3 ᠰᠠᠷ᠎ᠠ ᠵᠢᠨ 28 ᠤ᠋ ᠡᠳᠤᠷ
ᠡᠬᠢᠯᠡᠬᠦ᠌ ᠴᠠᠭ᠄
2026-03-28 10:14:03
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄

01封面模板_01.png



ᠨᠡᠢᠭᠡᠮ                                   

✦ᠠᠮᠤᠷ ᠲᠦᠪᠰᠢᠨ᠎ᠦ ᠬᠥᠮᠦᠵᠢᠯ᠎ᠦᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠰᠤᠷᠭᠠᠨ ᠬᠥᠮᠦᠵᠢᠯ᠎ᠦᠨ ᠶᠠᠮᠤᠨ ᠲᠦᠷᠦᠭᠦᠬᠡᠨ ᠮᠡᠳᠡᠭᠳᠡᠯ ᠪᠠᠭᠤᠯᠭᠠᠵᠤ᠂ 3 ᠰᠠᠷ᠎ᠠ᠎ᠶᠢᠨ 30᠎ᠤ ᠡᠳᠦᠷ᠎ᠡᠴᠡ 4 ᠰᠠᠷ᠎ᠠ᠎ᠶᠢᠨ 3᠎ᠤ ᠡᠳᠦᠷ ᠪᠣᠯᠲᠠᠯ᠎ᠠ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ ᠬᠥᠮᠦᠵᠢᠯ᠎ᠦᠨ ᠭᠠᠷᠠᠭ ᠤ᠋ᠨ ᠠᠵᠢᠯᠯᠠᠭ᠎ᠠ ᠵᠢ ᠦᠷᠨᠢᠬᠦᠯᠬᠦ ᠪᠡᠷ ᠲᠤᠭᠳᠠᠵᠠᠢ᠃

✦ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ ᠶ᠋ᠢᠨ ᠮᠡᠳᠡᠭᠡ᠎ᠶᠢ ᠦᠨᠳᠦᠰᠦᠯᠡᠪᠡᠯ᠂ ᠣᠳᠣᠬᠠᠨ᠎ᠳᠤ ᠮᠠᠨ᠎ᠤ ᠤᠯᠤᠰ᠎ᠤᠨ ᠰᠦᠷᠢᠶ᠎ᠡ ᠡᠪᠡᠳᠴᠢᠨ᠎ᠦ ᠬᠢᠵᠢᠭ᠎ᠦᠨ ᠪᠠᠢᠳᠠᠯ ᠶᠡᠷᠦᠩᠬᠡᠢ᠎ᠳᠡᠭᠡᠨ ᠪᠠᠭᠤᠷᠠᠬᠤ ᠬᠠᠨᠳᠤᠰᠢ᠎ᠲᠠᠢ ᠪᠣᠯᠵᠤ᠂ ᠨᠢᠭᠡᠨᠲᠡ ᠪᠥᠬᠥ ᠪᠥᠮᠪᠥᠷᠴᠡᠭ᠎ᠦᠨ ᠰᠦᠷᠢᠶ᠎ᠡ ᠡᠪᠡᠳᠴᠢᠨ ᠳᠡᠯᠭᠡᠷᠡᠬᠦ ᠬᠡᠮᠵᠢᠶ᠎ᠠ ᠪᠡᠷ ᠳᠤᠮᠳᠠ ᠳᠣᠣᠷ᠎ᠠ ᠲᠦᠪᠰᠢᠨ᠎ᠤ ᠤᠯᠤᠰ᠎ᠤᠨ ᠡᠩᠨᠡᠭᠡᠨ᠎ᠳᠦ ᠣᠷᠣᠭᠰᠠᠨ ᠪᠠᠢᠨ᠎ᠠ᠃

✦ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ ᠪᠣᠯᠣᠨ ᠰᠤᠷᠭᠠᠨ ᠬᠥᠮᠦᠵᠢᠯ᠎ᠦᠨ ᠶᠠᠮᠤᠨ ᠬᠠᠮᠲᠤᠷᠠᠨ《ᠶᠡᠬᠡ ᠳᠡᠭᠡᠳᠦ ᠰᠤᠷᠭᠠᠭᠤᠯᠢ᠎ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠭᠵᠤ᠂ 2030 ᠣᠨ ᠪᠣᠯᠬᠤ᠎ᠳᠤ ᠶᠡᠬᠡ ᠳᠡᠭᠡᠳᠦ ᠰᠤᠷᠭᠠᠭᠤᠯᠢ᠎ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠨᠡᠢᠳᠡᠮ ᠪᠦᠷᠬᠦᠭᠦᠯᠬᠦ᠎ᠬᠠᠷᠠᠯᠳᠠ ᠲᠤᠭᠲᠠᠬᠤ᠎ᠶᠢᠨ ᠬᠠᠮᠲᠤ ᠲᠦᠷᠪᠡᠨ ᠶᠡᠬᠡ ᠭᠣᠣᠯᠳᠠᠯᠭ᠎ᠠ ᠲᠠᠢ ᠡᠭᠦᠷᠭᠡ᠎ᠶᠢ ᠲᠣᠳᠣᠷᠬᠠᠢᠯᠠᠵᠠᠢ᠃

✦26᠎ᠤ ᠡᠳᠦᠷ᠂ ᠪᠦᠬᠦ ᠤᠯᠤᠰ᠎ᠤᠨ ᠲᠠᠷᠢᠶᠠᠯᠠᠩ᠎ᠤᠨ ᠠᠭᠤᠷ ᠠᠮᠢᠰᠬᠤᠯ᠎ᠤᠨ ᠡᠬᠢ ᠪᠠᠶᠠᠯᠢᠭ᠋᠎ᠢ ᠨᠡᠢᠳᠡᠮ ᠪᠠᠢᠴᠠᠭᠠᠬᠤ ᠪᠠ ᠣᠷᠣᠨ ᠬᠤᠪᠢᠶᠠᠷᠢᠯᠠᠬᠤ ᠠᠵᠢᠯ ᠡᠬᠢᠯᠡᠵᠦ᠂ ᠬᠣᠢᠰᠢᠳᠠ᠎ᠶᠢᠨ 4 ᠵᠢᠯ᠎ᠳᠦ ᠪᠦᠬᠦ ᠤᠯᠤᠰ᠎ᠤᠨ ᠲᠠᠪᠤᠨ ᠶᠡᠬᠡ ᠲᠦᠷᠦᠯ᠂ 25 ᠲᠦᠷᠦᠯ᠎ᠦᠨ ᠲᠠᠷᠢᠮᠠᠯ᠎ᠤᠨ ᠨᠡᠢᠳᠡᠮ᠎ᠦᠨ ᠪᠠᠢᠴᠠᠭᠠᠯᠲᠠ᠎ᠶᠢᠨ ᠣᠷᠣᠨ᠎ᠤ ᠬᠤᠪᠢᠶᠠᠷᠢᠯᠠᠯ᠎ᠢ ᠪᠦᠬᠦ ᠲᠠᠯ᠎ᠠ᠎ᠪᠠᠷ ᠠᠬᠢᠭᠤᠯᠵᠤ᠂ ᠲᠠᠷᠢᠶᠠᠯᠠᠩ᠎ᠤᠨ ᠠᠭᠤᠷ ᠠᠮᠢᠰᠬᠤᠯ᠎ᠤᠨ ᠡᠬᠢ ᠪᠠᠶᠠᠯᠢᠭ᠋᠎ᠤᠨ ᠪᠠᠢᠳᠠᠯ᠎ᠢ ᠣᠢᠯᠠᠭᠠᠵᠤ᠂ ᠲᠠᠷᠢᠶᠠᠯᠠᠩ᠎ᠤᠨ ᠲᠠᠷᠢᠮᠠᠯ᠎ᠤᠨ ᠵᠠᠭᠠᠭ ᠬᠢᠵᠠᠭᠠᠷ ᠪᠠ ᠴᠠᠭ ᠠᠭᠤᠷ᠎ᠤᠨ ᠭᠠᠮᠰᠢᠭ᠋᠎ᠤᠨ ᠠᠶᠤᠯ ᠲᠦᠭᠰᠢᠭᠦᠷᠢ᠎ᠶᠢ ᠰᠢᠨᠵᠢᠯᠡᠬᠦ ᠤᠬᠠᠭᠠᠨᠴᠢ᠎ᠪᠠᠷ ᠦᠨᠡᠯᠡᠨ ᠵᠢᠱ᠌ᠢᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠠᠵᠤ ᠦᠢᠯᠡᠰ᠎ᠦᠨ ᠪᠠᠢᠷᠢᠰᠢᠯ ᠪᠠ ᠲᠠᠷᠢᠶᠠᠯᠠᠩ᠎ᠤᠨ ᠪᠦᠲᠦᠴᠡ᠎ᠶᠢᠨ ᠲᠣᠬᠢᠷᠠᠭᠤᠯᠤᠯᠲᠠ᠎ᠶᠢ ᠰᠢᠯᠢᠳᠡᠭᠵᠢᠭᠦᠯᠬᠦ᠎ᠳᠦ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ᠂ ᠲᠠᠷᠢᠶᠠᠯᠠᠩ᠎ᠤᠨ ᠭᠠᠮᠰᠢᠭ᠋᠎ᠡᠴᠡ ᠰᠡᠷᠭᠡᠢᠯᠡᠨ ᠭᠠᠮᠰᠢᠭ᠋᠎ᠢ ᠪᠠᠭᠠᠰᠬᠠᠬᠤ᠎ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠤᠯᠤᠨ᠎ᠠ᠃

✦26᠎ᠤ ᠡᠳᠦᠷ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠠᠦ᠋ᠲ᠋ᠣᠴᠢᠯᠠᠯᠲᠠ᠎ᠶᠢᠨ ᠰᠤᠳᠤᠯᠭᠠᠨ᠎ᠤ ᠭᠠᠵᠠᠷ᠎ᠤᠨ ᠬᠢᠵᠠᠭᠠᠷᠲᠤ ᠺᠣᠮᠫᠠᠨᠢ ᠰᠢᠨ᠎ᠡ ᠦᠶ᠎ᠡ᠎ᠶᠢᠨ ᠮᠠᠰᠢᠨ ᠴᠢᠨᠦ᠎ᠠ ᠵᠢᠨ ᠰᠦᠷᠦᠭ ᠢ᠋ ᠰᠤᠳᠤᠯᠤᠨ ᠪᠦᠲᠦᠭᠡᠵᠡᠢ᠃ ᠰᠢᠨ᠎ᠡ ᠦᠶ᠎ᠡ᠎ᠶᠢᠨ ᠮᠠᠰᠢᠨ ᠴᠢᠨᠦ᠎ᠠ ᠵᠢᠨ ᠰᠦᠷᠦᠭ ᠨᠢ ᠵᠢᠵᠢᠭ ᠬᠡᠯᠪᠡᠷᠢ᠎ᠶᠢᠨ ᠵᠠᠯᠠᠭᠤᠷᠲᠤ ᠰᠤᠮᠤ᠂ ᠤᠭᠤᠷ ᠰᠤᠮᠤ ᠬᠠᠷᠪᠤᠬᠤ ᠪᠠᠭᠠᠵᠢ ᠵᠡᠷᠭᠡ᠎ᠶᠢ ᠪᠠᠭᠲᠠᠭᠠᠭᠰᠠᠨ ᠨᠡᠡᠭ ᠤᠯᠡᠠ ᠵᠡᠷ ᠵᠡᠪᠰᠡᠭ᠎ᠦᠨ ᠲᠥᠬᠦᠭᠡᠷᠦᠮᠵᠢ᠎ᠶᠢ ᠠᠴᠢᠶᠠᠯᠠᠬᠤ ᠴᠢᠳᠠᠪᠤᠷᠢ ᠲᠠᠢ ᠪᠠᠢᠳᠠᠭ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ 6 ᠰᠠᠷ᠎ᠠ᠎ᠶᠢᠨ ᠬᠤᠭᠤᠴᠠᠭ᠎ᠠ᠎ᠲᠠᠢ ᠶᠠᠪᠤᠭᠳᠠᠬᠤ ᠡᠮ᠎ᠦᠨ ᠵᠦᠢᠯᠡᠰ᠎ᠦᠨ ᠡᠵᠡᠩᠨᠡᠯᠲᠡ ᠶ᠋ᠢᠨ ᠭᠣᠭᠴᠣᠭ᠎ᠠ᠎ᠶᠢᠨ《ᠢᠷᠡᠯᠲᠡ᠎ᠶᠢ ᠴᠡᠪᠡᠷᠯᠡᠬᠦ》ᠵᠢ ᠪᠡᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠨᠢᠭᠡᠨᠲᠡ ᠪᠥᠬᠥ ᠲᠠᠯ᠎ᠠ᠎ᠪᠠᠷ ᠡᠬᠢᠯᠡᠵᠦ᠂ ᠬᠠᠨᠳᠤᠯᠭᠠᠲᠤ ᠴᠡᠭᠴᠡᠯᠡᠨ ᠵᠠᠰᠠᠯᠲᠠ᠂ ᠨᠠᠷᠢᠯᠢᠭ᠋ ᠣᠨᠣᠴᠠᠲᠠᠢ᠎ᠪᠠᠷ ᠬᠢᠨᠠᠨ ᠬᠠᠮᠢᠶᠠᠷᠬᠤ᠎ᠪᠠᠷ ᠳᠡᠮᠵᠢᠨ ᠡᠮ᠎ᠦᠨ ᠵᠦᠢᠯᠡᠰ᠎ᠦᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠠᠢᠵᠢᠷᠠᠭᠤᠯᠵᠤ᠂ ᠡᠮ᠎ᠤᠨ ᠵᠦᠢᠯᠡᠰ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠳᠤᠳᠬᠠᠬᠤ ᠪᠤᠯᠤᠨ᠎ᠠ᠃

✦ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ 7 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  〈ᠳᠥᠷᠪᠡᠨ ᠬᠥᠨᠳᠡᠯᠡᠨ ᠠᠷᠪᠠᠨ ᠬᠣᠶᠠᠷ ᠭᠤᠯᠳᠤ〉 ᠶᠡᠷᠦᠩᠬᠡᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭᠠᠨ᠎ᠤ ᠨᠢᠷᠤᠭᠤᠪᠴᠢ᠎ᠶᠢᠨ ᠱᠤᠭᠤᠮ᠎ᠤᠨ ᠲᠥᠰᠥᠯ》᠎ᠢ ᠳᠠᠷᠤᠮᠠᠯᠯᠠᠨ ᠲᠠᠷᠬᠠᠭᠠᠪᠠ᠃ ᠨᠢᠷᠤᠭᠤᠪᠴᠢ ᠵᠠᠮ ᠱᠤᠭᠤᠮ᠎ᠤᠨ ᠶᠡᠷᠦᠩᠬᠡᠢ ᠣᠷᠳᠣ᠌ ᠨᠢ ᠪᠠᠷᠤᠭ 3.5 ᠲᠦᠮᠡᠨ ᠺᠢᠯᠣᠮᠧᠲᠷ ᠪᠠᠢᠵᠦ᠂ ᠡᠭᠦᠨ ᠳ᠋ᠤ ᠲᠡᠮᠦᠷ ᠵᠠᠮ ᠪᠠᠷᠤᠭ 1.3 ᠲᠦᠮᠡᠨ ᠺᠢᠯᠣᠮᠧᠲᠷ᠂ ᠵᠠᠰᠠᠮᠠᠯ ᠵᠠᠮ ᠪᠠᠷᠤᠭ 2.25 ᠲᠦᠮᠡᠨ ᠺᠢᠯᠣᠮᠧᠲᠷ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠨᠢᠰᠬᠡᠯ᠎ᠦᠨ ᠪᠠᠭᠤᠳᠠᠯ 21 ᠪᠠᠢᠨ᠎ᠠ᠃

✦25᠎ᠤ ᠡᠳᠦᠷ᠂ ᠥᠪᠥᠷ ᠮᠣᠩᠭᠣᠯ᠎ᠤᠨ ᠠᠯᠠᠱᠨ ᠠᠭᠤᠯᠠ᠎ᠶᠢᠨ ᠤᠯᠤᠰ ᠤ᠋ᠨ ᠳᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠬᠠᠮᠢᠶᠠᠷᠤᠯᠳᠠ ᠵᠢᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠠᠮᠲᠤᠷᠠᠨ ᠥᠷᠨᠢᠭᠦᠯᠦᠭᠰᠡᠨ ᠠᠯᠠᠱᠠ ᠠᠭᠤᠯᠠ᠎ᠵᠢᠨ ᠬᠡᠭᠡᠷ᠎ᠡ᠎ᠶᠢᠨ ᠢᠳᠡᠰᠢᠨ ᠮᠥᠭᠥ᠎ᠶᠢ ᠨᠣᠮᠣᠬᠠᠳᠬᠠᠬᠤ ᠲᠤᠷᠰᠢᠯᠲᠠ ᠱᠠᠲᠤᠴᠢ ᠴᠢᠨᠠᠷᠲᠠᠢ ᠠᠮᠵᠢᠯᠳᠠ ᠤᠯᠵᠤ᠂ ᠮᠡᠷᠭᠡᠵᠢᠯ ᠦ᠋ᠨ ᠰᠤᠳᠤᠯᠭᠠᠨ ᠵᠠᠩᠭᠢᠯᠠᠭ᠎ᠠ᠎ᠶᠢᠨ ᠠᠯᠬᠤᠮ᠎ᠢ ᠠᠯᠬᠤᠪᠠ᠃

✦2026 ᠣᠨ᠎ᠤ 3 ᠰᠠᠷ᠎ᠠ ᠪᠣᠯᠲᠠᠯ᠎ᠠ ᠲᠦᠩᠯᠢᠶᠣᠣ ᠬᠣᠲᠠ᠎ᠶᠢᠨ ᠴᠢᠰᠤ ᠪᠦᠲᠦᠭᠡᠬᠦ ᠭᠣᠣᠯ ᠡᠰ᠎ᠦᠨ ᠬᠥᠮᠥᠷᠭᠡ᠎ᠳᠦ ᠣᠷᠣᠭᠤᠯᠤᠭᠰᠠᠨ ᠴᠢᠰᠤᠨ᠎ᠤ ᠥᠯᠢᠭᠡᠷ 7085 ᠬᠥᠮᠥᠨ ᠬᠤᠪᠢ ᠬᠦᠷᠴᠦ᠂ 27 ᠬᠥᠮᠥᠨ ᠳ᠋ᠤ ᠠᠮᠵᠢᠯᠲᠠᠲᠠᠢ ᠬᠠᠨᠳᠢᠪᠯᠡᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳ᠋ᠤ ᠡᠩ ᠲᠡᠷᠢᠭᠦᠨ᠎ᠳᠦ ᠡᠯ᠎ᠡ ᠬᠣᠰᠢᠭᠤ ᠰᠢᠶᠠᠨ ᠬᠣᠲᠠ ᠲᠣᠭᠣᠷᠢᠭ᠋᠎ᠲᠤ ᠪᠥᠬᠥ ᠲᠠᠯ᠎ᠠ᠎ᠪᠠᠷ ᠬᠠᠨᠳᠢᠪᠯᠡᠬᠤ᠎ᠶᠢ ᠪᠡᠶᠡᠯᠡᠭᠦᠯᠵᠡᠢ᠃

✦25᠎ᠤ ᠡᠳᠦᠷ᠂ 2026 ᠣᠨ᠎ᠤ ᠬᠢᠩᠭᠠᠨ ᠠᠢᠮᠠᠭ᠎ᠤᠨ ᠲᠠᠷᠢᠶᠠᠯᠠᠩ ᠤ᠋ᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤ᠋ᠨ ᠠᠩᠭᠢ ᠤᠯᠠᠭᠠᠨᠬᠣᠲᠠ᠎ᠳᠤ ᠬᠢᠴᠢᠶᠡᠯ ᠡᠬᠢᠯᠡᠪᠡ᠃ ᠪᠣᠯᠪᠠᠰᠤᠷᠠᠯ ᠨᠢ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠪᠠ ᠶᠠᠰᠤ ᠴᠢᠨᠠᠷ᠎ᠢ ᠰᠠᠢᠵᠢᠷᠠᠭᠤᠯᠬᠤ ᠲᠠᠢ ᠨᠢᠭ᠍ᠲᠠ ᠤᠶᠠᠯᠳᠤᠭᠤᠯᠤᠨ᠂ ᠪᠥᠬᠥ ᠠᠢᠮᠠᠭ᠎ᠤᠨ ᠬᠠᠪᠤᠷ᠎ᠤᠨ ᠲᠠᠷᠢᠶᠠᠯᠠᠭ᠎ᠠ ᠶ᠋ᠢᠨ ᠦᠢᠯᠡᠳᠪᠦᠷᠢᠯᠡᠯ ᠪᠠ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃

✦ᠲᠥᠯ ᠲᠤᠰᠴᠤ ᠪᠣᠢᠵᠢᠭᠤᠯᠬᠤ ᠬᠤᠭᠤᠴᠠᠭᠠᠨ᠎ᠳᠠᠬᠢ ᠮᠠᠯᠵᠢᠬᠤ ᠣᠷᠣᠨ᠎ᠤ ᠮᠠᠰᠢᠨ ᠮᠧᠬᠠᠨᠢᠭ᠋᠎ᠤᠨ ᠥᠨᠳᠥᠷ ᠳᠠᠪᠲᠠᠮᠵᠢᠲᠤ ᠠᠵᠢᠯ᠎ᠤᠨ ᠣᠨᠴᠠᠯᠢᠭ᠋᠎ᠲᠤ ᠴᠢᠭᠯᠡᠭᠦᠯᠦᠨ᠂ ᠤᠯᠠᠭᠠᠢ ᠬᠠᠮᠢᠶᠠᠷᠤᠯᠲᠠ᠎ᠶᠢᠨ ᠣᠷᠣᠨ᠎ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠠᠴᠠ ᠮᠠᠯᠵᠢᠬᠤ ᠣᠷᠣᠨ᠎ᠤ ᠴᠠᠬᠢᠯᠭᠠᠨ ᠬᠠᠩᠭᠠᠬᠤ ᠱᠤᠭᠤᠮ ᠪᠠ ᠲᠥᠬᠦᠭᠡᠷᠦᠮᠵᠢ᠎ᠳᠦ ᠨᠡᠢᠳᠡᠮ ᠪᠠᠢᠴᠠᠭᠠᠯᠲᠠ ᠬᠢᠵᠦ᠂ ᠣᠳᠣᠬᠠᠨ᠎ᠳᠤ ᠨᠡᠶ᠋ᠢᠲᠡ 85 ᠬᠦᠴᠦᠳᠡᠯ ᠥᠭᠡᠷᠡᠴᠢᠯᠡᠭᠴᠢ᠎ᠶᠢ ᠲᠠᠰ ᠳᠡᠪᠰᠢᠭᠦᠯᠵᠦ᠂ 325 ᠲᠡᠵᠢᠭᠡᠨ ᠦᠷᠡᠵᠢᠭᠦᠯᠬᠦ ᠠᠵᠤ ᠠᠬᠤᠢᠯᠠᠯ ᠬᠢᠭᠡᠳ ᠮᠠᠯᠵᠢᠬᠤ ᠲᠠᠷᠢᠶᠠᠯᠠᠬᠤ ᠡᠷᠦᠬᠡ᠎ᠶᠢᠨ ᠴᠠᠬᠢᠯᠭᠠᠨ᠎ᠤ ᠪᠠᠭᠲᠠᠭᠠᠮᠵᠢ᠎ᠶᠢ ᠨᠡᠮᠡᠭᠳᠡᠭᠦᠯᠬᠦ᠎ᠶᠢ ᠪᠡᠶᠡᠯᠡᠭᠦᠯᠬᠦ᠎ᠶᠢᠨ ᠬᠠᠮᠲᠤ ᠴᠠᠬᠢᠯᠭᠠᠨ ᠬᠡᠷᠡᠭᠯᠡᠬᠦ ᠥᠪᠡᠷ᠎ᠦᠨ ᠥᠷᠲᠡᠭ᠎ᠢ ᠪᠠᠭᠤᠷᠠᠭᠤᠯᠪᠠ᠃

✦ᠣᠢᠷ᠎ᠠ᠎ᠳᠤ 《ᠰᠥᠨᠢᠳ ᠬᠣᠨᠢᠨ ᠮᠢᠬ᠎ᠠ》 ᠵᠢᠨ ᠤᠯᠤᠰ᠎ᠤᠨ ᠭᠠᠵᠠᠷ ᠵᠦᠢ ᠎ᠶᠢᠨ ᠢᠯᠡᠷᠬᠡᠢᠯᠡᠯᠲᠦ ᠲᠦᠷᠦᠯ ᠲᠡᠮᠳᠡᠭ ᠎ᠦᠨ ᠬᠠᠮᠠᠭᠠᠯᠠᠯᠲᠠ ᠎ᠶᠢᠨ ᠢᠨᠵᠧᠨᠧᠷᠢᠩ᠎ᠦᠨ ᠲᠥᠷᠥᠯ ᠵᠦᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠤᠰᠬᠠᠢ ᠮᠡᠷᠭᠡᠵᠢᠯᠲᠡᠨ᠎ᠦ ᠬᠢᠨᠠᠨ ᠰᠢᠯᠭᠠᠯᠳᠠ ᠳ᠋ᠤ ᠬᠢᠷᠢ ᠲᠡᠨᠭᠴᠡᠪᠡ᠃

✦ᠦᠢᠷ᠎ᠡ᠎ᠳᠦ ᠬᠠᠩᠭᠢᠨ ᠬᠣᠰᠢᠭᠤᠨ᠎ᠤ ᠶᠡᠬᠡᠤ᠋ᠰᠤ ᠰᠤᠮᠤ᠎ᠶᠢᠨ ᠣᠷᠣᠨ ᠪᠦᠰᠡ ᠶ᠋ᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ ᠠᠰᠢᠭ᠍ᠯᠠᠯᠲᠠ᠎ᠳᠤ ᠣᠷᠣᠪᠠ᠃ ᠲᠤᠰ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ᠎ᠦᠨ ᠡᠵᠡᠯᠡᠬᠦ ᠲᠠᠯᠠᠪᠠᠢ ᠨᠢ 478.8 ᠲᠡᠭᠰᠢ ᠳᠥᠷᠪᠡᠯᠵᠢᠨ ᠮᠧᠲᠷ ᠪᠠᠢᠵᠤ᠂ ᠨᠠᠰᠤᠲᠠᠢᠴᠤᠳ᠎ᠢ ᠠᠰᠠᠷᠠᠨ ᠰᠤᠪᠢᠯᠠᠬᠤ ᠪᠠ ᠨᠡᠢᠭᠡᠮ᠎ᠦᠨ ᠠᠵᠢᠯ ᠤ᠋ᠨ ᠥᠷᠲᠡᠭᠡ᠎ᠶᠢ ᠨᠢᠭᠡ ᠴᠣᠭᠴᠠᠵᠢᠭᠤᠯᠵᠤ᠂ ᠡᠳᠦᠷ ᠪᠦᠷᠢ 56 - 214 ᠲᠥᠭᠥᠷᠢᠭ᠎ᠦᠨ ᠪᠠᠷᠢᠮᠵᠢᠶ᠎ᠠ᠎ᠪᠠᠷ ᠰᠦᠢᠳᠬᠡᠯ ᠬᠤᠷᠢᠶᠠᠬᠤ᠎ᠶᠢᠨ ᠳᠠᠭᠠᠤ ᠣᠨᠴᠠ ᠬᠦᠴᠢᠷᠳᠡᠯᠲᠡᠢ ᠨᠠᠰᠤᠲᠠᠢᠴᠤᠳ᠎ᠲᠦ ᠰᠠᠷ᠎ᠠ ᠪᠦᠷᠢ 800 ᠲᠥᠭᠥᠷᠢᠭ᠎ᠦᠨ ᠨᠠᠰᠤᠵᠢᠯ᠎ᠤᠨ ᠬᠡᠷᠡᠭᠯᠡᠭᠡᠨ᠎ᠦ ᠲᠡᠮᠳᠡᠭᠲᠦ᠎ᠶᠢᠨ ᠨᠥᠬᠥᠪᠦᠷᠢ ᠣᠯᠭᠣᠬᠤ ᠪᠣᠯᠣᠨ᠎ᠠ᠃

 ᠠᠵᠦ ᠠᠬᠤᠢ 

✦ᠠᠵᠤ ᠠᠬᠤᠢ᠎ᠶᠢᠨ ᠡᠳᠦᠷ᠎ᠦᠨ ᠰᠣᠨᠢᠨ᠎ᠤ ᠮᠡᠳᠡᠭᠡ᠎ᠶᠢ ᠦᠨᠳᠦᠰᠦᠯᠡᠪᠡᠯ᠂ ᠣᠢᠷ᠎ᠠ᠎ᠳᠤ ᠬᠠᠭᠤᠴᠢᠨ ᠭᠠᠷ ᠤᠲᠠᠰᠤ ᠵᠢ ᠡᠭᠡᠭᠦᠯᠦᠨ ᠬᠤᠷᠢᠶᠠᠬᠤ ᠦᠨ᠎ᠡ ᠥᠰᠴᠦ ᠣᠯᠠᠨ᠎ᠤ ᠠᠩᠬᠠᠷᠤᠯ᠎ᠢ ᠲᠠᠲᠠᠵᠤ ᠪᠠᠢᠨ᠎ᠠ᠃ ᠡᠭᠦᠨ᠎ᠦ ᠭᠣᠣᠯ ᠰᠢᠯᠲᠠᠭᠠᠨ ᠨᠢ AI ᠮᠡᠷᠭᠡᠵᠢᠯ᠎ᠤᠨ ᠥᠷᠨᠢᠯᠲᠡ ᠨᠢ ᠪᠦᠬᠦᠯᠢ ᠴᠣᠭᠴᠠ᠎ᠶᠢᠨ ᠬᠠᠳᠠᠭᠠᠯᠠᠮᠵᠢ᠎ᠶᠢᠨ ᠴᠢᠫ᠎ᠤᠨ ᠬᠡᠷᠡᠭᠴᠡᠭᠡ ᠵᠢ ᠪᠠᠴᠢᠮ ᠨᠡᠮᠡᠭᠳᠡᠬᠦᠯᠵᠦ᠂ ᠬᠠᠭᠤᠴᠢᠨ ᠭᠠᠷ ᠤᠲᠠᠰᠤ ᠵᠢᠨ ᠰᠡᠯᠪᠢᠭ ᠲᠣᠨᠣᠭ᠎ᠢ ᠵᠠᠳᠠᠯᠬᠤ ᠪᠠ ᠳᠠᠬᠢᠨ ᠠᠰᠢᠭ᠍ᠯᠠᠬᠤ ᠦᠷᠳᠡᠭ᠎ᠢ ᠦᠰᠬᠡᠭᠰᠡᠨ ᠳ᠋ᠤ ᠪᠤᠢ ᠭᠡᠵᠦ ᠮᠡᠷᠭᠡᠵᠢᠯᠳᠡᠳ ᠦᠵᠡᠵᠦ ᠪᠠᠢᠨ᠎ᠠ᠃

 ᠰᠤᠶᠤᠯ 

✦ᠠᠷᠪᠠᠨ ᠵᠢᠷᠭᠤᠳᠤᠭᠠᠷ ᠬᠤᠭᠤᠴᠠᠭᠠᠨ᠎ᠤ ᠪᠡᠭᠡᠵᠢᠩ᠎ᠦᠨ ᠣᠯᠠᠨ ᠤᠯᠤᠰ᠎ᠤᠨ ᠺᠢᠨᠣ᠋᠎ᠶᠢᠨ ᠨᠠᠢᠷ 4 ᠰᠠᠷ᠎ᠠ᠎ᠶᠢᠨ 16᠎ᠡᠴᠡ 25᠎ᠤ ᠡᠳᠦᠷ ᠪᠣᠯᠲᠠᠯ᠎ᠠ ᠶᠠᠪᠤᠭᠳᠠᠵᠤ᠂ 《ᠲᠢᠶᠠᠨ ᠲᠠᠨ ᠱᠠᠩᠨᠠᠯ》 ᠤ᠋ᠨ ᠱᠠᠩᠨᠠᠯ ᠰᠢᠯᠭᠠᠷᠠᠭᠤᠯᠬᠤ᠂ ᠡᠬᠢᠯᠡᠯᠳᠡ ᠵᠢᠨ ᠶᠣᠰᠣᠯᠠᠯ᠂ ᠪᠡᠭᠡᠵᠢᠩ᠎ᠳᠡᠬᠢ ᠺᠢᠨᠣ᠋ ᠦᠵᠡᠭᠦᠯᠭᠡ ᠵᠡᠷᠭᠡ ᠠᠷᠪᠠᠨ ᠶᠡᠬᠡ ᠭᠣᠣᠯ ᠰᠡᠳᠦᠪᠲᠦ ᠠᠵᠢᠯᠯᠠᠭ᠎ᠠ ᠪᠠᠭᠲᠠᠨ᠎ᠠ᠃

✦ᠣᠢᠷ᠎ᠠ᠎ᠶᠢᠨ ᠵᠢᠯ᠎ᠡᠴᠡ ᠰᠢᠯᠢ᠎ᠶᠢᠨ ᠭᠣᠣᠯ ᠠᠢᠮᠠᠭ᠎ᠤᠨ ᠬᠢᠨ ᠠᠳᠤᠭᠤᠨ ᠰᠣᠶᠣᠯ᠎ᠤᠨ ᠦᠷᠳᠡᠭ᠎ᠢ ᠦᠷᠭᠦᠯᠵᠢᠯᠡᠨ ᠠᠭᠤᠳᠠᠯᠵᠤ᠂ ᠠᠳᠤᠭᠤᠨ᠎ᠤ ᠭᠣᠣᠯ ᠰᠡᠳᠦᠪᠲᠦ ᠤᠷᠤᠯᠳᠤᠭᠠᠨ᠎ᠢ ᠪᠠᠶᠠᠯᠢᠭ᠍ᠵᠢᠭᠤᠯᠵᠤ᠂ ᠰᠣᠶᠣᠯ ᠲᠠᠮᠢᠷ᠎ᠤᠨ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃ ᠣᠳᠣᠬᠠᠨ᠎ᠳᠤ ᠪᠥᠬᠥ ᠠᠢᠮᠠᠭ᠎ᠲᠦ᠍ ᠠᠳᠤᠭᠤᠨ᠎ᠰᠤᠶᠤᠯ᠎ᠤᠨ ᠭᠣᠣᠯ ᠰᠡᠳᠦᠪᠲᠦ ᠰᠤᠳᠤᠯᠭᠠᠨ᠎ᠤ ᠰᠠᠭᠤᠷᠢᠨ ᠢ᠋ 5 ᠪᠠᠢᠭᠤᠯᠵᠤ᠂ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭᠠᠲᠤ ᠤᠷᠤᠯᠳᠤᠭᠠᠨ ᠨᠢ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠰᠣᠳᠣᠨ ᠤᠷᠤᠯᠳᠤᠭᠠᠨ᠎ᠳᠤ ᠰᠣᠩᠭᠣᠭᠳᠠᠵᠠᠢ᠃

✦ᠦᠢᠷ᠎ᠡ᠎ᠳ᠋ᠤ ᠦᠦᠰᠢᠨ ᠬᠣᠰᠢᠭᠤᠨ᠎ᠤ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠬᠢᠨ ᠰᠤᠷᠤᠭ᠍ᠴᠢᠳ᠎ᠢᠶᠠᠨ ᠵᠣᠬᠢᠶᠠᠨ ᠪᠠᠢᠭᠤᠯᠵᠤ ᠠᠳᠤᠭᠤᠨ ᠰᠣᠶᠣᠯ᠎ᠤᠨ ᠭᠤᠤᠯ ᠰᠡᠳᠦᠪᠲᠦ ᠬᠢᠴᠢᠶᠡᠯ᠎ᠤᠨ ᠭᠠᠳᠠᠨᠠᠬᠢ ᠣᠨᠴᠠᠯᠢᠭ᠍ᠲᠤ ᠦᠢᠯᠡᠳᠦᠯᠭᠡ᠎ᠶᠢᠨ ᠬᠢᠴᠢᠶᠡᠯ᠎ᠢ ᠣᠷᠣᠭᠰᠠᠨ ᠪᠠᠢᠨ᠎ᠠ᠃ ᠦᠢᠯᠡᠳᠦᠯᠭᠡ᠎ᠶᠢᠨ ᠬᠢᠴᠢᠶᠡᠯ ᠳᠡᠭᠡᠷ᠎ᠡ ᠤᠶᠠᠭᠠᠴᠢᠨ ᠡᠴᠠ ᠰᠣᠷᠤᠭ᠍ᠴᠢᠳ᠎ᠲᠤ ᠮᠣᠷᠢᠨ᠎ᠤ ᠥᠩᠭᠡ ᠵᠢᠰᠦᠮ᠂ ᠵᠠᠰᠠᠯ ᠵᠢᠮᠰᠡᠭ᠂ ᠮᠣᠷᠢᠨ᠎ᠤ ᠭᠦᠶᠦᠳᠡᠯ ᠵᠡᠷᠭᠡ᠎ᠶᠢ ᠲᠠᠢᠯᠪᠤᠷᠢᠯᠠᠨ ᠶᠠᠷᠢᠵᠤ᠂ ᠠᠳᠤᠭᠤᠨ ᠰᠣᠶᠣᠯ᠎ᠢ ᠠᠮᠢᠳᠤᠯᠢᠭ᠋ ᠰᠠᠢᠬᠠᠨ ᠣᠢᠯᠠᠭᠠᠭᠤᠯᠵᠤ ᠴᠢᠳᠠᠭᠰᠠᠨ ᠪᠠᠢᠨ᠎ᠠ᠃

 ᠲᠡᠯᠡᠬᠡᠢ 

✦ᠭᠸᠷᠮᠠᠨ᠎ᠤ ᠬᠣᠯᠪᠣᠭᠠᠨ᠎ᠤ ᠵᠠᠰᠠᠭ᠎ᠤᠨ ᠣᠷᠳᠣᠨ 25 ᠎ᠤ ᠡᠳᠦᠷ《2026᠎ᠤ ᠠᠭᠤᠷ ᠠᠮᠢᠰᠬᠤᠯ᠎ᠤᠨ ᠬᠠᠮᠠᠭᠠᠯᠠᠯᠲᠠ᠎ᠶᠢᠨ ᠲᠥᠯᠥᠪᠯᠡᠭᠡ》 ᠶ᠋ᠢ ᠪᠠᠲᠤᠯᠠᠵᠤ᠂ ᠢᠷᠡᠬᠦ 4 ᠵᠢᠯ᠎ᠳᠦ 80 ᠳ᠋ᠦᠩᠰᠢᠭᠤᠷ ᠡᠸᠦ᠋ᠷᠤ᠋ ᠵᠢᠨ ᠪᠡᠯᠡ ᠮᠥᠩᠭᠥ ᠨᠡᠮᠡᠵᠦ᠂ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢ ᠥᠷᠭᠡᠳᠬᠡᠬᠦ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠎ᠶᠢ ᠳᠡᠯᠭᠡᠷᠡᠭᠦᠯᠬᠦ᠎ᠶᠢ ᠳᠡᠮᠵᠢᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠵᠤ᠂ 2030 ᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠬᠠᠷᠠᠯᠲᠠ᠎ᠶᠢ ᠪᠡᠶᠡᠯᠡᠭᠦᠯᠬᠦ᠎ᠶᠢ ᠠᠬᠢᠭᠤᠯᠤᠨ᠎ᠠ᠃

 ᠦᠢᠯᠡᠴᠢᠯᠡᠭᠡ 

✦ᠵᠡᠭᠦᠨᠭᠠᠷ ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳ᠋ᠤ 292 ᠠᠵᠢᠯᠲᠠᠨ ᠡᠯᠰᠡᠨ᠎ᠠ᠃ ᠨᠠᠷᠢᠨ ᠠᠭᠤᠯᠭ᠎ᠠ ᠎ᠶᠢ 《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ!

 ᠲᠠᠨ᠎ᠤ ᠲᠤᠰᠠ᠎ᠳᠤ 

 ✦ᠠᠯᠬᠤᠬᠤ ᠪᠣᠯ ᠨᠢᠭᠡ ᠵᠦᠢᠯ᠎ᠦᠨ ᠳᠣᠣᠷ᠎ᠠ ᠬᠦᠴᠦᠯᠡᠴᠡ᠎ᠲᠠᠢ ᠬᠦᠴᠢᠯᠲᠥ᠋ᠷᠥᠭᠴᠢᠲᠦ ᠬᠥᠳᠡᠯᠭᠡᠭᠡᠨ ᠮᠥᠨ᠂ ᠲᠡᠷᠡ ᠨᠢ ᠴᠢᠰᠤᠨ᠎ᠤ ᠡᠷᠭᠢᠯᠲᠡ᠎ᠶᠢ ᠠᠬᠢᠭᠤᠯᠵᠤ᠂ ᠰᠢᠨ᠎ᠡ ᠬᠠᠭᠤᠴᠢᠨ᠎ᠤ ᠰᠣᠯᠢᠯᠴᠠᠭ᠎ᠠ᠎ᠶᠢ ᠲᠦᠷᠭᠡᠳᠬᠡᠵᠦ᠂ ᠡᠯᠢᠭᠡᠨ᠎ᠦ ᠬᠣᠣᠷ᠎ᠢ ᠭᠠᠳᠠᠭᠰᠢᠯᠠᠭᠤᠯᠬᠤ᠎ᠳᠤ ᠬᠠᠪᠰᠤᠷᠤᠮᠵᠢ ᠪᠣᠯᠳᠠᠭ᠃ ᠣᠯᠠᠩᠬᠢ ᠲᠣᠭᠠᠨ᠎ᠤ ᠡᠷᠡᠭᠦᠯ ᠴᠢᠭᠢᠷᠠᠭ ᠨᠠᠰᠤᠨ᠎ᠳᠤ ᠬᠦᠷᠦᠭᠰᠡᠳ᠎ᠲᠦ ᠠᠪᠴᠤ ᠬᠡᠯᠡᠪᠡᠯ᠂ ᠡᠳᠦᠷ ᠪᠦᠷᠢ 6000 — 8000 ᠠᠯᠬᠤᠮ ᠬᠤᠷᠳᠤᠨ ᠠᠯᠬᠤᠬᠤ ᠨᠢ ᠨᠡᠯᠢᠶᠡᠳ ᠲᠣᠬᠢᠷᠠᠮᠵᠢᠲᠠᠢ ᠪᠠᠢᠳᠠᠭ᠃ ᠬᠡᠷᠪᠡ ᠡᠯᠢᠭᠡ᠎ᠶᠢ ᠬᠠᠮᠠᠭᠠᠯᠠᠬᠤ᠂ ᠰᠢᠨ᠎ᠡ ᠬᠠᠭᠤᠴᠢᠨ᠎ᠤ ᠰᠣᠯᠢᠯᠴᠠᠭ᠎ᠠ᠎ᠶᠢ ᠰᠠᠢᠵᠢᠷᠠᠭᠤᠯᠬᠤ ᠨᠡᠨᠭ ᠰᠠᠢᠨ ᠦᠷ᠎ᠡ ᠳ᠋ᠦᠩ᠎ᠳᠦ ᠬᠦᠷᠦᠶ᠎ᠠ ᠭᠡᠪᠡᠯ 10000 ᠠᠯᠬᠤᠮ ᠣᠷᠴᠢᠮ ᠪᠣᠯᠲᠠᠯ᠎ᠠ ᠨᠡᠮᠡᠭᠳᠡᠭᠦᠯᠵᠦ ᠪᠤᠯᠤᠨ᠎ᠠ᠃ ᠭᠡᠪᠡᠴᠦ ᠬᠡᠲᠦᠷᠬᠡᠢ ᠶᠠᠳᠠᠷᠠᠬᠤ ᠡᠴᠡ ᠵᠠᠢᠯᠠᠰᠬᠢᠬᠦ ᠬᠡᠷᠡᠭᠳᠡᠢ᠃ 

ᠵᠠᠯᠭᠠᠭᠠᠳ 《ᠪᠤᠮᠠᠨ ᠰᠠᠴᠤᠷᠠᠭᠲᠤ ᠨᠠᠷᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ! 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号