


ᠨᠡᠢᠭᠡᠮ
✦ᠲᠦᠷᠦᠭᠦᠬᠡᠨ ᠮᠠᠨ ᠤ ᠤᠯᠤᠰ᠎ᠤᠨ 42
ᠳ᠋ᠤᠭᠠᠷ ᠤᠳᠠᠭᠠᠨ ᠤ ᠡᠮᠦᠨᠡᠲᠦ ᠲᠤᠢᠯ᠎ᠦᠨ ᠰᠢᠨᠵᠢᠯᠡᠨ ᠪᠠᠢᠴᠠᠭᠠᠯᠲᠠ ᠶᠢᠨ ᠪᠦᠯᠬᠦᠮ
ᠵᠢᠴᠢ 《ᠰᠢᠤᠸᠠᠢ ᠯᠦᠩ》 ᠨᠡᠷᠡᠮᠵᠢᠲᠦ ᠲᠤᠢᠯ ᠦᠨ ᠣᠷᠣᠨ ᠤ ᠰᠢᠨᠵᠢᠯᠡᠨ ᠪᠠᠢᠴᠠᠭᠠᠯᠲᠠ᠎ᠶᠢᠨ ᠣᠩᠭᠣᠴᠠ
ᠡᠭᠦᠷᠭᠡ᠎ᠪᠡᠨ ᠠᠮᠵᠢᠯᠲᠠ᠎ᠲᠠᠢ ᠪᠡᠶᠡᠯᠡᠭᠦᠯᠦᠨ ᠪᠤᠴᠠᠵᠤ ᠢᠷᠡᠪᠡ᠃
✦《ᠳᠤᠮᠳᠠᠳᠤ ᠪᠠᠭ᠎ᠠ ᠰᠤᠷᠭᠠᠭᠤᠯᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ
ᠤᠩᠰᠢᠬᠤ ᠪᠢᠴᠢᠭ》᠎ᠢ ᠣᠢᠷ᠎ᠠ᠎ᠳᠤ ᠬᠡᠪᠯᠡᠨ ᠲᠠᠷᠬᠠᠭᠠᠵᠤ᠂ ᠡᠨᠡ ᠵᠢᠯ᠎ᠦᠨ
ᠨᠠᠮᠤᠷ᠎ᠤᠨ ᠰᠤᠷᠤᠯᠭ᠎ᠠ᠎ᠶᠢᠨ ᠬᠤᠭᠤᠴᠠᠭᠠᠨ᠎ᠳᠤ ᠲᠤᠷᠰᠢᠯᠲᠠ ᠵᠢᠨ ᠴᠡᠭ᠎ᠲᠦ ᠬᠡᠷᠡᠭᠯᠡᠬᠦ ᠪᠡᠷ ᠪᠤᠢ᠃
✦ᠪᠡᠯᠡ ᠣᠷᠣᠭᠤᠯᠤᠯᠲᠠ ᠨᠢ 6.18ᠳ᠋ᠦᠩᠰᠢᠭᠤᠷ ᠲᠥᠭᠥᠷᠢᠭ ᠪᠣᠯᠬᠤ ᠭᠠᠭᠴᠠᠮᠣᠳᠤ ᠬᠢᠯᠢ᠎ᠶᠢᠨ ᠪᠣᠭᠣᠮᠲᠠ᠎ᠶᠢᠨ ᠪᠠᠷᠠᠭᠠᠨ᠎ᠤ
ᠭᠦᠢᠯᠭᠡᠭᠡ᠎ᠵᠢᠨ ᠬᠦᠢᠰᠦ᠎ᠶᠢᠨ ᠣᠶᠤᠨᠲᠤ ᠬᠤᠪᠢᠶᠠᠷᠢᠯᠠᠨ ᠰᠠᠯᠭᠠᠵᠤ ᠲᠥᠪᠯᠡᠷᠡᠭᠦᠯᠦᠨ ᠲᠠᠷᠬᠠᠭᠠᠬᠤ ᠲᠥᠪ᠎ᠦᠨ
ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠲᠥᠷᠥᠯ ᠵᠦᠢᠯ ᠤᠷᠴᠢᠮᠬᠠᠨ ᠠᠵᠢᠯ᠎ᠢᠶᠠᠨ ᠡᠬᠢᠯᠡᠭᠦᠯᠵᠦ᠂ ᠭᠠᠭᠴᠠᠮᠣᠳᠤ
ᠬᠢᠯᠢ᠎ᠶᠢᠨ ᠪᠣᠭᠣᠮᠲᠠ᠎ᠶᠢᠨ ᠬᠢᠯᠢ ᠠᠯᠤᠰᠯᠠᠭᠰᠠᠨ ᠪᠠᠷᠠᠭᠠᠨ᠎ᠤ ᠭᠦᠢᠯᠭᠡᠭᠡ᠎ᠵᠢᠨ ᠠᠵᠤ ᠦᠢᠯᠡᠰ᠎ᠦᠨ ᠳᠡᠰ ᠳᠡᠪᠰᠢᠬᠦ᠂
ᠳᠤᠮᠳᠠᠳᠤ ᠮᠣᠩᠭᠣᠯ᠎ᠤᠨ ᠬᠢᠯᠢ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢᠨ ᠴᠢᠨᠠᠷ ᠰᠠᠢᠲᠠᠢ ᠬᠥᠭᠵᠢᠯᠲᠡ᠎ᠳᠦ
ᠬᠦᠴᠦᠷᠬᠡᠭ ᠶᠡᠬᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
✦ᠤᠢᠷ᠎ᠠ᠎ᠳᠤ
ᠳᠤᠮᠳᠠᠳᠤ ᠤᠯᠤᠰ᠎ᠤᠨ ᠬᠥᠳᠡᠭᠡ ᠲᠣᠰᠬᠣᠨ᠎ᠤ ᠲᠤᠰᠬᠠᠢ ᠮᠡᠷᠭᠡᠵᠢᠯ᠎ᠦᠨ ᠨᠡᠢᠭᠡᠮᠯᠢᠭ ᠰᠢᠨ᠎ᠡ ᠨᠢᠭᠡ ᠪᠦᠯᠦᠭ ᠳᠤᠮᠳᠠᠳᠤ
ᠤᠯᠤᠰ᠎ᠤᠨ ᠲᠠᠷᠢᠶᠠᠯᠠᠩ᠎ᠦᠨ ᠮᠡᠷᠭᠡᠵᠢᠯ᠎ᠦᠨ ᠨᠡᠢᠭᠡᠮᠯᠢᠭ᠎ᠦᠨ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠦᠨ ᠪᠠᠭ᠎ᠠ ᠬᠦᠷᠢᠶᠡᠯᠡᠩ᠎ᠤᠨ ᠮᠠᠭᠠᠳᠯᠠᠨ ᠲᠣᠭᠲᠠᠭᠠᠭᠰᠠᠨ ᠨᠡᠷᠡᠰ᠎ᠢ ᠨᠡᠢᠲᠡᠯᠡᠪᠡ᠃ ᠡᠭᠦᠨ᠎ᠳᠤ
ᠪᠠᠶᠠᠠᠨᠠᠭᠤᠷ ᠬᠣᠲᠠ᠎ᠶᠢᠨ ᠬᠠᠩᠭᠢᠨ ᠬᠣᠢᠲᠤ ᠬᠣᠰᠢᠭᠤᠨ᠎ᠤ ᠣᠶᠤᠨᠲᠤ ᠲᠠᠷᠢᠶᠠᠯᠠᠩ᠎ᠤᠨ ᠮᠠᠰᠢᠨ᠎ᠤ ᠰᠢᠨᠵᠢᠯᠡᠬᠦ
ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠂ ᠤᠷᠠᠳ᠎ᠦᠨ ᠡᠮᠦᠨᠡᠲᠦ ᠬᠣᠰᠢᠭᠤᠨ᠎ᠤ ᠡᠪᠡᠰᠦᠨ᠎ᠤ ᠦᠢᠯᠡᠰ᠎ᠦᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠂ ᠳ᠋ᠧᠩᠺᠸᠤ᠎ᠶᠢᠨ ᠠᠮᠲᠠᠲᠤ
ᠬᠡᠮᠬᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠵᠢᠭ᠍ᠰᠠᠭᠠᠭᠳᠠᠪᠠ᠃ ᠡᠨᠡ
ᠨᠢ ᠪᠠᠶᠠᠠᠨᠠᠭᠤᠷ ᠬᠤᠲᠠ᠎ᠶᠢᠨ 《ᠤᠯᠤᠰ᠎ᠤᠨ ᠳᠡᠰ》 ᠤᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠦᠨ ᠪᠦᠲᠦᠭᠡᠨ ᠪᠠᠢᠭᠤᠯᠤᠯᠲᠠ ᠨᠢ 7 ᠬᠣᠰᠢᠭᠤ
ᠰᠢᠶᠠᠨ ᠲᠣᠭᠣᠷᠢᠭ᠋᠎ᠢ ᠪᠦᠬᠦᠨ᠎ᠢ ᠬᠠᠮᠤᠷᠤᠬᠰᠠᠨᠢ ᠬᠠᠷᠠᠭᠤᠯᠵᠤ ᠪᠠᠢᠨ᠎ᠠ᠃
✦2026 ᠣᠨ᠎ᠤ ᠲᠦᠩᠯᠢᠶᠤᠤ
ᠬᠤᠲᠠ᠎ᠶᠢᠨ ᠠᠮᠤ ᠪᠤᠳᠠᠭᠠᠨ᠎ᠤ ᠦᠢᠯᠡᠳᠪᠦᠷᠢᠯᠡᠯ᠂ ᠲᠠᠯᠠᠪᠠᠢ ᠨᠢᠭᠡᠴᠢ᠎ᠶᠢᠨ ᠤᠨᠠᠯᠲᠠ᠎ᠶᠢ ᠨᠡᠮᠡᠭᠳᠡᠭᠦᠯᠬᠦ ᠵᠢᠴᠢ
ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ᠎ᠶᠢᠨ ᠲᠥᠯᠥᠭᠡ᠂
ᠣᠳᠣᠬᠠᠨ ᠪᠣᠯᠲᠠᠯ᠎ᠠ ᠲᠦᠩᠯᠢᠶᠤᠤ ᠬᠤᠲᠠ ᠲᠠᠯᠠᠪᠠᠢ ᠨᠢᠭᠡᠴᠢ ᠶᠢᠨ
ᠤᠨᠠᠯᠲᠠ ᠶᠢ ᠨᠡᠮᠡᠭᠳᠡᠭᠦᠯᠬᠦ ᠮᠡᠷᠭᠡᠵᠢᠯ᠎ᠦᠨ ᠪᠣᠯᠪᠠᠰᠤᠷᠠᠯ ᠢ 100
ᠭᠠᠷᠤᠢ ᠲᠠᠯᠠᠪᠠᠢ ᠤᠳᠠᠭ᠎ᠠ ᠥᠷᠨᠢᠭᠦᠯᠵᠦ᠂ ᠮᠡᠷᠭᠡᠵᠢᠯᠲᠡᠨ᠂ ᠡᠵᠡᠩᠨᠡᠯᠲᠡ ᠶᠢᠨ ᠭᠣᠣᠯ ᠴᠣᠭᠴᠠ ᠵᠢᠴᠢ
ᠲᠠᠷᠢᠶᠠᠴᠢᠨ ᠡᠷᠦᠬᠡ 1.2
ᠲᠦᠮᠡᠨ ᠬᠥᠮᠥᠨ ᠤᠳᠠᠭ᠎ᠠ ᠤᠷᠤᠯᠴᠠᠵᠠᠢ᠃
✦ᠤᠢᠷ᠎ᠠ ᠳᠤ
ᠤᠯᠠᠭᠠᠨᠬᠠᠳᠠ ᠬᠣᠲᠠ᠎ᠶᠢᠨ ᠣᠩᠨᠢᠭᠤᠳ ᠬᠣᠰᠢᠭᠤᠨ ᠤ ᠰᠢᠨ᠎ᠡ ᠰᠦᠮ᠎ᠡ ᠰᠤᠮᠤ᠎ᠶᠢᠨ ᠳᠠᠷᠬᠠᠨ ᠭᠠᠴᠠᠭᠠᠨ ᠤ ᠲᠠᠷᠢᠶᠠᠨ
ᠭᠠᠵᠠᠷ ᠨᠥᠭᠡᠴᠡᠯᠡᠬᠦ ᠬᠥᠮᠥᠷᠭᠡ ᠶᠢᠨ ᠲᠥᠰᠥᠯ ᠨᠢ ᠬᠢᠨᠠᠨ ᠰᠢᠯᠭᠠᠯᠲᠠ᠎ᠳᠤ ᠬᠢᠷᠢ ᠲᠡᠩᠴᠡᠵᠦ᠂ ᠥᠪᠡᠷᠲᠡᠭᠡᠨ
ᠵᠠᠰᠠᠬᠤ ᠣᠷᠣᠨ᠎ᠤ ᠲᠠᠷᠢᠶᠠᠨ ᠭᠠᠵᠠᠷ ᠢ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠲᠡᠢ ᠪᠠᠢᠯᠭᠠᠬᠤ ᠥᠭᠡᠷᠡᠴᠢᠯᠡᠯᠲᠡ ᠶᠢ
ᠬᠡᠷᠡᠭᠵᠢᠭᠦᠯᠦᠭᠰᠡᠨ᠎ᠡᠴᠡ ᠨᠠᠭᠠᠰᠢᠬᠢ ᠲᠠᠷᠢᠶᠠᠯᠠᠩ ᠤᠨ ᠪᠤᠰᠤ ᠪᠦᠲᠦᠭᠡᠨ ᠪᠠᠢᠭᠤᠯᠤᠯᠲᠠ᠎ᠳᠦ
ᠨᠥᠬᠥᠪᠦᠷᠢᠯᠡᠬᠦ ᠲᠠᠷᠢᠶᠠᠨ ᠭᠠᠵᠠᠷ ᠨᠥᠭᠡᠴᠡᠯᠡᠬᠦ ᠬᠥᠮᠥᠷᠭᠡ᠎ᠳᠦ ᠣᠷᠣᠭᠤᠯᠤᠭᠰᠠᠨ ᠠᠩᠬᠠᠳᠠᠭ᠍ᠴᠢ ᠲᠥᠰᠥᠯ
ᠪᠣᠯᠵᠠᠢ᠃
✦ᠤᠷᠠᠳ ᠤᠨ
ᠡᠮᠦᠨᠡᠳᠤ ᠬᠤᠰᠢᠭᠤᠨ ᠤ ᠬᠢᠨ ᠤᠷᠴᠢᠮᠬᠠᠨ ᠵᠠᠮ ᠬᠠᠷᠢᠯᠴᠠᠭᠠᠨ᠎ᠤ ᠢᠯᠡᠳᠬᠡᠮᠵᠢ ᠳᠡᠮᠳᠡᠭ᠎ᠤᠨ ᠱᠤᠭᠤᠮ
ᠵᠢᠷᠤᠬᠤ ᠠᠵᠢᠯ᠎ᠢ ᠦᠷᠨᠢᠬᠦᠯᠵᠤ᠂ ᠵᠠᠮ ᠨᠡᠪᠲᠡᠷᠡᠯᠭᠡ ᠵᠢᠨ ᠴᠢᠨᠠᠷ ᠴᠢᠨᠰᠠᠭ᠎ᠠ᠎ᠶᠢ ᠦᠨᠡᠨᠬᠦ ᠳᠡᠭᠡᠭᠰᠢᠯᠡᠭᠦᠯᠵᠦ᠂
ᠵᠠᠮ ᠬᠠᠷᠢᠯᠴᠠᠭᠠᠨ᠎ᠤ ᠡᠮᠬᠢ ᠳᠢᠭ᠌ᠮᠢᠮᠢ ᠰᠠᠢᠵᠢᠷᠠᠭᠤᠯᠵᠤ᠂ ᠤᠯᠠᠨ ᠲᠦᠮᠡᠨ᠎ᠳᠦ ᠨᠠᠩ ᠡᠮᠬᠢ ᠳᠢᠭᠯᠢᠮ᠎ᠲᠠᠢ᠂
ᠠᠮᠤᠷ ᠲᠦᠪᠰᠢᠨ᠂ ᠲᠠᠭᠠᠯᠠᠮᠵᠢᠲᠠᠢ ᠵᠠᠮ ᠬᠠᠷᠢᠯᠴᠠᠭᠠᠨ ᠤ ᠣᠷᠴᠢᠨ ᠨᠦᠬᠦᠴᠡᠯ ᠢ ᠪᠣᠶ ᠪᠣᠯᠭᠠᠵᠤ ᠪᠠᠢᠨ᠎ᠠ᠃
✦ᠤᠢᠷ᠎ᠠ ᠳᠤ
ᠨᠠᠢ᠍ᠮᠠᠨ ᠬᠣᠰᠢᠭᠤᠨ᠎ᠤ ᠯᠤᠤᠬ᠎ᠠ᠎ᠶᠢᠨ ᠭᠣᠣᠯ᠎ᠤᠨ ᠨᠤᠭᠤ ᠭᠠᠵᠠᠷ᠎ᠲᠤ ᠬᠡᠳᠦᠨ ᠲᠦᠮᠡᠨ ᠨᠡᠭᠦᠳᠡᠯ᠎ᠦᠨ ᠰᠢᠪᠠᠭᠤ
ᠦᠷᠳᠡᠭᠡᠯᠡᠨ ᠪᠠᠭᠤᠪᠠ᠃ ᠰᠢᠪᠠᠭᠤᠳ ᠣᠰᠤᠨ᠎ᠳᠦ ᠬᠠᠯᠢᠨ ᠪᠥᠵᠢᠵᠦ᠂ ᠢᠳᠡᠰᠢ ᠬᠠᠢᠨ ᠳᠡᠪᠳᠡᠷᠢᠵᠦ᠂ ᠨᠠᠮ ᠵᠢᠮᠬᠡᠨ
ᠪᠠᠢᠭᠰᠠᠨ ᠨᠤᠭᠤ ᠭᠠᠵᠠᠷ᠎ᠲᠤ ᠠᠮᠢᠵᠢᠷᠠᠯ᠎ᠤᠨ ᠥᠩᠭᠡ ᠨᠡᠮᠡᠵᠦ᠂ ᠦᠵᠡᠰᠬᠦᠯᠡᠩᠲᠦ ᠰᠠᠢᠬᠠᠨ ᠠᠮᠢ ᠠᠬᠤᠢ᠎ᠶᠢᠨ ᠵᠢᠷᠤᠭ᠎ᠢ
ᠳᠡᠯᠭᠡᠵᠡᠢ᠃
ᠠᠵᠤ ᠠᠬᠤᠢ
✦ᠳᠤᠮᠳᠠᠳᠤ
ᠤᠯᠤᠰ᠎ᠤᠨ ᠮᠠᠰᠢᠨ ᠲᠡᠷᠭᠡᠨ᠎ᠦ ᠠᠵᠤ ᠦᠢᠯᠡᠳᠪᠦᠷᠢ᠎ᠶᠢᠨ ᠨᠡᠢᠭᠡᠮᠯᠢᠭ᠎ᠦᠨ ᠨᠡᠢᠲᠡᠯᠡᠭᠰᠡᠨ ᠲᠣᠭ᠎ᠠ ᠪᠠᠷᠢᠮᠲᠠ᠎ᠠᠴᠠ
ᠦᠵᠡᠪᠡᠯ᠂ 3 ᠰᠠᠷ᠎ᠠ᠎ᠳᠤ ᠮᠠᠨ᠎ᠤ ᠤᠯᠤᠰ᠎ᠤᠨ ᠮᠠᠰᠢᠨ ᠲᠡᠷᠭᠡᠨ ᠦ ᠦᠢᠯᠡᠳᠪᠦᠷᠢᠯᠡᠯ
ᠪᠣᠷᠤᠯᠠᠭᠤᠯᠭ᠎ᠠ ᠳᠡᠭᠡᠷ᠎ᠡ ᠰᠠᠷ᠎ᠠ᠎ᠶᠢᠨ ᠬᠢ᠎ᠡᠴᠡ᠎ᠪᠡᠨ ᠶᠡᠬᠡᠪᠡᠷ ᠳᠡᠭᠡᠭᠰᠢᠯᠡᠵᠦ᠂ ᠲᠤᠰ ᠲᠤᠰ 291.7 ᠲᠦᠮᠡ
ᠪᠠ 289.9 ᠲᠦᠮᠡ᠎ᠶᠢ ᠪᠡᠶᠡᠯᠡᠭᠦᠯᠵᠡᠢ᠃
✦ᠡᠨᠡ
ᠵᠢᠯ ᠲᠦᠩᠯᠢᠶᠤᠤ ᠬᠤᠳᠠ ᠵᠢᠨ ᠬᠣᠷᠴᠢᠨ ᠲᠣᠭᠣᠷᠢᠭ᠋ ᠠᠵᠤ ᠦᠢᠯᠡᠳᠪᠦᠷᠢ᠎ᠶᠢᠨ ᠬᠦᠷᠢᠶᠡᠨ᠎ᠳᠦ 41 ᠭᠣᠣᠯᠳᠠᠯᠭ᠎ᠠ᠎ᠲᠠᠢ
ᠲᠥᠷᠥᠯ ᠵᠦᠢᠯ᠎ᠢ ᠬᠡᠷᠡᠭᠵᠢᠭᠦᠯᠬᠦ᠎ᠪᠡᠷ ᠪᠣᠶ᠃ ᠡᠭᠦᠨ᠎ᠳᠦ ᠦᠷᠭᠦᠯᠵᠢᠯᠡᠨ ᠪᠠᠢᠭᠤᠯᠬᠤ ᠲᠥᠷᠥᠯ ᠵᠦᠢᠯ 19᠂ ᠰᠢᠨ᠎ᠡ᠎ᠪᠡᠷ
ᠪᠠᠢᠭᠤᠯᠬᠤ ᠲᠥᠷᠥᠯ ᠵᠦᠢᠯ 22 ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 529.73 ᠳ᠋ᠦᠩᠰᠢᠭᠤᠷ ᠲᠥᠭᠥᠷᠢᠭ᠎ᠲᠦ
ᠬᠦᠷᠴᠦ᠂ ᠵᠢᠯ᠎ᠳᠦ 110.5 ᠳ᠋ᠦᠩᠰᠢᠭᠤᠷ ᠲᠥᠭᠥᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠠᠢᠨ᠎ᠠ᠃
ᠰᠤᠶᠤᠯ
✦5 ᠰᠠᠷ᠎ᠠ᠎ᠶᠢᠨ
1᠎ᠦ ᠡᠳᠦᠷ᠎ᠡᠴᠡ 10 ᠰᠠᠷ᠎ᠠ᠎ᠶᠢᠨ 8᠎ᠤ ᠡᠳᠦᠷ ᠪᠣᠯᠲᠠᠯ᠎ᠠ᠂ 《ᠬᠡᠷᠡᠯ ᠰᠠᠴᠤᠷᠠᠩᠭᠤᠢ᠄
16 — 20 ᠳ᠋ᠤᠭᠠᠷ ᠵᠠᠭᠤᠨ ᠤ ᠰᠣᠩᠭᠣᠳᠠᠭ ᠡᠷᠳᠡᠨᠢ ᠶᠢᠨ ᠤᠷᠠᠯᠢᠭ᠋ ᠤᠨ ᠦᠵᠡᠰᠬᠦᠯᠡᠩ》 ᠥᠪᠥᠷ ᠮᠣᠩᠭᠣᠯ᠎ᠤᠨ ᠮᠦᠽᠧᠢ᠎ᠳᠤ ᠶᠠᠪᠤᠬᠳᠠᠬᠤ ᠪᠡᠷ ᠪᠤᠢ᠃ ᠦᠵᠡᠰᠬᠦᠯᠡᠩ᠎ᠳᠤ ᠳᠣᠷᠣᠨᠠᠳᠠᠬᠢᠨ
ᠦᠷᠦᠨᠠᠳᠠᠬᠢᠨᠳᠤ ᠤᠯᠠᠮᠵᠢᠯᠠᠭᠳᠠᠭᠰᠠᠨ 400 ᠰᠢᠬᠠᠮ ᠬᠣᠪᠣᠷ ᠡᠷᠳᠡᠨᠢ ᠶᠢ ᠳᠡᠯᠭᠡᠨ ᠦᠵᠡᠭᠦᠯᠵᠦ᠂ ᠦᠵᠡᠭᠴᠢᠳ᠎ᠲᠦ
ᠲᠡᠦᠬᠡ ᠪᠠ ᠤᠷᠠᠯᠢᠭ᠋ ᠤᠨ ᠭᠤᠸ᠎ᠠ ᠰᠠᠢᠬᠠᠨ᠎ᠢ ᠳᠡᠯᠭᠡᠨ ᠬᠠᠷᠠᠭᠤᠯᠬᠤ ᠪᠡᠷ ᠪᠠᠢᠨ᠎ᠠ᠃
ᠲᠠᠮᠢᠷ
✦2026
ᠣᠨ᠎ᠤ ᠥᠳᠥᠨ ᠪᠥᠮᠪᠥᠭᠡ᠎ᠶᠢᠨ ᠠᠽᠢᠶ᠎ᠠ ᠲᠢᠪ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠷᠡᠭᠲᠡᠢ᠎ᠶᠢᠨ
ᠬᠠᠭᠠᠰ ᠰᠢᠢᠳᠪᠦᠷᠢᠲᠦ ᠤᠷᠤᠯᠳᠤᠭᠤᠨ᠎ᠳᠤ ᠂ ᠱᠢ ᠢᠦᠢ ᠴᠢ 2᠄
0 ᠢᠶᠠᠷ ᠵᠧᠦ ᠲᠢᠶᠠᠨ ᠴᠧᠩ ᠢ ᠢᠯᠠᠵᠤ᠂ 7 ᠵᠢᠯ᠎ᠦᠨ ᠳᠠᠷᠠᠭ᠎ᠠ
ᠳᠠᠬᠢᠨᠲᠠ ᠠᠽᠢᠶ᠎ᠠ ᠲᠢᠪ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠡᠷᠡᠭᠲᠡᠢ᠎ᠶᠢᠨ ᠭᠠᠭᠴᠠ ᠬᠥᠮᠥᠨ᠎ᠦ
ᠰᠢᠢᠳᠪᠦᠷᠢᠲᠦ ᠤᠷᠤᠯᠳᠤᠭᠠᠨ᠎ᠳᠤ ᠣᠷᠣᠪᠠ᠃
✦ᠦᠦᠰᠢᠨ
ᠬᠣᠰᠢᠭᠤᠨ ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ ᠶᠠᠪᠤᠭᠳᠠᠭᠤᠯᠤᠭᠰᠠᠨ
ᠦᠦᠰᠢᠨ ᠬᠣᠰᠢᠭᠤᠨ᠎ᠤ ᠭᠤᠷᠪᠠᠳᠤᠭᠠᠷ ᠬᠤᠭᠤᠴᠠᠭᠠᠨ᠎ᠦ ᠳᠤᠮᠳᠠᠳᠤ ᠪᠠᠭ᠎ᠠ ᠰᠤᠷᠭᠠᠭᠤᠯᠢ᠎ᠶᠢᠨ ᠶᠡᠷᠦᠩᠬᠡᠢᠯᠡᠭᠰᠡᠨ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ 《ᠬᠣᠰᠢᠭᠤᠨ ᠳᠠᠷᠤᠭ᠎ᠠ ᠬᠤᠨᠳᠠᠭᠠᠲᠤ》 ᠰᠤᠷᠭᠠᠭᠤᠯᠢ᠎ᠶᠢᠨ
ᠬᠦᠷᠢᠶᠡᠨ᠎ᠦ ᠬᠥᠯ ᠪᠥᠮᠪᠥᠭᠡᠨ᠎ᠦ ᠬᠣᠯᠪᠣᠭᠠᠲᠤ ᠤᠷᠤᠯᠳᠤᠭᠠᠨ ᠲᠦᠷᠦᠬᠦᠬᠡᠨ ᠡᠬᠢᠯᠡᠪᠡ᠃ ᠲᠤᠰ ᠤᠳᠠᠭᠠᠨ᠎ᠤ ᠤᠷᠤᠯᠳᠤᠭᠠᠨ᠎ᠳᠤ
ᠪᠦᠬᠦ ᠬᠣᠰᠢᠭᠤᠨ᠎ᠤ 20 ᠳᠤᠮᠳᠠᠳᠤ ᠪᠠᠭ᠎ᠠ ᠰᠤᠷᠭᠠᠭᠤᠯᠢ᠎ᠶᠢᠨ 530 ᠭᠠᠷᠤᠢ ᠳᠠᠮᠢᠷᠴᠢᠨ ᠤᠷᠤᠯᠴᠠᠵᠠᠢ᠃
ᠲᠡᠯᠡᠬᠡᠢ
✦ᠰᠢᠨᠬᠤᠸᠠ
ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂
ᠠᠮᠧᠷᠢᠺᠠ ᠪᠣᠯᠣᠨ ᠢᠷᠠᠨ᠎ᠤ ᠲᠥᠯᠥᠭᠡᠯᠡᠭᠴᠢᠳ᠎ᠦᠨ ᠪᠦᠯᠬᠦᠮ 11 ᠦ ᠡᠳᠦᠷ ᠫᠠᠺᠢᠰᠲ᠋ᠠᠨ᠎ᠤ ᠨᠡᠢᠰᠯᠡᠯ ᠢᠰᠯᠠᠮᠠᠪᠠᠳ᠋᠎ᠲᠤ
ᠬᠡᠯᠡᠯᠴᠡᠭᠡ ᠬᠢᠪᠡ᠃
ᠦᠢᠯᠡᠴᠢᠯᠡᠭᠡ
✦ᠬᠦᠬᠡᠬᠤᠳᠠ
ᠵᠢᠨ ᠨᠢᠭᠡᠳᠦᠭᠡᠷ ᠳᠤᠮᠳᠠᠳᠤ ᠰᠤᠷᠭᠠᠭᠤᠯᠢ ᠪᠠᠬᠰᠢ ᠡᠯᠰᠡᠵᠤ ᠪᠤᠢ᠃
✦ᠥᠪᠥᠷ
ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠡᠴᠡ ᠭᠣᠣᠯᠯᠠᠨ ᠡᠷᠬᠢᠯᠡᠵᠦ᠂ ᠥᠪᠥᠷ
ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠂ ᠥᠪᠥᠷ ᠮᠣᠩᠭᠣᠯ᠎ᠤᠨ ᠰᠡᠳᠬᠢᠴᠡ ᠶᠢᠨ
ᠵᠥᠪᠯᠡᠯᠭᠡ᠎ᠶᠢᠨ ᠨᠡᠢᠭᠡᠮᠯᠢᠭ᠎ᠠᠴᠠ ᠳᠠᠭᠠᠭᠠᠴᠢᠯᠠᠨ ᠡᠷᠬᠢᠯᠡᠭᠰᠡᠨ ᠰᠠᠷ᠎ᠠ ᠪᠦᠷᠢ᠎ᠶᠢᠨ ᠨᠡᠢᠲᠡ ᠵᠢᠨ
ᠠᠰᠠᠷᠠᠮᠵᠢ ᠶᠢᠨ ᠰᠡᠳᠬᠢᠴᠡ᠎ᠶᠢᠨ ᠵᠥᠪᠯᠡᠯᠭᠡ ᠬᠠᠩᠭᠠᠬᠤ ᠦᠢᠯᠡᠴᠢᠯᠡᠭᠡᠨ ᠦ ᠠᠵᠢᠯᠯᠠᠭ᠎ᠠ ᠦᠷᠭᠦᠯᠵᠢᠯᠡᠨ ᠶᠠᠪᠤᠭᠳᠠᠵᠤ
ᠪᠠᠢᠨ᠎ᠠ᠃ ᠰᠡᠳᠬᠢᠴᠡ᠎ᠶᠢᠨ ᠵᠥᠪᠯᠡᠯᠭᠡ ᠠᠪᠬᠤ ᠱᠠᠭᠠᠷᠳᠠᠯᠭ᠎ᠠ᠎ᠲᠠᠢ ᠵᠠᠯᠠᠭᠤᠴᠤᠳ ᠪᠠᠭᠠᠴᠤᠳ ᠪᠤᠶᠤ ᠣᠯᠠᠨ ᠲᠦᠮᠡᠨ
4 ᠰᠠᠷ᠎ᠠ᠎ᠶᠢᠨ 19 ᠤ ᠦᠳᠡ᠎ᠶᠢᠨ ᠡᠮᠦᠨ᠎ᠡ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ
ᠣᠷᠳᠣᠨ ᠤ᠋ 1A ᠳᠠᠪᠬᠤᠷᠭ᠎ᠠ᠎ᠶᠢᠨ ᠬᠤᠷᠠᠯ ᠤᠨ ᠭᠡᠷ᠎ᠲᠦ ᠬᠦᠷᠴᠦ ᠵᠥᠪᠯᠡᠯᠭᠡ
ᠠᠪᠴᠤ ᠪᠣᠯᠣᠨ᠎ᠠ᠃ ᠲᠤᠬᠠᠢ᠎ᠶᠢᠨ ᠲᠠᠯᠠᠪᠤᠷ᠎ᠲᠤ ᠬᠦᠷᠴᠦ ᠰᠡᠳᠬᠢᠴᠡ ᠶᠢᠨ ᠵᠥᠪᠯᠡᠯᠭᠡ ᠠᠪᠬᠤ ᠬᠥᠮᠥᠰ ᠥᠪᠥᠷ ᠮᠣᠩᠭᠣᠯ ᠤᠨ
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ ᠤ ᠵᠢᠷᠭᠢᠶ᠎ᠡ ᠵᠢᠨ ᠣᠯᠠᠨ ᠨᠡᠶ᠋ᠢᠲᠡ᠎ᠶᠢᠨ ᠲᠠᠪᠴᠠᠩ᠎ᠢᠶᠠᠷ
ᠳᠠᠮᠵᠢᠨ ᠤᠷᠢᠳᠴᠢᠯᠠᠨ ᠪᠣᠯᠵᠣᠵᠤ ᠨᠡᠷ᠎ᠡ ᠮᠡᠳᠡᠭᠦᠯᠬᠦ ᠬᠡᠷᠡᠭᠲᠡᠢ᠃
ᠲᠠᠨ ᠤ ᠲᠤᠰᠡ ᠳ᠋ᠤ
✦ᠤᠭᠤᠷᠠᠭ
ᠨᠦᠬᠦᠪᠤᠷᠢᠯᠡᠬᠦ ᠭᠡᠵᠤ ᠵᠠᠬ᠎ᠠ ᠳᠡᠯᠭᠡᠭᠦᠷ ᠲᠦ ᠬᠤᠳᠠᠯᠳᠤᠵᠤ ᠪᠠᠢᠬᠤ ᠡᠯᠳᠡᠪ ᠵᠤᠢᠯ᠎ᠤᠨ
ᠪᠦᠲᠦᠭᠡᠭᠳᠡᠬᠦᠨ᠎ᠢ ᠢᠳᠡᠬᠦ ᠪᠡᠷ ᠵᠢᠡᠨ ᠦᠨᠳᠡᠬᠡ ᠴᠢᠨᠠᠵᠤ ᠢᠳᠡᠬᠦ ᠨᠢ ᠬᠦᠮᠦᠨ᠎ᠤ ᠪᠡᠶ᠎ᠡ᠎ᠳᠤ ᠬᠡᠷᠡᠭᠰᠡᠬᠦ
ᠤᠭᠤᠷᠠᠭ᠎ᠢ ᠬᠠᠩᠭᠠᠵᠤ ᠳᠡᠢᠯᠬᠦ ᠪᠦᠭᠡᠳ ᠴᠢᠨᠠᠷ᠎ᠤᠨ ᠪᠠᠳᠤᠯᠠᠭ᠎ᠠ ᠲᠠᠢ ᠪᠠᠢᠳᠠᠭ᠃
ᠵᠠᠯᠭᠠᠭᠠᠳ 《ᠡᠵᠢ ᠵᠢᠨ
ᠮᠢᠨᠢ ᠦᠷᠯᠦᠭᠡ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂
ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠳᠤ
ᠤᠷᠮ᠎ᠠ ᠬᠠᠢᠷᠠᠯᠠᠭᠠᠷᠠᠢ! ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕