


ᠨᠡᠢᠭᠡᠮ
✦ᠨᠠᠮ ᠤᠨ ᠲᠥᠪ ᠬᠣᠷᠢᠶ᠎ᠠ᠎ᠵᠢᠨ ᠠᠯᠪᠠᠨ ᠲᠢᠩᠬᠢᠮ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠵᠢᠨ
ᠠᠯᠪᠠᠨ ᠲᠢᠩᠬᠢᠮ ᠣᠢᠷ᠎ᠠ᠎ᠳᠤ 《ᠠᠵᠢᠯ ᠲᠦᠷᠦᠯ᠎ᠦᠨ ᠨᠡᠢᠭᠡᠮᠯᠢᠭ
ᠪᠠ ᠬᠤᠳᠠᠯᠳᠤᠭᠠᠴᠢᠳ ᠤᠨ ᠡᠪᠯᠡᠯ ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠶᠢ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠪᠠ᠃
✦13 ᠤ ᠡᠳᠦᠷ᠂ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ ᠤᠨ
ᠣᠯᠠᠨ ᠤᠯᠤᠰ ᠤᠨ ᠬᠡᠷᠡᠭᠯᠡᠭᠡᠨ᠎ᠦ ᠵᠦᠢᠯᠡᠰ ᠦᠨ ᠦᠵᠡᠰᠬᠦᠯᠡᠩ ᠬᠠᠢᠨᠠᠨ᠎ᠳᠤ ᠶᠠᠪᠤᠭᠳᠠᠪᠠ᠃ ᠲᠤᠰ ᠬᠤᠭᠤᠴᠠᠭᠠᠨ᠎ᠤ
ᠦᠵᠡᠰᠬᠦᠯᠡᠩ ᠪᠣᠯ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠤᠨ ᠪᠦᠬᠦ ᠠᠷᠠᠯ᠎ᠢᠶᠠᠷ᠎ᠢᠶᠠᠨ ᠪᠣᠭᠣᠮᠲᠠ
ᠵᠢᠨ ᠭᠠᠢᠯᠢ ᠬᠠᠭᠠᠵᠤ ᠠᠵᠢᠯᠯᠠᠭᠰᠠᠨ᠎ᠤ ᠳᠠᠷᠠᠭᠠᠬᠢ ᠠᠩᠬᠠᠳᠤᠭᠠᠷ ᠬᠤᠭᠤᠴᠠᠭᠠᠨ ᠤ ᠤᠯᠤᠰ ᠤᠨ ᠳᠡᠰ᠎ᠤᠨ ᠬᠡᠷᠡᠭᠯᠡᠭᠡᠨ᠎ᠦ
ᠵᠦᠢᠯᠡᠰ᠎ᠤᠨ ᠦᠵᠡᠰᠬᠦᠯᠡᠩ ᠪᠣᠯᠣᠨ᠎ᠠ᠃
✦2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠡᠩ᠎ᠦᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ
ᠳᠡᠪᠰᠢᠬᠦ ᠰᠢᠯᠭᠠᠯᠲᠠ ᠵᠢᠨ ᠰᠢᠯᠭᠠᠭᠤᠯᠬᠤ ᠦᠨᠡᠮᠯᠡᠯ᠎ᠢ 4 ᠰᠠᠷ᠎ᠠ᠎ᠶᠢᠨ 13᠎ᠤ ᠡᠳᠦᠷ᠎ᠡᠴᠡ ᠡᠬᠢᠯᠡᠵᠦ ᠳᠠᠷᠤᠮᠠᠯᠯᠠᠪᠠ᠂ ᠲᠤᠰ ᠰᠢᠯᠭᠠᠯᠲᠠ
4 ᠰᠠᠷ᠎ᠠ᠎ᠶᠢᠨ 19᠎ᠦ ᠡᠳᠦᠷ ᠶᠠᠪᠤᠭᠳᠠᠬᠤ᠎ᠪᠡᠷ ᠪᠤᠢ᠃
✦ᠡᠨᠡ ᠵᠢᠯ᠎ᠦᠨ 1 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠮᠠᠨ᠎ᠤ ᠣᠷᠣᠨ ᠨᠢᠭᠡᠳᠦᠯᠲᠡᠢ ᠦᠨᠡᠯᠡᠨ
ᠵᠢᠱ᠌ᠢᠯᠲᠡ ᠪᠠᠷ ᠳᠠᠮᠵᠢᠨ ᠨᠠᠰᠤᠲᠠᠢᠴᠤᠳ᠎ᠤᠨ ᠠᠮᠢᠳᠤᠷᠠᠯ᠎ᠤᠨ ᠴᠢᠳᠠᠪᠤᠷᠢ ᠪᠠᠨ ᠠᠯᠳᠠᠭᠰᠠᠨ ᠬᠡᠮᠵᠢᠶ᠎ᠡ᠎ᠶᠢ
ᠦᠨᠳᠦᠰᠦᠯᠡᠨ ᠨᠠᠰᠤᠵᠢᠯ ᠤᠨ ᠦᠢᠯᠡᠴᠢᠯᠡᠭᠡᠨ᠎ᠦ ᠬᠡᠷᠡᠭᠯᠡᠭᠡ ᠵᠢᠨ ᠨᠥᠬᠥᠪᠦᠷᠢ ᠥᠭᠬᠦ ᠲᠥᠰᠥᠯ ᠢ ᠬᠡᠷᠡᠭᠵᠢᠭᠦᠯᠪᠡ᠃
3 ᠰᠠᠷ᠎ᠠ᠎ᠶᠢᠨ ᠰᠡᠭᠦᠯᠴᠢ ᠪᠣᠯᠲᠠᠯ᠎ᠠ ᠠᠮᠢᠳᠤᠷᠠᠯ ᠤᠨ ᠴᠢᠳᠠᠪᠤᠷᠢ ᠪᠠᠨ
ᠠᠯᠳᠠᠭᠰᠠᠨ ᠨᠠᠰᠤᠲᠠᠢᠴᠤᠳ᠎ᠲᠤ ᠨᠡᠢᠲᠡ 10 ᠲᠦᠮᠡᠨ ᠬᠥᠮᠥᠨ ᠤᠳᠠᠭ᠎ᠠ ᠦᠢᠯᠡᠴᠢᠯᠡᠵᠦ᠂ ᠭᠡᠷ ᠪᠦᠯᠢ ᠶᠢᠨ
ᠠᠰᠠᠷᠠᠨ ᠰᠤᠪᠢᠯᠠᠬᠤ ᠳᠠᠷᠤᠭᠠᠰᠤ᠎ᠶᠢ ᠨᠢ ᠬᠥᠩᠭᠡᠷᠡᠭᠦᠯᠪᠡ᠃
✦ᠲᠦᠷᠦᠭᠦᠬᠡᠨ ᠶᠡᠷᠦᠩᠬᠡᠢ ᠪᠡᠯᠡ ᠣᠷᠣᠭᠤᠯᠤᠯᠲᠠ
ᠨᠢ 18.8 ᠳ᠋ᠦᠩᠰᠢᠭᠤᠷ ᠲᠥᠭᠥᠷᠢᠭ᠎ᠲᠦ ᠬᠦᠷᠦᠭᠰᠡᠨ ᠥᠪᠥᠷ ᠮᠣᠩᠭᠣᠯ᠎ᠤᠨ
ᠺᠧ ᠲᠦᠸᠧ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ᠎ᠶᠢᠨ ᠠᠰᠢᠭ᠎ᠲᠤ ᠪᠠᠺᠲᠧᠷᠢ ᠵᠢᠨ ᠣᠶᠤᠨᠴᠢ ᠦᠢᠯᠡᠳᠪᠦᠷᠢ
ᠬᠥᠬᠡᠬᠣᠲᠠ᠎ᠳᠤ ᠪᠠᠢᠭᠤᠯᠤᠭᠳᠠᠪᠠ᠃ ᠡᠨᠡ ᠨᠢ ᠣᠳᠣᠬᠠᠨ᠎ᠤ ᠠᠽᠢᠶ᠎ᠠ ᠲᠢᠪ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ
ᠠᠰᠢᠭ᠎ᠲᠤ ᠪᠠᠺᠲᠧᠷᠢ ᠶᠢᠨ ᠣᠶᠤᠨᠴᠢ ᠦᠢᠯᠡᠳᠪᠦᠷᠢ ᠪᠣᠯᠣᠨ᠎ᠠ᠂ ᠪᠦᠬᠦᠯᠢ ᠴᠣᠭᠴᠠ ᠪᠡᠷ᠎ᠢᠶᠠᠨ ᠠᠰᠢᠭ᠍ᠯᠠᠯᠲᠠ᠎ᠳᠤ
ᠣᠷᠣᠭᠰᠠᠨ ᠤ ᠳᠠᠷᠠᠭ᠎ᠠ ᠵᠢᠱ᠌ᠢᠯᠲᠡ᠎ᠪᠡᠷ ᠵᠢᠯ ᠳᠤᠮᠳᠠᠴᠢ᠎ᠪᠠᠷ ᠦᠢᠯᠡᠳᠬᠦᠨ ᠦ ᠥᠷᠲᠡᠭ ᠢ 40 ᠳ᠋ᠦᠩᠰᠢᠭᠤᠷ ᠲᠥᠭᠥᠷᠢᠭᠨᠡᠮᠡᠭᠳᠡᠭᠦᠯᠭᠦ ᠪᠣᠯᠣᠨ᠎ᠠ᠃
✦ᠤᠢᠷ᠎ᠠ᠎ᠳᠦ ᠠᠯᠠᠱᠠ ᠪᠠᠷᠠᠭᠤᠨ ᠬᠣᠰᠢᠭᠤᠨ᠎ᠤ
ᠲᠠᠩᠰᠤᠭᠪᠤᠯᠠᠭ᠋ ᠰᠤᠮᠤᠨ᠎ᠤ ᠬᠣᠰᠢᠭᠤᠴᠢ ᠭᠠᠴᠠᠭᠠᠨ ᠤ ᠮᠠᠯᠴᠢᠨ ᠮᠦᠸᠧ ᠡᠷᠳᠡᠨᠢ᠎ᠶᠢᠨ ᠰᠣᠶᠣᠨ ᠬᠦᠷᠡᠩ ᠢᠩᠭᠡ
ᠨᠢ ᠢᠬᠡᠷᠡᠯᠡᠵᠦ ᠬᠣᠪᠣᠷ ᠲᠣᠬᠢᠶᠠᠯᠳᠤᠯ᠎ᠲᠠᠢ ᠥᠯᠵᠡᠢ ᠪᠡᠯᠭᠡᠲᠦ ᠤᠴᠢᠷ ᠪᠣᠯᠣᠯ᠎ᠠ᠃
✦ᠲᠦᠷᠦᠭᠦᠬᠡᠨ ᠡᠷᠢᠶᠡᠨ ᠬᠣᠲᠠ᠎ᠵᠢᠨ ᠠᠪᠤᠷᠭᠤ
ᠭᠦᠷᠪᠡᠯ᠎ᠦᠨ ᠠᠭᠤᠳᠠᠮ ᠲᠠᠯᠠᠪᠠᠶ᠎ᠶᠢ ᠲᠠᠰ ᠳᠡᠪᠰᠢᠭᠦᠯᠬᠦ ᠵᠢᠴᠢ ᠳᠤᠮᠳᠠᠳᠤ ᠮᠣᠩᠭᠣᠯ ᠤᠨ ᠣᠯᠠᠨ ᠤᠯᠤᠰ᠎ᠤᠨ ᠠᠷᠠᠯᠵᠢᠶ᠎ᠠ
ᠬᠤᠳᠠᠯᠳᠤᠭᠠᠨ ᠤ ᠬᠣᠲᠠ ᠶᠢᠨ ᠲᠥᠷᠥᠯ ᠵᠦᠢᠯ᠎ᠦᠨ ᠡᠬᠢᠯᠡᠯᠲᠡ᠎ᠶᠢᠨ ᠶᠣᠰᠣᠯᠠᠯ ᠶᠠᠪᠤᠭᠳᠠᠪᠠ᠃ ᠣᠳᠣᠬᠠᠨ᠎ᠳᠤ ᠲᠥᠷᠥᠯ
ᠵᠦᠢᠯ ᠦᠨ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ ᠶᠢ ᠨᠢᠭᠡᠨᠲᠡ ᠪᠡᠶᠡᠯᠡᠭᠦᠯᠵᠦ᠂ ᠵᠢᠱ᠌ᠢᠯᠲᠡ᠎ᠪᠡᠷ 2027 ᠣᠨ᠎ᠤ ᠰᠡᠭᠦᠯᠴᠢ᠎ᠪᠡᠷ ᠠᠰᠢᠭ᠍ᠯᠠᠯᠲᠠ᠎ᠳᠤ ᠣᠷᠣᠨ᠎ᠠ᠃
ᠠᠵᠤ ᠠᠬᠤᠢ
✦ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠨᠡᠢᠲᠡᠯᠡᠭᠰᠡᠨ ᠮᠥᠩᠭᠥᠨ ᠭᠦᠢᠯᠭᠡᠭᠡᠨ ᠦ
ᠪᠦᠷᠢᠳᠬᠡᠯ᠎ᠦᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠨᠢᠭᠡᠳᠦᠭᠡᠷ ᠤᠯᠠᠷᠢᠯ᠎ᠳᠤ ᠮᠠᠨ᠎ᠤ ᠤᠯᠤᠰ᠎ᠤᠨ ᠨᠡᠢᠭᠡᠮ᠎ᠦᠨ
ᠪᠡᠯᠡ ᠲᠣᠬᠢᠷᠠᠭᠤᠯᠭ᠎ᠠ᠎ᠶᠢᠨ ᠬᠡᠪᠴᠢᠶ᠎ᠡ᠎ᠶᠢᠨ ᠨᠡᠮᠡᠭᠳᠡᠯ᠎ᠦᠨ ᠬᠡᠮᠵᠢᠶ᠎ᠡ 14.83 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠨᠡᠯᠢᠶᠡᠳ ᠥᠨᠳᠥᠷ
ᠲᠦᠪᠰᠢᠨ᠎ᠳᠦ ᠬᠦᠷᠴᠡᠢ᠃
✦ᠳᠤᠮᠳᠠᠳᠤ ᠤᠯᠤᠰ ᠤᠨ ᠨᠡᠢᠭᠡᠮ᠎ᠦᠨ ᠰᠢᠨᠵᠢᠯᠡᠬᠦ
ᠤᠬᠠᠭᠠᠨ᠎ᠤ ᠬᠦᠷᠢᠶᠡᠯᠡᠩ《2025 ᠳᠤᠮᠳᠠᠳᠤ ᠤᠯᠤᠰ᠎ᠤᠨ ᠰᠦᠯᠵᠢᠶᠡᠨ᠎ᠦ ᠤᠳᠬ᠎ᠠ ᠵᠣᠬᠢᠶᠠᠯ ᠤᠨ
ᠬᠥᠭᠵᠢᠯᠲᠡ᠎ᠶᠢᠨ ᠰᠤᠳᠤᠯᠭᠠᠨ᠎ᠤ ᠮᠡᠳᠡᠭᠦᠯᠦᠯᠲᠡ》ᠵᠢ ᠨᠡᠢᠲᠡᠯᠡᠪᠡ᠃ 2025 ᠣᠨ᠎ᠤ ᠡᠴᠦᠰ ᠪᠣᠯᠲᠠᠯ᠎ᠠ ᠳᠤᠮᠳᠠᠳᠤ ᠤᠯᠤᠰ ᠤᠨ
ᠰᠦᠯᠵᠢᠶᠡᠨ᠎ᠦ ᠤᠳᠬ᠎ᠠ ᠵᠣᠬᠢᠶᠠᠯ᠎ᠤᠨ ᠤᠩᠰᠢᠯᠭ᠎ᠠ᠎ᠶᠢᠨ ᠵᠠᠬ᠎ᠠ ᠳᠡᠯᠭᠡᠭᠦᠷ᠎ᠦᠨ ᠬᠡᠪᠴᠢᠶ᠎ᠡ 502.1 ᠳ᠋ᠦᠩᠰᠢᠭᠤᠷ
ᠲᠥᠭᠥᠷᠢᠭ᠎ᠲᠦ ᠬᠦᠷᠴᠦ᠂ ᠰᠦᠯᠵᠢᠶᠡᠨ᠎ᠦ ᠤᠳᠬ᠎ᠠ ᠵᠣᠬᠢᠶᠠᠯ ᠤᠨ IP ᠥᠭᠡᠷᠡᠴᠢᠯᠡᠨ ᠨᠠᠢᠷᠠᠭᠤᠯᠬᠤ ᠵᠠᠬ᠎ᠠ ᠳᠡᠯᠭᠡᠭᠦᠷ ᠦᠨ ᠬᠡᠪᠴᠢᠶ᠎ᠡ
3676.1 ᠳ᠋ᠦᠩᠰᠢᠭᠤᠷ ᠲᠥᠭᠥᠷᠢᠭ᠎ᠲᠦ ᠬᠦᠷᠴᠡᠢ᠃
✦《ᠰᠢᠨ᠎ᠡ
ᠪᠠᠷᠭᠤ ᠵᠡᠭᠦᠨ ᠬᠣᠰᠢᠭᠤᠨ ᠤ 2026 ᠣᠨ᠎ᠤ ᠮᠥᠷᠳᠡᠵᠤ ᠪᠤᠯᠬᠤ ᠣᠷᠭᠠᠨᠢᠭ᠋
ᠪᠡᠯᠴᠢᠭᠡᠷ᠎ᠦᠨ ᠬᠣᠨᠢ᠎ᠶᠢ ᠬᠤᠳᠠᠯᠳᠤᠨ ᠠᠪᠬᠤ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠵᠢᠴᠢ ᠮᠠᠯᠴᠢᠨ
ᠡᠷᠦᠬᠡ᠎ᠶᠢᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠠᠨᠢᠯᠴᠠᠭᠤᠯᠬᠤ ᠠᠵᠢᠯᠯᠠᠭ᠎ᠠ》 ᠲᠦᠷᠦᠭᠦᠬᠡᠨ ᠰᠢᠨ᠎ᠡ ᠪᠠᠷᠭᠤ ᠵᠡᠭᠦᠨ ᠬᠣᠰᠢᠭᠤᠨ᠎ᠤ
ᠬᠠᠨᠳᠠᠭᠠᠢ ᠰᠤᠮᠤᠨ᠎ᠳᠦ ᠶᠠᠪᠤᠭᠳᠠᠵᠤ᠂ ᠠᠵᠢᠯᠯᠠᠭ᠎ᠠ᠎ᠵᠢᠨ ᠲᠤᠬᠠᠢ᠎ᠶᠢᠨ ᠲᠠᠯᠠᠪᠠᠢ᠎ᠳᠤ 450 ᠲᠦᠮᠡᠨ
ᠲᠥᠭᠥᠷᠢᠭ᠎ᠦᠨ ᠥᠷᠲᠡᠭ ᠪᠦᠬᠦᠢ ᠬᠣᠨᠢ ᠦᠬᠡᠷ᠎ᠦᠨ ᠮᠢᠬᠠᠨ ᠤ ᠵᠠᠬᠢᠶᠠᠯᠠᠭ᠎ᠠ ᠪᠣᠯᠣᠨ 486 ᠣᠷᠭᠠᠨᠢᠭ᠋
ᠪᠡᠯᠴᠢᠭᠡᠷ᠎ᠦᠨ ᠬᠣᠨᠢ᠎ᠶᠢ ᠬᠤᠳᠠᠯᠳᠤᠨ ᠠᠪᠬᠤ ᠭᠡᠷ᠎ᠡ ᠲᠣᠭᠲᠠᠭᠰᠠᠨ ᠪᠠᠢᠨ᠎ᠠ᠃
ᠰᠤᠶᠤᠯ
✦ᠰᠢᠯᠢ᠎ᠶᠢᠨ ᠭᠣᠣᠯ ᠠᠢᠮᠠᠭᠵᠢᠡᠷ ᠥᠩᠭᠡᠷᠡᠬᠦ
ᠨᠡᠭᠦᠳᠡᠯ᠎ᠦᠨ ᠰᠢᠪᠠᠭᠤᠳ᠎ᠤᠨ ᠲᠣᠭ᠎ᠠ ᠵᠢᠯ ᠳᠠᠷᠠᠭᠠᠯᠠᠨ ᠨᠡᠮᠡᠭᠳᠡᠵᠦ᠂ ᠣᠳᠣᠬᠠᠨ᠎ᠳᠤ ᠪᠥᠬᠥ ᠠᠢᠮᠠᠭ᠎ᠤᠨ ᠬᠡᠭᠡᠷ᠎ᠡ᠎ᠶᠢᠨ
ᠰᠢᠪᠠᠭᠤᠨ ᠤ ᠲᠥᠷᠥᠯ 240 ᠲᠥᠷᠥᠯ ᠪᠣᠯᠪᠠ᠂ ᠡᠭᠦᠨ᠎ᠳᠦ ᠵᠢᠯ ᠪᠦᠷᠢ ᠨᠡᠭᠦᠳᠡᠯᠯᠡᠵᠦ ᠠᠮᠠᠷᠠᠬᠤ
ᠨᠡᠭᠦᠳᠡᠯ᠎ᠦᠨ ᠰᠢᠪᠠᠭᠤ 30 ᠭᠠᠷᠤᠢ ᠲᠦᠮᠡ ᠪᠠᠢᠨ᠎ᠠ᠃ ᠡᠨᠡ ᠵᠢᠯ ᠡᠴᠡ ᠨᠠᠭᠠᠰᠢ᠂ ᠪᠥᠬᠥ
ᠠᠢᠮᠠᠭ ᠤᠨ ᠠᠵᠢᠭ᠍ᠯᠠᠵᠤ ᠣᠯᠣᠭᠰᠠᠨ ᠨᠡᠭᠦᠳᠡᠯ ᠦᠨ ᠰᠢᠪᠠᠭᠤᠳ ᠤᠨ ᠲᠣᠭ᠎ᠠ 6 ᠲᠦᠮᠡ ᠶᠢ ᠳᠠᠪᠠᠵᠠᠢ᠃
✦13᠎ᠤ ᠡᠳᠦᠷ᠂ ᠳᠤᠮᠳᠠᠳᠤ ᠤᠯᠤᠰ᠎ᠤᠨ ᠵᠢᠭᠢᠷᠢᠭ ᠵᠢᠷᠤᠭ᠎ᠤᠨ ᠵᠢᠷᠤᠭ᠍ᠴᠢᠨ
ᠼᠠᠢ ᠭᠤᠤ 2026 ᠣᠨ᠎ᠤ《ᠣᠯᠠᠨ ᠤᠯᠤᠰ᠎ᠤᠨ ᠠᠨᠳᠧᠷᠰᠧᠨ ᠱᠠᠩᠨᠠᠯ》᠎ᠤᠨ ᠵᠢᠭᠢᠷᠢᠭ ᠵᠢᠷᠤᠭ᠍ᠴᠢᠨᠤ ᠱᠠᠩᠨᠠᠯ᠎ᠢ
ᠭᠥᠷᠳᠡᠵᠦ᠂ ᠮᠠᠨ᠎ᠤ ᠤᠯᠤᠰ᠎ᠤᠨ ᠲᠣᠰ ᠱᠠᠩᠨᠠᠯ᠎ᠢ ᠭᠥᠷᠳᠡᠭᠰᠡᠨ ᠠᠩᠬᠠᠳᠠᠭᠴᠢ ᠵᠢᠷᠤᠭ᠍ᠴᠢᠨ ᠪᠣᠯᠪᠠ᠃
ᠲᠠᠮᠢᠷ
✦2026ᠣᠨ ᠤ ᠳᠡᠯᠡᠬᠡᠢᠶᠢᠨᠲᠠᠢᠺᠢᠨᠳ᠋ᠣᠣᠶᠢᠨ
ᠵᠠᠯᠠᠭᠤᠴᠤᠳ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ 12 ᠤᠨ ᠡᠳᠦᠷ ᠦᠽᠪᠸᠺᠰᠲ᠋ᠠᠨ᠎ᠳᠦ
ᠶᠠᠪᠤᠭᠳᠠᠵᠤ᠂ 16 ᠨᠠᠰᠤᠲᠠᠢ ᠳᠤᠮᠳᠠᠳᠤ ᠤᠯᠤᠰ᠎ᠤᠨ ᠪᠢᠴᠢᠬᠠᠨ ᠲᠠᠮᠢᠷᠴᠢᠨ ᠷᠧᠨ ᠺᠦᠨ ᠶᠤᠸᠠᠢ ᠡᠮᠡᠭᠲᠡᠢ᠎ᠶᠢᠨ
59 ᠺᠢᠯᠣᠭ᠌ᠷᠠᠮ᠎ᠤᠨ ᠳᠡᠰ᠎ᠤᠨ ᠤᠷᠤᠯᠳᠤᠭᠠᠨ᠎ᠳᠦ
ᠮᠠᠩᠯᠠᠢᠯᠠᠵᠠᠢ᠃
✦2026 ᠣᠨ᠎ᠤ ᠪᠥᠬᠥ ᠤᠯᠤᠰ᠎ᠤᠨ ᠵᠠᠯᠠᠭᠤᠴᠤᠳ᠎ᠤᠨ
ᠵᠢᠣᠳᠣᠣ ᠪᠥᠬᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ(U18᠂ U20)
ᠵᠢᠴᠢ ᠪᠥᠬᠦ ᠤᠯᠤᠰ᠎ᠤᠨ ᠵᠢᠣᠳᠣᠣ ᠪᠥᠬᠡ ᠵᠢᠨ ᠬᠤᠪᠢ ᠲᠡᠮᠳᠡᠭᠯᠡᠬᠦ ᠤᠷᠤᠯᠳᠤᠭᠠᠨ (ᠬᠣᠶᠠᠳᠤᠭᠠᠷ ᠥᠷᠲᠡᠭᠡ) ᠲᠦᠷᠦᠭᠦᠬᠡᠨ ᠬᠤᠪᠧᠢ ᠮᠤᠵᠢ᠎ᠶᠢᠨ ᠰᠢᠶᠣᠣ ᠭᠠᠨ ᠬᠣᠲᠠ᠎ᠳᠤ ᠶᠠᠪᠤᠭᠳᠠᠵᠤ᠂ ᠠᠷᠤ ᠬᠣᠷᠴᠢᠨ
ᠬᠣᠰᠢᠭᠤ ᠪᠠᠷ ᠨᠤᠲᠤᠭ᠎ᠲᠠᠢ ᠥᠪᠥᠷ ᠮᠣᠩᠭᠣᠯ᠎ᠤᠨ ᠵᠢᠣᠳᠣᠣ ᠪᠥᠬᠡ᠎ᠶᠢᠨ ᠠᠩᠭᠢ᠎ᠶᠢᠨ ᠲᠠᠮᠢᠷᠴᠢᠨ ᠰᠦᠨᠳᠡᠷ 18 ᠨᠠᠰᠤᠨ᠎ᠠᠴᠠ ᠳᠣᠷᠣᠭ᠍ᠰᠢᠬᠢ ᠳᠤᠭᠤᠢᠯᠠᠩ᠎ᠤᠨ -73 ᠺᠢᠯᠣᠭ᠌ᠷᠠᠮ᠎ᠤᠨ ᠳᠡᠰ᠎ᠤᠨ ᠪᠠᠷᠢᠯᠳᠤᠭᠠᠨ᠎ᠳᠤ ᠠᠯᠲᠠᠨ ᠮᠧᠳᠠᠯ ᠭᠠᠷᠳᠠᠵᠡᠢ᠃
ᠲᠡᠯᠡᠬᠡᠢ
✦ᠲᠥᠪ
ᠲᠸᠯᠸᠢᠰ ᠤᠨ ᠮᠡᠳᠡᠭᠡ ᠶᠢ ᠦᠨᠳᠦᠰᠦᠯᠡᠪᠡᠯ᠂
ᠸᠢᠶᠧᠲᠨᠠᠮ ᠤᠨ ᠤᠯᠤᠰ ᠤᠨ ᠬᠤᠷᠠᠯ᠎ᠤᠨ ᠠᠯᠪᠠᠨ ᠲᠢᠩᠬᠢᠮ 12 ᠤᠨ
ᠡᠳᠦᠷ ᠢᠯᠡᠷᠬᠡᠢᠯᠡᠬᠦ᠎ᠳᠡᠭᠡᠨ᠂ ᠤᠯᠤᠰ᠎ᠤᠨ ᠳᠣᠲᠣᠭᠠᠳᠤᠶᠢᠨᠵᠢᠡᠨ ᠲᠣᠰᠣᠨ᠎ᠤ ᠦᠨ᠎ᠡ᠎ᠶᠢ ᠲᠣᠭᠲᠠᠪᠤᠷᠢᠵᠢᠭᠤᠯᠬᠤ᠎ᠶᠢᠨ
ᠲᠥᠯᠥᠭᠡ ᠰᠢᠲᠠᠭᠠᠯᠭ᠎ᠠ᠎ᠶᠢᠨ ᠲᠣᠰᠣᠨ᠎ᠤ ᠭᠠᠢᠯᠢ ᠲᠠᠲᠠᠪᠤᠷᠢᠯᠠᠬᠤ᠎ᠶᠢ ᠲᠦᠷ ᠵᠣᠭᠰᠤᠭᠠᠬᠤ ᠬᠤᠭᠤᠴᠠᠭ᠎ᠠ᠎ᠶᠢ 4 ᠰᠠᠷ᠎ᠠ᠎ᠶᠢᠨ
15᠎ᠤ ᠡᠳᠦᠷ ᠪᠠᠢᠭᠰᠠᠨ᠎ᠡᠴᠡ 6 ᠰᠠᠷ᠎ᠠ᠎ᠶᠢᠨ
ᠰᠡᠭᠦᠯᠴᠢ ᠪᠣᠯᠲᠠᠯ᠎ᠠ ᠤᠷᠲᠤᠳᠬᠠᠨ᠎ᠠ ᠭᠡᠵᠡᠢ᠃
ᠦᠢᠯᠡᠴᠢᠯᠡᠭᠡ
✦ᠥᠪᠥᠷ
ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠠᠵᠢᠯᠲᠠᠨ
ᠡᠯᠰᠡᠵᠦ ᠪᠤᠢ᠃
ᠲᠠᠨ ᠤ ᠲᠤᠰᠡ ᠳ᠋ᠤ
✦ᠲᠠᠮᠢᠷ ᠤᠨ ᠬᠥᠳᠡᠯᠭᠡᠭᠡᠨ ᠨᠢ ᠵᠢᠷᠦᠬᠡ ᠴᠢᠰᠤᠨ
ᠰᠤᠳᠠᠯ ᠤᠨ ᠡᠷᠡᠭᠦᠯ ᠮᠡᠨᠳᠦ᠎ᠳᠦ ᠠᠰᠢᠭᠲᠠᠢ᠃ ᠠᠨᠭ᠌ᠭ᠌ᠯᠢ᠎ᠶᠢᠨ ᠯᠤᠨᠳᠤᠨ ᠶᠡᠬᠡ ᠰᠤᠷᠭᠠᠭᠤᠯᠢ ᠶᠢᠨ
ᠰᠤᠳᠤᠯᠤᠭ᠍ᠴᠢᠳ᠎ᠤᠨ ᠰᠤᠳᠤᠯᠭᠠᠨ ᠢ ᠦᠨᠳᠦᠰᠦᠯᠡᠪᠡᠯ᠂ ᠳᠤᠮᠳᠠ ᠵᠡᠷᠭᠡ ᠶᠢᠨ ᠬᠦᠴᠦᠯᠡᠴᠡ᠎ᠲᠠᠢ ᠬᠥᠳᠡᠯᠭᠡᠭᠡᠨ(ᠲᠦᠷᠭᠡᠨ
ᠠᠯᠬᠤᠬᠤ᠂ ᠤᠳᠠᠭᠠᠨ ᠭᠦᠶᠦᠬᠦ᠂ ᠱᠠᠲᠤ ᠳᠠᠪᠠᠬᠤ) ᠨᠢ ᠵᠢᠷᠦᠬᠡᠨ᠎ᠦ ᠡᠷᠡᠭᠦᠯ ᠮᠡᠨᠳᠦ᠎ᠳᠦ ᠬᠠᠮᠤᠭ᠎ᠤᠨ ᠰᠠᠢᠨ᠂
ᠳᠠᠷᠠᠭᠠᠯᠠᠪᠠᠯ ᠬᠥᠩᠭᠡᠨ ᠬᠥᠳᠡᠯᠭᠡᠭᠡᠨ᠂ ᠵᠣᠭᠰᠣᠬᠤ ᠪᠠ ᠤᠨᠲᠠᠬᠤ ᠵᠡᠷᠭᠡ ᠪᠠᠢᠵᠤ᠂ ᠤᠳᠠᠭᠠᠨ ᠰᠠᠭᠤᠬᠤ ᠨᠢ
ᠪᠡᠶ᠎ᠡ᠎ᠵᠢᠨ ᠡᠷᠡᠭᠦᠯ ᠮᠡᠨᠳᠦ᠎ᠳᠦ ᠠᠰᠢᠭ ᠦᠭᠡᠢ᠃
ᠵᠠᠯᠭᠠᠭᠠᠳ《ᠠᠪᠤ᠎ᠵᠢᠨ
ᠪᠠᠷ᠎ᠠ》ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ
ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)