


ᠨᠡᠢᠭᠡᠮ
✦ᠵᠠᠬ᠎ᠠ ᠳᠡᠯᠭᠡᠭᠦᠷ ᠦᠨ
ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠡᠨᠡ ᠵᠢᠯ 8 ᠶᠡᠬᠡ ᠲᠥᠷᠥᠯ᠎ᠦᠨ 173 ᠵᠦᠢᠯ ᠦᠨ ᠦᠢᠯᠡᠳᠬᠦᠨ᠎ᠳᠦ
ᠬᠢᠨᠠᠯᠲᠠ ᠲᠠᠯᠪᠢᠨ ᠰᠤᠭᠤᠴᠢᠨ ᠪᠠᠢᠴᠠᠭᠠᠯᠲᠠ ᠬᠢᠵᠦ᠂ 1.7 ᠲᠦᠮᠡ ᠭᠠᠷᠤᠢ ᠪᠦᠯᠦᠭ ᠤᠳᠠᠭ᠎ᠠ ᠰᠤᠭᠤᠴᠢᠨ ᠪᠠᠢᠴᠠᠭᠠᠵᠤ᠂
ᠦᠳᠡᠯᠦᠭᠡ ᠨᠠᠰᠤᠳᠠᠳ ᠪᠠ ᠨᠢᠯᠬ᠎ᠠ ᠬᠡᠤᠬᠡᠳ ᠤ᠋ᠨ ᠬᠡᠷᠡᠭᠯᠡᠬᠦ ᠦᠢᠯᠡᠳᠬᠦᠨ
ᠪᠠ ᠥᠩᠭᠡᠷᠡᠭᠰᠡᠨ᠎ᠳᠦ ᠰᠤᠭᠤᠴᠢᠨ ᠪᠠᠢᠴᠠᠭᠠᠭᠠᠳ ᠬᠢᠷᠢ ᠲᠡᠩᠴᠡᠭᠰᠡᠨ ᠦᠭᠡᠢ ᠨᠣᠷᠮ᠎ᠠ᠎ᠪᠠᠷ ᠨᠡᠯᠢᠶᠡᠳ ᠥᠨᠳᠥᠷ
ᠪᠠᠢᠭᠰᠠᠨ ᠦᠢᠯᠡᠳᠬᠦᠨ᠎ᠢ ᠭᠣᠣᠯᠳᠠᠯᠭ᠎ᠠ᠎ᠲᠠᠢ ᠰᠤᠭᠤᠴᠢᠨ ᠪᠠᠢᠴᠠᠭᠠᠵᠤ᠂ ᠬᠡᠷᠡᠭᠯᠡᠭᠴᠢᠳ᠎ᠦᠨ ᠬᠠᠤᠯᠢ ᠶᠣᠰᠣᠨ᠎ᠤ
ᠡᠷᠬᠡ ᠠᠰᠢᠭ᠋᠎ᠢ ᠤᠯᠠᠮ ᠨᠢᠭᠡ ᠠᠯᠬᠤᠮ ᠬᠠᠮᠠᠭᠠᠯᠠᠬᠤ ᠪᠡᠷ ᠪᠤᠢ᠃
✦4 ᠰᠠᠷ᠎ᠠ᠎ᠶᠢᠨ
11 ᠦ ᠣᠷᠣᠢ᠎ᠠᠴᠠ 12 ᠤᠨ ᠥᠷᠯᠥᠭᠡ ᠪᠣᠯᠲᠠᠯ᠎ᠠ 2026 ᠬᠥᠮᠥᠨ ᠳᠦᠷᠰᠦᠲᠦ ᠮᠠᠰᠢᠨ ᠬᠥᠮᠥᠨ᠎ᠦ ᠬᠠᠭᠠᠰ ᠵᠠᠶ
ᠵᠢᠨ ᠮᠠᠷᠠᠽᠤᠨ ᠤᠷᠤᠯᠳᠤᠭᠠᠨ᠎ᠤ ᠪᠦᠬᠦ ᠶᠠᠪᠤᠴᠠ᠎ᠶᠢᠨ ᠪᠦᠬᠦ ᠡᠯᠧᠮᠧᠨ᠋ᠲ᠎ᠢ ᠰᠢᠯᠭᠠᠬᠤ ᠠᠵᠢᠯᠯᠠᠭ᠎ᠠ ᠪᠡᠭᠡᠵᠢᠩ
ᠳ᠋ᠤ ᠶᠠᠪᠤᠭᠳᠠᠵᠦ᠂ 70 ᠭᠠᠷᠤᠢ ᠪᠦᠯᠬᠦᠮ᠎ᠤᠨ ᠬᠢᠨ ᠰᠢᠯᠭᠠᠯᠲᠠ᠎ᠳᠤ ᠣᠷᠣᠯᠴᠠᠪᠠ᠃
✦ᠰᠤᠷᠭᠠᠨ ᠬᠥᠮᠦᠵᠢᠯ᠎ᠦᠨ
ᠶᠠᠮᠤᠨ᠎ᠤ ᠬᠠᠮᠤᠭ᠎ᠤᠨ ᠰᠢᠨ᠎ᠡ ᠪᠦᠷᠢᠳᠬᠡᠯ᠎ᠡᠴᠡ ᠦᠵᠡᠪᠡᠯ᠂ 1978 ᠣᠨ ᠠ᠋ᠴᠠ 2025 ᠣᠨ ᠪᠣᠯᠲᠠᠯ᠎ᠠ ᠮᠠᠨ᠎ᠤ
ᠤᠯᠤᠰ᠎ᠤᠨ ᠭᠠᠳᠠᠭᠠᠳᠤ᠎ᠳᠤ ᠰᠤᠷᠤᠯᠴᠠᠭᠰᠠᠨ ᠡᠯ᠎ᠡ ᠲᠥᠷᠥᠯ᠎ᠦᠨ ᠬᠥᠮᠥᠰ ᠨᠡᠶ᠋ᠢᠲᠡ 946 ᠲᠦᠮᠡ᠎ᠳᠦ ᠬᠦᠷᠴᠡᠢ᠃
801 ᠲᠦᠮᠡᠨ ᠬᠥᠮᠥᠨ ᠰᠤᠷᠤᠯᠭ᠎ᠠ᠎ᠪᠠᠨ ᠲᠡᠭᠦᠰᠬᠡᠵᠦ᠂ ᠡᠭᠦᠨ᠎ᠦ ᠳᠣᠲᠣᠷ᠎ᠠ 698 ᠲᠦᠮᠡᠨ ᠬᠥᠮᠥᠨ ᠰᠤᠷᠤᠯᠭ᠎ᠠ᠎ᠪᠠᠨ
ᠲᠡᠭᠦᠰᠬᠡᠭᠡᠳ ᠤᠯᠤᠰ᠎ᠲᠠᠭᠠᠨ ᠪᠤᠴᠠᠵᠤ᠂ ᠤᠯᠤᠰ᠎ᠲᠠᠭᠠᠨ ᠪᠤᠴᠠᠭᠰᠠᠨ ᠨᠤᠷᠮ᠎ᠠ 87% ᠶ᠋ᠢ ᠳᠠᠪᠠᠭᠰᠠᠨ ᠪᠠᠢᠨ᠎ᠠ᠃
✦ᠤᠯᠤᠰ᠎ᠤᠨ ᠰᠣᠨᠢᠨ
ᠮᠡᠳᠡᠭᠡ ᠬᠡᠪᠯᠡᠯ᠎ᠦᠨ ᠵᠠᠬᠢᠷᠭ᠎ᠠ ᠵᠡᠷᠭᠡ ᠪᠠᠢᠭᠤᠯᠭ᠎ᠠ ᠡᠴᠡ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂
4 ᠰᠠᠷ᠎ᠠ᠎ᠶᠢᠨ 20᠎ᠤ ᠡᠳᠦᠷ᠎ᠡᠴᠡ 26᠎ᠤ ᠡᠳᠦᠷ ᠪᠣᠯᠲᠠᠯ᠎ᠠ 2026 ᠣᠨ᠎ᠤ 《ᠪᠥᠬᠥ ᠠᠷᠠᠳ᠎ᠤᠨ
ᠤᠩᠰᠢᠯᠭ᠎ᠠ᠎ᠶᠢᠨ ᠠᠵᠢᠯᠯᠠᠭ᠎ᠠ᠎ᠶᠢᠨ ᠭᠠᠷᠠᠭ》᠎ᠢ ᠵᠣᠬᠢᠶᠠᠨ ᠪᠠᠢᠭᠤᠯᠵᠤ ᠬᠡᠷᠡᠭᠵᠢᠭᠦᠯᠬᠦ᠎ᠪᠡᠷ ᠲᠣᠭᠲᠠᠪᠠ᠃
✦ᠰᠢᠯᠢ᠎ᠶᠢᠨ ᠭᠣᠣᠯ
ᠠᠢᠮᠠᠭ《ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ
ᠴᠢᠩᠭᠠᠳᠬᠠᠬᠤ ᠭᠤᠷᠪᠠᠨ ᠵᠢᠯ(2026 ︱ 2028 ᠣᠨ)᠎ᠤᠨ ᠠᠵᠢᠯᠯᠠᠭ᠎ᠠ᠎ᠶᠢᠨ ᠲᠥᠰᠥᠯ》᠎ᠢ ᠨᠡᠢᠲᠡᠯᠡᠵᠦ᠂
2028 ᠣᠨ᠎ᠤ ᠰᠡᠭᠦᠯᠴᠢ ᠪᠣᠯᠬᠤ᠎ᠳᠤ᠂ ᠪᠦᠬᠦ ᠠᠢᠮᠠᠭ ᠲᠦ᠍ 5400 ᠳᠡᠭᠡᠳᠦ ᠮᠡᠷᠭᠡᠵᠢᠯ ᠦ᠋ᠨ ᠴᠢᠳᠠᠪᠤᠷᠢᠲᠠᠨ᠎ᠢ
ᠰᠢᠨ᠎ᠡ᠎ᠪᠡᠷ ᠨᠡᠮᠡᠭᠳᠡᠭᠦᠯᠦᠨ᠎ᠡ᠂ ᠡᠭᠦᠨ᠎ᠳᠦ ᠨᠠᠢ᠍ᠮᠠᠨ ᠶᠡᠬᠡ ᠠᠵᠤ ᠦᠢᠯᠡᠰ᠎ᠦᠨ ᠪᠦᠯᠦᠭᠯᠡᠯ᠎ᠳᠦ ᠬᠠᠨᠳᠤᠭᠤᠯᠤᠨ
800 ᠬᠥᠮᠥᠨ᠎ᠢ ᠬᠥᠮᠥᠵᠢᠭᠦᠯᠵᠦ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢ ᠪᠦᠬᠦ ᠲᠠᠯ᠎ᠠ᠎ᠪᠠᠷ
ᠪᠤᠵᠠᠭᠠᠢᠷᠠᠭᠤᠯᠵᠤ᠂ ᠪᠦᠬᠦ ᠠᠢᠮᠠᠭ᠎ᠤᠨ ᠠᠵᠤ ᠦᠢᠯᠡᠰ᠎ᠦᠨ ᠳᠡᠰ ᠳᠡᠪᠰᠢᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ
ᠬᠦᠴᠦᠷᠬᠡᠭ ᠶᠡᠬᠡ ᠤᠷ᠎ᠠ ᠮᠡᠷᠭᠡᠵᠢᠯ᠎ᠦᠨ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠲᠣᠳᠣᠷᠬᠠᠢᠯᠠᠪᠠ᠃
✦ᠣᠢᠷ᠎ᠠ ᠳᠤ ᠤᠯᠠᠭᠠᠨᠬᠣᠲᠠ᠎ᠶᠢᠨ
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠣᠲᠠ᠎ᠶᠢᠨ ᠳᠣᠲᠣᠭᠠᠳᠤ ᠶᠢ ᠬᠠᠮᠠᠭᠠᠯᠠᠬᠤ
ᠲᠣᠪᠴᠢᠶ᠎ᠠ᠎ᠶᠢᠨ ᠵᠠᠮ ᠬᠠᠷᠢᠯᠴᠠᠭᠠᠨ ᠤ ᠬᠠᠮᠢᠶᠠᠷᠤᠯᠲᠠ᠎ᠶᠢᠨ ᠶᠡᠬᠡ ᠠᠩᠭᠢ᠂ ᠬᠣᠲᠠ ᠶ᠋ᠢᠨ ᠬᠡᠷᠡᠭᠯᠡᠭᠴᠢᠳ ᠦ᠋ᠨ
ᠨᠡᠢᠭᠡᠮᠯᠢᠭ᠎ᠲᠠᠢ ᠬᠠᠮᠲᠤᠷᠠᠨ ᠨᠠᠰᠤᠳᠠᠢᠴᠤᠳ᠎ᠤᠨ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠎ᠶᠢᠨ
ᠪᠣᠷᠤᠯᠠᠭᠤᠯᠭ᠎ᠠ᠎ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
✦12᠎ᠤᠨ ᠡᠳᠦᠷ ᠂
2026 ᠣᠨ᠎ᠤ ᠬᠥᠯᠥᠨ ᠪᠣᠶ᠋ᠢᠷ ᠬᠣᠲᠠ᠎ᠶᠢᠨ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠦᠨ ᠠᠵᠢᠯᠲᠠᠳ᠎ᠤᠨ
ᠦᠢᠯᠡᠴᠢᠯᠡᠭᠡᠨ᠎ᠦ ᠤᠷ᠎ᠠ ᠴᠢᠳᠠᠪᠤᠷᠢ᠎ᠶᠢᠨ ᠬᠣᠯᠪᠣᠭᠠᠲᠤ ᠤᠷᠤᠯᠳᠤᠭᠠᠨ ᠬᠥᠯᠥᠨ ᠪᠣᠶ᠋ᠢᠷ ᠬᠣᠲᠠ ᠳ᠋ᠤ ᠬᠥᠷ ᠬᠥᠭᠵᠢᠶᠡᠨ᠎ᠲᠠᠢ
ᠡᠬᠢᠯᠡᠵᠦ᠂ ᠪᠥᠬᠥ ᠬᠣᠲᠠ᠎ᠶᠢᠨ ᠰᠣᠶᠣᠯ ᠵᠢᠭᠤᠯᠴᠢᠯᠠᠯ᠎ᠤᠨ ᠠᠵᠢᠯ ᠲᠥᠷᠥᠯᠡᠷᠬᠢᠯᠡᠭᠰᠡᠳ᠂ ᠶᠡᠬᠡ ᠳᠡᠭᠡᠳᠦ ᠰᠤᠷᠭᠠᠭᠤᠯᠢ
ᠶ᠋ᠢᠨ ᠰᠤᠷᠤᠭ᠍ᠴᠢᠳ ᠵᠡᠷᠭᠡ ᠠᠵᠢᠯ ᠲᠥᠷᠥᠯ᠎ᠦᠨ ᠲᠥᠯᠥᠭᠡᠯᠡᠭᠴᠢᠳ ᠤᠷᠤᠯᠴᠠᠪᠠ᠃
✦4 ᠰᠠᠷ᠎ᠠ᠎ᠶᠢᠨ ᠡᠬᠢ᠎ᠪᠡᠷ᠂
ᠲᠦᠷᠦᠭᠦᠦ ᠪᠦᠯᠦᠭ᠎ᠦᠨ 500 ᠭᠠᠷᠤᠢ 《ᠳᠠᠷᠬᠠᠨ ᠮᠤᠤᠮᠢᠩᠭᠠᠨ ᠤ ᠲᠠᠯ᠎ᠠᠨᠤᠲᠤᠭ᠎ᠤᠨ ᠤᠯᠠᠭᠠᠨ ᠲᠤᠯᠤᠭᠠᠢ᠎ᠲᠤ ᠬᠣᠨᠢ》ᠵᠢᠨ ᠴᠡᠪᠡᠷ ᠡᠭᠦᠯᠳᠡᠷ᠎ᠦᠨ ᠬᠤᠷᠠᠭ᠎ᠠ ᠳᠠᠷᠬᠠᠨ ᠮᠤᠤᠮᠢᠩᠭᠠᠨ
ᠬᠣᠯᠪᠣᠭᠠᠲᠤ ᠬᠣᠰᠢᠭᠤᠨ᠎ᠳᠤ ᠮᠡᠨᠳᠦᠯᠡᠪᠡ᠂ ᠡᠨᠡ ᠨᠢ ᠡᠨᠡᠬᠦ ᠰᠢᠨ᠎ᠡ ᠡᠭᠦᠯᠳᠡᠷ᠎ᠦᠨ ᠰᠢᠰᠲᠧᠮ᠎ᠢ ᠪᠣᠢᠵᠢᠭᠤᠯᠬᠤ
ᠲᠠᠯ᠎ᠠ᠎ᠪᠠᠷ ᠪᠣᠳᠠᠳᠤ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃
✦ᠣᠢᠷ᠎ᠠ᠎ᠳᠤ ᠣᠷᠳᠣᠰ
ᠬᠣᠲᠠ᠎ᠶᠢᠨ ᠬᠠᠩᠭᠢᠨ ᠬᠣᠰᠢᠭᠤᠨ᠎ᠤ ᠵᠢᠷᠭᠠᠯᠠᠩᠲᠤ ᠪᠠᠯᠭᠠᠰᠤ ᠨᠢ ᠪᠥᠬᠥ ᠪᠠᠯᠭᠠᠰᠤᠨ᠎ᠤ 100 ᠡᠷᠦᠬᠡ ᠵᠢᠨ ᠶᠠᠳᠠᠭᠤ
ᠬᠦᠴᠢᠷᠳᠡᠯᠲᠡᠢ ᠣᠯᠠᠨ ᠲᠦᠮᠡᠨ᠎ᠳᠦ 2000 ᠳᠠᠬᠢᠶᠠᠨ ᠴᠤᠷᠪᠠᠭ᠎ᠠ᠎ᠶᠢ ᠦᠨ᠎ᠡ ᠲᠥᠯᠥᠪᠦᠷᠢ ᠦᠭᠡᠢ᠎ᠪᠡᠷ ᠲᠦᠭᠡᠭᠡᠨ
ᠥᠭᠴᠦ᠂ ᠪᠠᠭ᠎ᠠ ᠬᠡᠪᠴᠢᠶᠡᠨ᠎ᠦ ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ᠎ᠪᠡᠷ ᠭᠠᠷᠳᠠᠴᠠ ᠪᠣᠯᠭᠠᠨ᠂
ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠠᠷᠠᠳ᠎ᠲᠤ ᠲᠥᠬᠥᠮ ᠦᠵᠡᠭᠦᠯᠵᠦ
ᠠᠰᠢᠭ᠋ ᠬᠦᠷᠲᠡᠭᠡᠬᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠵᠠᠢ᠃
✦ᠲᠦᠷᠦᠭᠦᠬᠡᠨ ᠵᠡᠭᠦᠨ
ᠦᠵᠦᠮᠦᠴᠢᠨ ᠬᠣᠰᠢᠭᠤᠨ᠎ᠤ ᠡᠪᠡᠰᠦ ᠪᠣᠷᠳᠣᠭ᠎ᠠ ᠡᠳ᠋ᠰᠢᠭᠦᠯᠵᠦ ᠭᠠᠮᠰᠢᠭ᠋᠎ᠲᠠᠢ ᠲᠡᠮᠡᠴᠡᠬᠦ ᠰᠢᠯᠵᠢᠭᠦᠯᠦᠨ ᠵᠥᠭᠡᠭᠡᠪᠦᠷᠢᠯᠡᠬᠦ
ᠲᠥᠪ ᠠᠰᠢᠭ᠍ᠯᠠᠯᠲᠠ᠎ᠳᠤ ᠣᠷᠣᠵᠤ᠂ ᠮᠠᠯᠵᠢᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠵᠤ ᠭᠠᠮᠰᠢᠭ᠋ ᠲᠠᠢ ᠲᠡᠮᠡᠴᠡᠬᠦ
ᠪᠠᠲᠤᠯᠠᠭ᠎ᠠ ᠵᠢᠨ ᠴᠢᠳᠠᠪᠤᠷᠢ᠎ᠶᠢ ᠪᠦᠲᠦᠮᠵᠢᠲᠡᠢ ᠳᠡᠭᠡᠭᠰᠢᠯᠡᠭᠦᠯᠵᠦ᠂ ᠮᠠᠯᠴᠢᠳ᠎ᠤᠨ ᠲᠡᠵᠢᠭᠡᠨ ᠦᠷᠡᠵᠢᠭᠦᠯᠬᠦ
ᠥᠪᠡᠷ ᠦᠨ ᠦᠷᠳᠡᠭ᠎ᠢ ᠪᠠᠭᠤᠷᠠᠭᠤᠯᠵᠤ᠂ ᠮᠠᠯ ᠪᠡᠯᠴᠢᠭᠡᠷ᠎ᠦᠨ ᠵᠥᠷᠢᠴᠡᠯ ᠢ ᠨᠠᠮᠳᠠᠭᠤᠯᠵᠤ᠂ ᠤᠯᠠᠮᠵᠢᠯᠠᠯᠲᠤ ᠮᠠᠯ
ᠠᠵᠤ ᠠᠬᠤᠢ᠎ᠶᠢᠨ ᠠᠷᠭ᠎ᠠ ᠬᠡᠯᠪᠡᠷᠢ᠎ᠶᠢ ᠣᠳᠣᠬᠢᠴᠢᠯᠠᠬᠤ᠂ ᠬᠡᠪᠴᠢᠶᠡᠵᠢᠭᠦᠯᠬᠦ᠂ ᠰᠢᠨᠵᠢᠯᠡᠬᠦ ᠤᠬᠠᠭᠠᠨᠴᠢᠯᠠᠬᠤ
ᠲᠡᠢᠰᠢ ᠬᠤᠪᠢᠷᠠᠭᠤᠯᠬᠤ᠎ᠶᠢ ᠠᠬᠢᠭᠤᠯᠬᠤ ᠪᠣᠯᠣᠨ᠎ᠠ᠃
ᠰᠤᠶᠤᠯ
✦ᠵᠢᠷᠭᠤᠳᠤᠭᠠᠷ ᠬᠤᠭᠤᠴᠠᠭᠠᠨ ᠤ
ᠳᠤᠮᠳᠠᠳᠤ ᠤᠯᠤᠰ᠎ᠤᠨ ᠤᠯᠠᠨ ᠤᠯᠤᠰ ᠤᠨ ᠬᠡᠷᠡᠭᠯᠡᠭᠡᠨ ᠦ ᠵᠦᠢᠯᠡᠰ᠎ᠦᠨ ᠦᠵᠡᠰᠬᠦᠯᠡᠩ᠎ᠦᠨ ᠴᠤᠭᠯᠠᠭᠠᠨ 13 ᠤ ᠡᠳᠦᠷ ᠬᠠᠢᠨᠠᠨ ᠳ᠋ᠤ ᠡᠬᠢᠯᠡᠵᠦ᠂ 18 ᠤ ᠡᠳᠦᠷ ᠪᠣᠯᠲᠠᠯ᠎ᠠ
ᠶᠠᠪᠤᠭᠳᠠᠬᠤ ᠪᠤᠯᠤᠨ᠎ᠠ᠃ ᠲᠣᠰ ᠬᠤᠭᠤᠴᠠᠭᠠᠨ ᠤ ᠦᠵᠡᠰᠬᠦᠯᠡᠩ ᠦᠨ ᠴᠤᠭᠯᠠᠭᠠᠨ᠎ᠳᠤ ᠨᠡᠶ᠋ᠢᠲᠡ 8 ᠲᠣᠮᠣ᠌ ᠦᠵᠡᠭᠦᠯᠭᠡ᠎ᠶᠢᠨ ᠣᠷᠳᠣᠨ
ᠭᠠᠷᠭᠠᠵᠤ᠂ ᠪᠣᠬᠢᠷᠲᠤᠯ ᠦᠭᠡᠢ᠂ ᠡᠷᠡᠭᠦᠯ ᠴᠢᠭᠢᠷᠠᠭ᠂ ᠲᠣᠭᠠᠴᠢᠯᠠᠭᠰᠠᠨ ᠣᠶᠤᠨᠴᠢ ᠵᠡᠷᠭᠡ ᠰᠢᠨ᠎ᠡ ᠬᠡᠯᠪᠡᠷᠢ᠎ᠶᠢᠨ
ᠬᠡᠷᠡᠭᠯᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠢᠱ᠌ᠢᠯᠲᠡ ᠪᠡᠷ 200 ᠭᠠᠷᠤᠢ ᠰᠢᠨ᠎ᠡ ᠦᠢᠯᠡᠳᠬᠦᠨ ᠨᠡᠢᠲᠡᠯᠡᠵᠦ᠂
ᠰᠢᠨ᠎ᠡ ᠦᠢᠯᠡᠳᠬᠦᠨ ᠦ ᠲᠣᠭ᠎ᠠ ᠬᠡᠮᠵᠢᠶ᠎ᠡ ᠨᠢ ᠨᠢᠳᠤᠨᠤᠨ᠎ᠤ ᠬᠢ᠎ᠡᠴᠡ ᠨᠢᠭᠡ ᠳᠠᠬᠢᠨ ᠨᠡᠮᠡᠭᠳᠡᠬᠦ ᠪᠣᠯᠣᠨ᠎ᠠ᠃
✦ᠣᠢᠷ᠎ᠠ ᠳ᠋ᠤ
2026 ᠤ ᠥᠪᠥᠷ ᠮᠣᠩᠭᠣᠯ·ᠰᠢᠯᠢ᠎ᠶᠢᠨ ᠭᠣᠣᠯ᠎ᠤᠨ ᠤᠯᠠᠨ ᠲᠦᠮᠡᠨ᠎ᠦ ᠲᠠᠢᠰᠠᠨ᠎ᠤ ᠠᠵᠢᠯᠯᠠᠭ᠎ᠠ ᠰᠢᠯᠢᠩᠬᠣᠲᠠ᠎ᠳᠤ ᠡᠬᠢᠯᠡᠵᠦ᠂ 《ᠭᠠᠷᠠᠭ ᠪᠣᠯᠭᠠᠨ ᠰᠢᠭᠰᠢᠯᠳᠡ ᠲᠠᠢ᠂ ᠰᠠᠷ᠎ᠠ ᠪᠣᠯᠭᠠᠨ ᠦᠵᠡᠭᠦᠯᠭᠡ᠎ᠲᠠᠢ᠂
ᠤᠯᠠᠷᠢᠯ ᠪᠣᠯᠭᠠᠨ ᠤᠷᠤᠯᠳᠤᠭᠠᠨ᠎ᠲᠠᠢ᠂ ᠵᠢᠯ ᠪᠣᠯᠭᠠᠨ ᠦᠪᠡᠳᠡᠭᠰᠢ ᠶᠣᠰᠣᠯᠠᠯᠲᠠᠢ》 ᠭᠡᠬᠦ ᠬᠡᠯᠪᠡᠷᠢ᠎ᠪᠡᠷ ᠪᠦᠬᠦ ᠠᠢᠮᠠᠭ᠎ᠤᠨ 13 ᠬᠣᠰᠢᠭᠤ
ᠰᠢᠶᠠᠨ ᠬᠤᠳᠠ (ᠲᠣᠭᠣᠷᠢᠭ᠋) ᠳ᠋ᠤ᠌ ᠶᠠᠪᠤᠭᠳᠠᠨ᠎ᠠ᠃
✦10 ᠤ ᠡᠳᠦᠷ᠂
ᠪᠠᠶᠠᠠᠨᠠᠭᠤᠷ ᠬᠤᠳᠠ ᠵᠢᠨ ᠵᠢᠷᠭᠤᠳᠤᠭᠠᠷ ᠬᠤᠭᠤᠴᠠᠭᠠᠨ ᠤ᠋ ᠨᠡᠷᠡᠨ ᠬᠤᠸᠠᠷ᠎ᠤᠨ ᠭᠡᠷᠡᠯ ᠵᠢᠷᠤᠭ᠎ᠤᠨ ᠦᠵᠡᠰᠬᠦᠯᠡᠩ
ᠪᠣᠷᠣᠳᠣᠬᠣᠢ ᠤᠷᠠᠨ ᠰᠠᠢᠬᠠᠨ᠎ᠤ ᠦᠵᠡᠰᠬᠦᠯᠡᠨᠭ ᠤᠨ ᠲᠢᠩᠬᠢᠮ ᠳᠦ ᠶᠠᠪᠤᠭᠳᠠᠪᠠ᠃ ᠲᠣᠰ ᠤᠳᠠᠭᠠᠨ᠎ᠤ ᠦᠵᠡᠰᠬᠦᠯᠡᠩᠳ᠋ᠤ
ᠪᠥᠬᠥ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 95 ᠬᠡᠷᠡᠯ ᠵᠢᠷᠤᠭ᠎ᠤᠨ ᠪᠦᠲᠦᠭᠡᠯ᠎ᠢ ᠳᠡᠯᠭᠡᠨ ᠦᠵᠡᠭᠦᠯᠵᠦ᠂
ᠵᠢᠷᠤᠭ ᠳᠦᠷᠰᠦ ᠨᠢᠭᠡ ᠪᠦᠷᠢ ᠨᠢ ᠴᠥᠮ ᠪᠠᠶᠠᠨᠨᠠᠭᠤᠷ᠎ᠤᠨ ᠪᠠᠢᠭᠠᠯᠢ᠎ᠶᠢᠨ ᠭᠤᠸ᠎ᠠ ᠰᠠᠢᠬᠠᠨ᠂ ᠭᠦᠨ ᠵᠤᠵᠠᠭᠠᠨ
ᠰᠣᠶᠣᠯ ᠢᠷᠭᠡᠨᠰᠢᠯ ᠪᠠ ᠬᠥᠭᠵᠢᠯᠲᠡ᠎ᠶᠢᠨ ᠬᠦᠴᠦᠨ᠎ᠢ ᠠᠴᠢᠶᠠᠯᠠᠵᠤ᠂ ᠬᠡᠷᠡᠯ ᠵᠢᠷᠤᠭ᠎ᠤᠨ ᠤᠷᠠᠯᠢᠭ᠋ ᠤᠨ ᠥᠪᠡᠷᠮᠢᠴᠡ
ᠷᠢᠳᠢ ᠰᠢᠳᠢ᠎ᠶᠢ ᠢᠯᠡᠷᠡᠭᠦᠯᠦᠭᠰᠡᠨ ᠪᠠᠢᠨ᠎ᠠ᠃
✦11᠎ᠤ ᠡᠳᠦᠷ᠂ ᠵᠡᠭᠦᠨᠭᠠᠷ
ᠬᠣᠰᠢᠭᠤᠨ ᠤ ᠠᠩᠬᠠᠳᠤᠭᠠᠷ ᠬᠤᠭᠤᠴᠠᠭᠠᠨ᠎ᠤ ᠰᠦᠯᠵᠢᠶᠡᠨ ᠤ ᠭᠦᠶ᠋ᠯᠡᠰᠤᠨ ᠴᠡᠴᠡᠭ᠎ᠦᠨ ᠰᠣᠶᠣᠯ᠎ᠤᠨ ᠨᠠᠢᠷ ᠵᠢᠴᠢ
ᠬᠠᠪᠤᠷ ᠤᠨ ᠤᠯᠠᠷᠢᠯ᠎ᠤᠨ ᠰᠣᠶᠣᠯ᠎ᠤᠨ ᠤᠯᠠᠷᠢᠯ᠎ᠤᠨ ᠠᠵᠢᠯᠯᠠᠭ᠎ᠠ ᠱᠠᠭᠳᠠᠷ ᠪᠠᠯᠭᠠᠰᠤᠨ᠎ᠤ ᠲᠦᠮᠡᠨ ᠮᠦ᠍ ᠭᠦᠢᠯᠡᠰᠦᠨ
ᠣᠢ᠎ᠶᠢᠨ ᠰᠠᠭᠤᠷᠢᠨ ᠳ᠋ᠤ ᠡᠬᠢᠯᠡᠵᠦ᠂ 4 ᠰᠠᠷ᠎ᠠ᠎ᠶᠢᠨ 25᠎ᠤ ᠡᠳᠦᠷ ᠪᠣᠯᠲᠠᠯ᠎ᠠ ᠦᠷᠭᠦᠯᠵᠢᠯᠡᠬᠦ ᠪᠤᠯᠤᠨ᠎ᠠ᠃
ᠲᠠᠮᠢᠷ
✦2026 ᠣᠨ᠎ᠤ ᠵᠡᠭᠦᠨ ᠬᠣᠢᠲᠤ ᠣᠷᠣᠨ᠎ᠤ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ 5 ᠰᠠᠷ᠎ᠠ᠎ᠶᠢᠨ 23 ᠤ᠋ ᠡᠳᠦᠷ ᠡᠬᠢᠯᠡᠬᠦ ᠪᠣᠯᠣᠨ᠎ᠠ᠃ ᠲᠣᠰ ᠬᠤᠭᠤᠴᠠᠭᠠᠨ᠎ᠤ
ᠤᠷᠤᠯᠳᠤᠭᠠᠨ᠎ᠳᠤ ᠨᠠᠢ᠍ᠮᠠᠨ ᠬᠣᠲᠠ᠎ᠶᠢᠨ ᠲᠥᠯᠥᠭᠡᠯᠡᠭᠴᠢᠳ᠎ᠦᠨ ᠠᠩᠭᠢᠤᠷᠤᠯᠴᠠᠵᠤ᠂ ᠪᠠᠢᠩᠭᠤ᠎ᠶᠢᠨ ᠤᠷᠤᠯᠳᠤᠭᠠᠨ
8 ᠰᠠᠷ᠎ᠠ᠎ᠶᠢᠨ 15 ᠤ᠋ ᠡᠳᠦᠷ ᠪᠣᠯᠲᠠᠯ᠎ᠠ
ᠶᠠᠪᠤᠭᠳᠠᠵᠤ᠂ ᠨᠤᠭᠤᠯᠤᠭ᠎ᠠ ᠤᠷᠤᠯᠳᠤᠭᠠᠨ 9 ᠰᠠᠷ᠎ᠠ᠎ᠶᠢᠨ 5 ᠤ᠋ ᠡᠳᠦᠷ᠎ᠡᠴᠡ 10 ᠰᠠᠷ᠎ᠠ᠎ᠶᠢᠨ 1 ᠤ᠋ ᠡᠳᠦᠷ ᠪᠣᠯᠲᠠᠯ᠎ᠠ ᠶᠠᠪᠤᠭᠳᠠᠨ᠎ᠠ᠃
✦11᠎ᠦ ᠡᠳᠦᠷ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠣᠶᠤᠲᠠᠳ᠎ᠤᠨ ᠲᠠᠮᠢᠷ᠎ᠤᠨ
ᠴᠤᠭᠯᠠᠭᠠᠨ᠎ᠤ ᠰᠠᠭᠰᠤᠨ ᠪᠥᠮᠪᠥᠭᠡ᠎ᠶᠢᠨ ᠤᠷᠤᠯᠳᠤᠭᠠᠨ ᠠᠮᠵᠢᠯᠲᠠ᠎ᠲᠠᠢ ᠥᠨᠳᠥᠷᠯᠡᠪᠡ᠃ ᠲᠣᠰ ᠤᠳᠠᠭᠠᠨ᠎ᠤ ᠤᠷᠤᠯᠳᠤᠭᠠᠨ᠎ᠳᠤ
ᠪᠥᠬᠥ ᠣᠷᠣᠨ᠎ᠤ 38 ᠵᠢᠩᠬᠢᠨᠢ ᠠᠩᠭᠢ᠎ᠶᠢᠨ ᠳᠤᠭᠤᠢᠯᠠᠩ᠎ᠤᠨ ᠲᠥᠯᠥᠭᠡᠯᠡᠭᠴᠢᠳ᠎ᠦᠨ ᠠᠩᠭᠢ᠂ 33 ᠳᠡᠭᠡᠳᠦ ᠵᠡᠷᠭᠡ᠎ᠶᠢᠨ
ᠠᠵᠢᠯ ᠮᠡᠷᠭᠡᠵᠢᠯ ᠲᠤᠰᠬᠠᠢ ᠮᠡᠷᠭᠡᠵᠢᠯ᠎ᠦᠨ ᠳᠤᠭᠤᠢᠯᠠᠩ᠎ᠤᠨ ᠲᠥᠯᠥᠭᠡᠯᠡᠭᠴᠢᠳ᠎ᠦᠨ ᠠᠩᠭᠢ ᠣᠷᠣᠯᠴᠠᠵᠠᠢ᠃
ᠲᠡᠯᠡᠬᠡᠢ
✦ᠲᠦᠪ
ᠲᠸᠯᠸᠢᠰ ᠤᠨ ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 12᠎ᠤᠨ ᠡᠳᠦᠷ᠂ ᠠᠮᠧᠷᠢᠺᠠ᠎ᠶᠢᠨ
ᠶᠡᠷᠦᠩᠬᠡᠢᠯᠡᠭᠴᠢ ᠲᠸᠷᠠᠮᠫᠦ᠋ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠳᠤ ᠪᠢᠴᠢᠭ ᠮᠠᠲᠧᠷᠢᠶᠠᠯ
ᠨᠡᠢᠲᠡᠯᠡᠵᠦ ᠬᠡᠯᠡᠬᠦ᠎ᠳᠡᠭᠡᠨ᠂ ᠣᠳᠣ᠌᠎ᠠᠴᠠ ᠡᠬᠢᠯᠡᠨ ᠠᠮᠧᠷᠢᠺᠠ᠎ᠶᠢᠨ ᠲᠡᠯᠡᠶ᠎ᠶᠢᠨ ᠴᠡᠷᠢᠭ ᠬᠤᠷᠮᠤᠽ ᠬᠣᠭᠣᠯᠠᠢ᠎ᠳᠤ
ᠣᠷᠣᠬᠤ ᠪᠤᠶᠤ ᠲᠡᠭᠦᠨ᠎ᠡᠴᠡ ᠰᠠᠯᠬᠤ ᠪᠣᠶ ᠪᠦᠬᠦᠢ ᠣᠩᠭᠣᠴᠠ᠎ᠶᠢ ᠪᠢᠲᠡᠭᠦᠮᠵᠢᠯᠡᠬᠦ᠎ᠶᠢᠨ ᠬᠠᠮᠲᠤ ᠣᠯᠠᠨ ᠤᠯᠤᠰ᠎ᠤᠨ
ᠤᠰᠤᠨ ᠣᠷᠣᠨ᠎ᠳᠤ ᠢᠷᠡᠨ᠎ᠳᠤ ᠵᠠᠮ᠎ᠤᠨ ᠰᠦᠢᠳᠬᠡᠯ ᠲᠤᠰᠢᠶᠠᠬᠰᠠᠨ ᠣᠩᠭᠣᠴᠠ ᠶ᠋ᠢ ᠬᠠᠰᠢᠵᠤ᠂ ᠢᠷᠡᠨ᠎ᠤ ᠲᠡᠯᠡᠶ᠎ᠶᠢᠨ
ᠬᠣᠭᠣᠯᠠᠢ᠎ᠳᠤ ᠲᠠᠯᠪᠢᠭ᠍ᠰᠠᠨ ᠤᠰᠤᠨ ᠮᠢᠨ᠎ᠠ᠎ᠶᠢ ᠠᠷᠢᠯᠭᠠᠨ᠎ᠠ ᠭᠡᠵᠡᠢ᠃
✦ᠣᠯᠠᠨ ᠤᠯᠤᠰ᠎ᠤᠨ
ᠨᠢᠰᠬᠡᠯ᠎ᠦᠨ ᠪᠠᠭᠤᠳᠠᠯ᠎ᠤᠨ ᠬᠡᠷᠡᠭ ᠡᠷᠬᠢᠯᠡᠭᠴᠢᠳ ᠦ᠋ᠨ ᠬᠤᠷᠠᠯ᠎ᠤᠨ ᠡᠸᠦ᠋ᠷᠦᠫᠡ ᠲᠢᠪ᠎ᠦᠨ ᠣᠷᠣᠨ ᠪᠦᠰᠡ᠎ᠶᠢᠨ
ᠶᠡᠷᠦᠩᠬᠡᠢ ᠠᠵᠢᠯᠯᠠᠭ᠍ᠴᠢ ᠣᠢᠷ᠎ᠠ᠎ᠳᠤ ᠰᠡᠷᠡᠮᠵᠢᠯᠡᠭᠦᠯᠬᠦ᠎ᠳᠡᠭᠡᠨ᠂ ᠬᠡᠷᠪᠡ ᠣᠳᠣᠬᠠᠨ᠎ᠳᠤ ᠬᠤᠷᠮᠤᠽ ᠬᠣᠭᠣᠯᠠᠢ᠎ᠶᠢᠨ
ᠪᠠᠢᠳᠠᠯ᠎ᠢ ᠣᠬᠣᠷᠬᠠᠨ ᠬᠤᠭᠤᠴᠠᠭᠠᠨ᠎ᠳᠤ ᠰᠠᠢᠵᠢᠷᠠᠭᠤᠯᠵᠤ ᠳᠡᠶ᠋ᠢᠯᠬᠦ ᠦᠭᠡᠢ ᠪᠣᠯ ᠡᠸᠦ᠋ᠷᠦᠫᠡ᠎ᠶᠢᠨ ᠬᠣᠯᠪᠣᠭᠠᠨ᠎ᠤ
ᠤᠯᠤᠰ᠎ᠤᠳ ᠰᠢᠰᠲᠧᠮ᠎ᠦᠨ ᠴᠢᠨᠠᠷᠲᠠᠢ ᠠᠭᠠᠷ᠎ᠤᠨ ᠠᠶᠠᠯᠠᠯ᠎ᠤᠨ ᠰᠢᠲᠠᠭᠠᠯᠭ᠎ᠠ᠎ᠶᠢᠨ ᠲᠣᠰᠣ᠌ ᠳᠤᠲᠠᠭᠳᠠᠬᠤ ᠪᠠᠢᠳᠠᠯ᠎ᠳᠤ
ᠲᠤᠯᠭᠠᠷᠠᠬᠤ ᠪᠣᠯᠣᠨ᠎ᠠ ᠭᠡᠵᠡᠢ᠃
ᠦᠢᠯᠡᠴᠢᠯᠡᠭᠡ
✦ᠬᠢᠩᠭᠠᠨ ᠠᠢᠮᠠᠭ᠎ᠤᠨ
ᠠᠵᠢᠯ ᠦᠢᠯᠡᠰ᠎ᠦᠨ ᠨᠢᠭᠡᠴᠢ 145 ᠴᠢᠳᠠᠪᠤᠷᠢᠲᠠᠨ ᠡᠯᠰᠡᠬᠦ ᠪᠡᠷ ᠪᠤᠢ᠃
ᠲᠠᠨ ᠤ ᠲᠤᠰᠡ ᠳ᠋ᠤ
✦ᠣᠷᠣᠢ ᠶᠢᠨ ᠬᠣᠭᠣᠯᠠ
ᠢᠳᠡᠬᠦ ᠳᠦ ᠳᠥᠷᠪᠡᠨ ᠳᠦᠷᠢᠮ᠎ᠢ ᠪᠠᠲᠤ ᠴᠡᠭᠡᠵᠢᠯᠡᠬᠦ ᠬᠡᠷᠡᠭᠲᠡᠢ᠄
1.ᠤᠨᠲᠠᠬᠤ᠎ᠠᠴᠠ ᠪᠠᠨ ᠡᠮᠦᠨ᠎ᠡ 3 — 4 ᠴᠠᠭ᠎ᠤᠨ
ᠳᠣᠲᠣᠷ᠎ᠠ ᠢᠳᠡᠵᠦ ᠪᠠᠷᠠᠭᠠᠳ ᠭᠦᠢᠴᠡᠳ ᠰᠢᠩᠭᠡᠭᠡᠬᠦ ᠬᠡᠷᠡᠭᠳᠡᠢ᠃
2. ᠳᠤᠯᠤᠭᠠᠨ ᠬᠤᠪᠢ ᠴᠠᠳᠲᠠᠯ᠎ᠠ ᠢᠳᠡᠵᠦ᠂ ᠬᠡᠲᠦᠷᠬᠡᠢ
ᠴᠠᠳᠬᠤᠯᠳᠠᠯᠠ ᠢᠳᠡᠬᠦ᠎ᠡᠴᠡ ᠵᠠᠢᠯᠠᠰᠬᠢᠬᠦ ᠬᠡᠷᠡᠭᠳᠡᠢ᠃
3. ᠢᠳᠡᠰᠢᠨ ᠨᠣᠭᠣᠭ᠎ᠠ᠂ ᠪᠦᠳᠦᠭᠦᠯᠢᠭ ᠠᠮᠤ ᠵᠢᠴᠢ
ᠥᠭᠡᠬᠦ ᠪᠠᠭ᠎ᠠ ᠤᠭᠤᠷᠠᠭ ᠶᠡᠬᠡ ᠢᠳᠡᠭᠡᠨ᠎ᠢ ᠢᠯᠡᠭᠦᠦ ᠢᠳᠡᠵᠦ᠂ ᠲᠣᠰᠣᠯᠢᠭ᠋᠂ ᠰᠢᠬᠢᠷᠯᠢᠭ ᠢᠳᠡᠭᠡᠨ ᠢ ᠪᠠᠭ᠎ᠠ
ᠢᠳᠡᠬᠦ ᠬᠡᠷᠡᠭᠳᠡᠢ᠃
4. ᠬᠣᠭᠣᠯᠠ ᠢᠳᠡᠬᠦ ᠳᠡᠭᠡᠨ ᠰᠡᠳᠬᠢᠯ ᠲᠠᠯᠪᠢᠨ᠂
ᠭᠠᠷ ᠤᠲᠠᠰᠤ ᠪᠤᠶᠤ ᠺᠢᠨᠤ᠋ ᠵᠦᠴᠦᠭᠡ ᠦᠵᠡᠬᠦ ᠦᠭᠡᠢ ᠪᠠᠢᠬᠤ ᠰᠠᠢᠨ ᠳᠠᠳᠬᠠᠯ ᠢ᠋ ᠪᠤᠶ ᠪᠣᠯᠭᠠᠬᠤ ᠬᠡᠷᠡᠭᠲᠡᠢ᠃
ᠵᠠᠯᠭᠠᠭᠠᠳ《ᠤᠴᠢᠭᠠᠳ ᠵᠤᠯᠭᠠᠨ᠎ᠠ ᠳᠠ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)