3 ᠰᠠᠷ᠎ᠠ᠎ᠶ᠋ᠢᠨ 25᠎ᠤ ᠡᠳᠦᠷ
ᠡᠬᠢᠯᠡᠬᠦ᠌ ᠴᠠᠭ᠄
2026-03-25 11:23:38
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄

401.jpg


  ᠨᠡᠢᠭᠡᠮ                                

✦ᠮᠠᠨ᠎ᠤ ᠤᠯᠤᠰ ᠪᠥᠬᠥ ᠤᠯᠤᠰ᠎ᠤᠨ ᠬᠡᠪᠴᠢᠶᠡᠨ᠎ᠳ᠋ᠡᠭᠢ 2700 ᠭᠠᠷᠤᠢ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ 134.9 ᠲᠦᠮᠡᠨ ᠬᠤᠪᠢ ᠦᠯᠡᠳᠡᠭᠳᠡᠯ ᠲᠤᠰᠬᠠᠢ ᠠᠰᠢᠭ᠋᠎ᠤᠨ ᠪᠦᠷᠢᠳᠬᠡᠯ᠎ᠢ ᠠᠩᠬ᠎ᠠ ᠤᠳᠠᠭ᠎ᠠ ᠪᠡᠶᠡᠯᠡᠭᠦᠯᠵᠦ᠂ 68 ᠲᠦᠮᠡᠨ ᠬᠤᠪᠢ ᠤᠯᠠᠷᠢᠭᠤᠯᠬᠤ ᠨᠥᠬᠥᠴᠡᠯ᠎ᠵᠢᠡᠷ ᠨᠡᠯᠢᠶᠡᠳ ᠰᠠᠢᠨ ᠡᠭᠦᠳᠦᠯᠲᠡ᠎ᠶᠢᠨ ᠲᠤᠰᠬᠠᠢ ᠠᠰᠢᠭ᠋᠎ᠢ ᠰᠣᠩᠭᠣᠨ ᠭᠠᠷᠭᠠᠵᠤ᠂ 46 ᠲᠦᠮᠡᠨ ᠠᠵᠤ ᠠᠬᠤᠢᠯᠠᠯ᠎ᠲᠠᠢ ᠣᠨᠣᠪᠴᠢᠲᠠᠶ᠎ᠪᠠᠷ ᠵᠣᠯᠭᠠᠯᠳᠤᠭᠤᠯᠪᠠ᠃

✦ᠪᠥᠸᠧ ᠤ᠌ᠤ ᠠᠽᠢᠶ᠎ᠠ ᠲᠢᠪ᠎ᠦᠨ ᠶᠠᠷᠢᠶᠠᠨ᠎ᠤ ᠲᠠᠪᠴᠠᠩ᠎ᠤᠨ 2026 ᠣᠨ᠎ᠤ ᠬᠤᠷᠠᠯ 3 ᠰᠠᠷ᠎ᠠ᠎ᠶᠢᠨ 24᠎ᠦ ᠡᠳᠦᠷ᠎ᠡᠴᠡ 27᠎ᠤ ᠡᠳᠦᠷ ᠪᠣᠯᠲᠠᠯ᠎ᠠ ᠬᠠᠢᠨᠠᠨ᠎ᠤ ᠪᠥᠸᠧ ᠤ᠌ᠤ᠎ᠶᠢᠨ ᠳ᠋ᠦᠩ ᠢᠦᠢ ᠠᠷᠠᠯ᠎ᠳᠤ ᠶᠠᠪᠤᠭᠳᠠᠬᠤ᠎ᠪᠡᠷ ᠪᠤᠢ᠃

✦ᠮᠠᠨ᠎ᠤ ᠤᠯᠤᠰ᠎ᠤᠨ ᠴᠠᠬᠢᠯᠭᠠᠨ ᠮᠠᠰᠢᠨ ᠵᠢᠴᠢ ᠲᠡᠭᠦᠨ᠎ᠦ ᠰᠢᠰᠲᠧᠮ᠎ᠦᠨ ᠵᠢᠯ᠎ᠦᠨ ᠦᠢᠯᠡᠳᠬᠦᠨ᠎ᠦ ᠦᠷᠲᠡᠭ 1 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠪᠠᠷᠤᠭ ᠪᠦᠬᠦ ᠪᠥᠮᠪᠥᠷᠴᠡᠭ᠎ᠦᠨ 30%᠎ᠶᠢ ᠡᠵᠡᠯᠡᠵᠦ᠂ ᠪᠦᠬᠦ ᠲᠦᠷᠦᠯ᠂ ᠪᠦᠬᠦ ᠬᠡᠯᠬᠢᠶ᠎ᠡ᠎ᠶᠢ ᠬᠠᠮᠤᠷᠤᠭᠰᠠᠨ ᠦᠢᠯᠡᠳᠪᠦᠷᠢᠯᠡᠵᠦ ᠦᠢᠯᠡᠳᠬᠦ ᠰᠢᠰᠲᠧᠮ᠎ᠢ ᠦᠨᠳᠦᠰᠦᠨ᠎ᠳᠡᠭᠡᠨ ᠪᠠᠢᠭᠤᠯᠪᠠ᠃

✦2026 ᠪᠡᠭᠡᠵᠢᠩ᠎ᠦᠨ ᠢ ᠵᠤᠸᠠᠩ᠎ᠤᠨ ᠬᠥᠮᠥᠨ ᠳᠦᠷᠰᠦᠲᠦ ᠮᠠᠰᠢᠨ ᠬᠥᠮᠥᠨ᠎ᠦ ᠬᠠᠭᠠᠰ ᠵᠠᠢ᠎ᠵᠢᠨ ᠮᠠᠷᠠᠽᠤᠨ ᠤᠷᠤᠯᠳᠤᠭᠠᠨ 4 ᠰᠠᠷ᠎ᠠ᠎ᠶᠢᠨ 19᠎ᠦ ᠡᠳᠦᠷ ᠶᠠᠪᠤᠭᠳᠠᠬᠤ᠎ᠪᠡᠷ ᠪᠠᠢᠵᠤ᠂ 300 ᠭᠠᠷᠤᠢ ᠮᠠᠰᠢᠨ ᠬᠥᠮᠥᠨ ᠤᠷᠤᠯᠳᠤᠭᠠᠨ᠎ᠳᠤ ᠣᠷᠣᠯᠴᠠᠬᠤ ᠪᠣᠯᠣᠨ᠎ᠠ᠃

✦ᠤᠯᠤᠰ᠎ᠤᠨ ᠮᠡᠳᠡᠯᠭᠡ᠎ᠶᠢᠨ ᠥᠮᠴᠢᠯᠡᠬᠦ ᠡᠷᠬᠡ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠲᠤᠰᠬᠠᠢ ᠠᠰᠢᠭ᠋᠎ᠲᠤ ᠬᠣᠯᠪᠣᠭᠳᠠᠭᠰᠠᠨ ᠮᠡᠷᠭᠡᠵᠢᠯ᠎ᠦᠨ ᠭᠡᠷ᠎ᠡ᠎ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 1.18 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ᠃

✦2026 ᠣᠨ ᠪᠣᠯ《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠣᠨ᠎ᠠ᠂ ᠡᠨᠡ ᠵᠢᠯ ᠮᠠᠨ᠎ᠤ ᠣᠷᠣᠨ᠎ᠤ 《ᠡᠨᠧᠷᠭᠢ᠎ᠶᠢᠨ ᠲᠣᠮᠣ᠌ ᠣᠷᠣᠨ᠎ᠠᠴᠠ ᠡᠨᠧᠷᠭᠢ᠎ᠶᠢᠨ ᠬᠦᠴᠦᠷᠬᠡᠭ ᠣᠷᠣᠨ ᠪᠣᠯᠬᠤ》ᠪᠠᠢᠷᠢ ᠲᠣᠭᠲᠠᠭᠠᠯᠲᠠ᠎ᠶᠢ ᠲᠣᠭᠲᠠᠭᠠᠵᠤ᠂ ᠪᠥᠬᠥ ᠵᠢᠯ᠎ᠳᠦ 9100 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠡᠭᠦᠨ᠎ᠳᠦ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠬᠡᠮᠵᠢᠶ᠎ᠡ 3000 ᠳ᠋ᠦᠩᠰᠢᠭᠤᠷ ᠭᠷᠡᠳᠦ᠋ᠰ᠎ᠢ ᠳᠠᠪᠠᠵᠤ᠂ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ ᠬᠠᠷᠢᠴᠠᠯ᠎ᠢ 33% ᠪᠣᠯᠲᠠᠯ᠎ᠠ ᠳᠡᠭᠡᠭᠰᠢᠯᠡᠭᠦᠯᠦᠨ᠎ᠡ᠃

✦ᠣᠳᠣᠬᠠᠨ ᠪᠣᠯᠲᠠᠯ᠎ᠠ 2026 ᠣᠨ᠎ᠤ ᠱᠠᠨᠳᠦ᠋ᠩ᠎ᠦᠨ ᠴᠢᠩᠳᠣᠣ᠂ ᠶᠠᠨ ᠲᠠᠢ᠂ ᠸᠧᠢ ᠹᠠᠩ᠂ ᠯᠢᠨ ᠢ᠂ ᠲᠠᠢ ᠠᠨ ᠡᠴᠡ ᠪᠠᠷᠠᠭᠤᠨ ᠦᠵᠦᠮᠦᠴᠢᠨ ᠬᠣᠰᠢᠭᠤ᠂ ᠤᠯᠠᠭᠠᠢ ᠬᠠᠮᠢᠶᠠᠷᠤᠯᠲᠠ᠎ᠶᠢᠨ ᠣᠷᠣᠨ ᠬᠦᠷᠲᠡᠯᠡᠬᠢ ᠵᠢᠭᠤᠯᠴᠢᠯᠠᠯ᠎ᠤᠨ 21 ᠴᠤᠪᠤᠭ᠎ᠠ ᠲᠤᠰᠬᠠᠢ ᠭᠠᠯᠲᠤ ᠲᠡᠷᠭᠡ ᠨᠢᠭᠡᠨᠲᠡ ᠵᠥᠪᠰᠢᠶᠡᠷᠡᠭᠳᠡᠵᠦ᠂ 6 ᠰᠠᠷ᠎ᠠ᠎ᠠᠴᠠ ᠡᠬᠢᠯᠡᠨ ᠵᠠᠯᠭᠠᠭ᠎ᠠ᠎ᠪᠠᠷ ᠠᠶᠠᠯᠠᠬᠤ᠎ᠪᠠᠷ ᠲᠥᠯᠥᠪᠯᠡᠵᠦ᠂ ᠵᠢᠱ᠌ᠢᠯᠲᠡ᠎ᠪᠡᠷ 16000 ᠭᠠᠷᠤᠢ ᠱᠠᠨᠳᠦ᠋ᠩ᠎ᠦᠨ ᠵᠢᠭᠤᠯᠴᠢᠯᠠᠭᠰᠠᠳ ᠰᠢᠯᠢ᠎ᠶᠢᠨ ᠭᠣᠣᠯ᠎ᠤᠨ ᠲᠠᠯ᠎ᠠ ᠨᠤᠲᠤᠭ᠎ᠲᠤ ᠢᠷᠡᠬᠦ ᠪᠣᠯᠣᠨ᠎ᠠ᠃

✦ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ ᠪᠢᠴᠢᠭ ᠮᠠᠲᠧᠷᠢᠶᠠᠯ ᠳᠠᠷᠤᠮᠠᠯᠯᠠᠨ ᠲᠠᠷᠬᠠᠭᠠᠵᠤ᠂ 2025 ᠣᠨ᠎ᠤ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠶᠢᠨ ᠨᠡᠷᠡᠰ᠎ᠢ ᠨᠡᠢᠲᠡᠯᠡᠵᠦ᠂ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋᠎ᠤᠨ ᠠᠷᠪᠠᠨ ᠳᠣᠯᠣᠳᠤᠭᠠᠷ ᠪᠠᠭ᠎ᠠ ᠰᠤᠷᠭᠠᠭᠤᠯᠢ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠸᠠᠨ ᠵᠢᠨ ᠰᠤᠷᠭᠠᠭᠤᠯᠢ ᠵᠡᠷᠭᠡ ᠮᠠᠨ᠎ᠤ ᠤᠷᠤᠨ᠎ᠤ 39 ᠰᠤᠷᠭᠠᠭᠤᠯᠢ ᠵᠢᠭ᠍ᠰᠠᠭᠠᠯᠲᠠ᠎ᠳᠤ ᠣᠷᠣᠪᠠ᠃

✦ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ 2026 ᠣᠨ᠎ᠳᠤ ᠮᠠᠨ᠎ᠤ ᠣᠷᠣᠨ ᠨᠤᠲᠤᠭ ᠪᠡᠯᠴᠢᠭᠡᠷ᠎ᠢ ᠵᠠᠰᠠᠭᠰᠠᠨ ᠦᠷ᠎ᠡ ᠪᠦᠲᠦᠭᠡᠯ ᠵᠢᠡᠨ ᠪᠡᠬᠢᠵᠢᠭᠦᠯᠬᠦ᠂ ᠣᠢ ᠰᠢᠭᠤᠢ ᠨᠤᠲᠤᠭ ᠪᠡᠯᠴᠢᠭᠡᠷ᠎ᠢ ᠰᠦᠢᠳᠬᠡᠬᠦ ᠦᠢᠯᠡ  ᠠᠵᠢᠯᠯᠠᠭ᠎ᠠ᠎ᠶᠢ ᠦᠷᠭᠦᠯᠵᠢᠯᠡᠨ ᠴᠡᠭᠴᠡᠯᠡᠨ ᠵᠠᠰᠠᠬᠤ᠂ ᠡᠯ᠎ᠡ ᠲᠥᠷᠥᠯ᠎ᠦᠨ ᠡᠬᠢ  ᠪᠠᠶᠠᠯᠢᠭ᠋᠎ᠤᠨ ᠬᠠᠮᠠᠭᠠᠯᠠᠯᠲᠠ ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠬᠤ ᠵᠡᠷᠭᠡ 3 ᠲᠠᠯ᠎ᠠ᠎ᠪᠠᠷ ᠣᠢ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠤᠨ ᠬᠠᠮᠠᠭᠠᠯᠠᠯᠲᠠ ᠪᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠬᠤ ᠪᠠᠷ ᠪᠤᠢ᠃

✦ᠡᠨᠡ ᠬᠠᠪᠤᠷ ᠤᠷᠳᠤᠰ ᠬᠤᠲᠠ᠎ᠵᠢᠨ ᠦᠦᠰᠢᠨ ᠬᠤᠰᠢᠭᠤ 60 ᠭᠠᠷᠤᠢ ᠲᠦᠮᠡᠨ ᠨᠠᠷᠢᠨ ᠨᠣᠣᠰᠣᠲᠤ ᠬᠣᠨᠢᠨ᠎ᠠᠴᠠ 90 ᠭᠠᠷᠤᠢ ᠲᠦᠮᠡᠨ ᠲᠥᠯ ᠲᠤᠰᠴᠤ᠂ ᠲᠥᠯ ᠮᠠᠯ᠎ᠤᠨ ᠤᠨᠳᠤᠷᠤᠯᠲᠠ᠎ᠶᠢᠨ  ᠨᠣᠷᠮ᠎ᠠ 98%᠎ᠳᠤ ᠬᠦᠷᠴᠡᠢ᠃

 ᠠᠵᠦ ᠠᠬᠤᠢ 

✦ᠣᠢᠷ᠎ᠠ᠎ᠳᠤ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠪᠣᠯᠣᠨ ᠪᠤᠭᠤᠲᠤ ᠬᠣᠲᠠ᠎ᠶᠢᠨ ᠬᠤᠪᠢᠶᠠᠷᠢ ᠪᠠᠩᠬᠢ᠎ᠶᠢᠨ ᠵᠢᠯᠣᠭᠣᠳᠤᠯᠭ᠎ᠠ ᠳᠣᠣᠷ᠎ᠠ᠂ ᠥᠪᠥᠷ ᠮᠣᠩᠭᠣᠯ᠎ᠤᠨ ᠬᠤᠳᠠᠯᠳᠤᠭᠠᠨ᠎ᠤ ᠪᠠᠩᠬᠢ 10 ᠳ᠋ᠦᠩᠰᠢᠭᠤᠷ ᠲᠥᠭᠥᠷᠢᠭ᠎ᠦᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠳᠤ ᠳᠠᠬᠢᠨᠲᠠ ᠵᠢᠭᠡᠯᠡᠯᠭᠡ ᠣᠯᠭᠣᠬᠤ ᠵᠥᠪᠰᠢᠶᠡᠷᠡᠯ᠎ᠢ ᠣᠯᠵᠤ᠂ ᠥᠪᠥᠷ ᠮᠣᠩᠭᠣᠯ᠎ᠤᠨ ᠠᠩᠬᠠᠳᠠᠭ᠍ᠴᠢ ᠪᠦᠯᠦᠭ ᠲᠣᠰ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠣᠯᠵᠤ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠳᠤ ᠳᠠᠬᠢᠨᠲᠠ ᠵᠢᠭᠡᠯᠡᠯᠭᠡ ᠣᠯᠭᠣᠭᠰᠠᠨ ᠬᠡᠮᠵᠢᠶᠡᠨ᠎ᠦ 62.5%᠎ᠶᠢ ᠡᠵᠡᠯᠡᠪᠡ᠃

✦ᠣᠢᠷ᠎ᠠ᠎ᠳᠦ ᠬᠥᠯᠥᠨ ᠪᠤᠢᠷ ᠬᠤᠲᠠ᠎ᠵᠢᠨ ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠡᠷᠦᠯᠦᠨ ᠰᠤᠮᠤᠨ᠎ᠤ  ᠨᠠᠢᠷᠠᠮᠳᠠᠯ ᠭᠠᠴᠠᠭᠠᠨ᠎ᠤ ᠡᠮᠡᠭᠲᠡᠢᠴᠦᠳ᠎ᠦᠨ ᠬᠣᠯᠪᠣᠭ᠎ᠠ 《ᠡᠮᠡᠭᠲᠡᠢᠴᠦᠳ ᠪᠢᠳᠡ  ᠡᠭᠦᠷᠢᠳᠡ ᠨᠠᠮ᠎ᠢᠶᠠᠨ ᠳᠠᠭᠠᠵᠤ ᠰᠢᠨ᠎ᠡ ᠪᠠᠢᠳᠠᠯ᠎ᠢ ᠴᠤᠭᠴᠠᠯᠠᠶ᠎ᠠ》ᠭᠡᠬᠦ ᠭᠣᠣᠯ ᠰᠡᠳᠦᠪᠲᠦ ᠬᠠᠮᠲᠤ᠎ᠶᠢᠨ ᠬᠤᠷᠠᠮᠳᠤᠭᠤᠯᠭ᠎ᠠ᠎ᠶᠢᠨ ᠠᠰᠢᠭ᠋ ᠬᠤᠪᠢᠶᠠᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ 138650 ᠲᠥᠭᠥᠷᠢᠭ᠎ᠦᠨ ᠡᠮᠡᠭᠲᠡᠢᠴᠦᠳ᠎ᠤᠨ ᠬᠣᠯᠪᠣᠭ᠎ᠠ᠎ᠶᠢᠨ ᠬᠠᠮᠲᠤ᠎ᠶᠢᠨ ᠠᠵᠤ ᠠᠬᠤᠢ᠎ᠶᠢᠨ ᠠᠰᠢᠭ᠋ ᠣᠷᠣᠯᠭ᠎ᠠ᠎ᠶᠢ 295 ᠮᠠᠯᠴᠢᠨ᠎ᠳᠤ ᠬᠤᠪᠢᠶᠠᠷᠢᠯᠠᠵᠠᠢ᠃

 ᠲᠠᠮᠢᠷ 

✦2025 — 2026 ᠣᠨ᠎ᠤ ᠤᠷᠣᠯᠲᠤᠭᠠᠨ᠎ᠤ ᠤᠯᠠᠷᠢᠯ᠎ᠤᠨ ᠪᠦᠬᠦ ᠤᠯᠤᠰ᠎ᠤᠨ ᠴᠢᠯᠦᠭᠡᠲᠦ ᠴᠠᠨᠠᠯᠡᠯᠲᠡ᠎ᠶᠢᠨ ᠣᠭᠲᠠᠷᠭᠤᠢ ᠎ᠶᠢᠨ ᠤᠷ᠎ᠠ ᠮᠡᠷᠭᠡᠵᠢᠯ ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ ᠤᠢᠷ᠎ᠠ᠎ᠳᠤ ᠬᠢᠩᠭᠠᠨ ᠠᠢᠮᠠᠭ᠎ᠤᠨ ᠷᠠᠰᠢᠶᠠᠨ ᠬᠣᠲᠠ᠎ᠳᠤ ᠡᠬᠢᠯᠡᠪᠡ᠃ ᠣᠷᠤᠯᠳᠤᠭᠠᠨ᠎ᠳᠦ ᠨᠡᠢᠲᠡ 6 ᠪᠠᠭ᠎ᠠ ᠲᠥᠷᠥᠯ ᠲᠣᠬᠢᠷᠠᠭᠤᠯᠤᠨ᠂ ᠪᠥᠬᠥ ᠤᠯᠤᠰ᠎ᠤᠨ 12 ᠮᠤᠵᠢ ᠣᠷᠣᠨ ᠵᠢᠴᠢ ᠪᠠᠢᠭᠤᠯᠭ᠎ᠠ ᠨᠢᠭᠡᠴᠢ᠎ᠶᠢᠨ 58 ᠲᠠᠮᠢᠷᠴᠢᠨ ᠣᠷᠣᠯᠴᠠᠪᠠ᠃

✦ᠤᠢᠷ᠎ᠠ᠎ᠳᠤ ᠪᠠᠶᠠᠨᠨᠠᠭᠤᠷ ᠬᠤᠲᠠ᠎ᠵᠢᠨ ᠤᠷᠠᠳ᠎ᠤᠨ ᠬᠣᠢᠲᠣ᠌ ᠬᠣᠰᠢᠭᠤᠨ᠎ᠤ ᠪᠠᠶᠠᠨᠴᠢᠨᠳᠠᠮᠤᠨᠢ ᠰᠤᠮᠤᠨ᠎ᠤ ᠮᠠᠯᠴᠢᠳ ᠴᠤᠭᠯᠠᠷᠠᠨ ᠠᠢᠯ ᠰᠠᠭᠠᠬᠠᠯᠲᠠ᠎ᠪᠠᠷ᠎ᠢᠶᠠᠨ ᠬᠠᠪᠰᠤᠷᠤᠯᠴᠠᠵᠤ᠂ ᠲᠣᠷᠤᠮ ᠲᠠᠮᠠᠭᠠᠯᠠᠬᠤ᠂ ᠲᠡᠮᠡᠭᠡ ᠤᠷᠣᠯᠳᠤᠬᠤ᠂ ᠪᠦᠬᠡ ᠪᠠᠷᠢᠯᠳᠤᠬᠤ ᠵᠡᠷᠭᠡ ᠤᠯᠠᠮᠵᠢᠯᠠᠯᠲᠤ ᠠᠵᠢᠯᠯᠠᠭ᠎ᠠ ᠪᠣᠯᠣᠨ ᠲᠠᠮᠢᠷ᠎ᠤᠨ ᠣᠷᠣᠯᠳᠤᠭᠠᠨ᠎ᠤ ᠲᠥᠷᠥᠯ ᠵᠦᠢᠯ᠎ᠢ ᠥᠷᠨᠢᠭᠦᠯᠪᠡ᠃

ᠲᠡᠯᠡᠬᠡᠢ 

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠢᠰᠷᠧᠯ᠎ᠦᠨ ᠨᠢᠭᠡᠨ ᠳᠡᠭᠡᠳᠦ ᠵᠡᠷᠭᠡ᠎ᠶᠢᠨ ᠲᠤᠰᠢᠶᠠᠯᠲᠠᠨ ᠤᠢᠷ᠎ᠠ᠎ᠳᠦ ᠢᠯᠡᠷᠬᠡᠢᠯᠡᠬᠦ᠎ᠳᠡᠭᠡᠨ᠂ ᠲᠤᠰ ᠭᠠᠷᠠᠭ᠎ᠤᠨ ᠰᠡᠭᠦᠯᠴᠢ᠎ᠪᠡᠷ ᠢᠷᠠᠨ ᠪᠣᠯᠣᠨ ᠠᠮᠧᠷᠢᠺᠠ᠎ᠶᠢᠨ ᠳᠡᠭᠡᠳᠦ ᠵᠡᠷᠭᠡ᠎ᠶᠢᠨ ᠲᠤᠰᠢᠶᠠᠯᠲᠠᠨ ᠫᠠᠺᠢᠰᠲ᠋ᠠᠨ᠎ᠤ ᠨᠡᠢᠰᠯᠡᠯ ᠢᠰᠯᠠᠮᠠᠪᠠᠳ᠋᠎ᠲᠤ ᠬᠡᠯᠡᠯᠴᠡᠭᠡ ᠬᠢᠬᠦ ᠪᠣᠯᠣᠨ᠎ᠠ᠃

✦ᠳᠡᠯᠡᠬᠡᠢ᠎ᠶᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ 23᠎ᠤ ᠡᠳᠦᠷ ᠮᠡᠳᠡᠭᠦᠯᠦᠯᠲᠡ ᠨᠡᠢᠲᠡᠯᠡᠵᠦ ᠢᠯᠡᠷᠬᠡᠢᠯᠡᠬᠦ᠎ᠳᠡᠭᠡᠨ᠂ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠠᠴᠠ ᠪᠣᠯᠵᠤ ᠠᠭᠠᠷ ᠮᠠᠨᠳᠠᠯ ᠪᠠ ᠲᠡᠯᠡᠶ ᠲᠠᠩᠭᠢᠰ ᠦᠷᠭᠦᠯᠵᠢᠯᠡᠨ ᠳᠤᠯᠠᠭᠠᠷᠠᠵᠤ ᠮᠥᠰᠥ ᠬᠠᠢᠯᠵᠤ᠂ ᠳᠡᠯᠡᠬᠡᠢ᠎ᠶᠢᠨ ᠪᠥᠮᠪᠥᠷᠴᠡᠭ᠎ᠦᠨ ᠠᠭᠤᠷ ᠠᠮᠢᠰᠬᠤᠯ ᠶᠠᠭ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠲᠡᠩᠴᠡᠭᠦᠷᠢ᠎ᠪᠡᠨ ᠠᠯᠳᠠᠭᠰᠠᠨ ᠬᠠᠮᠤᠭ᠎ᠤᠨ ᠬᠦᠨᠳᠦ ᠨᠣᠴᠢᠲᠠᠢ ᠪᠠᠢᠳᠠᠯ᠎ᠳᠤ ᠣᠷᠣᠰᠢᠵᠤ ᠪᠠᠢᠨ᠎ᠠ ᠭᠡᠵᠡᠢ᠃

 ᠦᠢᠯᠡᠴᠢᠯᠡᠭᠡ 

✦ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文)ᠦᠰᠦᠭ᠎ᠢ ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

✦ᠬᠠᠪᠤᠷ ᠢᠳᠡᠬᠦ᠎ᠳᠦ ᠲᠣᠬᠢᠷᠠᠮᠵᠢᠲᠠᠢ ᠪᠤᠷᠴᠠᠭ᠎ᠤᠨ ᠲᠥᠷᠥᠯ᠎ᠤᠨ ᠢᠳᠡᠭᠡᠨ᠄

1. ᠸᠠᠨᠳᠤᠤ ᠪᠤᠷᠴᠠᠭ᠄ ᠰᠢᠨ᠎ᠡ ᠰᠣᠷᠭᠣᠭ ᠸᠠᠨᠳᠤᠤ ᠪᠤᠷᠴᠠᠭ᠎ᠲᠦ ᠰᠢᠷᠬᠡᠭᠯᠢᠭ ᠡᠳ᠋ ᠡᠯᠪᠡᠭ ᠠᠭᠤᠯᠤᠭᠳᠠᠵᠤ᠂ ᠠᠭᠤᠯᠤᠭᠳᠠᠴᠠ ᠨᠢ 3.0% ᠪᠠᠢᠳᠠᠭ᠃

2.ᠬᠣᠯᠠᠨᠳ᠋ ᠪᠤᠷᠴᠠᠭ᠄ ᠡᠨᠧᠷᠭᠢ ᠮᠠᠰᠢ ᠳᠣᠣᠷ᠎ᠠ᠂ ᠮᠠᠷᠢᠶ᠎ᠠ ᠰᠢᠭᠤᠷᠠᠭᠤᠯᠤᠭ᠍ᠴᠢᠳ ᠢᠳᠡᠬᠦ᠎ᠳᠦ ᠮᠠᠰᠢ ᠲᠣᠬᠢᠷᠠᠮᠵᠢᠲᠠᠢ᠃

3.ᠼᠠᠨᠳᠧᠦ ᠪᠤᠷᠴᠠᠭ᠄ ᠲᠡᠭᠦᠨ᠎ᠦ ᠢᠳᠡᠭᠡᠨ᠎ᠦ ᠰᠢᠷᠬᠡᠭᠯᠢᠭ᠎ᠦᠨ ᠠᠭᠤᠯᠤᠭᠳᠠᠴᠠ ᠨᠢ 3.1% ᠪᠠᠢᠵᠤ᠂ ᠲᠡᠷᠡᠴᠢᠯᠡᠨ ᠺᠠᠯᠢ ᠥᠨᠳᠥᠷ ᠨᠠᠲᠷᠢ ᠳᠣᠣᠷ᠎ᠠ᠂ ᠯᠢᠲᠷ ᠰᠢᠬᠢᠷ᠎ᠦᠨ ᠬᠡᠮᠵᠢᠶ᠎ᠡ ᠨᠢ ᠴᠦ᠍ ᠳᠤᠤᠷ᠎ᠠ ᠪᠠᠢᠵᠤ᠂ ᠴᠢᠰᠤᠨ ᠳᠠᠷᠤᠯᠲᠠ ᠥᠨᠳᠥᠷ ᠡᠪᠡᠳᠴᠢᠲᠡᠨ ᠪᠠ ᠰᠢᠬᠢᠷ ᠰᠢᠵᠢᠩ ᠡᠪᠡᠳᠴᠢᠲᠡᠨ᠎ᠳᠦ ᠮᠠᠰᠢ ᠲᠣᠬᠢᠷᠠᠨ᠎ᠠ᠃ 

ᠵᠠᠯᠭᠠᠭᠠᠳ 《ᠪᠤᠳᠤᠯ ᠠᠨᠢᠷᠳᠤᠭᠰᠠᠨ ᠬᠠᠢᠷ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号