠢᠳ᠎ᠤᠨ
ᠡᠪᠯᠡᠯ᠂ ᠦᠦᠰᠢᠨ ᠬᠣᠰᠢᠭᠤᠨ᠎ᠤ ᠨᠣᠮ᠎ᠤᠨ ᠰᠠᠩ᠎ᠠᠴᠠ ᠬᠠᠮᠲᠤᠷᠠᠨ
ᠡᠷᠬᠢᠯᠡᠭᠰᠡᠨ《ᠬᠠᠪᠤᠷ᠎ᠤᠨ ᠤᠷᠢ᠂ ᠬᠠᠢᠷ᠎ᠠ᠎ᠶᠢᠨ ᠯᠡᠪᠡᠷᠡᠯ》 3 ᠰᠠᠷ᠎ᠠ᠎ᠶᠢᠨ 21᠎ᠤ ᠳᠡᠯᠡᠬᠡᠢ᠎ᠶᠢᠨ ᠢᠷᠠᠭᠤ ᠨᠠᠢᠷᠠᠭ᠎ᠤᠨ ᠡᠳᠦᠷ᠎ᠢ ᠲᠡᠮᠳᠡᠭᠯᠡᠬᠦ
ᠠᠵᠢᠯᠯᠠᠭ᠎ᠠ ᠦᠦᠰᠢᠨ ᠬᠣᠰᠢᠭᠤᠨ᠎ᠤ ᠨᠣᠮ᠎ᠤᠨ ᠰᠠᠩ᠎ᠳᠤ ᠶᠠᠪᠤᠭᠳᠠᠵᠤ᠂ ᠦᠦᠰᠢᠨ ᠬᠣᠰᠢᠭᠤᠨ᠎ᠤ ᠰᠢᠯᠦᠭ ᠤᠷᠠᠨ ᠵᠣᠬᠢᠶᠠᠯ
ᠲᠤᠭᠤᠷᠪᠢᠳᠠᠭ ᠠᠬᠠᠮᠠᠳ ᠢᠳᠡᠷ ᠵᠠᠯᠠᠭᠤ ᠭᠤᠷᠪᠠᠨ ᠦᠶ᠎ᠡ᠎ᠶᠢᠨ ᠤᠷᠠᠨ ᠪᠦᠲᠦᠭᠡᠯᠴᠢᠳ ᠣᠷᠣᠯᠴᠠᠵᠤ᠂ ᠥᠪᠡᠷ ᠥᠪᠡᠷ᠎ᠦᠨ
ᠤᠷᠠᠨ ᠪᠦᠲᠦᠭᠡᠯ᠎ᠢᠶᠡᠨ ᠤᠶᠠᠩᠭᠠᠯᠠᠬᠤ᠎ᠶᠢᠨ ᠬᠠᠮᠲᠤ ᠰᠢᠯᠦᠭ ᠨᠠᠢᠷᠠᠭ᠎ᠤᠨ ᠲᠤᠬᠠᠢ ᠪᠤᠳᠤᠯ ᠰᠡᠳᠬᠢᠭᠳᠡᠯ᠎ᠢᠶᠡᠨ
ᠬᠤᠪᠢᠶᠠᠯᠴᠠᠭᠰᠠᠨ ᠪᠠᠢᠨ᠎ᠠ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠬᠡᠪᠯᠡᠯ ᠮᠡᠳᠡᠭᠡᠯᠡᠯ᠎ᠦᠨ 20 ᠤ
ᠡᠳᠦᠷ ᠮᠡᠳᠡᠭᠡᠯᠡᠭᠰᠡᠨ᠎ᠢᠶᠡᠷ᠂ ᠠᠮᠧᠷᠢᠺᠠ᠎ᠶᠢᠨ ᠴᠡᠷᠢᠭ᠎ᠦᠨ ᠬᠢᠨ ᠳᠤᠮᠳᠠᠳᠤ ᠳᠣᠷᠣᠨᠠᠲᠤ᠎ᠶᠢᠨ ᠭᠠᠵᠠᠷ ᠣᠷᠣᠨ᠎ᠳᠤ
3 ᠴᠡᠷᠢᠭ᠎ᠦᠨ ᠬᠥᠯᠭᠡ ᠣᠩᠭᠣᠴᠠ ᠪᠣᠯᠣᠨ 2500 ᠲᠠᠯᠠᠢ᠎ᠶᠢᠨ
ᠴᠡᠷᠢᠭ᠎ᠦᠨ ᠬᠠᠭᠤᠷᠠᠢ᠎ᠳᠤ ᠪᠠᠢᠯᠳᠤᠬᠤ ᠭᠡᠰᠢᠭᠦᠨ᠎ᠢ ᠨᠡᠮᠡᠨ ᠲᠣᠮᠢᠯᠠᠵᠤ ᠪᠤᠢ᠃
ᠦᠢᠯᠡᠴᠢᠯᠡᠭᠡ
✦ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ
ᠬᠠᠷᠢᠶᠠᠳᠤ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃ ᠨᠠᠷᠢᠨ ᠠᠭᠤᠯᠭ᠎ᠠ᠎ᠶᠢ《ᠤᠤᠯ ᠵᠤᠬᠢᠶᠠᠯ ᠢ ᠦᠵᠡᠬᠦ》 ( 阅读原文) ᠦᠰᠦᠭ᠎ᠢ ᠳᠤᠪᠴᠢᠳᠠᠵᠤ
ᠦᠵᠡᠭᠡᠷᠡᠢ!
ᠲᠠᠨ᠎ᠤ ᠲᠤᠰᠠ᠎ᠳᠤ
✦ᠨᠣᠭᠣᠭ᠎ᠠ ᠬᠠᠭᠤᠷᠳᠠᠭ ᠲᠡᠮᠦᠷ
ᠲᠣᠭᠣᠭ᠎ᠠ᠎ᠶᠢ ᠤᠳᠠᠭᠠᠨ ᠬᠡᠷᠡᠭᠯᠡᠪᠡᠯ ᠲᠣᠭᠣᠭᠠᠨ᠎ᠳᠤ ᠨᠠᠭᠠᠯᠳᠤᠭᠰᠠᠨ ᠲᠣᠰᠣᠯᠢᠭ᠋ ᠵᠦᠢᠯ᠎ᠢ ᠠᠷᠢᠯᠭᠠᠬᠤ᠎ᠳᠤ
ᠬᠦᠴᠢᠷ ᠪᠠᠢᠳᠠᠭ᠂ ᠡᠨᠡ ᠦᠶᠡᠰ᠎ᠲᠦ ᠠᠯᠢᠮ᠎ᠠ᠎ᠶᠢᠨ ᠬᠠᠯᠢᠰᠤ᠎ᠶᠢ ᠲᠣᠭᠣᠭᠠᠨ᠎ᠳᠤ ᠬᠢᠵᠦ ᠵᠢᠭᠠᠬᠠᠨ ᠤᠰᠤ
ᠨᠡᠮᠡᠵᠦ ᠪᠤᠴᠠᠯᠭᠠᠪᠠᠯ ᠴᠡᠪᠡᠷᠬᠡᠨ ᠪᠣᠯᠴᠢᠬᠠᠳᠠᠭ᠃
ᠵᠠᠯᠭᠠᠭᠠᠳ 《ᠦᠷᠭᠦᠯᠵᠢ
ᠵᠢᠨ ᠬᠡᠬᠡᠷ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)