


ᠨᠡᠢᠭᠡᠮ
✦9 ᠦ ᠡᠳᠦᠷ᠂ ᠤᠯᠤᠰ᠎ᠤᠨ
ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ《ᠨᠡᠢᠭᠡᠮ ᠦᠨ ᠰᠡᠳᠬᠢᠴᠡ᠎ᠶᠢᠨ
ᠦᠢᠯᠡᠴᠢᠯᠡᠭᠡᠨ ᠦ ᠰᠢᠰᠲᠧᠮ ᠪᠠ ᠬᠢᠮᠤᠷᠠᠯ ᠢ ᠨᠥᠯᠥᠭᠡᠯᠡᠬᠦ ᠲᠣᠭᠲᠠᠴᠠ᠎ᠶᠢ ᠪᠦᠷᠢᠨᠰᠢᠭᠦᠯᠬᠦ ᠵᠢ ᠬᠡᠷᠡᠭᠵᠢᠭᠦᠯᠬᠦ
ᠲᠥᠰᠥᠯ》᠎ᠢ ᠨᠡᠢᠲᠡᠯᠡᠵᠦ᠂ 2030 ᠣᠨ ᠪᠣᠯᠬᠤ᠎ᠳᠤ ᠪᠥᠬᠥ ᠬᠦᠮᠦᠨ᠂ ᠪᠥᠬᠥ ᠠᠮᠢ ᠨᠠᠰᠤᠨ ᠤ
ᠦᠶᠡᠯᠡᠯ᠎ᠦᠨ ᠬᠤᠭᠤᠴᠠᠭ᠎ᠠ᠎ᠶᠢ ᠬᠠᠮᠤᠷᠤᠭᠰᠠᠨ ᠨᠡᠢᠭᠡᠮ᠎ᠦᠨ ᠰᠡᠳᠬᠢᠴᠡ᠎ᠶᠢᠨ ᠦᠢᠯᠡᠴᠢᠯᠡᠭᠡᠨ ᠤ᠋ ᠰᠢᠰᠲᠧᠮ ᠪᠠ
ᠬᠢᠮᠤᠷᠠᠯ᠎ᠢ ᠨᠥᠯᠥᠭᠡᠯᠡᠬᠦ ᠲᠣᠭᠲᠠᠴᠠ ᠶᠢ ᠦᠨᠳᠦᠰᠦᠨ᠎ᠳᠡᠭᠡᠨ ᠪᠦᠷᠢᠨᠰᠢᠭᠦᠯᠦᠨ᠎ᠡ ᠭᠡᠵᠡᠢ᠃
✦ᠤᠯᠤᠰ ᠤᠨ
ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶ᠎ᠠ 2025 ᠣᠨ ᠤ 8 ᠰᠠᠷ᠎ᠠ ᠠ᠋ᠴᠠ
ᠡᠬᠢᠯᠡᠨ ᠪᠥᠬᠥ ᠤᠯᠤᠰ᠎ᠤᠨ ᠬᠡᠪᠴᠢᠶᠡᠨ ᠳᠦ ᠲᠥᠪᠯᠡᠷᠡᠭᠦᠯᠦᠨ ᠴᠡᠭᠴᠡᠯᠡᠨ ᠵᠠᠰᠠᠵᠤ᠂ ᠡᠨᠡ ᠵᠢᠯ ᠦᠨ 3 ᠰᠠᠷ᠎ᠠ ᠶ᠋ᠢᠨ ᠰᠡᠭᠦᠯᠴᠢ ᠪᠣᠯᠲᠠᠯ᠎ᠠ ᠪᠥᠬᠥ ᠤᠯᠤᠰ᠎ᠤᠨ ᠲᠧᠯᠸᠢᠰ
ᠰᠤᠪᠠᠭ᠎ᠤᠨ ᠡᠮ ᠡᠮᠨᠡᠯᠭᠡ ᠶ᠋ᠢᠨ ᠬᠤᠳᠠᠯ ᠬᠠᠭᠤᠷᠮᠠᠭ ᠤᠬᠠᠭᠤᠯᠭ᠎ᠠ ᠶ᠋ᠢᠨ ᠵᠠᠷ ᠢ᠋ ᠪᠥᠬᠥ ᠲᠠᠯ᠎ᠠ᠎ᠪᠠᠷ
ᠠᠷᠢᠯᠭᠠᠪᠠ᠃
✦ᠲᠥᠷᠥ ᠶᠢᠨ ᠶᠠᠪᠤᠳᠠᠯ ᠤᠨ
ᠬᠣᠷᠢᠶ᠎ᠠ ᠵᠢᠨ ᠠᠯᠪᠠᠨ ᠲᠢᠩᠬᠢᠮ ᠲᠦᠷᠦᠭᠦᠬᠡᠨ 《ᠲᠠᠰ ᠬᠤᠪᠢᠶᠠᠨ ᠣᠨᠣᠰᠢᠯᠠᠨ ᠡᠮᠴᠢᠯᠡᠬᠦ ᠰᠢᠰᠲᠧᠮ᠎ᠢ ᠲᠦᠷᠭᠡᠳᠬᠡᠨ
ᠪᠠᠶ᠋ᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠵᠤ᠂ 4 ᠲᠠᠯ᠎ᠠ᠎ᠶᠢᠨ 13 ᠵᠦᠢᠯ᠎ᠦᠨ
ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃
✦ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠡᠴᠡ ᠣᠢᠯᠠᠭᠠᠭᠰᠠᠨ
ᠵᠢᠡᠷ᠂ ᠣᠢᠷ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ
ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠬᠠᠮᠲᠤᠷᠠᠨ
ᠥᠪᠥᠷ ᠮᠣᠩᠭᠣᠯ᠎ᠤᠨ ᠠᠩᠬᠠᠳᠠᠭ᠍ᠴᠢ ᠵᠢᠯᠣᠭᠣᠴᠢ ᠦᠭᠡᠢ ᠬᠦᠨᠳᠦ ᠠᠴᠢᠶᠠᠨ᠎ᠤ ᠮᠠᠰᠢᠨ᠎ᠤ ᠠᠢᠮᠠᠭ ᠬᠣᠲᠠ ᠠᠯᠤᠰᠯᠠᠭᠰᠠᠨ
ᠠᠯᠤᠰ ᠠ᠋ᠴᠠ ᠡᠵᠡᠮᠳᠡᠬᠦ ᠲᠤᠷᠰᠢᠯᠲᠠ᠎ᠶᠢᠨ ᠬᠢᠷᠢ ᠬᠡᠮ ᠢ ᠤᠯᠭᠤᠵᠦ᠂ ᠭᠣᠣᠯ ᠵᠠᠮ ᠱᠤᠭᠤᠮ᠎ᠤᠨ ᠵᠢᠯᠣᠭᠣᠴᠢ ᠦᠭᠡᠢ
ᠪᠠᠷᠠᠭᠠᠨ᠎ᠤ ᠲᠡᠭᠡᠭᠡᠪᠦᠷᠢ᠎ᠶᠢᠨ ᠬᠤᠳᠠᠯᠳᠤᠭᠠᠨ ᠤ᠋ ᠬᠦᠷᠢᠶᠡᠨ᠎ᠳᠦ ᠪᠣᠳᠠᠲᠤ ᠠᠬᠢᠯᠲᠠ᠎ᠲᠠᠢ ᠪᠣᠯᠤᠭᠰᠠᠨ ᠪᠠᠢᠨ᠎ᠠ᠃
✦ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠦᠷᠦᠭᠦᠬᠡᠨ《ᠪᠦᠬᠦ ᠣᠷᠣᠨ ᠤ ᠰᠤᠳᠤᠯᠤᠨ
ᠰᠤᠷᠤᠯᠴᠠᠬᠤ ᠵᠢᠭᠤᠯᠴᠢᠯᠠᠯ᠎ᠤᠨ ᠠᠵᠢᠯ ᠢ ᠵᠢᠷᠤᠮᠵᠢᠭᠤᠨ ᠡᠷᠡᠭᠦᠯ ᠡᠮᠬᠢ ᠵᠢᠷᠤᠮ ᠲᠠᠢ ᠬᠥᠭᠵᠢᠭᠦᠯᠬᠦ ᠶᠢ ᠭᠦᠨᠵᠡᠭᠡᠢ
ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ 8 ᠵᠦᠢᠯ ᠦᠨ ᠭᠣᠣᠯᠳᠠᠯᠭ᠎ᠠ᠎ᠲᠠᠢ ᠡᠭᠦᠷᠭᠡ᠎ᠶᠢ
ᠲᠣᠳᠣᠷᠬᠠᠢ ᠲᠣᠭᠲᠠᠭᠠᠵᠠᠢ᠃
✦ᠣᠢᠷ᠎ᠠ ᠳᠤ ᠲᠦᠩᠯᠢᠶᠣᠣ
ᠬᠣᠲᠠ᠎ᠶᠢᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠲᠦᠩᠯᠢᠶᠣᠣ ᠬᠣᠲᠠ 《ᠬᠦᠮᠦᠨ᠎ᠤ ᠬᠦᠴᠦ
ᠪᠡᠷ ᠰᠡᠷᠭᠡᠢᠯᠡᠬᠦ + ᠮᠡᠷᠭᠡᠵᠢᠯ ᠵᠢᠡᠷ ᠰᠡᠷᠭᠡᠢᠯᠡᠬᠦ + ᠣᠶᠤᠨᠴᠢ ᠪᠡᠷ ᠰᠡᠷᠭᠡᠢᠯᠡᠬᠦ》 ᠶ᠋ᠢ ᠤᠶᠠᠯᠳᠤᠭᠤᠯᠤᠭᠰᠠᠨ
ᠪᠣᠰᠣᠭ᠎ᠠ ᠴᠣᠭᠴᠠᠲᠤ ᠰᠡᠷᠭᠡᠢᠯᠡᠨ ᠡᠵᠡᠮᠳᠡᠬᠦ ᠰᠢᠰᠲᠧᠮ ᠢ ᠪᠠᠶ᠋ᠢᠭᠤᠯᠬᠤ᠎ᠪᠠᠷ ᠳᠠᠮᠵᠢᠭᠤᠯᠤᠨ 27 ᠵᠢᠯ ᠳᠠᠷᠠᠭᠠᠯᠠᠨ
ᠣᠨᠴᠠ ᠶᠡᠬᠡ ᠣᠶ ᠰᠢᠭᠤᠢ ᠨᠤᠲᠤᠭ ᠪᠡᠯᠴᠢᠭᠡᠷ ᠦᠨ ᠲᠦᠢᠮᠡᠷ ᠤᠨ ᠭᠠᠮᠰᠢᠭ᠋ ᠭᠠᠷᠤᠭᠰᠠᠨ ᠦᠭᠡᠢ ᠃
✦ᠣᠲᠣᠬᠠᠨ
ᠪᠣᠯᠲᠠᠯ᠎ᠠ ᠬᠢᠩᠭᠠᠨ ᠠᠢᠮᠠᠭ ᠨᠢᠭᠡᠨᠲᠡ 26349 ᠢᠵᠢ ᠨᠡᠶ᠋ᠢᠲᠡ ᠶᠢᠨ ᠲᠦᠷᠢᠶᠡᠰᠦᠨ ᠣᠷᠣᠨ ᠰᠠᠭᠤᠴᠠ᠎ᠶᠢ
ᠪᠠᠢᠭᠤᠯᠵᠤ᠂ ᠡᠭᠦᠨ᠎ᠳᠦ 26053 ᠢᠵᠢ ᠣᠷᠣᠨ ᠰᠠᠭᠤᠴᠠ᠎ᠶᠢ ᠨᠢᠭᠡᠨᠲᠡ ᠣᠯᠠᠨ ᠲᠦᠮᠡᠨ᠎ᠦ ᠭᠠᠷ᠎ᠲᠤ ᠬᠤᠪᠢᠶᠠᠨ
ᠥᠭᠴᠡᠢ᠃ ᠬᠣᠲᠠ ᠪᠠᠯᠭᠠᠰᠤᠨ᠎ᠤ ᠪᠠᠲᠤᠯᠠᠭ᠎ᠠ᠎ᠶᠢᠨ ᠭᠡᠷ ᠪᠦᠯᠢ᠎ᠳᠦ ᠨᠡᠶ᠋ᠢᠲᠡ
102799 ᠡᠷᠦᠬᠡ ᠤᠳᠠᠭ᠎ᠠ᠎ᠶᠢᠨ ᠲᠦᠷᠢᠶᠡᠰᠦ ᠵᠢᠨ ᠨᠥᠬᠥᠪᠦᠷᠢ ᠣᠯᠭᠣᠵᠤ᠂ ᠨᠡᠶ᠋ᠢᠲᠡ 1.76 ᠳ᠋ᠦᠩᠰᠢᠭᠤᠷ
ᠲᠥᠭᠥᠷᠢᠭ᠎ᠦᠨ ᠲᠦᠷᠢᠶᠡᠰᠦ᠎ᠵᠢᠨ ᠨᠥᠬᠥᠪᠦᠷᠢ ᠣᠯᠭᠣᠪᠠ᠃
✦ᠪᠠᠶᠠᠨᠨᠠᠭᠤᠷ ᠬᠤᠳᠠ
ᠬᠠᠪᠤᠷ᠎ᠤᠨ ᠤᠯᠠᠷᠢᠯ᠎ᠤᠨ ᠭᠣᠣᠯ ᠮᠥᠷᠡᠨ ᠨᠠᠭᠤᠷ ᠴᠥᠭᠥᠷᠥᠮ ᠦ᠋ᠨ《ᠲᠦᠷᠪᠡ ᠵᠢ
ᠴᠡᠪᠡᠷᠯᠡᠬᠦ》 ᠠᠵᠢᠯᠯᠠᠭ᠎ᠠ᠎ᠶᠢ ᠪᠦᠬᠦ ᠲᠠᠯ᠎ᠠ᠎ᠪᠠᠷ ᠥᠷᠨᠢᠭᠦᠯᠵᠦ᠂ 3 ᠰᠠᠷ᠎ᠠ᠎ᠶᠢᠨ ᠰᠡᠭᠦᠯᠴᠢ
ᠪᠣᠯᠲᠠᠯ᠎ᠠ ᠡᠯ᠎ᠡ ᠱᠠᠲᠤᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ ᠨᠡᠢ᠍ᠢᠳᠡ 1776 ᠬᠥᠮᠥᠨ ᠤᠳᠠᠭ᠎ᠠ
ᠲᠣᠭᠣᠷᠢᠨ ᠪᠠᠢᠴᠠᠭᠠᠵᠤ᠂ 2135.58 ᠺᠢᠯᠤᠮᠸᠲᠷ᠂ ᠤᠰᠤᠨ ᠣᠷᠣᠨ᠎ᠤ ᠡᠷᠭᠢ᠎ᠶᠢᠨ 873.35 ᠺᠢᠯᠤᠮᠸᠲᠷ᠎ᠢ
ᠪᠠᠢᠴᠠᠭᠠᠨ ᠴᠡᠪᠡᠷᠯᠡᠵᠦ᠂ 790 ᠮᠠᠰᠢᠨ ᠮᠧᠬᠠᠨᠢᠭ᠋ ᠬᠥᠳᠡᠯᠭᠡᠵᠦ᠂ 932.9 ᠲᠣᠨ ᠬᠣᠭ ᠨᠣᠪᠰᠢ ᠶᠢ ᠴᠡᠪᠡᠷᠯᠡᠵᠦ᠂
ᠭᠣᠣᠯ ᠮᠥᠷᠡᠨ ᠨᠠᠭᠤᠷ ᠴᠥᠭᠥᠷᠥᠮ᠎ᠦᠨ ᠳᠦᠷᠰᠦ ᠪᠠᠢᠳᠠᠯ᠎ᠢ ᠤᠯᠠᠮ ᠴᠢᠨᠠᠭᠰᠢᠳᠠ ᠰᠠᠢᠵᠢᠷᠠᠭᠤᠯᠪᠠ᠃
✦ᠠᠭᠤᠯᠠ ᠤᠰᠤ ᠣᠶ
ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ᠎ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ᠎ᠶᠢ
ᠪᠥᠬᠥ ᠲᠠᠯ᠎ᠠ᠎ᠪᠠᠷ ᠲᠦᠯᠬᠢᠨ ᠠᠬᠢᠭᠤᠯᠵᠦ᠂ ᠠᠮᠢ ᠠᠬᠤᠢ᠎ᠶᠢᠨ ᠰᠢᠰᠲᠧᠮ᠎ᠦᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ
ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠶᠢᠨ ᠲᠥᠯᠥᠭᠡ᠂ ᠬᠦᠷᠢᠶ᠎ᠡ ᠬᠣᠰᠢᠭᠤ ᠵᠢᠭᠤᠯᠴᠢᠯᠠᠭᠰᠠᠳ᠎ᠤᠨ
ᠮᠠᠰᠢᠨ ᠲᠡᠷᠭᠡ ᠵᠢ ᠠᠮᠢ ᠠᠬᠤᠢ᠎ᠵᠢᠨ ᠬᠠᠮᠠᠭᠠᠯᠠᠯᠳᠠ ᠪᠠ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ ᠦ᠋ᠨ
ᠤᠷᠤᠨ᠎ᠢᠶᠠᠷ ᠥᠩᠭᠡᠷᠡᠬᠦ᠎ᠶᠢ ᠴᠠᠭᠠᠵᠠᠯᠠᠪᠠ᠃
ᠠᠵᠤ ᠠᠬᠤᠢ
✦ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠢ ᠵᠢᠨ ᠠᠩᠬ᠎ᠠ
ᠠᠯᠬᠤᠮ᠎ᠤᠨ ᠪᠦᠷᠢᠳᠬᠡᠯ᠎ᠤᠨ ᠠᠯᠪᠠᠨ ᠮᠡᠳᠡᠭᠡ ᠵᠢ ᠦᠨᠳᠦᠰᠦᠯᠡᠪᠡᠯ᠂ ᠪᠥᠬᠥ ᠵᠢᠯ ᠳᠦ ᠭᠠᠵᠠᠷ ᠣᠷᠣᠨ ᠤ
ᠦᠢᠯᠡᠳᠪᠦᠷᠢᠯᠡᠯ᠎ᠦᠨ ᠶᠡᠷᠦᠨᠭᠬᠡᠢ ᠥᠷᠲᠡᠭ 26710.3 ᠳ᠋ᠦᠩᠰᠢᠭᠤᠷ ᠲᠥᠭᠥᠷᠢᠭ ᠬᠦᠷᠴᠦ᠂ ᠥᠯᠥ ᠬᠤᠪᠢᠰᠬᠤ
ᠦᠨ᠎ᠡ᠎ᠪᠡᠷ ᠪᠤᠳᠤᠪᠠᠯ ᠳᠡᠭᠡᠷ᠎ᠠ ᠵᠢᠯ᠎ᠦᠨ ᠬᠢ᠎ᠡᠴᠡ 4.7% ᠪᠡᠷ ᠨᠡᠮᠡᠭᠳᠡᠪᠡ᠃
✦9 ᠦ ᠡᠳᠦᠷ᠂
ᠲᠦᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠳᠠᠷᠤᠮᠠᠯᠯᠠᠨ ᠲᠠᠷᠬᠠᠭᠠᠭᠰᠠᠨ 《ᠳᠤᠮᠳᠠᠳᠤ ᠤᠯᠤᠰ
(ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠤ ᠶᠡᠷᠦᠩᠬᠡᠢ
ᠲᠥᠰᠥᠯ》᠎ᠢ ᠨᠡᠢᠲᠡᠯᠡᠪᠡ᠃ ᠶᠡᠷᠦᠩᠬᠡᠢ ᠲᠥᠰᠥᠯ ᠨᠢ ᠥᠪᠥᠷ ᠮᠣᠩᠭᠣᠯ᠎ᠤᠨ ᠴᠢᠯᠦᠭᠡᠲᠦ
ᠠᠷᠠᠯᠵᠢᠶᠠᠨ ᠤ ᠲᠤᠷᠰᠢᠯᠲᠠ᠎ᠶᠢᠨ ᠣᠷᠣᠨ᠎ᠳᠤ ᠨᠡᠩ ᠶᠡᠬᠡ ᠥᠭᠡᠷᠡᠴᠢᠯᠡᠯᠲᠡ᠎ᠶᠢᠨ ᠡᠵᠡᠨ ᠮᠡᠳᠡᠬᠦ ᠡᠷᠬᠡ ᠣᠯᠭᠣᠵᠤ᠂
ᠤᠷᠢᠳ ᠵᠢᠡᠷ ᠬᠡᠷᠡᠭᠵᠢᠭᠦᠯᠵᠦ ᠤᠷᠢᠳ ᠵᠢᠡᠷ ᠲᠤᠷᠰᠢᠬᠤ᠎ᠶᠢ ᠵᠣᠷᠢᠭ᠍ᠵᠢᠭᠤᠯᠤᠨᠡ᠃
ᠰᠤᠶᠤᠯ
✦ᠤᠢᠷ᠎ᠠ ᠳ᠋ᠤ
2025 ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠦᠨ ᠣᠨ᠎ᠤ ᠰᠣᠨᠢᠨ ᠮᠡᠳᠡᠭᠡᠨ᠎ᠦ ᠬᠥᠮᠥᠰ ᠢ ᠳᠡᠪᠰᠢᠭᠦᠯᠦᠨ
ᠰᠢᠯᠭᠠᠷᠠᠭᠤᠯᠬᠤ ᠤᠬᠠᠭᠤᠯᠭ᠎ᠠ᠎ᠶᠢᠨ ᠠᠵᠢᠯᠯᠠᠭ᠎ᠠ ᠳᠡᠭᠡᠷ᠎ᠡ 100 ᠵᠢᠱ᠌ᠢᠭᠳᠡᠭᠴᠢ ᠵᠢᠨ ᠨᠡᠷᠡᠰ᠎ᠢ ᠨᠡᠢᠲᠡᠯᠡᠪᠡ᠃
ᠡᠭᠦᠨ᠎ᠳᠦ ᠣᠷᠳᠣᠰ ᠬᠤᠲᠠ᠎ᠶᠢᠨ ᠰᠣᠶᠣᠯ ᠤᠷᠠᠯᠢᠭ᠋᠎ᠤᠨ ᠡᠭᠦᠳᠦᠨ ᠪᠦᠲᠦᠭᠡᠬᠦ ᠰᠤᠳᠤᠯᠭᠠᠨ᠎ᠤ ᠬᠦᠷᠢᠶᠡᠯᠡᠩ᠎ᠤᠨ
ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠲᠠᠰᠤᠭ᠎ᠤᠨ ᠡᠷᠬᠢᠯᠡᠭᠴᠢ ᠡᠷᠪᠡᠬᠡᠢ ᠰᠣᠩᠭᠣᠭᠳᠠᠵᠤ᠂ ᠮᠠᠨ᠎ᠤ
ᠣᠷᠣᠨ᠎ᠠᠴᠠ ᠰᠣᠩᠭᠣᠭᠳᠠᠬᠰᠠᠨ ᠴᠣᠷ᠎ᠤᠨ ᠭᠠᠭᠴᠠ ᠵᠢᠱ᠌ᠢᠭᠳᠡᠭᠴᠢ ᠪᠣᠯᠤᠭᠰᠠᠨ ᠪᠠᠢᠨ᠎ᠠ᠃
✦4 ᠰᠠᠷ᠎ᠠ᠎ᠶᠢᠨ
4 ᠦ ᠡᠳᠦᠷ᠎ᠡᠴᠡ 6 ᠤ ᠡᠳᠦᠷ ᠪᠣᠯᠲᠠᠯ᠎ᠠ ᠨᠡᠢ᠍ᠢᠳᠡ 15177 ᠵᠢᠭᠤᠯᠴᠢᠯᠠᠭᠴᠢ ᠥᠪᠥᠷ ᠮᠣᠩᠭᠣᠯ᠎ᠤᠨ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ ᠦ᠋ᠨ ᠣᠷᠳᠣᠨ᠎ᠳᠤ ᠬᠦᠷᠴᠦ᠂ ᠬᠠᠪᠤᠷ ᠤᠨ ᠤᠯᠠᠷᠢᠯ ᠤᠨ ᠭᠠᠢᠬᠠᠮᠰᠢᠭ᠍ᠲᠤ ᠠᠶᠠᠯᠠᠯ
ᠢ᠋ ᠬᠠᠮᠲᠤ ᠪᠠᠷ ᠡᠷᠢᠯᠬᠢᠯᠡᠪᠡ᠃ ᠲᠤᠰ ᠣᠷᠳᠣᠨ ᠠᠮᠠᠷᠠᠯᠲᠠ᠎ᠶᠢᠨ ᠬᠤᠭᠤᠴᠠᠭᠠᠨ ᠳ᠋ᠤ 18 ᠳᠠᠯᠠᠪᠠᠢ ᠦᠵᠡᠭᠦᠯᠭᠡ᠎ᠶᠢᠨ
ᠲᠢᠩᠬᠢᠮ᠎ᠦᠨ ᠰᠤᠷᠭᠠᠨ ᠬᠥᠮᠦᠵᠢᠯ᠎ᠦᠨ ᠠᠵᠢᠯᠯᠠᠭ᠎ᠠ᠂ 21 ᠳᠠᠯᠠᠪᠠᠢ ᠲᠤᠷᠰᠢᠯᠲᠠ᠎ᠶᠢᠨ ᠲᠠᠰᠤᠭ᠎ᠤᠨ ᠰᠢᠨᠵᠢᠯᠡᠬᠦ
ᠤᠬᠠᠭᠠᠨ᠎ᠤ ᠬᠢᠴᠢᠶᠡᠯ᠂ 3 ᠳᠠᠯᠠᠪᠠᠢ ᠰᠢᠨᠵᠢᠯᠡᠬᠦ ᠤᠬᠠᠭᠠᠨ᠎ᠤ ᠦᠵᠡᠭᠦᠯᠭᠡ᠎ᠶᠢᠨ ᠠᠵᠢᠯᠯᠠᠭ᠎ᠠ ᠥᠷᠨᠢᠭᠦᠯᠵᠦ᠂
206 ᠳᠠᠯᠠᠪᠠᠢ ᠦᠵᠡᠭᠦᠯᠭᠡ᠎ᠶᠢᠨ ᠵᠦᠢᠯ᠎ᠢ ᠴᠢᠯᠦᠭᠡᠲᠡᠢ ᠨᠡᠭᠡᠭᠡᠵᠦ᠂ ᠥᠷᠭᠡᠨ ᠣᠯᠠᠨ ᠲᠦᠮᠡᠨ ᠢᠯᠠᠩᠭᠤᠶ᠎ᠠ ᠵᠠᠯᠠᠭᠤᠴᠤᠳ
ᠪᠠᠭᠠᠴᠤᠳ᠎ᠲᠤ ᠨᠠᠩ ᠡᠯᠪᠡᠭ ᠪᠠᠶᠠᠯᠢᠭ᠋᠂ ᠠᠮᠢᠳᠤᠯᠢᠭ᠋᠂ ᠬᠠᠯᠠᠭᠤᠨ ᠳᠤᠯᠠᠭᠠᠨ ᠰᠢᠨᠵᠢᠯᠡᠬᠦ ᠤᠬᠠᠭᠠᠨ᠎ᠤ ᠪᠡᠶᠡᠴᠢᠯᠡᠨ
ᠣᠢᠯᠠᠭᠠᠬᠤ ᠣᠷᠴᠢᠨ ᠨᠥᠬᠥᠴᠡᠯ᠎ᠢ ᠪᠣᠶ ᠪᠣᠯᠭᠠᠵᠤ ᠥᠭᠭᠦᠭᠰᠡᠨ ᠪᠠᠢᠨ᠎ᠠ᠃
ᠲᠠᠮᠢᠷ
✦2025 ᠣᠨ᠎ᠤ ᠡᠴᠦᠰ
ᠪᠣᠯᠲᠠᠯ᠎ᠠ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ ᠤᠨ ᠲᠠᠯᠠᠪᠠᠶ 8.48 ᠲᠦᠮᠡ᠂ ᠪᠡᠶ᠎ᠡ᠎ᠶᠢᠨ ᠲᠠᠮᠢᠷ ᠤᠨ
ᠲᠠᠯᠠᠪᠠᠶ᠎ᠶᠢᠨ ᠲᠠᠯᠠᠪᠠᠶ 7306.59 ᠲᠦᠮᠡᠨ ᠲᠡᠭᠰᠢ ᠳᠥᠷᠪᠡᠯᠵᠢᠨ ᠮᠧᠲᠷ᠂ ᠬᠥᠮᠥᠨ ᠳᠤᠮᠳᠠᠴᠢ᠎ᠶᠢᠨ ᠪᠡᠶ᠎ᠡ᠎ᠶᠢᠨ
ᠲᠠᠮᠢᠷ᠎ᠤᠨ ᠲᠠᠯᠠᠪᠠᠶ 3.08 ᠲᠡᠭᠰᠢ ᠳᠥᠷᠪᠡᠯᠵᠢᠨ ᠮᠧᠲᠷ ᠪᠣᠯᠪᠠ᠃ ᠡᠭᠦᠨ᠎ᠳᠦ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ
ᠭᠠᠵᠠᠷ 2.35 ᠲᠦᠮᠡ ᠪᠠᠢᠵᠤ᠂ ᠲᠠᠯᠠᠪᠠᠶ ᠨᠢ 128.65 ᠲᠦᠮᠡᠨ ᠲᠡᠭᠰᠢ ᠳᠥᠷᠪᠡᠯᠵᠢᠨ ᠮᠧᠲᠷ᠎ᠲᠦ ᠬᠦᠷᠴᠡᠢ᠃ ᠥᠪᠥᠷ
ᠮᠣᠩᠭᠣᠯ᠎ᠤᠨ ᠪᠡᠶ᠎ᠡ ᠴᠢᠭᠢᠷᠠᠭᠵᠢᠭᠤᠯᠬᠤ ᠺᠯᠦᠪ 2635 ᠪᠠᠢᠵᠤ᠂ ᠲᠠᠯᠠᠪᠠᠶ ᠨᠢ 95.64 ᠲᠦᠮᠡᠨ ᠲᠡᠭᠰᠢ ᠳᠥᠷᠪᠡᠯᠵᠢᠨ
ᠮᠧᠲᠷ᠎ᠲᠦ ᠬᠦᠷᠴᠡᠢ᠃ ᠪᠡᠶ᠎ᠡ ᠴᠢᠭᠢᠷᠠᠭᠵᠢᠭᠤᠯᠬᠤ ᠵᠠᠮ 1354 ᠪᠠᠢᠵᠤ᠂ ᠣᠷᠳᠣ᠌ ᠨᠢ 3657.78 ᠺᠢᠯᠣᠮᠧᠲᠷ᠂
ᠲᠠᠯᠠᠪᠠᠶ ᠨᠢ 1134.88 ᠲᠦᠮᠡᠨ ᠲᠡᠭᠰᠢ ᠳᠥᠷᠪᠡᠯᠵᠢᠨ ᠮᠧᠲᠷ᠎ᠲᠦ ᠬᠦᠷᠴᠡᠢ᠃
✦2026 ᠣᠨ᠎ᠤ ᠠᠯᠠᠱᠠ᠎ᠶᠢᠨ
ᠪᠠᠭᠠᠲᠤᠳ᠎ᠤᠨ ᠴᠤᠭᠯᠠᠭᠠᠨ᠎ᠤ ᠰᠣᠶᠣᠯ ᠲᠠᠮᠢᠷ᠎ᠤᠨ ᠰᠢᠷᠢᠰ ᠠᠵᠢᠯᠯᠠᠭ᠎ᠠ ᠵᠢᠨ ᠨᠢᠭᠡ ᠪᠣᠯᠬᠤ ᠰᠤᠷ ᠬᠠᠷᠪᠤᠭᠠᠨᠤ
ᠤᠷᠤᠯᠳᠤᠭᠠᠨ᠎ᠢ 5 ᠰᠠᠷ᠎ᠠ᠎ᠶᠢᠨ 1 — 3᠎ᠤ ᠡᠲᠤᠷ ᠪᠣᠯᠲᠠᠯ᠎ᠠ ᠠᠯᠠᠱᠠ ᠵᠡᠭᠦᠨ ᠬᠣᠰᠢᠭᠤᠨ᠎ᠳᠤ ᠶᠠᠪᠤᠭᠳᠠᠵᠤ᠂
ᠡᠷᠡᠭᠲᠡᠢ ᠡᠮᠡᠭᠲᠡᠢ ᠬᠣᠶᠠᠷ ᠳᠤᠭᠤᠢᠯᠠᠩ ᠬᠤᠪᠢᠶᠠᠵᠤ᠂ 30 ᠮᠧᠲᠷ᠎ᠦᠨ ᠰᠡᠷᠡᠨ ᠫᠠᠢ᠎ᠶᠢ 5 ᠡᠭᠡᠯᠵᠢ᠎ᠶᠢᠨ 5
ᠰᠤᠮᠤ ᠬᠠᠷᠪᠤᠬᠤ᠎ᠪᠠᠷ ᠬᠤᠪᠢ ᠲᠡᠮᠳᠡᠭᠯᠡᠨ᠂ ᠤᠷᠤᠯᠳᠤᠭᠠᠨ᠎ᠳᠤ ᠲᠦᠷᠦᠭᠦᠯᠡᠭᠰᠡᠨ ᠡᠷᠡᠭᠲᠡᠢ ᠡᠮᠡᠭᠲᠡᠢ ᠮᠡᠷᠭᠡᠨ
ᠬᠠᠷᠪᠤᠭᠠᠴᠢ᠎ᠶᠢ ᠲᠣᠰᠪᠣᠷᠢ 10000 ᠲᠥᠭᠥᠷᠢᠭ᠎ᠢᠶᠡᠷ ᠱᠠᠩᠨᠠᠬᠤ ᠪᠣᠯᠣᠨ᠎ᠠ᠃
ᠲᠡᠯᠡᠬᠡᠢ
✦ᠲᠤᠬᠠᠢ ᠶ᠋ᠢᠨ ᠭᠠᠵᠠᠷ ᠤᠨ ᠴᠠᠭ᠎ᠢᠶᠠᠷ 8᠎ᠤ ᠡᠳᠦᠷ ᠳᠡᠯᠡᠬᠡᠢ ᠶ᠋ᠢᠨ ᠪᠠᠩᠬᠢ᠂
ᠣᠯᠠᠨ ᠤᠯᠤᠰ ᠤᠨ ᠵᠣᠭᠣᠰᠤᠨ᠎ᠤ ᠰᠠᠭᠤᠷᠢ ᠮᠥᠩᠭᠥᠨ ᠦ ᠵᠣᠬᠢᠶᠠᠨ ᠪᠠᠢᠭᠤᠯᠤᠯᠲᠠ ᠪᠣᠯᠣᠨ ᠣᠯᠠᠨ ᠤᠯᠤᠰ᠎ᠤᠨ ᠬᠣᠯᠪᠣᠭᠠᠲᠤ
ᠪᠠᠢᠭᠤᠯᠭ᠎ᠠ ᠶ᠋ᠢᠨ ᠳᠡᠯᠡᠬᠡᠢ ᠶ᠋ᠢᠨ ᠠᠮᠤ ᠪᠤᠳᠠᠭᠠᠨ ᠤ ᠲᠥᠯᠥᠪᠯᠡᠭᠡᠨ᠎ᠦ ᠵᠠᠬᠢᠷᠭ᠎ᠠ ᠬᠠᠮᠲᠤᠷᠠᠭᠰᠠᠨ ᠢᠯᠡᠷᠬᠡᠢᠯᠡᠯᠲᠡ
ᠨᠡᠢᠲᠡᠯᠡᠵᠦ᠂ ᠳᠤᠮᠳᠠᠳᠤ ᠳᠣᠷᠣᠨᠠᠲᠤ ᠶᠢᠨ ᠳᠠᠶ᠋ᠢᠨ ᠪᠦᠬᠦ ᠪᠥᠮᠪᠥᠷᠴᠡᠭ ᠦᠨ ᠡᠨᠧᠷᠭᠢ᠎ᠶᠢᠨ
ᠵᠠᠬ᠎ᠠ ᠳᠡᠯᠭᠡᠭᠦᠷ ᠢ ᠬᠦᠨᠳᠦ ᠨᠣᠴᠢᠲᠠᠢ ᠰᠠᠮᠠᠭᠤᠷᠠᠭᠤᠯᠵᠤ ᠪᠠᠢᠨ᠎ᠠ ᠭᠡᠵᠡᠢ᠃
✦ᠲᠤᠬᠠᠢ ᠶ᠋ᠢᠨ ᠭᠠᠵᠠᠷ ᠤᠨ
ᠴᠠᠭ᠎ᠢᠶᠠᠷ 8᠎ᠤ ᠡᠳᠦᠷ᠂ ᠣᠯᠠᠨ ᠤᠯᠤᠰ ᠤᠨ ᠠᠭᠠᠷ ᠤ᠋ᠨ ᠠᠶᠠᠯᠠᠯ᠎ᠤᠨ ᠲᠡᠭᠡᠭᠡᠪᠦᠷᠢ ᠶ᠋ᠢᠨ ᠨᠡᠢᠭᠡᠮᠯᠢᠭ ᠤᠨ ᠬᠡᠷᠡᠭ ᠡᠷᠬᠢᠯᠡᠭᠴᠢᠳ ᠤ᠋ᠨ
ᠳᠠᠷᠤᠭ᠎ᠠ ᠢᠯᠡᠷᠬᠡᠢᠯᠡᠬᠦ᠎ᠳᠡᠭᠡᠨ᠂ ᠬᠤᠷᠮᠤᠽ ᠬᠣᠭᠣᠯᠠᠢ ᠶ᠋ᠢ ᠳᠠᠬᠢᠨ ᠨᠡᠭᠡᠭᠡᠭᠰᠡᠨ ᠴᠦ᠍ ᠪᠦᠬᠦ ᠪᠥᠮᠪᠥᠷᠴᠡᠭ ᠦᠨ
ᠠᠭᠠᠷ᠎ᠤᠨ ᠠᠶᠠᠯᠠᠯ᠎ᠤᠨ ᠰᠢᠲᠠᠭᠠᠯᠭ᠎ᠠ ᠶ᠋ᠢᠨ ᠲᠣᠰᠣᠨ ᠤ᠋ ᠬᠠᠩᠭᠠᠯᠭ᠎ᠠ ᠶ᠋ᠢ ᠬᠡᠪ᠎ᠦᠨ ᠬᠡᠮᠵᠢᠶᠡᠨ᠎ᠳᠦ ᠬᠦᠷᠲᠡᠯ᠎ᠡ
ᠰᠡᠷᠭᠦᠭᠡᠬᠦ᠎ᠳᠦ ᠮᠥᠨ ᠬᠡᠳᠦᠨ ᠰᠠᠷ᠎ᠠ ᠶ᠋ᠢᠨ ᠴᠠᠭ ᠬᠡᠷᠡᠭᠰᠡᠨ᠎ᠡ ᠭᠡᠵᠡᠢ᠃
ᠦᠢᠯᠡᠴᠢᠯᠡᠭᠡ
✦ᠪᠠᠭᠠᠷᠢᠨ
ᠵᠡᠭᠦᠨ ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳ᠋ᠤ 48 ᠠᠵᠢᠯᠲᠠᠨ
ᠡᠯᠰᠡᠨ᠎ᠠ᠃
ᠲᠠᠨ ᠤ ᠲᠤᠰᠡ ᠳ᠋ᠤ
✦ ᠤᠷᠲᠤ ᠬᠤᠭᠤᠴᠠᠭ᠎ᠠ᠎ᠪᠠᠷ
ᠥᠷᠯᠥᠭᠡ᠎ᠶᠢᠨ ᠬᠣᠭᠣᠯᠠ ᠢᠳᠡᠬᠦ ᠦᠭᠡᠢ ᠪᠣᠯ ᠪᠡᠶ᠎ᠡ᠎ᠶᠢᠨ ᠦᠨᠳᠦᠰᠦᠨ ᠰᠣᠯᠢᠯᠴᠠᠭᠠᠨ᠎ᠤ ᠨᠣᠷᠮ᠎ᠠ᠎ᠶᠢ ᠳᠣᠷᠣᠭᠰᠢᠯᠠᠭᠤᠯᠵᠤ᠂
ᠥᠭᠡᠬᠦ᠎ᠶᠢ ᠪᠠᠭᠤᠷᠠᠭᠤᠯᠬᠤ᠎ᠳᠤ ᠨᠡᠩ ᠬᠦᠴᠢᠷ ᠪᠣᠯᠭᠠᠵᠤ ᠮᠡᠳᠡᠨ᠎ᠡ᠃ ᠡᠭᠦᠨ᠎ᠦ ᠬᠠᠮᠲᠤ ᠥᠷᠯᠥᠭᠡ᠎ᠶᠢᠨ ᠬᠣᠭᠣᠯᠠ
ᠢᠳᠡᠬᠦ ᠦᠭᠡᠢ ᠪᠣᠯ ᠦᠳᠡ᠎ᠶᠢᠨ ᠬᠣᠭᠣᠯᠠᠨ᠎ᠤ ᠬᠡᠮᠵᠢᠶ᠎ᠠ ᠵᠢ ᠨᠡᠮᠡᠭᠳᠡᠬᠦᠯᠵᠦ᠂ ᠨᠠᠩ ᠠᠮᠠᠷᠬᠠᠨ ᠮᠠᠷᠢᠶᠠᠯᠠᠵᠤ
ᠮᠡᠳᠡᠨ᠎ᠡ᠃ ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠣᠷᠳᠣ᠌ ᠬᠤᠭᠤᠴᠠᠭ᠎ᠠ᠎ᠪᠠᠷ ᠥᠷᠯᠥᠭᠡ ᠶ᠋ᠢᠨ ᠬᠣᠭᠣᠯᠠ
ᠢᠳᠡᠬᠦ ᠦᠭᠡᠢ ᠬᠥᠮᠥᠰ᠎ᠦᠨ ᠮᠠᠷᠢᠶᠠᠯᠠᠬᠤ ᠪᠤᠯᠤᠮᠵᠢ ᠨᠠᠩ ᠶᠡᠬᠡ ᠪᠠᠢᠳᠠᠭ᠃ ᠥᠷᠯᠥᠭᠡ᠎ᠶᠢᠨ ᠬᠣᠭᠣᠯᠠᠨ᠎ᠳᠤ ᠴᠢᠨᠠᠷ
ᠰᠠᠢᠲᠠᠢ ᠤᠭᠤᠷᠠᠭ ᠪᠠ ᠢᠳᠡᠭᠡᠨ᠎ᠤ ᠰᠢᠷᠬᠡᠭᠯᠢᠭ ᠡᠯᠪᠡᠭ ᠠᠭᠤᠯᠤᠭᠰᠠᠨ ᠨᠡᠭᠦᠷᠡᠰᠦ ᠤᠰᠤᠨ᠎ᠤ ᠨᠢᠭᠡᠳᠪᠦᠷᠢ
ᠶ᠋ᠢ ᠪᠠᠭᠲᠠᠭᠠᠪᠠᠯ ᠵᠣᠬᠢᠨ᠎ᠠ᠃
ᠵᠠᠯᠭᠠᠭᠠᠳ 《ᠤᠨ ᠵᠢᠯ ᠤᠳ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)