


ᠨᠡᠢᠭᠡᠮ
✦ 2026 ᠣᠨ᠎ᠤ ᠴᠠᠭᠠᠨ ᠰᠠᠷ᠎ᠠ᠎ᠶᠢᠨ
ᠠᠮᠠᠷᠠᠯᠲᠠ᠎ᠶᠢᠨ ᠬᠤᠭᠤᠴᠠᠭᠠᠨ᠎ᠳᠤ ᠪᠥᠬᠥ ᠤᠯᠤᠰ᠎ᠤᠨ ᠮᠦᠽᠧᠢ᠎ᠶᠢᠨ ᠭᠥᠯᠢᠶᠡᠨ ᠠᠪᠤᠭᠰᠠᠨ ᠦᠵᠡᠭᠴᠢᠳ 8951.12 ᠲᠦᠮᠡᠨ ᠬᠥᠮᠥᠨ ᠤᠳᠠᠭ᠎ᠠ᠎ᠳᠤ ᠬᠦᠷᠴᠦ᠂ 2025 ᠣᠨ᠎ᠤ ᠴᠠᠭᠠᠨ ᠰᠠᠷ᠎ᠠ᠎ᠶᠢᠨ ᠬᠤᠭᠤᠴᠠᠭᠠᠨ᠎ᠳᠠᠬᠢ ᠲᠣᠭᠣᠷᠢᠨ
ᠦᠵᠡᠭᠰᠡᠨ ᠬᠥᠮᠥᠨ᠎ᠦ ᠲᠣᠭ᠎ᠠ (7017.27 ᠲᠦᠮᠡᠨ
ᠬᠥᠮᠥᠨ ᠤᠳᠠᠭ᠎ᠠ) ᠡᠴᠠ 1933.85 ᠲᠦᠮᠡ
ᠨᠡᠮᠡᠭᠳᠡᠨ᠂ ᠠᠳᠠᠯᠢ ᠬᠤᠭᠤᠴᠠᠭᠠᠨ᠎ᠤ ᠬᠢ᠎ᠡᠴᠡ 27. 6% ᠪᠠᠷ ᠨᠡᠮᠡᠭᠳᠡᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
✦ ᠤᠢᠷ᠎ᠡ᠎ᠳᠦ 2026 ᠣᠨ᠎ᠤ
ᠴᠧᠨ ᠵᠢᠶᠠ ᠭᠧᠩ ᠰᠢᠨᠵᠢᠯᠡᠬᠦ ᠤᠬᠠᠭᠠᠨ᠎ᠤ ᠱᠠᠩᠨᠠᠯ᠎ᠤᠨ ᠰᠢᠯᠭᠠᠷᠠᠭᠤᠯᠤᠯᠲᠠ᠎ᠶᠢᠨ
ᠦᠷ᠎ᠡ ᠳ᠋ᠦᠩ᠎ᠢ ᠪᠡᠭᠡᠵᠢᠩ᠎ᠳᠦ ᠨᠡᠢᠲᠡᠯᠡᠪᠡ᠃ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ
ᠠᠺᠠᠳᠧᠮᠢᠴᠢ᠂ ᠤᠯᠤᠰ᠎ᠤᠨ ᠣᠳᠣᠨ ᠣᠷᠣᠨ᠎ᠤ ᠥᠷᠲᠡᠭᠡ᠎ᠶᠢᠨ ᠰᠤᠳᠤᠯᠤᠭ᠍ᠴᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ
ᠣᠳᠣᠨ ᠣᠷᠣᠨ ᠬᠢᠭᠡᠳ ᠹᠢᠽᠢᠺ ᠰᠤᠳᠤᠯᠬᠤ ᠬᠦᠷᠢᠶᠡᠯᠡᠩ᠎ᠦᠨ ᠳᠠᠷᠤᠭ᠎ᠠ ᠵᠣᠣ ᠭᠠᠩ᠎ᠤᠨ ᠬᠥᠲᠥᠯᠥᠨ ᠪᠡᠶᠡᠯᠡᠭᠦᠯᠦᠭᠰᠡᠨ
ᠲᠥᠷᠥᠯ ᠵᠦᠢᠯ 2026 ᠣᠨ᠎ᠤ ᠴᠧᠨ ᠵᠢᠶᠠ ᠭᠧᠩ ᠲᠣᠭ᠎ᠠ
ᠹᠢᠽᠢᠺ᠎ᠤᠨ ᠰᠢᠨᠵᠢᠯᠡᠬᠦ ᠤᠬᠠᠭᠠᠨ᠎ᠤ ᠱᠠᠩᠨᠠᠯ᠎ᠢ ᠭᠥᠷᠳᠡᠪᠡ᠃
✦ ᠤᠢᠷ᠎ᠠ᠎ᠵᠢᠨ ᠡᠳᠦᠷ ᠤᠯᠤᠰ᠎ᠤᠨ
ᠡᠮᠴᠢᠯᠡᠭᠡᠨ᠎ᠤ ᠪᠠᠲᠤᠯᠠᠭ᠎ᠠ᠎ᠵᠢᠨ ᠲᠣᠪᠴᠢᠶ᠎ᠠ ᠮᠡᠳᠡᠭᠡ ᠨᠡᠢᠲᠡᠯᠡᠵᠦ᠂ ᠠᠷᠪᠠᠨ ᠲᠠᠪᠤᠳᠤᠭᠠᠷ ᠲᠠᠪᠤᠨ ᠵᠢᠯ᠎ᠦᠨ
ᠲᠥᠯᠦᠪᠵᠢᠭᠦᠯᠭᠡ᠎ᠶᠢᠨ ᠬᠤᠭᠤᠴᠠᠭᠠᠨ᠎ᠳᠤ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠢ ᠲᠤᠷᠰᠢᠯᠲᠠ
ᠬᠢᠵᠦ ᠪᠠᠢᠭᠰᠠᠨ᠎ᠠᠴᠠ ᠪᠥᠬᠥ ᠲᠠᠯ᠎ᠠ᠎ᠶᠢᠨ ᠪᠠᠢᠭᠤᠯᠤᠮᠵᠢ᠎ᠶᠢᠨ ᠳᠦᠷᠢᠮ ᠪᠣᠯᠭᠠᠬᠤ ᠪᠣᠯᠣᠨ᠎ᠠ ᠭᠡᠪᠡ᠃ 2026 ᠣᠨ᠎ᠤ 2 ᠰᠠᠷ᠎ᠠ ᠪᠣᠯᠲᠠᠯ᠎ᠠ᠂ ᠪᠥᠬᠥ ᠤᠯᠤᠰ᠎ᠤᠨ 49 ᠬᠣᠲᠠ᠎ᠶᠢ ᠤᠯᠤᠰ᠎ᠤᠨ ᠲᠠᠰ᠎ᠤᠨ ᠲᠤᠷᠰᠢᠯᠲᠠ᠎ᠶᠢᠨ ᠬᠣᠲᠠ ᠪᠣᠯᠭᠠᠵᠤ
ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠲᠤᠷᠰᠢᠯᠲᠠ ᠬᠢᠵᠦ ᠥᠩᠭᠡᠷᠡᠵᠡᠢ᠂ ᠡᠭᠦᠨ᠎ᠳᠦ ᠮᠠᠨ᠎ᠤ
ᠤᠷᠤᠨ᠎ᠤ ᠬᠥᠬᠡᠬᠣᠲᠠ ᠪᠠᠭᠲᠠᠨ᠎ᠠ᠃
✦ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠰᠦᠯᠵᠢᠶᠡᠨ
ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ᠎ᠶᠢᠨ 12᠎ᠤᠨ ᠡᠳᠦᠷ᠎ᠡᠴᠡ 26᠎ᠤ ᠡᠳᠦᠷ ᠪᠣᠯᠲᠠᠯ᠎ᠠ ᠶᠠᠪᠤᠭᠳᠠᠨ᠎ᠠ᠃
✦ 3 ᠰᠠᠷ᠎ᠠ᠎ᠶᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠠᠪᠤᠷ᠎ᠤᠨ ᠲᠠᠷᠢᠶᠠᠯᠠᠭ᠎ᠠ᠎ᠶᠢᠨ ᠠᠵᠢᠯ ᠪᠠᠷᠠᠭᠤᠨ᠎ᠠᠴᠠ ᠵᠡᠭᠦᠨᠰᠢ ᠪᠥᠬᠥ ᠲᠠᠯ᠎ᠠ᠎ᠪᠠᠷ ᠡᠬᠢᠯᠡᠵᠡᠢ᠃
✦ ᠤᠷᠳᠤᠰ ᠬᠤᠲᠠ᠎ᠵᠢᠨ ᠬᠠᠩᠭᠢᠨ ᠬᠣᠰᠢᠭᠤ 3 ᠰᠠᠷ᠎ᠠ᠎ᠶᠢᠨ 1᠎ᠤ ᠡᠳᠦᠷ᠎ᠡᠴᠡ ᠡᠬᠢᠯᠡᠨ 100 ᠲᠦᠮᠡᠨ ᠲᠥᠭᠥᠷᠢᠭ᠎ᠦᠨ ᠮᠠᠰᠢᠨ ᠲᠡᠷᠭᠡᠨ᠎ᠦ ᠬᠡᠷᠡᠭᠯᠡᠭᠡᠨ᠎ᠦ
ᠨᠥᠬᠥᠪᠦᠷᠢ ᠲᠠᠷᠬᠠᠭᠠᠵᠤ᠂ 3 ᠰᠠᠷ᠎ᠠ᠎ᠶᠢᠨ 31᠎ᠤ ᠡᠳᠦᠷ ᠪᠣᠯᠲᠠᠯ᠎ᠠ ᠲᠠᠷᠬᠠᠭᠠᠬᠤ᠎ᠪᠡᠷ ᠪᠤᠢ᠃ ᠮᠠᠰᠢᠨ ᠲᠡᠷᠭᠡᠨ᠎ᠦ
ᠦᠨ᠎ᠡ ᠨᠢ 20 ᠲᠦᠮᠡᠨ ᠲᠥᠭᠥᠷᠢᠭ᠎ᠢ ᠳᠠᠪᠠᠪᠠᠯ 5000 ᠲᠥᠭᠥᠷᠢᠭ᠂ 10 ᠲᠦᠮᠡᠨ ᠲᠥᠭᠥᠷᠢᠭ᠎ᠢ ᠳᠠᠪᠠᠪᠠᠯ 4000 ᠲᠥᠭᠥᠷᠢᠭ᠂ 10 ᠲᠦᠮᠡᠨ ᠲᠥᠭᠥᠷᠢᠭ ᠬᠦᠷᠬᠦ ᠦᠭᠡᠢ ᠪᠠᠢᠪᠠᠯ 2500 ᠲᠥᠭᠥᠷᠢᠭ᠎ᠦᠨ ᠨᠥᠬᠥᠪᠦᠷᠢ ᠣᠯᠭᠣᠨ᠎ᠠ᠃
✦ ᠤᠢᠷ᠎ᠠ᠎ᠳᠦ 2026 ᠣᠨ᠎ᠤ ᠬᠠᠪᠤᠷ᠎ᠤᠨ ᠤᠯᠠᠷᠢᠯ᠎ᠤᠨ ᠠᠵᠢᠯᠲᠠᠨ ᠡᠯᠰᠡᠬᠦ ᠠᠵᠢᠯᠯᠠᠭ᠎ᠠ
ᠪᠠᠶᠠᠨᠨᠠᠭᠤᠷ ᠬᠤᠲᠠ᠎ᠵᠢᠨ ᠯᠢᠨᠾᠧ ᠲᠣᠭᠣᠷᠢᠭ᠋᠎ᠲᠦ ᠶᠠᠪᠤᠭᠳᠠᠪᠠ᠃ ᠠᠵᠢᠯᠯᠠᠭ᠎ᠠ ᠨᠢ ᠶᠡᠬᠡ ᠳᠡᠭᠡᠳᠦ ᠰᠤᠷᠭᠠᠭᠤᠯᠢ᠎ᠡᠴᠡ
ᠲᠡᠭᠦᠰᠦᠭᠰᠡᠨ ᠰᠤᠷᠤᠭ᠍ᠴᠢᠳ᠂ ᠴᠡᠷᠢᠭ᠎ᠡᠴᠡ ᠬᠠᠯᠠᠭᠳᠠᠭᠰᠠᠳ᠂ ᠬᠤᠲᠠ᠎ᠳᠤ ᠣᠷᠣᠵᠤ ᠠᠵᠢᠯ ᠬᠥᠳᠡᠯᠮᠦᠷᠢ ᠬᠢᠵᠦ ᠪᠠᠢᠭ᠎ᠠ ᠬᠥᠮᠥᠰ᠂ ᠠᠵᠢᠯ ᠣᠯᠬᠤ᠎ᠳᠤ
ᠬᠦᠴᠢᠷᠲᠡᠢ ᠬᠥᠮᠥᠰ᠂ ᠨᠤᠲᠤᠭ᠎ᠲᠠᠭᠠᠨ ᠪᠤᠴᠠᠭᠰᠠᠨ ᠬᠥᠯᠥᠰᠦᠨ ᠠᠵᠢᠯᠴᠢᠨ᠎ᠳᠤ ᠬᠠᠨᠳᠤᠭᠤᠯᠵᠤ᠂ ᠨᠡᠶ᠋ᠢᠲᠡ 1900 ᠭᠠᠷᠤᠢ ᠠᠵᠢᠯ ᠡᠷᠢᠭᠰᠡᠳ᠎ᠲᠦ ᠦᠢᠯᠡᠴᠢᠯᠡᠵᠡᠢ᠃
✦ ᠲᠦᠷᠦᠭᠦᠬᠡᠨ ᠰᠢᠯᠢ᠎ᠶᠢᠨ ᠭᠣᠣᠯ ᠠᠢᠮᠠᠭ᠎ᠤᠨ
ᠣᠶ ᠰᠢᠭᠤᠢ ᠪᠠ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ᠎ᠶᠢ ᠵᠢᠯᠤᠭᠣᠳᠬᠤ ᠭᠠᠵᠠᠷ ᠮᠡᠳᠡᠭᠳᠡᠯ
ᠨᠡᠢᠲᠡᠯᠡᠵᠦ᠂ 3 ᠰᠠᠷ᠎ᠠ᠎ᠶᠢᠨ 5᠎ᠤ ᠡᠳᠦᠷ᠎ᠡᠴᠡ ᠡᠬᠢᠯᠡᠨ ᠰᠢᠯᠢ᠎ᠶᠢᠨ ᠭᠣᠣᠯ ᠠᠢᠮᠠᠭ ᠬᠠᠪᠤᠷ᠎ᠤᠨ
ᠤᠯᠠᠷᠢᠯ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠬᠤᠭᠤᠴᠠᠭᠠᠨ᠎ᠳᠤ ᠪᠥᠬᠥ ᠲᠠᠯ᠎ᠠ᠎ᠪᠠᠷ
ᠣᠷᠣᠵᠤ᠂ ᠭᠠᠯ᠎ᠢ ᠴᠢᠩᠭ᠎ᠠ ᠰᠡᠷᠭᠡᠢᠯᠡᠵᠦ ᠵᠠᠬᠢᠷᠤᠨ ᠬᠠᠮᠢᠶᠠᠷᠬᠤ ᠠᠵᠢᠯ ᠨᠢ 3 ᠰᠠᠷ᠎ᠠ᠎ᠵᠢᠨ 15᠎ᠤ ᠡᠳᠦᠷ ᠪᠣᠯᠲᠠᠯ᠎ᠠ ᠶᠠᠪᠤᠭᠳᠠᠵᠤ᠂ ᠥᠩᠭᠡᠷᠡᠭᠰᠡᠨ ᠵᠢᠯ᠎ᠦᠨ
ᠬᠢ᠎ᠡᠴᠡ 10 ᠡᠳᠦᠷ ᠤᠷᠢᠳᠴᠢᠯᠠᠵᠠᠢ᠃
✦ 3 ᠰᠠᠷ᠎ᠠ᠎ᠶᠢᠨ 5᠎ᠤ ᠡᠳᠦᠷ᠂ ᠠᠯᠠᠱᠠ ᠵᠡᠭᠦᠨ ᠬᠣᠰᠢᠭᠤᠨ᠎ᠤ
ᠣᠯᠨᠨᠪᠤᠯᠠᠭ ᠪᠠᠯᠭᠠᠰᠤᠨ᠎ᠤ ᠳᠥᠬᠥᠮ ᠭᠠᠴᠠᠭᠠᠨ᠎ᠤ ᠮᠠᠯᠴᠢᠨ ᠪᠦᠷᠢᠨᠲᠡᠭᠦᠰ ᠠᠯᠠᠱᠠ ᠠᠢᠮᠠᠭ᠎ᠤᠨ ᠨᠣᠮ᠎ᠤᠨ ᠰᠠᠩ᠎ᠳᠤ
ᠠᠬᠠᠮᠠᠳ ᠺᠠᠳ᠋ᠷ ᠤᠯᠠᠮᠰᠠᠢᠨᠤ ᠪᠢᠴᠢᠭᠰᠡᠨ 《ᠶᠡᠬᠡ ᠡᠯᠡᠰᠦᠨ᠎ᠦ ᠭᠦᠨ᠎ᠳᠡᠬᠢ ᠫᠤᠤ᠎ᠶᠢᠨ ᠳᠠᠭᠤᠨ》 ᠭᠡᠬᠦ ᠶᠢᠰᠦᠨ ᠳᠡᠪᠲᠡᠷ ᠨᠣᠮ ᠪᠣᠯᠣᠨ ᠨᠠᠷᠠᠲᠤ ᠤᠷᠠᠨ ᠪᠢᠴᠢᠯᠭᠡᠲᠡᠨ
ᠽᠠᠨᠳᠠᠷ᠎ᠠ᠎ᠶᠢᠨ ᠨᠠᠢᠷᠠᠭᠤᠯᠤᠭᠰᠠᠨ 《ᠠᠯᠠᠱᠠ ᠮᠣᠩᠭᠣᠯ ᠤᠷᠠᠨ ᠪᠢᠴᠢᠯᠭᠡ》 ᠭᠡᠬᠦ ᠤᠷᠠᠨ ᠪᠢᠴᠢᠯᠭᠡ᠎ᠶᠢᠨ ᠨᠣᠮ᠎ᠢ ᠬᠠᠨᠳᠢᠪᠯᠡᠪᠠ᠃
ᠠᠵᠤ ᠠᠬᠤᠢ
✦ 2 ᠰᠠᠷ᠎ᠠ᠎ᠶᠢᠨ 23᠎ᠤ ᠡᠳᠦᠷ ᠪᠣᠯᠲᠠᠯ᠎ᠠ ᠬᠥᠬᠡᠬᠣᠲᠠ᠎ᠶᠢᠨ
《ᠬᠠᠭᠤᠴᠢᠨ᠎ᠢᠶᠠᠷ ᠰᠢᠨ᠎ᠡ᠎ᠶᠢ ᠰᠣᠯᠢᠬᠤ》 ᠠᠵᠢᠯᠯᠠᠭ᠎ᠠ 12 ᠳ᠋ᠦᠩᠰᠢᠭᠤᠷ ᠲᠥᠭᠥᠷᠢᠭ᠎ᠦᠨ ᠪᠣᠷᠤᠯᠠᠭᠤᠯᠭ᠎ᠠ᠎ᠶᠢᠨ ᠬᠡᠮᠵᠢᠶ᠎ᠡ᠎ᠶᠢ
ᠳᠠᠢᠴᠢᠯᠠᠭᠰᠠᠨ ᠪᠠᠢᠨ᠎ᠠ᠃ ᠣᠳᠣᠬᠠᠨ᠎ᠳᠦ ᠬᠥᠬᠡᠬᠣᠲᠠ᠎ᠶᠢᠨ ᠮᠠᠰᠢᠨ ᠲᠡᠷᠭᠡᠨ᠎ᠦ ᠬᠠᠭᠤᠴᠢᠨ᠎ᠢᠶᠠᠷ ᠰᠢᠨ᠎ᠡ
ᠶᠢ ᠰᠣᠯᠢᠬᠤ ᠪᠠᠷ ᠡᠷᠡᠮᠡᠯᠵᠡᠯᠡᠭᠰᠡᠨ ᠬᠡᠮᠵᠢᠶ᠎ᠡ 5200᠎ᠶᠢ ᠳᠠᠪᠠᠵᠤ᠂ ᠬᠡᠷᠡᠭᠯᠡᠭᠡ ᠶᠢ ᠳᠠᠢᠴᠢᠯᠠᠭᠰᠠᠨ
ᠬᠡᠮᠵᠢᠶ᠎ᠡ 9 ᠳ᠋ᠦᠩᠰᠢᠭᠤᠷ ᠲᠥᠭᠥᠷᠢᠭ᠎ᠲᠦ ᠬᠦᠷᠴᠡᠢ᠃
ᠰᠣᠶᠣᠯ
✦ 3 ᠰᠠᠷ᠎ᠠ᠎ᠶᠢᠨ 5᠎ᠤ ᠡᠳᠦᠷ᠂ 116᠎ᠳᠡᠬᠢ ᠳᠡᠯᠡᠬᠡᠢ᠎ᠶᠢᠨ ᠡᠮᠡᠭᠲᠡᠢᠴᠦᠳ᠎ᠤᠨ
ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ᠎ᠳᠤ᠂ ᠤᠯᠠᠭᠠᠨᠬᠠᠳᠠ ᠬᠤᠲᠠ᠎ᠵᠢᠨ ᠠᠷᠤ ᠬᠣᠷᠴᠢᠨ ᠬᠣᠰᠢᠭᠤᠨ᠎ᠤ ᠱᠤᠣ
ᠪᠠᠯᠭᠠᠰᠤᠨ᠎ᠤ ᠡᠮᠡᠭᠲᠡᠢᠴᠦᠳ᠎ᠤᠨ ᠬᠣᠯᠪᠤᠭ᠎ᠠ 《ᠦᠨᠡᠨᠴᠢ ᠪᠠᠷ ᠨᠠᠮ᠎ᠢᠶᠠᠨ ᠳᠠᠭᠠᠵᠤ ᠪᠣᠳᠠᠲᠤ ᠠᠵᠢᠯᠯᠠᠭ᠎ᠠ᠎ᠪᠠᠷ
ᠰᠢᠨ᠎ᠡ ᠪᠠᠢᠳᠠᠯ᠎ᠢ ᠡᠭᠦᠳᠬᠦ》 ᠰᠢᠨ᠎ᠡ ᠵᠢᠯ᠎ᠤᠨ ᠨᠣᠮ ᠤᠩᠰᠢᠬᠤ ᠠᠵᠢᠯᠯᠠᠭ᠎ᠠ ᠥᠷᠨᠢᠭᠦᠯᠪᠡ᠃
ᠲᠠᠮᠢᠷ
✦ 5᠎ᠤ ᠡᠳᠦᠷ᠂ ᠳᠤᠮᠳᠠᠳᠤ ᠤᠯᠤᠰ᠎ᠤᠨ ᠪᠡᠶ᠎ᠡ᠎ᠶᠢᠨ
ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ ᠮᠡᠳᠡᠭᠡ ᠨᠡᠢᠲᠡᠯᠡᠵᠦ᠂ ᠡᠮᠡᠭᠲᠡᠢ᠎ᠶᠢᠨ ᠥᠨᠳᠥᠷ ᠠᠭᠤᠯᠠ᠎ᠶᠢᠨ ᠴᠠᠨᠠᠯᠡᠯᠲᠡᠵᠢᠨ
ᠲᠠᠮᠢᠷᠴᠢᠨ ᠯᠢᠦ ᠰᠧ ᠲᠦᠩ ᠪᠣᠯᠣᠨ ᠡᠷᠡᠭᠲᠡᠢ᠎ᠶᠢᠨ ᠲᠠᠩ ᠬᠠᠪᠲᠠᠰᠤᠲᠤ ᠴᠠᠨᠡᠯᠡᠯᠲᠡᠵᠢᠨ ᠲᠠᠮᠢᠷᠴᠢᠨ ᠵᠢᠢ ᠯᠢ
ᠵᠢᠶᠠ᠎ᠶᠢ 2026 ᠣᠨ᠎ᠤ ᠮᠢᠯᠠᠨ — ᠺᠤᠷᠲ᠋ᠢᠨᠠ᠎ᠶᠢᠨ ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ
ᠲᠠᠮᠢᠷ᠎ᠤᠨ ᠴᠤᠭᠯᠠᠭᠠᠨ᠎ᠤ ᠡᠬᠢᠯᠡᠯᠲᠡ᠎ᠶᠢᠨ ᠶᠣᠰᠣᠯᠠᠯ᠎ᠳᠡᠬᠢ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ
ᠲᠥᠯᠥᠭᠡᠯᠡᠭᠴᠢᠳ᠎ᠦᠨ ᠪᠦᠯᠬᠦᠮ᠎ᠦᠨ ᠲᠤᠭ᠍ᠴᠢ ᠪᠤᠯᠭᠠᠬᠤ᠎ᠪᠡᠷ ᠲᠤᠭᠲᠠᠪᠠ᠃
✦ ᠲᠤᠬᠠᠢ᠎ᠶᠢᠨ ᠭᠠᠵᠠᠷ᠎ᠤᠨ ᠴᠠᠭ᠎ᠢᠶᠠᠷ 3᠎ᠤ ᠡᠳᠦᠷ ᠳ᠋ᠠᠨᠮᠠᠷᠺ᠎ᠲᠦ ᠶᠠᠪᠤᠭᠳᠠᠭᠰᠠᠨ 2025 — 2026 ᠣᠨ᠎ᠤ ᠤᠷᠤᠯᠳᠤᠭᠠᠨ᠎ᠤ ᠤᠯᠠᠷᠢᠯ᠎ᠤᠨ ᠳᠡᠯᠡᠬᠡᠢ᠎ᠶᠢᠨ ᠵᠠᠯᠠᠭᠤᠴᠤᠳ᠎ᠤᠨ ᠮᠥᠰᠥᠨ ᠳᠡᠪᠦᠷ᠎ᠡ᠎ᠶᠢᠨ
ᠮᠠᠩᠯᠠᠢ ᠰᠢᠯᠭᠠᠷᠠᠭᠤᠯᠬᠤ ᠤᠷᠤᠯᠳᠤᠭᠠᠨ᠎ᠤ A ᠳᠤᠭᠤᠢᠯᠠᠩ᠎ᠤᠨ ᠤᠷᠤᠯᠳᠤᠭᠠᠨ᠎ᠳᠤ ᠳᠤᠮᠳᠠᠳᠤ ᠤᠯᠤᠰ᠎ᠤᠨ ᠮᠥᠰᠥᠨ ᠳᠡᠪᠦᠷ᠎ᠡ᠎ᠶᠢᠨ ᠡᠮᠡᠭᠲᠡᠢ᠎ᠶᠢᠨ
ᠵᠠᠯᠠᠭᠤᠴᠤᠳ᠎ᠤᠨ ᠠᠩᠭᠢ 11᠄ 4᠎ᠪᠠᠷ ᠠᠮᠧᠷᠢᠺᠠ᠎ᠶᠢᠨ ᠠᠩᠭᠢ᠎ᠶᠢ ᠢᠯᠠᠵᠤ ᠬᠦᠷᠡᠯ ᠮᠧᠳᠠᠯ ᠬᠦᠷᠲᠡᠵᠡᠢ᠃
ᠳᠡᠯᠡᠬᠡᠢ
✦ ᠣᠢᠷ᠎ᠠ᠎ᠳᠤ
ᠠᠮᠧᠷᠢᠺᠠ ᠪᠠ ᠢᠰᠷᠧᠯ᠎ᠦᠨ ᠢᠷᠠᠨ᠎ᠳᠤ ᠴᠡᠷᠢᠭ᠎ᠦᠨ ᠶᠠᠪᠤᠳᠠᠯ᠎ᠤᠨ ᠴᠣᠬᠢᠯᠲᠠ ᠥᠭᠭᠦᠭᠰᠡᠨ ᠨᠥᠯᠥᠭᠡ᠎ᠪᠡᠷ ᠳᠤᠮᠳᠠᠳᠤ
ᠳᠣᠷᠣᠨᠠᠲᠤ ᠣᠷᠣᠨ᠎ᠤ ᠣᠯᠠᠨ ᠤᠯᠤᠰ᠎ᠤᠨ ᠡᠭᠡᠯᠵᠢ᠎ᠶᠢᠨ ᠨᠢᠰᠬᠡᠯ᠎ᠦᠨ ᠠᠶᠠᠯᠠᠯ ᠬᠦᠨᠳᠦ ᠨᠣᠴᠢᠲᠠᠢ ᠨᠥᠯᠥᠭᠡᠯᠡᠭᠳᠡᠵᠡᠢ᠃
ᠠᠮᠤᠷ ᠲᠦᠪᠰᠢᠨ᠎ᠦ ᠦᠨᠡᠯᠡᠯᠲᠡ᠎ᠶᠢᠨ ᠰᠠᠭᠤᠷᠢᠨ ᠳᠡᠭᠡᠷ᠎ᠡ᠂ ᠮᠠᠨ᠎ᠤ ᠤᠯᠤᠰ᠎ᠤᠨ ᠠᠭᠠᠷ᠎ᠤᠨ ᠠᠶᠠᠯᠠᠯ᠎ᠤᠨ ᠺᠣᠮᠫᠠᠨᠢ
ᠣᠳᠣᠬᠠᠨ᠎ᠳᠤ ᠮᠠᠨ᠎ᠤ ᠤᠯᠤᠰ᠎ᠠᠴᠠ ᠳᠤᠮᠳᠠᠳᠤ ᠳᠣᠷᠣᠨᠠᠲᠤ ᠣᠷᠣᠨ᠎ᠳᠤ ᠬᠦᠷᠬᠦ ᠬᠡᠰᠡᠭ ᠡᠭᠡᠯᠵᠢ᠎ᠶᠢᠨ ᠨᠢᠰᠬᠡᠯ᠎ᠢ
ᠰᠡᠷᠭᠦᠭᠡᠭᠰᠡᠨ ᠪᠠᠢᠨ᠎ᠠ᠃
✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠢᠰᠷᠧᠯ᠎ᠦᠨ ᠵᠠᠮ ᠬᠠᠷᠢᠯᠴᠠᠭᠠᠨ᠎ᠤ
ᠶᠠᠮᠤᠨ᠎ᠤ ᠰᠠᠢᠳ ᠮᠡᠳᠡᠭᠡ ᠨᠡᠢᠲᠡᠯᠡᠵᠦ᠂ ᠢᠰᠷᠧᠯ 8᠎ᠤ ᠡᠳᠦᠷ ᠲᠤᠰ ᠤᠯᠤᠰ᠎ᠤᠨ ᠬᠠᠷᠢᠶᠠᠨ᠎ᠳᠡᠬᠢ
ᠠᠭᠠᠷ᠎ᠤᠨ ᠠᠶᠠᠯᠠᠯ᠎ᠢ ᠳᠠᠬᠢᠨ ᠨᠡᠭᠡᠭᠡᠵᠦ᠂ ᠬᠢᠯᠢ᠎ᠡᠴᠡ ᠭᠠᠷᠬᠤ ᠡᠭᠡᠯᠵᠢ᠎ᠶᠢᠨ ᠨᠢᠰᠬᠡᠯ᠎ᠦᠨ ᠨᠡᠪᠲᠡᠷᠡᠬᠦ᠎ᠶᠢ
ᠵᠥᠪᠰᠢᠶᠡᠷᠡᠨ᠎ᠡ ᠭᠡᠪᠡ᠃
ᠦᠢᠯᠡᠴᠢᠯᠡᠭᠡ
✦ ᠬᠥᠬᠡᠬᠣᠲᠠ᠎ᠶᠢᠨ
ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠠᠵᠢᠯᠲᠠᠨ ᠡᠯᠰᠡᠬᠦ᠎ᠪᠡᠷ ᠪᠤᠢ᠃
ᠲᠠᠨ᠎ᠤ ᠲᠤᠰᠠ᠎ᠳᠤ
✦ ᠶᠠᠭᠤ᠎ᠶᠢ ᠳᠣᠣᠷ᠎ᠠ GI ᠢᠳᠡᠭᠡᠨ
ᠭᠡᠬᠦ ᠪᠣᠢ᠂ ᠰᠣᠩᠭᠣᠵᠤ ᠬᠤᠳᠠᠯᠳᠤᠨ ᠠᠪᠬᠤ ᠦᠶ᠎ᠡ᠎ᠳᠦ ᠠᠩᠬᠠᠷᠬᠤ ᠵᠦᠢᠯ᠄
1. GI — ᠳᠠᠷᠤᠢ ᠴᠢᠰᠤᠨ ᠰᠢᠬᠢᠷ ᠡᠭᠦᠰᠬᠦ ᠵᠢᠭᠠᠯᠲᠠ ᠲᠣᠭ᠎ᠠ᠂ ᠢᠳᠡᠭᠡᠨ ᠢᠳᠡᠭᠰᠡᠨᠦ ᠳᠠᠷᠠᠭ᠎ᠠ
ᠴᠢᠰᠤᠨ ᠰᠢᠬᠢᠷ ᠥᠨᠳᠥᠷᠵᠢᠬᠦ ᠬᠤᠷᠳᠤᠴᠠ ᠪᠠ ᠬᠡᠮᠵᠢᠶ᠎ᠡ᠎ᠶᠢ ᠬᠡᠮᠵᠢᠬᠦ ᠭᠦᠢᠴᠡᠳᠬᠡᠯ ᠲᠣᠭ᠎ᠠ ᠪᠣᠯᠣᠨ᠎ᠠ᠃ ᠳᠣᠣᠷ᠎ᠠ
GI ᠢᠳᠡᠭᠡᠨ ᠭᠡᠳᠡᠭ ᠨᠢ ᠶᠡᠷᠦ᠎ᠳᠡᠭᠡᠨ GI ᠬᠡᠮᠵᠢᠭᠳᠡᠯ
ᠨᠢ 55᠎ᠠᠴᠠ ᠳᠣᠣᠷ᠎ᠠ ᠢᠳᠡᠭᠡᠨ᠎ᠢ ᠵᠢᠭᠠᠵᠤ ᠪᠠᠢᠨ᠎ᠠ᠂ ᠡᠨᠡ
ᠲᠥᠷᠥᠯ᠎ᠦᠨ ᠢᠳᠡᠭᠡᠨ᠎ᠢ ᠰᠢᠩᠭᠡᠭᠡᠬᠦ ᠳ᠋ᠦ ᠤᠳᠠᠭᠠᠨ᠂ ᠴᠢᠰᠤᠨ ᠰᠢᠬᠢᠷ᠎ᠦᠨ ᠲᠣᠭᠲᠠᠭᠤᠨ ᠪᠠᠢᠬᠤ᠎ᠶᠢ ᠪᠠᠲᠤᠯᠠᠬᠤ᠎ᠳᠤ
ᠠᠰᠢᠭ᠍ᠲᠠᠢ᠃
2. ᠢᠳᠡᠭᠡᠨ
ᠢ ᠰᠣᠩᠭᠣᠵᠤ ᠬᠤᠳᠠᠯᠳᠤᠨ ᠠᠪᠬᠤ᠎ᠳᠠᠭᠠᠨ ᠨᠠᠢᠷᠠᠯᠭ᠎ᠠ᠎ᠶᠢᠨ ᠬᠦᠰᠦᠨᠦᠭᠲᠦ᠎ᠶᠢ ᠢᠯᠡᠭᠦᠬᠡᠨ ᠠᠩᠬᠠᠷᠴᠤ᠂ ᠰᠢᠬᠢᠷ᠂
ᠰᠢᠷ᠎ᠠ ᠲᠣᠰᠣ᠌ ᠵᠡᠷᠭᠡ ᠪᠦᠷᠢᠯᠳᠦᠭᠦᠨ᠎ᠲᠠᠢ ᠪᠦᠲᠦᠭᠡᠭᠳᠡᠬᠦᠨ᠎ᠡᠴᠡ ᠠᠯᠢ ᠴᠢᠳᠠᠬᠤ᠎ᠪᠠᠷ ᠵᠠᠢᠯᠠᠰᠬᠢᠪᠡᠯ
ᠵᠤᠬᠢᠨ᠎ᠠ᠃ ᠡᠭᠦᠨ᠎ᠦ ᠬᠠᠮᠲᠤ ᠰᠢᠮ᠎ᠡ ᠲᠡᠵᠢᠭᠡᠯ᠎ᠦᠨ ᠪᠦᠷᠢᠯᠳᠦᠭᠦᠨ᠎ᠦ ᠬᠦᠰᠦᠨᠦᠭᠲᠦ᠎ᠶᠢ ᠠᠩᠬᠠᠷᠴᠤ᠂ ᠥᠭᠡᠬᠦ
ᠪᠠ ᠨᠠᠲᠷᠢ᠎ᠶᠢᠨ ᠠᠭᠤᠯᠤᠭᠳᠠᠴᠠ ᠬᠡᠲᠦ ᠥᠨᠳᠥᠷ ᠢᠳᠡᠭᠡᠨ᠎ᠡᠴᠡ ᠵᠠᠢᠯᠠᠰᠬᠢᠵᠤ᠂ ᠢᠳᠡᠭᠡᠨ᠎ᠦ ᠰᠢᠮ᠎ᠡ ᠲᠡᠵᠢᠭᠡᠯ᠎ᠦᠨ
ᠠᠭᠤᠯᠤᠭᠳᠠᠴᠠ᠎ᠶᠢ ᠠᠩᠬᠠᠷᠪᠠᠯ ᠵᠤᠬᠢᠨ᠎ᠠ᠃
ᠵᠠᠯᠭᠠᠭᠠᠳ 《ᠬᠥᠬᠡ
ᠰᠢᠯᠢ᠎ᠵᠢᠨ ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ
ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)