3 ᠰᠠᠷ᠎ᠠ ᠵᠢᠨ 26᠎ᠤ ᠡᠳᠤᠷ
ᠡᠬᠢᠯᠡᠬᠦ᠌ ᠴᠠᠭ᠄
2026-03-26 10:09:11
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


1000101010101010101010101010101010101013.25封面模板0101.jpg


1000202020202020202020202020202020202023.26 天气预报模板0202.jpg


1000101010101010101010101010101010101013.26 盟市模板0101.jpg


ᠨᠡᠢᠭᠡᠮ

✦ᠣᠢᠷ᠎ᠠ᠎ᠳᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠡᠷᠭᠡ 7 ᠰᠠᠯᠠᠭ᠎ᠠ ᠮᠥᠴᠢᠷ ᠬᠠᠮᠲᠤᠷᠠᠨ 2026 ᠣᠨ᠎ᠤ ᠬᠠᠪᠤᠷ᠎ᠤᠨ ᠲᠠᠷᠢᠶᠠᠯᠠᠭ᠎ᠠ᠎ᠶᠢᠨ ᠬᠤᠳᠠᠯ ᠬᠠᠭᠤᠷᠮᠠᠭ ᠲᠠᠷᠢᠶᠠᠯᠠᠩ᠎ᠤᠨ ᠬᠡᠷᠡᠭᠰᠡᠯ᠎ᠳᠤ ᠴᠣᠬᠢᠯᠲᠠ ᠥᠭᠬᠦ ᠠᠵᠢᠯ᠎ᠢ ᠪᠠᠢᠷᠢᠯᠠᠭᠤᠯᠤᠨ᠂ ᠲᠤᠰᠬᠠᠢ ᠵᠦᠢᠯ᠎ᠦᠨ ᠪᠠᠢᠴᠠᠭᠠᠯᠲᠠ ᠥᠷᠨᠢᠭᠦᠯᠵᠦ᠂ ᠬᠠᠪᠤᠷ ᠎ᠤᠨ ᠲᠠᠷᠢᠶᠠᠯᠠᠭ᠎ᠠ᠎ᠶᠢᠨ ᠲᠠᠷᠢᠶᠠᠯᠠᠩ᠎ᠤᠨ ᠬᠡᠷᠡᠭᠰᠡᠯ᠎ᠦᠨ ᠬᠠᠩᠭᠠᠯᠭ᠎ᠠ᠎ᠶᠢ ᠴᠢᠩᠭᠠᠳᠬᠠᠨ᠂ ᠶᠠᠰᠤ ᠴᠢᠨᠠᠷ᠎ᠢ ᠦᠨᠡᠨ᠎ᠬᠦ ᠪᠠᠲᠤᠯᠠᠬᠤ᠎ᠪᠠᠷ ᠪᠣᠶ᠃

✦ᠡᠨᠡ ᠵᠢᠯ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠵᠡᠷᠭᠡ 7 ᠰᠠᠯᠠᠭ᠎ᠠ ᠮᠥᠴᠢᠷ᠎ᠦᠨ ᠬᠢᠨ ᠪᠦᠬᠦ ᠤᠯᠤᠰ᠎ᠤᠨ ᠬᠥᠳᠡᠭᠡ ᠲᠣᠰᠬᠣᠨ᠎ᠤ ᠨᠠᠷᠠᠲᠤ ᠤᠷᠠᠨ ᠳᠠᠷᠬᠠᠨ᠎ᠢ 100 ᠬᠥᠮᠥᠵᠢᠭᠦᠯᠬᠦ᠎ᠪᠡᠷ ᠲᠥᠯᠥᠪᠯᠡᠬᠦ ᠵᠢᠨ ᠬᠠᠮᠲᠤ ᠣᠷᠣᠨ ᠨᠤᠲᠤᠭ᠎ᠢ ᠬᠥᠲᠥᠯᠥᠨ ᠵᠢᠯᠤᠭᠣᠳᠴᠤ ᠪᠠᠢᠭᠠᠳ ᠬᠥᠳᠡᠭᠡ ᠲᠣᠰᠬᠣᠨ᠎ᠤ ᠤᠷᠠᠨ ᠳᠠᠷᠬᠠᠨ᠎ᠢ ᠲᠦᠮᠡᠨ ᠨᠡᠷᠡᠰ ᠬᠥᠮᠥᠵᠢᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠪᠡᠷ ᠪᠣᠢ᠃

✦ᠤᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠨᠢᠭᠡᠳᠦᠭᠡᠷ ᠤᠯᠠᠷᠢᠯ ᠎ᠤᠨ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠰᠢᠨ᠎ᠡ᠎ᠪᠡᠷ ᠵᠠᠰᠠᠪᠤᠷᠢ ᠣᠷᠣᠭᠤᠯᠤᠭᠰᠠᠨ《ᠣᠨᠴᠠ ᠳᠥᠷᠥᠯ᠎ᠦᠨ ᠲᠣᠨᠣᠭ ᠲᠥᠬᠦᠭᠡᠷᠦᠮᠵᠢ᠎ᠶᠢ ᠬᠡᠷᠡᠭᠯᠡᠵᠦ ᠬᠠᠮᠢᠶᠠᠷᠬᠤ ᠳᠦᠷᠢᠮ 》᠎ᠢ ᠨᠡᠢᠲᠡᠯᠡᠨ᠂ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢ ᠬᠡᠷᠡᠭᠯᠡᠵᠦ ᠬᠠᠮᠢᠶᠠᠷᠬᠤ ᠠᠵᠢᠯᠯᠠᠭ᠎ᠠ᠎ᠶᠢ ᠤᠯᠠᠮ ᠵᠢᠷᠤᠮᠵᠢᠭᠤᠯᠵᠤ᠂ ᠣᠨᠴᠠ ᠲᠥᠷᠥᠯ᠎ᠦᠨ ᠲᠣᠨᠣᠭ ᠲᠥᠬᠦᠭᠡᠷᠦᠮᠵᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠨ᠎ᠠ ᠭᠡᠪᠡ᠃ ᠣᠢᠯᠠᠭᠠᠭᠰᠠᠨ᠎ᠢᠶᠠᠷ ᠡᠨᠡᠬᠦ ᠰᠢᠨ᠎ᠡ ᠲᠣᠭᠲᠠᠭᠠᠯ᠎ᠢ 5 ᠰᠠᠷ᠎ᠠ᠎ᠶᠢᠨ 1᠎ᠤ ᠡᠳᠦᠷ᠎ᠡᠴᠡ ᠡᠬᠢᠯᠡᠨ ᠬᠡᠷᠡᠭᠵᠢᠬᠦᠯᠬᠦ ᠪᠡᠷ ᠪᠤᠢ᠃

✦ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ ᠲᠦᠷᠦᠭᠦᠯᠡᠨ《ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠵᠢᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠦᠨ ᠬᠢᠲᠠᠳ ᠡᠮ ᠡᠮᠨᠡᠯᠭᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠦᠨᠳᠦᠰᠦᠨ ᠵᠢᠷᠤᠮᠵᠢᠯ》᠎ᠢ ᠳᠠᠷᠤᠮᠠᠯᠯᠠᠨ ᠲᠠᠷᠬᠠᠭᠠᠵᠤ᠂ ᠬᠢᠲᠠᠳ ᠡᠮᠨᠡᠯᠭᠡ᠎ᠶᠢᠨ ᠰᠠᠯᠠᠭ᠎ᠠ ᠪᠠ ᠬᠢᠲᠠᠳ ᠡᠮ᠎ᠦᠨ ᠳᠡᠯᠭᠡᠭᠦᠷ᠎ᠦᠨ ᠪᠠᠢᠭᠤᠯᠤᠯᠲᠠ ᠵᠡᠷᠭᠡ᠎ᠳᠦ ᠰᠢᠨ᠎ᠡ ᠱᠠᠭᠠᠷᠳᠠᠯᠭ᠎ᠠ ᠳᠤᠷᠠᠳᠴᠠᠢ᠃

✦ᠪᠠᠢᠭᠠᠯᠢ᠎ᠶᠢᠨ ᠡᠬᠢ ᠪᠠᠶᠠᠯᠢᠭ᠋ ᠎ᠤᠨ ᠶᠠᠮᠤᠨ ᠎ᠠᠴᠠ ᠣᠢᠯᠠᠭᠠᠭᠰᠠᠨ᠎ᠢᠶᠠᠷ᠂ ᠤᠢᠷ᠎ᠠ᠎ᠳᠦ ᠮᠠᠨ᠎ᠤ ᠤᠯᠤᠰ  ᠰᠸᠴᠤᠸᠠᠨ ᠮᠤᠵᠢ᠎ᠶᠢᠨ ᠮᠢᠶᠠᠨ ᠨᠢᠩ ᠰᠢᠶᠠᠨ᠎ᠤ ᠮᠣᠣ ᠨᠢᠦ ᠫᠢᠩ ᠠᠭᠤᠷᠬᠠᠢ᠎ᠶᠢᠨ ᠣᠷᠣᠨ᠎ᠠᠴᠠ ᠳᠡᠯᠡᠬᠡᠢ᠎ᠶᠢᠨ ᠬᠣᠶᠠᠳᠤᠭᠠᠷ ᠲᠣᠮᠣ᠌ ᠬᠥᠩᠭᠡᠨ ᠬᠣᠪᠣᠷ ᠰᠢᠷᠣᠢ᠎ᠶᠢᠨ ᠠᠭᠤᠷᠬᠠᠢ᠎ᠶᠢ ᠢᠯᠡᠷᠡᠭᠦᠯᠵᠡᠢ᠃

✦ᠬᠥᠬᠡᠬᠣᠲᠠ᠎ᠶᠢᠨ ᠴᠠᠭ ᠠᠭᠤᠷ᠎ᠤᠨ ᠲᠣᠪᠴᠢᠶ᠎ᠠ᠎ᠶᠢᠨ ᠤᠷᠢᠳᠴᠢᠯᠠᠭᠰᠠᠨ ᠮᠡᠳᠡᠭᠡ᠎ᠶᠢ ᠦᠨᠳᠦᠰᠦᠯᠡᠪᠡᠯ᠂ ᠵᠢᠱ᠌ᠢᠯᠲᠡ᠎ᠪᠠᠷ 2026 ᠣᠨ᠎ᠤ ᠬᠠᠪᠤᠷ᠎ᠤᠨ ᠤᠯᠠᠷᠢᠯ᠎ᠤᠨ ᠬᠥᠬᠡᠬᠣᠲᠠ᠎ᠶᠢᠨ ᠬᠤᠷ᠎ᠠ ᠲᠤᠨᠳᠠᠰᠤᠨ᠎ᠤ ᠶᠡᠷᠦᠩᠬᠡᠢ ᠬᠡᠮᠵᠢᠶ᠎ᠡ ᠨᠢ 57 — 84 ᠮᠢᠯᠢᠮᠧᠲᠷ᠎ᠦᠨ ᠬᠣᠭᠣᠷᠣᠨᠳᠤ ᠪᠠᠢᠵᠤ᠂ ᠡᠩ᠎ᠦᠨ ᠵᠢᠯ᠎ᠦᠨ ᠳᠤᠮᠳᠠᠴᠢ ᠬᠡᠮᠵᠢᠭᠳᠡᠯ᠎ᠲᠠᠢ ᠬᠠᠷᠢᠴᠠᠭᠤᠯᠪᠠᠯ 1 — 2 ᠬᠤᠪᠢ ᠨᠡᠮᠡᠭᠳᠡᠨ᠎ᠡ᠃  ᠬᠠᠪᠤᠷ᠎ᠤᠨ ᠤᠯᠠᠷᠢᠯ᠎ᠤᠨ ᠬᠥᠬᠡᠬᠣᠲᠠ᠎ᠶᠢᠨ ᠳᠤᠮᠳᠠᠴᠢ ᠠᠭᠠᠷ᠎ᠤᠨ ᠳᠤᠯᠠᠭᠠᠨ ᠨᠢ 6.3 — 12.25 ᠭᠷᠠᠳᠦ᠋ᠰ᠎ᠤᠨ ᠬᠣᠭᠣᠷᠣᠨᠳᠤ ᠪᠠᠢᠵᠤ᠂ ᠡᠩ ᠎ᠦᠨ  ᠵᠢᠯ ᠎ᠦᠨ  ᠳᠤᠮᠳᠠᠴᠢ  ᠬᠡᠮᠵᠢᠭᠳᠡᠯ᠎ᠲᠠᠢ ᠬᠠᠷᠢᠴᠠᠭᠤᠯᠪᠠᠯ 1 — 2 ᠭᠷᠠᠳᠦ᠋ᠰ ᠳᠤᠯᠠᠭᠠᠨ ᠪᠣᠯᠣᠨ᠎ᠠ᠃

✦3 ᠰᠠᠷ᠎ᠠ᠎ᠶᠢᠨ 29᠎ᠦ ᠡᠳᠦᠷ᠎ᠡᠴᠡ ᠡᠬᠢᠯᠡᠨ ᠣᠷᠳᠣᠰ᠎ᠤᠨ ᠨᠢᠰᠬᠡᠯ᠎ᠦᠨ ᠪᠠᠭᠤᠳᠠᠯ ᠵᠤᠨ᠎ᠤ ᠡᠭᠡᠯᠵᠢ᠎ᠶᠢᠨ ᠨᠢᠰᠬᠡᠯ᠎ᠦᠨ ᠲᠥᠯᠥᠪᠯᠡᠭᠡ᠎ᠶᠢ ᠪᠦᠬᠦ ᠲᠠᠯ᠎ᠠ᠎ᠪᠠᠷ ᠡᠬᠢᠯᠡᠬᠦᠯᠬᠦ ᠪᠡᠷ ᠪᠤᠢ᠃ ᠲᠤᠰ ᠠᠶᠠᠯᠠᠯ᠎ᠤᠨ ᠤᠯᠠᠷᠢᠯ ᠨᠢ 2026 ᠣᠨ᠎ᠤ 3 ᠰᠠᠷ᠎ᠠ᠎ᠶᠢᠨ 29᠎ᠤ ᠡᠳᠦᠷ᠎ᠡᠴᠡ ᠡᠬᠢᠯᠡᠨ 10 ᠰᠠᠷ᠎ᠠ᠎ᠶᠢᠨ 24᠎ᠦ ᠡᠳᠦᠷ ᠪᠤᠯᠳᠠᠯ᠎ᠠ ᠦᠷᠭᠦᠯᠵᠢᠯᠡᠵᠤ᠂ ᠨᠡᠢᠲᠡ 11 ᠠᠭᠠᠷ᠎ᠤᠨ ᠠᠶᠠᠯᠠᠯ᠎ᠤᠨ ᠺᠣᠮᠫᠠᠨᠢ ᠡᠵᠡᠩᠨᠡᠯᠲᠡ᠎ᠳᠤ ᠣᠷᠣᠯᠴᠠᠵᠤ᠂ 45 ᠬᠤᠲᠠ᠎ᠳᠤ ᠠᠶᠠᠯᠠᠯ ᠨᠡᠪᠲᠡᠷᠡᠬᠦ ᠪᠤᠯᠤᠨ᠎ᠠ᠃

✦ᠤᠢᠷ᠎ᠠ᠎ᠶᠢᠨ ᠡᠳᠦᠷ ᠤᠲᠤᠭ ᠬᠣᠰᠢᠭᠤ ᠪᠣᠯᠣᠨ ᠳᠤᠮᠳᠠᠳᠤ ᠤᠯᠤᠰ᠎ᠤᠨ ᠵᠠᠮᠠᠭ᠎ᠦᠨ ᠦᠢᠯᠡᠰ᠎ᠦᠨ ᠨᠡᠢᠭᠡᠮᠯᠢᠭ ᠶᠠᠷᠢᠯᠴᠠᠬᠤ ᠬᠤᠷᠠᠯ ᠬᠢᠵᠤ᠂ ᠣᠷᠢᠶᠠᠮᠠᠭ ᠵᠠᠮᠠᠭ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠣᠭᠣᠷᠢᠨ᠎ᠳᠦ ᠰᠠᠨᠠᠯ᠎ᠢᠶᠠᠨ ᠭᠦᠨᠵᠡᠭᠡᠢ ᠰᠣᠯᠢᠯᠴᠠᠪᠠ᠃

✦ᠰᠦᠨᠢᠳ ᠪᠠᠷᠠᠭᠤᠨ ᠬᠤᠰᠢᠭᠤ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠲᠦᠷᠭᠡᠨ ᠬᠦᠷᠭᠡᠯᠲᠡ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠲᠠᠨ ᠵᠡᠷᠭᠡ ᠰᠢᠨ᠎ᠡ᠎ᠪᠠᠷ ᠠᠵᠢᠯ ᠣᠯᠣᠭᠰᠠᠳ ᠪᠣᠯᠣᠨ ᠭᠡᠷ᠎ᠦᠨ ᠭᠠᠳᠠᠨᠠᠬᠢ ᠬᠥᠳᠡᠯᠮᠦᠷᠢᠴᠢᠳ᠎ᠢ ᠪᠣᠳᠠᠲᠤ ᠠᠵᠢᠯᠯᠠᠭ᠎ᠠ᠎ᠪᠠᠷ᠎ᠢᠶᠠᠨ ᠬᠠᠯᠠᠮᠵᠢᠯᠠᠨ᠂ ᠲᠣᠬᠢᠲᠠᠢ ᠠᠮᠠᠷᠠᠵᠤ ᠬᠣᠭᠣᠯᠠᠯᠠᠬᠤ ᠣᠷᠴᠢᠨ ᠨᠥᠬᠥᠴᠡᠯ ᠬᠠᠩᠭᠠᠬᠤ᠎ᠶᠢᠨ ᠲᠥᠯᠥᠭᠡ ᠬᠠᠢᠷ᠎ᠠ ᠬᠠᠯᠠᠮᠵᠢ᠎ᠶᠢᠨ ᠥᠷᠲᠡᠭᠡ ᠵᠢ ᠪᠠᠰᠠ ᠨᠢᠭᠡ᠎ᠶᠢ ᠰᠢᠨ᠎ᠡ᠎ᠪᠡᠷ ᠠᠰᠢᠭ᠍ᠯᠠᠯᠲᠠ᠎ᠳᠤ ᠣᠷᠣᠭᠤᠯᠤᠭᠰᠠᠨ ᠪᠠᠢᠨ᠎ᠠ᠃

 

ᠠᠵᠤ ᠠᠬᠤᠢ

✦2025 ᠣᠨ᠎ᠳᠤ ᠮᠠᠨ᠎ᠤ ᠤᠯᠤᠰ᠎ᠤᠨ ᠭᠣᠶᠣᠯᠠᠯ᠎ᠤᠨ ᠡᠳ᠋᠎ᠦᠨ ᠵᠠᠬ᠎ᠠ ᠳᠡᠯᠭᠡᠭᠦᠷ᠎ᠦᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠤᠯᠤᠰ᠎ᠤᠨ ᠳᠤᠳᠤᠭᠠᠳᠤ᠎ᠳᠤ ᠤᠢᠯᠡᠳᠪᠤᠷᠢᠯᠡᠭᠰᠡᠨ ᠪᠠᠷᠠᠭᠠᠨ᠎ᠤ ᠡᠵᠡᠯᠡᠬᠦ ᠬᠠᠷᠢᠴᠠᠯ ᠨᠢ ᠠᠷᠪᠠᠨ᠎ᠤ ᠵᠢᠷᠭᠤᠭᠠᠨ ᠬᠤᠪᠢ ᠰᠢᠬᠠᠮ᠎ᠳᠤ ᠬᠦᠷᠴᠡᠢ᠃

✦ᠤᠢᠷ᠎ᠠ ᠵᠢᠨ ᠵᠢᠯ ᠡᠴᠡ ᠨᠠᠭᠠᠰᠢ᠂ ᠬᠦᠷᠢᠶ᠎ᠠ ᠬᠤᠰᠢᠭᠤ ᠳᠦᠭᠦᠭᠡᠷᠤᠮᠵᠢᠳᠤ ᠲᠠᠷᠢᠶᠠᠯᠠᠩ᠎ᠤᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠪᠡ᠃ ᠣᠳᠣᠬᠠᠨ᠎ᠳᠤ ᠪᠦᠬᠦ ᠬᠣᠰᠢᠭᠤ ᠪᠠᠷ᠎ᠢᠶᠡᠨ ᠳᠤᠯᠠᠭᠠᠨ ᠬᠦᠯᠡᠮᠵᠢ᠎ᠶᠢ 518 ᠰᠠᠭᠤᠷᠢ᠂ ᠲᠤᠰᠬᠠᠢᠵᠢᠭ᠍ᠰᠠᠨ ᠪᠠᠭ᠎ᠠ ᠲᠣᠭᠣᠷᠢᠭ᠋᠎ᠢ 9 ᠪᠠᠢᠭᠤᠯᠵᠤ᠂ ᠲᠥᠬᠥᠭᠡᠷᠦᠮᠵᠢᠲᠦ ᠲᠠᠷᠢᠶᠠᠯᠠᠩ᠎ᠤᠨ ᠲᠠᠯᠠᠪᠠᠢ ᠨᠢ 2306 ᠮ‍ᠦ᠎ᠳᠦ ᠬᠦᠷᠴᠦ᠂ ᠵᠢᠯ᠎ᠦᠨ ᠳᠤᠮᠳᠠᠴᠢ ᠭᠠᠷᠤᠯᠲᠠ 2500 ᠲᠣᠨ᠎ᠳᠤ ᠲᠤᠯᠵᠤ᠂ ᠵᠢᠯ᠎ᠦᠨ ᠳᠤᠮᠳᠠᠴᠢ ᠠᠰᠢᠭ᠋ ᠣᠷᠣᠯᠭ᠎ᠠ 2590 ᠲᠦᠮᠡᠨ ᠲᠥᠭᠥᠷᠢᠭ᠎ᠲᠦ ᠬᠦᠷᠴᠦ ᠪᠣᠢ᠃

✦3 ᠰᠠᠷ᠎ᠠ ᠵᠢᠨ 22᠎ᠤᠨ ᠡᠳᠦᠷ᠂ ᠣᠲᠤᠭ ᠬᠣᠰᠢᠭᠤᠨ᠎ᠤ ᠦᠮᠡᠬᠡᠶ᠋ᠢᠨᠠᠭᠤᠷ ᠪᠠᠯᠭᠠᠰᠤᠨ᠎ᠤ ᠳᠠᠯᠠᠨᠳᠦ᠋ᠷᠦᠭᠦᠸ᠋ ᠲᠣᠰᠬᠣᠨ ᠬᠠᠮᠲᠤ᠎ᠶᠢᠨ ᠠᠵᠤ ᠠᠬᠤᠢ᠎ᠶᠢᠨ ᠠᠰᠢᠭ᠋᠎ᠢᠶᠠᠨ ᠬᠤᠪᠢᠶᠠᠵᠤ᠂ ᠲᠣᠰᠬᠣᠨ᠎ᠤ 689 ᠬᠥᠮᠥᠨ᠎ᠳᠦ ᠨᠡᠢ᠍ᠢᠲᠡ 206700 ᠲᠥᠭᠥᠷᠢᠭ᠎ᠦᠨ ᠠᠰᠢᠭ᠋ ᠬᠤᠪᠢᠶᠠᠷᠢᠯᠠᠵᠠᠢ᠃

 

ᠲᠠᠮᠢᠷ

✦3 ᠰᠠᠷ᠎ᠠ ᠵᠢᠨ 23᠎ᠤ ᠡᠳᠦᠷ᠂ ᠤᠷᠠᠳ᠎ᠤᠨ ᠳᠤᠮᠳᠠᠳᠤ ᠬᠣᠰᠢᠭᠤ ᠠᠩᠬᠠᠨ᠎ᠤ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ ᠎ᠶᠢᠨ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠤᠨ ᠲᠠᠯ᠎ᠠ᠎ᠪᠠᠷ ᠰᠢᠯᠢᠳᠡᠭ ᠪᠣᠯᠬᠤ᠎ᠪᠠᠷ ᠴᠢᠷᠮᠠᠢᠵᠤ ᠪᠠᠷᠢᠮᠵᠢᠶ᠎ᠠ᠎ᠳᠦ ᠬᠦᠷᠬᠦ ᠣᠷᠤᠯᠳᠤᠭᠠᠨ ᠥᠷᠨᠢᠭᠦᠯᠵᠦ᠂ ᠨᠢᠭᠡ ᠮᠢᠨᠦ᠋ᠲ᠎ᠦᠨ ᠳᠡᠭᠡᠰᠦ ᠦᠰᠦᠷᠬᠦ᠂ ᠲᠡᠭᠰᠢ ᠬᠠᠪᠲᠠᠰᠤ᠎ᠪᠠᠷ ᠲᠤᠯᠬᠤ ᠬᠣᠶᠠᠷ ᠵᠦᠢᠯ᠎ᠦᠨ ᠤᠷᠤᠯᠳᠤᠭᠠᠨ ᠎ᠢᠶᠠᠷ ᠰᠣᠷᠤᠭ᠍ᠴᠢᠳ᠎ᠲᠤ ᠥᠪᠡᠷ᠎ᠢ᠎ᠪᠡᠨ ᠬᠠᠷᠠᠭᠤᠯᠬᠤ ᠲᠠᠪᠴᠠᠩ ᠬᠠᠩᠭᠠᠭᠰᠠᠨ᠎ᠢᠶᠠᠷ ᠪᠠᠷᠠᠠᠬᠤ ᠦᠭᠡᠢ᠂ ᠨᠠᠩ ᠴᠤ᠌ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠡᠷᠬᠢᠮᠯᠡᠨ ᠳᠡᠭᠡᠳᠦᠯᠡᠬᠦ ᠡᠷᠡᠭᠦᠯ ᠥᠭᠡᠳᠡᠷᠬᠡᠭ ᠰᠤᠷᠭᠠᠭᠤᠯᠢ᠎ᠶᠢᠨ ᠬᠦᠷᠢᠶᠡᠨ᠎ᠦ ᠠᠭᠤᠷ ᠠᠮᠢᠰᠬᠤᠯ᠎ᠢ ᠪᠤᠢ ᠪᠣᠯᠭᠠᠭᠰᠠᠨ ᠪᠠᠢᠨ᠎ᠠ᠃

  

ᠰᠤᠶᠤᠯ

✦3 ᠰᠠᠷ᠎ᠠ᠎ᠶᠢᠨ 24᠎ᠤ ᠡᠳᠦᠷ᠂ ᠠᠪᠠᠭ᠎ᠠ ᠬᠣᠰᠢᠭᠤᠨ᠎ᠳᠤ ᠶᠠᠪᠤᠭᠳᠠᠭᠰᠠᠨ 《ᠳᠡᠯᠡᠬᠡᠢ᠎ᠶᠢᠨ ᠢᠷᠠᠭᠤ ᠨᠠᠢᠷᠠᠭ᠎ᠤᠨ ᠡᠳᠦᠷ》᠎ᠢ ᠪᠡᠯᠭᠡᠯᠡᠬᠦ ᠰᠣᠶᠣᠯ ᠤᠷᠠᠯᠢᠭ᠋᠎ᠤᠨ ᠡᠳᠦᠷᠯᠢᠭ᠎ᠦᠨ ᠠᠵᠢᠯᠯᠠᠭ᠎ᠠ᠎ᠳᠤ ᠬᠡᠰᠢᠭᠲᠡᠨ ᠬᠣᠰᠢᠭᠤ᠎ᠪᠠᠷ ᠨᠤᠲᠤᠭᠲᠠᠢ ᠬᠣᠶᠠᠷ ᠤᠷᠠᠨ ᠪᠦᠲᠦᠭᠡᠯᠴᠢ ᠲᠡᠷᠢᠭᠦᠨ ᠪᠠᠢᠷᠢᠨ᠎ᠳᠤ ᠲᠣᠳᠣᠷᠠᠵᠤ᠂ ᠨᠤᠲᠤᠭ ᠤᠰᠤᠨ᠎ᠳᠦ᠎ᠪᠠᠨ ᠥᠩᠭᠡ ᠭᠡᠷᠡᠯ ᠨᠡᠮᠡᠷᠢᠯᠡᠭᠰᠡᠨ ᠪᠠᠢᠨ᠎ᠠ᠃ ᠡᠭᠦᠨ᠎ᠳᠦ ᠬᠡᠰᠢᠭᠲᠡᠨ ᠬᠣᠰᠢᠭᠤ᠎ᠪᠠᠷ ᠨᠤᠲᠤᠭᠲᠠᠢ ᠠᠵᠢᠯ᠎ᠤᠨ ᠴᠢᠯᠦᠭᠡᠨ᠎ᠦ ᠤᠷᠠᠨ ᠪᠦᠲᠦᠭᠡᠯᠴᠢ ᠴᠤ·ᠨᠠᠰᠤᠨᠵᠠᠶᠠᠭ᠎ᠠ 《ᠬᠣᠶᠠᠷ ᠦᠶ᠎ᠡ᠎ᠪᠡᠷ ᠎ᠢᠶᠠᠨ ᠬᠣᠲᠠ ᠎ᠶᠢᠨ ᠪᠠᠭᠤᠷᠢ ᠎ᠪᠠᠨ ᠰᠠᠬᠢᠭ᠍ᠴᠢ》 ᠭᠡᠬᠦ ᠪᠦᠲᠦᠭᠡᠯ᠎ᠢᠶᠡᠷ᠎ᠢᠶᠡᠨ ᠪᠦᠬᠦ ᠣᠷᠣᠨ᠎ᠤ 《ᠠᠪᠠᠭ᠎ᠠ ᠤᠶᠠᠩᠭ᠎ᠠ》 ᠮᠡᠳᠡᠭᠡᠯᠡᠯ ᠎ᠤᠨ ᠤᠷᠠᠨ ᠵᠣᠬᠢᠶᠠᠯ᠎ᠤᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠂ ᠬᠡᠰᠢᠭᠲᠡᠨ ᠨᠤᠲᠤᠭᠲᠠᠢ ᠲ·ᠪᠥᠬᠡᠪᠠᠶᠠᠷ 《ᠲᠡᠭᠦᠰ ᠲᠡᠭᠦᠯᠳᠡᠷ᠎ᠦᠨ ᠣᠷᠭᠢᠯ》 ᠭᠡᠬᠦ ᠪᠦᠲᠦᠭᠡᠯ ᠵᠢᠡᠷ᠎ᠢᠶᠠᠨ ᠪᠦᠬᠦ ᠣᠷᠣᠨ᠎ᠤ 《ᠠᠪᠠᠭ᠎ᠠ ᠤᠶᠠᠩᠭ᠎ᠠ》 ᠢᠷᠠᠭᠤ ᠨᠠᠢᠷᠠᠭ᠎ᠤᠨ ᠣᠷᠣᠯᠳᠤᠭᠠᠨ᠎ᠤ ᠲᠡᠷᠢᠭᠦᠨ ᠪᠠᠢᠷᠢᠨ᠎ᠳᠦ ᠳᠤᠳᠤᠷᠠᠬᠰᠠᠨ ᠪᠠᠢᠨ᠎ᠠ᠃

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ 23 ᠎ᠤ ᠡᠳᠦᠷ ᠮᠡᠳᠡᠭᠡ ᠨᠡᠢᠲᠡᠯᠡᠵᠦ᠂ ᠣᠷᠣᠰ ᠪᠣᠯᠣᠨ ᠸᠢᠶᠧᠲᠨᠠᠮ ᠲᠣᠰ ᠡᠳᠦᠷ ᠸᠢᠶᠧᠲᠨᠠᠮ᠎ᠤᠨ ᠠᠩᠬᠠᠳᠠᠭ᠍ᠴᠢ ᠴᠥᠮ᠎ᠡ᠎ᠶᠢᠨ ᠴᠠᠬᠢᠯᠭᠠᠨ ᠥᠷᠲᠡᠭᠡ᠎ᠶᠢ ᠬᠠᠮᠲᠤᠷᠠᠨ ᠪᠠᠶ᠋ᠢᠭᠤᠯᠬᠤ ᠲᠤᠬᠠᠢ ᠵᠠᠰᠠᠭ᠎ᠤᠨ ᠣᠷᠳᠣᠨ᠎ᠤ ᠬᠣᠭᠣᠷᠣᠨᠳᠣᠬᠢ ᠬᠡᠯᠡᠯᠴᠡᠭᠡᠷ᠎ᠲᠦ ᠭᠠᠷ᠎ᠤᠨ ᠥᠰᠥᠭ ᠵᠢᠷᠤᠪᠠ᠃

 

ᠦᠢᠯᠡᠴᠢᠯᠡᠭᠡ 

✦ᠬᠦᠬᠡᠬᠤᠳᠠ ᠵᠢᠨ ᠰᠢᠨ᠎ᠡ ᠬᠤᠳᠠ ᠲᠤᠭᠤᠷᠢᠭ ᠨᠡᠢᠳᠡ ᠵᠢᠨ ᠠᠰᠠᠷᠠᠮᠵᠢ ᠵᠢᠨ ᠴᠢᠨᠠᠷᠳᠠᠢ ᠠᠵᠢᠯ᠎ᠤᠨ ᠪᠠᠢᠷᠢ᠎ᠳᠤ ᠠᠵᠢᠯᠳᠠᠨ ᠡᠯᠰᠡᠵᠤ ᠪᠤᠢ᠃ 

 

ᠲᠠᠨ᠎ᠤ ᠲᠤᠰᠠ᠎ᠳᠤ

✦ᠬᠥᠩᠭᠡᠨᠴᠠᠭᠠᠨ ᠳᠡᠪᠦᠷ᠎ᠡ ᠪᠤᠶᠤ ᠲᠣᠭᠣᠭ᠎ᠠ᠎ᠶᠢ ᠬᠡᠰᠡᠭ ᠬᠤᠭᠤᠴᠠᠭ᠎ᠠ ᠬᠡᠷᠡᠭᠯᠡᠭᠰᠡᠨ᠎ᠦ ᠳᠠᠷᠠᠭ᠎ᠠ ᠳᠣᠲᠣᠷ᠎ᠠ ᠬᠠᠨ᠎ᠠ ᠳᠡᠭᠡᠷ᠎ᠡ ᠨᠢ ᠣᠰᠣᠨ ᠬᠠᠭ ᠰᠠᠭᠤᠳᠠᠭ᠂ ᠡᠨᠡ ᠦᠶᠡᠰ᠎ᠲᠦ ᠵᠣᠬᠢᠬᠤ ᠬᠡᠮᠵᠢᠶᠡᠨ᠎ᠦ ᠤᠰᠤᠨ᠎ᠳᠤ ᠲᠥᠮᠥᠰᠥᠨ ᠬᠠᠯᠢᠰᠤ᠎ᠶᠢ ᠬᠢᠵᠦ ᠠᠷᠪᠠᠨ ᠮᠢᠨᠦ᠋ᠲ ᠣᠷᠴᠢᠮ ᠪᠤᠴᠠᠯᠭᠠᠪᠠᠯ ᠴᠡᠪᠡᠷᠬᠡᠨ ᠪᠣᠯᠴᠢᠬᠠᠨ᠎ᠠ᠃

ᠵᠠᠯᠭᠠᠭᠠᠳ 《ᠬᠠᠢᠷ᠎ᠠ ᠪᠡᠷ ᠮᠦᠩᠬᠡᠷᠡᠬᠦ ᠮᠢᠨᠤ ᠦᠯᠦᠭᠡᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号