4 ᠰᠠᠷ᠎ᠠ᠎ᠶᠢᠨ 12᠎ᠦᠨ ᠡᠳᠦᠷ
ᠡᠬᠢᠯᠡᠬᠦ᠌ ᠴᠠᠭ᠄
2026-04-12 11:47:37
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


402.jpg


401.jpg


403.jpg


ᠨᠡᠢ᠌ᠭᠡᠮ

✦ ᠰᠤᠷᠭᠠᠨ ᠬᠥᠮᠦᠵᠢᠯ᠎ᠦᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ 《〈ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ〉᠎ᠤᠨ ᠠᠵᠢᠯᠯᠠᠭᠠᠨ᠎ᠤ ᠲᠥᠯᠥᠪᠯᠡᠭᠡ》᠎ᠶᠢ ᠳᠠᠷᠤᠮᠠᠯᠯᠠᠨ ᠲᠠᠷᠬᠠᠭᠠᠵᠤ᠂ ᠵᠣᠬᠢᠶᠠᠮᠠᠯ ᠣᠶᠤᠨ ᠴᠢᠳᠠᠪᠤᠷᠢ ᠬᠢᠭᠡᠳ ᠰᠤᠷᠭᠠᠨ ᠬᠥᠮᠦᠵᠢᠯ᠎ᠦᠨ ᠪᠥᠬᠥ ᠲᠠᠯ᠎ᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢ ᠪᠠᠭ᠍ᠰᠢ᠎ᠶᠢᠨ ᠬᠢᠷᠢ ᠬᠡᠮ᠎ᠦᠨ ᠰᠢᠯᠭᠠᠯᠲᠠ ᠪᠠ ᠭᠡᠷᠡᠴᠢᠯᠡᠬᠦ ᠠᠭᠤᠯᠭ᠎ᠠ᠎ᠳᠤ ᠣᠷᠣᠭᠤᠯᠤᠨ᠎ᠠ ᠭᠡᠵᠦ ᠳᠤᠷᠠᠳᠪᠠ᠃

✦ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠵᠡᠷᠭᠡ ᠲᠠᠪᠤᠨ ᠰᠠᠯᠠᠭ᠎ᠠ ᠮᠥᠴᠢᠷ ᠲᠦᠷᠦᠭᠦᠬᠡᠨ ᠬᠠᠮᠲᠤᠷᠠᠨ ᠪᠢᠴᠢᠭ ᠮᠠᠲᠧᠷᠢᠶᠠᠯ ᠪᠠᠭᠤᠯᠭᠠᠵᠤ ᠵᠣᠬᠢᠶᠠᠮᠠᠯ ᠣᠶᠤᠨ ᠴᠢᠳᠠᠪᠤᠷᠢ᠎ᠶᠢ ᠬᠥᠮᠥᠨᠴᠢᠯᠡᠬᠦ ᠬᠠᠷᠢᠯᠴᠠᠨ ᠦᠢᠯᠡᠳᠦᠯᠴᠡᠬᠦ ᠦᠢᠯᠡᠴᠢᠯᠡᠭᠡ᠎ᠶᠢ ᠵᠢᠷᠤᠮᠵᠢᠭᠤᠯᠪᠠ᠂ ᠡᠭᠦᠨ᠎ᠳᠦ ᠲᠥᠷᠥᠯ ᠬᠤᠪᠢᠶᠠᠨ ᠲᠠᠰ ᠬᠤᠪᠢᠶᠠᠨ ᠬᠢᠨᠠᠨ ᠬᠠᠮᠢᠶᠠᠷᠬᠤ᠎ᠶᠢ ᠬᠡᠷᠡᠭᠵᠢᠭᠦᠯᠬᠦ᠂ ᠨᠠᠰᠤᠨ᠎ᠳᠤ ᠥᠯᠥ ᠭᠦᠷᠦᠭᠰᠡᠳ᠎ᠲᠦ 《ᠬᠡᠢᠰᠪᠦᠷᠢ ᠬᠠᠨᠢ》ᠬᠠᠩᠭᠠᠵᠤ ᠪᠣᠯᠬᠤ ᠦᠭᠡᠢ ᠭᠡᠬᠦ ᠮᠡᠲᠦ ᠠᠭᠤᠯᠭ᠎ᠠ᠎ᠶᠢ ᠪᠠᠭᠲᠠᠭᠠᠵᠤ᠂ 7 ᠰᠠᠷ᠎ᠠ᠎ᠶᠢᠨ 15᠎ᠤ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠤᠢ᠃

✦ ᠤᠢᠷ᠎ᠠ᠎ᠳᠦ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠪᠥᠬᠥ ᠳᠡᠯᠡᠬᠡᠢ᠎ᠶᠢᠨ ᠠᠩᠬᠠᠳᠠᠭ᠍ᠴᠢ ᠰᠠᠴᠤᠷᠠᠭ ᠢᠳᠡᠪᠬᠢ ᠴᠢᠨᠠᠷᠲᠠᠢ ᠰᠢᠨ᠎ᠡ᠎ᠶᠢ ᠡᠭᠦᠳᠬᠦ ᠡᠮ᠎ᠢ ᠵᠠᠬ᠎ᠠ ᠳᠡᠯᠭᠡᠭᠦᠷ᠎ᠲᠦ ᠭᠠᠷᠭᠠᠬᠤ᠎ᠶᠢ ᠵᠥᠪᠰᠢᠶᠡᠷᠡᠵᠡᠢ᠂ ᠡᠨᠡᠬᠦ ᠡᠮ᠎ᠢ ᠭᠣᠣᠯᠳᠠᠭᠤ ᠠᠭᠤᠰᠬᠢᠨ ᠥᠮᠡᠨ᠎ᠦ ᠡᠪᠡᠳᠴᠢᠲᠡᠨ᠎ᠦ ᠯᠢᠮᠪᠠ᠎ᠶᠢᠨ ᠵᠠᠩᠭᠢᠷᠠᠭ᠎ᠠ᠎ᠶᠢ ᠰᠢᠯᠵᠢᠭᠦᠯᠬᠦ᠎ᠳᠦ ᠲᠤᠰᠠᠯᠠᠬᠤ ᠣᠨᠣᠰᠢᠯᠠᠯᠲᠠ ᠬᠢᠬᠦ᠎ᠳᠦ ᠬᠡᠷᠡᠭᠯᠡᠬᠦ ᠪᠤᠯᠤᠨ᠎ᠠ᠃

✦ ᠴᠠᠩ ᠧ ᠳᠣᠯᠣᠳᠤᠭᠠᠷ ᠬᠠᠢᠭᠤᠷ ᠤᠢᠷ᠎ᠠ᠎ᠳᠦ ᠳᠤᠮᠳᠠᠳᠤ ᠤᠯᠤᠰ᠎ᠤᠨ ᠸᠸᠨᠴᠠᠩ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶᠢᠨ ᠲᠠᠯᠠᠪᠤᠷ᠎ᠲᠦ ᠠᠮᠤᠷ ᠲᠦᠪᠰᠢᠨ ᠬᠦᠷᠴᠦ᠂ ᠡᠨᠡ ᠵᠢᠯ᠎ᠦᠨ ᠳᠣᠣᠷ᠎ᠠ ᠬᠠᠭᠠᠰ ᠵᠢᠯ᠎ᠳᠦ ᠲᠣᠬᠢᠶᠠᠯ᠎ᠢ ᠦᠵᠡᠨ ᠬᠠᠷᠪᠤᠬᠤ᠎ᠪᠠᠷ ᠲᠥᠯᠥᠪᠯᠡᠵᠦ ᠪᠠᠢᠨ᠎ᠠ᠃

✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠠᠴᠠ ᠤᠢᠷ᠎ᠠ᠎ᠳᠦ 《ᠪᠠᠯᠴᠢᠷ᠎ᠲᠤ ᠲᠦᠷᠬᠢᠵᠦ ᠬᠡᠷᠡᠭᠯᠡᠬᠦ ᠡᠮ᠎ᠤᠨ ᠵᠢᠷᠤᠮᠵᠢᠯ》 ᠵᠡᠷᠭᠡ ᠭᠤᠷᠪᠠᠨ ᠵᠦᠢᠯ᠎ᠦᠨ ᠵᠡᠭᠦᠦ ᠲᠥᠭᠡᠨᠡᠯᠭᠡ᠎ᠶᠢᠨ ᠬᠦᠷᠢᠶᠡᠨ᠎ᠳᠡᠬᠢ ᠤᠯᠤᠰ᠎ᠤᠨ ᠪᠠᠷᠢᠮᠵᠢᠶ᠎ᠠ᠎ᠶᠢ ᠵᠥᠪᠰᠢᠶᠡᠷᠡᠨ ᠨᠡᠢᠲᠡᠯᠡᠵᠦ᠂ 10 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠤᠢ᠃

✦ ᠣᠢᠷ᠎ᠠ᠎ᠳᠤ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶᠢᠨ ᠰᠢᠯᠢ᠎ᠶᠢᠨ ᠭᠣᠣᠯ ᠠᠢᠮᠠᠭ᠎ᠤᠨ ᠬᠤᠪᠢᠶᠠᠷᠢ ᠪᠠᠩᠬᠢ 300 ᠲᠦᠮᠡᠨ ᠲᠥᠭᠥᠷᠢᠭ᠎ᠦᠨ ᠲᠤᠰᠬᠠᠢ ᠵᠦᠢᠯ᠎ᠦᠨ ᠵᠢᠭᠡᠯᠡᠯᠭᠡ ᠲᠠᠯᠪᠢᠵᠤ᠂ ᠥᠪᠥᠷ ᠮᠣᠩᠭᠣᠯ᠎ᠤᠨ ᠵᠢᠦᠢ ᡁᠢ ᠶᠤᠸᠠᠨ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠮᠣᠳᠣᠨ ᠮᠠᠯᠵᠢᠯ᠎ᠤᠨ ᠲᠠᠯᠠᠪᠠᠶ᠎ᠶᠢᠨ ᠴᠢᠭᠢᠭ᠎ᠦᠨ ᠤᠯᠠᠭᠠᠨ ᠬᠣᠷᠣᠬᠠᠢ ᠲᠡᠵᠢᠭᠡᠨ ᠦᠷᠡᠵᠢᠭᠦᠯᠬᠦ ᠲᠥᠷᠥᠯ ᠵᠦᠢᠯ᠎ᠢ ᠳᠡᠮᠵᠢᠬᠦ᠎ᠳᠦ ᠬᠡᠷᠡᠭᠯᠡᠬᠦᠯᠪᠡ᠃

✦ ᠤᠷᠴᠢᠮᠬᠠᠨ ᠪᠠᠶᠠᠨᠨᠠᠭᠤᠷ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠭᠤᠤᠯᠯᠠᠨ ᠠᠬᠢᠭᠤᠯᠤᠭᠰᠠᠨ 《ᠪᠠᠶᠠᠨᠨᠠᠭᠤᠷ ᠬᠣᠲᠠ᠎ᠶᠢᠨ ᠭᠠᠵᠠᠷ ᠰᠢᠷᠣᠢ᠎ᠶᠢᠨ ᠪᠠᠷᠢᠮᠵᠢᠶᠠᠲᠤ ᠦᠢᠯᠡᠳᠬᠦᠨ᠎ᠦ ᠥᠷᠲᠡᠭ᠎ᠢ ᠬᠤᠪᠢᠷᠠᠭᠤᠯᠬᠤ᠎ᠶᠢ ᠠᠬᠢᠭᠤᠯᠤᠭᠰᠠᠨ》 ᠥᠭᠡᠷᠡᠴᠢᠯᠡᠯᠲᠡ᠎ᠶᠢᠨ ᠬᠡᠷᠡᠭ᠎ᠦᠨ ᠵᠢᠱ᠌ᠢᠶ᠎ᠡ᠎ᠵᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠭᠣᠣᠯᠯᠠᠨ ᠡᠷᠭᠢᠯᠡᠭᠰᠡᠨ ᠤᠯᠤᠰ᠎ᠤᠨ ᠲᠠᠰ᠎ᠤᠨ ᠡᠷᠬᠡ ᠰᠦᠷᠲᠦ ᠰᠡᠳᠬᠦᠯ 《ᠥᠭᠡᠷᠡᠴᠢᠯᠡᠯᠲᠡ᠎ᠶᠢᠨ ᠳᠣᠲᠣᠭᠠᠳᠤ ᠯᠠᠪᠯᠠᠯᠲᠠ》᠎ᠶᠢᠨ 2026 ᠣᠨ᠎ᠤ 12 ᠳ᠋ᠤᠭᠠᠷ ᠬᠤᠭᠤᠴᠠᠭ᠎ᠠ ( 2026 ᠣᠨ᠎ᠤ 4 ᠰᠠᠷ᠎ᠠ᠎ᠶᠢᠨ 3᠎ᠤ ᠡᠳᠦᠷ )᠎ᠳᠦ ᠨᠡᠢᠲᠡᠯᠡᠪᠡ᠃

✦ ᠲᠦᠷᠦᠭᠦᠬᠡᠨ ᠥᠪᠥᠷ ᠮᠣᠩᠭᠣᠯ᠎ᠤᠨ ᠵᠢᠦ ᠲᠠᠢ ᠰᠢᠨ᠎ᠡ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠶᠢᠨ ᠠᠵᠤ ᠦᠢᠯᠡᠳᠪᠦᠷᠢ᠎ᠵᠢᠨ ᠭᠠᠳᠠᠭᠰᠢᠯᠠᠭᠤᠯᠤᠯᠲᠠ ᠬᠡᠢ᠎ᠶᠢ ᠶᠡᠷᠦᠩᠬᠡᠢᠯᠡᠨ ᠡᠭᠡᠭᠦᠯᠦᠨ ᠬᠤᠷᠢᠶᠠᠵᠤ ᠠᠰᠢᠭ᠍ᠯᠠᠬᠤ ᠲᠥᠷᠥᠯ ᠵᠦᠢᠯ ᠣᠷᠳᠣᠰ ᠬᠣᠲᠠ᠎ᠶᠢᠨ ᠵᠡᠭᠦᠨᠭᠠᠷ ᠬᠣᠰᠢᠭᠤᠨ᠎ᠳᠤ ᠠᠰᠢᠭ᠍ᠯᠠᠯᠲᠠ᠎ᠳᠤ ᠣᠷᠣᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠠᠵᠤ ᠦᠢᠯᠡᠳᠪᠦᠷᠢ᠎ᠵᠢᠨ ᠭᠠᠳᠠᠭᠰᠢᠯᠠᠭᠤᠯᠤᠯᠲᠠ ᠬᠡᠢ᠎ᠶᠢ ᠡᠭᠡᠭᠦᠯᠦᠨ ᠬᠤᠷᠢᠶᠠᠵᠤ ᠦᠢᠯᠡᠳᠪᠦᠷᠢᠯᠡᠬᠦ LNG ᠲᠥᠷᠥᠯ ᠵᠦᠢᠯ》 ᠪᠣᠯᠪᠠ᠃

✦ ᠣᠳᠣᠬᠠᠨ᠎ᠳᠦ ᠰᠢᠯᠢ᠎ᠶᠢᠨ ᠭᠣᠣᠯ ᠠᠢᠮᠠᠭ᠎ᠤᠨ ᠬᠤᠸᠠᠰᠢ ᠦᠬᠡᠷ᠎ᠦᠨ ᠡᠭᠦᠯᠳᠡᠷ ᠪᠣᠢᠵᠢᠭᠤᠯᠬᠤ ᠰᠦᠷᠦᠭ ᠨᠡᠶ᠋ᠢᠲᠡ 2 ᠲᠦᠮᠡ᠎ᠳᠦ ᠬᠦᠷᠴᠦ᠂ ᠪᠥᠬᠥ ᠤᠯᠤᠰ᠎ᠤᠨ 60%᠎ᠠᠴᠠ ᠳᠡᠭᠡᠭᠰᠢᠬᠢ᠎ᠶᠢ ᠡᠵᠡᠯᠡᠪᠡ᠃

 

ᠠᠵᠤ ᠠᠬᠤᠢ

✦ ᠡᠨᠡ ᠵᠢᠯ᠎ᠦᠨ ᠬᠣᠶᠠᠳᠤᠭᠠᠷ ᠪᠦᠯᠦᠭ᠎ᠦᠨ 625 ᠳ᠋ᠦᠩᠰᠢᠭᠤᠷ ᠲᠥᠭᠥᠷᠢᠭ᠎ᠦᠨ ᠤᠯᠤᠰ᠎ᠤᠨ ᠣᠨᠴᠠᠭᠠᠶ ᠵᠢᠭᠡᠯᠡᠯᠭᠡ᠎ᠪᠡᠷ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠳᠡᠮᠵᠢᠬᠦ ᠪᠡᠯᠡ ᠮᠥᠩᠭᠥ᠎ᠶᠢ ᠤᠢᠷ᠎ᠠ᠎ᠳᠦ ᠪᠠᠭᠤᠯᠭᠠᠪᠠ᠃


ᠰᠣᠶᠣᠯ

✦ 79 ᠳ᠋ᠤᠭᠡᠷ ᠬᠤᠭᠤᠴᠠᠭᠠᠨ᠎ᠤ ᠹᠷᠠᠨᠼᠢ᠎ᠶᠢᠨ ᠺᠸᠨ᠋ᠸᠰ᠎ᠤᠨ ᠣᠯᠠᠨ ᠤᠯᠤᠰ᠎ᠤᠨ ᠺᠢᠨᠣ᠋᠎ᠶᠢᠨ ᠨᠠᠢᠷ᠎ᠢ ᠭᠣᠣᠯᠯᠠᠨ ᠡᠷᠭᠢᠯᠡᠭᠴᠢ ᠤᠢᠷ᠎ᠠ᠎ᠳᠦ ᠱᠠᠩᠨᠠᠯ᠎ᠤᠯᠬᠤ ᠬᠡᠪᠴᠢᠶᠡᠨ᠎ᠳᠦ ᠰᠣᠩᠭᠣᠭᠳᠠᠭᠰᠠᠨ ᠺᠢᠨᠣ᠋᠎ᠶᠢᠨ ᠨᠡᠷᠡᠰ᠎ᠢ ᠨᠡᠢᠲᠡᠯᠡᠪᠡ᠃


ᠲᠠᠮᠢᠷ

✦ 4 ᠰᠠᠷ᠎ᠠ᠎ᠶᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠦᠷᠭᠡᠨ ᠲᠡᠰᠢᠯᠲᠡ᠎ᠶᠢᠨ ᠲᠥᠷᠥᠯ ᠵᠦᠢᠯ᠎ᠦᠨ ᠤᠷᠤᠯᠳᠤᠭᠠᠨ ᠥᠪᠥᠷ ᠮᠣᠩᠭᠣᠯ᠎ᠤᠨ ᠮᠥᠰᠥᠨ ᠳᠡᠭᠡᠷᠡᠬᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠲᠦ ᠡᠬᠢᠯᠡᠪᠡ᠃ ᠪᠦᠬᠦ ᠣᠷᠣᠨ᠎ᠤ 9 ᠲᠥᠯᠥᠭᠡᠯᠡᠭᠴᠢ᠎ᠵᠢᠨ ᠠᠩᠭᠢ᠎ᠶᠢᠨ 172 ᠲᠠᠮᠢᠷᠴᠢᠨ ᠤᠷᠤᠯᠴᠠᠵᠤ᠂ 4 ᠡᠳᠦᠷ᠎ᠦᠨ ᠬᠤᠭᠤᠴᠠᠭ᠎ᠠ ᠲᠠᠢ ᠶᠠᠪᠤᠭᠳᠠᠬᠤ ᠪᠤᠯᠤᠨ᠎ᠠ᠃

✦ ᠤᠢᠷ᠎ᠠ᠎ᠳᠦ ᠶᠠᠪᠤᠭᠳᠠᠭᠰᠠᠨ ᠳᠡᠯᠡᠬᠡᠢ᠎ᠶᠢᠨ ᠬᠤᠨᠳᠠᠭᠠᠲᠤ ᠢᠰᠫᠠᠨᠢ ᠥᠷᠲᠡᠭᠡ᠎ᠶᠢᠨ ᠡᠮᠡᠭᠲᠡᠢ᠎ᠶᠢᠨ 25 ᠮᠧᠲᠷ᠎ᠦᠨ ᠭᠠᠷ ᠫᠤᠤ᠎ᠶᠢᠨ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠠᠮᠢᠷᠴᠢᠨ ᠰᠢᠶᠣᠣ ᠵᠢᠶᠠ ᠷᠦᠢ ᠲᠦᠷᠦᠭᠦᠯᠡᠵᠦ᠂ ᠳᠤᠮᠳᠠᠳᠤ ᠤᠯᠤᠰ᠎ᠤᠨ ᠲᠠᠮᠢᠷᠴᠢᠨ ᠺᠦᠩ ᠵᠢᠶᠧ ᠷᠦ ᠳᠡᠳ᠋ᠯᠡᠵᠡᠢ᠃

✦ ᠤᠯᠤᠰ᠎ᠤᠨ ᠪᠡᠶ᠎ᠡ ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠎ᠶᠢᠨ ᠠᠯᠪᠠᠨ ᠲᠢᠩᠬᠢᠮ ᠤᠢᠷ᠎ᠠ᠎ᠳᠦ 2025 ᠣᠨ ᠎ᠦ ᠣᠯᠠᠨ ᠲᠦᠮᠡᠨ᠎ᠤ 《ᠭᠤᠷᠪᠠᠨ ᠶᠡᠬᠡ ᠪᠥᠮᠪᠥᠭᠡ》᠎ᠶᠢᠨ ᠰᠣᠳᠣᠨ ᠤᠷᠤᠯᠳᠤᠭᠠᠨ ᠎ᠤ ᠨᠡᠷᠡᠰ᠎ᠢ ᠨᠡᠢᠲᠡᠯᠡᠪᠡ᠃ ᠡᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠲᠦ ᠲᠡᠰ᠎ᠤᠨ ᠬᠤᠯᠪᠤᠭᠠᠲᠤ ᠤᠷᠤᠯᠳᠤᠭᠠᠨ ᠨᠢ ᠡᠨᠡᠬᠦ ᠨᠡᠷᠡᠰ᠎ᠦᠨ ᠵᠢᠭ᠍ᠰᠠᠭᠠᠯᠲᠠ᠎ᠳᠤ ᠲᠣᠳᠣᠷᠠᠵᠤ᠂ 2025 ᠣᠨ᠎ᠤ ᠪᠦᠬᠥ ᠤᠯᠤᠰ᠎ᠤᠨ 10 ᠰᠣᠳᠣᠨ ᠬᠥᠯ ᠪᠥᠮᠪᠥᠭᠡ᠎ᠶᠢᠨ ᠤᠷᠤᠯᠳᠤᠭᠠᠨ᠎ᠤ ᠡᠩᠨᠡᠭᠡᠨ᠎ᠳᠦ ᠣᠷᠣᠪᠠ᠃


ᠳᠡᠯᠡᠬᠡᠢ

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 10᠎ᠤ ᠡᠳᠦᠷ᠂ ᠤᠷᠤᠰ᠎ᠤᠨ ᠶᠡᠷᠦᠩᠬᠡᠢᠯᠡᠭᠴᠢ᠎ᠶᠢᠨ ᠰᠣᠨᠢᠨ ᠮᠡᠳᠡᠭᠡᠨ᠎ᠦ ᠨᠠᠷᠢᠨ ᠪᠢᠴᠢᠭᠡᠴᠢ ᠢᠯᠡᠷᠬᠡᠢᠯᠡᠬᠦ᠎ᠳᠡᠭᠡᠨ ᠤᠷᠤᠰ᠎ᠤᠨ ᠶᠡᠷᠦᠩᠬᠡᠢᠯᠡᠭᠴᠢ᠎ᠶᠢᠨ ᠣᠨᠴᠠ ᠲᠥᠯᠥᠭᠡᠯᠡᠭᠴᠢ ᠤᠳᠤᠬᠠᠨ᠎ᠳᠦ ᠶᠠᠭ ᠠᠮᠧᠷᠢᠺᠠ᠎ᠳᠤ ᠠᠢᠯᠴᠢᠯᠠᠵᠤ᠂ ᠤᠷᠤᠰ ᠪᠠ ᠠᠮᠧᠷᠢᠺᠠ᠎ᠶᠢᠨ ᠬᠣᠭᠣᠷᠣᠨᠳᠣᠬᠢ ᠠᠵᠤ ᠠᠬᠤᠢ᠎ᠶᠢᠨ ᠬᠠᠮᠲᠤᠷᠠᠯᠴᠠᠭ᠎ᠠ᠎ᠶᠢ ᠰᠡᠷᠭᠦᠭᠡᠬᠦ ᠲᠤᠬᠠᠢ ᠦᠷᠭᠦᠯᠵᠢᠯᠡᠨ ᠶᠠᠪᠤᠯᠴᠠᠭ᠎ᠠ᠎ᠪᠠᠨ ᠪᠠᠲᠤᠯᠠᠵᠤ ᠪᠠᠢᠨ᠎ᠠ ᠭᠡᠪᠡ᠃

✦ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶᠢᠨ 9᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2 ᠰᠠᠷ᠎ᠠ᠎ᠶᠢᠨ 28᠎ᠤ ᠡᠳᠦᠷ᠎ᠡᠴᠡ ᠨᠠᠭᠠᠰᠢ᠂ ᠠᠮᠧᠷᠢᠺᠠ ᠪᠣᠯᠣᠨ ᠢᠰᠷᠧᠯ᠎ᠦᠨ ᠢᠷᠠᠨ᠎ᠳᠤ ᠶᠠᠪᠤᠭᠤᠯᠤᠭᠰᠠᠨ ᠶᠡᠬᠡ ᠬᠡᠪᠴᠢᠶᠡᠨ᠎ᠦ ᠴᠡᠷᠢᠭ᠎ᠦᠨ ᠶᠠᠪᠤᠳᠠᠯ᠎ᠤᠨ ᠴᠣᠬᠢᠯᠲᠠ᠎ᠳᠤ ᠢᠷᠠᠨ᠎ᠤ 2400 ᠰᠢᠬᠠᠮ ᠬᠥᠮᠥᠨ ᠡᠨᠳᠡᠵᠦ᠂ 3.2 ᠲᠦᠮᠡ ᠭᠠᠷᠤᠢ ᠬᠥᠮᠥᠨ ᠰᠢᠷᠬᠠᠲᠤᠵᠤ᠂ 320 ᠲᠦᠮᠡᠨ ᠬᠥᠮᠥᠨ ᠣᠷᠣᠬᠤ ᠭᠡᠷ ᠦᠭᠡᠢ ᠪᠣᠯᠵᠠᠢ᠃

 

ᠦᠢ᠍ᠯᠡᠴᠢᠯᠡᠭᠡ

✦ ᠥᠪᠥᠷ ᠮᠣᠩᠭᠣᠯ᠎ᠤᠨ ᠴᠠᠭᠳᠠᠭᠠᠨ᠎ᠤ ᠳᠡᠭᠡᠳᠦ ᠰᠤᠷᠭᠠᠭᠤᠯᠢ ᠠᠵᠢᠯᠲᠠᠨ ᠡᠯᠰᠡᠬᠦ ᠪᠡᠷ ᠪᠤᠢ᠃ 

 

ᠲᠠᠨ᠎ᠤ ᠲᠤᠰᠠ᠎ᠳᠤ 

✦ ᠨᠣᠭᠣᠭ᠎ᠠ ᠬᠠᠭᠤᠷᠴᠤ ᠪᠠᠷᠠᠭᠰᠠᠨ᠎ᠤ ᠳᠠᠷᠠᠭ᠎ᠠ ᠲᠣᠰᠣᠨ ᠤᠳᠤᠭ᠎ᠠ ᠨᠢ ᠲᠡᠷᠡ ᠳᠣᠣᠷ᠎ᠠ᠎ᠪᠠᠨ ᠰᠠᠷᠨᠢᠳᠠᠭ ᠦᠭᠡᠢ᠃ ᠲᠤᠰᠬᠠᠢ ᠮᠡᠷᠭᠡᠵᠢᠯᠲᠡᠨ᠎ᠤ ᠰᠠᠨᠠᠭᠤᠯᠤᠭᠰᠠᠨ ᠎ᠵᠢᠡᠷ ᠬᠣᠭᠣᠯᠠ ᠬᠢᠵᠦ ᠪᠠᠷᠠᠭᠰᠠᠨ᠎ᠤ ᠳᠠᠷᠠᠭ᠎ᠠ ᠲᠣᠰᠣᠨ ᠤᠳᠤᠭ᠎ᠠ ᠰᠤᠷᠤᠬᠤ ᠮᠠᠰᠢᠨ᠎ᠢᠶᠠᠨ ᠳᠠᠬᠢᠨ 5-10 ᠮᠢᠨᠦ᠋ᠲ ᠨᠡᠭᠡᠭᠡᠪᠡᠯ ᠬᠠᠮᠤᠭ ᠰᠠᠢᠨ᠃

ᠵᠠᠯᠭᠠᠭᠠᠳ 《ᠪᠤᠭᠤᠷᠤᠯ ᠠᠪᠤ ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号