4 ᠰᠠᠷ᠎ᠠ᠎ᠶᠢᠨ 10᠎ᠦ ᠡᠳᠦᠷ
ᠡᠬᠢᠯᠡᠬᠦ᠌ ᠴᠠᠭ᠄
2026-04-10 10:34:02
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄

1000101010101010101010101010101010101014.10封面模板(1)0101.jpg


1000101010101010101010101010101010101014.10 天气预报模板0101.jpg


1000101010101010101010101010101010101014.10 盟市模板0101.jpg


ᠨᠡᠢ᠌ᠭᠡᠮ

✦ ᠮᠠᠨ᠎ᠤ ᠤᠯᠤᠰ ᠲᠣᠭ᠎ᠠ ᠪᠠᠷᠢᠮᠲᠠ᠎ᠶᠢᠨ ᠬᠦᠷᠢᠶᠡᠨ᠎ᠳᠡᠬᠢ ᠨᠡᠷ᠎ᠡ ᠲᠣᠮᠢᠶ᠎ᠠ᠎ᠶᠢ ᠲᠠᠢᠯᠪᠤᠷᠢᠯᠠᠬᠤ ᠪᠠ ᠪᠠᠷᠢᠮᠵᠢᠶ᠎ᠠ ᠲᠣᠭᠲᠠᠭᠠᠬᠤ ᠠᠵᠢᠯ᠎ᠢ ᠦᠷᠭᠦᠯᠵᠢᠯᠡᠨ ᠠᠬᠢᠭᠤᠯᠬᠤ ᠵᠢᠨ ᠲᠦᠯᠦᠭᠡ᠂ ᠤᠢᠷ᠎ᠠ᠎ᠳᠤ 《ᠲᠣᠭ᠎ᠠ ᠪᠠᠷᠢᠮᠲᠠ ᠵᠢᠨ ᠰᠠᠭᠤᠷᠢ ᠨᠡᠷ᠎ᠡ ᠲᠣᠮᠢᠶ᠎ᠠ》  ᠵᠡᠷᠭᠡ 22 ᠵᠦᠢᠯ᠎ᠦᠨ ᠤᠯᠤᠰ᠎ᠤᠨ ᠪᠠᠷᠢᠮᠵᠢᠶ᠎ᠠ ᠵᠢᠨ ᠳᠤᠬᠠᠢ ᠨᠡᠢᠭᠡᠮ ᠨᠡᠶ᠋ᠢᠲᠡ᠎ᠡᠴᠡ ᠰᠠᠨᠠᠯ ᠬᠤᠷᠢᠶᠠᠪᠠ᠃

✦ 4 ᠰᠠᠷ᠎ᠠ᠎ᠶᠢᠨ 8᠎ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠮᠡᠳᠡᠭᠡ ᠨᠡᠢᠲᠡᠯᠡᠵᠦ᠂ ᠣᠯᠠᠨ ᠲᠦᠮᠡᠨ᠎ᠦ ᠡᠪᠡᠳᠴᠢᠨ ᠦᠵᠡᠭᠦᠯᠵᠦ ᠰᠦᠢᠳᠬᠡᠯ ᠲᠤᠰᠢᠶᠠᠬᠤ᠎ᠳᠤ《ᠣᠯᠠᠨ ᠤᠳᠠᠭ᠎ᠠ ᠮᠥᠷᠯᠡᠬᠦ 》᠂ 《ᠤᠳᠠᠭᠠᠨ ᠮᠥᠷᠯᠡᠬᠦ 》ᠵᠡᠷᠭᠡ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ᠎ᠶᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠵᠢᠰᠦ᠎ᠪᠡᠨ ᠲᠠᠨᠢᠭᠤᠯᠤᠨ ᠰᠤᠢᠳᠬᠡᠯ ᠳᠤᠰᠢᠶᠠᠬᠤ᠂ ᠨᠢᠭᠡᠯᠡ ᠨᠤᠮᠸᠷ ᠵᠢᠡᠷ ᠰᠤᠢᠳᠬᠡᠯ ᠳᠤᠰᠢᠶᠠᠬᠤ᠂ ᠢᠲᠡᠭᠡᠮᠵᠢᠲᠦ ᠲᠣᠭᠠᠴᠠᠭ᠎ᠠ ᠬᠢᠬᠦ ᠵᠡᠷᠭᠡ ᠳᠥᠭᠥᠮ ᠳᠥᠲᠡ ᠪᠠᠷ ᠲᠣᠭᠠᠴᠠᠭ᠎ᠠ ᠬᠢᠬᠦ᠎ᠶᠢ ᠠᠬᠢᠭᠤᠯᠬᠤ ᠲᠤᠬᠠᠢ ᠠᠵᠢᠯ᠎ᠢ ᠪᠠᠢᠷᠢᠯᠠᠭᠤᠯᠵᠤ᠂ 119 ᠭᠠᠵᠠᠷ ᠤᠷᠤᠨ᠎ᠢ ᠰᠤᠩᠭᠤᠨ ᠲᠦᠷᠦᠭᠦᠦ ᠪᠦᠯᠦᠭ᠎ᠦᠨ ᠨᠢᠭᠡᠳᠦᠯᠳᠡᠢ ᠲᠦᠯᠦᠪᠵᠢᠬᠦᠯᠦᠨ ᠠᠬᠢᠭᠤᠯᠬᠤ ᠭᠠᠵᠠᠷ ᠣᠷᠣᠨ ᠪᠣᠯᠭᠠᠬᠤ᠎ᠪᠠᠷ ᠳᠤᠬᠳᠠᠪᠠ᠃ ᠡᠭᠦᠨ᠎ᠳᠤ ᠮᠠᠨ᠎ᠤ ᠣᠷᠣᠨ᠎ᠤ ᠬᠥᠬᠡᠬᠣᠲᠠ᠂ ᠪᠤᠭᠤᠲᠤ᠂ ᠰᠢᠯᠢ᠎ᠶᠢᠨ ᠭᠣᠣᠯ ᠠᠢᠮᠠᠭ ᠰᠣᠩᠭᠣᠭᠳᠠᠬᠰᠠᠨ ᠪᠠᠢᠨ᠎ᠠ᠃

✦ ᠪᠠᠴᠢᠮ ᠪᠠᠢᠳᠠᠯ᠎ᠢ ᠠᠷᠭᠠᠴᠠᠭᠠᠬᠤ ᠶᠠᠮᠤᠨ ᠪᠣᠯᠣᠨ ᠤᠯᠤᠰ᠎ᠤᠨ ᠭᠠᠯ᠎ᠰᠡᠷᠭᠡᠢᠯᠡᠵᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠤᠢᠷ᠎ᠠ᠎ᠳᠤ ᠬᠤᠷᠠᠯ ᠬᠤᠷᠠᠯᠳᠤᠭᠤᠯᠵᠤ᠂ ᠬᠠᠭᠤᠴᠢᠨ ᠰᠠᠭᠤᠭᠠᠯᠢ ᠲᠣᠭᠣᠷᠢᠭ᠋᠎ᠤᠨ ᠭᠠᠯ᠎ᠤᠨ ᠠᠶᠤᠯ᠎ᠤᠨ ᠭᠡᠮ ᠰᠣᠭᠣᠭ᠎ᠤᠨ ᠠᠰᠠᠭᠤᠳᠠᠯ᠎ᠳᠤ ᠴᠢᠭᠯᠡᠭᠦᠯᠦᠨ᠂ ᠰᠢᠨ᠎ᠡ ᠬᠡᠯᠪᠡᠷᠢ᠎ᠶᠢᠨ ᠣᠶᠤᠨᠴᠢᠯᠠᠭᠰᠠᠨ ᠭᠠᠯ ᠤᠨᠲᠠᠷᠠᠭᠠᠬᠤ ᠲᠥᠬᠦᠭᠡᠷᠦᠮᠵᠢ᠎ᠶᠢ ᠲᠦᠭᠡᠮᠡᠯᠵᠢᠭᠦᠯᠦᠨ᠎ᠠ ᠭᠡᠪᠡ᠃

✦ 2026 ᠣᠨ᠎ᠤ ᠪᠦᠬᠦ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ ᠵᠢᠨ《ᠲᠣᠬᠢᠷᠠᠭᠤᠯᠤᠯᠲᠠ᠎ᠶᠢᠨ ᠦᠢᠯᠡᠴᠢᠯᠡᠭᠡᠨ᠎ᠦ ᠰᠢᠰᠲᠧᠮ》 8᠎ᠤ ᠡᠳᠦᠷ᠎ᠡᠴᠡ ᠡᠬᠢᠯᠡᠨ ᠨᠡᠪᠲᠡᠷᠠᠪᠠ᠃ ᠡᠭᠦᠨ᠎ᠡᠴᠡ ᠡᠮᠦᠨ᠎ᠡ 《ᠰᠦᠯᠵᠢᠶᠡᠨ ᠳᠡᠭᠡᠷ᠎ᠡ ᠲᠣᠬᠢᠷᠠᠭᠤᠯᠤᠯᠲᠠ ᠬᠢᠬᠦ ᠰᠠᠨᠠᠮᠵᠢ ᠴᠤᠭᠯᠠᠭᠤᠯᠬᠤ ᠰᠢᠰᠲᠧᠮ》 ᠵᠢᠡᠷ ᠳᠠᠮᠵᠢᠨ ᠲᠣᠬᠢᠷᠠᠭᠤᠯᠤᠯᠲᠠ ᠬᠢᠬᠦ ᠰᠠᠨᠠᠮᠵᠢ᠎ᠪᠠᠨ ᠨᠢᠭᠡᠨᠳᠡ ᠲᠠᠭᠯᠠᠭᠰᠠᠨ ᠰᠢᠯᠭᠠᠭᠤᠯᠤᠭ᠍ᠴᠢ ᠲᠣᠬᠢᠷᠠᠭᠤᠯᠤᠯᠲᠠ ᠬᠢᠬᠦ ᠡᠷᠡᠮᠡᠯᠵᠡᠯ᠎ᠢᠶᠡᠨ ᠳᠡᠪᠰᠢᠭᠦᠯᠵᠦ ᠪᠣᠯᠣᠨ᠎ᠠ᠃

✦ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠣᠯᠣᠨ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠮᠡᠳᠡᠭᠡ ᠎ᠶᠢ ᠦᠨᠳᠦᠰᠦᠯᠡᠪᠡᠯ᠂ ᠮᠠᠨ᠎ᠤ ᠣᠷᠣᠨ 《ᠪᠦᠷᠢᠨ ᠴᠢᠳᠠᠮᠵᠢᠲᠤ ᠬᠦᠰᠦᠨᠦᠭ》᠎ᠤᠨ ᠲᠣᠭᠠᠴᠢᠯᠠᠭᠰᠠᠨ ᠲᠠᠪᠴᠠᠩ᠎ᠢ ᠳᠡᠰ ᠳᠡᠪᠰᠢᠭᠦᠯᠬᠦ᠎ᠶᠢ ᠦᠷᠭᠦᠯᠵᠢᠯᠡᠨ ᠳᠡᠯᠭᠡᠷᠡᠭᠦᠯᠬᠦ᠎ᠪᠡᠷ ᠳᠠᠮᠵᠢᠨ᠂ ᠣᠳᠣᠬᠠᠨ᠎ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ( ᠬᠣᠲᠠ ᠂ ᠲᠣᠭᠣᠷᠢᠭ᠋ )᠂ ᠰᠤᠮᠤ ᠰᠢᠶᠠᠩ ᠪᠠᠯᠭᠠᠰᠤ ( ᠵᠡᠭᠡᠯᠢ ᠭᠤᠳᠤᠮᠵᠢ ) ᠂ ᠭᠠᠴᠠᠭ᠎ᠠ ᠲᠣᠰᠬᠣᠨ ( ᠨᠡᠢᠭᠡᠮ ᠲᠣᠭᠣᠷᠢᠭ᠋ ) ᠵᠢᠷᠭᠤᠭᠠᠨ ᠱᠠᠲᠤ᠎ᠶᠢ ᠨᠡᠪᠲᠡᠷᠡᠭᠦᠯᠬᠦ᠎ᠶᠢ ᠨᠢᠭᠡᠨᠲᠡ ᠪᠡᠶᠡᠯᠡᠭᠦᠯᠵᠦ᠂ 2025 ᠣᠨ᠎ᠤ ᠡᠴᠦᠰ ᠪᠣᠯᠲᠠᠯ᠎ᠠ ᠰᠢᠰᠲᠧᠮ ᠨᠢ ᠭᠤᠷᠪᠠᠨ ᠱᠠᠲᠤᠨ᠎ᠤ ᠲᠤᠬᠠᠢᠯᠠᠭᠰᠠᠨ ᠠᠵᠢᠯ᠎ᠤᠨ 10744 ᠰᠠᠯᠠᠭ᠎ᠠ ᠮᠦᠴᠢᠷ᠂ 1241 ᠰᠤᠮᠤ ᠰᠢᠶᠠᠩ ᠪᠠᠯᠭᠠᠰᠤ(ᠵᠡᠭᠡᠯᠢ ᠭᠤᠳᠤᠮᠵᠢ) ᠵᠢ ᠬᠠᠮᠤᠷᠴᠤ᠂ 3 ᠲᠦᠮᠡ ᠭᠠᠷᠤᠢ ᠰᠢᠰᠲᠸᠮ᠎ᠤᠨ ᠳᠠᠩᠰᠠ ᠵᠢ ᠨᠡᠭᠡᠭᠡᠵᠤ ᠨᠡᠪᠲᠡᠷᠡᠬᠦᠯᠦᠭᠰᠡᠨ ᠪᠠᠢᠨ᠎ᠠ᠃

✦ ᠬᠠᠪᠤᠷ᠎ᠤᠨ ᠤᠯᠠᠷᠢᠯ᠎ᠤᠨ ᠣᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠴᠢᠳᠠᠪᠤᠷᠢ᠎ᠶᠢ ᠦᠨᠡᠨᠬᠦ ᠳᠡᠭᠡᠭᠰᠢᠯᠡᠭᠦᠯᠵᠦ᠂ ᠪᠠᠴᠢᠮ ᠪᠠᠢᠳᠠᠯ᠎ᠢ ᠠᠷᠭᠠᠴᠭᠠᠬᠤ ᠡᠩᠨᠡᠭᠡᠨ᠎ᠦ ᠪᠣᠳᠠᠲᠠᠢ ᠠᠵᠢᠯᠯᠠᠬᠤ ᠬᠢᠷᠢ ᠲᠦᠪᠰᠢᠨ᠎ᠢ ᠴᠢᠩᠭᠠᠳᠬᠠᠬᠤ᠎ᠶᠢᠨ ᠲᠥᠯᠥᠭᠡ ᠤᠢᠷ᠎ᠠ᠎ᠳᠤ ᠬᠥᠪᠡᠭᠡᠲᠦ ᠰᠢᠷ᠎ᠠ ᠬᠣᠰᠢᠭᠤᠨ᠎ᠤ ᠠᠷᠠᠳ᠎ᠤᠨ ᠵᠡᠪᠰᠡᠭᠲᠦ ᠬᠦᠴᠦᠨ᠎ᠤ ᠬᠡᠯᠲᠡᠰ᠎ᠡᠴᠡ ᠬᠣᠰᠢᠭᠤᠨ᠎ᠤ ᠪᠡᠨ ᠡᠷᠦᠬᠡ᠎ᠶᠢᠨ ᠴᠡᠷᠢᠭ᠎ᠦᠨ ᠪᠠᠴᠢᠮ ᠪᠠᠢᠳᠠᠯ᠎ᠢ ᠠᠷᠭᠠᠴᠠᠭᠠᠬᠤ ᠬᠤᠪᠢᠶᠠᠷᠢ ᠠᠩᠭᠢ᠎ᠶᠢ ᠵᠣᠬᠢᠶᠠᠨ ᠪᠠᠢᠭᠤᠯᠵᠤ ᠭᠠᠯ ᠰᠡᠷᠭᠡᠢᠯᠡᠬᠦ ᠰᠣᠷᠢᠯᠲᠠ ᠬᠢᠪᠡ᠃

✦ ᠣᠳᠣᠬᠠᠨ ᠪᠣᠯᠲᠠᠯ᠎ᠠ ᠣᠳᠣᠭ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠣᠪᠴᠢᠶ᠎ᠠ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠨᠥᠬᠥᠪᠦᠷᠢ᠎ᠶᠢᠨ ᠭᠤᠶᠤᠴᠢᠯᠠᠯ᠎ᠢ 302 ᠬᠤᠪᠢ ᠬᠦᠯᠢᠶᠡᠨ ᠠᠪᠴᠤ ᠰᠢᠢᠳᠪᠦᠷᠢᠯᠡᠨ᠂ 208 ᠮᠠᠯᠵᠢᠬᠤ ᠲᠠᠷᠢᠶᠠᠯᠠᠬᠤ ᠡᠷᠦᠬᠡ᠎ᠳᠤ ᠠᠰᠢᠭ᠋ ᠬᠦᠷᠲᠡᠭᠡᠪᠡ᠃ ᠡᠭᠦᠨ᠎ᠳᠦ ᠬᠤᠪᠢ ᠬᠥᠮᠥᠨ 198 ᠡᠷᠦᠬᠡ᠂ ᠵᠣᠬᠢᠶᠠᠨ ᠪᠠᠢᠭᠤᠯᠤᠯᠲᠠ 10 ᠡᠷᠦᠬᠡ ᠪᠠᠢᠵᠤ᠂ ᠨᠥᠬᠥᠪᠦᠷᠢ ᠣᠯᠭᠣᠭᠰᠠᠨ ᠮᠠᠰᠢᠨ ᠪᠠᠭᠠᠵᠢ᠎ᠶᠢᠨ ᠲᠣᠭ᠎ᠠ ᠬᠡᠮᠵᠢᠶ᠎ᠡ 302 ᠰᠠᠤᠷᠢ ᠬᠦᠷᠴᠡᠢ᠃

✦ ᠣᠢᠷ᠎ᠠ᠎ᠳᠤ ᠰᠦᠨᠢᠳ ᠪᠠᠷᠠᠭᠤᠨ ᠬᠤᠰᠢᠭᠤᠨ᠎ᠤ ᠥᠷᠭᠡᠨᠲᠠᠯ᠎ᠡ ᠪᠠᠯᠭᠠᠰᠤᠨ᠎ᠤ ᠴᠠᠩᠳᠤᠰᠢᠯᠢ ᠭᠠᠴᠠᠭ᠎ᠠ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ᠎ᠪᠠᠷ᠎ᠢᠶᠠᠨ ᠡᠪᠡᠰᠦ ᠪᠣᠷᠳᠣᠭ᠎ᠠ ᠬᠤᠳᠠᠯᠳᠤᠨ ᠠᠪᠴᠤ᠂ ᠪᠥᠬᠥ ᠭᠠᠴᠠᠭᠠᠨ᠎ᠤ 190 ᠮᠠᠯᠵᠢᠬᠤ ᠡᠷᠦᠬᠡ᠎ᠳᠦ ᠦᠨ᠎ᠡ ᠲᠥᠯᠥᠪᠦᠷᠢ ᠦᠭᠡᠢ᠎ᠪᠡᠷ ᠬᠤᠪᠢᠶᠠᠵᠤ ᠥᠭᠭᠦᠨ᠂ ᠬᠠᠪᠤᠷ᠎ᠤᠨ ᠤᠯᠠᠷᠢᠯ᠎ᠤᠨ ᠪᠡᠯᠴᠢᠭᠡᠷ᠎ᠢ ᠠᠮᠠᠷᠠᠭᠤᠯᠬᠤ ᠬᠤᠭᠤᠴᠠᠭᠠᠨ᠎ᠳᠠᠬᠢ ᠮᠠᠯᠴᠢᠳ᠎ᠤᠨ ᠡᠪᠡᠰᠦ ᠪᠣᠷᠳᠣᠭ᠎ᠠ ᠪᠡᠯᠡᠳᠬᠡᠬᠦ ᠳᠠᠷᠤᠭᠠᠰᠤ ᠵᠢ ᠬᠥᠩᠭᠡᠷᠡᠭᠦᠯᠦᠭᠰᠡᠨ ᠪᠠᠢᠨ᠎ᠠ᠃

✦ 4 ᠰᠠᠷ᠎ᠠ ᠵᠢᠨ 8᠎ᠤ ᠡᠳᠦᠷ᠂ ᠰᠢᠯᠢ ᠎ᠶᠢᠨ ᠭᠣᠣᠯ ᠠᠢᠮᠠᠭ᠎ᠤᠨ ᠤᠯᠠᠭᠠᠢ ᠬᠠᠮᠢᠶᠠᠷᠤᠯᠲᠠ᠎ᠶᠢᠨ ᠣᠷᠣᠨ᠎ᠤ ᠴᠢᠨᠦ᠎ᠠ᠎ᠶᠢᠨ ᠬᠥᠨᠳᠡᠢ᠎ᠳᠦ᠂ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠳᠠ ᠵᠢᠨ ᠬᠡᠭᠡᠷ᠎ᠡ᠎ᠶᠢᠨ ᠠᠮᠢᠲᠠᠨ ᠪᠣᠯᠬᠤ ᠬᠦᠰᠦᠨ ᠳᠡᠰ  ᠢᠯᠡᠷᠡᠪᠡ᠃ ᠡᠨᠡ ᠨᠢ ᠦᠵᠡᠮᠵᠢ ᠎ᠶᠢᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠪᠠᠶᠠᠯᠢᠭ᠍ᠵᠢᠭᠤᠯᠵᠤ᠂ ᠲᠤᠬᠠᠢ᠎ᠶᠢᠨ ᠭᠠᠵᠠᠷ᠎ᠤᠨ ᠲᠠᠯ᠎ᠠ ᠨᠤᠲᠤᠭ᠎ᠦᠨ ᠠᠮᠢ ᠠᠬᠤᠢ᠎ᠶᠢᠨ ᠰᠢᠰᠲᠧᠮ᠎ᠦᠨ ᠰᠤᠳᠤᠯᠭᠠᠨ᠎ᠳᠤ ᠬᠣᠪᠣᠷ ᠨᠠᠨᠳᠢᠨ ᠦᠯᠢᠭᠡᠷ ᠬᠡᠪ ᠬᠠᠩᠭᠠᠭᠰᠠᠨ᠎ᠢᠶᠠᠷ ᠪᠠᠷᠠᠬᠤ ᠦᠭᠡᠢ ᠲᠤᠬᠠᠢ᠎ᠶᠢᠨ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ ᠪᠠᠢᠭ᠎ᠠ᠎ᠶᠢ ᠭᠡᠷᠡᠴᠢᠯᠡᠵᠡᠢ᠃

 

ᠠᠵᠤ ᠠᠬᠤᠢ

✦ 2026 ᠣᠨ᠎ᠤ ᠨᠢᠭᠡᠳᠦᠭᠡᠷ ᠤᠯᠠᠷᠢᠯ᠎ᠳᠦ᠂ ᠬᠥᠬᠡᠬᠣᠲᠠ᠎ᠶᠢᠨ ᠲᠡᠮᠦᠷ ᠵᠠᠮ᠎ᠤᠨ ᠲᠣᠪᠴᠢᠶ᠎ᠠ᠎ᠶᠢᠨ ᠵᠥᠭᠡᠭᠡᠪᠦᠷᠢᠯᠡᠭᠰᠡᠨ ᠠᠶᠠᠨᠴᠢᠳ᠎ᠤᠨ ᠬᠡᠮᠵᠢᠶ᠎ᠡ 1028 ᠲᠦᠮᠡ 7000 ᠬᠥᠮᠥᠨ ᠤᠳᠠᠭ᠎ᠠ᠎ᠳᠤ ᠬᠦᠷᠴᠦ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠠᠴᠠ 9.2%᠎ᠢᠶᠠᠷ ᠨᠡᠮᠡᠭᠳᠡᠪᠡ᠃ ᠪᠠᠷᠠᠭ᠎ᠠ ᠲᠡᠭᠡᠭᠡᠪᠤᠷᠢᠯᠡᠭᠰᠡᠨ ᠬᠡᠮᠵᠢᠶ᠎ᠡ 6586 ᠲᠦᠮᠡᠨ ᠲᠤᠨ᠎ᠳᠤ ᠬᠦᠷᠴᠦ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠦ ᠬᠢ᠎ᠡᠴᠡ 0.3%᠎ᠪᠡᠷ ᠨᠡᠮᠡᠭᠳᠡᠨ᠂ ᠠᠶᠠᠨᠴᠢᠳ᠎ᠦᠨ ᠬᠡᠮᠵᠢᠶ᠎ᠡ ᠪᠠ ᠪᠠᠷᠠᠭ᠎ᠠ ᠲᠡᠭᠡᠭᠡᠪᠤᠷᠢᠯᠡᠭᠰᠡᠨ ᠬᠡᠮᠵᠢᠶ᠎ᠡ ᠴᠥᠮ ᠰᠢᠨ᠎ᠡ ᠲᠡᠮᠳᠡᠭᠯᠡᠯ᠎ᠢ ᠡᠭᠦᠳᠪᠡ᠃


ᠰᠣᠶᠣᠯ 

✦ 4 ᠰᠠᠷ᠎ᠠ᠎ᠶᠢᠨ 8 ᠎ᠤ ᠡᠳᠦᠷ᠂ 2026 ᠣᠨ᠎ᠤ ᠰᠢᠯᠢ᠎ᠶᠢᠨ ᠭᠣᠣᠯ ᠠᠢᠮᠠᠭ᠎ᠤᠨ ᠨᠠᠷᠠᠲᠤ ᠬᠥᠮᠥᠰ᠎ᠦᠨ ᠠᠵᠢᠯᠯᠠᠬᠤ ᠲᠠᠰᠤᠭ — ᠪᠤᠶᠠᠨᠬᠦᠦ ᠬᠦᠭᠡᠮᠡᠢ ᠨᠠᠢᠷᠠᠯ ᠳᠠᠭᠤᠤ᠎ᠶᠢᠨ ᠲᠥᠷᠥᠯ ᠵᠦᠢᠯ᠎ᠦᠨ ᠪᠣᠯᠪᠠᠰᠤᠷᠠᠯ᠎ᠤᠨ ᠠᠩᠭᠢ ᠬᠥᠪᠡᠭᠡᠲᠦ ᠰᠢᠷ᠎ᠠ ᠬᠣᠰᠢᠭᠤᠨ᠎ᠳᠤ ᠬᠢᠴᠢᠶᠡᠯ ᠡᠬᠢᠯᠡᠭᠰᠡᠨ ᠪᠠᠢᠨ᠎ᠠ᠃

✦ ᠪᠠᠭᠠᠷᠢᠨ ᠪᠠᠷᠠᠭᠤᠨ ᠬᠣᠰᠢᠭᠤᠨ᠎ᠤ ᠰᠢᠷᠠᠮᠥ᠋ᠷᠡᠨ ᠰᠤᠮᠤ᠎ᠪᠠᠷ ᠨᠤᠲᠤᠭᠲᠠᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠳᠡᠳ᠋ ᠫᠷᠤᠹᠧᠰᠰᠤᠷ᠂ ᠠᠵᠢᠯ᠎ᠠᠴᠠ᠎ᠪᠠᠨ ᠲᠠᠷᠬᠠᠯᠠᠭᠳᠠᠭᠰᠠᠨ ᠠᠬᠠᠮᠠᠳ ᠪᠠᠭ᠍ᠰᠢ ᠨᠠ᠊·ᠵᠠᠮᠢᠶᠠᠨ ᠤᠷᠴᠢᠮᠬᠠᠨ ᠬᠤᠪᠢ ᠵᠢᠨ ᠬᠠᠳᠠᠭᠠᠯᠠᠵᠤ ᠪᠠᠢᠭᠰᠠᠨ ᠨᠣᠮ᠎ᠢᠶᠠᠨ ᠪᠠᠭᠠᠷᠢᠨ ᠪᠠᠷᠠᠭᠤᠨ ᠬᠣᠰᠢᠭᠤᠨ᠎ᠤ ᠨᠣᠮ᠎ᠤᠨ ᠰᠠᠩ᠎ᠳᠤ ᠪᠡᠯᠡᠭᠯᠡᠭᠰᠡᠨ ᠪᠠᠢᠨ᠎ᠠ᠃

 

ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠰᠤᠨ ᠵᠠᠮ᠎ᠤᠨ ᠲᠡᠭᠡᠭᠡᠪᠦᠷᠢ᠎ᠶᠢᠨ ᠣᠯᠠᠨ ᠪᠠᠢᠭᠤᠯᠤᠮᠵᠢ 8 ᠎ᠤ ᠡᠳᠦᠷ ᠢᠯᠡᠷᠬᠡᠢᠯᠡᠬᠦ᠎ᠳᠡᠭᠡᠨ᠂ ᠠᠮᠧᠷᠢᠺᠠ ᠪᠣᠯᠣᠨ ᠢᠷᠠᠨ ᠬᠣᠶᠠᠷ ᠭᠠᠷᠠᠭ᠎ᠤᠨ ᠬᠤᠭᠤᠴᠠᠭᠠᠨ᠎ᠳᠤ ᠲᠤᠯᠤᠯᠳᠤᠬᠤ᠎ᠪᠠᠨ ᠵᠣᠭᠰᠣᠬᠤ᠎ᠪᠠᠷ ᠲᠣᠭᠲᠠᠭᠰᠠᠨ᠎ᠤ ᠳᠠᠷᠠᠭ᠎ᠠ᠂ ᠬᠤᠷᠮᠤᠽ ᠬᠣᠭᠣᠯᠠᠢ᠎ᠳᠤ ᠨᠢᠭᠡᠨᠲᠡ ᠣᠩᠭᠣᠴᠠ ᠨᠡᠪᠲᠡᠷᠡᠪᠡ ᠭᠡᠵᠡᠢ᠃

 

ᠦᠢ᠍ᠯᠡᠴᠢᠯᠡᠭᠡ

✦ ᠤᠷᠠᠳ᠎ᠤᠨ ᠳᠤᠮᠳᠠᠳᠤ ᠬᠤᠰᠢᠭᠤᠨ᠎ᠤ ᠠᠷᠠᠳ᠎ᠤᠨ ᠡᠮᠨᠡᠯᠭᠡ ᠵᠢᠨ ᠬᠤᠷᠢᠶ᠎ᠠ ᠡᠮᠴᠢ ᠰᠤᠪᠢᠯᠠᠬᠴᠢ ᠡᠯᠰᠡᠵᠤ ᠪᠤᠢ᠃

 ✦ᠥᠪᠡᠷᠲᠡᠭᠡᠨ ᠵᠠᠰᠠᠬᠤ ᠣᠷᠣᠨ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ᠎ᠶᠢᠨ ᠬᠢᠷᠢ ᠭᠡᠮ᠎ᠦᠨ ᠰᠢᠯᠭᠠᠯᠲᠠ ( ᠨᠢᠭᠤᠷᠲᠠᠨ ᠰᠢᠯᠭᠠᠯᠲᠠ )᠎ᠶᠢᠨ ᠨᠡᠷ᠎ᠡ ᠮᠡᠳᠡᠭᠦᠯᠬᠦ ᠠᠵᠢᠯ 4 ᠰᠠᠷ᠎ᠠ᠎ᠶᠢᠨ 17᠎ᠤ ᠡᠳᠦᠷ᠎ᠦᠨ 10 ᠴᠠᠭ᠎ᠠᠴᠠ 20᠎ᠤ ᠡᠳᠦᠷ᠎ᠦᠨ 17 ᠴᠠᠭ ᠪᠣᠯᠲᠠᠯ᠎ᠠ ᠶᠠᠪᠤᠬᠳᠠᠬᠤ ᠪᠡᠷ ᠪᠤᠢ᠃ ᠲᠤᠰ ᠤᠳᠠᠭᠠᠨ᠎ᠤ ᠨᠢᠭᠤᠷᠲᠠᠨ ᠰᠢᠯᠭᠠᠯᠲᠠ᠎ᠳᠤ ᠬᠥᠬᠡᠬᠣᠲᠠ᠂ ᠪᠤᠭᠤᠲᠤ᠂ ᠤᠯᠠᠭᠠᠨᠴᠠᠪ᠂ ᠪᠠᠶᠠᠠᠨᠠᠭᠤᠷ᠂ ᠤᠯᠠᠭᠠᠬᠠᠳᠠ᠂ ᠲᠦᠩᠯᠢᠶᠣᠣ ᠪᠠ ᠬᠥᠯᠥᠨ ᠪᠤᠢᠷ ᠵᠡᠷᠭᠡ 7 ᠠᠢᠮᠠᠭ ᠬᠤᠳᠠ᠎ᠳᠤ ᠰᠢᠯᠭᠠᠯᠲᠠ ᠎ᠶᠢᠨ ᠲᠣᠭᠣᠷᠢᠭ᠋ ᠲᠣᠬᠢᠷᠠᠭᠤᠯᠵᠠᠢ᠃

 

ᠲᠠᠨ᠎ᠤ ᠲᠤᠰᠠ᠎ᠳᠤ 

✦ ᠭᠤᠯᠢᠷ ᠴᠢᠨᠠᠬᠤ᠎ᠳᠤ ᠣᠰᠤᠨ᠎ᠳᠠᠭᠠᠨ ᠨᠢᠭᠡ ᠬᠠᠯᠪᠠᠭ᠎ᠠ ᠢᠳᠡᠭᠡᠨ᠎ᠦ ᠲᠣᠰᠣ᠌ ᠨᠡᠮᠡᠪᠡᠯ ᠭᠤᠯᠢᠷ ᠲᠣᠭᠣᠭᠠᠨ᠎ᠳᠤ ᠨᠠᠭᠠᠯᠳᠤᠬᠤ ᠦᠭᠡᠢ ᠪᠥᠭᠡᠳ ᠱᠥᠯᠥ ᠨᠢ ᠬᠥᠭᠡᠰᠦᠷᠡᠵᠦ ᠲᠣᠭᠣᠭᠠᠨ᠎ᠠᠴᠠ ᠭᠠᠷᠬᠤ᠎ᠶᠢ ᠰᠡᠷᠭᠡᠢᠯᠡᠵᠦ ᠪᠤᠯᠤᠨ᠎ᠠ᠃

ᠵᠠᠯᠭᠠᠭᠠᠳ 《ᠭᠠᠩᠭᠠᠩ ᠰᠢᠷᠭ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号