4 ᠰᠠᠷ᠎ᠠ ᠵᠢᠨ 1᠎ᠤ ᠡᠳᠦᠷ
ᠡᠬᠢᠯᠡᠬᠦ᠌ ᠴᠠᠭ᠄
2026-04-01 10:20:07
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


1000101010101010101010101010101010101014.1封面模板0101.jpg


1000101010101010101010101010101010101014.1 天气预报模板0101.jpg


1000101010101010101010101010101010101014.1 盟市模板0101.jpg


ᠨᠡᠢᠭᠡᠮ

✦ᠡᠳ᠋᠎ᠦᠨ ᠵᠠᠰᠠᠭ᠎ᠤᠨ ᠶᠠᠮᠤᠨ 2025 ᠣᠨ᠎ᠤ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢᠨ ᠣᠨ᠎ᠤ ᠮᠡᠳᠡᠭᠦᠯᠦᠯᠲᠡ᠎ᠶᠢ ᠨᠡᠢᠲᠡᠯᠡᠵᠦ᠂ 2026 ᠣᠨ᠎ᠳᠤ ᠬᠡᠷᠡᠭᠯᠡᠭᠡᠨ᠎ᠦ ᠭᠠᠢᠯᠢ᠎ᠶᠢᠨ ᠬᠠᠤᠯᠢ ᠵᠡᠷᠭᠡ ᠬᠠᠤᠯᠢ ᠲᠣᠭᠲᠠᠭᠠᠬᠤ ᠠᠵᠢᠯ᠎ᠢ ᠠᠬᠢᠭᠤᠯᠬᠤ᠎ᠳᠤ ᠢᠳᠡᠪᠬᠢᠲᠡᠢ ᠬᠠᠮᠵᠢᠯᠴᠠᠨ᠎ᠠ ᠭᠡᠵᠦ ᠲᠣᠳᠣᠷᠬᠠᠢᠯᠠᠪᠠ᠃

✦ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠣᠳᠣᠬᠠᠨ ᠪᠣᠯᠲᠠᠯ᠎ᠠ 1000 ᠰᠢᠬᠠᠮ ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ ᠶᠡᠷᠦᠩᠬᠡᠢᠯᠡᠭᠰᠡᠨ ᠦᠢᠯᠡᠴᠢᠯᠡᠭᠡᠨ᠎ᠦ ᠴᠢᠳᠠᠮᠵᠢᠳᠤ 《ᠡᠷᠡᠭᠦᠯ ᠮᠡᠨᠳᠦ᠎ᠶᠢᠨ ᠥᠷᠲᠡᠭᠡ》 ᠪᠣᠯᠵᠤ ᠲᠠᠰ ᠳᠡᠪᠰᠢᠪᠡ᠃

✦ᠤᠢᠷ᠎ᠠ᠎ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠡᠴᠡ 2025 ᠣᠨ᠎ᠤ ᠪᠣᠬᠢᠷᠲᠤᠯ ᠦᠭᠡᠢ ᠠᠵᠤ ᠦᠢᠯᠡᠳᠪᠦᠷᠢ᠂ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠨᠡᠷᠡᠰ᠎ᠢ ᠨᠡᠢᠲᠡᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 33 ᠠᠵᠤ ᠠᠬᠤᠢᠯᠠᠯ ᠤᠯᠤᠰ᠎ᠤᠨ ᠳᠡᠰ᠎ᠤᠨ ᠪᠣᠬᠢᠷᠲᠤᠯ ᠦᠭᠡᠢ ᠠᠵᠤ ᠦᠢᠯᠡᠳᠪᠦᠷᠢ ᠪᠡᠷ ᠦᠨᠡᠯᠡᠭᠳᠡᠵᠤ᠂ 2 ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠤᠯᠤᠰ᠎ᠤᠨ ᠳᠡᠰ᠎ᠤᠨ ᠪᠣᠬᠢᠷᠲᠤᠯ ᠦᠭᠡᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠢᠶᠠᠷ ᠰᠣᠩᠭᠣᠭᠳᠠᠪᠠ᠃ ᠡᠨᠡ ᠨᠢ ᠮᠠᠨ᠎ᠤ ᠣᠷᠣᠨ᠎ᠤ ᠪᠣᠬᠢᠷᠲᠤᠯ ᠦᠭᠡᠢ ᠦᠢᠯᠡᠳᠬᠦ ᠰᠢᠰᠲᠧᠮ᠎ᠦᠨ ᠪᠠᠢᠭᠤᠯᠤᠯᠲᠠ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃

✦ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠦᠨ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ 3 ᠰᠠᠷ᠎ᠠ᠎ᠶᠢᠨ 23᠎ᠤ ᠡᠳᠦᠷ ᠪᠣᠯᠲᠠᠯ᠎ᠠ᠂ ᠪᠦᠬᠦ ᠣᠷᠣᠨ᠎ᠳᠤ ᠨᠡᠢᠲᠡ 605  ᠵᠦᠢᠯ᠎ᠦᠨ ᠮᠡᠷᠭᠡᠵᠢᠯ᠎ᠦᠨ ᠭᠡᠷ᠎ᠡ᠎ᠶᠢ ᠮᠠᠭᠠᠳᠯᠠᠨ ᠲᠣᠭᠲᠠᠭᠠᠵᠤ ᠳᠠᠩᠰᠠᠯᠠᠨ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 45.13%᠎ᠪᠠᠷ ᠨᠡᠮᠡᠭᠳᠡᠪᠡ᠃ ᠮᠡᠷᠭᠡᠵᠢᠯ᠎ᠦᠨ ᠭᠡᠷ᠎ᠡ᠎ᠶᠢᠨ ᠠᠷᠠᠯᠵᠢᠶ᠎ᠠ ᠪᠦᠲᠦᠭᠰᠡᠨ ᠲᠣᠭ᠎ᠠ 17.46 ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 5.43 ᠳ᠋ᠦᠩᠰᠢᠭᠤᠷ ᠲᠥᠭᠥᠷᠢᠭ ᠨᠡᠮᠡᠭᠳᠡᠪᠡ᠃

✦ᠤᠢᠷ᠎ᠠ᠎ᠳᠤ ᠬᠥᠬᠡᠬᠣᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ 《ᠡᠮ ᠡᠮᠨᠡᠯᠭᠡ ᠎ᠶᠢᠨ ᠳᠠᠭᠠᠳᠬᠠᠯ᠎ᠤᠨ ᠴᠡᠭ ᠲᠣᠭᠲᠠᠭᠠᠭᠰᠠᠨ ᠪᠠᠢᠭᠤᠯᠤᠮᠵᠢ᠎ᠶᠢᠨ ᠡᠯᠧᠺᠲᠷᠣᠨ ᠵᠣᠷ᠎ᠢ ᠡᠷᠭᠢᠯᠲᠡ᠎ᠳᠤ ᠣᠷᠣᠭᠤᠯᠬᠤ᠎ᠶᠢ  ᠵᠢᠷᠤᠮᠵᠢᠭᠤᠯᠬᠤ ᠲᠤᠬᠠᠢ ᠮᠡᠳᠡᠭᠳᠡᠯ᠎ᠤᠨ ᠪᠢᠴᠢᠭ》᠎ᠢ ᠨᠡᠢᠲᠡᠯᠡᠪᠡ᠃

✦ᠠᠶᠠᠨᠴᠢᠳ᠎ᠤᠨ ᠶᠠᠪᠤᠵᠤ ᠰᠠᠭᠤᠬᠤ ᠬᠡᠷᠡᠭᠴᠡᠭᠡ᠎ᠶᠢ ᠤᠯᠠᠮ ᠰᠠᠢᠳᠤᠷ ᠬᠠᠩᠭᠠᠬᠤ ᠎ᠶᠢᠨ ᠲᠥᠯᠥᠭᠡ᠂ ᠰᠢᠯᠢᠩᠬᠣᠲᠠ᠎ᠶᠢᠨ ᠨᠢᠰᠬᠡᠯ᠎ᠤᠨ ᠪᠠᠭᠤᠳᠠᠯ᠎ᠤᠨ ᠬᠢᠨ ᠲᠢᠶᠠᠨ ᠵᠢᠶᠣᠣ ᠠᠭᠠᠷ᠎ᠤᠨ ᠠᠶᠠᠯᠠᠯ᠎ᠤᠨ ᠺᠣᠮᠫᠠᠨᠢ᠎ᠲᠠᠢ ᠬᠣᠯᠪᠤᠭᠠᠯᠠᠨ ᠂ 3 ᠰᠠᠷ᠎ᠠ᠎ᠶᠢᠨ 29᠎ᠤ ᠡᠳᠦᠷ᠎ᠡᠴᠡ ᠡᠬᠢᠯᠡᠨ ᠤᠯᠠᠭᠠᠨᠬᠣᠲᠠ — ᠰᠢᠯᠢᠩᠬᠣᠲᠠ — ᠤᠯᠠᠭᠠᠨᠴᠠᠪ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠮᠡᠪᠡ᠃

✦ᠡᠨᠡ ᠵᠢᠯ ᠬᠠᠭᠤᠴᠢᠨ ᠪᠠᠷᠭᠤ ᠬᠤᠰᠢᠭᠤ ᠪᠠᠷᠤᠭ 49.7 ᠲᠦᠮᠡᠨ ᠲᠦᠯ ᠳᠤᠰᠬᠤ ᠪᠤᠯᠤᠨ᠎ᠠ᠂ ᠡᠭᠦᠨ᠎ᠳᠤ ᠪᠤᠳᠠ ᠮᠠᠯ᠎ᠤᠨ ᠲᠦᠯ 5.5 ᠲᠦᠮᠡ᠂ ᠪᠤᠭ ᠮᠠᠯ᠎ᠤᠨ ᠲᠦᠯ 44.2 ᠲᠦᠮᠡ ᠳᠤᠰᠬᠤ ᠪᠤᠯᠤᠨ᠎ᠠ᠃

✦ᠤᠢᠷ᠎ᠠ᠎ᠶᠢᠨ ᠡᠳᠦᠷ ᠣᠲᠣᠭ ᠬᠣᠰᠢᠭᠤᠨ᠎ᠤ ᠠᠮᠢᠲᠠᠨ᠎ᠤ ᠬᠢᠵᠢᠭ᠎ᠢ ᠰᠡᠷᠭᠡᠢᠯᠡᠨ ᠡᠵᠡᠮᠳᠡᠬᠦ ᠲᠥᠪ᠎ᠡᠴᠡ ᠣᠯᠭᠠᠨᠪᠠᠯᠭᠠᠰᠤᠨ᠎ᠳᠤ ᠪᠦᠬᠦ ᠬᠣᠰᠢᠭᠤᠨ᠎ᠤ ᠠᠮᠢᠲᠠᠨ᠎ᠤ ᠬᠢᠵᠢᠭ᠎ᠢ ᠰᠡᠷᠭᠡᠢᠯᠡᠨ ᠡᠵᠡᠮᠳᠡᠬᠦ ᠵᠢᠴᠢ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ 120 ᠭᠠᠷᠤᠢ ᠦᠨᠳᠦᠰᠦᠨ ᠱᠠᠲᠤᠨ᠎ᠦ ᠬᠢᠵᠢᠭ᠎ᠢ ᠰᠡᠷᠭᠡᠢᠯᠡᠬᠦ ᠭᠣᠣᠯᠯᠠᠭ᠍ᠴᠢ ᠬᠦᠴᠦᠨ 《ᠪᠣᠯᠪᠠᠰᠤᠷᠠᠯ + ᠦᠢᠯᠡᠳᠦᠯᠭᠡ》 ᠵᠢᠨ ᠵᠠᠭᠪᠤᠷ᠎ᠢᠶᠠᠷ ᠬᠢᠵᠢᠭ᠎ᠢ ᠰᠡᠷᠭᠡᠢᠯᠡᠬᠦ ᠮᠡᠳᠡᠯᠭᠡ᠎ᠵᠢ ᠡᠵᠡᠮᠰᠢᠭᠰᠡᠨ ᠪᠠᠢᠨ᠎ᠠ᠃

 

ᠠᠵᠤ ᠠᠬᠤᠢ

✦ᠵᠢᠷᠭᠤᠳᠤᠭᠠᠷ ᠬᠤᠭᠤᠴᠠᠭᠠᠨ᠎ᠤ ᠬᠡᠷᠡᠭᠯᠡᠭᠡᠨ᠎ᠤ ᠵᠤᠢᠯᠡᠰ᠎ᠤᠨ ᠦᠵᠡᠰᠬᠦᠯᠡᠩ 4 ᠰᠠᠷ᠎ᠠ᠎ᠶᠢᠨ 13 — 18 ᠎ᠤ ᠡᠳᠦᠷ ᠪᠣᠯᠲᠠᠯ᠎ᠠ ᠬᠠᠢᠨᠠᠨ ᠮᠤᠵᠢ᠎ᠳᠤ ᠶᠠᠪᠤᠭᠳᠠᠬᠤ ᠪᠡᠷ ᠪᠤᠢ᠃ 60 ᠭᠠᠷᠤᠢ ᠤᠯᠤᠰ ᠪᠠ ᠭᠠᠵᠠᠷ ᠣᠷᠣᠨ᠎ᠤ 340 ᠭᠠᠷᠤᠢ ᠲᠦᠷᠦᠯ ᠲᠡᠮᠳᠡᠭᠲᠦ ᠦᠵᠡᠰᠬᠦᠯᠡᠩ᠎ᠳᠦ ᠣᠷᠣᠯᠴᠠᠬᠤ ᠪᠤᠯᠤᠨ᠎ᠠ᠂ ᠡᠭᠦᠨ᠎ᠳᠦ᠂ ᠣᠯᠠᠨ ᠤᠯᠤᠰ᠎ᠤᠨ ᠦᠵᠡᠭᠦᠯᠭᠡ᠎ᠶᠢᠨ ᠵᠦᠢᠯ᠎ᠦᠨ ᠡᠵᠡᠯᠡᠬᠦ ᠬᠠᠷᠢᠴᠠᠯ 65%᠎ᠳᠤ ᠬᠦᠷᠴᠦ᠂ ᠨᠢᠳᠤᠨᠤᠨ᠎ᠤ ᠬᠢ᠎ᠡᠴᠡ ᠵᠠᠭᠤᠨ᠎ᠤ ᠬᠠᠷᠢᠴᠠᠯ ᠵᠢᠡᠷ 20 ᠬᠤᠪᠢ ᠳᠡᠭᠡᠭᠰᠢᠯᠡᠬᠦ ᠪᠣᠯᠣᠨ᠎ᠠ᠃


ᠰᠤᠶᠤᠯ

✦ᠤᠢᠷ᠎ᠠ᠎ᠳᠤ ᠬᠥᠪᠡᠭᠡᠲᠦ ᠰᠢᠷ᠎ᠠ ᠬᠣᠰᠢᠭᠤ ᠰᠣᠶᠣᠯ᠎ᠤᠨ ᠠᠵᠢᠯᠲᠠᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠎ᠪᠡᠨ ᠵᠣᠬᠢᠶᠠᠨ ᠪᠠᠢᠭᠤᠯᠤᠨ ᠴᠠᠬᠠᠷ ᠪᠠᠷᠠᠭᠤᠨ ᠭᠠᠷᠤᠨ ᠬᠣᠢᠲᠤ ᠬᠣᠰᠢᠭᠤᠨ᠎ᠳᠤ ᠬᠦᠷᠴᠦ᠂ ᠠᠰᠤᠷᠤ ᠰᠣᠶᠣᠯ᠎ᠤᠨ ᠰᠣᠯᠢᠯᠴᠠᠭᠠᠨ᠎ᠤ ᠰᠢᠷᠢᠰ ᠠᠵᠢᠯᠯᠠᠭ᠎ᠠ᠎ᠶᠢ ᠬᠠᠮᠲᠤᠷᠠᠨ ᠥᠷᠨᠢᠭᠦᠯᠵᠦ᠂ ᠰᠣᠶᠣᠯ᠎ᠢᠶᠠᠷ ᠬᠣᠯᠪᠣᠭᠠᠰᠤ ᠪᠣᠯᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ ᠳᠤᠬᠠᠢ ᠬᠠᠮᠲᠤᠪᠠᠷ ᠵᠥᠪᠳᠡᠯᠴᠡᠵᠦ᠂ ᠰᠣᠶᠣᠯ᠎ᠤᠨ ᠰᠣᠯᠢᠯᠴᠠᠭᠠᠨ᠎ᠤ ᠠᠵᠢᠯ᠎ᠢ ᠵᠥᠪᠯᠡᠪᠡ᠃

✦ᠤᠢᠷ᠎ᠠ ᠵᠢᠨ ᠬᠤᠭᠤᠴᠠᠭᠠᠨ᠎ᠳᠤ ᠦᠦᠰᠢᠨ ᠬᠣᠰᠢᠭᠤᠨ᠎ᠤ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠡᠬᠢᠯᠡᠵᠦ᠂ ᠪᠥᠵᠢᠭ᠂ ᠤᠷᠠᠨ ᠪᠢᠴᠢᠯᠭᠡ᠂ ᠬᠥᠭᠵᠢᠮ ᠵᠡᠷᠭᠡ ᠣᠨᠴᠠᠯᠢᠭ᠍ᠲᠤ ᠬᠢᠴᠢᠶᠡᠯ᠎ᠢ ᠡᠬᠢᠯᠡᠭᠦᠯᠦᠨ᠂ ᠨᠠᠰᠤᠲᠠᠢᠴᠤᠳ᠎ᠦᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠪᠠ᠃


ᠲᠠᠮᠢᠷ

✦3 ᠰᠠᠷ᠎ᠠ ᠵᠢᠨ 30᠎ᠤ ᠡᠳᠦᠷ᠂ 2026 ᠵᠡᠭᠦᠨ ᠬᠣᠢᠲᠤ ᠣᠷᠣᠨ᠎ᠤ ᠬᠣᠲᠠ᠎ᠶᠢᠨ ᠬᠦᠯ ᠪᠥᠮᠪᠥᠭᠡ᠎ᠶᠢᠨ ᠬᠣᠯᠪᠣᠭᠠᠲᠤ ᠣᠷᠤᠯᠳᠤᠭᠠᠨ᠎ᠤ ᠰᠢᠪᠠᠭ᠎ᠠ ᠲᠠᠲᠠᠬᠤ ᠶᠣᠰᠣᠯᠠᠯ ᠮᠦᠭᠳᠡᠨ ᠳ᠋ᠦ᠍ ᠥᠨᠳᠥᠷᠯᠡᠪᠡ᠃ ᠯᠢᠶᠤᠤᠨᠢᠩ᠂ ᠬᠢᠷᠢᠨ᠂ ᠬᠠᠷᠠᠮᠥ᠋ᠷᠡᠨ᠂ ᠥᠪᠥᠷ ᠮᠣᠩᠭᠣᠯ ᠳᠥᠷᠪᠡᠨ ᠮᠤᠵᠢ ᠤᠷᠤᠨ᠎ᠤ ᠮᠦᠭᠳᠡᠨ᠂ ᠳ᠋ᠠᠯᠢᠶᠠᠨ᠂ ᠴᠠᠩᠴᠦ᠋ᠨ᠂ ᠶᠠᠨ ᠪᠢᠶᠠᠨ᠂ ᠬᠠᠷᠪᠢᠨ᠂ ᠬᠥᠬᠡᠬᠣᠲᠠ᠂ ᠲᠦᠩᠯᠢᠶᠣᠣ ᠵᠡᠷᠭᠡ 8 ᠬᠣᠲᠠ  ᠵᠢᠨ ᠳᠤᠭᠤᠢᠯᠠᠩ ᠬᠤᠪᠢᠶᠠᠵᠤ᠂ ᠠᠩᠬᠠᠨ᠎ᠤ ᠡᠭᠡᠯᠵᠢ᠎ᠶᠢᠨ ᠤᠷᠤᠯᠳᠤᠭᠠᠨ᠎ᠤ ᠲᠣᠬᠢᠷᠠᠭᠤᠯᠤᠯᠲᠠ᠎ᠶᠢ ᠨᠡᠢᠲᠡᠯᠡᠪᠡ᠃


ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠷᠣᠰ᠎ᠤᠨ ᠬᠣᠯᠪᠣᠭᠠᠨ᠎ᠤ ᠠᠮᠤᠷ ᠲᠦᠪᠰᠢᠨ᠎ᠦ ᠲᠣᠪᠴᠢᠶ᠎ᠠ 30 ᠎ᠤ ᠡᠳᠦᠷ ᠮᠡᠳᠡᠭᠡ ᠨᠡᠢᠲᠡᠯᠡᠵᠦ ᠢᠯᠡᠷᠬᠡᠢᠯᠡᠭᠦ ᠎ᠳᠡᠭᠡᠨ᠂ ᠣᠷᠣᠰ᠎ᠲᠤ ᠰᠠᠭᠤᠭ᠎ᠠ ᠠᠨᠭ᠌ᠭ᠌ᠯᠢ᠎ᠶᠢᠨ ᠡᠯᠴᠢᠨ ᠰᠠᠢᠳ᠎ᠤᠨ ᠶᠠᠮᠤᠨ᠎ᠤ ᠨᠢᠭᠡᠨ ᠭᠠᠳᠠᠭᠠᠳᠤ ᠬᠠᠷᠢᠯᠴᠠᠭᠠᠨ᠎ᠤ ᠲᠤᠰᠢᠶᠠᠯᠲᠠᠨ 《ᠨᠢᠭᠤᠴᠠ ᠮᠡᠳᠡᠭᠡᠨ᠎ᠦ ᠠᠵᠢᠯᠯᠠᠭ᠎ᠠ》 ᠬᠢᠭᠰᠡᠨ ᠡᠴᠡ ᠬᠣᠶᠠᠷ ᠭᠠᠷᠠᠭ᠎ᠤᠨ ᠳᠣᠲᠣᠷ᠎ᠠ ᠬᠢᠯᠢ᠎ᠡᠴᠡ ᠭᠠᠷᠬᠤ ᠬᠡᠷᠡᠭᠳᠡᠢ ᠭᠡᠵᠤ ᠱᠠᠭᠠᠷᠳᠠᠵᠠᠢ᠃


ᠦᠢᠯᠡᠴᠢᠯᠡᠭᠡ

✦ᠬᠦᠬᠡᠬᠤᠳᠠ ᠵᠢᠨ ᠨᠢᠭᠡᠳᠦᠭᠡᠷ ᠳᠤᠮᠳᠠᠳᠤ ᠰᠤᠷᠭᠠᠭᠤᠯᠢ ᠪᠠᠬᠰᠢ ᠡᠯᠰᠡᠬᠦ ᠪᠡᠷ ᠪᠤᠢ᠃


ᠲᠠᠨ᠎ᠤ ᠲᠤᠰᠠ᠎ᠳᠦ

✦ᠳᠠᠪᠤᠰᠤ ᠪᠣᠯᠣᠨ ᠰᠢᠬᠢᠷ᠎ᠢ ᠤᠷᠳᠤ ᠬᠤᠭᠤᠴᠠᠭ᠎ᠠ᠎ᠪᠠᠷ ᠬᠡᠮᠵᠢᠶ᠎ᠡ ᠡᠴᠡ ᠬᠡᠲᠦᠷᠡᠲᠡᠯ᠎ᠡ ᠢᠳᠡᠬᠦ ᠨᠢ ᠪᠦᠷ ᠴᠢᠰᠤᠨ ᠳᠠᠷᠤᠯᠲᠠ᠎ᠶᠢ ᠥᠨᠳᠥᠷᠵᠢᠭᠦᠯᠳᠡᠭ᠃ ᠤᠴᠢᠷ ᠨᠢ ᠢᠳᠡᠭᠡᠨ᠎ᠤ ᠳᠠᠪᠤᠰᠤᠨ᠎ᠦ ᠭᠣᠣᠯ ᠪᠦᠷᠢᠯᠳᠦᠭᠦᠨ ᠨᠢ ᠨᠠᠲᠷᠢ ᠪᠠᠢᠵᠤ᠂ ᠬᠥᠮᠥᠨ᠎ᠦ ᠪᠡᠶ᠎ᠡ᠎ᠳᠦ ᠰᠢᠩᠭᠡᠭᠡᠬᠦ ᠬᠡᠮᠵᠢᠶ᠎ᠡ ᠨᠢ ᠬᠡᠲᠦᠷᠡᠪᠡᠯ ᠴᠢᠰᠤᠨ ᠳᠠᠷᠤᠯᠲᠠ᠎ᠶᠢ ᠥᠨᠳᠥᠷᠵᠢᠭᠦᠯᠬᠦ ᠡᠯ᠎ᠡ ᠵᠦᠢᠯ᠎ᠦᠨ ᠪᠣᠳᠠᠰ᠎ᠤᠨ ᠰᠡᠷᠭᠡᠭ ᠴᠢᠨᠠᠷ᠎ᠢ ᠨᠡᠮᠡᠭᠳᠡᠭᠦᠯᠦᠨ ᠵᠢᠷᠦᠬᠡᠨ᠎ᠦ ᠳᠠᠷᠤᠭᠠᠰᠤ᠎ᠶᠢ ᠬᠦᠨᠳᠦᠷᠡᠭᠦᠯᠵᠦ᠂ ᠴᠢᠰᠤᠨ ᠳᠠᠷᠤᠯᠲᠠ᠎ᠶᠢ ᠥᠨᠳᠥᠷᠵᠢᠭᠦᠯᠳᠡᠭ᠃ ᠬᠥᠮᠥᠰ ᠡᠳᠦᠷ ᠪᠦᠷᠢ ᠵᠢᠷᠭᠤᠭᠠᠨ ᠭᠷᠡᠮ᠎ᠠᠴᠠ ᠳᠣᠷᠣᠭ᠍ᠰᠢ  ᠬᠡᠮᠵᠢᠶᠡᠨ᠎ᠤ ᠳᠠᠪᠤᠰᠤ ᠢᠳᠡᠵᠤ᠂ ᠳᠠᠪᠤᠰᠤᠯᠠᠭᠰᠠᠨ ᠨᠣᠭᠣᠭ᠎ᠠ᠂ ᠳᠠᠪᠤᠰᠤᠯᠠᠭᠰᠠᠨ ᠥᠨᠳᠡᠭᠡ ᠵᠡᠷᠭᠡ ᠳᠠᠪᠤᠰᠤ ᠶᠡᠬᠡ ᠠᠭᠤᠯᠤᠭᠰᠠᠨ ᠢᠳᠡᠭᠡᠨ᠎ᠢ ᠪᠠᠭ᠎ᠠ ᠢᠳᠡᠪᠡᠯ ᠵᠣᠬᠢᠨ᠎ᠠ᠃

ᠵᠠᠯᠭᠠᠭᠠᠳ《ᠵᠢᠷᠭᠠᠯ ᠵᠢᠡᠷ ᠭᠡᠷᠡᠯᠳᠦᠭᠰᠡᠨ ᠪᠦᠰᠡᠬᠦᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号