4 ᠰᠠᠷ᠎ᠠ ᠵᠢᠨ 17 ᠎ᠤ ᠡᠳᠤᠷ
ᠡᠬᠢᠯᠡᠬᠦ᠌ ᠴᠠᠭ᠄
2026-04-17 11:08:22
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄

ᠨᠡᠢᠭᠡᠮ                        

✦ᠤᠯᠤᠰ ᠎ᠤᠨ ᠡᠮᠴᠢᠯᠡᠭᠡᠨ ᠎ᠤ ᠪᠠᠳᠤᠯᠠᠭ᠎ᠠ ᠵᠢᠨ ᠲᠣᠪᠴᠢᠶ᠎ᠠ ᠣᠢᠷ᠎ᠠ᠎ᠳᠤ ᠪᠥᠬᠥ ᠤᠯᠤᠰ᠎ᠤᠨ ᠬᠡᠪᠴᠢᠶᠡᠨ᠎ᠳᠦ 2026 ᠣᠨ᠎ᠤ ᠴᠡᠭ ᠲᠣᠭᠲᠠᠭᠠᠬᠰᠠᠨ ᠡᠮ ᠡᠮᠨᠡᠯᠭᠡ᠎ᠶᠢᠨ ᠪᠠᠢᠭᠤᠯᠤᠮᠵᠢ ᠎ᠶᠢᠨ ᠬᠠᠤᠯᠢ ᠲᠣᠭᠲᠠᠭᠠᠯ᠎ᠡᠴᠡ ᠵᠥᠷᠢᠴᠡᠨ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢ ᠬᠡᠷᠡᠭᠯᠡᠭᠰᠡᠨ ᠪᠠᠢᠳᠠᠯ᠎ᠢ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠦᠭᠰᠡᠨ ᠪᠥᠭᠡᠳ ᠠᠮᠠᠨ ᠬᠥᠨᠳᠡᠢ᠂ ᠳᠣᠲᠣᠭᠠᠳᠤ ᠱᠦᠭᠦᠷᠡᠯ᠂ ᠣᠶᠤᠨ ᠮᠡᠳᠡᠷᠡᠯ᠎ᠦᠨ ᠠᠨᠠᠭᠠᠬᠤ ᠤᠬᠠᠭᠠᠨ ᠵᠡᠷᠭᠡ 3 ᠬᠦᠷᠢᠶ᠎ᠡ᠎ᠶᠢ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠬᠡᠪᠴᠢᠶᠡᠨ᠎ᠳᠦ ᠣᠷᠣᠭᠤᠯᠤᠭᠰᠠᠨ ᠪᠠᠢᠨ᠎ᠠ᠃

✦ᠡᠨᠡ ᠵᠢᠯ ᠎ᠦᠨ ᠲᠡᠮᠦᠷ ᠵᠠᠮ᠎ᠤᠨ ᠲᠠᠪᠤᠨ ᠰᠠᠷ᠎ᠠ᠎ᠶᠢᠨ ᠨᠢᠭᠡᠨ ᠎ᠤ ᠠᠮᠠᠷᠠᠯᠲᠠ ᠶ᠋ᠢᠨ ᠬᠤᠭᠤᠴᠠᠭᠠᠨ᠎ᠤ ᠵᠦᠭᠡᠭᠡᠪᠦᠷᠢ 4 ᠰᠠᠷ᠎ᠠ᠎ᠶᠢᠨ 29᠎ᠦ ᠡᠳᠦᠷ᠎ᠡᠴᠡ ᠡᠬᠢᠯᠡᠵᠦ ᠂ 5 ᠰᠠᠷ᠎ᠠ᠎ᠶᠢᠨ 6 ᠎ᠤ ᠡᠳᠦᠷ ᠳᠠᠭᠤᠰᠤᠨ᠎ᠠ᠃ ᠲᠤᠰ ᠠᠮᠠᠷᠠᠯᠲᠠ᠎ᠶᠢᠨ ᠬᠤᠭᠤᠴᠠᠭᠠᠨ᠎ᠳᠤ ᠪᠦᠬᠦ ᠤᠯᠤᠰ᠎ᠤᠨ ᠲᠡᠮᠦᠷ ᠵᠠᠮ᠎ᠤᠨ ᠬᠢᠨ ᠤᠷᠬᠢᠯ᠎ᠦᠶ᠎ᠠ ᠵᠢᠨ ᠠᠶᠠᠯᠠᠯ᠎ᠤᠨ ᠵᠢᠷᠤᠭ᠎ᠢ ᠬᠡᠷᠡᠭᠵᠢᠭᠦᠯᠵᠦ᠂ ᠡᠳᠦᠷ ᠳᠤᠮᠳᠠᠴᠢ᠎ᠪᠠᠷ 1.3 ᠲᠦᠮᠡᠨ ᠠᠶᠠᠨᠴᠢᠳ᠎ᠤᠨ ᠭᠠᠯᠲᠤ ᠲᠡᠷᠭᠡ᠎ᠶᠢ ᠶᠠᠪᠤᠭᠤᠯᠬᠤ᠎ᠪᠠᠷ ᠲᠥᠯᠥᠪᠯᠡᠵᠦ ᠪᠤᠢ᠃

✦ᠣᠢᠷ᠎ᠠ᠎ᠳᠤ ᠤᠯᠤᠰ ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠲᠠᠪᠤᠳᠤᠭᠠᠷ ᠪᠦᠯᠦᠭ᠎ᠦᠨ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠨᠤᠲᠤᠭ᠎ᠤᠨ ᠲᠤᠰᠬᠠᠢ ᠮᠡᠷᠭᠡᠵᠢᠯᠲᠡᠨ᠎ᠢ ᠤᠷᠢᠨ ᠲᠣᠮᠢᠯᠠᠬᠤ ᠨᠡᠷᠡᠰ᠎ᠢ ᠨᠡᠢᠲᠡᠯᠡᠵᠦ᠂ ᠪᠥᠬᠥ ᠤᠯᠤᠰ᠎ᠲᠤ ᠨᠡᠶ᠋ᠢᠲᠡ 497 ᠨᠤᠲᠤᠭ᠎ᠤᠨ ᠲᠤᠰᠬᠠᠢ ᠮᠡᠷᠭᠡᠵᠢᠯᠲᠡᠨ ᠰᠣᠩᠭᠣᠭᠳᠠᠨ᠂ ᠥᠪᠥᠷ ᠮᠣᠩᠭᠣᠯ᠎ᠤᠨ ᠦᠨᠳᠦᠰᠦᠨ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠦᠨ 14 ᠬᠦᠮᠦᠨ ᠬᠢᠨᠠᠨ ᠰᠢᠯᠭᠠᠯᠲᠠ᠎ᠳᠤ ᠬᠢᠷᠢ ᠲᠡᠩᠴᠡᠵᠦ ᠤᠷᠢᠭ᠍ᠳᠠᠪᠠ᠃

✦14᠎ᠦ ᠡᠳᠦᠷ᠂ 2026 ᠣᠨ᠎ᠤ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠨᠡᠢᠲᠡᠯᠡᠵᠦ ᠲᠠᠨᠢᠯᠴᠠᠭᠤᠯᠬᠤ ᠠᠵᠢᠯᠯᠠᠭ᠎ᠠ ᠳᠡᠭᠡᠷ᠎ᠠ᠂ ᠮᠠᠨ ᠎ᠤ ᠤᠷᠤᠨ ᠎ᠤ ᠰᠢᠨ᠎ᠡ᠎ᠪᠡᠷ ᠰᠢᠯᠢᠳᠡᠭᠵᠢᠭᠦᠯᠦᠨ ᠲᠠᠰ ᠳᠡᠪᠰᠢᠭᠦᠯᠦᠭᠰᠡᠨ 18 ᠣᠲᠣ᠌ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠮᠡᠷᠭᠡᠵᠢᠯ ᠦ᠋ᠨ ᠰᠢᠰᠲᠧᠮ᠎ᠢ ᠨᠡᠢᠲᠡᠯᠡᠵᠦ᠂ ᠮᠠᠨ ᠎ᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠬᠦᠴᠦᠨ ᠴᠢᠳᠠᠪᠤᠷᠢ ᠣᠯᠭᠣᠭᠰᠠᠨ ᠣᠲᠣ᠌ ᠦᠶ᠎ᠡ ᠎ᠶᠢᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

✦ᠣᠢᠷ᠎ᠠ᠎ᠳᠤ ᠪᠠᠶᠠᠨᠨᠠᠭᠤᠷ ᠬᠣᠲᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠬᠢᠨᠠᠨ ᠬᠡᠮᠵᠢᠯᠲᠡ᠎ᠶᠢᠨ ᠲᠥᠯᠦᠪᠵᠢᠭᠦᠯᠭᠡ᠎ᠶᠢᠨ ᠬᠦᠷᠢᠶᠡᠯᠡᠩ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠲᠠᠢ ᠬᠠᠮᠲᠤᠷᠠᠨ᠂ ᠪᠥᠬᠥ ᠬᠣᠲᠠ᠎ᠶᠢᠨ ᠬᠡᠪᠴᠢᠶᠡᠨ᠎ᠳᠦ 2026 ᠣᠨ᠎ᠤ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠪᠠ ᠤᠰᠤᠨ᠎ᠤ ᠰᠢᠪᠠᠭᠤ᠎ᠶᠢ ᠵᠡᠷᠭᠡ᠎ᠪᠡᠷ ᠪᠠᠢᠴᠠᠭᠠᠵᠤ ᠬᠢᠨᠠᠨ ᠬᠡᠮᠵᠢᠬᠦ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠦᠨ᠂ ᠪᠥᠬᠥ ᠬᠣᠲᠠ᠎ᠶᠢᠨ 7 ᠬᠣᠰᠢᠭᠤ ᠰᠢᠶᠠᠨ ᠲᠣᠭᠣᠷᠢᠭ᠋ ᠎ᠢ ᠬᠠᠮᠤᠷᠴᠤ᠂ 45 ᠲᠦᠷᠦᠯ᠎ᠦᠨ 176870 ᠤᠰᠤᠨ ᠎ᠤ  ᠰᠢᠪᠠᠭᠤ  ᠶ᠋ᠢ ᠬᠢᠨᠠᠨ ᠲᠡᠮᠳᠡᠭᠯᠡᠵᠦ᠂ ᠠᠳᠠᠯᠢ ᠬᠤᠭᠤᠴᠠᠭᠠᠨ ᠎ᠤ ᠬᠢ᠎ᠡᠴᠡ 64.6% ᠪᠡᠷ ᠨᠡᠮᠡᠭᠳᠡᠵᠡᠢ᠃

✦14᠎ᠦ ᠡᠳᠦᠷ᠂ ᠬᠥᠪᠡᠭᠡᠲᠦ ᠰᠢᠷ᠎ᠠ ᠬᠣᠰᠢᠭᠤᠨ ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠶᠡᠬᠡ ᠠᠩᠭᠢ᠎ᠶᠢᠨ ᠬᠢᠨ ᠳᠣᠣᠷ᠎ᠠ ᠬᠤᠷᠳᠤᠴᠠᠲᠤ ᠭᠤᠷᠪᠠ ᠲᠦᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡᠨ᠎ᠤ ᠬᠠᠤᠯᠢ᠎ᠠᠴᠠ ᠵᠥᠷᠢᠴᠡᠨ ᠵᠠᠮ᠎ᠳᠤ ᠭᠠᠷᠬᠤ᠎ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠲᠤᠬᠠᠢ ᠶ᠋ᠢᠨ ᠡᠳᠦᠷ᠎ᠲᠦ ᠲᠣᠭᠲᠠᠭᠠᠯ ᠠ᠋ᠴᠠ ᠵᠥᠷᠢᠴᠡᠭᠰᠡᠨ 10 ᠲᠡᠷᠭᠡ ᠶ᠋ᠢ ᠪᠠᠢᠴᠠᠭᠠᠨ ᠰᠢᠢᠳᠪᠦᠷᠢᠯᠡᠭᠰᠡᠨ ᠪᠥᠭᠡᠳ ᠬᠠᠤᠯᠢ ᠶᠣᠰᠣᠭᠠᠷ ᠲᠦᠷ ᠦᠯᠡᠳᠡᠭᠡᠵᠦ ᠠᠪᠴᠠᠢ᠃

✦15᠎ᠤ ᠡᠳᠦᠷ᠂ 2026 ᠣᠨ᠎ᠤ ᠬᠤᠯᠠᠨ ᠰᠢᠷᠭ᠎ᠠ ᠳᠠᠭ᠎ᠠ ᠎ᠶᠢᠨ ᠡᠯᠡᠰᠦᠷᠬᠡᠭ ᠭᠠᠵᠠᠷ᠎ᠢ ᠵᠠᠰᠠᠬᠤ ᠬᠠᠪᠤᠷ᠎ᠤᠨ ᠤᠯᠠᠷᠢᠯ᠎ᠤᠨ ᠶᠡᠬᠡ ᠳᠠᠢᠯᠠᠯᠳᠤᠭᠠᠨ ᠰᠢᠯᠤᠭᠤᠨ ᠬᠥᠬᠡ ᠬᠣᠰᠢᠭᠤᠨ᠎ᠤ ᠰᠠᠡᠭ᠎ᠤᠨ ᠳᠠᠯᠠᠢ ᠪᠠᠯᠭᠠᠰᠤ ᠵᠢᠨ ᠡᠷᠳᠡᠨᠢᠳᠠᠯᠠᠢ ᠭᠠᠴᠠᠭ᠎ᠠ ᠳ᠋ᠤ ᠪᠦᠬᠦ ᠲᠠᠯ᠎ᠠ᠎ᠪᠠᠷ ᠡᠬᠢᠯᠡᠵᠦ᠂ ᠰᠢᠯᠢ᠎ᠶᠢᠨ ᠭᠣᠣᠯ ᠠᠢᠮᠠᠭ᠎ᠤᠨ 2026 ᠣᠨ᠎ᠤ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠡᠭᠦᠷᠭᠡ᠎ᠶᠢᠨ ᠬᠥᠰᠢᠭᠡ᠎ᠶᠢ ᠰᠡᠬᠦᠵᠡᠢ᠃

✦ᠤᠢᠷ᠎ᠠ ᠳ᠋ᠤ ᠣᠩᠨᠢᠭᠤᠳ ᠬᠣᠰᠢᠭᠤᠨ᠎ᠤ 20 ᠲᠦᠮᠡᠨ ᠮᠦ᠍ ᠤᠰᠤᠨ ᠲᠤᠲᠤᠷᠭ᠎ᠠ ᠶ᠋ᠢᠨ ᠴᠢᠬᠢ ᠪᠣᠢᠵᠢᠭᠤᠯᠬᠤ ᠠᠵᠢᠯ ᠨᠢᠭᠡᠨᠲᠡ ᠪᠦᠬᠦ ᠲᠠᠯ᠎ᠠ ᠎ᠪᠠᠷ ᠡᠬᠢᠯᠡᠵᠦ᠂ ᠡᠯ᠎ᠡ ᠴᠢᠬᠢ ᠪᠣᠢᠵᠢᠭᠤᠯᠬᠤ ᠰᠠᠭᠤᠷᠢᠨ ᠎ᠤ ᠠᠵᠢᠯ ᠡᠮᠬᠢ ᠵᠢᠷᠤᠮ᠎ᠲᠠᠢ ᠶᠠᠪᠤᠭᠳᠠᠵᠤ᠂ ᠲᠠᠷᠢᠶᠠᠯᠠᠩ ᠎ᠤᠨ ᠰᠠᠯᠠᠭ᠎ᠠ ᠮᠥᠴᠢᠷ ᠡᠴᠡ ᠤᠷᠢᠳᠴᠢᠯᠠᠨ ᠵᠢᠯᠤᠭᠣᠳᠴᠤ᠂ ᠬᠣᠷᠰᠢᠶ᠎ᠠ᠎ᠠᠴᠠ ᠰᠢᠨᠵᠢᠯᠡᠬᠦ ᠤᠬᠠᠭᠠᠨᠴᠢ ᠎ᠪᠠᠷ ᠵᠣᠬᠢᠶᠠᠨ ᠪᠠᠢᠭᠤᠯᠤᠨ᠂ ᠤᠰᠤᠨ ᠲᠤᠲᠤᠷᠭ᠎ᠠ ᠎ᠶᠢᠨ ᠪᠦᠬᠦ ᠵᠢᠯ ᠎ᠦᠨ ᠭᠠᠷᠤᠯᠲᠠ ᠎ᠶᠢ ᠲᠣᠭᠲᠠᠪᠤᠷᠢᠵᠢᠭᠤᠯᠤᠨ ᠤᠨᠠᠯᠲᠠ ᠎ᠶᠢ ᠨᠡᠮᠡᠭᠳᠡᠭᠦᠯᠬᠦ᠂ ᠲᠠᠷᠢᠶᠠᠴᠢᠳ ᠎ᠤᠨ ᠣᠷᠣᠯᠭ᠎ᠠ ᠎ᠶᠢ ᠦᠷᠭᠦᠯᠵᠢᠯᠡᠨ ᠨᠡᠮᠡᠭᠳᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠵᠦ ᠪᠣᠢ᠃

✦ᠣᠲᠤᠭ᠎ᠤᠨ ᠡᠮᠦᠨᠡᠲᠦ ᠬᠣᠰᠢᠭᠤ 《ᠬᠤᠳᠳᠤᠭ ᠴᠠᠬᠢᠯᠭᠠᠨ ᠎ᠢ ᠬᠣᠣᠰ ᠡᠵᠡᠮᠳᠡᠬᠦ》 ᠬᠡᠮᠵᠢᠯᠲᠡ᠎ᠶᠢᠨ ᠲᠥᠬᠦᠭᠡᠷᠦᠮᠵᠢ ᠤᠭᠰᠠᠷᠠᠬᠤ ᠠᠵᠢᠯ ᠎ᠢ ᠪᠦᠬᠦ ᠲᠠᠯ᠎ᠠ᠎ᠪᠠᠷ  ᠡᠬᠢᠯᠡᠭᠦᠯᠵᠦ᠂ ᠡᠨᠡ ᠵᠢᠯ  ᠨᠡᠶ᠋ᠢᠲᠡ 2920 ᠢᠵᠢ ᠲᠥᠬᠦᠭᠡᠷᠦᠮᠵᠢ ᠎ᠶᠢ ᠤᠭᠰᠠᠷᠠᠬᠤ ᠪᠡᠷ ᠲᠦᠯᠦᠪᠯᠡᠵᠦ ᠪᠤᠢ᠃ ᠣᠳᠣᠬᠠᠨ᠎ᠳᠤ ᠪᠥᠬᠥ ᠬᠣᠰᠢᠭᠤᠨ ᠎ᠤ 200 ᠮᠦ᠍᠎ᠠᠴᠠ ᠳᠡᠭᠡᠭᠰᠢᠬᠢ ᠲᠠᠷᠢᠶᠠᠨ ᠭᠠᠵᠠᠷ᠎ᠲᠠᠢ ᠲᠠᠷᠢᠮᠠᠯ᠎ᠤᠨ ᠲᠣᠮᠣ᠌ ᠡᠷᠦᠬᠡ᠂ 100 ᠮᠦ᠍ ᠵᠢᠴᠢ ᠲᠡᠭᠦᠨ᠎ᠡᠴᠡ ᠳᠡᠭᠡᠭᠰᠢᠬᠢ ᠲᠠᠷᠢᠶᠠᠨ ᠭᠠᠵᠠᠷ᠎ᠲᠠᠢ ᠰᠦᠷᠴᠢᠨ ᠤᠰᠤᠯᠠᠬᠤ ᠲᠥᠬᠦᠭᠡᠷᠦᠮᠵᠢ ᠤᠭᠰᠠᠷᠠᠭᠰᠠᠨ ᠲᠠᠷᠢᠮᠠᠯ᠎ᠤᠨ ᠡᠷᠦᠬᠡ᠂ 30 ᠮᠦ᠍ ᠵᠢᠴᠢ ᠲᠡᠭᠦᠨ᠎ᠡᠴᠡ ᠳᠡᠭᠡᠭᠰᠢᠬᠢ ᠤᠰᠤ ᠶᠡᠬᠡ ᠬᠣᠷᠣᠭᠳᠠᠭᠤᠯᠬᠤ ᠲᠠᠷᠢᠮᠠᠯ ᠎ᠤᠨ ᠡᠷᠦᠬᠡ ᠪᠠ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ ᠎ᠤ ᠬᠡᠪᠴᠢᠶᠡᠨ᠎ᠳᠠᠬᠢ ᠲᠠᠷᠢᠮᠠᠯ᠎ᠤᠨ ᠡᠷᠦᠬᠡ᠎ᠳᠦ ᠤᠷᠢᠳ ᠵᠢᠡᠷ ᠤᠭᠰᠠᠷᠠᠵᠤ ᠪᠣᠢ᠃


ᠠᠵᠤ ᠠᠬᠤᠢ  

✦2026 ᠣᠨ᠎ᠳᠤ ᠰᠢᠯᠢ᠎ᠶᠢᠨ ᠭᠣᠣᠯ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠡᠯ᠎ᠡ ᠲᠦᠷᠦᠯ᠎ᠦᠨ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ ᠶ᠋ᠢ 1200 ᠭᠠᠷᠤᠢ ᠤᠳᠠᠭ᠎ᠠ ᠥᠷᠨᠢᠭᠦᠯᠬᠦ ᠎ᠪᠡᠷ ᠲᠥᠯᠥᠪᠯᠡᠵᠦ᠂ 16 ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠬᠡᠷᠡᠭᠯᠡᠭᠡ᠎ᠶᠢ ᠲᠠᠢ᠍ᠢᠴᠢᠯᠠᠵᠦ᠂ ᠡᠷᠲᠡ᠎ᠶᠢᠨ ᠵᠠᠬ᠎ᠠ᠂ ᠰᠥᠨᠢ᠎ᠶᠢᠨ ᠵᠠᠬ᠎ᠠ ᠵᠡᠷᠭᠡ ᠵᠢ ᠶᠡᠬᠡ ᠪᠡᠷ ᠬᠥᠭᠵᠢᠭᠦᠯᠬᠦ ᠪᠡᠷ ᠪᠤᠢ᠃  

 

ᠰᠤᠶᠤᠯ 

✦14᠎ᠦ ᠡᠳᠦᠷ᠂ ᠦᠦᠰᠢᠨ ᠬᠣᠰᠢᠭᠤᠨ᠎ᠤ ᠪᠣᠳᠠᠰ᠎ᠤᠨ ᠪᠤᠰᠤ ᠰᠣᠶᠣᠯ ᠤ᠋ᠨ ᠥᠪ᠎ᠦᠨ ᠬᠠᠮᠠᠭᠠᠯᠠᠯᠲᠠ᠎ᠶᠢᠨ ᠲᠥᠪ᠎ᠡᠴᠡ ᠦᠦᠰᠢᠨ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠥᠪᠯᠡᠨ ᠤᠯᠠᠮᠵᠢᠯᠠᠭ᠍ᠴᠢᠳ ᠤ᠋ᠨ 2026 ᠣᠨ᠎ᠤ ᠪᠣᠯᠪᠠᠰᠤᠷᠠᠯ᠎ᠤᠨ ᠠᠩᠭᠢ᠎ᠶᠢ ᠡᠷᠬᠢᠯᠡᠵᠡᠶ᠃ ᠡᠨᠡ ᠤᠳᠠᠭᠠᠨ ᠤ᠋ ᠪᠣᠯᠪᠠᠰᠤᠷᠠᠯ᠎ᠳᠤ 130 ᠭᠠᠷᠤᠢ ᠥᠪᠯᠡᠨ ᠤᠯᠠᠮᠵᠢᠯᠠᠭ᠍ᠴᠢ ᠣᠷᠣᠯᠴᠠᠭᠰᠠᠨ ᠪᠠᠢᠨ᠎ᠠ᠃

✦ᠣᠢᠷ᠎ᠠ᠎ᠶᠢᠨ ᠵᠢᠯ᠎ᠡᠴᠡ ᠺᠠᠢᠯᠤ ᠰᠢᠶᠠᠨ ᠪᠦᠬᠦ ᠠᠷᠠᠳ᠎ᠢᠶᠠᠷ ᠎ᠢᠶᠠᠨ ᠨᠣᠮ ᠤᠩᠰᠢᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠪᠦᠬᠦ ᠬᠦᠴᠦᠨ ᠵᠢᠡᠷ ᠵᠢᠡᠨ ᠠᠬᠢᠭᠤᠯᠵᠤ᠂ ᠰᠢᠶᠠᠨ᠂ ᠪᠠᠯᠭᠠᠰᠤ᠂ ᠲᠣᠰᠬᠣᠨ ᠭᠤᠷᠪᠠᠨ ᠱᠠᠲᠤ᠎ᠶᠢ ᠨᠢᠭᠡ ᠴᠣᠭᠴᠠᠵᠢᠭᠤᠯᠤᠭᠰᠠᠨ ᠤᠩᠰᠢᠯᠭ᠎ᠠ᠎ᠶᠢᠨ ᠲᠠᠪᠴᠠᠩ᠎ᠢ ᠬᠦᠴᠦᠯᠡᠨ ᠪᠠᠢᠭᠤᠯᠵᠤ᠂ 20 ᠨᠣᠮ᠎ᠤᠨ ᠰᠠᠩ᠎ᠤᠨ ᠬᠤᠪᠢᠶᠠᠷᠢ ᠰᠠᠩ᠂ 55 ᠭᠦᠢᠯᠭᠡᠭᠡᠨ᠎ᠦ ᠴᠡᠭ᠂ 245 ᠲᠠᠯ᠎ᠠ ᠨᠤᠲᠤᠭ᠎ᠤᠨ ᠨᠣᠮ᠎ᠤᠨ ᠦᠷᠦᠭᠡ ᠵᠡᠷᠭᠡ ᠡᠯ᠎ᠡ ᠲᠦᠷᠦᠯ᠎ᠦᠨ ᠤᠩᠰᠢᠯᠭ᠎ᠠ᠎ᠶᠢᠨ ᠦᠷᠦᠭᠡ ᠵᠢ ᠪᠠᠢᠭᠤᠯᠪᠠ᠃

 

ᠲᠠᠮᠢᠷ

✦ᠲᠦᠷᠦᠭᠦᠬᠡᠨ ᠠᠨᠾᠦ᠋ᠢ ᠮᠤᠵᠢ ᠎ᠳᠤ ᠶᠠᠪᠤᠭᠳᠠᠭᠰᠠᠨ 2026 ᠣᠨ᠎ᠤ ᠪᠦᠬᠦ ᠤᠯᠤᠰ ᠎ᠤᠨ ᠠᠯᠬᠤᠭ᠎ᠠ ᠤᠷᠤᠯᠳᠤᠭᠠᠨ ᠎ᠤ ᠲᠣᠮᠣ᠌ ᠱᠠᠩᠨᠠᠯᠲᠤ ᠤᠷᠤᠯᠳᠤᠭᠠᠨ ᠵᠢᠴᠢ ᠪᠦᠬᠦ ᠤᠯᠤᠰ᠎ᠤᠨ ᠠᠯᠬᠤᠭ᠎ᠠ ᠤᠷᠤᠯᠳᠤᠭᠠᠨ᠎ᠤ ᠲᠠᠩ ᠵᠦᠢᠯ᠎ᠦᠨ ᠤᠷᠤᠯᠳᠤᠭᠠᠨ (2 ᠳ᠋ᠤᠭᠠᠷ ᠦᠷᠳᠡᠭᠡ) ᠳ᠋ᠤ᠌ ᠥᠪᠥᠷ ᠮᠣᠩᠭᠣᠯ᠎ᠤᠨ ᠲᠠᠮᠢᠷᠴᠢᠳ ᠭᠠᠷᠮᠠᠭᠠᠢ ᠠᠮᠵᠢᠯᠲᠠ ᠪᠦᠲᠦᠭᠡᠵᠦ᠂ 5 ᠠᠯᠳᠠᠨ ᠮᠧᠳᠠᠯ  ᠪᠠ 3 ᠮᠥᠩᠭᠥᠨ ᠮᠧᠳᠠᠯ ᠣᠯᠵᠠᠢ᠃

✦2026 ᠬᠥᠬᠡᠬᠣᠲᠠ᠎ᠶᠢᠨ ᠬᠠᠭᠠᠰ ᠵᠠᠮ᠎ᠤᠨ ᠮᠠᠷᠠᠽᠤᠨ ᠤᠷᠤᠯᠳᠤᠭᠠᠨ 5 ᠰᠠᠷ᠎ᠠ ᠎ᠶᠢᠨ 31᠎ᠦ ᠡᠳᠦᠷ ᠶᠠᠪᠤᠭᠳᠠᠬᠤ ᠪᠡᠷ ᠪᠠᠢᠵᠦ᠂ ᠭᠦᠶᠦᠯᠳᠡ ᠵᠢᠨ ᠵᠠᠢ ᠨᠢ 21.0975 ᠺᠢᠯᠣᠮᠧᠲᠷ᠂ 10000 ᠬᠥᠮᠥᠨ ᠤᠷᠤᠯᠴᠠᠬᠤ ᠪᠣᠯᠣᠨ᠎ᠠ᠃

✦ᠣᠢᠷ᠎ᠠ ᠎ᠳᠤ ᠲᠦᠩᠯᠢᠶᠣᠣ ᠬᠣᠲᠠ ᠎ᠶᠢᠨ ᠵᠢᠷᠭᠤᠳᠤᠭᠠᠷ ᠬᠤᠭᠤᠴᠠᠭᠠᠨ ᠎ᠤ ᠲᠠᠮᠢᠷ ᠤ᠋ᠨ ᠴᠤᠭᠯᠠᠭᠠᠨ ᠎ᠤ ᠪᠤᠶ᠋ᠢᠺᠤ ᠪᠥᠮᠪᠥᠭᠡ᠎ᠶᠢᠨ ᠤᠷᠤᠯᠳᠤᠭᠠᠨ ᠵᠠᠷᠤᠳ ᠬᠣᠰᠢᠭᠤᠨ ᠳ᠋ᠤ ᠡᠬᠢᠯᠡᠵᠦ᠂ ᠪᠥᠬᠥ ᠬᠣᠲᠠ᠎ᠶᠢᠨ ᠡᠯ᠎ᠡ ᠭᠠᠵᠠᠷ᠎ᠠᠴᠠ ᠢᠷᠡᠭᠰᠡᠨ 132 ᠲᠠᠮᠢᠷᠴᠢᠨ ᠤᠷᠤᠯᠴᠠᠪᠡ᠃

✦ᠲᠦᠷᠦᠭᠦᠬᠡᠨ ᠶᠠᠪᠤᠭᠳᠠᠭᠰᠠᠨ 2026 ᠣᠨ᠎ᠤ ᠣᠷᠣᠰ ᠎ᠤᠨ《ᠠᠯᠢᠺᠰᠠᠢ》 ᠨᠡᠷᠡᠮᠵᠢᠲᠦ ᠪᠠᠭᠠᠴᠤᠳ ᠬᠡᠦᠬᠡᠳ᠎ᠦᠨ ᠵᠢᠣᠳᠣᠣ ᠪᠥᠬᠡ᠎ᠶᠢᠨ ᠤᠷᠤᠯᠳᠤᠭᠠᠨ ᠣᠷᠣᠰ᠎ᠤᠨ ᠺᠷᠠᠰᠨᠠᠺᠠᠮᠢᠨᠰᠺ ᠬᠣᠲᠠ ᠳ᠋ᠤ ᠶᠠᠪᠤᠭᠳᠠᠵᠤ᠂ ᠬᠦᠯᠦᠨ ᠪᠤᠢᠷ ᠬᠤᠲᠠ᠎ᠠᠴᠠ 7 ᠪᠢᠴᠢᠬᠠᠨ ᠲᠠᠮᠢᠷᠴᠢᠨ ᠲᠤᠰ ᠣᠷᠣᠯᠳᠤᠭᠠᠨ᠎ᠳᠤ ᠣᠷᠣᠯᠴᠠᠵᠤ᠂ 2 ᠠᠯᠲᠠᠨ ᠮᠧᠳᠠᠯ᠂ 2 ᠮᠥᠩᠭᠥᠨ ᠮᠧᠳᠠᠯ᠂ 2 ᠬᠦᠷᠡᠯ ᠮᠧᠳᠠᠯ ᠬᠦᠷᠲᠡᠵᠡᠢ᠃


ᠲᠡᠯᠡᠬᠡᠢ 

✦ᠰᠢᠨᠬᠤᠸᠠ ᠬᠣᠷᠢᠶ᠎ᠠ ᠵᠢᠨ ᠮᠡᠳᠡᠭᠡ᠎ᠵᠢ ᠦᠨᠳᠦᠰᠦᠯᠡᠪᠡᠯ᠂ ᠠᠮᠧᠷᠢᠺᠠ᠎ᠶᠢᠨ ᠴᠠᠭᠠᠨ ᠣᠷᠳᠣᠨ 15᠎ᠤ ᠡᠳᠦᠷ ᠢᠯᠡᠷᠬᠡᠢᠯᠡᠬᠦ ᠳ᠋ᠡᠭᠡᠨ᠂ ᠠᠮᠧᠷᠢᠺᠠ ᠪᠣᠯᠣᠨ ᠢᠷᠠᠨ᠎ᠤ ᠳᠠᠬᠢᠨᠲᠠ ᠨᠢᠭᠤᠷᠳᠠᠨ ᠬᠡᠯᠡᠯᠴᠡᠭᠡ ᠬᠢᠬᠦ ᠬᠣᠯᠪᠣᠭᠳᠠᠯ ᠪᠦᠬᠦᠢ ᠶᠠᠷᠢᠯᠴᠠᠭ᠎ᠠ ᠮᠥᠨ ᠶᠠᠪᠤᠭᠳᠠᠭᠰᠠᠭᠠᠷ ᠪᠠᠢᠨ᠎ᠠ ᠭᠡᠵᠡᠢ᠃ ᠡᠭᠦᠨ᠎ᠦ ᠬᠠᠮᠲᠤ ᠠᠮᠧᠷᠢᠺᠠ ᠡᠴᠡ ᠢᠷᠠᠨ ᠎ᠤ ᠭᠠᠷᠠᠮ᠎ᠳᠠᠬᠢ ᠪᠢᠲᠡᠭᠦᠮᠵᠢᠯᠡᠯ ᠎ᠢ ᠨᠢᠭᠡᠨᠲᠡ ᠪᠦᠬᠦ ᠲᠠᠯ᠎ᠠ᠎ᠪᠠᠷ ᠬᠡᠷᠡᠭᠵᠢᠭᠦᠯᠪᠡ᠃

✦ᠠᠮᠧᠷᠢᠺᠠ᠎ᠶᠢᠨ ᠬᠠᠷᠸᠠᠷᠳ᠋ ᠶᠡᠬᠡ ᠰᠤᠷᠭᠠᠭᠤᠯᠢ ᠵᠢᠨ ᠡᠮᠨᠡᠯᠭᠡ᠎ᠶᠢᠨ ᠳᠡᠭᠡᠳᠦ ᠰᠤᠷᠭᠠᠭᠤᠯᠢ᠎ᠶᠢᠨ ᠨᠢᠭᠡᠨ ᠰᠤᠳᠤᠯᠭᠠᠨ ᠎ᠤ ᠪᠦᠯᠬᠦᠮ ChatGPT᠂ DeepSeek ᠵᠡᠷᠭᠡ 20 ᠬᠡᠳᠦᠨ ᠵᠦᠢᠯ᠎ᠦᠨ ᠬᠠᠮᠤᠭ᠎ᠤᠨ ᠲᠡᠷᠢᠭᠦᠨ᠎ᠦ AI ᠲᠣᠮᠣ᠌ ᠬᠡᠯᠪᠡᠷᠢ᠎ᠶᠢᠨ ᠬᠡᠯᠡᠨ᠎ᠦ ᠵᠠᠭᠪᠤᠷ  (LLM) ᠤ᠋ᠨ ᠡᠮᠴᠢᠯᠡᠭᠡᠨ᠎ᠤ ᠣᠨᠣᠰᠢᠯᠠᠬᠤ ᠴᠢᠳᠠᠪᠤᠷᠢ᠎ᠶᠢ ᠦᠨᠡᠯᠡᠨ ᠵᠢᠱ᠌ᠢᠵᠡᠢ᠃ ᠦᠷ᠎ᠡ ᠳ᠋ᠦᠩ᠎ᠡᠴᠡ ᠦᠵᠡᠪᠡᠯ᠂ ᠡᠪᠡᠳᠴᠢᠲᠡᠨ᠎ᠦ ᠠᠩᠬ᠎ᠠ ᠠᠯᠬᠤᠮ᠎ᠤᠨ ᠡᠪᠡᠳᠴᠢᠨ᠎ᠦ ᠢᠯᠡᠷᠡᠯ ᠪᠠ ᠪᠡᠶ᠎ᠡ᠎ᠶᠢᠨ ᠢᠯᠡᠷᠡᠯ᠎ᠳᠦ ᠰᠠᠭᠤᠷᠢᠯᠠᠵᠦ ᠪᠤᠷᠤᠭᠤ 《ᠤᠨᠤᠰᠢᠯᠠᠭᠰᠠᠨ》 ᠨᠣᠷᠮ᠎ᠠ 80%᠎ᠳᠤ ᠭᠦᠷᠦᠭᠰᠡᠨ ᠪᠠᠢᠨ᠎ᠠ᠃


ᠦᠢᠯᠡᠴᠢᠯᠡᠭᠡ  


✦ᠬᠠᠭᠤᠴᠢᠨ ᠪᠠᠷᠭᠤ ᠬᠣᠰᠢᠭᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ ᠤ᠋ᠨ ᠪᠠᠢᠷᠢ ᠳ᠋ᠤ 26 ᠠᠵᠢᠯᠲᠠᠨ ᠡᠯᠰᠡᠨ᠎ᠠ᠃ 


ᠲᠠᠨ ᠎ᠤ ᠲᠤᠰᠡ ᠳ᠋ᠤ  

✦ ᠬᠠᠵᠠᠭᠤᠯᠳᠠᠵᠦ ᠬᠡᠪᠲᠡᠭᠡᠳ ᠭᠠᠷ ᠤᠲᠠᠰᠤ ᠨᠠᠭᠠᠳᠬᠤ ᠵᠡᠷᠭᠡ ᠳᠠᠳᠬᠠᠯ ᠵᠢᠡᠨ ᠠᠯᠢ ᠴᠢᠳᠠᠬᠤ ᠪᠡᠷ ᠪᠠᠭᠠᠰᠬᠠᠦ᠂ ᠬᠣᠶᠠᠷ ᠨᠢᠳᠦ ᠪᠡᠨ ᠲᠡᠩᠴᠡᠭᠦᠷᠢ᠎ᠲᠠᠢ ᠬᠡᠷᠡᠭᠯᠡᠬᠦ ᠶ᠋ᠢ ᠪᠠᠲᠤᠯᠠᠬᠤ ᠬᠡᠷᠡᠭᠲᠡᠢ᠃ ᠭᠠᠷ ᠤᠲᠠᠰᠤ ᠦᠵᠡᠬᠦ ᠪᠤᠶᠤ ᠨᠣᠮ ᠪᠢᠴᠢᠭ ᠤᠩᠰᠢᠬᠤ ᠶ᠋ᠢᠨ ᠠᠯᠢᠨ ᠳ᠋ᠤᠨᠢ ᠴᠤ᠌ ᠭᠡᠰᠡᠨ ᠲᠡᠭᠰᠢᠬᠡᠨ ᠬᠠᠷᠠᠬᠤ ᠵᠢ ᠪᠠᠷᠢᠮᠲᠠᠯᠠᠵᠤ᠂ ᠬᠣᠶᠠᠷ ᠨᠢᠳᠦᠨ᠎ᠤ ᠬᠠᠷᠠᠭ᠎ᠠ ᠵᠢ ᠦᠵᠡᠵᠦ ᠪᠠᠢᠭ᠎ᠠ ᠶᠠᠭᠤᠮ᠎ᠠ᠎ᠳᠠᠭᠠᠨ ᠵᠡᠷᠭᠡ ᠲᠤᠰᠬᠠᠨ᠂ ᠬᠠᠵᠠᠭᠠᠢ ᠬᠠᠷᠠᠬᠤ᠎ᠠᠴᠠ ᠵᠠᠢᠯᠠᠰᠬᠢᠬᠦ᠎ᠶᠢᠨ ᠬᠠᠮᠲᠤ ᠬᠠᠷᠠᠬᠤ ᠵᠠᠢ ᠪᠠᠨ ᠲᠣᠬᠢᠷᠠᠮᠵᠢᠲᠠᠢ ᠪᠠᠢᠯᠭᠠᠬᠤ ᠬᠡᠷᠡᠭᠲᠡᠢ᠃

 

ᠵᠠᠯᠭᠠᠭᠠᠳ《ᠰᠡᠷᠪᠡᠭᠡᠷ ᠬᠠᠳᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号