3 ᠰᠠᠷ᠎ᠠ᠎ᠶ᠋ᠢᠨ 6᠎ᠦ ᠡᠳᠦᠷ
ᠡᠬᠢᠯᠡᠬᠦ᠌ ᠴᠠᠭ᠄
2026-03-06 10:23:53
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


100010101010101010101010101010101010101封面模板0101.jpg


1000101010101010101010101010101010101012026天气预报模板0101.jpg

10001010101010101010101010101010101010112盟市模板0101.jpg


ᠬᠤᠶᠠᠷ ᠬᠤᠷᠠᠯ᠎ᠤᠨ ᠲᠤᠰᠭᠠᠢ ᠮᠡᠳᠡᠭᠡᠯᠡᠯ

 ✦ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ 5 ᠤ᠋ ᠡᠳᠦᠷ᠎ᠦᠨ 9 ᠴᠠᠭ᠎ᠲᠤ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠦ ᠡᠬᠢᠯᠡᠵᠦ᠂ ᠰᠢ ᠵᠢᠨ ᠫᠢᠩ ᠵᠡᠷᠭᠡ ᠨᠠᠮ ᠪᠠ ᠲᠥᠷᠥ᠎ᠶᠢᠨ ᠤᠳᠤᠷᠢᠳᠬᠤ ᠬᠥᠮᠥᠰ ᠶᠡᠬᠡ ᠬᠤᠷᠠᠯ᠎ᠳᠤ ᠣᠷᠣᠯᠴᠠᠵᠠᠢ᠃

 

ᠨᠡᠢᠭᠡᠮ

✦ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠮᠡᠳᠡᠭᠡ᠎ᠶᠢ ᠦᠨᠳᠦᠰᠦᠯᠡᠪᠡᠯ᠂ ᠣᠳᠣᠬᠠᠨ᠎ᠳᠤ ᠮᠠᠨ᠎ᠤ ᠤᠯᠤᠰ᠎ᠤᠨ ᠬᠡᠭᠡᠷ᠎ᠡ᠎ᠶᠢᠨ ᠠᠮᠢᠲᠠᠨ ᠤᠷᠭᠤᠮᠠᠯ᠎ᠤᠨ ᠣᠷᠣᠰᠢᠨ ᠠᠮᠢᠳᠤᠷᠠᠬᠤ ᠭᠠᠵᠠᠷ (ᠤᠤᠯ ᠠᠮᠢᠳᠤᠷᠠᠯ᠎ᠤᠨ ᠣᠷᠴᠢᠨ) ᠤ᠋ᠨ ᠶᠠᠰᠤ ᠴᠢᠨᠠᠷ ᠢᠯᠡᠳᠲᠡ ᠰᠠᠢᠵᠢᠷᠠᠵᠤ᠂ ᠤᠯᠤᠰ᠎ᠤᠨ ᠭᠣᠣᠯᠳᠠᠯᠭ᠎ᠠ᠎ᠲᠠᠢ ᠬᠠᠮᠠᠭᠠᠯᠠᠯᠲᠠ᠎ᠳᠤ ᠪᠠᠢᠭ᠎ᠠ ᠡᠬᠡ ᠬᠠᠭᠤᠷᠠᠢ᠎ᠶᠢᠨ ᠬᠡᠭᠡᠷ᠎ᠡ᠎ᠶᠢᠨ ᠠᠮᠢᠲᠠᠨ ᠪᠠ ᠬᠡᠭᠡᠷ᠎ᠡ᠎ᠶᠢᠨ ᠤᠷᠭᠤᠮᠠᠯ᠎ᠤᠨ ᠲᠥᠷᠥᠯ᠎ᠦᠨ ᠬᠠᠮᠠᠭᠠᠯᠠᠯᠲᠠ᠎ᠶᠢᠨ ᠨᠣᠷᠮ᠎ᠠ 80%᠎ᠡᠴᠡ ᠳᠡᠭᠡᠭᠰᠢ᠎ᠳᠦ ᠬᠦᠷᠴᠦ᠂ ᠬᠡᠭᠡᠷ᠎ᠡ᠎ᠶᠢᠨ ᠠᠮᠢᠲᠠᠨ ᠤᠷᠭᠤᠮᠠᠯ᠎ᠤᠨ ᠲᠥᠷᠥᠯ᠎ᠦᠨ ᠰᠦᠷᠦᠭ ᠶᠡᠷᠦᠩᠬᠡᠢ᠎ᠳᠡᠭᠡᠨ ᠲᠣᠭᠲᠠᠭᠤᠨ᠎ᠢᠶᠠᠷ ᠨᠡᠮᠡᠭᠳᠡᠵᠦ ᠪᠠᠢᠨ᠎ᠠ᠃

✦ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠷᠲᠡᠨ᠎ᠦ ᠰᠡᠭᠡᠷᠲᠡᠨ ᠪᠠ ᠡᠷᠲᠡᠨ᠎ᠦ ᠬᠥᠮᠥᠨ ᠲᠥᠷᠥᠯᠬᠢᠲᠡᠨ᠎ᠦ ᠰᠤᠳᠤᠯᠭᠠᠨ᠎ᠤ ᠭᠠᠵᠠᠷ᠎ᠠᠴᠠ ᠣᠢᠯᠠᠭᠠᠭᠰᠠᠨ ᠵᠢᠡᠷ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠠᠷᠪᠠ ᠭᠠᠷᠤᠢ ᠵᠢᠯ᠎ᠦᠨ ᠬᠡᠭᠡᠷ᠎ᠡ᠎ᠶᠢᠨ ᠰᠢᠨᠵᠢᠯᠡᠭᠡ ᠪᠠ ᠭᠡᠷ ᠳᠣᠲᠣᠷᠠᠬᠢ ᠰᠤᠳᠤᠯᠭᠠᠨ᠎ᠢᠶᠠᠷ ᠳᠡᠮᠵᠢᠨ ᠣᠲᠣ᠌ ᠠ᠋ᠴᠠ 4.36 ᠳ᠋ᠦᠩᠰᠢᠭᠤᠷ ᠵᠢᠯ᠎ᠦᠨ ᠡᠮᠦᠨᠡᠬᠢ ᠬᠠᠲᠠᠭᠤ ᠶᠠᠰᠤᠲᠤ ᠵᠢᠭᠠᠰᠤᠨ᠎ᠤ ᠲᠥᠷᠥᠯ᠎ᠦᠨ ᠴᠢᠯᠠᠭᠤᠵᠢᠮᠠᠯ᠎ᠢ ᠢᠯᠡᠷᠡᠭᠦᠯᠦᠭᠰᠡᠨ ᠪᠥᠭᠡᠳ ᠬᠣᠶᠠᠷ ᠵᠦᠢᠯ᠎ᠦᠨ ᠠᠩᠬᠠᠨ᠎ᠤ ᠬᠠᠲᠠᠭᠤ ᠶᠠᠰᠤᠲᠤ ᠵᠢᠭᠠᠰᠤᠨ᠎ᠤ ᠲᠥᠷᠥᠯ᠎ᠦᠨ ᠬᠡᠯᠪᠡᠷᠢ ᠳᠦᠷᠰᠦ ᠵᠢᠴᠢ ᠡᠷᠡᠦ᠂ ᠰᠢᠳᠦ᠂ ᠭᠠᠪᠠᠯᠠ ᠵᠡᠷᠭᠡ᠎ᠶᠢᠨ ᠴᠢᠬᠤᠯᠠ ᠣᠨᠴᠠᠯᠢᠭ᠋᠎ᠢ ᠢᠯᠡᠷᠡᠭᠦᠯᠵᠦ᠂ 《ᠵᠢᠭᠠᠰᠤ ᠠ᠋ᠴᠠ ᠬᠥᠮᠥᠨ ᠪᠣᠯᠬᠤ》 ᠬᠤᠪᠢᠰᠤᠯᠲᠠ᠎ᠶᠢᠨ ᠭᠢᠨᠵᠢ᠎ᠶᠢ ᠨᠥᠬᠥᠪᠦᠷᠢᠯᠡᠬᠦ᠎ᠳᠦ ᠴᠢᠬᠤᠯᠠ ᠪᠣᠳᠠᠲᠤ ᠭᠡᠷᠡᠴᠢ ᠬᠠᠩᠭᠠᠭᠰᠠᠨ ᠪᠠᠢᠨ᠎ᠠ᠃

✦ᠠᠷᠠᠳ᠎ᠤᠨ ᠡᠳᠦᠷ᠎ᠤᠨ ᠰᠤᠨᠢᠨ᠎ᠤ ᠮᠡᠳᠡᠭᠡ ᠵᠢ ᠦᠨᠳᠦᠰᠦᠯᠡᠪᠡᠯ᠂ ᠡᠨᠡ ᠵᠢᠯ ᠮᠠᠨ᠎ᠤ ᠤᠯᠤᠰ ᠨᠡᠢᠭᠡᠮ᠎ᠦᠨ ᠠᠪᠤᠷᠠᠨ ᠲᠤᠰᠠᠯᠠᠬᠤ ᠬᠠᠤᠯᠢ᠂ ᠡᠮᠴᠢᠯᠡᠭᠡᠨ᠎ᠤ ᠪᠠᠲᠤᠯᠠᠭ᠎ᠠ ᠶ᠋ᠢᠨ ᠬᠠᠤᠯᠢ᠂ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠬᠠᠤᠯᠢ ᠵᠡᠷᠭᠡ ᠬᠠᠤᠯᠢ ᠶ᠋ᠢ ᠲᠣᠭᠲᠠᠭᠠᠬᠤ ᠪᠣᠯᠣᠨ᠎ᠠ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠣᠢᠯᠠᠭᠠᠭᠰᠠᠨ᠎ᠢᠶᠠᠷ᠂ 2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠠᠷᠪᠠᠨ ᠵᠦᠢᠯ᠎ᠦᠨ ᠠᠷᠭ᠎ᠠ ᠬᠡᠮᠵᠢᠶ᠎ᠡ ᠨᠡᠢᠲᠡᠯᠡᠵᠦ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠢ ᠬᠠᠯᠠᠮᠵᠢᠯᠠᠨ᠂ ᠦᠢᠯᠡᠴᠢᠯᠡᠭᠡᠨ᠎ᠤ ᠲᠤᠰᠬᠠᠢ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠪᠯᠡᠯ ᠪᠠᠢᠭᠤᠯᠵᠤ ᠡᠪᠯᠡᠯ᠎ᠳᠦ ᠣᠷᠣᠬᠤ ᠬᠡᠪᠴᠢᠶ᠎ᠡ᠎ᠶᠢ ᠥᠷᠭᠡᠳᠬᠡᠨ ᠨᠡᠮᠡᠭᠳᠡᠭᠦᠯᠬᠦ᠂ ᠦᠢᠯᠡᠴᠢᠯᠡᠭᠡᠨ᠎ᠦ ᠪᠠᠲᠤᠯᠠᠭ᠎ᠠ᠎ᠶᠢ ᠲᠠᠰ ᠳᠡᠪᠰᠢᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠬᠦᠴᠦᠯᠡᠨ ᠠᠬᠢᠭᠤᠯᠬᠤ ᠪᠤᠯᠤᠨ᠎ᠠ᠃

✦2026 ᠣᠨ᠎ᠳᠤ ᠨᠡᠭᠦᠳᠡᠯ᠎ᠦᠨ ᠰᠢᠪᠠᠭᠤ᠎ᠶᠢ ᠢᠵᠢᠯ ᠠᠯᠬᠤᠮ᠎ᠢᠶᠠᠷ ᠬᠢᠨᠠᠨ ᠬᠡᠮᠵᠢᠵᠦ ᠲᠡᠮᠳᠡᠭᠯᠡᠭᠰᠡᠨ᠎ᠢᠶᠡᠷ᠂ ᠥᠪᠥᠷ ᠮᠣᠩᠭᠣᠯ᠎ᠳᠤ ᠢᠷᠡᠵᠦ ᠡᠪᠦᠯᠵᠢᠭᠰᠡᠨ ᠨᠡᠭᠦᠳᠡᠯ᠎ᠦᠨ ᠰᠢᠪᠠᠭᠤᠨ᠎ᠤ ᠳᠦᠷᠰᠦ᠎ᠶᠢᠨ ᠰᠦᠷᠦᠭ᠎ᠦᠨ ᠲᠣᠭ᠎ᠠ ᠲᠣᠭᠲᠠᠭᠤᠨ ᠵᠢᠡᠷ ᠳᠡᠭᠡᠭᠰᠢᠯᠡᠵᠦ᠂ 18.5 ᠲᠦᠮᠡ ᠭᠠᠷᠤᠢ ᠪᠣᠯᠵᠤ᠂ ᠳᠡᠭᠡᠷ᠎ᠠ ᠵᠢᠯ᠎ᠦᠨ ᠬᠢ᠎ᠡᠴᠡ 2 ᠲᠦᠮᠡ ᠭᠠᠷᠤᠢ ᠨᠡᠮᠡᠭᠳᠡᠵᠡᠢ᠃

✦2025 ᠣᠨ᠎ᠤ ᠡᠴᠦᠰ ᠪᠣᠯᠲᠠᠯ᠎ᠠ᠂ ᠲᠦᠨᠭᠯᠢᠶᠤᠤ ᠬᠤᠲᠠ᠎ᠶᠢᠨ 201.73 ᠲᠦᠮᠡᠨ ᠬᠥᠮᠥᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠵᠤ᠂ ᠪᠠᠢᠩᠭᠤ ᠰᠠᠭᠤᠭ᠎ᠠ ᠬᠥᠮᠥᠨ ᠠᠮᠠ᠎ᠶᠢᠨ ᠳᠠᠭᠠᠳᠬᠠᠯ᠎ᠳᠤ ᠣᠷᠣᠯᠴᠠᠭᠰᠠᠨ ᠨᠣᠷᠮ᠎ᠠ 95%᠎ᠵᠢ ᠳᠠᠪᠠᠵᠠᠢ᠃

✦《3·8》 ᠤ᠋ ᠳᠡᠯᠡᠬᠡᠢ᠎ᠶᠢᠨ ᠡᠮᠡᠭᠲᠡᠢᠴᠦᠳ᠎ᠦᠨ ᠪᠠᠶᠠᠷ ᠬᠦᠷᠴᠦ ᠢᠷᠡᠬᠦ ᠲᠠᠰᠢᠷᠠᠮ᠎ᠢᠶᠠᠷ᠂ ᠰᠢᠯᠢ᠎ᠶᠢᠨ ᠭᠣᠣᠯ ᠠᠢᠮᠠᠭ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠳᠤᠯᠠᠭ᠎ᠠ᠎ᠶᠢᠨ ᠲᠣᠪᠴᠢᠶ᠎ᠠ᠂ ᠡᠮᠡᠭᠲᠡᠢᠴᠦᠳ ᠦ᠋ᠨ ᠬᠣᠯᠪᠣᠭ᠎ᠠ᠂ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠡᠮᠡᠭᠲᠡᠢᠴᠦᠳ ᠦ᠋ᠨ ᠲᠤᠰᠬᠠᠢ ᠰᠢᠭᠤᠳ ᠨᠡᠪᠲᠡᠷᠡᠭᠦᠯᠭᠡ ᠪᠡᠷ ᠠᠵᠢᠯ᠎ᠤᠨ ᠪᠠᠢᠷᠢ ᠬᠠᠨᠭᠭᠠᠬᠤ ᠠᠵᠢᠯᠲᠠᠨ ᠡᠯᠰᠡᠬᠦ ᠴᠤᠭᠯᠠᠭᠠᠨ ᠥᠷᠨᠢᠭᠦᠯᠬᠦ᠎ᠪᠤᠯᠤᠨ᠎ᠠ᠃

✦ᠪᠤᠭᠤᠲᠤ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠶ᠋ᠢᠨ ᠮᠡᠳᠡᠭᠡᠯᠡᠭᠰᠡᠨ᠎ᠢᠶᠡᠷ᠂ ᠮᠠᠨᠳᠤᠯ ᠪᠣᠭᠣᠮᠲᠠ᠎ᠶᠢᠨ AGV ᠵᠢᠯᠣᠭᠣᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠲᠥᠷᠥᠯ ᠵᠦᠢᠯ ᠠᠰᠢᠭ᠍ᠯᠠᠯᠲᠠ ᠳ᠋ᠤ ᠣᠷᠣᠪᠠ᠃ ᠲᠣᠰ ᠲᠥᠷᠥᠯ ᠵᠦᠢᠯ᠎ᠦᠨ ᠨᠢᠭᠡᠳᠦᠭᠡᠷ ᠬᠤᠭᠤᠴᠠᠭᠠᠨ᠎ᠳᠤ AGV ᠮᠠᠰᠢᠨ ᠲᠡᠷᠭᠡ᠎ᠶᠢ ᠨᠡᠶ᠋ᠢᠲᠡ 10 ᠳᠤᠬᠢᠷᠠᠭᠤᠯᠵᠤ᠂ ᠲᠤᠰᠬᠠᠢ ᠨᠡᠪᠲᠡᠷᠡᠬᠦ ᠵᠠᠮ 2.4 ᠺᠢᠯᠣᠮᠧᠲᠷ᠂ ᠣᠶᠤᠨᠴᠢ ᠪᠠᠢᠴᠠᠭᠠᠨ ᠰᠢᠯᠭᠠᠬᠤ ᠰᠢᠰᠲᠧᠮ ᠪᠠ ᠨᠢᠭᠡ ᠴᠣᠭᠴᠠᠵᠢᠭᠤᠯᠤᠭᠰᠠᠨ ᠲᠣᠬᠢᠷᠠᠭᠤᠯᠤᠨ ᠵᠢᠯᠤᠭᠣᠳᠬᠤ ᠲᠥᠪ᠎ᠢ ᠢᠵᠢ ᠪᠦᠷᠢᠳᠦᠭᠦᠯᠦᠨ ᠪᠠᠢᠭᠤᠯᠵᠤ᠂ ᠵᠢᠯ᠎ᠦᠨ ᠬᠢᠯᠢ ᠵᠢᠨ ᠪᠣᠭᠣᠮᠲᠠ᠎ᠪᠠᠷ ᠥᠩᠭᠡᠷᠡᠬᠦ ᠴᠢᠳᠠᠪᠤᠷᠢ᠎ᠶᠢ 200 ᠲᠦᠮᠡᠨ ᠲᠣᠨ᠎ᠳᠤ ᠬᠦᠷᠭᠡᠵᠦ᠂ ᠢᠷᠡᠬᠡᠳᠤᠢ ᠳ᠋ᠤ 1000 ᠲᠦᠮᠡᠨ ᠲᠣᠨ ᠪᠣᠯᠭᠠᠨ ᠳᠡᠭᠡᠭᠰᠢᠯᠡᠭᠦᠯᠬᠦ ᠪᠣᠯᠣᠨ᠎ᠠ᠃

✦ᠦᠢᠷ᠎ᠡ᠎ᠳᠤ ᠣᠲᠤᠭ ᠬᠣᠰᠢᠭᠤᠨ᠎ᠤ ᠠᠮᠢᠲᠠᠨ᠎ᠤ ᠡᠪᠡᠳᠴᠢᠨ ᠬᠢᠵᠢᠭ᠎ᠢ ᠰᠡᠷᠭᠡᠢᠯᠡᠨ ᠡᠵᠡᠮᠳᠡᠬᠦ ᠲᠥᠪ᠎ᠦᠨ ᠬᠢᠨ ᠬᠢᠵᠢᠭ᠎ᠢ ᠰᠡᠷᠭᠡᠢᠯᠡᠬᠦ ᠮᠡᠳᠡᠯᠭᠡ ᠪᠠ ᠮᠡᠷᠭᠡᠵᠢᠯ᠎ᠦᠨ ᠦᠢᠯᠡᠴᠢᠯᠡᠭᠡ᠎ᠶᠢ ᠮᠠᠯᠴᠢᠨ ᠲᠠᠷᠢᠶᠠᠴᠢᠨ᠎ᠦ ᠭᠡᠷ᠎ᠦᠨ ᠡᠭᠦᠳᠡᠨ᠎ᠳᠦ ᠬᠦᠷᠭᠡᠵᠦ ᠪᠠᠢᠨ᠎ᠠ᠃ ᠲᠡᠵᠢᠭᠡᠨ ᠦᠷᠡᠵᠢᠭᠦᠯᠬᠦ ᠡᠷᠦᠬᠡ᠎ᠶᠢᠨ ᠬᠢᠵᠢᠭ᠎ᠢ ᠰᠡᠷᠭᠡᠢᠯᠡᠬᠦ ᠢᠳᠡᠪᠬᠢᠵᠢᠯ ᠢ᠋ ᠭᠦᠢᠴᠡᠳ ᠬᠥᠭᠵᠢᠭᠡᠬᠦ᠎ᠶᠢᠨ ᠲᠥᠯᠥᠭᠡ ᠸᠠᠺᠼᠢᠨ᠎ᠦ ᠲᠠᠷᠢᠯᠭ᠎ᠠ᠎ᠶᠢ 《ᠤᠷᠢᠳ ᠵᠢᠡᠷ ᠲᠠᠷᠢᠵᠤ ᠳᠠᠷᠠᠭ᠎ᠠ ᠨᠢ ᠨᠥᠬᠥᠪᠦᠷᠢᠯᠡᠬᠦ》 ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ᠂ ᠬᠢᠵᠢᠭ ᠎ᠢ ᠰᠡᠷᠭᠡᠢᠯᠡᠬᠦ ᠲᠤᠰᠬᠠᠢ ᠮᠡᠷᠭᠡᠵᠢᠯ᠎ᠦᠨ ᠪᠣᠯᠪᠠᠰᠤᠷᠠᠯ᠎ᠢ 26 ᠬᠤᠭᠤᠴᠠᠭ᠎ᠠ ᠥᠷᠨᠢᠭᠦᠯᠵᠦ᠂ ᠲᠤᠬᠠᠢ᠎ᠶᠢᠨ ᠭᠠᠵᠠᠷ᠎ᠤᠨ ᠮᠠᠯ ᠠᠵᠤ ᠠᠬᠤᠢ᠎ᠶᠢᠨ ᠡᠷᠡᠭᠦᠯ᠎ᠢᠶᠡᠷ ᠬᠥᠭᠵᠢᠬᠦ᠎ᠳᠦ ᠬᠦᠴᠦᠨ ᠨᠡᠮᠡᠷᠢᠯᠡᠵᠦ ᠪᠠᠢᠨ᠎ᠠ᠃

 

ᠠᠵᠤ ᠠᠬᠤᠢ 

✦2026 ᠣᠨ᠎ᠤ ᠪᠥᠬᠥ ᠤᠯᠤᠰ᠎ᠤᠨ ᠴᠠᠭᠠᠨ ᠰᠠᠷ᠎ᠠ᠎ᠶᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠦ ᠰᠠᠷ᠎ᠠ ᠵᠢᠨ ᠠᠵᠢᠯᠯᠠᠭ᠎ᠠ 3᠎ᠤ ᠡᠳᠦᠷ ᠦᠨᠳᠦᠷᠯᠡᠵᠦ᠂ ᠡᠯ᠎ᠡ ᠭᠠᠵᠠᠷ᠎ᠤᠨ ᠬᠢᠨ ᠨᠡᠶ᠋ᠢᠲᠡ 3.5 ᠲᠦᠮᠡ ᠰᠢᠬᠠᠮ ᠤᠳᠠᠭᠠᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠠᠵᠢᠯᠯᠠᠭ᠎ᠠ ᠡᠷᠭᠢᠯᠡᠵᠦ᠂ ᠨᠡᠶ᠋ᠢᠲᠡ 4.2 ᠳ᠋ᠦᠩᠰᠢᠭᠤᠷ ᠲᠥᠭᠥᠷᠢᠭ ᠤ᠋ᠨ ᠬᠡᠷᠡᠭᠯᠡᠭᠡᠨ᠎ᠦ ᠲᠡᠮᠳᠡᠭᠲᠦ ᠵᠢᠴᠢ ᠬᠡᠷᠡᠭᠯᠡᠭᠡᠨ᠎ᠦ ᠨᠥᠬᠥᠪᠦᠷᠢ ᠲᠠᠷᠬᠠᠭᠠᠭᠰᠠᠨ ᠪᠠᠢᠨ᠎ᠠ᠃

✦5 ᠤ᠋ ᠡᠳᠦᠷ᠎ᠡᠴᠡ ᠡᠬᠢᠯᠡᠨ᠂ ᠥᠪᠥᠷ ᠮᠣᠩᠭᠣᠯ᠎ᠤᠨ ᠣᠯᠠᠨ ᠭᠠᠵᠠᠷ᠎ᠤᠨ ᠬᠢᠨ ᠵᠠᠰᠠᠭ᠎ᠤᠨ ᠣᠷᠳᠣᠨ᠎ᠤ ᠬᠡᠷᠡᠭᠯᠡᠭᠡᠨ᠎ᠦ ᠲᠡᠮᠳᠡᠭᠲᠦ᠎ᠶᠢ ᠵᠠᠯᠭᠠᠭ᠎ᠠ᠎ᠪᠠᠷ ᠲᠠᠷᠬᠠᠭᠠᠵᠤ᠂ ᠲᠣᠰᠣ᠌ ᠨᠡᠮᠡᠬᠦ᠂ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ᠂ ᠬᠤᠳᠠᠯᠳᠤᠭᠠᠨ᠎ᠤ ᠳᠡᠯᠭᠡᠭᠦᠷ᠂ ᠭᠡᠷ᠎ᠦᠨ ᠴᠠᠬᠢᠯᠭᠠᠨ ᠬᠡᠷᠡᠭᠰᠡᠯ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠪᠠ᠃

 

ᠰᠤᠶᠤᠯ

✦3᠎ᠤ ᠡᠳᠦᠷ᠂ ᠰᠧᠴᠦᠸᠠᠨ᠎ᠤ ᠵᠢᠶᠠᠩ ᠺᠧᠦ ᠶ᠋ᠢᠨ ᠴᠸᠨ ᠶᠢᠨ ᠮᠦᠽᠧᠢ ᠵᠠᠭᠤᠴᠢᠯᠠᠭᠤᠷ᠎ᠤᠨ ᠨᠡᠭᠡᠭᠡᠯᠲᠡ ᠶ᠋ᠢᠨ ᠡᠳᠦᠷ᠎ᠦᠨ ᠠᠵᠢᠯᠯᠠᠭ᠎ᠠ ᠡᠷᠬᠢᠯᠡᠪᠡ᠃ ᠲᠤᠰ ᠮᠦᠽᠧᠢ ᠨᠢ ᠠᠯᠲᠠ ᠮᠥᠩᠭᠥᠨ ᠡᠳ᠋ᠯᠡᠯ᠎ᠤᠨ ᠲᠡᠦᠬᠡ ᠰᠣᠶᠣᠯ᠎ᠤᠨ ᠳᠤᠷᠠᠰᠬᠠᠯᠲᠤ ᠵᠦᠢᠯᠡᠰ ᠢ᠋ᠶ᠋ᠡᠷ ᠭᠣᠣᠯᠯᠠᠵᠤ᠂ ᠨᠡᠶ᠋ᠢᠲᠡ 7000 ᠭᠠᠷᠤᠢ ᠵᠦᠢᠯᠡᠰ ᠢ᠋ ᠳᠡᠯᠭᠡᠨ ᠦᠵᠡᠭᠦᠯᠵᠦ᠂ ᠪᠦᠬᠦ ᠤᠯᠤᠰ᠎ᠤᠨ ᠠᠩᠬᠠᠳᠠᠭ᠍ᠴᠢ ᠠᠯᠲᠠ ᠮᠥᠩᠭᠥᠨ ᠡᠳ᠋ᠯᠡᠯ ᠢ᠋ᠶ᠋ᠡᠷ ᠭᠣᠣᠯ ᠰᠡᠳᠦᠪ ᠪᠣᠯᠭᠠᠭᠰᠠᠨ ᠮᠦᠽᠧᠢ ᠪᠣᠯᠣᠨ᠎ᠠ᠃

✦3᠎ᠤ ᠡᠳᠦᠷ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ《ᠰᠤᠷᠭᠠᠭᠤᠯᠢ ᠡᠬᠢᠯᠡᠬᠦ ᠠᠩᠬᠠᠨ᠎ᠤ ᠬᠢᠴᠢᠶᠡᠯ》ᠤ᠋ᠨ ᠰᠢᠷᠢᠰ ᠠᠵᠢᠯᠯᠠᠭ᠎ᠠ ᠡᠷᠭᠢᠯᠡᠵᠦ᠂ ᠬᠥᠬᠡᠬᠣᠲᠠ᠎ᠶᠢᠨ 40 ᠭᠠᠷᠤᠢ ᠳᠤᠮᠳᠠᠳᠤ ᠪᠠᠭ᠎ᠠ ᠰᠤᠷᠭᠠᠭᠤᠯᠢ᠎ᠶᠢᠨ ᠰᠢᠯᠢᠳᠡᠭ ᠰᠢᠨᠵᠢᠯᠡᠬᠦ ᠤᠬᠠᠭᠠᠨ᠎ᠤ ᠪᠠᠭ᠍ᠰᠢ ᠤᠷᠤᠯᠴᠠᠪᠠ᠃

 

ᠲᠠᠮᠢᠷ

✦4 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠣᠶᠤᠲᠠᠳ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠦᠯᠳᠡ᠂ ᠥᠯᠵᠡᠢᠲᠦ ᠠᠮᠢᠲᠠᠨ᠂ ᠱᠠᠩᠨᠠᠯ᠎ᠤᠨ ᠳᠡᠮᠳᠡᠭ ᠵᠡᠷᠭᠡ ᠵᠢ ᠨᠡᠢᠲᠡᠯᠡᠪᠡ᠃ ᠲᠣᠰ ᠬᠤᠭᠤᠴᠠᠭᠠᠨ᠎ᠤ ᠴᠤᠭᠯᠠᠭᠠᠨ᠎ᠢ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠣᠲᠣ᠌ ᠪᠡᠯᠡᠳᠬᠡᠯ ᠠᠵᠢᠯ ᠨᠢᠭᠡᠨᠲᠡ ᠰᠢᠪᠲᠤᠯᠤᠯᠲᠠ᠎ᠶᠢᠨ ᠱᠠᠲᠤᠨ᠎ᠳᠤ ᠣᠷᠣᠭᠰᠠᠨ ᠪᠠᠢᠨ᠎ᠠ᠃

 

ᠳᠡᠯᠡᠬᠡᠢ

✦ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠢᠷᠡᠨ᠎ᠤ ᠬᠢᠨ ᠬᠠᠮᠤᠭ᠎ᠤᠨ ᠳᠡᠭᠡᠳᠦ ᠤᠳᠤᠷᠢᠳᠤᠭ᠍ᠴᠢ ᠶ᠋ᠢᠨ ᠬᠡᠳᠦᠨ ᠵᠢᠱ᠌ᠢᠭᠳᠡᠭᠴᠢ ᠶ᠋ᠢ ᠲᠣᠭᠲᠠᠭᠠᠵᠤ᠂ ᠲᠡᠭᠦᠨ᠎ᠦ ᠳᠣᠲᠣᠷ᠎ᠠ ᠠ᠋ᠴᠠ ᠬᠠᠮᠤᠭ᠎ᠤᠨ ᠳᠡᠭᠡᠳᠦ ᠤᠳᠤᠷᠢᠳᠤᠭ᠍ᠴᠢ ᠶ᠋ᠢ ᠰᠤᠨᠭᠭᠤᠬᠤ ᠪᠤᠯᠤᠨ᠎ᠠ ᠭᠡᠵᠡᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠰᠫᠠᠨᠢ᠎ᠶᠢᠨ ᠲᠡᠷᠢᠭᠦᠨ ᠰᠠᠢᠳ 4᠎ᠦ ᠡᠳᠦᠷ ᠢᠯᠡᠷᠬᠡᠢᠯᠡᠯᠲᠡ ᠨᠡᠢᠲᠡᠯᠡᠵᠦ᠂ ᠢᠰᠫᠠᠨᠢ᠎ᠶᠢᠨ ᠬᠢᠨ ᠠᠮᠧᠷᠢᠺᠠ ᠪᠣᠯᠣᠨ ᠢᠰᠷᠧᠯ᠎ᠦᠨ ᠢᠷᠡᠨ᠎ᠳᠤ ᠶᠠᠪᠤᠭᠤᠯᠤᠭᠰᠠᠨ ᠴᠡᠷᠢᠭ᠎ᠦᠨ ᠶᠠᠪᠤᠳᠠᠯ᠎ᠤᠨ ᠠᠵᠢᠯᠯᠠᠭ᠎ᠠ᠎ᠶᠢ ᠡᠰᠡᠷᠭᠦᠴᠡᠵᠦ᠂ ᠮᠥᠷᠭᠥᠯᠳᠦᠭᠡᠨ᠎ᠦ ᠪᠠᠢᠳᠠᠯ᠎ᠤᠨ ᠲᠡᠰ ᠳᠡᠪᠰᠢᠬᠦ᠎ᠶᠢ ᠵᠣᠭᠰᠤᠭᠠᠬᠤ᠎ᠶᠢ ᠱᠠᠭᠠᠷᠳᠠᠭᠰᠠᠨ ᠪᠥᠭᠡᠳ ᠥᠰᠢᠶ᠎ᠡ ᠠᠪᠬᠤ᠎ᠠᠴᠠ ᠠᠶᠤᠭᠠᠳ ᠳᠠᠢ᠍ᠢᠨ᠎ᠢ ᠡᠰᠡᠷᠭᠦᠴᠡᠬᠦ ᠵᠣᠭᠰᠣᠯᠲᠠ᠎ᠪᠠᠨ ᠬᠤᠪᠢᠷᠠᠭᠤᠯᠬᠤ ᠦᠭᠡᠢ ᠭᠡᠵᠦ ᠢᠯᠡᠳᠬᠡᠪᠡ᠃


ᠦᠢᠯᠡᠴᠢᠯᠡᠭᠡ

✦ᠬᠠᠷᠠᠴᠢᠨ ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ ᠤ᠋ᠨ ᠪᠠᠢᠷᠢ᠎ᠳ᠋ᠤ 45 ᠠᠵᠢᠯᠲᠠᠨ ᠡᠯᠰᠡᠨ᠎ᠠ᠃ 


ᠲᠠᠨ᠎ᠤ ᠲᠤᠰᠠ᠎ᠳᠤ

✦ᠬᠠᠪᠤᠷ᠎ᠤᠨ ᠡᠬᠢᠨ᠎ᠳᠦ ᠠᠭᠠᠷ᠎ᠤᠨ ᠳᠤᠯᠠᠭᠠᠨ ᠳᠤᠭᠳᠠᠪᠤᠷᠢ ᠦᠭᠡᠢ ᠪᠠᠢᠵᠤ᠂ ᠬᠠᠯᠳᠠᠪᠤᠷᠢᠲᠤ ᠲᠠᠭᠰᠢᠭᠤᠷ ᠣᠯᠠᠨ ᠡᠭᠦᠰᠳᠡᠭ᠃ ᠬᠦᠵᠦᠭᠦᠦ ᠬᠡᠪᠡᠯᠢ ᠬᠥᠯ᠎ᠢᠶᠡᠨ ᠰᠠᠢᠲᠤᠷ ᠬᠠᠮᠠᠭᠠᠯᠠᠵᠤ᠂ ᠬᠤᠪᠴᠠᠰᠤ ᠬᠤᠨᠠᠷ᠎ᠢᠶᠠᠨ ᠨᠢᠮᠭᠡᠯᠡᠬᠦ᠎ᠶᠢ ᠶᠠᠭᠠᠷᠠᠵᠤ ᠪᠤᠯᠬᠤ ᠦᠭᠡᠢ᠃ ᠨᠠᠩᠭᠢ ᠴᠠᠭᠠᠨ᠂ ᠥᠷᠭᠡᠰᠦᠲᠦ ᠨᠣᠭᠣᠭ᠎ᠠ᠂ ᠤᠯᠠᠭᠠᠨ ᠴᠢᠪᠠᠭ᠎ᠠ᠎ᠶᠢ ᠢᠯᠡᠭᠦᠦ ᠢᠳᠡᠵᠦ᠂ ᠤᠨᠳᠠᠵᠤ ᠠᠮᠠᠷᠠᠬᠤ ᠪᠡᠨ ᠳᠤᠬᠢᠷᠠᠭᠤᠯᠤᠨ᠂ ᠡᠳᠦᠷ ᠪᠦᠷᠢ 30 ᠮᠢᠨᠦ᠋ᠲ ᠰᠡᠯᠡᠭᠦᠴᠡᠨ ᠠᠯᠬᠤᠬᠤ ᠵᠢ ᠪᠠᠷᠢᠮᠲᠠᠯᠠᠪᠠᠯ ᠰᠠᠢᠨ᠃ ᠪᠦᠯᠢᠶᠡᠨ ᠤᠰᠤ ᠢᠯᠡᠭᠦᠬᠡᠨ ᠤᠤᠭᠤᠵᠤ᠂ ᠤᠳᠠᠭᠠᠨ ᠰᠠᠭᠤᠬᠤ ᠡᠴᠡ ᠵᠠᠢᠯᠠᠰᠬᠢᠨ᠂ ᠭᠠᠷ᠎ᠢᠶᠠᠨ ᠰᠠᠢᠲᠤᠷ ᠤᠬᠢᠶᠠᠵᠤ ᠲᠠᠭᠰᠢᠭᠤᠷ᠎ᠠᠴᠠ ᠰᠡᠷᠭᠡᠢᠯᠡᠬᠦ ᠬᠡᠷᠡᠭᠲᠡᠢ᠃

ᠵᠠᠯᠭᠠᠭᠠᠳ 《ᠬᠤᠯᠠᠨ ᠰᠢᠷᠭ᠎ᠠ ᠵᠢᠨ ᠭᠤᠪᠢ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号