


ᠨᠡᠢᠭᠡᠮ
✦ ᠤᠢᠷ᠎ᠠ ᠳᠤ ᠲᠥᠪ᠎ᠦᠨ ᠢᠨᠲᠧᠷ ᠰᠦᠯᠵᠢᠶᠡᠨ ᠦ ᠠᠮᠤᠷ ᠳᠦᠪᠰᠢᠨ ᠪᠠ ᠮᠡᠳᠡᠭᠡ
ᠵᠠᠩᠭᠢᠴᠢᠯᠠᠯᠳᠠ᠎ᠶᠢᠨ ᠠᠯᠪᠠᠨ ᠭᠡᠷ᠎ᠡᠴᠡ ᠰᠦᠯᠵᠢᠶᠡᠨ ᠦ ᠰᠢᠭᠤᠳ ᠨᠡᠪᠲᠡᠷᠡᠭᠦᠯᠭᠡ᠎ᠳᠦ ᠵᠤᠭᠤᠰ ᠮᠦᠩᠭᠦ
ᠱᠠᠩᠨᠠᠬᠤ ᠲᠤᠬᠠᠢ 11 ᠵᠤᠷᠪᠤᠰ
ᠲᠣᠭᠲᠠᠭᠠᠯ ᠢ ᠨᠡᠢᠲᠡᠯᠡᠪᠡ᠃ ᠡᠭᠦᠨ᠎ᠳᠦ ᠰᠦᠯᠵᠢᠶᠡᠨ ᠦ ᠲᠠᠪᠴᠠᠩ ᠨᠢ ᠪᠦᠬᠦᠯᠢ 8 ᠨᠠᠰᠤᠨ ᠠᠴᠠ ᠳᠣᠷᠣᠭ᠍ᠰᠢᠬᠢ ᠨᠠᠰᠤᠨ᠎ᠳᠦ ᠦᠯᠦ ᠬᠦᠷᠦᠭᠰᠡᠳ ᠲᠦ ᠵᠤᠭᠤᠰ ᠮᠦᠩᠭᠦ ᠱᠠᠩᠨᠠᠬᠤ
ᠦᠢᠯᠡᠴᠢᠯᠡᠭᠡ ᠬᠠᠩᠭᠠᠵᠤ ᠪᠣᠯᠬᠤ
ᠦᠭᠡᠢ ᠭᠡᠵᠦ
ᠲᠣᠭᠲᠠᠭᠠᠵᠠᠢ᠃
✦ᠤᠯᠤᠰ ᠤᠨ ᠡᠷᠡᠭᠦᠯ
ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ 《ᠳᠤᠮᠳᠠᠳᠤ
ᠤᠯᠤᠰ᠎ᠤᠨ ᠥᠮᠡᠨ ᠰᠡᠷᠬᠡᠢᠯᠡᠭᠦ ᠡᠷᠡᠭᠦᠯ ᠠᠮᠢᠳᠤᠷᠠᠯ ᠤᠨ
ᠠᠷᠭ᠎ᠠ ᠮᠠᠶᠢᠭ᠎ᠤᠨ ᠵᠢᠷᠤᠮᠵᠢᠯ》 ᠢ ᠤᠷᠴᠢᠮᠬᠠᠨ ᠠᠯᠪᠠᠨ ᠶᠣᠰᠣᠭᠠᠷ
ᠨᠡᠢᠲᠡᠯᠡᠪᠡ᠃
✦ᠥᠪᠥᠷ ᠮᠣᠩᠭᠣᠯ ᠤᠨ
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠤᠨ ᠲᠢᠩᠬᠢᠮ ᠡᠴᠡ ᠣᠢᠯᠠᠭᠠᠭᠰᠠᠨ ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ᠎ᠡᠴᠡ ᠨᠠᠭᠠᠰᠢ ᠥᠪᠥᠷ ᠮᠣᠩᠭᠣᠯ ᠤᠨ ᠥᠪᠡᠷᠲᠡᠭᠡᠨ ᠵᠠᠰᠠᠬᠤ
ᠣᠷᠣᠨ ᠤ ᠡᠳ᠋᠎ᠦᠨ ᠵᠠᠰᠠᠭ᠎ᠠᠴᠠ ᠲᠥᠪ᠎ᠦᠨ ᠪᠠ ᠦᠪᠡᠷᠲᠡᠭᠡᠨ ᠵᠠᠰᠠᠬᠤ ᠤᠷᠤᠨ᠎ᠤ ᠨᠡᠢᠳᠡ ᠵᠢᠨ ᠠᠰᠠᠷᠠᠮᠵᠢ
ᠵᠢᠨ ᠰᠤᠭᠤᠯᠤᠭ᠎ᠠ ᠵᠢᠨ ᠪᠡᠯᠡ ᠮᠦᠩᠬᠦ ᠵᠢ ᠨᠡᠢᠳᠡ 3120 ᠲᠦᠮᠡᠨ ᠲᠦᠭᠦᠷᠢᠭ ᠨᠢᠭᠡᠳᠦᠯᠳᠡᠢ ᠲᠦᠯᠦᠪᠯᠡᠵᠤ᠂
ᠨᠠᠰᠤᠳᠠᠢᠴᠤᠳ ᠤᠨ ᠬᠤᠭᠤᠯᠠ ᠤᠮᠳᠠ᠎ᠳᠤ ᠳᠤᠰᠠᠯᠠᠬᠤ ᠴᠡᠭ ᠤᠨ ᠶᠠᠰᠤ ᠴᠢᠨᠠᠷ ᠢ ᠳᠡᠭᠡᠭᠰᠢᠯᠡᠬᠦᠯᠵᠤ ᠳᠡᠰ
ᠳᠡᠪᠰᠢᠬᠦᠯᠬᠦ᠎ᠳᠤ ᠳᠤᠰᠬᠠᠢ ᠬᠡᠷᠡᠭᠯᠡᠪᠡ᠃
✦ᠤᠢᠷ᠎ᠠ ᠳᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ᠎ᠤᠨ ᠲᠢᠩᠬᠢᠮ᠂ ᠥᠪᠥᠷ ᠮᠣᠩᠭᠣᠯ ᠤᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠪᠠ ᠳᠤᠮᠳᠠᠳᠤ
ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ
ᠬᠠᠮᠲᠤᠷᠠᠨ 《〈ᠠᠷᠠᠳ᠎ᠤᠨ ᠰᠢᠬᠦᠬᠦ ᠬᠤᠷᠢᠶ᠎ᠠ ᠵᠢᠨ ᠵᠠᠷᠭᠤ ᠵᠢᠨ
ᠵᠠᠷᠤᠳᠠᠯ᠎ᠢ ᠪᠤᠴᠠᠭᠠᠨ ᠥᠭᠬᠦ ᠬᠠᠮᠢᠶᠠᠷᠤᠯᠲᠠ᠎ᠶᠢᠨ ᠠᠷᠭ᠎ᠠ〉᠎ᠶᠢ ᠤᠯᠠᠮᠵᠢᠯᠠᠨ
ᠲᠠᠷᠬᠠᠭᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠪᠥᠬᠥ ᠣᠷᠣᠨ ᠤ ᠵᠠᠷᠭᠤ᠎ᠶᠢᠨ ᠵᠠᠷᠤᠳᠠᠯ᠎ᠢ ᠪᠤᠴᠠᠭᠠᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ
ᠵᠢᠷᠤᠮᠵᠢᠭᠤᠯᠬᠤ ᠳᠤ ᠳᠦᠷᠢᠮ ᠦᠨ ᠪᠠᠲᠤᠯᠠᠭ᠎ᠠ ᠬᠠᠩᠭᠠᠪᠠ᠃
✦2026 ᠣᠨ ᠳᠤ᠂ ᠥᠪᠥᠷ
ᠮᠣᠩᠭᠣᠯ᠎ᠤᠨ ᠴᠠᠬᠢᠯᠭᠠᠨ ᠬᠦᠴᠦᠨ ᠦ ᠪᠦᠯᠦᠭᠯᠡᠯ 675 ᠲᠦᠷᠦᠯ᠎ᠦᠨ ᠴᠠᠬᠢᠯᠭᠠᠨ ᠤ ᠲᠣᠣᠷ᠎ᠦᠨ ᠢᠨᠵᠧᠨᠧᠷᠢᠩ ᠢ
ᠲᠣᠬᠢᠷᠠᠭᠤᠯᠵᠤ᠂ 265 ᠲᠦᠷᠦᠯ ᠦᠨ ᠴᠠᠬᠢᠯᠭᠠᠨ ᠤ ᠲᠣᠣᠷ ᠦᠨ ᠢᠨᠵᠧᠨᠧᠷᠢᠩ ᠤᠨ ᠪᠦᠲᠦᠭᠡᠨ
ᠪᠠᠢᠭᠤᠯᠤᠯᠲᠠ ᠶᠢ ᠭᠣᠣᠯᠳᠠᠯᠭ᠎ᠠ᠎ᠲᠠᠢ ᠠᠬᠢᠭᠤᠯᠵᠤ᠂ ᠰᠢᠨ᠎ᠡ ᠡᠨᠧᠷᠭᠢ᠎ᠶᠢ ᠵᠠᠯᠭᠠᠨ ᠣᠷᠣᠭᠤᠯᠬᠤ ᠪᠠ ᠭᠠᠵᠠᠷ
ᠣᠷᠣᠨ᠎ᠤ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠥ ᠬᠦᠴᠦᠨ ᠵᠢᠡᠷ᠎ᠢᠶᠡᠨ ᠪᠠᠲᠤᠯᠠᠬᠤ ᠪᠡᠷ ᠪᠣᠢ᠃
✦ᠤᠢᠷ᠎ᠠ ᠳᠤ ᠬᠤᠷᠠᠯᠳᠤᠭᠰᠠᠨ
ᠮᠢᠬᠠᠨ᠎ᠤ ᠦᠬᠡᠷ ᠦᠨ ᠠᠵᠤ ᠦᠢᠯᠡᠰ ᠤᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠬᠤᠷᠠᠯ ᠤᠨ ᠰᠣᠨᠢᠨ
ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ 2026 ᠮᠢᠬᠠᠨ᠎ᠤ ᠦᠬᠡᠷ᠎ᠦᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠶᠡᠬᠡ
ᠬᠤᠷᠠᠯ 7 ᠰᠠᠷ᠎ᠠ᠎ᠶᠢᠨ 17 — 19᠎ᠤ ᠡᠳᠦᠷ ᠪᠣᠯᠲᠠᠯ᠎ᠠ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ
ᠬᠣᠰᠢᠭᠤᠨ᠎ᠳᠤ ᠶᠠᠪᠤᠭᠳᠠᠬᠤ᠎ᠪᠠᠷ ᠪᠣᠢ᠃
✦2026 ᠣᠨ᠎ᠤ ᠠᠽᠢᠶ᠎ᠠ
ᠲᠢᠪ᠎ᠦᠨ ᠵᠢᠣᠳᠣᠣ ᠪᠥᠬᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 4 ᠰᠠᠷ᠎ᠠ᠎ᠶᠢᠨ 16 - 19᠎ᠦ ᠡᠳᠦᠷ
ᠪᠣᠯᠲᠠᠯ᠎ᠠ ᠣᠷᠳᠣᠰ ᠬᠤᠲᠠ᠎ᠶᠢᠨ ᠪᠡᠶ᠎ᠡ ᠶᠢᠨ ᠲᠠᠮᠢᠷ᠎ᠤᠨ ᠦᠢᠯᠡᠰ᠎ᠦᠨ ᠬᠥᠭᠵᠢᠯᠲᠡ᠎ᠶᠢᠨ ᠲᠥᠪ᠎ᠦᠨ
ᠪᠡᠶ᠎ᠡ᠎ᠶᠢᠨ ᠲᠠᠮᠢᠷ᠎ᠤᠨ ᠣᠷᠳᠣᠨ᠎ᠳᠤ ᠶᠠᠪᠤᠭᠳᠠᠬᠤ ᠪᠡᠷ ᠪᠤᠢ᠃ ᠣᠷᠤᠯᠳᠤᠭᠠᠨ᠎ᠤ ᠶᠠᠪᠤᠳᠠᠯ᠎ᠤᠨ ᠠᠮᠤᠷ
ᠲᠦᠪᠰᠢᠨ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ ᠣᠷᠳᠣᠰ ᠬᠤᠲᠠ᠎ᠶᠢᠨ ᠳᠣᠲᠣᠭᠠᠳᠤ᠎ᠶᠢ
ᠬᠠᠮᠠᠭᠠᠯᠠᠬᠤ ᠲᠣᠪᠴᠢᠶ᠎ᠠ ᠣᠷᠤᠯᠳᠤᠭᠠᠨ᠎ᠤ ᠬᠤᠭᠤᠴᠠᠭᠠᠨ᠎ᠳᠤ 《ᠳᠣᠣᠷ᠎ᠠ
ᠤᠳᠠᠭᠠᠨ ᠪᠠᠭ᠎ᠠ》 ᠠᠭᠠᠷ᠎ᠤᠨ ᠨᠢᠰᠦᠭᠦᠷ᠎ᠦᠨ ᠨᠢᠰᠦᠯᠲᠡ᠎ᠵᠢ ᠲᠦᠷ ᠴᠠᠭ
ᠬᠠᠮᠢᠶᠠᠷᠤᠨ ᠡᠵᠡᠮᠳᠡᠬᠦ᠎ᠪᠡᠷ ᠲᠣᠭᠲᠠᠪᠠ᠃
✦ᠤᠷᠴᠢᠮᠬᠠᠨ ᠥᠪᠥᠷ
ᠮᠣᠩᠭᠣᠯ ᠤᠨ 《ᠳᠤᠰᠤᠯ ᠳᠠᠯᠠᠢ》 ᠪᠤᠶᠠᠨ᠎ᠤ ᠦᠢᠯᠡᠰ᠎ᠦᠨ ᠨᠡᠢᠭᠡᠮᠯᠢᠭ ᠦᠨ ᠰᠠᠢᠨ ᠳᠤᠷ᠎ᠠ ᠶᠢᠨ ᠣᠢᠵᠢᠭᠤᠯᠤᠯᠲᠠ᠎ᠶᠢᠨ ᠠᠵᠢᠯᠯᠠᠭ᠎ᠠ ᠣᠲᠤᠭ᠎ᠤᠨ ᠡᠮᠦᠨᠡᠲᠦ
ᠬᠣᠰᠢᠭᠤᠨ᠎ᠤ ᠨᠠᠩᠰᠤ ᠪᠠᠯᠭᠠᠰᠤᠨ᠎ᠳᠤ
ᠶᠠᠪᠤᠭᠳᠠᠪᠠ᠃ ᠠᠵᠢᠯᠯᠠᠭ᠎ᠠ᠎ᠳᠤ 120 ᠭᠠᠷᠤᠢ ᠰᠠᠢᠨ ᠳᠤᠷᠠᠴᠤᠳ ᠬᠣᠶᠠᠷ ᠮᠠᠯᠴᠢᠨ ᠠᠢᠯ᠎ᠤᠨ 3700 ᠮᠦ᠍ ᠪᠡᠯᠴᠢᠭᠡᠷ ᠳᠡᠭᠡᠷ᠎ᠡ ᠨᠡᠢᠲᠡ 13 ᠲᠦᠮᠡ ᠭᠠᠷᠤᠢ ᠤᠳᠠ ᠮᠣᠳᠣᠨ ᠴᠢᠬᠢ᠂ ᠲᠣᠷᠯᠣᠭ᠂ ᠬᠠᠷᠠᠭᠠᠨ᠎ᠠ᠎ᠶᠢᠨ ᠴᠢᠬᠢ ᠳᠠᠷᠢᠵᠠᠢ᠃
✦ᠤᠢᠷ᠎ᠠ᠎ᠵᠢᠨ ᠵᠢᠯ᠎ᠳᠦ
ᠤᠲᠤᠭ ᠬᠣᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ᠎ᠦ ᠲᠦᠷᠦᠯ ᠲᠡᠮᠳᠡᠭ ᠤᠨ ᠪᠠᠢᠭᠤᠯᠤᠯᠲᠠ᠎ᠪᠠᠷ
ᠠᠵᠠ ᠲᠣᠬᠢᠶᠠᠯ ᠪᠣᠯᠭᠠᠵᠤ᠂ ᠠᠵᠤ ᠠᠬᠤᠢᠯᠠᠯ ᠪᠣᠯᠣᠨ ᠣᠯᠠᠨ ᠲᠦᠮᠡᠨ᠎ᠦ 《ᠣᠯᠠᠨ ᠤᠳᠠᠭ᠎ᠠ ᠭᠦᠶᠦᠬᠦ᠂ ᠳᠠᠬᠢᠨ ᠳᠠᠪᠲᠠᠨ ᠭᠦᠶᠦᠬᠦ》 ᠠᠰᠠᠭᠤᠳᠠᠯ᠎ᠳᠤ ᠴᠢᠭᠯᠡᠭᠦᠯᠦᠨ ᠵᠠᠰᠠᠭ᠎ᠤᠨ ᠶᠠᠪᠤᠳᠠᠯ ᠤᠨ ᠦᠢᠯᠡᠴᠢᠯᠡᠭᠡ᠎ᠶᠢ
ᠰᠢᠯᠢᠳᠡᠭᠵᠢᠭᠦᠯᠵᠦ᠂ 《ᠤᠴᠢᠷ ᠶᠠᠪᠤᠳᠠᠯ ᠢ ᠰᠠᠢᠲᠤᠷ ᠪᠦᠲᠦᠭᠡᠵᠦ᠂
ᠤᠴᠢᠷ ᠶᠠᠪᠤᠳᠠᠯ ᠭᠦᠢᠴᠡᠳᠬᠡᠬᠦ ᠳᠦ ᠠᠮᠠᠷᠬᠠᠨ》 ᠥᠭᠡᠷᠡᠴᠢᠯᠡᠯᠲᠡ᠎ᠶᠢᠨ
ᠪᠣᠳᠠᠲᠤ ᠦᠷ᠎ᠡ ᠪᠦᠲᠦᠮᠵᠢ᠎ᠪᠡᠷ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ
ᠨᠢᠭᠡ ᠺᠢᠯᠣᠮᠧᠲᠷ》 ᠢ ᠨᠡᠪᠲᠡᠷᠡᠭᠦᠯᠪᠡ᠃
✦ᠪᠦᠬᠦ ᠤᠯᠤᠰ ᠤᠨ 35᠎ᠳᠠᠬᠢ
ᠭᠠᠢᠯᠢ ᠲᠠᠲᠠᠪᠤᠷᠢ᠎ᠶᠢᠨ ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢ ᠭᠦᠨᠵᠡᠭᠡᠢ ᠲᠦᠯᠬᠢᠨ
ᠠᠬᠢᠭᠤᠯᠬᠤ᠎ᠶᠢᠨ ᠲᠥᠯᠥᠭᠡ᠂ ᠣᠢᠷ᠎ᠠ᠎ᠳᠤ ᠰᠦᠨᠢᠳ ᠪᠠᠷᠠᠭᠤᠨ ᠬᠣᠰᠢᠭᠤᠨ᠎ᠤ ᠭᠠᠢᠯᠢ᠎ᠶᠢᠨ ᠶᠠᠪᠤᠳᠠᠯ᠎ᠤᠨ
ᠲᠣᠪᠴᠢᠶ᠎ᠠ 《ᠭᠠᠢᠯᠢ ᠲᠠᠲᠠᠪᠤᠷᠢ᠂ ᠬᠠᠤᠯᠢ ᠪᠡᠷ ᠵᠠᠰᠠᠬᠤ᠂ ᠲᠥᠪ
ᠭᠤᠤᠯᠴᠢ》 ᠭᠡᠬᠦ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠠᠵᠤ
ᠠᠬᠤᠢᠯᠠᠯ ᠯᠤᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠷᠢᠶ᠎ᠠ ᠣᠷᠣᠨ ᠤ ᠠᠵᠤ ᠠᠬᠤᠢᠯᠠᠯᠲᠠᠳ᠎ᠲᠤ
ᠭᠠᠢᠯᠢ ᠲᠠᠲᠠᠪᠤᠷᠢ᠎ᠶᠢᠨ ᠬᠠᠮᠤᠭ ᠤᠨ ᠰᠢᠨ᠎ᠡ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠵᠤ᠂
ᠠᠵᠤ ᠠᠬᠤᠢᠯᠠᠯ᠎ᠤᠨ ᠡᠷᠡᠭᠦᠯ ᠬᠥᠭᠵᠢᠯᠲᠡ᠎ᠳᠦ ᠬᠦᠴᠦᠨ ᠨᠡᠮᠡᠷᠢᠯᠡᠪᠡ᠃
ᠠᠵᠤ ᠠᠬᠤᠢ
✦ᠡᠨᠡ ᠵᠢᠯ᠎ᠦᠨ ᠨᠢᠭᠡᠳᠦᠭᠡᠷ
ᠤᠯᠠᠷᠢᠯ᠎ᠳᠤ᠂ ᠮᠠᠨ᠎ᠤ ᠤᠯᠤᠰ᠎ᠤᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ
ᠠᠳᠠᠯᠢ ᠬᠤᠭᠤᠴᠠᠭᠠᠨ᠎ᠤ ᠬᠢ᠎ᠡᠴᠡ 15% ᠪᠡᠷ ᠨᠡᠮᠡᠭᠳᠡᠵᠦ᠂ 11.84 ᠲᠦᠮᠡᠨ ᠳ᠋ᠦᠩᠰᠢᠭᠤᠷ ᠲᠥᠭᠥᠷᠢᠭ᠎ᠲᠦ
ᠬᠦᠷᠴᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠪᠡ᠃
ᠰᠤᠶᠤᠯ
✦4 ᠰᠠᠷ᠎ᠠ᠎ᠶᠢᠨ 14᠎ᠦ
ᠡᠳᠦᠷ᠂ ᠪᠥᠬᠥ ᠣᠷᠣᠨ᠎ᠤ ᠳᠥᠷᠪᠡᠳᠦᠭᠡᠷ ᠬᠤᠭᠤᠴᠠᠭᠠᠨ᠎ᠤ
《ᠠᠰᠤᠷᠤ》 ᠪᠣᠯᠪᠠᠰᠤᠷᠠᠯ᠎ᠤᠨ ᠠᠩᠭᠢ᠎ᠶᠢᠨ ᠰᠤᠷᠤᠯᠭ᠎ᠠ ᠡᠬᠢᠯᠡᠬᠦ
ᠶᠣᠰᠣᠯᠠᠯ ᠵᠢᠴᠢ ᠠᠰᠤᠷᠤ᠎ᠶᠢᠨ ᠶᠠᠷᠢᠯᠴᠠᠬᠤ ᠬᠤᠷᠠᠯ ᠬᠥᠪᠡᠭᠡᠲᠦ ᠰᠢᠷ᠎ᠠ ᠬᠣᠰᠢᠭᠤᠨ᠎ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ᠂ ᠬᠣᠰᠢᠭᠤ ᠰᠢᠶᠠᠨ᠎ᠤ ᠤᠷᠠᠯᠢᠬᠴᠢᠳ ᠴᠤᠭᠯᠠᠷᠠᠨ᠂
ᠠᠰᠤᠷᠤ ᠬᠥᠭᠵᠢᠮ᠎ᠦᠨ ᠤᠷ᠎ᠠ ᠮᠡᠷᠭᠡᠵᠢᠯ᠎ᠢ ᠬᠠᠮᠲᠤ᠎ᠪᠠᠷ ᠰᠤᠷᠴᠤ᠂ ᠪᠣᠳᠠᠰ᠎ᠤᠨ ᠪᠤᠰᠤ ᠰᠣᠶᠣᠯ᠎ᠤᠨ
ᠤᠯᠠᠮᠵᠢᠯᠠᠯ ᠬᠥᠭᠵᠢᠯᠲᠡ᠎ᠶᠢ ᠬᠠᠮᠲᠤ᠎ᠪᠠᠷ ᠠᠬᠢᠭᠤᠯᠬᠤ᠎ᠶᠢ ᠵᠣᠷᠢᠵᠠᠢ᠃
✦4 ᠰᠠᠷ᠎ᠠ᠎ᠶᠢᠨ 13᠎ᠤ
ᠡᠳᠦᠷ᠂ ᠬᠦᠯᠦᠨ ᠪᠤᠢᠷ ᠬᠤᠲᠠ ᠵᠢᠨ ᠬᠠᠢᠯᠠᠷ ᠲᠣᠭᠣᠷᠢᠭ᠋᠎ᠤᠨ ᠪᠣᠶ᠋ᠢᠷ ᠳᠤᠮᠳᠠᠳᠤ ᠰᠤᠷᠭᠠᠭᠤᠯᠢ 《ᠢᠰᠡᠭᠡᠢ ᠤᠷᠠᠯᠠᠯ ᠤᠨ ᠤᠷ᠎ᠠ ᠮᠡᠷᠭᠡᠵᠢᠯ᠎ᠦᠨ ᠪᠣᠳᠠᠰ᠎ᠤᠨ ᠪᠤᠰᠤ ᠰᠣᠶᠣᠯ ᠤᠨ ᠥᠪ ᠢ
ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ》 ᠭᠣᠣᠯ ᠰᠡᠳᠦᠪᠲᠦ
ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠵᠡᠢ᠃
✦ᠤᠢᠷ᠎ᠠ᠎ᠳᠤ ᠤᠷᠠᠳ᠎ᠤᠨ
ᠬᠣᠢᠲᠤ ᠬᠣᠰᠢᠭᠤᠨ᠎ᠤ ᠪᠠᠶᠠᠨᠴᠢᠨᠳᠠᠮᠤᠨᠢ ᠰᠤᠮᠤᠨ᠎ᠤ ᠪᠠᠶᠠᠨᠬᠤᠰᠢᠭᠤ ᠭᠠᠴᠠᠭᠠᠨ᠎ᠤ ᠲᠡᠮᠡᠭᠡᠴᠢᠨ
ᠬᠠᠮᠠᠷᠠᠶᠢᠨ ᠬᠢᠨ ᠢᠩᠭᠡᠨᠦ ᠭᠠᠯ ᠲᠠᠬᠢᠯᠭ᠎ᠠ ᠬᠢᠵᠦ᠂ ᠪᠦᠳᠦᠭᠦᠨ ᠲᠡᠮᠡᠭᠡᠨ᠎ᠦ ᠤᠷᠤᠯᠳᠤᠭᠠᠨ᠂ ᠪᠠᠭ᠎ᠠ
ᠲᠡᠮᠡᠭᠡᠨ ᠦ ᠤᠷᠤᠯᠳᠤᠭᠠᠨ ᠶᠠᠪᠤᠭᠳᠠᠭᠤᠯᠵᠤ᠂ ᠬᠤᠷᠠᠭᠰᠠᠨ ᠤᠯᠠᠨ᠎ᠢᠶᠠᠨ ᠪᠠᠶᠠᠰᠬᠠᠯ᠎ᠠ᠃
ᠲᠠᠮᠢᠷ
✦2026 ᠣᠨ᠎ᠤ ᠣᠷᠳᠣᠰ
ᠬᠣᠲᠠ᠎ᠶᠢᠨ ᠴᠢᠩᠭᠢᠰ ᠬᠠᠭᠠᠨ᠎ᠤ ᠣᠩᠭᠣᠨ᠎ᠤ ᠵᠢᠭᠤᠯᠴᠢᠯᠠᠯ᠎ᠤᠨ ᠣᠷᠣᠨ᠎ᠤ ᠬᠠᠪᠤᠷ᠎ᠤᠨ ᠤᠯᠠᠷᠢᠯ᠎ᠤᠨ
ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠷᠢᠰ ᠠᠵᠢᠯᠯᠠᠭ᠎ᠠ ︱ 512
ᠬᠦᠴᠦᠲᠦ ᠪᠥᠬᠡ᠎ᠶᠢᠨ ᠪᠠᠷᠢᠯᠳᠤᠭᠠᠨ ᠢ 5 ᠰᠠᠷ᠎ᠠ᠎ᠶᠢᠨ 6 — 8᠎ᠤ ᠡᠳᠦᠷ ᠪᠣᠯᠲᠠᠯ᠎ᠠ ᠴᠢᠩᠭᠢᠰ ᠬᠠᠭᠠᠨ ᠤ
ᠣᠩᠭᠣᠨ ᠤ ᠵᠢᠭᠤᠯᠴᠢᠯᠠᠯ ᠤᠨ ᠣᠷᠣᠨ ᠳᠤ ᠶᠠᠪᠤᠭᠳᠠᠭᠤᠯᠬᠤ᠎ᠪᠠᠷ ᠪᠤᠢ᠃
✦2026 ᠣᠨ ᠤ 4
ᠰᠠᠷ᠎ᠠ᠎ᠶᠢᠨ18 —19᠎ᠤ ᠡᠳᠦᠷ ᠪᠣᠯᠲᠠᠯ᠎ᠠ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠮᠣᠷᠢᠨ
ᠤᠷᠤᠯᠳᠤᠭᠠᠨ᠎ᠤ 《ᠬᠥᠳᠡᠭᠡ ᠲᠣᠰᠬᠣᠨ᠎ᠤ ᠭᠡᠳᠦ ᠳᠡᠰ᠎ᠤᠨ ᠤᠷᠤᠯᠳᠤᠭᠠᠨ》᠎ᠤ ᠳᠡᠰ ᠳᠡᠪᠰᠢᠬᠦ ᠤᠷᠤᠯᠳᠤᠭᠠᠨ ᠵᠢᠴᠢ ᠬᠠᠪᠤᠷ ᠤ᠋ᠨ ᠤᠯᠠᠷᠢᠯ᠎ᠤᠨ ᠨᠠᠭᠠᠳᠤᠮ
ᠪᠠᠲᠤᠬᠠᠭᠠᠯᠭ᠎ᠠ ᠶᠢᠨ ᠨᠠᠭᠠᠳᠤᠮ ᠰᠣᠶᠣᠯ᠎ᠤᠨ ᠠᠵᠤ ᠦᠢᠯᠡᠰ᠎ᠦᠨ ᠬᠦᠷᠢᠶᠡᠯᠡᠩ᠎ᠳᠦ ᠶᠠᠪᠤᠭᠳᠠᠬᠤ᠎ᠪᠠᠷ ᠪᠣᠶ᠃
ᠲᠡᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠨᠭ᠌ᠭ᠌ᠯᠢ᠎ᠶᠢᠨ ᠲᠡᠷᠢᠭᠦᠨ ᠰᠠᠢᠳ ᠡᠴᠡ ᠠᠨᠭ᠌ᠭ᠌ᠯᠢ ᠬᠤᠷᠮᠤᠽ ᠬᠣᠭᠣᠯᠠᠢ ᠳᠤ
ᠴᠢᠭᠯᠡᠭᠦᠯᠦᠭᠰᠡᠨ ᠪᠢᠲᠡᠭᠦᠮᠵᠢᠯᠡᠬᠦ ᠠᠵᠢᠯᠯᠠᠭ᠎ᠠ ᠶᠢ ᠳᠡᠮᠵᠢᠬᠦ ᠦᠭᠡᠢ ᠪᠥᠭᠡᠳ ᠣᠷᠣᠯᠴᠠᠬᠤ ᠦᠭᠡᠢ ᠭᠡᠵᠤ
ᠢᠯᠡᠳᠬᠡᠪᠡ᠃
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠢᠲ᠋ᠠᠯᠢ ᠶᠢᠨ ᠬᠡᠪᠯᠡᠯ ᠮᠡᠳᠡᠭᠡᠯᠡᠯ᠎ᠦᠨ ᠮᠡᠳᠡᠭᠡᠯᠡᠭᠰᠡᠨ ᠢᠶᠡᠷ
ᠢᠲ᠋ᠠᠯᠢ᠎ᠶᠢᠨ ᠶᠡᠷᠦᠩᠬᠡᠢ ᠰᠠᠢᠳ ᠮᠧᠯᠦᠢᠨᠢ 14 ᠦ ᠡᠳᠦᠷ ᠬᠡᠯᠡᠬᠦ᠎ᠳᠡᠭᠡᠨ᠂ ᠣᠳᠣᠬᠠᠨ᠎ᠤ ᠪᠠᠢᠳᠠᠯ ᠢ
ᠦᠨᠳᠦᠰᠦᠯᠡᠨ ᠢᠲ᠋ᠠᠯᠢ᠎ᠶᠢᠨ ᠵᠠᠰᠠᠭ᠎ᠤᠨ ᠣᠷᠳᠣᠨ ᠢᠰᠷᠧᠯ ᠯᠦ᠍ᠭᠡ᠎ᠶᠢᠨ ᠬᠠᠮᠠᠭᠠᠯᠠᠯᠲᠠ᠎ᠶᠢᠨ
ᠬᠡᠯᠡᠯᠴᠡᠭᠡᠷ᠎ᠢᠶᠡᠨ ᠠᠶᠠᠨ᠎ᠳᠠᠭᠠᠨ ᠦᠷᠭᠦᠯᠵᠢᠯᠡᠨ ᠲᠣᠭᠲᠠᠬᠤ᠎ᠶᠢ ᠲᠦᠷ ᠵᠣᠭᠰᠣᠭᠠᠪᠠ ᠭᠡᠵᠡᠢ᠃
ᠦᠢᠯᠡᠴᠢᠯᠡᠭᠡ
✦ᠦᠪᠤᠷ ᠮᠤᠩᠭᠤᠯ᠎ᠤᠨ
ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠢᠨ ᠬᠠᠷᠢᠶᠠᠳᠤ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ
ᠪᠤᠢ᠃
✦4 ᠰᠠᠷ᠎ᠠ ᠶᠢᠨ 17᠎ᠤ
ᠡᠳᠦᠷ᠎ᠠᠴᠠ 19᠎ᠤ ᠡᠳᠦᠷ ᠪᠣᠯᠲᠠᠯ᠎ᠠ᠂ ᠱᠧᠨᠵᠧᠨ ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ ᠬᠥᠬᠡᠬᠣᠲᠠ᠂ ᠪᠤᠭᠤᠲᠤ᠂ ᠣᠷᠳᠣᠰ᠎ᠲᠤ 2026 ᠣᠨ ᠤ ᠥᠪᠥᠷ
ᠮᠣᠩᠭᠣᠯ᠎ᠤᠨ ᠵᠢᠩᠬᠢᠨᠢ ᠠᠩᠭᠢ᠎ᠶᠢᠨ ᠰᠤᠷᠤᠭ᠍ᠴᠢ ᠡᠯᠰᠡᠬᠦ ᠤᠬᠠᠭᠤᠯᠤᠨ ᠲᠠᠢᠯᠪᠤᠷᠢᠯᠠᠬᠤ ᠬᠤᠷᠠᠯ
ᠡᠷᠬᠢᠯᠡᠬᠦ᠎ᠪᠡᠷ ᠪᠠᠢᠨ᠎ᠠ᠃ ᠲᠤᠬᠠᠢ᠎ᠶᠢᠨ ᠴᠠᠭ᠎ᠲᠤ ᠱᠧᠨᠵᠧᠨ᠎ᠤ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ
ᠰᠤᠷᠭᠠᠭᠤᠯᠢ᠎ᠶᠢᠨ ᠵᠠᠬᠢᠷᠤᠯ ᠡᠴᠡ ᠰᠤᠷᠭᠠᠭᠤᠯᠢ ᠡᠷᠬᠢᠯᠡᠭᠰᠡᠨ ᠪᠠᠢᠳᠠᠯ᠂ ᠥᠪᠥᠷ ᠮᠣᠩᠭᠣᠯ ᠡᠴᠡ ᠰᠤᠷᠤᠭ᠍ᠴᠢ
ᠡᠯᠰᠡᠬᠦ ᠲᠥᠷᠥ᠎ᠶᠢᠨ ᠪᠣᠳᠣᠯᠭ᠎ᠠ ᠵᠡᠷᠭᠡ᠎ᠶᠢ ᠲᠠᠨᠢᠯᠴᠠᠭᠤᠯᠬᠤ ᠪᠣᠯᠣᠨ᠎ᠠ ᠃
ᠲᠠᠨ ᠤ ᠲᠤᠰᠡ ᠳ᠋ᠤ
✦ᠳᠤᠯᠤᠨᠤ ᠵᠢᠮᠢᠰ ᠤᠨ
ᠤᠢᠯᠡᠳᠤᠯ᠄ ᠴᠢᠰᠤᠨ ᠰᠤᠳᠠᠯ ᠢ ᠪᠦᠳᠦᠭᠦᠷᠡᠬᠦᠯᠵᠤ᠂ ᠴᠢᠰᠤᠨ ᠳᠠᠷᠤᠯᠳᠠ ᠵᠢ ᠪᠠᠭᠤᠷᠠᠭᠤᠯᠤᠨ ᠴᠢᠰᠤᠨ ᠤ
ᠠᠯᠺᠤᠤᠯ ᠢ ᠳᠤᠷᠤᠬᠰᠢᠯᠠᠭᠤᠯᠬᠤ ᠤᠢᠯᠡᠳᠤᠯ ᠳᠠᠢ ᠪᠦᠭᠡᠳ ᠬᠤᠳᠤᠭᠤᠳᠤ ᠵᠢ ᠴᠡᠪᠡᠷᠰᠢᠬᠦᠯᠦᠨ ᠰᠢᠩᠭᠡᠭᠡᠯᠳᠡ ᠵᠢ
ᠰᠠᠢᠵᠢᠷᠠᠭᠤᠯᠬᠤ᠎ᠳᠤ ᠳᠤᠰᠠᠯᠠᠳᠠᠭ᠃
ᠵᠠᠯᠭᠠᠭᠠᠳ 《ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ
ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ
ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ
ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ
ᠪᠠᠶᠠᠷᠯᠠᠯ᠎ᠠ᠂ ᠪᠠᠶᠠᠷᠳᠠᠢ︕