3 ᠰᠠᠷ᠎ᠠ᠎ᠶ᠋ᠢᠨ 24᠎ᠦ ᠡᠳᠦᠷ
ᠡᠬᠢᠯᠡᠬᠦ᠌ ᠴᠠᠭ᠄
2026-03-24 11:53:48
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄


01封面模板_01.png







ᠨᠡᠢᠭᠡᠮ                                   

✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠦ ᠪᠠᠢᠴᠠᠭᠠᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠰᠢᠨ᠎ᠡ᠎ᠪᠡᠷ ᠨᠡᠢᠲᠡᠯᠡᠭᠰᠡᠨ《ᠤᠯᠤᠰ᠎ᠤᠨ ᠭᠠᠵᠠᠷ ᠰᠢᠷᠣᠢ ᠳᠡᠯᠡᠬᠡᠢ᠎ᠶᠢᠨ ᠪᠥᠮᠪᠥᠷᠴᠡᠭ᠎ᠦᠨ ᠬᠢᠮᠢ᠎ᠶᠢᠨ ᠬᠢᠨᠠᠨ ᠬᠡᠮᠵᠢᠯᠲᠡ᠎ᠶᠢᠨ ᠮᠡᠳᠡᠭᠦᠯᠦᠯᠲᠡ 2025》ᠳ᠋ᠤ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠭᠠᠵᠠᠷ ᠰᠢᠷᠣᠢ ᠶ᠋ᠢᠨ ᠶᠠᠰᠤ ᠴᠢᠨᠠᠷ ᠲᠣᠭᠲᠠᠭᠤᠨ ᠪᠠᠢᠬᠤ᠎ᠶᠢᠨ ᠵᠡᠷᠭᠡ᠎ᠳᠦ ᠰᠠᠢᠵᠢᠷᠠᠵᠤ᠂ ᠬᠥᠷᠥᠰᠥ ᠰᠢᠷᠣᠢ ᠨᠠᠩ《ᠰᠢᠮᠡᠯᠢᠭ》ᠪᠠ《ᠡᠷᠡᠭᠦᠯ》 ᠪᠣᠯᠵᠤ ᠪᠠᠢᠨ᠎ᠠ᠃

✦ᠣᠳᠣᠬᠠᠨ᠎ᠳᠤ ᠰᠦᠯᠵᠢᠶᠡᠨ᠎ᠦ ᠲᠠᠪᠴᠠᠩ᠎ᠤᠨ ᠣᠬᠣᠷ ᠸᠢᠳᠢᠤ᠋᠎ᠶᠢᠨ ᠠᠭᠤᠯᠭ᠎ᠠ ᠶ᠋ᠢᠨ ᠲᠣᠳᠣᠷᠬᠠᠢᠯᠠᠯᠲᠠ᠎ᠶᠢᠨ ᠪᠠᠷᠢᠮᠵᠢᠶ᠎ᠠ ᠪᠠ ᠬᠡᠮ ᠬᠡᠮᠵᠢᠶ᠎ᠡ ᠨᠢ ᠠᠳᠠᠯᠢ ᠦᠭᠡᠢ ᠪᠠᠢᠵᠤ᠂ ᠵᠠᠷᠢᠮ ᠵᠣᠬᠢᠶᠠᠮᠠᠯ ᠲᠤᠭᠯᠠᠯᠳᠠ᠂ ᠵᠦᠴᠦᠭᠡᠯᠡᠭᠰᠡᠨ ᠡᠵᠡᠩᠨᠡᠯᠲᠡ ᠪᠣᠷᠣᠯᠠᠭᠤᠯᠤᠯᠲᠠ᠂ AI ᠬᠡᠷᠡᠭᠯᠡᠯᠳᠡ ᠵᠡᠷᠭᠡ ᠠᠭᠤᠯᠭ᠎ᠠ᠎ᠲᠠᠢ ᠣᠬᠣᠷ ᠸᠢᠳᠢᠤ᠋᠎ᠳᠤ ᠵᠢᠷᠤᠮᠵᠢᠭᠤᠨ ᠲᠣᠳᠣᠷᠬᠠᠢᠯᠠᠯᠲᠠ ᠬᠢᠬᠦ ᠦᠭᠡᠢ ᠪᠠᠢᠭ᠎ᠠ ᠳ᠋ᠤ ᠬᠠᠨᠳᠤᠭᠤᠯᠤᠨ ᠲᠥᠪ᠎ᠦᠨ ᠢᠨᠲᠧᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶ᠋ᠢᠨ ᠠᠯᠪᠠᠨ ᠭᠡᠷ ᠡᠴᠡ ᠰᠦᠯᠵᠢᠶᠡᠨ᠎ᠦ ᠲᠠᠪᠴᠠᠩ᠎ᠢ ᠵᠢᠯᠣᠭᠣᠳᠤᠨ ᠣᠬᠣᠷ ᠸᠢᠳᠢᠤ᠋᠎ᠶᠢᠨ ᠠᠭᠤᠯᠭ᠎ᠠ᠎ᠶᠢᠨ ᠵᠡᠭᠦᠯᠲᠡ ᠬᠠᠳᠠᠬᠤ ᠵᠢ ᠪᠦᠬᠦ ᠳᠠᠯ᠎ᠠ ᠪᠡᠷ ᠳᠦᠷᠢᠮᠵᠢᠬᠦᠯᠬᠦ ᠪᠡᠷ ᠪᠤᠢ᠃

✦22᠎ᠤᠨ ᠡᠳᠦᠷ ᠪᠣᠯ ᠭᠤᠴᠢᠨ ᠳᠥᠷᠪᠡᠳᠡᠬᠢ《ᠳᠡᠯᠡᠬᠡᠢ  ᠶ᠋ᠢᠨ ᠤᠰᠤᠨ᠎ᠤ ᠡᠳᠦᠷ》ᠪᠣᠯᠣᠨ᠎ᠠ ᠃ ᠤᠰᠤᠨ ᠠᠰᠢᠭ᠍ᠯᠠᠯᠲᠠ᠎ᠶᠢᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠬᠦᠯᠦᠭᠰᠡᠨ᠎ᠢᠶᠠᠷ᠂ ᠣᠳᠣᠬᠠᠨ᠎ᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠲᠣᠣᠷ᠎ᠤᠨ ᠪᠦᠷᠬᠦᠴᠡ᠎ᠶᠢᠨ ᠬᠡᠪᠴᠢᠶ᠎ᠡ᠎ᠶᠢᠨ ᠤᠯᠤᠰ᠎ᠤᠨ ᠨᠤᠲᠤᠭ ᠳᠡᠪᠢᠰᠬᠡᠷ᠎ᠦᠨ ᠲᠠᠯᠠᠪᠠᠢ᠎ᠳᠠᠬᠢ ᠡᠵᠡᠯᠡᠬᠦ ᠬᠠᠷᠢᠴᠠᠯ 80.3% ᠳ᠋ᠤ ᠬᠦᠷᠴᠦ᠂ ᠮᠠᠨ᠎ᠤ ᠤᠯᠤᠰ ᠪᠦᠬᠦ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠢ ᠪᠠᠢᠭᠤᠯᠪᠠ᠃

✦ᠣᠢᠷ᠎ᠠ᠎ᠳᠤ ᠠᠳᠠᠯ ᠠᠬᠤᠢ᠎ᠶᠢᠨ ᠦᠢᠯᠡᠴᠢᠯᠡᠭᠡᠨ᠎ᠦ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠴᠡᠭᠴᠡᠯᠡᠨ ᠵᠠᠰᠠᠵᠤ᠂ ᠥᠮᠴᠢᠲᠡᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ᠎ᠶᠢᠨ ᠲᠥᠯᠥᠭᠡ᠂ ᠣᠷᠳᠣᠰ ᠬᠣᠲᠠ᠎ᠶᠢᠨ ᠬᠠᠩᠭᠢᠨ ᠬᠣᠰᠢᠭᠤ᠂ ᠳ᠋ᠦᠩᠱᠧᠩ ᠲᠣᠭᠣᠷᠢᠭ᠋᠂ ᠲᠦᠩᠯᠢᠶᠣᠣ ᠬᠣᠲᠠ᠎ᠶᠢᠨ ᠨᠠᠢ᠍ᠮᠠᠨ ᠬᠣᠰᠢᠭᠤ᠂ ᠡᠷᠢᠶᠡᠨ ᠬᠣᠲᠠ᠂ ᠠᠯᠠᠱᠠ ᠠᠢᠮᠠᠭ ᠵᠡᠷᠭᠡ ᠭᠠᠵᠠᠷ ᠨᠢᠭᠡᠨᠲᠡ ᠠᠳᠠᠯ ᠠᠬᠤᠢ᠎ᠶᠢᠨ ᠦᠢᠯᠡᠴᠢᠯᠡᠭᠡᠨ᠎ᠦ ᠠᠰᠠᠭᠤᠳᠠᠯ᠎ᠤᠨ ᠰᠦᠪᠡᠭᠴᠢ᠎ᠶᠢ ᠢᠯᠡ᠎ᠪᠡᠷ ᠴᠤᠭᠯᠠᠭᠤᠯᠬᠤ ᠠᠵᠢᠯ᠎ᠢ ᠵᠠᠯᠭᠠᠭ᠎ᠠ᠎ᠪᠠᠷ ᠡᠬᠢᠯᠡᠭᠦᠯᠵᠦ᠂ ᠭᠣᠣᠯᠳᠠᠭᠤ ᠠᠳᠠᠯ ᠠᠬᠤᠢ ᠶ᠋ᠢᠨ ᠦᠢᠯᠡᠴᠢᠯᠡᠭᠡᠨ᠎ᠦ ᠶᠠᠰᠤ ᠴᠢᠨᠠᠷ ᠪᠠ ᠦᠨ᠎ᠡ ᠬᠠᠩᠰᠢ᠂ ᠥᠮᠴᠢᠲᠡᠨ᠎ᠦ ᠣᠯᠠᠨ ᠨᠡᠶ᠋ᠢᠲᠡ᠎ᠶᠢᠨ ᠠᠰᠢᠭ᠋ ᠣᠷᠣᠯᠭ᠎ᠠ᠎ᠶᠢ ᠡᠵᠡᠯᠡᠭᠰᠡᠨ᠂ ᠰᠡᠯᠪᠢᠨ ᠵᠠᠰᠠᠬᠤ ᠪᠡᠯᠡ ᠮᠥᠩᠭᠥ᠎ᠶᠢᠨ ᠬᠠᠮᠢᠶᠠᠷᠤᠯᠲᠠ ᠵᠢᠷᠤᠮᠵᠢᠯ ᠦᠭᠡᠢ ᠵᠡᠷᠭᠡ ᠠᠰᠠᠭᠤᠳᠠᠯ᠎ᠢ ᠪᠠᠭᠲᠠᠭᠠᠨ᠎ᠠ᠃

✦ᠭᠤᠴᠢᠨ ᠨᠠᠢ᠍ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠦᠵᠡᠰᠬᠦᠯᠡᠩ᠂ ᠠᠷᠪᠠᠨ ᠲᠠᠪᠤᠳᠤᠭᠠᠷ ᠬᠤᠭᠤᠴᠠᠭᠠᠨ᠎ᠤ ᠥᠪᠥᠷ ᠮᠣᠩᠭᠣᠯ(ᠬᠠᠪᠤᠷ᠎ᠤᠨ ᠤᠯᠠᠷᠢᠯ)᠎ᠤᠨ ᠲᠠᠷᠢᠶᠠᠯᠠᠩ᠎ᠤᠨ ᠮᠧᠬᠠᠨᠢᠭ᠋᠎ᠤᠨ ᠦᠵᠡᠰᠬᠦᠯᠡᠩ᠂ ᠠᠷᠪᠠᠨ ᠨᠢᠭᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠤᠢ ᠰᠢᠭᠤᠢ᠎ᠶᠢᠨ ᠪᠦᠲᠦᠭᠡᠭᠳᠡᠬᠦᠨ᠎ᠦ ᠦᠵᠡᠰᠬᠦᠯᠡᠩ᠂ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠲᠠᠯᠠᠪᠠᠢ᠎ᠶᠢᠨ ᠡᠵᠡᠳ᠎ᠦᠨ ᠶᠡᠬᠡ ᠬᠤᠷᠠᠯ 26᠎ᠤ ᠡᠳᠦᠷ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠵᠦ᠂ 3 ᠰᠠᠷ᠎ᠠ᠎ᠶᠢᠨ 28᠎ᠤ ᠡᠳᠦᠷ ᠪᠣᠯᠲᠠᠯ᠎ᠠ ᠦᠷᠭᠦᠯᠵᠢᠯᠡᠨ᠎ᠡ᠃

✦3 ᠰᠠᠷ᠎ᠠ᠎ᠶᠢᠨ 21᠎ᠦ ᠡᠳᠦᠷ᠎ᠡᠴᠡ 22᠎ᠤᠨ ᠡᠳᠦᠷ ᠪᠣᠯᠲᠠᠯ᠎ᠠ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠢᠩᠬᠢᠮ 2 ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ ᠣᠷᠣᠨ᠎ᠤ ᠳᠣᠲᠣᠷ᠎ᠠ ᠭᠠᠳᠠᠨᠠᠬᠢ 260 ᠰᠢᠬᠠᠮ ᠬᠥᠮᠥᠨ ᠬᠡᠷᠡᠭᠯᠡᠬᠦ ᠨᠢᠭᠡᠴᠢ ᠴᠤᠭᠯᠠᠭᠠᠨ᠎ᠳᠤ ᠣᠷᠣᠯᠴᠠᠵᠤ᠂ ᠨᠡᠶ᠋ᠢᠲᠡ 7000 ᠰᠢᠬᠠᠮ ᠠᠵᠢᠯ᠎ᠤᠨ ᠪᠠᠢᠷᠢ ᠬᠠᠨᠭᠭᠠᠪᠠ᠃ ᠲᠤᠬᠠᠢ᠎ᠶᠢᠨ ᠲᠠᠯᠠᠪᠤᠷ᠎ᠲᠤ ᠠᠵᠢᠯ ᠡᠷᠢᠬᠦ᠎ᠪᠡᠷ ᠢᠷᠡᠭᠰᠡᠨ ᠰᠣᠷᠣᠭ᠍ᠴᠢ 8000 ᠭᠠᠷᠤᠢ ᠪᠠᠢᠵᠤ᠂ 1.2 ᠲᠦᠮᠡᠨ ᠬᠤᠪᠢ ᠲᠣᠪᠴᠢ ᠨᠠᠮᠲᠠᠷ ᠳᠤᠰᠢᠶᠠᠵᠠᠢ᠃

✦ᠲᠦᠷᠦᠭᠦᠬᠡᠨ ᠳᠤᠮᠳᠠᠳᠤ ᠤᠯᠤᠰ᠎ᠤᠨ ᠤᠯᠠᠭᠠᠨ ᠵᠠᠭᠠᠯᠮᠠᠶ᠋ᠢᠲᠠᠨ᠎ᠤ ᠰᠠᠭᠤᠷᠢ ᠮᠥᠩᠭᠥᠨ᠎ᠦ ᠨᠡᠢᠭᠡᠮᠯᠢᠭ᠎ᠦᠨ《ᠠᠨᠴᠢᠯ᠎ᠤᠨ ᠠᠶᠠᠯᠠᠯ》ᠲᠥᠷᠥᠯᠬᠢ ᠵᠢᠷᠦᠬᠡᠨ ᠡᠪᠡᠳᠴᠢᠨ᠎ᠲᠠᠢ ᠬᠡᠦᠬᠡᠳ᠎ᠢ ᠰᠢᠭ᠌ᠰᠢᠨ ᠪᠠᠢᠴᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠤᠯᠠᠭᠠᠨᠬᠣᠲᠠ᠎ᠶᠢᠨ ᠠᠷᠠᠳ᠎ᠤᠨ ᠡᠮᠨᠡᠯᠭᠡ᠎ᠶᠢᠨ ᠬᠣᠷᠢᠶ᠎ᠠ᠎ᠳᠤ ᠶᠠᠪᠤᠭᠳᠠᠵᠦ᠂ 0 ︱ 18 ᠪᠦᠬᠦᠯᠢ ᠨᠠᠰᠤᠨ᠎ᠤ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ᠎ᠲᠦ ᠰᠢᠭ᠌ᠰᠢᠨ ᠪᠠᠢᠴᠠᠭᠠᠯᠲᠠ ᠬᠢᠬᠦ᠎ᠶᠢᠨ ᠬᠠᠮᠲᠤ ᠮᠡᠰᠡ ᠵᠠᠰᠠᠯ ᠬᠢᠵᠦ ᠥᠩᠭᠡᠷᠡᠭᠰᠡᠨ ᠬᠡᠦᠬᠡᠳ᠎ᠲᠦ ᠰᠦᠢᠳᠬᠡᠯ ᠬᠤᠷᠢᠶᠠᠬᠤ ᠦᠭᠡᠢ᠎ᠪᠡᠷ ᠳᠠᠬᠢᠨ ᠪᠠᠢᠴᠠᠭᠠᠯᠲᠠ ᠬᠢᠵᠦ ᠥᠭᠭᠦᠭᠰᠡᠨ ᠪᠠᠢᠨ᠎ᠠ᠃

✦ᠤᠢᠷ᠎ᠠ ᠳ᠋ᠤ ᠪᠠᠶᠠᠨᠨᠠᠭᠤᠷ ᠬᠣᠲᠠ᠎ᠶᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠋ ᠠ᠋ᠴᠠ ᠠᠪᠤᠷᠠᠬᠤ ᠰᠣᠷᠢᠯᠲᠠ ᠪᠠᠶᠠᠨᠨᠠᠭᠤᠷ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠵᠢᠯᠤᠭᠣᠳᠬᠤ ᠲᠥᠪ᠎ᠲᠦ ᠶᠠᠪᠤᠭᠳᠠᠪᠠ᠃ ᠲᠤᠰ ᠰᠤᠷᠢᠯᠳᠠ ᠳ᠋ᠤ 6.0 ᠳᠡᠰ᠎ᠤᠨ ᠭᠠᠵᠠᠷ ᠬᠥᠳᠡᠯᠦᠯᠲᠡ ᠳ᠋ᠤ ᠴᠢᠭᠯᠡᠬᠦᠯᠦᠨ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠶ᠋ᠢᠨ ᠲᠣᠪᠴᠢᠶ᠎ᠠ ᠵᠡᠷᠭᠡ 19 ᠨᠢᠭᠡᠴᠢ ᠵᠢ ᠤᠷᠤᠯᠴᠠᠭᠤᠯᠵᠤ᠂ ᠪᠠᠴᠢᠮ ᠪᠠᠢᠳᠠᠯ ᠢ᠋ ᠠᠷᠭᠠᠴᠠᠭᠠᠬᠤ ᠵᠢᠯᠤᠭᠣᠳᠬᠤ ᠰᠢᠰᠲᠧᠮ ᠢ᠋ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡᠳᠬᠡᠯ ᠲᠥᠰᠥᠯ᠎ᠦᠨ ᠶᠠᠪᠤᠴᠠ ᠶ᠋ᠢ ᠲᠡᠭᠦᠯᠳᠡᠷᠵᠢᠭᠦᠯᠵᠡᠢ᠃

✦2025 ᠣᠨ᠎ᠳᠤ ᠪᠠᠷᠠᠭᠤᠨ ᠦᠵᠦᠮᠦᠴᠢᠨ ᠬᠣᠰᠢᠭᠤᠨ᠎ᠤ 12345 ᠬᠠᠯᠠᠮᠰᠢᠯ ᠤᠲᠠᠰᠤ ᠨᠢ ᠠᠵᠤ ᠠᠬᠤᠢᠯᠠᠯ ᠪᠣᠯᠣᠨ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠡᠢ᠍ᠢᠳᠡ 25236 ᠬᠤᠪᠢ ᠬᠦᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ 99.50%᠂ ᠬᠠᠨᠤᠮᠵᠢ ᠵᠢᠨ ᠨᠤᠷᠮ᠎ᠠ 99.55%᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 100%᠎ᠳᠤ ᠬᠦᠷᠴᠡᠢ᠃

 ᠠᠵᠦ ᠠᠬᠤᠢ 

✦ᠣᠢᠷ᠎ᠠ᠎ᠳᠤ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ 《ᠵᠢᠭᠤᠯᠴᠢᠯᠠᠯ᠎ᠤᠨ ᠦᠢᠯᠡᠴᠢᠯᠡᠭᠡᠨ᠎ᠦ ᠭᠠᠳᠠᠭᠠᠳᠤ ᠭᠠᠷᠭᠠᠯᠲᠠ᠎ᠶᠢ ᠠᠬᠢᠭᠤᠯᠵᠤ ᠬᠢᠯᠢ᠎ᠳᠦ ᠣᠷᠣᠬᠤ ᠬᠡᠷᠡᠭᠯᠡᠭᠡ᠎ᠶᠢ ᠥᠷᠭᠡᠳᠬᠡᠬᠦ ᠲᠤᠬᠠᠢ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ》ᠶ᠋ᠢ ᠳᠠᠷᠤᠮᠠᠯᠯᠠᠨ ᠲᠠᠷᠬᠠᠭᠠᠵᠤ᠂ ᠬᠢᠯᠢ᠎ᠳᠦ ᠣᠷᠣᠬᠤ ᠵᠢᠭᠤᠯᠴᠢᠯᠠᠯ᠎ᠤᠨ ᠬᠡᠷᠡᠭᠯᠡᠭᠡ᠎ᠶᠢ ᠥᠷᠭᠡᠳᠬᠡᠬᠦ᠂ ᠬᠢᠯᠢ᠎ᠳᠦ ᠣᠷᠣᠬᠤ ᠬᠤᠳᠠᠯᠳᠤᠭᠠᠨ᠎ᠤ ᠶᠠᠪᠤᠳᠠᠯ᠎ᠤᠨ ᠠᠵᠢᠯᠯᠠᠭ᠎ᠠ᠎ᠳᠤ ᠲᠥᠬᠥᠮ ᠦᠵᠡᠭᠦᠯᠬᠦ ᠂ ᠬᠢᠯᠢ᠎ᠳᠦ ᠣᠷᠣᠬᠤ ᠤᠷᠤᠯᠳᠤᠭᠠᠨ᠎ᠢ ᠬᠥᠭᠵᠢᠭᠡᠬᠦ ᠵᠡᠷᠭᠡ 7 ᠲᠠᠯ᠎ᠠ᠎ᠪᠠᠷ 16 ᠵᠦᠢᠯ᠎ᠦᠨ ᠪᠣᠳᠠᠲᠠᠢ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃ 

 ᠰᠤᠶᠤᠯ 

✦ᠲᠦᠷᠦᠭᠦᠭᠡᠨ ᠬᠣᠶᠠᠳᠤᠭᠠᠷ ᠬᠤᠭᠤᠴᠠᠭᠠᠨ᠎ᠤ《ᠲᠦᠮᠡᠨ ᠭᠠᠵᠠᠷ᠎ᠤᠨ ᠴᠠᠢ᠎ᠶᠢᠨ ᠵᠠᠮ᠎ᠤᠨ ᠥᠷᠲᠡᠭᠡ》ᠳᠤᠮᠳᠠᠳᠤ ᠣᠷᠣᠰ᠎ᠤᠨ ᠵᠠᠯᠠᠭᠤᠴᠤᠳ ᠪᠠᠭᠠᠴᠤᠳ᠎ᠤᠨ ᠰᠣᠶᠣᠯ ᠤᠷᠠᠯᠢᠭ᠋᠎ᠤᠨ ᠠᠵᠢᠯᠯᠠᠭ᠎ᠠ ᠮᠠᠨᠵᠤᠤᠷ᠎ᠲᠤ ᠡᠬᠢᠯᠡᠵᠦ᠂ 2026 ᠣᠨ᠎ᠤ ᠬᠠᠪᠤᠷ᠎ᠤᠨ ᠤᠯᠠᠷᠢᠯ᠎ᠤᠨ ᠮᠠᠨᠵᠤᠤᠷ᠎ᠤᠨ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠪᠡᠷ ᠡᠬᠢᠯᠡᠪᠡ᠃ ᠲᠤᠰ ᠠᠵᠢᠯᠯᠠᠭ᠎ᠠ ᠨᠢ ᠳᠤᠮᠳᠠᠳᠤ ᠤᠷᠤᠰ᠎ᠤᠨ ᠵᠠᠯᠠᠭᠤᠴᠤᠳ ᠪᠠᠭᠠᠴᠤᠳ᠎ᠤᠨ ᠰᠣᠶᠣᠯ ᠤᠷᠠᠯᠢᠭ᠋᠎ᠤᠨ ᠰᠣᠯᠢᠯᠴᠠᠭ᠎ᠠ ᠪᠣᠯᠣᠨ ᠬᠢᠯᠢ ᠠᠯᠤᠰᠯᠠᠭᠰᠠᠨ ᠰᠤᠳᠤᠯᠭᠠᠨ᠎ᠢᠶᠠᠷ ᠭᠣᠣᠯ ᠪᠣᠯᠭᠠᠵᠤ᠂ ᠲᠦᠮᠡᠨ ᠭᠠᠵᠠᠷ᠎ᠤᠨ ᠴᠠᠢ᠎ᠶᠢᠨ ᠵᠠᠮ᠎ᠤᠨ ᠰᠣᠶᠣᠯ᠎ᠤᠨ ᠠᠭᠤᠯᠬᠤᠨ ᠪᠣᠯᠣᠨ ᠮᠠᠨᠵᠤᠤᠷ᠎ᠤᠨ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠳᠠᠪᠠᠭᠤᠯᠢᠭ᠋᠎ᠲᠤ ᠲᠦᠰᠢᠭᠯᠡᠵᠦ᠂ ᠬᠣᠶᠠᠷ ᠤᠯᠤᠰ᠎ᠤᠨ ᠵᠠᠯᠠᠭᠤᠴᠤᠳ ᠪᠠᠭᠠᠴᠤᠳ᠎ᠤᠨ ᠰᠣᠶᠣᠯ᠎ᠤᠨ ᠰᠤᠯᠢᠯᠴᠠᠭ᠎ᠠ ᠵᠢ ᠭᠦᠨᠵᠡᠭᠡᠢᠷᠡᠭᠦᠯᠬᠦ ᠪᠤᠯᠤᠨ᠎ᠠ᠃

✦21᠎ᠤ ᠡᠳᠦᠷ᠂ ᠤᠯᠠᠭᠠᠨᠬᠠᠳᠠ ᠶᠡᠬᠡ ᠰᠤᠷᠭᠠᠭᠤᠯᠢ᠎ᠠᠴᠠ ᠭᠣᠣᠯᠯᠠᠨ ᠡᠷᠬᠢᠯᠡᠵᠦ᠂ ᠤᠯᠠᠭᠠᠨᠬᠠᠳᠠ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ ᠪᠠ ᠥᠪᠥᠷ ᠮᠣᠩᠭᠣᠯ᠎ᠤᠨ ᠮᠥᠩᠬᠡᠭᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠣᠪᠢᠴᠠᠭᠠᠳᠤ ᠬᠢᠵᠠᠭᠠᠷᠲᠤ ᠺᠣᠮᠫᠠᠨᠢ ᠡᠴᠡ ᠳᠠᠭᠠᠭᠠᠴᠢᠯᠠᠨ ᠡᠷᠬᠢᠯᠡᠭᠰᠡᠨ《ᠬᠡᠯᠡ ᠰᠣᠶᠣᠯ᠎ᠦᠨ ᠥᠪ ᠤᠯᠠᠮᠵᠢᠯᠠᠯ᠂ ᠬᠢᠮᠡᠯ ᠣᠶᠤᠨ᠎ᠦ ᠰᠢᠨ᠎ᠡ ᠡᠷᠢᠯᠬᠢᠯᠡᠯ》ᠮᠡᠷᠭᠡᠵᠢᠯ᠎ᠦᠨ ᠦᠷ᠎ᠡ ᠪᠦᠲᠦᠭᠡᠯ᠎ᠢ ᠨᠡᠢᠲᠡᠯᠡᠬᠦ ᠬᠤᠷᠠᠯ ᠵᠢᠴᠢ ᠥᠪᠥᠷ ᠮᠣᠩᠭᠣᠯ᠎ᠤᠨ ᠰᠣᠶᠣᠯ᠎ᠤᠨ ᠥᠪ᠎ᠢ ᠵᠤᠬᠢᠶᠠᠮᠠᠯ ᠤᠶᠤᠨ᠎ᠵᠢᠡᠷ ᠬᠠᠮᠠᠭᠠᠯᠠᠬᠤ ᠪᠠ ᠦᠷ᠎ᠡ ᠪᠦᠲᠦᠭᠡᠯ᠎ᠢ ᠤᠯᠠᠷᠢᠭᠤᠯᠬᠤ ᠰᠤᠳᠤᠯᠭᠠᠨ᠎ᠤ ᠭᠣᠣᠯᠳᠠᠯᠭᠠᠲᠤ ᠲᠤᠷᠰᠢᠯᠲᠠ ᠶ᠋ᠢᠨ ᠲᠠᠰᠤᠭ ᠎ᠤᠨ ᠫᠠᠢᠰᠠ ᠰᠡᠬᠦᠬᠦ ᠶᠣᠰᠣᠯᠠᠯ ᠤᠯᠠᠭᠠᠬᠠᠳᠠ ᠶᠡᠬᠡ ᠰᠤᠷᠭᠠᠭᠤᠯᠢ ᠳ᠋ᠤ ᠶᠠᠪᠤᠭᠳᠠᠵᠠᠢ᠃

 ᠲᠠᠮᠢᠷ 

✦2026 ᠣᠨ᠎ᠤ ᠪᠥᠬᠥ ᠤᠯᠤᠰ᠎ᠤᠨ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠠᠵᠢᠯ᠎ᠤᠨ ᠬᠤᠷᠠᠯ ᠠ᠋ᠴᠠ ᠣᠢᠯᠠᠭᠠᠭᠰᠠᠨ ᠵᠢᠡᠷ᠂ 2025 ᠣᠨ᠎ᠤ ᠡᠴᠦᠰ ᠪᠣᠯᠲᠠᠯ᠎ᠠ ᠪᠥᠬᠥ ᠤᠯᠤᠰ᠎ᠲᠤ ᠨᠡᠶ᠋ᠢᠲᠡ 500.37 ᠲᠦᠮᠡᠨ ᠪᠡᠶ᠎ᠡ᠎ᠶᠢᠨ ᠲᠠᠮᠢᠷ᠎ᠤᠨ ᠲᠠᠯᠠᠪᠠᠶ ᠪᠠᠢᠵᠤ᠂ ᠪᠡᠶ᠎ᠡ᠎ᠶᠢᠨ ᠲᠠᠮᠢᠷ᠎ᠤᠨ ᠲᠠᠯᠠᠪᠠᠶ 43.72 ᠳ᠋ᠦᠩᠰᠢᠭᠤᠷ ᠲᠡᠭᠰᠢ ᠳᠥᠷᠪᠡᠯᠵᠢᠨ ᠮᠧᠲᠷ ᠬᠦᠷᠴᠦ᠂ ᠬᠥᠮᠥᠨ ᠳᠤᠮᠳᠠᠴᠢ᠎ᠶᠢᠨ ᠪᠡᠶ᠎ᠡ᠎ᠶᠢᠨ ᠲᠠᠮᠢᠷ ᠤ᠋ᠨ ᠲᠠᠯᠠᠪᠠᠶ 3.11 ᠲᠡᠭᠰᠢ ᠳᠥᠷᠪᠡᠯᠵᠢᠨ ᠮᠧᠲᠷ ᠬᠦᠷᠪᠡ᠃

✦21᠎ᠦ ᠡᠳᠦᠷ᠂ ᠬᠤᠯᠠᠨ ᠰᠢᠷᠭ᠎ᠠ ᠳᠠᠭ᠎ᠠ ᠵᠢᠨ ᠡᠯᠡᠰᠦᠨ ᠳ᠋ᠤ 《ᠬᠣᠶᠠᠷ ᠰᠠᠷ᠎ᠠ᠎ᠵᠢᠨ ᠬᠣᠶᠠᠷ᠎ᠤᠨ ᠯᠣᠣ ᠵᠢᠨ ᠲᠣᠯᠣᠭᠠᠢ ᠥᠨᠳᠡᠢᠬᠦ》 ᠮᠠᠰᠢᠨ ᠲᠡᠷᠭᠡᠨ᠎ᠦ ᠤᠷᠤᠯᠳᠤᠭᠠᠨ ᠵᠢᠴᠢ ᠮᠢᠩᠭᠠᠨ ᠲᠡᠷᠭᠡ ᠲᠦᠮᠡᠨ ᠬᠥᠮᠥᠨ ᠴᠠᠰᠤ ᠮᠦᠰᠦ ᠵᠢ ᠲᠤᠭᠤᠯᠬᠤ ᠤᠷᠤᠯᠳᠤᠭᠠᠨ᠎ᠤ ᠠᠵᠢᠯᠯᠠᠭ᠎ᠠ ᠰᠢᠯᠢᠩᠬᠣᠲᠠ᠎ᠳᠤ ᠡᠬᠢᠯᠡᠵᠦ᠂ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 600 ᠭᠠᠷᠤᠢ ᠤᠷᠤᠯᠳᠤᠭᠠᠨ᠎ᠤ ᠲᠡᠷᠭᠡ᠂ 2000 ᠭᠠᠷᠤᠢ ᠤᠷᠤᠯᠳᠤᠭᠠᠨ᠎ᠤ ᠲᠠᠮᠢᠷᠴᠢᠨ ᠣᠷᠣᠯᠴᠠᠪᠠ᠃

 ᠲᠡᠯᠡᠬᠡᠢ 

✦ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠢᠷᠡᠨ᠎ᠤ ᠲᠠᠯ᠎ᠠ 22᠎ᠤᠨ ᠡᠳᠦᠷ ᠮᠡᠳᠡᠭᠡ ᠨᠡᠢᠲᠡᠯᠡᠵᠦ᠂ ᠢᠷᠡᠨ᠎ᠤ ᠨᠡᠷ᠎ᠡ᠎ᠪᠡᠨ ᠨᠢᠭᠤᠭᠰᠠᠨ ᠨᠢᠭᠡᠨ ᠲᠤᠰᠢᠶᠠᠯᠲᠠᠨ ᠰᠣᠷᠪᠤᠯᠵᠢᠯᠠᠭ᠎ᠠ ᠬᠦᠯᠢᠶᠡᠬᠦ᠎ᠳᠡᠭᠡᠨ ᠢᠯᠡᠷᠬᠡᠢᠯᠡᠭᠰᠡᠨ ᠵᠢᠡᠷ᠂ ᠳᠤᠮᠳᠠᠳᠤ ᠳᠣᠷᠣᠨᠠᠲᠤ ᠣᠷᠣᠨ᠎ᠤ ᠵᠠᠷᠢᠮ ᠡᠪᠰᠡᠭᠦᠯᠬᠦ ᠲᠠᠯ᠎ᠠ ᠶ᠋ᠢᠨ ᠬᠢᠨ ᠢᠷᠡᠨ᠎ᠳᠤ ᠳᠠᠶ᠋ᠢᠨ ᠵᠣᠭᠰᠣᠬᠤ ᠰᠠᠨᠠᠭᠤᠯᠭ᠎ᠠ ᠳᠤᠷᠠᠳᠤᠭᠰᠠᠨ ᠪᠣᠯᠪᠠᠴᠤ ᠡᠷᠬᠡᠪᠰᠢ ᠢᠷᠡᠨ᠎ᠤ ᠳᠤᠷᠠᠳᠤᠭᠰᠠᠨ ᠵᠢᠷᠭᠤᠭᠠᠨ ᠨᠥᠬᠥᠴᠡᠯ ᠢ᠋ ᠬᠠᠩᠭᠠᠬᠤ ᠬᠡᠷᠡᠭᠲᠡᠢ ᠭᠡᠵᠡᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠥᠮᠥᠨ᠎ᠦ ᠡᠷᠬᠡ᠎ᠶᠢᠨ ᠬᠡᠷᠡᠭ ᠡᠷᠬᠢᠯᠡᠭᠴᠢᠳ᠎ᠦᠨ ᠬᠤᠷᠠᠯ᠎ᠤᠨ 61 ᠳ᠋ᠤᠭᠡᠷ ᠬᠤᠭᠤᠴᠠᠭᠠᠨ᠎ᠤ ᠬᠤᠷᠠᠯ᠎ᠤᠨ ᠬᠤᠭᠤᠴᠠᠭᠠᠨ᠎ᠳᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠪᠡᠶ᠎ᠡ ᠪᠡᠨ ᠳᠠᠭᠠᠭᠠᠭᠰᠠᠨ ᠲᠤᠰᠬᠠᠢ ᠮᠡᠷᠭᠡᠵᠢᠯᠲᠡᠨ ᠵᠢᠴᠢ ᠳᠤᠮᠳᠠᠳᠤ ᠭᠠᠳᠠᠭᠠᠳᠤ᠎ᠶᠢᠨ ᠡᠯ᠎ᠡ ᠡᠲᠡᠭᠡᠳ᠎ᠦᠨ ᠬᠥᠮᠥᠰ ᠶᠠᠫᠤᠨ᠎ᠢ《ᠠᠮᠤᠵᠢᠷᠭᠤᠯᠤᠭᠴᠢ ᠪᠦᠰᠡᠭᠦᠢ》  ᠵᠢᠨ ᠲᠡᠦᠬᠡ ᠳ᠋ᠦ ᠵᠥᠪ ᠬᠠᠨᠳᠤᠬᠤ ᠬᠡᠷᠡᠭᠲᠡᠢ ᠭᠡᠵᠦ ᠱᠠᠭᠠᠷᠳᠠᠵᠤ᠂ ᠳᠡᠯᠡᠬᠡᠢ ᠨᠡᠢᠭᠡᠮ᠎ᠢᠶᠡᠷ᠎ᠢᠶᠡᠨ ᠳᠡᠭᠡᠳᠦ ᠬᠡᠮᠵᠢᠶ᠎ᠡ᠎ᠪᠡᠷ ᠠᠩᠬᠠᠷᠤᠯ ᠲᠠᠯᠪᠢᠵᠤ᠂ ᠶᠠᠫᠤᠨ᠎ᠤ ᠲᠠᠯ᠎ᠠ᠎ᠶᠢᠨ ᠲᠡᠦᠬᠡ᠎ᠶᠢᠨ ᠬᠠᠷᠢᠭᠤᠴᠠᠯᠭ᠎ᠠ᠎ᠪᠠᠨ ᠦᠨᠡᠨᠬᠦ ᠡᠭᠦᠷᠬᠡᠯᠡᠬᠦ ᠵᠢ ᠠᠬᠢᠭᠤᠯᠬᠤ ᠬᠡᠷᠡᠭᠳᠡᠢ ᠭᠡᠵᠦ ᠤᠷᠢᠶᠠᠯᠠᠵᠠᠢ᠃

 ᠦᠢᠯᠡᠴᠢᠯᠡᠭᠡ 

✦ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ ᠳ᠋ᠤ 70 ᠬᠦᠮᠦᠨ ᠡᠯᠰᠡᠨ᠎ᠠ᠃ ᠨᠠᠷᠢᠨ ᠠᠭᠤᠯᠭ᠎ᠠ᠎ᠶᠢ《ᠤᠤᠯ ᠵᠤᠬᠢᠶᠠᠯ᠎ᠢ ᠦᠵᠡᠬᠦ》(阅读原文) ᠦᠰᠦᠭ᠎ᠢ ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠭᠤᠷᠪᠠᠨ ᠰᠠᠷ᠎ᠠ ᠪᠣᠯ ᠮᠤᠭᠠᠢ ᠢᠯᠢᠳᠦ ᠵᠢ ᠤᠷᠢᠳᠴᠢᠯᠠᠨ ᠰᠡᠷᠭᠡᠢᠯᠡᠬᠦ ᠰᠠᠷ᠎ᠠ ᠪᠣᠯᠣᠨ᠎ᠠ᠃ ᠡᠭᠡᠯᠢᠯᠡᠭᠡ᠎ᠶᠢᠨ ᠴᠢᠳᠠᠪᠤᠷᠢ ᠪᠠᠭᠤᠷᠠᠬᠤ᠂ ᠶᠠᠳᠠᠷᠠᠵᠤ ᠵᠦᠳᠡᠷᠡᠬᠦ᠂ ᠰᠥᠨᠢᠵᠢᠨ ᠰᠠᠭᠤᠬᠤ᠂ ᠳᠠᠷᠤᠯᠲᠠ ᠶᠡᠬᠡᠳᠬᠦ ᠨᠢ ᠴᠦᠮ ᠮᠤᠭᠠᠢ ᠢᠯᠳᠦ ᠭᠠᠷᠬᠤ ᠵᠢᠨ ᠰᠢᠯᠲᠠᠭᠠᠨ ᠪᠤᠯᠳᠠᠭ᠃ ᠠᠵᠢᠯᠯᠠᠵᠤ ᠠᠮᠠᠷᠠᠬᠤ᠂ ᠢᠳᠡᠭᠡᠨ ᠤᠮᠳᠠᠭᠠᠨ᠎ᠢᠶᠠᠨ ᠲᠡᠩᠴᠡᠭᠦᠯᠵᠦ᠂ ᠲᠠᠮᠢᠷ᠎ᠤᠨ ᠪᠣᠯᠪᠠᠰᠤᠷᠠᠯ ᠵᠣᠬᠢᠰᠲᠠᠢ ᠬᠢᠬᠦ ᠬᠡᠷᠡᠭᠲᠡᠢ᠃ ᠢᠳᠡᠷ ᠦᠲᠡᠯ᠎ᠡ ᠨᠠᠰᠤᠨ᠎ᠤ ᠬᠥᠮᠥᠰ ᠵᠢᠴᠢ ᠪᠡᠶ᠎ᠡ ᠮᠠᠭᠤᠲᠠᠢ ᠬᠥᠮᠥᠰ ᠳᠤᠯᠠᠭᠠᠯᠠᠬᠤ᠎ᠶᠢ ᠠᠩᠬᠠᠷᠴᠤ᠂ ᠬᠡᠲᠦᠷᠬᠡᠢ ᠶᠠᠳᠠᠷᠠᠬᠤ ᠠ᠋ᠴᠠ ᠵᠠᠢᠯᠠᠰᠬᠢᠬᠦ ᠬᠡᠷᠡᠭᠲᠡᠢ᠃ ᠬᠡᠷᠪᠡ ᠠᠷᠠᠰᠤ ᠬᠠᠳᠬᠤᠯᠠᠨ ᠡᠪᠡᠳᠬᠦ᠂ ᠪᠦᠭᠡᠮ ᠪᠦᠭᠡᠮ ᠤᠰᠤᠨ ᠴᠥᠪᠥᠷᠢᠭᠦᠦ ᠭᠠᠷᠤᠭᠰᠠᠨ ᠪᠤᠯ ᠡᠷᠲᠡᠬᠡᠨ ᠡᠮᠨᠡᠭᠦᠯᠬᠦ᠎ᠶᠢᠨ ᠬᠠᠮᠲᠤ ᠸᠠᠺᠼᠢᠨ᠎ᠤ ᠲᠠᠷᠢᠯᠭ᠎ᠠ ᠳᠠᠷᠢᠬᠤ᠎ᠪᠡᠷ ᠳᠠᠮᠵᠢᠨ ᠡᠪᠡᠳᠴᠢᠨ ᠡᠭᠦᠰᠬᠦ ᠲᠦᠭᠰᠢᠭᠦᠷᠢ᠎ᠶᠢ ᠪᠠᠭᠠᠰᠬᠠᠵᠤ ᠪᠣᠯᠣᠨ᠎ᠠ᠃ 

ᠵᠠᠯᠭᠠᠭᠠᠳ 《ᠰᠡᠳᠬᠢᠯ ᠳ᠋ᠤ ᠤᠢᠷᠠᠬᠠᠨ ᠨᠤᠲᠤᠭ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ! 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号