


ᠨᠡᠢᠭᠡᠮ
✦ᠳᠤᠮᠳᠠᠳᠤ ᠤᠯᠤᠰ᠎ᠤᠨ
ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ
ᠲᠢᠩᠬᠢᠮ ᠣᠢᠷ᠎ᠠ᠎ᠳᠤ《ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠲᠦᠷᠭᠡᠳᠬᠡᠨ
ᠪᠠᠶ᠋ᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠵᠤ᠂ ᠭᠤᠷᠪᠠᠨ ᠵᠢᠯ ᠣᠷᠴᠢᠮ᠎ᠤᠨ ᠬᠤᠭᠤᠴᠠᠭᠠᠨ᠎ᠳᠤ
ᠮᠠᠨ᠎ᠤ ᠤᠯᠤᠰ ᠤ᠋ᠨ ᠦᠨᠳᠦᠰᠦᠨ ᠪᠠᠢᠳᠠᠯ᠎ᠳᠤ ᠵᠣᠬᠢᠴᠠᠭᠰᠠᠨ ᠣᠷᠳᠣ᠌ ᠬᠤᠭᠤᠴᠠᠭᠠᠨ᠎ᠤ ᠰᠤᠪᠢᠯᠠᠯᠲᠠ ᠶ᠋ᠢᠨ ᠳᠠᠭᠠᠳᠬᠠᠯ᠎ᠤᠨ
ᠳᠦᠷᠢᠮ᠎ᠢ ᠦᠨᠳᠦᠰᠦᠨ᠎ᠳᠡᠭᠡᠨ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠪᠠ᠃
✦25᠎ᠤ ᠡᠳᠦᠷ᠎ᠡᠴᠡ
ᠡᠬᠢᠯᠡᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠢ ᠲᠣᠪᠴᠢᠶ᠎ᠠ《ᠬᠡᠦᠬᠡᠳ᠎ᠦᠨ ᠴᠡᠴᠡᠷᠯᠢᠭ᠎ᠦᠨ
ᠢᠳᠡᠭᠡᠨ᠎ᠦ ᠠᠮᠤᠷ ᠲᠦᠪᠰᠢᠨ᠎ᠦ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢᠨ ᠬᠢᠨᠠᠯᠲᠠ ᠬᠠᠮᠢᠶᠠᠷᠤᠯᠲᠠ᠎ᠶᠢ ᠨᠠᠢᠳᠠᠪᠤᠷᠢᠵᠢᠭᠤᠯᠬᠤ
ᠲᠣᠭᠲᠠᠭᠠᠯ》 ᠤ᠋ᠨ ᠲᠤᠬᠠᠢ ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠃《ᠰᠠᠨᠠᠯ ᠬᠤᠷᠢᠶᠠᠬᠤ
ᠨᠣᠣᠷᠠᠭ》ᠲᠦ᠍ ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ ᠲᠦᠪᠰᠢᠨ ᠳ᠋ᠦ ᠴᠡᠴᠡᠷᠯᠢᠭ᠎ᠦᠨ
ᠳᠠᠷᠤᠭ᠎ᠠ᠎ᠶᠢᠨ ᠬᠠᠷᠢᠭᠤᠴᠠᠬᠤ ᠳᠦᠷᠢᠮ᠎ᠢ ᠬᠡᠷᠡᠭᠵᠢᠭᠦᠯᠵᠦ᠂ ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ
ᠲᠦᠪᠰᠢᠨ᠎ᠦ ᠪᠥᠬᠥ ᠬᠡᠯᠬᠢᠶ᠎ᠡ ᠶ᠋ᠢᠨ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠨᠠᠢᠳᠠᠪᠤᠷᠢᠵᠢᠭᠤᠯᠤᠨ᠎ᠠ
ᠭᠡᠵᠦ ᠲᠣᠳᠣᠷᠬᠠᠢ ᠲᠣᠭᠲᠠᠭᠠᠵᠠᠢ᠃
✦25᠎ᠤ ᠡᠳᠦᠷ᠂ ᠳᠤᠮᠳᠠᠳᠤ
ᠤᠯᠤᠰ᠎ᠤᠨ ᠣᠩᠭᠣᠴᠠ ᠰᠠᠯ᠎ᠤᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠳ᠋ᠠᠯᠢᠶᠠᠨ᠎ᠤ ᠣᠩᠭᠣᠴᠠ ᠰᠠᠯ᠎ᠤᠨ
ᠠᠵᠤ ᠦᠢᠯᠡᠳᠪᠦᠷᠢ ᠵᠢᠨ ᠬᠢᠵᠠᠭᠠᠷᠲᠤ ᠺᠤᠮᠫᠠᠨᠢ ᠵᠢᠨ ᠦᠢᠯᠡᠳᠦᠭᠰᠡᠨ《ᠵᠢᠶᠦ᠋ᠨ ᠸᠠᠩ》ᠨᠡᠷᠡᠮᠵᠢᠲᠦ 30.7 ᠲᠦᠮᠡᠨ ᠲᠣᠨ᠎ᠤ ᠰᠢᠨ᠎ᠡ ᠨᠢᠭᠡ ᠦᠶ᠎ᠡ᠎ᠶᠢᠨ
ᠬᠡᠲᠦ ᠲᠣᠮᠣ᠌ ᠬᠡᠯᠪᠡᠷᠢ᠎ᠶᠢᠨ ᠲᠣᠰᠣᠨ᠎ᠤ ᠣᠩᠭᠣᠴᠠ᠎ᠶᠢ ᠠᠮᠵᠢᠯᠲᠠ᠎ᠲᠠᠢ ᠲᠤᠰᠢᠶᠠᠨ ᠥᠭᠴᠡᠢ᠂ ᠡᠨᠡ ᠪᠣᠯ ᠮᠠᠨ᠎ᠤ
ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠰᠢᠨ᠎ᠡ ᠨᠢᠭᠡ ᠦᠶ᠎ᠡ᠎ᠶᠢᠨ ᠬᠡᠲᠦ ᠲᠣᠮᠣ᠌ ᠬᠡᠯᠪᠡᠷᠢ᠎ᠶᠢᠨ
ᠲᠣᠰᠣᠨ᠎ᠤ ᠣᠩᠭᠣᠴᠠ ᠪᠣᠯᠣᠨ᠎ᠠ᠃
✦ᠳᠤᠮᠳᠠᠳᠤ ᠤᠯᠤᠰ᠎ᠤᠨ
ᠵᠡᠮᠳᠡᠭᠴᠦᠳ᠎ᠦᠨ ᠬᠣᠯᠪᠣᠭ᠎ᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ 20
ᠶᠠᠮᠤᠨ ᠵᠥᠪᠯᠡᠯ ᠬᠠᠮᠲᠤᠷᠠᠨ《ᠬᠥᠳᠡᠭᠡ ᠲᠣᠰᠬᠣᠨ᠎ᠤ ᠵᠡᠮᠳᠡᠭᠴᠦᠳ᠎ᠢ ᠪᠠᠢᠩᠭᠤᠵᠢᠭᠤᠯᠤᠨ ᠬᠠᠪᠰᠤᠷᠤᠨ ᠲᠡᠳᠬᠦᠬᠦ
ᠠᠵᠢᠯ᠎ᠢ ᠰᠠᠢᠲᠤᠷ ᠬᠢᠵᠦ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ
ᠨᠡᠮᠡᠷᠢᠯᠡᠬᠦ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠵᠡᠮᠳᠡᠭᠴᠦᠳ᠎ᠦᠨ ᠬᠡᠪᠴᠢᠶᠡᠵᠢᠯ᠎ᠦᠨ ᠴᠢᠨᠠᠷᠲᠠᠢ
ᠲᠠᠬᠢᠨ ᠶᠠᠳᠠᠭᠤᠷᠠᠬᠤ ᠪᠠᠢᠳᠠᠯ ᠡᠭᠦᠰᠬᠦ ᠦᠭᠡᠢ ᠪᠠᠢᠬᠤ᠎ᠶᠢ ᠪᠠᠲᠤᠯᠠᠪᠠ᠃
✦2026 ᠣᠨ᠎ᠳᠤ ᠰᠤᠷᠭᠠᠨ
ᠬᠥᠮᠦᠵᠢᠯ᠎ᠦᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠰᠤᠷᠤᠭ᠍ᠴᠢᠳ᠎ᠤᠨ ᠵᠠᠮ ᠬᠠᠷᠢᠯᠴᠠᠭᠠᠨ᠎ᠤ
ᠠᠮᠤᠷ ᠲᠦᠪᠰᠢᠨ᠎ᠢ ᠳᠡᠭᠡᠭᠰᠢᠯᠡᠭᠦᠯᠬᠦ ᠠᠵᠢᠯᠯᠠᠭᠠᠨ᠎ᠤ ᠲᠥᠯᠥᠪᠯᠡᠭᠡ (2023 ︱2026)᠎ᠶ᠋ᠢ ᠪᠡᠶᠡᠯᠡᠭᠦᠯᠬᠦ᠎ᠶᠢ
ᠠᠬᠢᠭᠤᠯᠵᠤ᠂ ᠰᠤᠷᠤᠭ᠍ᠴᠢᠳ᠎ᠤᠨ ᠰᠤᠷᠭᠠᠭᠤᠯᠢ ᠳ᠋ᠤ ᠶᠠᠪᠤᠵᠤ
ᠰᠠᠭᠤᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠪᠠᠭ᠍ᠰᠢ ᠰᠤᠷᠤᠭ᠍ᠴᠢᠳ᠎ᠤᠨ ᠠᠮᠤᠷ ᠲᠦᠪᠰᠢᠨ᠎ᠢᠶᠡᠷ ᠶᠠᠪᠤᠵᠤ
ᠰᠠᠭᠤᠬᠤ᠎ᠶᠢ ᠬᠠᠮᠠᠭᠠᠯᠠᠨ᠎ᠠ᠃
✦ᠣᠢᠷ᠎ᠠ᠎ᠳᠤ ᠥᠪᠥᠷ
ᠮᠣᠩᠭᠣᠯ《ᠭᠠᠩ ᠬᠠᠭᠤᠷᠠᠢ ᠪᠠ ᠬᠠᠭᠠᠰ ᠭᠠᠩ ᠬᠠᠭᠤᠷᠠᠢ ᠣᠷᠣᠨ᠎ᠤ ᠴᠦᠯᠯᠡᠷᠭᠡᠭᠵᠢᠯ᠎ᠢ
ᠰᠡᠷᠭᠡᠢᠯᠡᠨ ᠵᠠᠰᠠᠬᠤ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠦᠭᠯᠡᠭᠦᠷ》᠂ 《ᠡᠯᠡᠰᠦᠷᠬᠡᠭ ᠭᠠᠵᠠᠷ᠎ᠤᠨ
ᠠᠮᠢ ᠠᠬᠤᠢ᠎ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠎ᠦᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ
ᠵᠢᠱ᠌ᠢᠬᠦ ᠮᠡᠷᠭᠡᠵᠢᠯ᠎ᠦᠨ ᠳᠦᠷᠢᠮ》᠂ 《ᠲᠠᠴᠢᠷᠳᠠᠭᠰᠠᠨ ᠨᠤᠲᠤᠭ ᠪᠡᠯᠴᠢᠭᠡᠷ᠎ᠢ ᠰᠡᠷᠭᠦᠭᠡᠬᠦ ᠢᠨᠵᠧᠨᠧᠷᠢᠩ᠎ᠦᠨ
ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠳᠦᠷᠢᠮ》᠂ 《ᠡᠯᠡᠰᠦ ᠮᠠᠩᠬ᠎ᠠ᠎ᠶᠢ
ᠶᠡᠷᠦᠩᠬᠡᠢᠯᠡᠨ ᠵᠠᠰᠠᠬᠤ ᠢᠨᠵᠧᠨᠧᠷᠢᠩ᠎ᠦᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ
ᠳᠦᠷᠢᠮ》 ᠵᠡᠷᠭᠡ ᠳᠥᠷᠪᠡᠨ ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠵᠦ᠂
ᠰᠢᠨᠵᠢᠯᠡᠬᠦ ᠤᠬᠠᠭᠠᠨᠴᠢ᠎ᠪᠠᠷ ᠡᠯᠡᠰᠦ᠎ᠶᠢ ᠵᠠᠰᠠᠬᠤ᠂ ᠨᠠᠷᠢᠯᠢᠭ᠋ ᠣᠨᠣᠴᠠᠲᠠᠢ᠎ᠪᠠᠷ ᠬᠢᠨᠠᠨ ᠬᠠᠮᠢᠶᠠᠷᠬᠤ᠎ᠳᠤ
ᠮᠡᠷᠭᠡᠵᠢᠯ᠎ᠦᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
✦ᠣᠢᠷ᠎ᠠ᠎ᠳᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠪᠠᠢᠴᠠᠭᠠᠬᠤ ᠬᠣᠷᠢᠶ᠎ᠠ᠂
ᠳᠣᠲᠣᠭᠠᠳᠤ᠎ᠶᠢ ᠬᠠᠮᠠᠭᠠᠯᠠᠬᠤ ᠲᠢᠩᠬᠢᠮ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠯ
ᠠ᠋ᠴᠠ ᠵᠥᠷᠢᠴᠡᠨ ᠤᠰᠤ ᠲᠠᠲᠠᠵᠤ ᠬᠡᠷᠡᠭᠯᠡᠬᠦ᠎ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢᠨ ᠲᠥᠰᠥᠯ》 ᠢ᠋ ᠳᠠᠷᠤᠮᠠᠯᠯᠠᠨ
ᠲᠠᠷᠬᠠᠭᠠᠵᠦ᠂ 12 ᠠᠢᠮᠠᠭ ᠬᠣᠲᠠ᠎ᠶᠢᠨ ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠭᠡᠨ ᠤ᠋ ᠦᠢᠯᠡᠰ ᠵᠢᠴᠢ
ᠬᠣᠲᠠ ᠪᠠᠯᠭᠠᠰᠤ᠎ᠶᠢᠨ ᠠᠮᠢᠳᠤᠷᠠᠯ ᠵᠡᠷᠭᠡ ᠪᠣᠶ ᠪᠦᠬᠦᠢ ᠤᠰᠤ ᠲᠠᠲᠠᠵᠤ ᠬᠡᠷᠡᠭᠯᠡᠬᠦ ᠠᠵᠢᠯ ᠲᠥᠷᠥᠯ᠎ᠦᠨ ᠬᠠᠤᠯᠢ
ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ
ᠵᠠᠰᠠᠬᠤ ᠠᠵᠢᠯ᠎ᠢ ᠥᠷᠨᠢᠭᠦᠯᠦᠨ᠎ᠡ᠃
✦24᠎ᠦ ᠡᠳᠦᠷ᠂
41 ᠳ᠋ᠤᠭᠡᠷ ᠬᠤᠭᠤᠴᠠᠭᠠᠨ᠎ᠤ ᠰᠢᠯᠢ᠎ᠶᠢᠨ ᠭᠣᠣᠯ ᠠᠢᠮᠠᠭ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ
ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ ᠰᠢᠯᠢ᠎ᠶᠢᠨ ᠭᠣᠣᠯ ᠠᠢᠮᠠᠭ᠎ᠤᠨ ᠨᠢᠭᠡᠳᠦᠭᠡᠷ ᠳᠤᠮᠳᠠᠳᠤ
ᠰᠤᠷᠭᠠᠭᠤᠯᠢ᠎ᠳᠤ ᠶᠠᠪᠤᠭᠳᠠᠵᠦ᠂ ᠪᠦᠬᠦ ᠠᠢᠮᠠᠭ᠎ᠤᠨ 30 ᠰᠤᠷᠭᠠᠭᠤᠯᠢ ᠵᠢᠨ 550 ᠭᠠᠷᠤᠢ ᠪᠠᠭ᠍ᠰᠢ ᠰᠤᠷᠤᠭ᠍ᠴᠢ
ᠣᠷᠣᠯᠴᠠᠪᠠ᠃
✦24᠎ᠦ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ
ᠵᠢᠨ ᠬᠢᠨ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠣᠲᠣᠭᠠᠳᠤ᠎ᠶᠢ
ᠬᠠᠮᠠᠭᠠᠯᠠᠬᠤ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠬᠥᠬᠡᠬᠣᠲᠠ᠎ᠳᠤ ᠬᠠᠭᠤᠷᠮᠠᠭ ᠮᠠᠭᠤ
ᠲᠠᠸᠠᠷ᠎ᠲᠤ ᠴᠣᠬᠢᠯᠲᠠ ᠥᠭᠴᠦ ᠲᠥᠪᠯᠡᠷᠡᠭᠦᠯᠦᠨ ᠨᠢᠭᠡᠳᠦᠯᠲᠡᠢ ᠤᠰᠠᠳᠬᠠᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ᠂ ᠠᠷᠢᠬᠢ ᠲᠠᠮᠠᠬᠢ᠂ ᠴᠠᠬᠢᠯᠭᠠᠨ ᠬᠥᠳᠡᠯᠭᠡᠭᠦᠷᠲᠦ ᠳᠤᠭᠤᠢ
ᠲᠡᠷᠭᠡ᠂ ᠬᠤᠪᠴᠠᠰᠤ ᠱᠠᠬᠠᠢ ᠮᠠᠯᠠᠭᠠᠢ᠂ ᠮᠠᠰᠢᠨ ᠲᠡᠷᠭᠡᠨ᠎ᠦ ᠰᠡᠯᠪᠢᠭ ᠲᠣᠨᠣᠭ᠂ ᠡᠳᠦᠷ ᠲᠤᠲᠤᠮ᠎ᠤᠨ ᠬᠡᠷᠡᠭᠯᠡᠭᠡᠨ᠎ᠦ
ᠪᠦᠷᠢᠨ ᠪᠠᠷᠠᠭ᠎ᠠ ᠵᠡᠷᠭᠡ 14 ᠶᠡᠬᠡ ᠲᠥᠷᠥᠯ ᠦ᠋ᠨ ᠲᠠᠸᠠᠷ᠎ᠢ ᠬᠠᠮᠤᠷᠴᠤ᠂ ᠶᠡᠷᠦᠩᠬᠡᠢ ᠬᠡᠮᠵᠢᠶ᠎ᠡ ᠨᠢ 15 ᠲᠣᠨ
ᠬᠦᠷᠴᠦ᠂ ᠪᠠᠷᠠᠭᠠᠨ᠎ᠤ ᠥᠷᠲᠡᠭ ᠨᠢ 213 ᠲᠦᠮᠡᠨ ᠲᠥᠭᠥᠷᠢᠭ ᠰᠢᠬᠠᠮ᠎ᠳᠤ ᠬᠦᠷᠴᠡᠢ᠃
✦ᠬᠢᠨᠠᠨ ᠬᠡᠮᠵᠢᠭᠰᠡᠨ
ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠠᠷ᠂ ᠲᠦᠩᠯᠢᠶᠣᠣ ᠬᠣᠲᠠ᠎ᠶᠢᠨ ᠨᠡᠭᠦᠳᠡᠯ᠎ᠦᠨ ᠰᠢᠪᠠᠭᠤᠨ᠎ᠤ ᠲᠥᠷᠥᠯ
ᠵᠦᠢᠯ 148 ᠵᠦᠢᠯ ᠪᠠᠢᠭᠰᠠᠨ᠎ᠠᠴᠠ᠎ᠪᠠᠨ ᠨᠡᠮᠡᠭᠳᠡᠭᠡᠳ 170 ᠭᠠᠷᠤᠢ ᠵᠦᠢᠯ ᠪᠣᠯᠵᠠᠢ᠃ ᠡᠭᠦᠨ ᠳ᠋ᠦ ᠤᠯᠤᠰ᠎ᠤᠨ
ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠠᠮᠢᠲᠠᠨ 6 ᠵᠦᠢᠯ᠂ ᠤᠯᠤᠰ᠎ᠤᠨ ᠬᠣᠶᠠᠳᠤᠭᠠᠷ ᠳᠡᠰ᠎ᠤᠨ ᠬᠠᠮᠠᠭᠠᠯᠠᠯᠲᠠ᠎ᠶᠢᠨ
ᠠᠮᠢᠲᠠᠨ 16 ᠵᠦᠢᠯ ᠪᠣᠶ᠃
✦ᠲᠦᠷᠦᠭᠦᠬᠡᠨ ᠣᠲᠣᠭ᠎ᠤᠨ
ᠡᠮᠦᠨᠡᠲᠦ ᠬᠣᠰᠢᠭᠤᠨ᠎ᠤ ᠲᠠᠷᠢᠶᠠᠯᠠᠩ᠎ᠤᠨ ᠮᠠᠰᠢᠨ᠎ᠤ ᠠᠶᠤᠯᠭᠦᠢ ᠦᠢᠯᠡᠳᠪᠦᠷᠢᠯᠡᠯ ᠵᠢᠴᠢ ᠲᠠᠷᠢᠶᠠᠯᠠᠩ᠎ᠤᠨ ᠮᠠᠰᠢᠨ᠎ᠤ
ᠵᠢᠯᠣᠭᠣᠴᠢ᠎ᠶᠢᠨ ᠪᠣᠯᠪᠠᠰᠤᠷᠠᠯ ᠠᠮᠵᠢᠯᠲᠠ᠎ᠲᠠᠢ ᠶᠠᠪᠤᠭᠳᠠᠵᠦ᠂ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ
ᠱᠠᠭᠠᠷᠳᠠᠯᠭ᠎ᠠ᠎ᠶᠢ ᠣᠨᠣᠪᠴᠢᠲᠠᠶ ᠵᠣᠯᠭᠠᠭᠤᠯᠵᠤ᠂ ᠪᠦᠬᠦ
ᠬᠣᠰᠢᠭᠤᠨ᠎ᠤ ᠲᠠᠷᠢᠶᠠᠯᠠᠩ᠎ᠤᠨ ᠮᠠᠰᠢᠨ᠎ᠤ ᠵᠢᠯᠣᠭᠣᠴᠢ᠎ᠶᠢᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠂ ᠤᠷ᠎ᠠ
ᠴᠢᠳᠠᠪᠤᠷᠢ ᠪᠠ ᠠᠮᠤᠷ ᠲᠦᠪᠰᠢᠨ᠎ᠦ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠵᠦ᠂ ᠬᠠᠪᠤᠷ᠎ᠤᠨ ᠲᠠᠷᠢᠶᠠᠯᠠᠭ᠎ᠠ᠎ᠶᠢᠨ
ᠪᠡᠯᠡᠳᠬᠡᠯ ᠠᠵᠢᠯ᠂ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ᠎ᠳᠤ
ᠪᠠᠲᠤᠯᠠᠭ᠎ᠠ ᠬᠠᠩᠭᠠᠭᠰᠠᠨ ᠪᠠᠢᠨ᠎ᠠ᠃
✦2026 ᠣᠨ᠎ᠳᠤ ᠪᠠᠷᠠᠭᠤᠨ ᠦᠵᠦᠮᠦᠴᠢᠨ ᠬᠣᠰᠢᠭᠤ
ᠵᠢᠭᠤᠯᠴᠢᠯᠠᠯ ᠤ᠋ᠨ ᠲᠤᠰᠬᠠᠢ ᠴᠤᠪᠤᠭ᠎ᠠ ᠲᠡᠷᠭᠡ᠎ᠶᠢ ᠤᠯᠠᠮ ᠨᠢᠭᠡ ᠠᠯᠬᠤᠮ ᠥᠷᠭᠡᠳᠬᠡᠨ ᠲᠠᠰ ᠳᠡᠪᠰᠢᠭᠦᠯᠬᠦ᠎ᠪᠡᠷ
ᠲᠥᠯᠥᠪᠯᠡᠵᠦ᠂ ᠬᠠᠮᠤᠷᠬᠤ ᠬᠡᠪᠴᠢᠶ᠎ᠡ᠎ᠶᠢ ᠵᠧᠩᠵᠧᠦ᠂ ᠱᠠᠩᠬᠠᠢ᠂ ᠵᠢᠨᠠᠨ ᠬᠦᠷᠲᠡᠯ᠎ᠡ ᠥᠷᠭᠡᠳᠬᠡᠨ᠂ 18 — 20 ᠴᠤᠪᠤᠭ᠎ᠠ ᠲᠡᠷᠭᠡ ᠶᠠᠪᠤᠭᠤᠯᠬᠤ᠎ᠪᠠᠷ ᠵᠢᠱ᠌ᠢᠵᠦ᠂
ᠣᠳᠣᠬᠠᠨ᠎ᠳᠤ ᠨᠢᠭᠡᠨᠲᠡ ᠡᠳᠦᠷ ᠬᠤᠭᠤᠴᠠᠭ᠎ᠠ᠎ᠶᠢ ᠲᠣᠭᠲᠠᠭᠠᠭᠰᠠᠨ ᠲᠤᠰᠬᠠᠢ ᠴᠤᠪᠤᠭ᠎ᠠ ᠲᠡᠷᠭᠡ ᠨᠡᠶ᠋ᠢᠲᠡ 18
ᠪᠤᠯᠵᠠᠢ᠃
ᠠᠵᠦ ᠠᠬᠤᠢ
✦ᠬᠤᠳᠠᠯᠳᠤᠭᠠᠨ᠎ᠤ
ᠶᠠᠪᠤᠳᠠᠯ᠎ᠤᠨ ᠶᠠᠮᠤᠨ ᠤᠳᠤ ᠶᠠᠭ ᠬᠠᠭᠤᠴᠢᠨ ᠲᠦᠷᠦᠯ ᠲᠡᠮᠳᠡᠭ᠎ᠢ ᠴᠤᠭᠯᠠᠷᠠᠭᠤᠯᠤᠨ ᠬᠥᠭᠵᠢᠭᠦᠯᠬᠦ ᠲᠤᠷᠰᠢᠯᠲᠠ᠎ᠶᠢᠨ
ᠠᠵᠢᠯ᠎ᠢ ᠥᠷᠨᠢᠭᠦᠯᠵᠦ᠂ ᠦᠢᠯᠡᠳᠬᠦᠨ᠂ ᠲᠥᠷᠥᠯ ᠲᠡᠮᠳᠡᠭ᠂ ᠰᠣᠶᠣᠯ᠂ ᠠᠵᠢᠯ ᠲᠦᠷᠦᠯ᠂ ᠭᠠᠳᠠᠭᠠᠳᠤ ᠭᠠᠷᠭᠠᠯᠳᠠ ᠵᠡᠷᠭᠡ
ᠲᠠᠪᠤᠨ ᠶᠡᠬᠡ ᠴᠢᠭᠯᠡᠯ᠎ᠡᠴᠡ ᠬᠠᠭᠤᠴᠢᠨ ᠲᠦᠷᠦᠯ ᠲᠡᠮᠳᠡᠭ᠎ᠢ ᠴᠤᠭᠯᠠᠷᠠᠭᠤᠯᠤᠨ ᠬᠥᠭᠵᠢᠭᠦᠯᠬᠦ᠎ᠶᠢ ᠠᠬᠢᠭᠤᠯᠵᠤ᠂
ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠪᠡᠷ ᠪᠠᠢᠨ᠎ᠠ᠃
ᠰᠤᠶᠤᠯ
✦24᠎ᠦ ᠣᠷᠣᠢ᠂ ᠰᠢᠶᠠᠩᠭᠠᠩ᠎ᠤᠨ
ᠳᠠᠭᠤᠷᠢ ᠶ᠋ᠢᠨ ᠲᠢᠶᠠᠲᠷ᠎ᠤᠨ ᠲᠣᠭᠣᠷᠢᠨ ᠲᠣᠭᠯᠠᠯᠳᠠ ᠵᠢᠨ ᠦᠳᠡᠰᠢᠯᠡᠭᠡ ᠰᠢᠯᠢ ᠶ᠋ᠢᠨ ᠭᠣᠣᠯ᠎ᠤᠨ ᠳᠠᠭᠤᠤ ᠪᠥᠵᠢᠭ
ᠵᠦᠴᠦᠭᠡ ᠶ᠋ᠢᠨ ᠲᠢᠶᠠᠲᠷ᠎ᠲᠤ ᠶᠠᠪᠤᠭᠳᠠᠵᠦ᠂ ᠰᠢᠶᠠᠩᠭᠠᠩ᠎ᠤᠨ ᠳᠠᠭᠤᠷᠢ ᠶ᠋ᠢᠨ ᠲᠢᠶᠠᠲᠷ᠎ᠤᠨ ᠳᠠᠭᠤᠴᠢᠳ ᠦᠵᠡᠭᠴᠢᠳ᠎ᠲᠦ
ᠳᠤᠮᠳᠠᠳᠤ ᠡᠸᠦ᠋ᠷᠦᠫᠡ᠎ᠶᠢᠨ ᠰᠣᠶᠣᠯ ᠢ᠋ ᠠᠭᠤᠰᠤᠯᠴᠠᠭᠤᠯᠤᠭᠰᠠᠨ ᠳᠠᠭᠤᠤ ᠬᠥᠭᠵᠢᠮ ᠢ᠋ ᠰᠤᠨᠢᠷᠬᠠᠭᠤᠯᠵᠠᠢ᠃
✦ᠦᠢᠷ᠎ᠡ᠎ᠶᠢᠨ ᠡᠳᠦᠷ᠎ᠡᠴᠡ
ᠠᠯᠠᠱᠠ ᠠᠢᠮᠠᠭ᠎ᠤᠨ ᠰᠣᠶᠣᠯ᠎ᠤᠨ ᠣᠷᠳᠣᠨ᠎ᠤ 2026 ᠣᠨ᠎ᠤ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ᠎ᠤᠨ ᠠᠩᠭᠢ
ᠬᠢᠴᠢᠶᠡᠯ ᠡᠬᠢᠯᠡᠵᠦ᠂ ᠣᠷᠲᠤ ᠬᠤᠭᠤᠴᠠᠭ᠎ᠠ ᠪᠠ ᠣᠬᠣᠷ ᠬᠤᠭᠤᠴᠠᠭᠠᠨ᠎ᠤ ᠪᠣᠯᠪᠠᠰᠤᠷᠠᠯ᠎ᠤᠨ ᠠᠩᠭᠢ
ᠨᠡᠬᠡᠬᠡᠵᠦ᠂ ᠨᠠᠢᠷᠠᠯ ᠳᠠᠭᠤᠤ᠂ ᠲᠣᠪᠰᠢᠭᠤᠷ᠂ ᠰᠠᠪᠠᠷᠳᠠᠩ᠂ ᠤᠷᠠᠨ ᠪᠢᠴᠢᠯᠭᠡ᠂ ᠮᠣᠷᠢᠨ ᠬᠤᠭᠤᠷ᠂ ᠵᠢᠰᠦ ᠭᠣᠶᠣᠯᠠᠯ᠂
ᠪᠠᠭᠠᠴᠤᠳ᠎ᠤᠨ ᠤᠷᠠᠨ ᠵᠢᠷᠤᠭ᠂ ᠴᠡᠴᠡᠭ ᠴᠢᠮᠡᠭᠯᠡᠬᠦ᠂ ᠠᠷᠠᠰᠤᠨ ᠤᠷᠠᠯᠠᠯ᠂ ᠴᠠᠢ᠎ᠶᠢᠨ ᠤᠷᠠᠯᠢᠭ᠋ ᠵᠡᠷᠭᠡ ᠣᠯᠠᠨ
ᠠᠭᠤᠯᠭ᠎ᠠ᠎ᠶᠢ ᠲᠣᠬᠢᠷᠠᠭᠤᠯᠤᠨ ᠵᠢᠭᠠᠵᠤ ᠪᠠᠢᠨ᠎ᠠ᠃
ᠲᠠᠮᠢᠷ
✦25᠎ᠤ ᠡᠳᠦᠷ᠂《ᠬᠥᠪᠴᠢ ᠶᠢᠨ ᠬᠥᠯᠥᠭ》 ᠬᠣᠶᠠᠳᠤᠭᠠᠷ ᠤᠳᠠᠭᠠᠨ᠎ᠤ
ᠬᠤᠷᠳᠤᠨ ᠮᠣᠷᠢᠨ᠎ᠤ ᠤᠷᠤᠯᠳᠤᠭᠠᠨ ᠬᠠᠩᠭᠢᠨ ᠬᠣᠰᠢᠭᠤᠨ᠎ᠤ ᠣᠷᠳᠣᠰ ᠲᠠᠯ᠎ᠠ ᠨᠤᠲᠤᠭ᠎ᠤᠨ ᠮᠣᠷᠢᠨ ᠤᠷᠤᠯᠳᠤᠭᠠᠨ᠎ᠤ
ᠲᠠᠯᠠᠪᠠᠢ᠎ᠳᠤ ᠶᠠᠪᠤᠭᠳᠠᠯ᠎ᠠ᠃ ᠤᠷᠤᠯᠳᠤᠭᠠᠨ ᠳ᠋ᠤ 1600 ᠮᠧᠲᠷ᠎ᠦᠨ ᠳᠠᠭ᠎ᠠ ᠶᠢᠨ ᠤᠷᠤᠯᠳᠤᠭᠠᠨ᠂ 3200 ᠮᠧᠲᠷ᠎ᠦᠨ
ᠦᠷᠢᠶ᠎ᠡ ᠮᠣᠷᠢᠨ᠎ᠤ ᠤᠷᠤᠯᠳᠤᠭᠠᠨ ᠵᠡᠷᠭᠡ ᠲᠠᠪᠤᠨ ᠲᠥᠷᠥᠯ ᠳᠤᠬᠢᠷᠠᠭᠤᠯᠵᠤ᠂ ᠨᠤᠲᠤᠭ᠎ᠤᠨ ᠤᠶᠠᠭᠠᠴᠢᠨ ᠪᠣᠯᠣᠨ
ᠵᠡᠷᠭᠡᠯᠡᠳᠡᠭᠡ ᠬᠣᠲᠠ ᠬᠣᠰᠢᠭᠤᠨ᠎ᠤ ᠲᠠᠪᠢᠭᠠᠳ ᠤᠶᠠᠭᠠᠴᠢᠳ᠎ᠤᠨ ᠳᠠᠯᠠᠭᠠᠳ ᠮᠣᠷᠢ ᠤᠷᠤᠯᠴᠠᠵᠠᠢ᠃
ᠲᠡᠯᠡᠬᠡᠢ
✦ᠳᠤᠮᠳᠠᠳᠤ ᠤᠯᠤᠰ᠎ᠤᠨ
ᠰᠣᠨᠢᠨ ᠮᠡᠳᠡᠭᠡᠨ᠎ᠦ ᠰᠦᠯᠵᠢᠶ᠎ᠡ᠎ᠶᠢᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ ᠢᠰᠷᠧᠯ ᠢᠷᠠᠨ᠎ᠤ ᠮᠥᠷᠭᠥᠯᠳᠦᠭᠡᠨ
ᠡᠭᠦᠰᠦᠭᠰᠡᠨ ᠡᠴᠡ ᠨᠠᠭᠠᠰᠢ᠂ ᠪᠥᠬᠥ ᠪᠥᠮᠪᠥᠷᠴᠡᠭ᠎ᠦᠨ ᠡᠨᠧᠷᠭᠢ᠎ᠶᠢᠨ ᠲᠡᠭᠡᠭᠡᠪᠦᠷᠢ᠎ᠶᠢᠨ 《ᠠᠮᠠᠨ ᠬᠦᠵᠦᠬᠦᠦ》ᠪᠤᠯᠤᠭᠰᠠᠨ ᠬᠤᠷᠮᠤᠽ ᠬᠣᠭᠣᠯᠠᠢ᠎ᠶᠢᠨ ᠤᠰᠤᠨ ᠵᠠᠮ᠎ᠤᠨ ᠲᠡᠭᠡᠭᠡᠪᠦᠷᠢ
ᠬᠦᠨᠳᠦ ᠨᠣᠴᠢᠲᠠᠢ ᠬᠠᠷᠰᠢᠯᠠᠭᠳᠠᠪᠠ᠃ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠲᠣᠭ᠎ᠠ
ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 3 ᠰᠠᠷ᠎ᠠ ᠡᠴᠠ ᠨᠠᠭᠠᠰᠢ ᠬᠤᠳᠠᠯᠳᠤᠭᠠᠨ᠎ᠤ ᠣᠩᠭᠣᠴᠠ᠎ᠶᠢᠨ ᠡᠨᠡ ᠬᠦ᠌
ᠲᠡᠯᠡᠶ᠎ᠶᠢᠨ ᠬᠣᠭᠣᠯᠠᠢ᠎ᠪᠠᠷ ᠥᠩᠭᠡᠷᠡᠭᠰᠡᠨ ᠬᠡᠮᠵᠢᠶ᠎ᠠ ᠮᠥᠷᠭᠥᠯᠳᠦᠭᠡᠨᠡᠭᠦᠰᠬᠦ ᠡᠴᠡ ᠡᠮᠦᠨᠡᠬᠢ ᠡᠴᠡ
95% ᠪᠡᠷ ᠪᠠᠭᠤᠷᠠᠪᠠ᠃
✦ᠰᠢᠨᠬᠤᠸᠠ ᠬᠣᠷᠢᠶ᠎ᠠ
ᠵᠢᠨ ᠮᠡᠳᠡᠭᠡᠵᠢ ᠦᠨᠳᠦᠰᠦᠯᠡᠪᠡᠯ᠂ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ
ᠳᠠᠷᠤᠭ᠎ᠠ ᠬᠦᠲ᠋ᠥᠯᠸᠢᠢᠰ 25 ᠤ᠋ ᠡᠳᠦᠷ ᠳᠤᠮᠳᠠᠳᠤ ᠳᠣᠷᠣᠨᠠᠲᠤ᠎ᠶᠢᠨ ᠪᠠᠢᠳᠠᠯ᠎ᠤᠨ ᠲᠤᠬᠠᠢ ᠵᠠᠭᠤᠴᠢᠯᠠᠭᠤᠷ᠎ᠤᠨ
ᠬᠢᠨ᠎ᠳᠦ ᠶᠠᠷᠢᠶ᠎ᠠ ᠲᠠᠯᠪᠢᠵᠤ᠂ ᠠᠮᠧᠷᠢᠺᠠ ᠪᠣᠯᠣᠨ ᠢᠰᠷᠧᠯᠢ ᠢᠷᠡᠨ᠎ᠲᠠᠢ ᠬᠢᠭᠰᠡᠨ ᠲᠠᠢ᠍ᠢᠨ᠎ᠢᠶᠡᠨ ᠲᠡᠭᠦᠰᠬᠡᠬᠦ᠎ᠶᠢ
ᠤᠷᠢᠶᠠᠯᠠᠬᠤ᠎ᠶᠢᠨ ᠬᠠᠮᠲᠤ ᠢᠷ᠎ᠡ᠎ᠨᠢ ᠬᠥᠷᠰᠢ ᠤᠯᠤᠰ ᠵᠢᠡᠨ ᠳᠠᠭᠠᠷᠢᠬᠤ᠎ᠪᠠᠨ ᠵᠣᠭᠰᠣᠬᠤ ᠬᠡᠷᠡᠭᠲᠡᠢ ᠭᠡᠵᠦ ᠱᠠᠭᠠᠷᠳᠠᠭᠰᠠᠨ
ᠪᠦᠭᠡᠳ ᠬᠤᠪᠢ ᠬᠥᠮᠥᠨ᠎ᠦ ᠣᠨᠴᠠ ᠡᠯᠴᠢ ᠲᠣᠮᠢᠯᠠᠵᠤ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠨᠡ
ᠤᠳᠠᠭᠠᠨ᠎ᠤ ᠮᠥᠷᠭᠥᠯᠳᠦᠭᠡᠨ ᠵᠢᠴᠢ ᠦᠷ᠎ᠡ ᠳ᠋ᠦᠨᠭᠢ ᠠᠷᠭᠠᠴᠠᠭᠠᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ
ᠤᠳᠤᠷᠢᠳᠤᠭᠤᠯᠵᠠᠢ᠃
ᠦᠢᠯᠡᠴᠢᠯᠡᠭᠡ
✦ᠬᠥᠬᠡᠬᠣᠲᠠ᠎ᠶᠢᠨ
ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠣᠰᠢᠭᠤ ᠰᠢᠶᠠᠨ ᠲᠣᠭᠣᠷᠢᠭ᠋᠎ᠤᠨ ᠬᠠᠷᠢᠶ᠎ᠠ ᠠᠵᠢᠯ ᠦᠢᠯᠡᠰ᠎ᠦᠨ
ᠨᠢᠭᠡᠴᠢ 107 ᠴᠢᠳᠠᠪᠤᠷᠢᠲᠠᠨ ᠡᠯᠰᠡᠨ᠎ᠠ᠃ ᠨᠠᠷᠢᠨ
ᠠᠭᠤᠯᠭ᠎ᠠ ᠶᠢ 《ᠤᠤᠯ ᠵᠤᠬᠢᠶᠠᠯ᠎ᠢ ᠦᠵᠡᠬᠦ》(阅读原文)ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ ᠳᠡᠭᠡᠰᠦ
ᠦᠰᠦᠷᠬᠦ ᠪᠣᠯ ᠨᠢᠭᠡ ᠵᠦᠢᠯ᠎ᠦᠨ ᠳᠥᠭᠥᠮ ᠮᠥᠷᠲᠡᠭᠡᠨ ᠪᠦᠲᠦᠮᠵᠢᠲᠡᠶ ᠲᠠᠮᠢᠷ᠎ᠤᠨ ᠬᠥᠳᠡᠯᠭᠡᠭᠡᠨ ᠮᠥᠨ᠃ ᠲᠡᠷᠡ
ᠨᠢ ᠵᠢᠷᠦᠬᠡ ᠠᠭᠤᠰᠬᠢᠨᠤ᠋ ᠠᠵᠢᠯᠯᠠᠭ᠎ᠠ᠎ᠶᠢ ᠪᠣᠯᠪᠠᠰᠤᠷᠠᠭᠤᠯᠬᠤ᠎ᠪᠠᠷ ᠪᠠᠷᠠᠬᠤ ᠦᠭᠡᠢ᠂ ᠪᠠᠰᠠ
ᠵᠢᠷᠦᠬᠡᠨ᠎ᠦ ᠴᠢᠳᠠᠮᠵᠢ᠎ᠶᠢ ᠨᠡᠮᠡᠭᠳᠡᠭᠦᠯᠳᠡᠭ᠃ ᠡᠳᠦᠷ ᠪᠦᠷᠢ ᠳᠡᠭᠡᠰᠦ ᠦᠰᠦᠷᠬᠦ᠎ᠶᠢ ᠬᠡᠳᠦᠨ ᠮᠢᠨᠦ᠋ᠲ
ᠪᠠᠷᠢᠮᠲᠠᠯᠠᠪᠠᠯ ᠵᠢᠷᠦᠬᠡ᠎ᠶᠢ ᠭᠦᠢᠴᠡᠳ ᠪᠣᠯᠪᠠᠰᠤᠷᠠᠭᠤᠯᠵᠤ᠂ ᠵᠢᠷᠦᠬᠡᠨ᠎ᠦ ᠴᠢᠰᠤ ᠬᠥᠭᠡᠷᠦᠭᠦᠯᠬᠦ
ᠴᠢᠳᠠᠪᠤᠷᠢ᠎ᠶᠢ ᠳᠡᠭᠡᠭᠰᠢᠯᠡᠭᠦᠯᠵᠦ᠂ ᠮᠠᠨ᠎ᠤ ᠪᠡᠶ᠎ᠡ ᠮᠠᠬᠠᠪᠤᠳ᠎ᠢ ᠨᠡᠩ ᠡᠷᠡᠭᠦᠯ ᠴᠢᠭᠢᠷᠠᠭ ᠬᠦᠴᠦᠨ
ᠴᠢᠳᠠᠯ᠎ᠲᠠᠢ ᠪᠣᠯᠭᠠᠵᠤ ᠴᠢᠳᠠᠨ᠎ᠠ᠃
ᠵᠠᠯᠭᠠᠭᠠᠳ《ᠮᠢᠨᠦ ᠠᠷᠠᠳ᠎ᠤᠨ ᠳᠠᠭᠤᠤ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)