3 ᠰᠠᠷ᠎ᠠ᠎ᠶ᠋ᠢᠨ 8᠎ᠦ ᠡᠳᠦᠷ
ᠡᠬᠢᠯᠡᠬᠦ᠌ ᠴᠠᠭ᠄
2026-03-08 11:40:52
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


401.jpg


403.jpg


402.jpg


ᠨᠡᠢᠭᠡᠮ

✦ᠳᠡᠯᠡᠬᠡᠢ᠎ᠶᠢᠨ ᠮᠡᠳᠡᠯᠭᠡ᠎ᠶᠢᠨ ᠥᠮᠴᠢᠯᠡᠬᠦ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ ᠨᠡᠢᠲᠡᠯᠡᠭᠰᠡᠨ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠳᠤᠮᠳᠠᠳᠤ ᠤᠯᠤᠰ᠎ᠤᠨ 2025 ᠣᠨ᠎ᠳᠤ ᠳᠡᠯᠡᠬᠡᠢ᠎ᠶᠢᠨ ᠮᠡᠳᠡᠯᠭᠡ᠎ᠶᠢᠨ ᠥᠮᠴᠢᠯᠡᠬᠦ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ 《ᠲᠤᠰᠬᠠᠢ ᠠᠰᠢᠭ᠋᠎ᠤᠨ ᠬᠠᠮᠲᠤᠷᠠᠯᠴᠠᠭᠠᠨ᠎ᠤ ᠭᠡᠷ᠎ᠡ》 ᠪᠠᠷ ᠳᠠᠮᠵᠢᠭᠤᠯᠤᠨ ᠲᠤᠰᠢᠶᠠᠭᠰᠠᠨ ᠣᠯᠠᠨ ᠤᠯᠤᠰ᠎ᠤᠨ ᠲᠤᠰᠬᠠᠢ ᠠᠰᠢᠭ᠋᠎ᠤᠨ ᠭᠤᠶᠤᠴᠢᠯᠠᠯ 73718 ᠬᠤᠪᠢ ᠪᠠᠢᠵᠤ᠂ ᠦᠷᠭᠦᠯᠵᠢᠯᠡᠨ ᠪᠥᠬᠥ ᠳᠡᠯᠡᠬᠡᠢ᠎ᠶᠢᠨ ᠲᠡᠷᠢᠭᠦᠨ᠎ᠳᠦ ᠣᠷᠣᠵᠤ᠂ ᠠᠳᠠᠯᠢ ᠬᠤᠭᠤᠴᠠᠭᠠᠨ᠎ᠤ ᠬᠢ᠎ᠡᠴᠡ 5.3% ᠪᠠᠷ ᠨᠡᠮᠡᠭᠳᠡᠪᠡ᠃

✦ᠤᠢᠷ᠎ᠠ᠎ᠳᠦ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ 120 ᠳ᠋ᠦᠩᠰᠢᠭᠤᠷ ᠲᠥᠭᠥᠷᠢᠭ᠎ᠦᠨ ᠮᠥᠩᠭᠥᠨ ᠭᠦᠢᠯᠭᠡᠭᠡᠨ᠎ᠦ ᠵᠢᠭᠡᠯᠡᠯᠭᠡ᠎ᠶᠢᠨ ᠲᠡᠮᠳᠡᠭᠲᠦ ᠲᠠᠷᠬᠠᠭᠠᠵᠤ᠂ ᠰᠠᠭᠤᠷᠢ ᠲᠥᠬᠦᠭᠡᠷᠦᠮᠵᠢ᠎ᠶᠢᠨ ᠪᠣᠬᠢᠷᠲᠤᠯ ᠦᠭᠡᠢ ᠲᠠᠰ ᠳᠠᠪᠰᠢᠯᠲᠠ ᠵᠡᠷᠭᠡ᠎ᠶᠢ ᠳᠡᠮᠵᠢᠵᠡᠢ᠃

✦2026 ᠣᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ ᠣᠯᠭᠣᠯᠲᠠ᠎ᠶᠢ ᠠᠬᠢᠭᠤᠯᠬᠤ᠎ᠳᠤ ᠬᠦᠴᠦᠨ ᠨᠡᠮᠡᠷᠢᠯᠡᠬᠦ ᠠᠵᠢᠯᠯᠠᠭ᠎ᠠ᠎ᠶᠢ ᠠᠬᠢᠭᠤᠯᠬᠤ ᠲᠣᠮᠣ᠌ ᠬᠡᠯᠪᠡᠷᠢ᠎ᠶᠢᠨ ᠲᠤᠰᠬᠠᠢ ᠠᠵᠢᠯᠲᠠᠨ ᠡᠯᠰᠡᠬᠦ ᠬᠤᠷᠠᠯ 3 ᠰᠠᠷ᠎ᠠ᠎ᠶᠢᠨ 7᠎ᠤ ᠡᠳᠦᠷ᠎ᠤᠨ 9᠄ 00 —16᠄ 00᠎ᠲᠤ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠵᠤ᠂ ᠠᠬᠤᠢ ᠲᠠᠯᠠᠪᠠᠢ᠎ᠳᠦ ᠠᠵᠢᠯᠲᠠᠨ ᠡᠯᠰᠡᠬᠦ ᠴᠤᠭᠯᠠᠭᠠᠨ ᠪᠠ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ᠎ᠶᠢ ᠵᠡᠷᠭᠡ᠎ᠪᠡᠷ ᠶᠠᠪᠤᠭᠳᠠᠭᠤᠯᠵᠤ᠂ 300 ᠠᠵᠤ ᠠᠬᠤᠢᠯᠠᠯ ᠲᠤᠬᠠᠢ᠎ᠶᠢᠨ ᠲᠠᠯᠠᠪᠠᠶ ᠎ᠳᠦ 1 ᠲᠦᠮᠡ ᠭᠠᠷᠤᠢ ᠠᠵᠢᠯ᠎ᠤᠨ ᠪᠠᠢᠷᠢ᠎ᠬᠠᠩᠭᠠᠵᠠᠢ᠃

✦3 ᠰᠠᠷ᠎ᠠ᠎ᠶᠢᠨ 6᠎ᠤ ᠡᠳᠦᠷ᠂ 56 ᠭᠡᠰᠢᠭᠦᠨ ᠲᠠᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠡᠮᠡᠭᠲᠡᠢᠴᠦᠳ᠎ᠦᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠵᠢᠱ᠌ᠢᠶ᠎ᠡ ᠦᠵᠡᠭᠦᠯᠬᠦ ᠮᠠᠰᠢᠨ ᠲᠡᠷᠭᠡᠨ᠎ᠤ ᠠᠩᠭᠢ ᠪᠤᠭᠤᠲᠤ ᠬᠣᠲᠠ᠎ᠳᠤ ᠪᠠᠢᠭᠤᠯᠤᠭᠳᠠᠪᠡ᠃

✦ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ ᠤᠢᠷ᠎ᠡ᠎ᠶᠢᠨ ᠬᠤᠭᠤᠴᠠᠭᠠᠨ᠎ᠳᠤ ᠪᠦᠬᠥ ᠱᠤᠭᠤᠮ᠎ᠢᠶᠠᠷ᠎ᠢᠶᠠᠨ ᠭᠣᠣᠯ ᠭᠡᠰᠬᠦ ᠪᠣᠯᠣᠨ᠎ᠠ᠃ ᠣᠰᠤᠨ ᠠᠰᠢᠭ᠍ᠯᠠᠯᠲᠠ᠎ᠶᠢᠨ ᠶᠠᠮᠤᠨ᠎ᠤ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ 3 ᠰᠠᠷ᠎ᠠ᠎ᠶᠢᠨ 5᠎ᠤ ᠡᠳᠦᠷ ᠥᠪᠥᠷ ᠮᠣᠩᠭᠣᠯ᠎ᠳᠤ ᠴᠢᠭᠯᠡᠭᠦᠯᠦᠨ ᠦᠶᠡᠷ᠎ᠢ ᠰᠡᠷᠭᠡᠢᠯᠡᠬᠦ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠥᠯ᠎ᠢ ᠡᠬᠢᠯᠡᠭᠦᠯᠵᠦ᠂ ᠬᠠᠲᠤᠨ ᠭᠣᠣᠯ᠎ᠤᠨ ᠰᠦᠩ ᠬᠠᠯᠢᠶ᠎ᠠ᠎ᠶᠢ ᠰᠡᠷᠭᠡᠢᠯᠡᠬᠦ  ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃

✦ᠳᠤᠮᠳᠠᠳᠤ ᠤᠯᠤᠰ᠎ᠤᠨ ᠬᠤᠲᠠ᠎ᠶᠢᠨ ᠵᠢᠭᠠᠯᠲᠠ ᠲᠣᠭᠠᠨ᠎ᠤ ᠰᠤᠳᠤᠯᠭᠠᠨ᠎ᠤ ᠪᠠᠢᠭᠤᠯᠤᠮᠵᠢ GVBrand᠎ᠤᠨ ᠨᠠᠢᠷᠠᠭᠤᠯᠤᠭᠰᠠᠨ 《2026 ᠤᠨ᠎ᠤ ᠳᠤᠮᠳᠠᠳᠤ ᠤᠯᠤᠰ᠎ᠤᠨ ᠵᠠᠭᠤᠨ ᠬᠦᠴᠦᠷᠬᠡᠭ ᠬᠤᠲᠠ᠎ᠶᠢᠨ ᠵᠢᠭᠠᠯᠲᠠ ᠲᠣᠭ᠎ᠠ》᠎ᠶᠢ 3 ᠰᠠᠷ᠎ᠠ᠎ᠶᠢᠨ 5᠎ᠤ  ᠡᠳᠦᠷ ᠠᠯᠪᠠᠨ ᠶᠣᠰᠣᠭᠠᠷ ᠨᠡᠢᠲᠡᠯᠡᠪᠡ᠃ ᠡᠭᠦᠨ᠎ᠳᠦ ᠮᠠᠨ᠎ᠤ ᠤᠷᠤᠨ᠎ᠤ ᠬᠥᠬᠡᠬᠣᠲᠠ ᠲᠤᠮᠳᠠ ᠵᠡᠷᠭᠡ ᠵᠢᠨ ᠬᠣᠲᠠ᠎ᠶᠢᠨ 27 ᠳ᠋ᠤᠭᠠᠷ᠎ᠲᠤ ᠵᠢᠭ᠍ᠰᠠᠭᠠᠭᠳᠠᠵᠤ᠂ ᠣᠷᠳᠣᠰ ᠬᠤᠲᠠ ᠪᠠᠭ᠎ᠠ ᠬᠤᠲᠠ᠎ᠶᠢᠨ 49᠎ᠳᠦᠭᠡᠷ᠎ᠲᠦ ᠵᠢᠭ᠍ᠰᠠᠭᠠᠭᠳᠠᠵᠠᠢ᠃

 

ᠠᠵᠤ ᠠᠬᠤᠢ 

✦3 ᠰᠠᠷ᠎ᠠ᠎ᠶᠢᠨ 1᠎ᠦ ᠡᠳᠦᠷ ᠪᠣᠯᠲᠠᠯ᠎ᠠ᠂ ᠰᠢᠯᠢ᠎ᠶᠢᠨ ᠭᠣᠣᠯ ᠠᠢᠮᠠᠭ᠎ᠤᠨ ᠭᠡᠷ᠎ᠦᠨ ᠴᠠᠬᠢᠯᠭᠠᠨ ᠬᠡᠷᠡᠭᠰᠡᠯ᠎ᠢ ᠬᠠᠭᠤᠴᠢᠨ᠎ᠢᠶᠠᠷ ᠰᠢᠨ᠎ᠡ᠎ᠶᠢ ᠰᠣᠯᠢᠬᠤ᠂ ᠳ᠋ᠢᠵᠢᠲ᠋ᠠᠯ ᠪᠠ ᠣᠶᠤᠨᠴᠢ ᠦᠢᠯᠡᠳᠬᠦᠨ ᠬᠤᠳᠠᠯᠳᠤᠨ ᠠᠪᠬᠤ᠎ᠳᠤ ᠰᠢᠨ᠎ᠡ᠎ᠪᠡᠷ ᠨᠥᠬᠥᠪᠦᠷᠢ ᠥᠭᠬᠦ ᠠᠵᠢᠯᠯᠠᠭ᠎ᠠ᠎ᠳᠤ ᠵᠠᠰᠠᠭ᠎ᠤᠨ ᠣᠷᠳᠣᠨ᠎ᠠᠴᠠ ᠨᠡᠶ᠋ᠢᠲᠡ 1100 ᠭᠠᠷᠤᠢ ᠲᠦᠮᠡᠨ ᠲᠥᠭᠥᠷᠢᠭ᠎ᠦᠨ ᠨᠥᠬᠥᠪᠦᠷᠢ ᠮᠥᠩᠭᠥ ᠲᠠᠷᠬᠠᠭᠠᠵᠤ᠂ 8700 ᠭᠠᠷᠤᠢ ᠲᠦᠮᠡᠨ ᠲᠥᠭᠥᠷᠢᠭ᠎ᠦᠨ ᠪᠣᠷᠤᠯᠠᠭᠤᠯᠭ᠎ᠠ᠎ᠶᠢ ᠳᠠᠶ᠋ᠢᠴᠢᠯᠠᠪᠠ᠃

 

ᠰᠤᠶᠤᠯ

✦ᠤᠷᠳᠤᠰ ᠬᠤᠲᠠ᠎ᠵᠢᠨ ᠣᠲᠤᠭ᠎ᠤᠨ ᠡᠮᠦᠨᠡᠲᠦ ᠬᠣᠰᠢᠭᠤᠨ᠎ᠤ ᠤᠷᠠᠨ ᠪᠦᠲᠦᠭᠡᠯᠴᠢᠳ᠎ᠤᠨ ᠬᠣᠷᠢᠳᠤᠭᠠᠷ ᠤᠳᠠᠭᠠᠨ᠎ᠦ ᠰᠢᠨ᠎ᠡ᠎ᠶᠢᠨ ᠵᠣᠯᠭᠠᠯᠲᠠ ᠵᠢᠴᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ  ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠡᠳᠦᠪ ᠪᠣᠯᠭᠠᠭᠰᠠᠨ 《ᠵᠢᠷᠠᠨ  ᠬᠠᠢᠯᠠᠰᠤ》 ᠨᠡᠷᠡᠮᠵᠢᠲᠤ ᠰᠤᠷᠪᠤᠯᠵᠢ ᠪᠢᠴᠢᠭ ᠪᠠᠷᠢᠮᠲᠠᠲᠤ ᠵᠣᠬᠢᠶᠠᠯ᠎ᠤᠨ ᠤᠷᠤᠯᠳᠤᠭᠠᠨ᠎ᠤ ᠱᠠᠩᠨᠠᠯ ᠣᠯᠭᠣᠬᠤ ᠶᠣᠰᠣᠯᠠᠯ᠂ ᠪᠦᠬᠦ ᠤᠯᠤᠰ᠎ᠤᠨ ᠮᠣᠩᠭᠣᠯ ᠲᠤᠤᠯᠢ᠎ᠶᠢᠨ ᠬᠠᠢᠷᠠᠭᠤᠴᠠᠢ ᠱᠠᠩᠨᠠᠯ ᠪᠠ ᠣᠷᠳᠣᠰ ᠬᠡᠢᠰᠪᠦᠷᠢᠯᠡᠯ᠎ᠤᠨ ᠪᠤᠰᠤ ᠤᠷᠠᠨ ᠵᠣᠬᠢᠶᠠᠯ᠎ᠤᠨ ᠱᠠᠩᠨᠠᠯ ᠣᠯᠭᠣᠬᠤ ᠶᠣᠰᠣᠯᠠᠯ 3 ᠰᠠᠷ᠎ᠠ᠎ᠶᠢᠨ 4᠎ᠤ ᠡᠳᠦᠷ ᠣᠯᠵᠠᠴᠢ ᠪᠠᠯᠭᠠᠰᠤᠨ᠎ᠳᠤ ᠶᠠᠪᠤᠭᠳᠠᠪᠠ᠃

✦3 ᠰᠠᠷ᠎ᠠ᠎ᠶᠢᠨ 5᠎ᠤ ᠡᠳᠦᠷ᠂ ᠳᠣᠯᠣᠳᠤᠭᠠᠷ ᠤᠳᠠᠭᠠᠨ᠎ᠤ ᠪᠦᠬᠦ ᠤᠯᠤᠰ᠎ᠤᠨ 《ᠬᠠᠪᠤᠷ᠎ᠤᠨ ᠵᠣᠯᠭᠠᠯᠲᠠ》 ᠡᠮᠡᠭᠲᠡᠢ ᠪᠢᠴᠢᠯᠭᠡᠴᠢᠳ᠎ᠦᠨ ᠤᠷᠠᠨ ᠪᠢᠴᠢᠯᠭᠡ᠎ᠶᠢᠨ ᠪᠦᠲᠦᠭᠡᠯ᠎ᠦᠨ ᠦᠵᠡᠰᠬᠦᠯᠡᠩ ᠠᠯᠠᠱᠠ ᠠᠢᠮᠠᠭ᠎ᠤᠨ ᠪᠠᠶᠠᠨᠬᠣᠲᠠ᠎ᠳᠤ ᠡᠬᠢᠯᠡᠪᠡ᠃ ᠦᠵᠡᠰᠬᠦᠯᠡᠩ᠎ᠳᠦ ᠨᠡᠢᠲᠡ 85 ᠪᠦᠲᠦᠭᠡᠯ᠎ᠢ ᠳᠡᠯᠭᠡᠨ ᠦᠵᠡᠭᠦᠯᠵᠦ᠂ ᠭᠤᠷᠪᠠᠨ ᠡᠳᠦᠷ ᠎ᠦᠨ ᠬᠤᠭᠤᠴᠠᠭ᠎ᠠ᠎ᠲᠠᠢ ᠶᠠᠪᠤᠭᠳᠠᠬᠤ ᠪᠤᠯᠤᠨ᠎ᠠ᠃

✦ᠣᠢᠷ᠎ᠠ᠎ᠳᠤ ᠰᠢᠯᠢ᠎ᠵᠢᠨ ᠭᠤᠤᠯ ᠠᠢᠮᠠᠭ᠎ᠤᠨ ᠰᠦᠨᠢᠳ ᠪᠠᠷᠠᠭᠤᠨ ᠬᠣᠰᠢᠭᠤᠨ᠎ᠤ ᠭᠤᠷᠪᠠᠳᠤᠭᠠᠷ ᠬᠤᠭᠤᠴᠠᠭᠠᠨ᠎ᠤ ᠤᠯᠠᠮᠵᠢᠯᠠᠯᠲᠤ ᠨᠠᠭᠠᠳᠤᠮ 《ᠠᠮᠤᠷ ᠪᠠᠶᠠᠰᠬᠤᠯᠠᠩ》 ᠎ᠤᠨ ᠤᠷᠣᠯᠳᠤᠭᠠᠨ ᠵᠢᠴᠢ ᠨᠠᠭᠠᠳᠤᠮᠴᠢᠳ᠎ᠤᠨ ᠰᠠᠷ᠎ᠠ ᠰᠢᠨ᠎ᠡ᠎ᠶᠢᠨ ᠵᠣᠯᠭᠠᠯᠲᠠ ᠬᠥᠭᠵᠢᠶᠡᠨᠲᠡᠢ ᠶᠠᠪᠤᠭᠳᠠᠵᠤ᠂ 150 ᠭᠠᠷᠤᠢ ᠬᠥᠮᠥᠨ ᠣᠷᠣᠯᠴᠠᠵᠠᠶ᠃

 

ᠲᠠᠮᠢᠷ

✦ᠲᠤᠬᠠᠢ᠎ᠶᠢᠨ ᠭᠠᠵᠠᠷ᠎ᠤᠨ ᠴᠠᠭ᠎ᠢᠶᠠᠷ 6᠎ᠤ ᠡᠳᠦᠷ᠂ 2026 ᠣᠨ᠎ᠤ ᠮᠢᠯᠠᠨ — ᠺᠤᠷᠲ᠋ᠢᠨᠠ᠎ᠶᠢᠨ ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ ᠡᠬᠢᠯᠡᠵᠤ᠂ 10 ᠡᠳᠦᠷ᠎ᠦᠨ ᠬᠤᠭᠤᠴᠠᠭ᠎ᠠ᠎ᠲᠠᠢ ᠶᠠᠪᠤᠭᠳᠠᠬᠤ ᠪᠤᠯᠤᠨ᠎ᠠ᠃ ᠤᠷᠤᠯᠳᠤᠭᠠᠨ᠎ᠳᠦ ᠳᠡᠯᠡᠬᠡᠢ᠎ᠶᠢᠨ ᠡᠯ᠎ᠡ ᠭᠠᠵᠠᠷ᠎ᠤᠨ 600 ᠭᠠᠷᠤᠢ ᠲᠠᠮᠢᠷᠴᠢᠨ ᠥᠷᠢᠰᠦᠯᠳᠦᠨ᠎ᠠ᠃

✦ᠲᠤᠬᠠᠢ᠎ᠶᠢᠨ ᠭᠠᠵᠠᠷ᠎ᠤᠨ ᠴᠠᠭ᠎ᠢᠶᠠᠷ 3 ᠰᠠᠷ᠎ᠠ᠎ᠵᠢᠨ 6᠎ᠤ ᠡᠳᠦᠷ᠂ ᠠᠦ᠋ᠰᠲᠷᠠᠯᠢᠶ᠎ᠠ᠎ᠶᠢᠨ ᠰᠢᠳ᠋ᠨᠢ᠎ᠳᠤ ᠶᠠᠪᠤᠭᠳᠠᠭᠰᠠᠨ 2026 ᠣᠨ᠎ᠤ ᠡᠮᠡᠭᠲᠡᠢ᠎ᠶᠢᠨ ᠬᠥᠯ ᠪᠥᠮᠪᠥᠭᠡ᠎ᠶᠢᠨ ᠠᠽᠢᠶ᠎ᠠ ᠲᠢᠪ᠎ᠦᠨ ᠬᠤᠨᠳᠠᠭᠠᠲᠤ B ᠳᠤᠭᠤᠢᠯᠠᠩ᠎ᠤᠨ 2 ᠳ᠋ᠤᠭᠠᠷ ᠡᠭᠡᠯᠵᠢ᠎ᠵᠢᠨ ᠤᠷᠤᠯᠳᠤᠭᠠᠨ᠎ᠳᠦ᠂ ᠳᠤᠮᠳᠠᠳᠤ ᠤᠯᠤᠰ᠎ᠤᠨ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ 3᠄ 0᠎ᠢᠶᠠᠷ ᠦᠽᠪᠧᠺᠰᠲ᠋ᠠᠨ᠎ᠤ ᠡᠮᠡᠭᠲᠡᠢ᠎ᠶᠢᠨ ᠬᠥᠯ ᠪᠥᠮᠪᠥᠭᠡ᠎ᠶᠢᠨ ᠠᠩᠭᠢ᠎ᠶᠢ ᠢᠯᠠᠵᠤ᠂ ᠳᠤᠭᠤᠢᠯᠠᠩ᠎ᠤᠨ ᠤᠷᠤᠯᠳᠤᠭᠠᠨ᠎ᠤ ᠲᠡᠷᠢᠭᠦᠨ ᠪᠠᠢᠷᠢᠨ᠎ᠳᠦ ᠲᠤᠳᠤᠷᠠᠪᠠ᠃

✦2026 ᠣᠨ᠎ᠤ ᠬᠥᠯᠥᠨ ᠪᠣᠶ᠋ᠢᠷ ᠬᠣᠲᠠ᠎ᠶᠢᠨ ᠨᠠᠢ᠍ᠮᠠᠳᠤᠭᠠᠷ ᠬᠤᠭᠤᠴᠠᠭᠠᠨ᠎ᠤ ᠳᠣᠯᠢᠶᠠᠲᠤ ᠪᠥᠬᠡ᠎ᠶᠢᠨ ᠡᠭᠡᠯᠵᠢᠲᠦ ᠪᠠᠷᠢᠯᠳᠤᠭᠠᠨ᠎ᠤ ᠬᠠᠭᠤᠴᠢᠨ ᠪᠠᠷᠭᠤ ᠬᠣᠰᠢᠭᠤᠨ᠎ᠤ ᠬᠤᠪᠢᠶᠠᠷᠢ ᠲᠠᠯᠠᠪᠠᠢ ᠵᠢᠨ ᠪᠠᠷᠢᠯᠳᠤᠭᠠᠨ 3 ᠰᠠᠷ᠎ᠠ᠎ᠶᠢᠨ 6᠎ᠤ ᠡᠳᠦᠷ ᠬᠠᠭᠤᠴᠢᠨ ᠪᠠᠷᠭᠤ ᠬᠣᠰᠢᠭᠤᠨ᠎ᠳᠤ ᠨᠢᠵᠢᠭᠢᠷ ᠶᠠᠪᠤᠭᠳᠠᠵᠤ᠂ ᠡᠯ᠎ᠡ ᠠᠢᠮᠠᠭ ᠬᠤᠲᠠ᠎ᠵᠢᠨ 128 ᠬᠦᠴᠦᠲᠦ ᠪᠥᠬᠡ ᠵᠣᠳᠣᠭᠯᠠᠵᠤ᠂ ᠤᠷᠤᠯᠳᠤᠭᠠᠨ᠎ᠤ ᠡᠴᠦᠰ᠎ᠲᠤ ᠰᠢᠯᠢᠩᠬᠣᠲᠠ᠎ᠪᠡᠷ ᠨᠤᠲᠤᠭᠲᠠᠢ ᠮᠡᠷᠭᠡᠨᠪᠢᠯᠢᠭ ᠲᠦᠷᠦᠭᠦᠯᠡᠪᠡ᠃

 

ᠳᠡᠯᠡᠬᠡᠢ

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠶᠠᠫᠤᠨ᠎ᠤ ᠳᠤᠣᠺᠢᠤ᠋᠎ᠶᠢᠨ ᠴᠠᠬᠢᠯᠭᠠᠨ ᠬᠦᠴᠣᠠ᠎ᠤ ᠺᠣᠮᠫᠠᠨᠢ 3 ᠰᠠᠷ᠎ᠠ᠎ᠵᠢᠨ 6᠎ᠤ ᠦᠳᠡ᠎ᠶᠢᠨ ᠡᠮᠦᠨ᠎ᠡ ᠲᠠᠯᠠᠢ ᠲᠠᠩᠭᠢᠰ᠎ᠲᠤ ᠹᠦᠺᠤᠰᠢᠮᠠ᠎ᠶᠢᠨ ᠨᠢᠭᠡᠳᠦᠭᠡᠷ ᠴᠥᠮ᠎ᠡ᠎ᠶᠢᠨ ᠴᠠᠬᠢᠯᠭᠠᠨ ᠥᠷᠲᠡᠭᠡ᠎ᠵᠢᠨ ᠴᠥᠮ᠎ᠡ᠎ᠶᠢᠨ ᠪᠣᠬᠢᠷᠲᠤᠯ ᠤᠰᠤ᠎ᠶᠢ ᠭᠠᠳᠠᠭᠰᠢᠯᠠᠭᠤᠯᠵᠤ ᠡᠬᠢᠯᠡᠪᠡ᠃ ᠡᠨᠡ ᠪᠣᠯ ᠲᠣᠰ ᠺᠣᠮᠫᠠᠨᠢ᠎ᠶᠢᠨ 2025 ᠣᠨ᠎ᠤ ᠡᠳ᠋᠎ᠦᠨ ᠵᠠᠰᠠᠭ᠎ᠤᠨ ᠣᠨ (2025 ᠣᠨ᠎ᠤ 4 ᠰᠠᠷ᠎ᠠ᠎ᠠᠴᠠ 2026 ᠣᠨ᠎ᠤ 3 ᠰᠠᠷ᠎ᠠ ᠪᠣᠯᠲᠠᠯ᠎ᠠ) ᠳ᠋ᠦ 7 ᠳ᠋ᠤᠭᠠᠷ ᠤᠳᠠᠭ᠎ᠠ ᠴᠥᠮ᠎ᠡ᠎ᠶᠢᠨ ᠪᠣᠬᠢᠷᠲᠤᠯ᠎ᠲᠠᠢ ᠤᠰᠤ᠎ᠶᠢ ᠭᠠᠳᠠᠭᠰᠢᠯᠠᠭᠤᠯᠵᠤ ᠪᠠᠢᠭ᠎ᠠ ᠶᠠᠪᠤᠳᠠᠯ ᠪᠣᠯᠣᠨ᠎ᠠ᠃

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ 3 ᠰᠠᠷ᠎ᠠ᠎ᠵᠢᠨ 5᠎ᠤ ᠡᠳᠦᠷ ᠠᠮᠧᠷᠢᠺᠠ᠎ᠶᠢᠨ ᠨᠢᠭᠡᠨ ᠵᠣᠬᠢᠶᠠᠮᠠᠯ ᠣᠶᠤᠨ ᠴᠢᠳᠠᠪᠤᠷᠢ᠎ᠶᠢᠨ ᠰᠤᠳᠤᠯᠭᠠᠨ᠎ᠤ ᠲᠥᠪ ᠵᠣᠬᠢᠶᠠᠮᠠᠯ ᠣᠶᠤᠨ ᠴᠢᠳᠠᠪᠤᠷᠢ᠎ᠶᠢᠨ ᠵᠠᠭᠪᠤᠷ GPT - 5᠎ᠶᠢᠨ ᠲᠠᠰ ᠳᠡᠪᠰᠢᠭᠰᠡᠨ ᠬᠠᠮᠤᠭ᠎ᠤᠨ ᠰᠢᠨ᠎ᠡ ᠵᠠᠭᠪᠤᠷ GPT - 5.4 ᠎ᠶᠢ ᠨᠡᠢᠲᠡᠯᠡᠵᠦ᠂ ᠲᠡᠭᠦᠨ᠎ᠢ ᠣᠳᠣᠬᠠᠨ᠎ᠳᠤ ᠲᠤᠰᠬᠠᠢ ᠮᠡᠷᠭᠡᠵᠢᠯ᠎ᠦᠨ ᠠᠵᠢᠯ᠎ᠳᠤ ᠵᠣᠷᠢᠭᠤᠯᠤᠭᠰᠠᠨ ᠴᠢᠳᠠᠪᠤᠷᠢ ᠎ᠪᠠᠷ ᠬᠠᠮᠤᠭ᠎ᠤᠨ ᠴᠢᠩᠭ᠎ᠠ᠂ ᠦᠷ᠎ᠡ ᠪᠦᠲᠦᠮᠵᠢ᠎ᠪᠡᠷ ᠬᠠᠮᠤᠭ᠎ᠤᠨ ᠥᠨᠳᠥᠷ ᠵᠠᠭᠪᠤᠷ᠎ᠤᠨ ᠨᠢᠭᠡ ᠮᠥᠨ ᠭᠡᠵᠡᠢ᠃

✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠠᠮᠧᠷᠢᠺᠠ ᠪᠣᠯᠣᠨ ᠢᠰᠷᠧᠯ ᠦᠷᠭᠦᠯᠵᠢᠯᠡᠨ ᠢᠷᠠᠨ᠎ᠤ ᠤᠯᠠᠨ ᠭᠠᠵᠠᠷ᠎ᠲᠤ ᠠᠭᠠᠷ᠎ᠤᠨ ᠳᠠᠭᠠᠷᠢᠯᠲᠠ ᠶᠠᠪᠤᠭᠤᠯᠵᠠᠢ᠃ ᠢᠷᠠᠨ᠎ᠤ ᠨᠡᠢᠲᠡᠯᠡᠭᠰᠡᠨ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠠᠮᠧᠷᠢᠺᠠ ᠪᠠ ᠢᠰᠷᠧᠯ᠎ᠦᠨ ᠳᠠᠭᠠᠷᠢᠯᠲᠠ᠎ᠳᠤ 1332 ᠬᠥᠮᠥᠨ ᠠᠮᠢ᠎ᠪᠠᠨ ᠠᠯᠳᠠᠪᠠ᠃

 

ᠦᠢᠯᠡᠴᠢᠯᠡᠭᠡ

✦ᠤᠷᠠᠳ᠎ᠤᠨ ᠳᠤᠮᠳᠠᠳᠤ ᠬᠣᠰᠢᠭᠤ ᠨᠡᠢᠭᠡᠮ ᠨᠡᠶ᠋ᠢᠲᠡ᠎ᠡᠴᠡ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠶᠢᠨ ᠠᠵᠢᠯᠲᠠᠨ ᠡᠯᠰᠡᠵᠤ ᠪᠤᠢ᠃ 


ᠲᠠᠨ᠎ᠤ ᠲᠤᠰᠠ᠎ᠳᠤ

✦ᠮᠠᠨ᠎ᠤ ᠤᠯᠤᠰ᠎ᠤᠨ 《ᠡᠷᠡᠭᠦᠯ ᠮᠡᠨᠳᠦ᠎ᠶᠢᠨ ᠲᠣᠭ᠎ᠠ ᠪᠠᠷᠢᠮᠲᠠ᠎ᠶᠢᠨ ᠰᠢᠨᠵᠢᠯᠡᠬᠦ ᠤᠬᠠᠭᠠᠨ》 ᠰᠡᠳᠬᠦᠯ᠎ᠳᠦ ᠨᠡᠢᠲᠡᠯᠡᠭᠰᠡᠨ ᠨᠢᠭᠡᠨ ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠤᠨᠲᠠᠬᠤ ᠪᠤᠶᠤ ᠪᠣᠰᠬᠤ ᠴᠠᠭ 2 ᠴᠠᠭ ᠬᠤᠢᠰᠢᠯᠠᠬᠤ᠂ ᠡᠳᠦᠷᠵᠢᠨ ᠣᠷᠣᠨ ᠳᠡᠭᠡᠷ᠎ᠡ᠎ᠪᠡᠨ ᠬᠡᠪᠲᠡᠭᠡᠳ ᠬᠥᠳᠡᠯᠬᠦ ᠦᠭᠡᠢ ᠪᠠᠢᠬᠤ ᠨᠢ ᠫᠠᠺᠢᠨᠰᠤᠨ ᠡᠪᠡᠳᠴᠢᠨ᠂ 2 ᠬᠡᠯᠪᠡᠷᠢ᠎ᠶᠢᠨ ᠰᠢᠬᠢᠷ ᠰᠢᠵᠢᠩ ᠡᠪᠡᠳᠴᠢᠨ᠎ᠦ ᠡᠪᠡᠳᠴᠢᠨ ᠡᠭᠦᠰᠬᠦ ᠲᠦᠭᠰᠢᠭᠦᠷᠢ ᠢᠯᠡᠳᠲᠡ ᠳᠡᠭᠡᠭᠰᠢᠯᠡᠬᠦ᠎ᠲᠠᠢ ᠬᠣᠯᠪᠣᠭ᠎ᠠ᠎ᠲᠠᠢ᠃

ᠵᠠᠯᠭᠠᠭᠠᠳ 《ᠡᠵᠢ ᠨᠠᠷᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号