


ᠬᠤᠶᠠᠷ ᠬᠤᠷᠠᠯ᠎ᠤᠨ ᠲᠤᠰᠭᠠᠢ ᠮᠡᠳᠡᠭᠡᠯᠡᠯ
✦ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠲᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶᠢᠨ
ᠳᠥᠷᠪᠡᠳᠦᠭᠡᠷ ᠬᠤᠷᠠᠯ 4᠎ᠦ ᠡᠳᠦᠷ᠎ᠦᠨ 15 ᠴᠠᠭ᠎ᠲᠤ ᠪᠡᠭᠡᠵᠢᠩ᠎ᠦᠨ
ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠦ ᠡᠬᠢᠯᠡᠵᠦ᠂ ᠰᠢ ᠵᠢᠨ ᠫᠢᠩ ᠵᠡᠷᠭᠡ ᠨᠠᠮ ᠪᠠ ᠲᠥᠷᠥ᠎ᠶᠢᠨ ᠤᠳᠤᠷᠢᠳᠬᠤ
ᠬᠥᠮᠥᠰ ᠶᠡᠬᠡ ᠬᠤᠷᠠᠯ᠎ᠳᠤ ᠣᠷᠣᠯᠴᠠᠪᠠ᠃
ᠨᠡᠢᠭᠡᠮ
✦3 ᠰᠠᠷ᠎ᠠ ᠵᠢᠨ 3᠎ᠤ ᠡᠳᠤᠷ᠂ 2026 ᠣᠨ᠎ᠤ ᠪᠦᠬᠦ ᠤᠯᠤᠰ᠎ᠤᠨ 《ᠯᠧᠢ ᠹᠧᠩ᠎ᠡᠴᠡ ᠰᠤᠷᠤᠯᠴᠠᠨ
ᠪᠣᠯᠪᠠᠰᠤᠨ᠎ᠢ ᠦᠢᠯᠡᠳᠦᠯᠭᠡᠵᠢᠭᠦᠯᠬᠦ᠎ᠳᠤ ᠪᠢ ᠤᠷᠤᠯᠴᠠᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠡᠬᠢᠯᠡᠪᠡ᠃
✦2026 ᠣᠨ᠎ᠳᠤ᠂ ᠮᠠᠨ᠎ᠤ
ᠣᠷᠣᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠢᠯᠠᠯ᠎ᠢ ᠰᠢᠨ᠎ᠡ᠎ᠪᠡᠷ 700 ᠨᠡᠮᠡᠭᠳᠡᠭᠦᠯᠬᠦ ᠪᠠᠷ ᠲᠥᠯᠥᠪᠯᠡᠵᠦ ᠪᠤᠢ᠃ ᠡᠭᠦᠨ᠎ᠳᠦ《ᠪᠠᠭ᠎ᠠ ᠬᠡᠪᠴᠢᠶᠡᠨ᠎ᠦ
ᠬᠡᠪᠴᠢᠶᠡᠵᠢᠯ᠎ᠢ ᠳᠡᠭᠡᠭᠰᠢᠯᠡᠭᠦᠯᠬᠦ》ᠠᠵᠤ ᠠᠬᠤᠢᠯᠠᠯ᠎ᠢ 300 ᠪᠠᠢᠭᠤᠯᠵᠤ᠂ ᠰᠢᠨ᠎ᠠ᠎ᠪᠠᠷ ᠠᠰᠢᠭ᠍ᠯᠠᠯᠲᠠ᠎ᠳᠤ ᠣᠷᠣᠭᠤᠯᠤᠭᠰᠠᠨ ᠲᠥᠷᠥᠯ ᠵᠦᠢᠯ᠎ᠢ 400 ᠪᠦᠷᠢᠳᠬᠡᠨ ᠣᠷᠣᠭᠤᠯᠬᠤ᠎ᠪᠠᠷ ᠪᠣᠢ᠃
✦ᠣᠢᠯᠠᠭᠠᠭᠰᠠᠨ ᠵᠢᠡᠷ ᠡᠨᠡ ᠵᠢᠯ ᠪᠠᠶᠠᠠᠨᠠᠭᠤᠷ ᠬᠣᠲᠠ ᠲᠠᠷᠢᠮᠠᠯ᠎ᠤᠨ
ᠲᠠᠯᠠᠪᠠᠶ᠎ᠶᠢ ᠪᠠᠷᠤᠭ 1220 ᠲᠦᠮᠡᠨ ᠮᠦ᠍᠎ᠳᠤ ᠬᠦᠷᠭᠡᠬᠦ᠎ᠪᠠᠷ ᠲᠥᠯᠥᠪᠯᠡᠵᠦ ᠪᠠᠢᠨ᠎ᠠ᠃
ᠣᠳᠣᠬᠠᠨ ᠪᠣᠯᠲᠠᠯ᠎ᠠ ᠪᠠᠶᠠᠨᠨᠠᠭᠤᠷ ᠬᠣᠲᠠ᠎ᠶᠢᠨ ᠬᠢᠨ 470 ᠲᠦᠮᠡᠨ ᠮᠦ ᠭᠠᠵᠠᠷ
ᠰᠢᠷᠣᠢ᠎ᠶᠢ ᠲᠡᠭᠰᠢᠯᠡᠵᠦ᠂ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ ᠵᠡᠷᠭᠡ ᠭᠣᠣᠯ ᠪᠣᠯᠬᠤ ᠲᠠᠷᠢᠮᠠᠯ᠎ᠤᠨ
ᠬᠢᠮᠢ᠎ᠶᠢᠨ ᠪᠣᠷᠳᠣᠭᠤᠷ ᠬᠡᠷᠡᠭᠰᠡᠬᠦ ᠬᠡᠮᠵᠢᠶ᠎ᠡ ᠪᠠᠷᠤᠭ 35 ᠲᠦᠮᠡᠨ ᠲᠣᠨ᠂
ᠰᠦᠯᠢᠶᠥᠦ ᠪᠦᠷᠬᠦᠪᠴᠢ
3 ᠲᠦᠮᠡᠨ ᠲᠣᠨ ᠣᠷᠴᠢᠮ
ᠪᠠᠢᠵᠤ᠂ ᠳᠤᠲᠠᠭᠳᠠᠵᠤ ᠪᠠᠢᠭ᠎ᠠ ᠬᠢᠮᠢ᠎ᠶᠢᠨ ᠪᠣᠷᠳᠣᠭᠤᠷ᠂ ᠰᠦᠯᠢᠶᠥᠦ ᠪᠦᠷᠬᠦᠪᠴᠢ᠎ᠶᠢ ᠵᠠᠯᠭ᠎ᠠ᠎ᠪᠠᠷ ᠰᠢᠯᠵᠢᠭᠦᠯᠦᠨ
ᠲᠡᠭᠡᠭᠡᠪᠦᠷᠢᠯᠡᠵᠦ ᠪᠠᠢᠨ᠎ᠠ᠃
✦ᠤᠢᠷ᠎ᠠ᠎ᠳᠤ ᠠᠪᠠᠭ᠎ᠠ ᠬᠣᠰᠢᠭᠤ ᠨᠢ ᠲᠥᠪ᠎ᠦᠨ
ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠡᠮ᠎ᠦᠨ ᠳᠡᠭᠡᠳᠦ ᠰᠤᠷᠭᠠᠭᠤᠯᠢ᠎ᠲᠠᠢ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ
ᠬᠡᠯᠡᠯᠴᠡᠭᠡᠷ ᠲᠣᠭᠲᠠᠪᠠ᠃ ᠲᠠᠷᠠᠭᠠᠴᠢ᠎ᠶᠢᠨ ᠠᠯᠬᠤᠮ᠎ᠳᠤ ᠬᠣᠶᠠᠷ ᠲᠠᠯ᠎ᠠ᠎ᠪᠠᠷ᠎ᠢᠶᠠᠨ ᠮᠣᠩᠭᠣᠯ
ᠡᠮᠨᠡᠯᠭᠡ᠎ᠶᠢᠨ 《ᠴᠡᠭᠡ》 ᠵᠠᠰᠠᠯ᠎ᠤᠨ ᠳᠦᠷᠢᠮᠵᠢᠭᠦᠨ ᠪᠠᠷᠢᠮᠵᠢᠶᠠᠵᠢᠭ᠍ᠰᠠᠨ᠂
ᠣᠷᠣᠨ ᠨᠤᠲᠤᠭ᠎ᠤᠨ ᠣᠨᠴᠠᠯᠢᠭ᠍ᠲᠤ ᠮᠣᠩᠭᠣᠯ ᠡᠮ᠎ᠦᠨ ᠮᠠᠲᠧᠷᠢᠶᠠᠯ᠎ᠤᠨ
ᠦᠷ᠎ᠡ ᠶᠢ ᠪᠣᠢᠵᠢᠭᠤᠯᠬᠤ ᠪᠠ ᠪᠠᠷᠢᠮᠵᠢᠶᠠᠵᠢᠭᠤᠯᠤᠨ ᠲᠠᠷᠢᠬᠤ᠂ ᠴᠢᠳᠠᠪᠤᠷᠢᠲᠠᠨ᠎ᠢ
ᠬᠣᠯᠪᠤᠭᠠᠯᠠᠨ ᠬᠥᠮᠥᠵᠢᠭᠦᠯᠬᠦ ᠵᠡᠷᠭᠡ ᠬᠦᠷᠢᠶᠡᠨ᠎ᠳᠤ ᠭᠦᠨᠵᠡᠭᠡᠢ ᠬᠠᠮᠲᠤᠷᠠᠯᠴᠠᠭ᠎ᠠ ᠦᠷᠨᠢᠬᠦᠯᠬᠦ ᠪᠡᠷ ᠪᠤᠢ᠃
✦3 ᠰᠠᠷ᠎ᠠ᠎ᠶᠢᠨ 3᠎ᠤ ᠡᠳᠦᠷ᠂ ᠡᠵᠡᠨ ᠬᠣᠷᠣᠭ᠎ᠠ ᠬᠣᠰᠢᠭᠤᠨ᠎ᠤ ᠬᠠᠪᠤᠷ᠎ᠤᠨ ᠤᠯᠠᠷᠢᠯ᠎ᠤᠨ ᠠᠵᠢᠯᠲᠠᠨ ᠠᠵᠢᠯᠴᠢᠨ ᠡᠯᠰᠡᠬᠦ ᠴᠤᠭᠯᠠᠭᠠᠨ
ᠵᠢᠶᠦ᠋ᠨ ᠸᠠᠩ᠎ᠤᠨ ᠣᠷᠳᠣᠨ᠎ᠤ ᠠᠭᠤᠳᠠᠮ ᠲᠠᠯᠠᠪᠠᠢ᠎ᠳᠤ ᠶᠠᠪᠤᠭᠳᠠᠵᠤ᠂ 50 ᠭᠠᠷᠤᠢ ᠬᠥᠮᠥᠨ ᠬᠡᠷᠡᠭᠯᠡᠬᠦ ᠪᠠᠢᠭᠤᠯᠭ᠎ᠠ ᠨᠢᠭᠡᠴᠢ᠎ᠶᠢᠨ ᠬᠢᠨ 1000 ᠭᠠᠷᠤᠢ ᠠᠵᠢᠯᠲᠠᠨ ᠡᠯᠰᠡᠬᠦ ᠠᠵᠢᠯ᠎ᠤᠨ ᠪᠠᠢᠷᠢ᠎ᠶᠢ ᠭᠠᠷᠭᠠᠨ᠂ ᠥᠷᠭᠡᠨ ᠣᠯᠠᠨ ᠠᠵᠢᠯ ᠣᠯᠬᠤ ᠬᠦᠰᠡᠯ᠎ᠲᠠᠢ
ᠬᠥᠮᠥᠰ᠎ᠲᠦ ᠰᠠᠢᠬᠠᠨ ᠲᠠᠪᠴᠠᠩ᠎ᠢ ᠬᠠᠩᠭᠠᠬᠰᠠᠨ ᠪᠠᠢᠨ᠎ᠠ᠃
✦2025 ᠣᠨ᠎ᠳᠤ᠂ ᠵᠠᠷᠤᠳ
ᠬᠣᠰᠢᠭᠤᠨ᠎ᠤ ᠬᠤᠩᠬᠠᠲᠤ ᠠᠭᠤᠯᠠ ᠪᠠᠯᠭᠠᠰᠤ ᠡᠪᠳᠡᠭᠳᠡᠭᠰᠡᠨ ᠵᠠᠮ᠎ᠤᠨ ᠭᠠᠳᠠᠷᠭᠤ᠎ᠶᠢ ᠪᠦᠬᠦ ᠲᠠᠯ᠎ᠠ᠎ᠪᠠᠷ ᠵᠠᠰᠠᠨ ᠰᠢᠨᠡᠳᠬᠡᠵᠦ ᠳᠡᠰ ᠳᠡᠪᠰᠢᠭᠦᠯᠪᠡ᠃ ᠲᠤᠰ ᠲᠥᠷᠥᠯ ᠵᠦᠢᠯ ᠨᠢ ᠨᠡᠢᠲᠡ 136 ᠲᠦᠮᠡᠨ ᠲᠥᠭᠥᠷᠢᠭ
ᠪᠡᠯᠡ ᠣᠷᠣᠭᠤᠯᠤᠨ᠂ 800 ᠮᠧᠲᠷ ᠡᠪᠳᠡᠭᠳᠡᠭᠰᠡᠨ ᠵᠠᠮ᠎ᠤᠨ ᠭᠠᠳᠠᠷᠭᠤ᠎ᠶᠢ ᠵᠠᠰᠠᠨ
ᠰᠢᠨᠡᠳᠬᠡᠵᠦ᠂ ᠶᠠᠪᠤᠵᠤ ᠰᠠᠭᠤᠬᠤ᠎ᠳᠤ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠂ ᠮᠠᠯ᠎ᠤᠨ
ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠡᠭᠡᠭᠡᠪᠤᠷᠢ᠎ᠶᠢ ᠰᠠᠭᠠᠳ ᠦᠭᠡᠢ ᠨᠠᠪᠲᠠᠷᠡᠭᠦᠯᠵᠦ ᠪᠣᠶ᠃
✦3 ᠰᠠᠷ᠎ᠠ ᠵᠢᠨ 3᠎ᠤ ᠡᠳᠤᠷ ᠪᠤᠯ ᠳᠡᠯᠡᠬᠡᠢ ᠵᠢᠨ ᠬᠡᠭᠡᠷ᠎ᠡ ᠵᠢᠨ ᠠᠮᠢᠳᠠᠨ ᠤᠷᠭᠤᠮᠠᠯ᠎ᠤᠨ ᠡᠳᠤᠷ ᠪᠤᠯᠬᠤᠷ᠂ ᠡᠨᠡᠬᠦ
ᠡᠳᠤᠷ᠎ᠢ ᠳᠤᠬᠢᠶᠠᠯᠳᠤᠭᠤᠯᠤᠨ ᠤᠲᠤᠭ ᠬᠤᠰᠢᠭᠤᠨ᠎ᠤ
ᠠᠵᠢᠯ ᠮᠡᠷᠭᠡᠵᠢᠯ᠎ᠤᠨ ᠶᠡᠷᠤᠩᠬᠡᠢᠯᠡᠭᠰᠡᠨ ᠳᠤᠮᠳᠠᠳᠤ ᠰᠤᠷᠭᠠᠭᠤᠯᠢ᠎ᠳᠤ ᠬᠡᠭᠡᠷ᠎ᠡ ᠵᠢᠨ ᠠᠮᠢᠳᠠᠨ
ᠤᠷᠭᠤᠮᠠᠯ᠎ᠤᠨ ᠭᠡᠷᠡᠯ ᠵᠢᠷᠤᠭ᠎ᠤᠨ ᠦᠵᠡᠰᠬᠦᠯᠡᠩ ᠶᠠᠪᠤᠬᠳᠠᠪᠠ᠃ ᠲᠤᠰ ᠤᠳᠠᠭᠠᠨ᠎ᠤ ᠭᠡᠷᠡᠯ ᠵᠢᠷᠤᠭ᠎ᠤᠨ ᠦᠵᠡᠰᠬᠦᠯᠡᠩ᠎ᠢ
ᠪᠠᠯᠠᠷ ᠡᠷᠲᠡᠨ᠎ᠤ ᠠᠮᠢᠳᠤ ᠪᠣᠳᠠᠰ᠂ ᠰᠢᠪᠠᠵᠢ᠂ ᠰᠢᠪᠠᠭᠤᠨ᠎ᠤ ᠲᠥᠷᠥᠯ᠂ ᠠᠮᠢᠲᠠᠨ᠂ ᠤᠷᠭᠤᠮᠠᠯ ᠵᠡᠷᠭᠡ ᠲᠠᠪᠤᠨ
ᠶᠡᠬᠡ ᠬᠡᠰᠡᠭ ᠬᠤᠪᠢᠶᠠᠵᠤ᠂ ᠨᠡᠢᠲᠡ 144 ᠭᠡᠷᠡᠯ ᠵᠢᠷᠤᠭ᠎ᠢ ᠳᠡᠯᠭᠡᠨ ᠦᠵᠡᠭᠦᠯᠦᠭᠰᠡᠨ ᠪᠠᠢᠨ᠎ᠠ᠃
ᠠᠵᠤ ᠠᠬᠤᠢ
✦ ᠣᠳᠣᠬᠠᠨ᠎ᠳᠤ 《ᠲᠦᠩᠯᠢᠶᠣᠣ᠎ᠶᠢᠨ ᠦᠬᠡᠷ᠎ᠦᠨ ᠮᠢᠬ᠎ᠠ》 ᠣᠷᠣᠨ ᠪᠦᠰᠡ᠎ᠶᠢᠨ
ᠨᠡᠶ᠋ᠢᠲᠡ᠎ᠶᠢᠨ ᠬᠡᠷᠡᠭᠯᠡᠭᠡᠨ᠎ᠦ ᠲᠥᠷᠥᠯ ᠲᠡᠮᠳᠡᠭ᠎ᠤᠨ ᠥᠷᠲᠡᠭ 279.15 ᠳ᠋ᠦᠩᠰᠢᠭᠤᠷ
ᠲᠥᠭᠥᠷᠢᠭ᠎ᠲᠦ ᠬᠦᠷᠴᠦ᠂ ᠬᠣᠲᠠ ᠬᠥᠳᠡᠭᠡ᠎ᠶᠢᠨ 106 ᠲᠦᠮᠡᠨ ᠰᠠᠭᠤᠭᠠᠯᠢ ᠠᠷᠠᠳ ᠠᠵᠤ ᠦᠢᠯᠡᠰ᠎ᠦᠨ
ᠬᠡᠯᠬᠢᠶ᠎ᠡ᠎ᠶᠢᠨ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠠᠯᠠᠰᠢᠨ ᠦᠬᠡᠷ᠎ᠦᠨ ᠠᠵᠤ
ᠦᠢᠯᠡᠰ ᠨᠢ ᠨᠢᠭᠡᠨᠲᠡ ᠨᠡᠷ᠎ᠡ ᠨᠢᠳᠡᠷ᠎ᠲᠡᠬᠡᠨ ᠨᠡᠢᠴᠡᠭᠰᠡᠨ
ᠭᠣᠣᠯᠯᠠᠬᠤ ᠠᠵᠤ ᠦᠢᠯᠡᠰ᠂ ᠠᠷᠠᠳ᠎ᠢ ᠪᠠᠶᠠᠵᠢᠭᠤᠯᠬᠤ ᠠᠵᠤ ᠦᠢᠯᠡᠰ ᠪᠣᠯᠤᠭᠰᠠᠨ ᠪᠠᠢᠨ᠎ᠠ ᠃
✦2025 ᠣᠨ᠎ᠳᠤ᠂ ᠪᠠᠶᠠᠠᠨᠠᠭᠤᠷ ᠬᠤᠲᠠ᠎ᠶᠢᠨ ᠭᠠᠳᠠᠭᠠᠳᠤ ᠠᠷᠠᠯᠵᠢᠶᠠᠨ᠎ᠤ ᠣᠷᠣᠭᠤᠯᠵᠤ ᠭᠠᠷᠭᠠᠭᠰᠠᠨ ᠶᠡᠷᠦᠩᠬᠡᠢ
ᠬᠡᠮᠵᠢᠶ᠎ᠡ 573.3 ᠳ᠋ᠦᠩᠰᠢᠭᠤᠷ ᠲᠥᠭᠥᠷᠢᠭ᠎ᠲᠦ ᠬᠦᠷᠴᠡᠢ᠃ ᠡᠭᠦᠨ᠎ᠳᠦ ᠲᠠᠷᠢᠶᠠᠯᠠᠩ᠎ᠦᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ᠎ᠶᠢᠨ
ᠬᠡᠮᠵᠢᠶ᠎ᠡ 86.33 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.84%᠎ᠪᠠᠷ ᠨᠡᠮᠡᠭᠳᠡᠵᠦ᠂ 17 ᠵᠢᠯ ᠳᠠᠷᠠᠭᠠᠯᠠᠨ ᠪᠦᠬᠦ ᠣᠷᠣᠨ᠎ᠳᠤ ᠲᠦᠷᠦᠭᠦᠯᠡᠪᠡ᠃
✦2026 ᠣᠨ᠎ᠤ 2 ᠰᠠᠷ᠎ᠠ᠎ᠶᠢᠨ 28᠎ᠤ ᠡᠳᠦᠷ ᠪᠣᠯᠲᠠᠯ᠎ᠠ᠂ ᠮᠠᠨᠳᠤᠯ ᠪᠣᠭᠣᠮᠲᠠ᠎ᠶᠢᠨ ᠪᠠᠷᠠᠭ᠎ᠠ
ᠥᠩᠭᠡᠷᠡᠭᠦᠯᠦᠭᠰᠡᠨ ᠬᠡᠮᠵᠢᠶ᠎ᠡ 200 ᠲᠦᠮᠡᠨ ᠲᠣᠨ᠎ᠢ ᠳᠠᠪᠠᠵᠤ᠂ ᠨᠢᠳᠤᠨᠤᠨ᠎ᠤ ᠠᠳᠠᠯᠢ
ᠬᠤᠭᠤᠴᠠᠭᠠᠨ᠎ᠤ ᠬᠢ᠎ᠡᠴᠡ 126%᠎ᠪᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠥᠬᠥ ᠣᠷᠣᠨ᠎ᠳᠦ ᠲᠦᠷᠦᠭᠦᠯᠡᠪᠡ᠃ ᠡᠨᠡ ᠨᠢ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ
ᠡᠭᠦᠳᠴᠡᠢ ᠃
ᠰᠤᠶᠤᠯ
✦3 ᠰᠠᠷ᠎ᠠ᠎ᠶᠢᠨ 3᠎ᠤ ᠡᠳᠦᠷ᠂ ᠦᠦᠰᠢᠨ ᠬᠣᠰᠢᠭᠤᠨ᠎ᠤ ᠴᠠᠭᠠᠨ ᠰᠠᠷ᠎ᠠ᠎ᠶᠢᠨ ᠠᠷᠪᠠᠨ ᠲᠠᠪᠤᠨ᠎ᠤ ᠥᠯᠵᠡᠢᠲᠦ ᠡᠳᠦᠷ᠎ᠦᠨ ᠪᠠᠶᠠᠷ᠎ᠢ
ᠪᠡᠯᠭᠡᠯᠡᠬᠦ ᠰᠣᠶᠣᠯ᠎ᠤᠨ ᠰᠢᠷᠢᠰ ᠠᠵᠢᠯᠯᠠᠭ᠎ᠠ᠎ᠪᠠᠷ ᠦᠦᠰᠢᠨ ᠬᠣᠰᠢᠭᠤᠨ᠎ᠤ ᠤᠯᠠᠭᠠᠨᠮᠥ᠋ᠴᠢᠷ ᠪᠣᠯᠣᠨ ᠰᠣᠶᠣᠯ᠎ᠤᠨ
ᠳᠤᠭᠤᠢᠯᠠᠩ᠎ᠤᠨ ᠤᠷᠠᠨ ᠰᠠᠢᠬᠠᠨ᠎ᠤ ᠦᠵᠡᠭᠦᠯᠭᠡ ᠵᠢᠨ ᠲᠣᠭᠯᠠᠯᠲᠠ ᠠᠮᠵᠢᠯᠲᠠ᠎ᠲᠠᠢ ᠶᠠᠪᠤᠭᠳᠠᠵᠤ᠂ ᠥᠪᠡᠷᠮᠢᠴᠡ
ᠣᠨᠴᠠᠯᠢᠭ᠋ ᠪᠣᠯᠣᠨ ᠭᠦᠨ ᠵᠤᠵᠠᠭᠠᠨ ᠤᠯᠠᠮᠵᠢᠯᠠᠯᠲᠤ ᠰᠣᠶᠣᠯ᠎ᠤᠨ ᠠᠭᠤᠯᠭ᠎ᠠ᠎ᠪᠠᠷ᠎ᠢᠶᠠᠨ ᠤᠯᠠᠨ ᠲᠦᠮᠡᠨ᠎ᠦ ᠭᠡᠭᠡᠨ
ᠮᠡᠯᠮᠡᠢ᠎ᠶᠢ ᠮᠢᠯᠢᠶᠠᠵᠤ᠂ ᠪᠠᠶᠠᠷ᠎ᠤᠨ ᠡᠳᠦᠷ᠎ᠦᠨ ᠰᠣᠶᠣᠯ᠎ᠤᠨ ᠠᠭᠤᠷ ᠠᠮᠢᠰᠬᠤᠯ᠎ᠢ ᠪᠠᠶᠠᠯᠢᠭ᠍ᠵᠢᠭᠤᠯᠪᠠ᠃
ᠲᠠᠮᠢᠷ
✦3 ᠰᠠᠷ᠎ᠠ ᠵᠢᠨ 3 ᠤ ᠡᠳᠦᠷ ᠶᠠᠪᠤᠭᠳᠠᠭᠰᠠᠨ 2026 ᠣᠨ᠎ᠤ ᠡᠮᠡᠭᠲᠡᠢ᠎ᠶᠢᠨ ᠬᠥᠯ ᠪᠥᠮᠪᠥᠭᠡ᠎ᠶᠢᠨ ᠠᠽᠢᠶ᠎ᠠ ᠲᠢᠪ ᠬᠤᠨᠳᠠᠭᠠᠲᠤ ᠳᠤᠭᠤᠢᠯᠠᠩ᠎ᠤᠨ
ᠤᠷᠤᠯᠳᠤᠭᠠᠨ᠎ᠤ B ᠳᠤᠭᠤᠢᠯᠠᠩ᠎ᠤᠨ ᠤᠷᠤᠯᠳᠤᠭᠠᠨ᠎ᠳᠦ᠂ ᠳᠤᠮᠳᠠᠳᠤ ᠤᠯᠤᠰ᠎ᠤᠨ ᠠᠩᠭᠢ 2᠄ 0 ᠢᠶᠠᠷ ᠪᠧᠩᠭᠠᠯ ᠤᠯᠤᠰ᠎ᠤᠨ ᠠᠩᠭᠢ᠎ᠶᠢ
ᠢᠯᠠᠪᠠ᠃
✦3 ᠰᠠᠷ᠎ᠠ ᠵᠢᠨ 1 — 2 ᠤᠨ ᠡᠳᠤᠷ ᠪᠤᠯᠳᠠᠯ᠎ᠠ᠂ ᠲᠦᠩᠯᠢᠶᠣᠣ ᠬᠣᠲᠠ᠎ᠶᠢᠨ
ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠣᠯᠠᠨ ᠤᠯᠤᠰ᠎ᠤᠨ ᠮᠠᠶᠢᠭ᠋᠎ᠤᠨ
ᠪᠥᠬᠡ ᠵᠢᠨ ᠤᠷᠤᠯᠳᠤᠭᠠᠨ ᠬᠦᠷᠢᠶ᠎ᠡ ᠬᠣᠰᠢᠭᠤᠨ᠎ᠤ ᠪᠦᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠦ
ᠶᠠᠪᠤᠭᠳᠠᠵᠤ᠂ 240 ᠲᠠᠮᠢᠷᠴᠢᠨ ᠣᠷᠣᠯᠳᠤᠭᠠᠨ᠎ᠳᠤ ᠣᠷᠣᠯᠴᠠᠵᠠᠢ᠃
✦ᠠᠪᠠᠭ᠎ᠠ ᠬᠣᠰᠢᠭᠤᠨ᠎ᠤ ᠭᠤᠷᠪᠠᠳᠤᠭᠠᠷ ᠬᠤᠭᠤᠴᠠᠭᠠᠨ᠎ᠤ 《ᠬᠡᠢᠮᠣᠷᠢ
ᠬᠤᠨᠳᠠᠭᠠᠲᠤ》 ᠵᠢᠷᠭᠤᠭᠠᠨ ᠬᠥᠮᠥᠨ᠎ᠤ ᠳᠦᠷᠢᠮᠲᠦ ᠬᠥᠯ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠣᠷᠣᠯᠳᠤᠭᠠᠨ ᠤᠷᠴᠢᠮᠬᠠᠨ
ᠠᠪᠠᠭ᠎ᠠ ᠬᠣᠰᠢᠭᠤᠨ᠎ᠤ ᠵᠠᠯᠠᠭᠤᠴᠤᠳ ᠪᠠᠭᠠᠴᠤᠳ᠎ᠤᠨ
ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ᠎ᠳᠤ ᠠᠮᠵᠢᠯᠲᠠ᠎ᠲᠠᠢ ᠥᠨᠳᠥᠷᠯᠡᠵᠦ᠂ 4 ᠡᠳᠦᠷ᠎ᠦᠨ
ᠰᠢᠷᠦᠭᠦᠨ ᠥᠷᠢᠰᠦᠯᠳᠦᠭᠡᠨ᠎ᠢᠶᠡᠷ ᠳᠠᠮᠵᠢᠨ᠂
ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠲᠥᠯᠥᠭᠡᠯᠡᠭᠴᠢᠳ᠎ᠦᠨ ᠠᠩᠭᠢ ᠲᠦᠷᠦᠭᠦᠯᠡᠪᠡ᠃
ᠳᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠠᠲ᠋ᠣᠮ᠎ᠤᠨ
ᠡᠨᠧᠷᠭᠢ᠎ᠶᠢᠨ ᠪᠠᠢᠭᠤᠯᠤᠮᠵᠢ ᠢᠷᠠᠨ᠎ᠤ ᠨᠠᠲ᠋ᠠᠨᠽᠤᠨ ᠴᠥᠮ᠎ᠡ᠎ᠶᠢᠨ ᠲᠥᠬᠦᠭᠡᠷᠦᠮᠵᠢ ᠤᠢᠷ᠎ᠠ᠎ᠳᠤ
ᠡᠪᠳᠡᠭᠳᠡᠭᠰᠡᠨ᠎ᠢ ᠪᠠᠳᠤᠯᠠᠪᠠ᠃ ᠲᠤᠰ ᠪᠠᠢᠭᠤᠯᠤᠮᠵᠢ ᠵᠢᠨ ᠪᠠᠷᠤᠬᠴᠠᠭᠠᠯᠠᠬᠤ ᠪᠡᠷ 《ᠰᠠᠴᠤᠷᠠᠭ ᠢᠳᠡᠪᠬᠢ ᠴᠢᠨᠠᠷᠲᠠᠢ ᠦᠷ᠎ᠡ ᠳ᠋ᠦᠩ ᠭᠠᠷᠬᠤ ᠦᠭᠡᠢ》 ᠭᠡᠪᠡ᠃
✦ᠺᠣᠷᠢᠶᠠ᠎ᠶᠢᠨ ᠵᠠᠭᠤᠴᠢᠯᠠᠭᠤᠷ᠎ᠤᠨ
ᠮᠡᠳᠡᠭᠡᠯᠡᠭᠰᠡᠨ᠎ᠢᠶᠠᠷ᠂ ᠤᠢᠷ᠎ᠠ᠎ᠳᠤ ᠺᠣᠷᠢᠶᠠ ᠵᠢᠨ ᠲᠤᠲᠤᠷᠭ᠎ᠠ᠎ᠶᠢᠨ
ᠦᠨ᠎ᠡ ᠦᠷᠭᠦᠯᠵᠢᠯᠡᠨ ᠥᠰᠦᠭᠰᠡᠨ᠎ᠡᠴᠡ ᠬᠠᠮᠢᠶ᠎ᠠ ᠪᠦᠬᠦᠢ ᠪᠠᠢᠭᠤᠯᠭ᠎ᠠ ᠨᠢ 15 ᠲᠦᠮᠡᠨ ᠲᠣᠨ
ᠵᠠᠰᠠᠭ᠎ᠤᠨ ᠣᠷᠳᠣᠨ᠎ᠤ ᠨᠥᠭᠡᠴᠡ ᠠᠮᠤ᠎ᠶᠢ ᠪᠠᠴᠢᠮ ᠲᠠᠯᠪᠢᠵᠤ᠂ ᠠᠮᠤ ᠪᠤᠳᠠᠭᠠᠨ᠎ᠤ ᠦᠨ᠎ᠡ᠎ᠶᠢ ᠳᠤᠬᠳᠠᠪᠤᠷᠢᠵᠢᠭᠤᠯᠬᠤ᠎ᠪᠡᠷ
ᠲᠣᠭᠲᠠᠪᠠ᠃
ᠦᠢᠯᠡᠴᠢᠯᠡᠭᠡ
✦ᠬᠡᠰᠢᠭᠳᠡᠨ ᠬᠤᠰᠢᠭᠤ ᠨᠡᠢᠳᠡ ᠵᠢᠨ ᠠᠰᠠᠷᠠᠮᠵᠢ ᠵᠢᠨ ᠴᠢᠨᠠᠷᠳᠠᠢ ᠠᠵᠢᠯ᠎ᠤᠨ ᠪᠠᠢᠷᠢ᠎ᠳᠤ ᠠᠵᠢᠯᠳᠠᠨ
ᠡᠯᠰᠡᠵᠤ ᠪᠤᠢ᠃
✦3 ᠰᠠᠷ᠎ᠠ᠎ᠶᠢᠨ 8᠎ᠤ ᠡᠳᠦᠷ᠂ ᠣᠷᠳᠣᠰ᠎ᠤᠨ ᠬᠡᠭᠡᠷ᠎ᠡ᠎ᠶᠢᠨ ᠠᠮᠢᠲᠠᠨ᠎ᠤ ᠬᠦᠷᠢᠶᠡᠯᠡᠩ᠂ ᠳᠠᠯᠠᠢ ᠶᠢᠨ ᠠᠮᠢᠲᠠᠨᠦ ᠣᠷᠳᠣᠨ
ᠪᠦᠬᠦᠢᠯᠡ ᠡᠮᠡᠭᠲᠡᠢᠴᠦᠳ (ᠨᠠᠰᠤᠨ᠎ᠤ ᠬᠢᠵᠠᠭᠠᠷᠯᠠᠯ ᠦᠭᠡᠢ) ᠡᠴᠡ ᠡᠭᠦᠳᠡᠨ ᠪᠢᠯᠧᠲ᠎ᠦᠨ ᠰᠦᠢᠳᠬᠡᠯ ᠬᠤᠷᠢᠶᠠᠬᠤ ᠦᠭᠡᠢ᠂ ᠬᠠᠮᠲᠤ ᠵᠢᠭᠤᠯᠴᠢᠯᠠᠵᠤ ᠪᠠᠢᠭ᠎ᠠ
ᠡᠷᠡᠭᠲᠡᠢ ᠵᠢᠭᠤᠯᠴᠢᠯᠠᠬᠰᠠᠳ᠎ᠲᠤ ᠬᠠᠭᠠᠰ ᠦᠨ᠎ᠡ᠎ᠶᠢᠨ ᠬᠠᠷᠠᠭᠠᠯᠵᠠᠯ ᠦᠵᠡᠭᠦᠯᠵᠦ᠂ 1 ᠮᠧᠲᠷ᠎ᠡᠴᠡ ᠪᠣᠭᠣᠨᠢ ᠪᠠ 6 ᠪᠦᠬᠦᠯᠢ ᠨᠠᠰᠤᠨ᠎ᠠᠴᠠ ᠪᠠᠭ᠎ᠠ ᠬᠡᠦᠬᠡᠳ᠎ᠠᠴᠠ ᠰᠦᠢᠳᠬᠡᠯ
ᠬᠤᠷᠢᠶᠠᠬᠤ ᠦᠭᠡᠢ ᠪᠡᠷ ᠪᠤᠯᠪᠠ᠃
ᠲᠠᠨ᠎ᠤ ᠲᠤᠰᠠ᠎ᠳᠤ
✦ᠡᠳᠦᠷ ᠪᠦᠷᠢ 10 — 15 ᠮᠢᠨᠦ᠋ᠲ ᠭᠡᠵᠢᠭᠡ᠎ᠪᠠᠨ ᠰᠠᠮᠨᠠᠪᠠᠯ᠂
ᠲᠣᠯᠣᠭᠠᠢ᠎ᠶᠢᠨ ᠬᠡᠰᠡᠭ᠎ᠦᠨ ᠮᠡᠳᠡᠷᠡᠯ᠎ᠳᠦ ᠰᠡᠳᠡᠯᠲᠡ ᠥᠭᠴᠦ᠂ ᠬᠡᠢ ᠴᠢᠰᠤ᠎ᠶᠢ ᠨᠡᠪᠲᠡᠷᠡᠭᠦᠯᠦᠨ᠂ ᠴᠤᠭ ᠰᠦᠯᠳᠡ᠎ᠶᠢ
ᠰᠠᠢᠵᠢᠷᠠᠭᠤᠯᠤᠨ᠎ᠠ᠃ 2- 3 ᠰᠠᠷ᠎ᠠ ᠪᠠᠷᠢᠮᠲᠠᠯᠠᠪᠠᠯ ᠦᠰᠦ ᠭᠡᠵᠢᠭᠡᠨᠦ ᠬᠠᠭ ᠪᠠᠭᠠᠰᠴᠤ᠂ ᠭᠡᠵᠢᠭᠡ ᠤᠨᠠᠬᠤ᠂
ᠨᠤᠢᠷ ᠬᠤᠯᠵᠢᠬᠤ ᠪᠠᠢᠳᠠᠯ ᠢᠯᠡᠳᠲᠡ ᠰᠠᠢᠵᠢᠷᠠᠳᠠᠭ᠃
ᠵᠠᠯᠭᠠᠭᠠᠳ 《ᠵᠠᠭᠠᠯ
ᠲᠠᠢ ᠰᠢᠷᠭ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)