


ᠬᠣᠶᠠᠷ ᠬᠤᠷᠠᠯ᠎ᠤᠨ ᠲᠤᠰᠭᠠᠢ ᠮᠡᠳᠡᠭᠡᠯᠡᠯ
✦ 3 ᠰᠠᠷ᠎ᠠ᠎ᠶᠢᠨ 6 ᠤ᠋ ᠡᠳᠦᠷ᠂
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠦᠨ ᠲᠥᠯᠥᠭᠡᠯᠡᠭᠴᠢᠳ᠎ᠦᠨ ᠶᠡᠬᠡ ᠬᠤᠷᠠᠯ᠎ᠤᠨ
ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ
ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ
ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ
ᠰᠠᠭᠤᠭ᠎ᠠ ᠭᠠᠵᠠᠷ᠎ᠲᠤ ᠪᠦᠬᠦ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠦ ᠣᠷᠣᠯᠴᠠᠭᠰᠠᠨ ᠥᠪᠡᠷᠲᠡᠭᠡᠨ ᠵᠠᠰᠠᠬᠤ
ᠣᠷᠣᠨ᠎ᠤ ᠵᠠᠭᠤᠴᠢᠯᠠᠭᠤᠷ᠎ᠤᠨ ᠰᠤᠷᠪᠤᠯᠵᠢᠯᠠᠭ᠍ᠴᠢᠳᠢ ᠡᠷᠭᠢᠨ ᠦᠵᠡᠵᠦ ᠲᠣᠬᠣᠨᠢᠭᠤᠯᠪᠠ᠃
✦ 3 ᠰᠠᠷ᠎ᠠ᠎ᠶᠢᠨ 7᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠦᠨ ᠲᠥᠯᠥᠭᠡᠯᠡᠭᠴᠢᠳ᠎ᠦᠨ
ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠰᠠᠭᠤᠭ᠎ᠠ
ᠭᠠᠵᠠᠷ᠎ᠲᠠᠭᠠᠨ ᠲᠥᠯᠥᠭᠡᠯᠡᠭᠴᠢᠳ᠎ᠦᠨ ᠳᠤᠭᠤᠢᠯᠠᠩ ᠬᠤᠪᠢᠶᠠᠭᠰᠠᠨ ᠬᠤᠷᠠᠯ ᠬᠢᠵᠦ᠂ ᠲᠥᠯᠥᠪᠯᠡᠭᠡ᠎ᠶᠢᠨ ᠮᠡᠳᠡᠭᠦᠯᠦᠯᠲᠡ
ᠪᠣᠯᠣᠨ ᠲᠥᠰᠥᠯ᠂ ᠲᠥᠰᠥᠪ᠎ᠦᠨ ᠮᠡᠳᠡᠭᠦᠯᠦᠯᠲᠡ ᠪᠣᠯᠣᠨ ᠲᠥᠰᠥᠯ᠎ᠢ ᠬᠢᠨᠠᠨ ᠪᠠᠢᠴᠠᠭᠠᠪᠠ᠃
ᠨᠡᠢᠭᠡᠮ
✦ ᠤᠯᠤᠰ᠎ᠤᠨ ᠡᠷᠡᠭᠦᠯ
ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠮᠡᠳᠡᠭᠡ᠎ᠶᠢ ᠦᠨᠳᠦᠰᠦᠯᠡᠪᠡᠯ᠂ 2025 ᠣᠨ᠎ᠳᠤ ᠳᠤᠮᠳᠠᠳᠤ ᠤᠯᠤᠰ᠎ᠤᠨ
ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79.25 ᠨᠠᠰᠤ ᠬᠦᠷᠴᠦ᠂ 2020 ᠣᠨ᠎ᠤ ᠬᠢ᠎ᠡᠴᠡ 1.32
ᠨᠠᠰᠤ ᠨᠡᠮᠡᠭᠳᠡᠵᠡᠢ᠃
✦ ᠮᠠᠨ᠎ᠤ ᠤᠯᠤᠰ᠎ᠤᠨ
ᠬᠡᠷᠡᠯ᠎ᠦᠨ ᠴᠠᠭ᠎ᠤᠨ ᠮᠡᠷᠭᠡᠵᠢᠯ ᠴᠢᠬᠤᠯᠠ ᠶᠡᠬᠡ ᠰᠢᠪᠲᠤᠯᠤᠯᠲᠠ ᠲᠠᠢ ᠪᠤᠯᠵᠤ᠂ ᠨᠠᠷᠢᠯᠢᠭ᠎ᠤᠨ ᠬᠡᠮᠵᠢᠶ᠎ᠡ ᠨᠢ
ᠪᠠᠷᠤᠭ 300 ᠳ᠋ᠦᠩᠰᠢᠭᠤᠷ ᠵᠢᠯᠳ᠋ᠡᠬᠢ ᠵᠥᠷᠢᠶ᠎ᠡ ᠨᠢ 1 ᠰᠧᠺᠦ᠋ᠨ᠋ᠳ᠋᠎ᠡᠴᠡ ᠬᠡᠲᠦᠷᠡᠬᠦ ᠦᠭᠡᠢ ᠪᠤᠯᠵᠠᠢ᠃ ᠭᠡᠷᠡᠯ᠎ᠦᠨ
ᠴᠠᠭ ᠨᠢ ᠳᠡᠯᠡᠬᠡᠢ ᠨᠡᠶ᠋ᠢᠲᠡ᠎ᠶᠢᠨ ᠨᠢᠭᠡᠴᠢ᠎ᠶᠢᠨ ᠲᠦᠷᠢᠮ᠎ᠳᠡᠬᠢ 《ᠰᠧᠺᠦ᠋ᠨ᠋ᠳ᠋》᠎ᠢ ᠲᠡᠬᠢᠠ ᠲᠣᠳᠣᠷᠬᠠᠢᠯᠠᠬᠤ᠎ᠪᠠᠷ
ᠪᠠᠷᠠᠬᠤ ᠤᠢᠭᠡᠢ ᠪᠠᠰᠠ ᠠᠶᠠᠯᠠᠯ᠂ ᠭᠠᠵᠠᠷ ᠬᠥᠳᠡᠯᠦᠯᠲᠡ ᠵᠢ ᠬᠢᠨᠠᠨ ᠬᠡᠮᠵᠢᠬᠦ᠂ ᠳᠠᠯᠳᠠ ᠪᠣᠳᠠᠰ᠎ᠢ ᠬᠠᠢᠨ ᠬᠡᠮᠵᠢᠬᠦ
ᠵᠡᠷᠭᠡ ᠬᠦᠷᠢᠶ᠎ᠡ ᠬᠡᠪᠴᠢᠶᠡᠨ᠎ᠳᠦ ᠬᠡᠷᠡᠭᠯᠡᠵᠦ ᠪᠣᠯᠣᠨ᠎ᠠ᠂ ᠡᠨᠡ ᠨᠢ ᠮᠠᠨ᠎ᠤ ᠤᠯᠤᠰ᠎ᠤᠨ ᠴᠠᠭ᠎ᠢ ᠬᠡᠮᠵᠢᠬᠦ
ᠬᠦᠷᠢᠶ᠎ᠡ ᠬᠡᠪᠴᠢᠶᠡᠨ᠎ᠳᠦ ᠪᠦᠬᠦ ᠪᠥᠮᠪᠥᠷᠴᠡᠭ᠎ᠦᠨ ᠡᠮᠦᠨ᠎ᠠ ᠡᠩᠨᠡᠭᠡ᠎ᠳᠦ ᠣᠷᠣᠭᠰᠠᠨ᠎ᠢ ᠬᠠᠷᠠᠭᠤᠯᠵᠤ ᠪᠠᠢᠨ᠎ᠠ᠃
✦ ᠨᠢᠳᠤᠨᠤᠨ᠎ᠤ 5 ᠰᠠᠷ᠎ᠠ᠎ᠳᠤ
ᠮᠠᠨ᠎ᠤ ᠤᠯᠤᠰ ᠣᠷᠣᠭ᠎ᠤᠨ ᠪᠠᠳᠤᠯᠠᠪᠤᠷᠢ ᠵᠢ 《ᠪᠥᠬᠥ ᠤᠯᠤᠰ᠎ᠲᠤ ᠨᠡᠢᠳᠡᠮ ᠭᠦᠢᠴᠡᠳᠬᠡᠬᠦ》᠎ᠶᠢ ᠪᠥᠬᠥ ᠲᠠᠯ᠎ᠠ᠎ᠪᠠᠷ
ᠬᠡᠷᠡᠭᠵᠢᠭᠦᠯᠦᠭᠰᠡᠨ ᠡᠴᠡ ᠨᠠᠭᠠᠰᠢ᠂ ᠠᠷᠠᠳ᠎ᠤᠨ ᠶᠠᠪᠤᠳᠠᠯ᠎ᠤᠨ ᠶᠠᠮᠤᠨ᠎ᠠᠴᠠ ᠨᠥᠬᠥᠴᠡᠯ᠎ᠲᠠᠢ ᠭᠠᠵᠠᠷ ᠣᠷᠣᠨ᠎ᠤ
ᠣᠷᠣᠭ᠎ᠤᠨ ᠪᠠᠳᠤᠯᠠᠪᠤᠷᠢ ᠵᠢᠨ ᠪᠠᠢᠭᠤᠯᠭ᠎ᠠ᠎ᠶᠢ ᠴᠡᠴᠡᠷᠯᠢᠭ ᠵᠡᠷᠭᠡ ᠪᠡᠯᠭᠡ ᠲᠡᠮᠳᠡᠭ᠎ᠦᠨ ᠴᠢᠨᠠᠷᠲᠠᠢ᠂ ᠤᠳᠬ᠎ᠠ
ᠠᠭᠤᠯᠭ᠎ᠠ᠎ᠲᠠᠢ ᠲᠠᠯᠠᠪᠤᠷ᠎ᠲᠤ ᠪᠠᠢᠷᠢᠯᠠᠭᠤᠯᠬᠤ᠎ᠶᠢ ᠵᠣᠷᠢᠭ᠍ᠵᠢᠭᠤᠯᠪᠠ᠃ ᠣᠲᠣᠬᠠᠨ ᠪᠣᠯᠲᠠᠯ᠎ᠠ᠂ ᠪᠥᠬᠥ ᠤᠯᠤᠰ᠎ᠲᠤ
ᠨᠢᠭᠡᠨᠲᠡ 525 《ᠴᠡᠴᠡᠷᠯᠢᠭ᠎ᠦᠨ ᠮᠠᠶᠢᠭ᠋》᠎ᠤᠨ ᠣᠷᠣᠭ᠎ᠤᠨ ᠪᠠᠳᠤᠯᠠᠪᠤᠷᠢ
ᠠᠪᠬᠤ ᠴᠡᠭ᠂ 1000 ᠭᠠᠷᠤᠢ ᠭᠡᠷ᠎ᠤᠨ ᠭᠠᠳᠠᠨ᠎ᠠ ᠪᠠᠳᠤᠯᠠᠪᠤᠷᠢ ᠣᠯᠭᠣᠬᠤ ᠰᠠᠭᠤᠷᠢᠨ᠎ᠲᠠᠢ ᠪᠤᠯᠪᠠ᠃
✦ ᠡᠨᠡ ᠵᠢᠯ᠎ᠦᠨ 2
ᠰᠠᠷ᠎ᠠ᠎ᠶᠢᠨ ᠰᠡᠭᠦᠯᠴᠢ ᠪᠣᠯᠲᠠᠯ᠎ᠠ᠂ ᠮᠠᠨ᠎ᠤ ᠤᠯᠤᠰ ᠮᠠᠰᠢᠨ ᠬᠥᠮᠥᠨ᠂ ᠮᠡᠳᠡᠭᠡ ᠵᠠᠩᠭᠢ᠎ᠶᠢᠨ ᠮᠡᠷᠭᠡᠵᠢᠯ᠂ ᠠᠮᠢᠳᠤ
ᠪᠣᠳᠠᠰ᠎ᠤᠨ ᠮᠡᠷᠭᠡᠵᠢᠯ᠂ ᠤᠯᠠᠮᠵᠢᠯᠠᠯᠲᠤ ᠬᠢᠲᠠᠳ ᠡᠮ ᠡᠮᠨᠡᠯᠭᠡ ᠵᠡᠷᠭᠡ ᠬᠦᠷᠢᠶᠡᠨ᠎ᠳᠦ 61 ᠵᠦᠢᠯ᠎ᠦᠨ ᠣᠯᠠᠨ
ᠤᠯᠤᠰ᠎ᠤᠨ ᠪᠠᠷᠢᠮᠵᠢᠶ᠎ᠠ᠎ᠶᠢ ᠲᠦᠷᠦᠭᠦᠯᠡᠨ ᠲᠣᠭᠲᠠᠭᠠᠵᠤ ᠨᠡᠢᠲᠡᠯᠡᠪᠡ᠃ ᠣᠲᠣᠬᠠᠨ ᠪᠣᠯᠲᠠᠯ᠎ᠠ ᠮᠠᠨ᠎ᠤ ᠤᠯᠤᠰ
ᠨᠡᠶ᠋ᠢᠲᠡ 2182 ᠵᠦᠢᠯ᠎ᠦᠨ ᠣᠯᠠᠨ ᠤᠯᠤᠰ᠎ᠤᠨ ᠪᠠᠷᠢᠮᠵᠢᠶ᠎ᠠ᠎ᠶᠢ ᠲᠦᠷᠦᠭᠦᠯᠡᠨ ᠲᠣᠭᠲᠠᠭᠠᠵᠤ ᠨᠡᠢᠲᠡᠯᠡᠭᠰᠡᠨ
ᠪᠠᠢᠨ᠎ᠠ᠃
✦ ᠤᠯᠤᠰ᠎ᠤᠨ
ᠡᠮᠴᠢᠯᠡᠭᠡᠨ᠎ᠤ ᠪᠠᠳᠤᠯᠠᠭ᠎ᠠ ᠵᠢᠨ ᠳᠤᠪᠴᠢᠶ᠎ᠠ ᠵᠢᠨ ᠨᠡᠢᠳᠡᠯᠡᠭᠰᠡᠨ ᠡᠮ ᠡᠮᠨᠡᠯᠭᠡ᠎ᠶᠢᠨ ᠳᠠᠭᠠᠳᠬᠠᠯ᠎ᠤᠨ
ᠬᠦᠷᠢᠶᠡᠨ᠎ᠳ᠋ᠡᠬᠢ 《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠭᠦᠢᠴᠡᠳᠬᠡᠬᠦ》 2026 ᠣᠨ᠎ᠤ
ᠨᠢᠭᠡᠳᠦᠭᠡᠷ ᠪᠦᠯᠦᠭ ᠭᠣᠣᠯᠳᠠᠯᠭ᠎ᠠ᠎ᠲᠠᠢ ᠵᠦᠢᠯᠡᠰ᠎ᠦᠨ ᠲᠣᠳᠣᠷᠬᠠᠢ ᠬᠠᠭᠤᠳᠠᠰᠤ᠎ᠶᠢ ᠦᠨᠳᠦᠰᠦᠯᠡᠪᠡᠯ᠂ ᠪᠣᠶ
ᠪᠦᠬᠦᠢ ᠮᠤᠵᠢ ᠣᠷᠣᠨ ᠠᠵᠢᠯᠲᠠᠨ ᠠᠵᠢᠯᠴᠢᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠬᠤᠪᠢ ᠬᠥᠮᠥᠨ᠎ᠦ
ᠲᠠᠩᠰᠠᠨ ᠡᠷᠦᠬᠡ ᠵᠢᠨ ᠮᠤᠵᠢ ᠠᠯᠤᠰᠯᠠᠨ ᠳᠤᠰᠠᠯᠠᠯᠴᠠᠬᠤ ᠵᠢ ᠪᠡᠶᠡᠯᠡᠬᠦᠯᠦᠨ᠎ᠠ ᠭᠡᠵᠡᠢ᠃ ᠮᠤᠵᠢ ᠠᠯᠤᠰᠯᠠᠨ
ᠳᠤᠰᠠᠯᠠᠯᠴᠠᠬᠤ ᠡᠲᠡᠭᠡᠳ᠎ᠨᠢ ᠳᠠᠭᠠᠳᠬᠠᠯ᠎ᠳᠤ ᠣᠷᠣᠯᠴᠠᠭ᠍ᠴᠢ᠎ᠶᠢᠨ ᠣᠢᠷ᠎ᠠ ᠲᠥᠷᠥᠯ ᠰᠠᠳᠤᠨ ᠪᠠᠢᠵᠤ᠂
ᠲᠤᠰᠠᠯᠠᠭᠳᠠᠭ᠍ᠴᠢᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠬᠤᠪᠢ ᠬᠥᠮᠥᠨ᠎ᠦ ᠡᠭᠦᠷᠭᠡᠯᠡᠬᠦ
ᠵᠠᠷᠤᠳᠠᠯ᠂ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ ᠵᠢᠴᠢ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ
ᠳᠠᠭᠠᠳᠬᠠᠯ᠎ᠤᠨ ᠬᠤᠪᠢ ᠬᠥᠮᠥᠨ᠎ᠦ ᠲᠤᠰᠢᠶᠠᠬᠤ ᠵᠠᠷᠤᠳᠠᠯ᠎ᠢ ᠲᠥᠯᠥᠬᠦ᠎ᠳᠦ ᠬᠡᠷᠡᠭᠯᠡᠵᠦ ᠪᠣᠯᠣᠨ᠎ᠠ᠃
✦ 3 ᠰᠠᠷ᠎ᠠ᠎ᠶᠢᠨ
15᠎ᠤ ᠡᠳᠦᠷ᠎ᠡᠴᠡ ᠡᠬᠢᠯᠡᠨ ᠥᠪᠥᠷ ᠮᠣᠩᠭᠣᠯ ᠬᠠᠪᠤᠷ ᠤ᠋ᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠦᠨ
ᠲᠦᠢᠮᠡᠷ᠎ᠢ ᠰᠡᠷᠭᠡᠢᠯᠡᠬᠦ ᠬᠤᠭᠤᠴᠠᠭᠠᠨ᠎ᠳᠤ ᠣᠷᠣᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ
ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠵᠢᠯᠤᠭᠣᠳᠬᠤ ᠭᠠᠵᠠᠷ᠎ᠤᠨ ᠠᠯᠪᠠᠨ
ᠭᠡᠷ 《ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠂ ᠢᠳᠡᠪᠬᠢᠲᠡᠢ᠎ᠪᠡᠷ ᠤᠨᠲᠠᠷᠠᠭᠠᠬᠤ᠂
ᠠᠮᠢ ᠨᠠᠰᠤ᠎ᠶᠢ ᠳᠡᠭᠡᠳᠦᠯᠡᠬᠦ᠂ ᠠᠮᠤᠷ ᠲᠦᠪᠰᠢᠨ᠎ᠢ ᠲᠡᠷᠢᠭᠦᠨ᠎ᠳᠦ ᠲᠠᠯᠪᠢᠬᠤ》 ᠠᠵᠢᠯ᠎ᠤᠨ ᠴᠢᠭᠯᠡᠯᠲᠡ᠎ᠶᠢ
ᠴᠢᠩᠭ᠎ᠠ ᠠᠳᠬᠤᠨ᠂ ᠡᠷᠲᠡ᠎ᠡᠴᠡ ᠠᠷᠭ᠎ᠠ ᠰᠦᠪᠡᠭᠴᠢᠯᠡᠵᠦ᠂ ᠴᠢᠩᠭ᠎ᠠ ᠰᠡᠷᠭᠡᠢᠯᠡᠨ ᠡᠵᠡᠮᠳᠡᠵᠦ᠂ ᠪᠡᠯᠡᠳᠬᠡᠯ ᠠᠵᠢᠯ᠎ᠢ
ᠴᠢᠩᠭᠠᠳᠬᠠᠵᠦ ᠪᠠᠢᠨ᠎ᠠ᠃
✦ ᠣᠢᠷ᠎ᠠ᠎ᠳᠤ᠂ ᠤᠯᠤᠰ᠎ᠤᠨ
ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠤᠰᠬᠠᠢ
ᠮᠡᠷᠭᠡᠵᠢᠯᠲᠡᠨ ᠢ᠋ ᠤᠷᠢᠵᠤ ᠬᠡᠷᠡᠭᠯᠡᠬᠦ ᠲᠠᠪᠤᠳᠠᠭᠢ ᠪᠦᠯᠦᠭ ᠨᠡᠷᠡᠰ ᠢ᠋ ᠨᠡᠢᠲᠡᠯᠡᠵᠦ᠂ ᠥᠪᠥᠷ ᠮᠣᠩᠭᠣᠯ᠎ᠤᠨ
ᠦᠨᠳᠦᠰᠦᠨ ᠱᠠᠲᠤᠨ᠎ᠤ ᠣᠶ ᠰᠢᠭᠤᠢ ᠨᠤᠲᠤᠭ ᠪᠡᠯᠴᠢᠭᠡᠷ ᠦ᠋ᠨ 14 ᠴᠢᠳᠠᠪᠤᠷᠢᠲᠠᠨ ᠬᠢᠨᠠᠨ ᠰᠢᠯᠭᠠᠯᠲᠠ᠎ᠳᠤ ᠬᠢᠷᠢ
ᠲᠡᠩᠴᠡᠵᠦ᠂ ᠤᠷᠢᠭ᠍ᠳᠠᠨ ᠰᠣᠩᠭᠣᠭᠳᠠᠵᠠᠢ᠃
✦ 7 ᠤ ᠡᠳᠦᠷ᠂ ᠪᠠᠷᠠᠭᠤᠨ
ᠦᠵᠦᠮᠦᠴᠢᠨ ᠬᠣᠰᠢᠭᠤᠨ᠎ᠤ ᠵᠢᠷ᠎ᠤᠨ ᠭᠣᠣᠯ ᠪᠠᠯᠭᠠᠰᠤ ᠶ᠋ᠢᠨ ᠵᠢᠷ ᠤ᠋ᠨ ᠭᠣᠣᠯ ᠭᠠᠴᠠᠭ᠎ᠠ᠎ᠶᠢᠨ ᠬᠢᠨ ᠬᠠᠪᠤᠷ᠎ᠤᠨ
ᠤᠯᠠᠷᠢᠯ᠎ᠤᠨ ᠭᠠᠮᠰᠢᠭ᠋᠎ᠲᠠᠢ ᠲᠡᠮᠡᠴᠡᠵᠦ ᠮᠠᠯ ᠲᠡᠵᠢᠭᠡᠪᠦᠷᠢ᠎ᠪᠡᠨ ᠬᠠᠮᠠᠭᠠᠯᠠᠬᠤ ᠡᠪᠡᠰᠦ ᠪᠣᠷᠳᠣᠭ᠎ᠠ ᠶ᠋ᠢ
ᠲᠦᠭᠡᠭᠡᠬᠦ ᠠᠵᠢᠯ᠎ᠢ ᠡᠬᠢᠯᠡᠭᠦᠯᠵᠡᠢ᠃
✦ ᠤᠢᠷ᠎ᠠ ᠳ᠋ᠤ ᠣᠲᠤᠭ
ᠬᠣᠰᠢᠭᠤ 2026 ᠣᠨ᠎ᠤ 《ᠣᠲᠤᠭ᠎ᠤᠨ ᠴᠢᠳᠠᠪᠤᠷᠢᠲᠠᠨ》᠎ᠢ ᠬᠥᠬᠢᠭᠦᠯᠦᠨ
ᠰᠠᠢᠰᠢᠶᠠᠬᠤ ᠶᠡᠬᠡ ᠬᠤᠷᠠᠯ ᠵᠢᠴᠢ ᠴᠢᠳᠠᠪᠤᠷᠢᠲᠠᠨ᠎ᠤ ᠲᠥᠷᠥ ᠶ᠋ᠢᠨ ᠪᠣᠳᠣᠯᠭ᠎ᠠ᠎ᠶᠢ ᠲᠥᠪᠯᠡᠷᠡᠭᠦᠯᠦᠨ ᠨᠠᠢᠳᠠᠪᠤᠷᠢᠵᠢᠭᠤᠯᠬᠤ
ᠠᠵᠢᠯᠯᠠᠭ᠎ᠠ ᠥᠷᠨᠢᠭᠦᠯᠵᠦ᠂ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠎ᠶᠢᠨ ᠪᠡᠯᠡ ᠮᠥᠩᠭᠥ᠎ᠶᠢ ᠨᠡᠢᠲᠡ
1050.47 ᠲᠦᠮᠡᠨ ᠲᠥᠭᠥᠷᠢᠭ ᠣᠯᠭᠣᠵᠤ᠂ 573 ᠬᠥᠮᠥᠨ ᠤᠳᠠᠭ᠎ᠠ᠎ᠳᠤ ᠠᠰᠢᠭ᠋ ᠬᠦᠷᠲᠡᠭᠡᠪᠡ᠃
ᠠᠵᠤ ᠠᠬᠤᠢ
✦ ᠮᠠᠨ᠎ᠤ
ᠤᠯᠤᠰ᠎ᠤᠨ ᠡᠯ᠎ᠠ ᠱᠠᠳᠤᠨ᠎ᠤ ᠵᠠᠰᠠᠭ᠎ᠤᠨ ᠣᠷᠳᠣᠨ ᠵᠢᠭᠤᠯᠴᠢᠯᠠᠯ ᠤ᠋ᠨ ᠵᠠᠬ᠎ᠠ ᠳᠡᠯᠭᠡᠬᠦᠷ᠎ᠢ ᠬᠦᠭᠵᠢᠭᠡᠬᠦ
ᠠᠯᠢ ᠣᠯᠠᠨ ᠲᠥᠷᠥ᠎ᠶᠢᠨ ᠪᠣᠳᠣᠯᠭ᠎ᠠ ᠵᠢ ᠬᠡᠷᠡᠭᠵᠢᠬᠦᠯᠦᠭᠰᠡᠨ ᠡᠴᠡ᠂ 2025 ᠣᠨ᠎ᠳᠤ ᠳᠤᠮᠳᠠᠳᠤ ᠤᠯᠤᠰ᠎ᠤᠨ
ᠬᠢᠯᠢ᠎ᠪᠡᠷ ᠣᠷᠣᠵᠤ ᠢᠷᠡᠭᠰᠡᠨ ᠵᠢᠭᠤᠯᠴᠢᠯᠠᠭᠰᠠᠳ᠎ᠤᠨ ᠭᠡᠮᠵᠢᠶ᠎ᠠ 1.5 ᠳ᠋ᠦᠩᠰᠢᠭᠤᠷ᠎ᠢ ᠳᠠᠪᠠᠵᠤ᠂ ᠠᠳᠠᠯᠢ
ᠬᠤᠭᠤᠴᠠᠭᠠᠨ᠎ᠤ ᠬᠢ᠎ᠡᠴᠡ 17%ᠵᠢᠡᠷ ᠨᠡᠮᠡᠭᠳᠡᠵᠦ᠂ ᠵᠠᠷᠤᠳᠠᠯ 1300 ᠳ᠋ᠦᠩᠰᠢᠭᠤᠷ ᠳ᠋ᠣᠯᠯᠠᠷ᠎ᠢ
ᠳᠠᠪᠠᠵᠠᠢ᠃ ᠡᠭᠦᠨ᠎ᠳᠦ ᠸᠢᠰᠠ ᠠᠪᠬᠤ ᠦᠭᠡᠢ᠎ᠪᠡᠷ ᠬᠢᠯᠢ ᠪᠡᠷ ᠤᠷᠤᠵᠤ ᠢᠷᠡᠭᠰᠡᠨ
ᠭᠠᠳᠠᠭᠠᠳᠤ᠎ᠶᠢᠨ ᠵᠢᠭᠤᠯᠴᠢᠯᠠᠭᠰᠠᠳ 3000 ᠲᠦᠮᠡᠨ ᠬᠥᠮᠥᠨ ᠤᠳᠠᠭ᠎ᠠ᠎ᠶᠢ ᠳᠠᠪᠠᠵᠠᠢ᠃
✦ ᠣᠳᠣᠬᠠᠨ᠎ᠳᠤ ᠲᠦᠨᠭᠯᠢᠶᠤᠤ
ᠬᠤᠲᠠ᠎ᠶᠢᠨ 《ᠥᠨᠳᠥᠷᠯᠢᠭ᠎ᠦᠨ ᠤᠯᠠᠭᠠᠨ》 ᠠᠯᠮᠤᠷᠠᠳ ᠳᠠᠷᠢᠭ᠍ᠰᠠᠨ
ᠲᠠᠯᠠᠪᠠᠢ ᠨᠢᠭᠡᠨᠲᠡ 34 ᠲᠦᠮᠡ ᠭᠠᠷᠤᠢ ᠮᠦ᠍ ᠳ᠋ᠦ ᠬᠦᠷᠴᠡᠢ᠃ ᠡᠭᠦᠨ᠎ᠳᠦ ᠵᠢᠮᠢᠰᠯᠡᠬᠦ ᠬᠤᠭᠤᠴᠠᠭᠠᠨ᠎ᠳᠠᠭᠠᠨ
ᠣᠷᠣᠭᠰᠠᠨ ᠲᠠᠯᠠᠪᠠᠢ ᠨᠢ 12 ᠲᠦᠮᠡ ᠭᠠᠷᠤᠢ ᠮᠦ᠍᠎ᠳᠤ ᠬᠦᠷᠴᠦ᠂ ᠵᠢᠯ᠎ᠦᠨ ᠭᠠᠷᠤᠯᠲᠠ ᠨᠢ 1.2 ᠳ᠋ᠦᠩᠰᠢᠭᠤᠷ ᠺᠢᠯᠣᠭ᠌ᠷᠠᠮ᠎ᠢ
ᠳᠠᠪᠠᠵᠤ᠂ ᠦᠢᠯᠡᠳᠬᠦᠨ᠎ᠦ ᠥᠷᠲᠡᠭ ᠨᠢ 6 ᠳ᠋ᠦᠩᠰᠢᠭᠤᠷ ᠲᠥᠭᠥᠷᠢᠭ ᠬᠦᠷᠴᠦ᠂ ᠳᠡᠯᠡᠬᠡᠢ᠎ᠶᠢᠨ ᠵᠠᠬ᠎ᠠ ᠳᠡᠯᠭᠡᠭᠦᠷ᠎ᠲᠦ
ᠠᠮᠵᠢᠯᠲᠠ ᠲᠠᠢ ᠣᠷᠣᠭᠰᠠᠨ ᠪᠠᠢᠨ᠎ᠠ᠃
ᠲᠠᠮᠢᠷ
✦ 7 ᠤ᠋ ᠡᠳᠦᠷ᠂ ᠮᠢᠯᠠᠨ — ᠺᠤᠷᠳᠢᠨᠠ ᠵᠢᠨ ᠡᠪᠦᠯ᠎ᠦᠨ ᠤᠯᠠᠷᠢᠯ᠎ᠤᠨ ᠵᠡᠮᠳᠡᠭᠴᠦᠳ ᠦ᠋ᠨ ᠣᠯᠢᠮᠫᠢᠺ᠎ᠶᠢᠨ ᠲᠠᠮᠢᠷ᠎ᠤᠨ ᠴᠤᠭᠯᠠᠭᠠᠨ᠎ᠤ
ᠡᠪᠦᠯ᠎ᠦᠨ ᠤᠯᠠᠷᠢᠯ ᠤ᠋ᠨ ᠡᠷᠡᠭᠲᠡᠢ᠎ᠶᠢᠨ 7.5 ᠺᠢᠯᠣᠮᠧᠲᠷ᠎ᠦᠨ ᠣᠢᠷ᠎ᠠ ᠵᠠᠢ᠎ᠶᠢᠨ ᠤᠷᠤᠯᠳᠤᠭᠠᠨ᠎ᠳᠦ ᠳᠤᠮᠳᠠᠳᠤ
ᠤᠯᠤᠰ᠎ᠤᠨ ᠲᠠᠮᠢᠷᠴᠢᠨ ᠼᠠᠢ ᠵᠢᠶᠠ ᠶᠦᠨ ᠠᠯᠲᠠᠨ ᠮᠧᠳᠠᠯ ᠣᠯᠪᠠ᠂ ᠡᠨᠡ ᠪᠣᠯ ᠲᠣᠰ ᠬᠤᠭᠤᠴᠠᠭᠠᠨ᠎ᠤ ᠤᠷᠤᠯᠳᠤᠭᠠᠨ᠎ᠤ
ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠦᠨ ᠠᠩᠬᠠᠤ ᠤ᠋ ᠠᠯᠲᠠᠨ ᠮᠧᠳᠠᠯ ᠪᠣᠯᠣᠨ᠎ᠠ᠃
✦ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠲᠦᠷᠦᠭᠦᠬᠡᠨ 《ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠦ ᠣᠷᠣᠨ᠎ᠤ ᠴᠢᠨᠠᠷᠲᠠᠢ ᠪᠡᠶ᠎ᠡ᠎ᠶᠢᠨ ᠲᠠᠮᠢᠷ᠎ᠤᠨ
ᠨᠡᠢᠭᠡᠮᠯᠢᠭ᠎ᠦᠨ ᠴᠢᠨᠠᠷ ᠰᠠᠢᠲᠠᠢ ᠬᠥᠭᠵᠢᠯᠲᠡ᠎ᠶᠢ ᠵᠤᠷᠢᠭᠵᠢᠭᠤᠯᠤᠨ ᠳᠡᠮᠵᠢᠬᠦ ᠵᠢ ᠬᠡᠷᠡᠭᠵᠢᠬᠦᠯᠬᠦ
ᠨᠠᠷᠢᠨ ᠳᠦᠷᠢᠮ》 ᠢ᠋ ᠨᠡᠢᠲᠡᠯᠡᠵᠦ᠂ ᠪᠥᠬᠥ ᠣᠷᠣᠨ᠎ᠤ ᠴᠢᠨᠠᠷᠲᠠᠢ ᠪᠡᠶ᠎ᠡ᠎ᠶᠢᠨ ᠲᠠᠮᠢᠷ᠎ᠤᠨ
ᠨᠡᠢᠭᠡᠮᠯᠢᠭ᠎ᠦᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ
ᠤᠯᠠᠮ ᠨᠢᠭᠡ ᠠᠯᠬᠤᠮ ᠬᠥᠭᠵᠢᠭᠡᠵᠦ᠂ ᠲᠡᠳᠡᠨ᠎ᠢ ᠬᠥᠲᠥᠯᠥᠨ ᠵᠢᠯᠤᠭᠣᠳᠴᠤ ᠪᠠᠢᠭᠠᠳ ᠵᠢᠷᠤᠮᠵᠢᠭᠤᠯᠤᠨ
ᠬᠠᠮᠢᠶᠠᠷᠴᠤ᠂ ᠥᠨᠳᠥᠷ ᠪᠦᠲᠦᠮᠵᠢᠲᠡᠶ᠎ᠪᠡᠷ ᠠᠵᠢᠯᠯᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ
ᠤᠯᠤᠰ᠎ᠤᠨ ᠪᠠᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠤᠨ ᠪᠡᠶ᠎ᠡ
ᠴᠢᠭᠢᠷᠠᠭᠵᠢᠭᠤᠯᠬᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠨᠠᠩ ᠰᠠᠢᠨ ᠦᠢᠯᠡᠴᠢᠯᠡᠬᠦ ᠵᠢ ᠵᠤᠷᠢᠪᠠ᠃
ᠳᠡᠯᠡᠬᠡᠢ
✦ ᠰᠢᠨᠬᠤᠸᠠ
ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠡᠨ᠎ᠤ ᠶᠡᠷᠦᠩᠬᠡᠢᠯᠡᠭᠴᠢ 7᠎ᠤ ᠡᠳᠦᠷ ᠲᠧᠯᠸᠢᠰ ᠶᠠᠷᠢᠶ᠎ᠠ
ᠨᠡᠢᠲᠡᠯᠡᠵᠦ᠂ ᠬᠥᠷᠰᠢ ᠵᠡᠷᠭᠡᠯᠡᠳᠡᠭᠡ ᠤᠯᠤᠰ᠎ᠲᠤ ᠪᠤᠷᠤᠭᠤ ᠬᠦᠯᠢᠶᠡᠭᠰᠡᠨ ᠪᠥᠭᠡᠳ ᠠᠮᠧᠷᠢᠺᠠ ᠶ᠋ᠢᠨ ᠬᠢᠨ ᠢᠷᠡᠨ ᠢ᠋ 《ᠨᠥᠬᠥᠴᠡᠯ ᠦᠭᠡᠢ᠎ᠪᠡᠷ ᠪᠠᠭᠤᠵᠤ ᠥᠭᠬᠦ ᠬᠡᠷᠡᠭᠲᠡᠢ》 ᠭᠡᠵᠦ ᠱᠠᠭᠠᠷᠳᠠᠭᠰᠠᠨ ᠶᠠᠪᠤᠳᠠᠯ ᠪᠣᠯ 《ᠬᠡᠢ ᠬᠦᠰᠡᠯ》 ᠮᠥᠨ ᠭᠡᠵᠡᠢ᠃
✦ ᠰᠢᠨᠬᠤᠸᠠ
ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ ᠤ᠋ᠨ ᠡᠨᠧᠷᠭᠢ᠎ᠶᠢᠨ ᠵᠠᠬᠢᠷᠭᠠᠨ᠎ᠤ ᠳᠠᠷᠤᠭ᠎ᠠ ᠠᠮᠧᠷᠢᠺᠠ
ᠢᠰᠷᠧᠯ ᠦ᠋ᠨ ᠢᠷ᠎ᠡ᠎ᠨᠢ ᠳᠠᠭᠠᠷᠢᠭ᠍ᠰᠠᠨ᠎ᠠᠴᠠ ᠪᠣᠯᠵᠤ ᠪᠠᠢᠳᠠᠯ ᠦᠷᠭᠦᠯᠵᠢᠯᠡᠨ ᠪᠠᠴᠢᠮ ᠪᠣᠯᠤᠭᠰᠠᠨ ᠪᠠ ᠲᠣᠰᠣᠨ᠎ᠤ
ᠦᠨ᠎ᠡ ᠥᠰᠦᠭᠰᠡᠨ ᠠᠰᠠᠭᠤᠳᠠᠯ᠎ᠤᠨ ᠲᠤᠬᠠᠢ ᠢᠯᠡᠷᠬᠡᠢᠯᠡᠬᠦ ᠳ᠋ᠡᠭᠡᠨ᠂ ᠪᠥᠬᠥ ᠳᠡᠯᠡᠬᠡᠢ᠎ᠶᠢᠨ ᠲᠦᠭᠦᠬᠡᠢ ᠴᠢᠯᠠᠭᠤᠨ
ᠲᠣᠰᠣᠨ᠎ᠤ ᠵᠠᠬ᠎ᠠ ᠳᠡᠯᠭᠡᠭᠦᠷ᠎ᠦᠨ ᠦᠨᠳᠦᠰᠦᠨ ᠪᠠᠢᠳᠠᠯ᠎ᠠᠴᠠ ᠦᠵᠡᠪᠡᠯ ᠬᠠᠩᠭᠠᠯᠭ᠎ᠠ ᠮᠥᠨ ᠬᠦ᠌ ᠭᠦᠢᠴᠡᠳ ᠪᠠᠢᠨ᠎ᠠ
ᠭᠡᠵᠡᠢ᠃
ᠦᠢᠯᠡᠴᠢᠯᠡᠭᠡ
✦ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ
ᠬᠦᠷᠢᠶᠡᠯᠡᠨᠭ 220 ᠠᠵᠢᠯᠲᠠᠨ ᠡᠯᠰᠡᠨ᠎ᠡ᠃
✦ 2026 ᠣᠨ᠎ᠳᠤ ᠠᠩᠬᠠᠨ᠎ᠤ
ᠪᠦᠯᠦᠭ᠎ᠦᠨ 20 ᠵᠢᠯ᠎ᠦᠨ ᠬᠦᠴᠦᠨ ᠪᠦᠬᠦᠢ ᠬᠣᠶᠠᠳᠤᠭᠠᠷ ᠦᠶ᠎ᠡ᠎ᠶᠢᠨ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ᠎ᠢ
ᠲᠥᠪᠯᠡᠷᠡᠭᠦᠯᠦᠨ ᠰᠣᠯᠢᠬᠤ ᠣᠷᠭᠢᠯ ᠦᠶ᠎ᠡ᠎ᠶᠢ ᠤᠭᠲᠤᠨ ᠠᠪᠴᠢᠷᠠᠬᠤ ᠪᠣᠯᠣᠨ᠎ᠠ᠃ ᠰᠠᠭᠤᠭᠠᠯᠢ ᠠᠷᠠᠳ᠎ᠤᠨ ᠪᠡᠶ᠎ᠡ᠎ᠶᠢᠨ
ᠦᠨᠡᠮᠯᠡᠯ᠎ᠦᠨ ᠬᠦᠴᠦᠨ᠎ᠲᠠᠢ ᠬᠤᠭᠤᠴᠠᠭ᠎ᠠ ᠲᠤᠯᠬᠤ᠎ᠡᠴᠡ ᠡᠮᠦᠨ᠎ᠡ 3 ᠰᠠᠷ᠎ᠠ᠎ᠶᠢᠨ ᠳᠣᠲᠣᠷ᠎ᠠ ᠣᠢᠷ᠎ᠠ ᠬᠠᠪᠢ᠎ᠶᠢᠨ
ᠳᠣᠲᠣᠭᠠᠳᠤ᠎ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠤᠶᠤ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ
ᠦᠢᠯᠡᠴᠢᠯᠡᠭᠡᠨ᠎ᠦ ᠲᠢᠩᠬᠢᠮ᠎ᠦᠨ ᠳᠣᠲᠣᠭᠠᠳᠤ᠎ᠶᠢ ᠬᠠᠮᠠᠭᠠᠯᠠᠬᠤ ᠴᠣᠩᠬᠣᠴᠢᠳᠤ ᠬᠦᠷᠴᠦ ᠰᠠᠭᠤᠭᠠᠯᠢ ᠠᠷᠠᠳ᠎ᠤᠨ
ᠪᠡᠶ᠎ᠡ᠎ᠶᠢᠨ ᠦᠨᠡᠮᠯᠡᠯ᠎ᠢ ᠰᠢᠨ᠎ᠡ᠎ᠪᠡᠷ ᠰᠣᠯᠢᠵᠤ ᠠᠪᠬᠤ᠎ᠪᠠᠷ ᠭᠤᠶᠤᠴᠢᠯᠠᠵᠤ ᠪᠣᠯᠣᠨ᠎ᠠ᠃
ᠲᠠᠨ᠎ᠤ ᠲᠤᠰᠠ᠎ᠳᠤ
✦ ᠤᠷᠲᠤ ᠬᠤᠭᠤᠴᠠᠭ᠎ᠠ᠎ᠪᠠᠷ
ᠲᠣᠯᠣᠭᠠᠢ ᠪᠥᠬᠥᠢᠨ ᠭᠠᠷ ᠤᠲᠠᠰᠤ ᠦᠵᠡᠬᠦ ᠪᠤᠶᠤ ᠤᠳᠠᠭᠠᠨ ᠰᠠᠭᠤᠭᠠᠳ ᠬᠥᠳᠡᠯᠬᠦ ᠦᠭᠡᠢ ᠪᠣᠯ ᠬᠦᠵᠦᠭᠦᠦ ᠰᠡᠭᠡᠷᠢ
ᠬᠠᠮᠤᠭ ᠡᠴᠠ ᠰᠢᠷᠬᠠᠲᠤᠭᠤᠯᠳᠠᠭ᠃ ᠨᠢᠭᠡ ᠴᠠᠭ ᠠᠯᠤᠰᠯᠠᠬᠤ ᠪᠦᠷᠢ ᠪᠣᠰᠴᠤ ᠬᠥᠳᠡᠯᠭᠡᠭᠡᠨ ᠬᠢᠵᠦ᠂ ᠬᠦᠵᠦᠭᠦᠦ᠎ᠪᠡᠨ
ᠬᠥᠩᠭᠡᠬᠡᠨ ᠬᠦᠳᠡᠯᠭᠡᠨᠠ᠃ ᠳᠡᠷᠡ᠎ᠶᠢᠨ ᠥᠨᠳᠥᠷ᠎ᠦᠨ ᠬᠡᠮᠵᠢᠶ᠎ᠡ᠎ᠶᠢ ᠨᠢᠭᠡ ᠨᠢᠳᠤᠷᠭ᠎ᠠ᠎ᠪᠠᠷ ᠬᠢᠵᠠᠭᠠᠷᠯᠠᠨ᠎ᠠ᠃
ᠬᠦᠢᠲᠡᠨ ᠰᠠᠯᠬᠢ ᠡᠴᠡ ᠬᠢᠴᠢᠶᠡᠵᠦ᠂ ᠬᠦᠵᠦᠭᠦᠦ ᠮᠥᠷᠥ᠎ᠪᠡᠨ ᠳᠤᠯᠠᠭᠠᠯᠠᠬᠤ᠎ᠶᠢ ᠠᠩᠬᠠᠷᠤᠨ᠎ᠠ᠃ ᠰᠤᠯᠠ ᠰᠡᠯᠡᠭᠦᠦ
ᠦᠶ᠎ᠡ᠎ᠳᠡᠭᠡᠨ ᠮᠥᠷᠥ᠎ᠪᠡᠨ ᠡᠷᠭᠦᠨ ᠴᠡᠭᠡᠵᠢ᠎ᠪᠡᠨ ᠲᠡᠨᠢᠢᠯᠭᠡᠬᠦ ᠬᠥᠳᠡᠯᠭᠡᠭᠡᠨ ᠬᠢᠬᠦ ᠵᠡᠷᠭᠡ ᠵᠢ ᠪᠠᠷᠢᠮᠲᠠᠯᠠᠪᠠᠯ
ᠬᠦᠵᠦᠭᠦᠦ ᠰᠡᠭᠡᠷ ᠬᠥᠰᠢᠵᠦ ᠬᠠᠲᠠᠭᠤᠷᠠᠬᠤ᠂ ᠱᠠᠷᠬᠢᠷᠠᠵᠤ ᠡᠪᠡᠳᠬᠦ᠎ᠶᠢ ᠨᠠᠮᠳᠠᠭᠠᠠᠨᠠ᠃
ᠵᠠᠯᠭᠠᠭᠠᠳ 《ᠡᠭᠦᠯᠡᠨ ᠴᠡᠨᠭᠬᠡᠷ
ᠬᠦᠳᠡᠭᠡ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)