4 ᠰᠠᠷ᠎ᠠ ᠵᠢᠨ 18 ᠎ᠤ ᠡᠳᠤᠷ
ᠡᠬᠢᠯᠡᠬᠦ᠌ ᠴᠠᠭ᠄
2026-04-18 11:31:34
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_01.png


03盟市模板_01.png


ᠨᠡᠢᠭᠡᠮ                                

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠦᠪᠯᠡᠯ᠂ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠣᠢᠷ᠎ᠠ᠎ᠳᠤ 《ᠬᠣᠲᠠ ᠬᠥᠳᠡᠭᠡ᠎ᠶᠢᠨ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠨᠢᠭᠡᠳᠦᠯᠲᠡᠢ ᠲᠥᠯᠥᠪᠵᠢᠬᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠵᠤ᠂ ᠲᠠᠪᠤᠨ ᠲᠠᠯ᠎ᠠ᠎ᠶᠢᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠠᠢ᠃

✦ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ ᠪᠥᠬᠥ ᠤᠯᠤᠰ᠎ᠤᠨ ᠬᠡᠪᠴᠢᠶᠡᠨ᠎ᠳᠦ CCC ᠭᠡᠷᠡᠴᠢᠯᠡᠯ᠎ᠦᠨ ᠬᠣᠷᠢᠭ᠎ᠠ ᠱᠤᠭᠤᠮ᠎ᠢ ᠰᠠᠬᠢᠬᠤ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠵᠤ᠂ ᠴᠠᠬᠢᠯᠭᠠᠨ ᠴᠡᠨᠡᠭᠯᠡᠬᠦᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠰᠢᠲᠠᠮᠠᠬᠠᠢ ᠬᠡᠢ᠎ᠶᠢᠨ ᠪᠠᠭᠠᠵᠢ ᠬᠡᠷᠡᠭᠰᠡᠯ ᠵᠡᠷᠭᠡ ᠭᠣᠣᠯᠳᠠᠯᠭ᠎ᠠ ᠲᠠᠢ ᠬᠦᠷᠢᠶᠡᠨ᠎ᠳᠡᠬᠢ ᠵᠢᠭᠠᠨ ᠲᠣᠭᠲᠠᠭᠠᠭᠰᠠᠨ ᠭᠡᠷᠡᠴᠢᠯᠡᠯ᠎ᠦᠨ ᠪᠠᠢᠭᠤᠯᠤᠮᠵᠢ᠎ᠳᠤ ᠨᠡᠢᠳᠡᠮ ᠬᠢᠨᠠᠯᠲᠠ ᠲᠠᠯᠪᠢᠨ ᠪᠠᠢᠴᠠᠭᠠᠯᠲᠠ ᠥᠷᠨᠢᠭᠦᠯᠪᠡ᠃

✦ᠲᠥᠪ ᠲᠧᠯᠸᠢᠰ᠎ᠦᠨ ᠮᠡᠳᠡᠭᠡ ᠶ᠋ᠢ ᠦᠨᠳᠦᠰᠦᠯᠡᠪᠡᠯ᠂ ᠴᠠᠭ ᠠᠭᠤᠷ᠎ᠤᠨ ᠰᠠᠯᠠᠭ᠎ᠠ ᠮᠥᠴᠢᠷ᠎ᠦᠨ ᠨᠡᠢᠲᠡᠯᠡᠭᠰᠡᠨ ᠵᠢᠱ᠌ᠢᠯᠲᠡ ᠪᠡᠷ᠂ ᠡᠨᠡ ᠵᠢᠯ 7 — 9 ᠤᠳᠠᠭᠠᠨ᠎ᠤ ᠲᠠᠢᠹᠧᠩ ᠰᠠᠯᠬᠢ ᠮᠠᠨ᠎ᠤ ᠤᠯᠤᠰ᠎ᠢ ᠨᠦᠯᠦᠭᠡᠯᠡᠬᠦ ᠪᠣᠯᠣᠨ᠎ᠠ᠂ ᠡᠨᠡ ᠨᠢ ᠡᠩ᠎ᠦᠨ ᠵᠢᠯ᠎ᠦᠨ ᠬᠢ᠎ᠡᠴᠡ ᠬᠠᠷᠢᠴᠠᠨᠭᠭᠤᠢ ᠠᠷᠪᠢᠨ ᠪᠠᠢᠵᠦ᠂ ᠭᠣᠣᠯᠳᠠᠭᠤ ᠮᠠᠨ᠎ᠤ ᠤᠯᠤᠰ᠎ᠤᠨ ᠵᠡᠭᠦᠨ ᠡᠮᠦᠨᠡᠲᠦ ᠤᠷᠤᠨ ᠪᠠ ᠡᠮᠦᠨᠡᠲᠦ ᠣᠷᠣᠨ᠎ᠤ ᠲᠡᠯᠡᠶ ᠳᠠᠭᠠᠤ ᠣᠷᠣᠨ᠎ᠢ ᠨᠥᠯᠥᠭᠡᠯᠡᠵᠦ᠂ ᠬᠦᠴᠦᠯᠡᠴᠡ ᠨᠢ ᠬᠠᠷᠢᠴᠠᠨᠭᠭᠤᠢ ᠴᠢᠩᠭ᠎ᠠ ᠪᠠᠢᠬᠤ ᠪᠤᠯᠤᠮᠵᠢ ᠳᠠᠢ᠃

✦ᠥᠪᠥᠷ ᠮᠣᠩᠭᠣᠯ᠎ᠤᠨ ᠴᠠᠭ ᠠᠭᠤᠷ᠎ᠤᠨ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂  ᠡᠨᠡ ᠵᠢᠯ ᠥᠪᠥᠷ ᠮᠣᠩᠭᠣᠯ᠎ᠤᠨ ᠡᠪᠦᠯ ᠬᠠᠪᠤᠷ᠎ᠤᠨ ᠠᠭᠠᠷ᠎ᠤᠨ ᠳᠤᠯᠠᠭᠠᠨ ᠨᠡᠢᠳᠡᠮ ᠦᠨᠳᠦᠷ ᠪᠠᠢᠭᠰᠠᠨ ᠪᠦᠭᠡᠳ 4 ᠰᠠᠷ᠎ᠠ ᠶ᠋ᠢᠨ ᠬᠣᠷᠢᠳ᠎ᠢᠶᠠᠷ ᠪᠠᠰᠠ ᠦᠷᠭᠦᠯᠵᠢᠯᠡᠨ ᠳᠡᠭᠡᠭᠰᠢᠯᠡᠬᠦ ᠡᠴᠡ ᠤᠳᠠ ᠤᠯᠢᠶᠠᠰᠤᠨ᠎ᠤ ᠤᠩᠭᠠᠷᠢᠯ ᠬᠡᠢᠰᠬᠦ ᠴᠠᠭ ᠤᠳᠠᠯ ᠦᠭᠡᠢ ᠬᠦᠷᠴᠦ ᠢᠷᠡᠬᠦ ᠪᠣᠯᠣᠨ᠎ᠠ᠃ ᠵᠢᠱ᠌ᠢᠯᠲᠡ᠎ᠪᠡᠷ 4 ᠰᠠᠷ᠎ᠠ ᠶ᠋ᠢᠨ 18᠎ᠤ ᠡᠳᠦᠷ᠎ᠡᠴᠡ ᠡᠬᠢᠯᠡᠨ᠂ ᠠᠯᠠᠱᠠ ᠵᠢᠨ ᠶᠡᠬᠡᠩᠬᠢ ᠬᠡᠰᠡᠭ᠂ ᠦᠬᠠᠢ᠂ ᠪᠠᠶᠠᠨᠨᠠᠭᠤᠷ ᠬᠣᠲᠠ᠎ᠶᠢᠨ ᠡᠮᠦᠨ᠎ᠡ ᠪᠡᠶ᠎ᠠ᠂ ᠣᠷᠳᠣᠰ᠎ᠤᠨ ᠶᠡᠬᠡᠩᠬᠢ ᠬᠡᠰᠡᠭ᠂ ᠪᠤᠭᠤᠲᠤ᠎ᠶᠢᠨ ᠡᠮᠦᠨ᠎ᠡ ᠪᠡᠶ᠎ᠠ ᠵᠢᠨ ᠬᠡᠰᠡᠭ ᠭᠠᠵᠠᠷ᠂ ᠬᠥᠬᠡᠬᠣᠲᠠ᠎ᠶᠢᠨ ᠪᠠᠷᠠᠭᠤᠨ ᠡᠮᠦᠨ᠎ᠡ ᠪᠡᠶ᠎ᠠ ᠵᠢᠨ ᠬᠡᠰᠡᠭ ᠭᠠᠵᠠᠷ ᠵᠢᠡᠷ ᠤᠩᠭᠠᠷᠢᠯ ᠬᠡᠢᠰᠴᠦ ᠡᠬᠢᠯᠡᠬᠦ ᠪᠤᠯᠤᠨ᠎ᠠ᠃

✦ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠶᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠨᠡᠢᠭᠡᠮ ᠨᠡᠶ᠋ᠢᠲᠡ᠎ᠡᠴᠡ ᠤᠯᠠᠮᠵᠢᠯᠠᠯᠲᠤ ᠭᠠᠷ ᠤᠷᠠᠯᠠᠯ᠎ᠤᠨ ᠵᠠᠬ᠎ᠠ ᠳᠡᠯᠭᠡᠭᠦᠷ᠎ᠦᠨ ᠬᠠᠭᠤᠷᠮᠠᠭ ᠦᠨᠡᠮᠯᠡᠯ᠂ ᠬᠠᠭᠤᠷᠮᠠᠭ ᠪᠠᠢᠭᠤᠯᠤᠮᠵᠢ᠂ ᠬᠠᠭᠤᠷᠮᠠᠭ ᠦᠢᠯᠡᠳᠬᠦᠨ᠂ ᠬᠠᠭᠤᠷᠮᠠᠭ ᠰᠦᠯᠵᠢᠶᠡᠨ ᠥᠷᠲᠡᠭᠡ᠎ᠶᠢᠨ ᠬᠠᠤᠯᠢ ᠲᠣᠭᠲᠠᠭᠠᠯ  ᠠ᠋ᠴᠠ ᠵᠥᠷᠢᠴᠡᠭᠰᠡᠨ ᠰᠦᠪᠡᠭᠴᠢ᠎ᠶᠢ ᠢᠯᠡ᠎ᠪᠡᠷ ᠴᠤᠭᠯᠠᠭᠤᠯᠵᠦ ᠪᠠᠢᠨ᠎ᠠ᠃

✦2026 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ 5《ᠵᠠᠩᠭᠢᠯᠠᠭ᠎ᠠ᠎ᠶᠢᠨ ᠦᠭᠡ》 ᠶ᠋ᠢᠨ ᠲᠣᠭᠣᠷᠢᠨ᠎ᠳᠤ ᠲᠠᠪᠤᠨ ᠲᠤᠰᠬᠠᠢ ᠠᠵᠢᠯᠯᠠᠭ᠎ᠠ᠎ᠶᠢ ᠬᠡᠷᠡᠭᠵᠢᠭᠦᠯᠵᠦ᠂ ᠵᠢᠷᠮᠦᠰᠦᠯᠡᠬᠦ᠎ᠡᠴᠡ ᠡᠮᠦᠨᠡᠬᠢ᠂ ᠵᠢᠷᠮᠦᠰᠦᠨ ᠬᠤᠭᠤᠴᠠᠭᠠᠨ᠎ᠤ᠂ ᠬᠥᠩᠭᠡᠵᠢᠭᠰᠡᠨ᠎ᠦ ᠳᠠᠷᠠᠭᠠᠬᠢ᠂ ᠬᠡᠦᠬᠡᠳ ᠪᠣᠢᠵᠢᠭᠤᠯᠬᠤ᠂ ᠤᠬᠠᠭᠤᠯᠭ᠎ᠠ ᠬᠥᠮᠦᠵᠢᠯ ᠵᠡᠷᠭᠡ ᠦᠷᠡᠵᠢᠯ ᠦ᠋ᠨ ᠳᠡᠮᠵᠢᠯᠭᠡ᠎ᠶᠢᠨ ᠪᠥᠬᠥ ᠬᠡᠯᠬᠢᠶ᠎ᠡ᠎ᠶᠢᠨ ᠦᠢᠯᠡᠴᠢᠯᠡᠭᠡ᠎ᠶᠢ ᠲᠦᠯᠬᠢᠨ ᠠᠬᠢᠭᠤᠯᠤᠨ᠎ᠠ᠃

✦ᠬᠥᠬᠡᠬᠣᠲᠠ᠎ᠶᠢᠨ ᠵᠠᠮ ᠬᠠᠷᠢᠯᠴᠠᠭᠠᠨ᠎ᠤ ᠴᠠᠭᠳᠠᠭ᠎ᠠ᠎ᠶᠢᠨ ᠰᠠᠯᠠᠭ᠎ᠠ ᠮᠥᠴᠢᠷ 16᠎ᠤ ᠡᠳᠦᠷ᠎ᠡᠴᠡ ᠡᠬᠢᠯᠡᠨ 6 ᠰᠠᠷ᠎ᠠ᠎ᠶᠢᠨ ᠰᠡᠭᠦᠯᠴᠢ ᠪᠣᠯᠲᠠᠯ᠎ᠠ ᠬᠥᠬᠡᠬᠣᠲᠠ᠎ᠶᠢᠨ ᠬᠡᠪᠴᠢᠶᠡᠨ᠎ᠳᠦ ᠲᠦᠷᠭᠡᠨ᠎ᠤ ᠵᠠᠰᠠᠮᠠᠯ ᠵᠠᠮ᠂ ᠤᠯᠤᠰ ᠪᠠ ᠮᠤᠵᠢ᠎ᠶᠢᠨ ᠵᠠᠮ᠂ ᠬᠣᠲᠠ ᠶ᠋ᠢᠨ ᠵᠠᠮ᠂ ᠮᠠᠯᠵᠢᠬᠤ ᠲᠠᠷᠢᠶᠠᠯᠠᠬᠤ ᠣᠷᠣᠨ ᠳ᠋ᠤ ᠠᠨᠭᠬᠠᠷᠤᠯ ᠵᠢᠡᠨ ᠲᠦᠪᠯᠡᠷᠡᠬᠦᠯᠦᠨ ᠬᠥᠮᠥᠨ᠂ ᠲᠡᠷᠭᠡ᠂ ᠵᠠᠮ᠂ ᠠᠵᠤ ᠠᠬᠤᠢᠯᠠᠯ ᠵᠡᠷᠭᠡ ᠳᠥᠷᠪᠡᠨ ᠲᠥᠷᠥᠯ᠎ᠦᠨ ᠬᠡᠮ ᠰᠣᠭᠣᠭ᠎ᠲᠤ ᠴᠢᠭᠯᠡᠭᠦᠯᠦᠨ᠂ ᠬᠠᠪᠤᠷ᠎ᠤᠨ ᠤᠯᠠᠷᠢᠯ᠎ᠤᠨ ᠵᠠᠮ ᠬᠠᠷᠢᠯᠴᠠᠭᠠᠨ᠎ᠤ ᠠᠮᠤᠷ ᠲᠦᠪᠰᠢᠨ ᠤ᠋ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠠ᠃

✦ᠵᠠᠷᠤᠳ ᠬᠣᠰᠢᠭᠤ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠦᠮᠦᠵᠢᠬᠦᠯᠬᠦ ᠠᠵᠢᠯ᠎ᠢ ᠯᠠᠪᠳᠠᠭᠤᠨ ᠪᠠᠳᠤᠳᠠᠢ ᠠᠳᠬᠤᠵᠤ᠂ ᠬᠦᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃ ᠣᠲᠣᠬᠠᠨ ᠪᠣᠯᠲᠠᠯ᠎ᠠ ᠨᠢᠭᠡᠨᠲᠡ 33 ᠣᠷᠣᠨ ᠨᠤᠲᠤᠭ᠎ᠤᠨ ᠴᠢᠳᠠᠪᠤᠷᠢᠲᠠᠨ᠎ᠤ ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠰᠠᠭᠤᠷᠢᠨ ᠢ᠋ ᠪᠠᠢᠭᠤᠯᠵᠤ᠂ 516 ᠣᠷᠣᠨ ᠨᠤᠲᠤᠭ᠎ᠤᠨ ᠰᠢᠯᠢᠳᠡᠭ ᠴᠢᠳᠠᠪᠤᠷᠢᠲᠠᠨ ᠢ᠋ ᠬᠥᠮᠥᠷᠭᠡ᠎ᠳᠦ ᠳᠠᠨᠭᠰᠠᠯᠠᠭᠤᠯᠤᠭᠰᠠᠨ ᠪᠠᠢᠨ᠎ᠠ᠃

✦ᠲᠦᠷᠦᠭᠦᠬᠡᠨ ᠬᠣᠷᠴᠢᠨ᠎ᠤ ᠡᠯᠡᠰᠦᠷᠬᠡᠭ ᠭᠠᠵᠠᠷ᠎ᠤᠨ ᠥᠷᠥᠴᠡ ᠪᠤᠯᠬᠤ ᠯᠤᠤᠬ᠎ᠠ ᠶ᠋ᠢᠨ ᠭᠣᠣᠯ᠎ᠤᠨ ᠳᠠᠨᠵᠢᠨ᠎ᠳᠠᠬᠢ ᠨᠠᠢ᠍ᠮᠠᠨ ᠬᠣᠰᠢᠭᠤᠨ᠎ᠤ ᠤᠯᠢᠶᠠᠰᠤ ᠰᠢᠶᠠᠩ᠎ᠤᠨ《ᠤᠮᠠᠷᠠᠲᠤ᠎ᠶᠢᠨ ᠭᠤᠷᠪᠠᠨ ᠣᠷᠣᠨ》᠎ᠤ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ ᠎ᠤᠨ ᠠᠵᠢᠯ ᠡᠬᠢᠯᠡᠵᠦ᠂ ᠵᠠᠭᠤ ᠭᠠᠷᠤᠢ ᠠᠵᠢᠯᠴᠢᠨ ᠡᠯᠡᠰᠦ ᠮᠠᠩᠬᠠᠨ᠎ᠳᠤ ᠭᠦᠨᠵᠡᠭᠡᠢᠷᠡᠨ᠂ ᠡᠯᠡᠰᠦ᠎ᠶᠢ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ ᠭᠠᠪᠰᠢᠭᠠᠢᠯᠠᠵᠤ ᠪᠣᠶ᠃

✦ᠤᠢᠷ᠎ᠠ ᠳ᠋ᠤ ᠦᠦᠰᠢᠨ ᠬᠣᠰᠢᠭᠤᠨ᠎ᠤ ᠬᠣᠶᠠᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠬᠥᠳᠡᠯᠮᠦᠷᠢ ᠮᠡᠷᠭᠡᠵᠢᠯ᠎ᠦᠨ ᠤᠷᠤᠯᠳᠤᠭᠠᠨ ᠭᠠᠯᠠᠭᠤᠲᠤ ᠪᠠᠯᠭᠠᠰᠤᠨ᠎ᠳᠤ ᠶᠠᠪᠤᠭᠳᠠᠵᠦ᠂ 19 ᠠᠩᠬ᠎ᠠ ᠳᠤᠮᠳᠠᠳᠤ ᠪᠠᠭ᠎ᠠ ᠰᠤᠷᠭᠠᠭᠤᠯᠢ᠎ᠶᠢᠨ 289 ᠰᠤᠷᠤᠭ᠍ᠴᠢ᠂ ᠬᠠᠮᠢᠶ᠎ᠠ ᠪᠦᠬᠦᠢ ᠬᠠᠮᠲᠤ ᠨᠢᠭᠡᠴᠢ᠂ ᠬᠤᠪᠢ ᠬᠥᠮᠥᠨ ᠤᠷᠤᠯᠳᠤᠭᠠᠨ᠎ᠳᠤ ᠤᠷᠤᠯᠴᠠᠵᠤ ᠬᠥᠳᠡᠯᠮᠦᠷᠢ ᠮᠡᠷᠭᠡᠵᠢᠯ᠎ᠦᠨ ᠬᠢᠷᠢ ᠲᠦᠪᠰᠢᠨ᠎ᠢᠶᠡᠨ ᠬᠠᠷᠠᠭᠤᠯᠤᠭᠰᠠᠨ ᠪᠠᠢᠨ᠎ᠠ᠃

 

ᠠᠵᠤ ᠠᠬᠤᠢ

✦16᠎ᠤ ᠡᠳᠦᠷ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠨᠢᠭᠡᠳᠦᠭᠡᠷ ᠤᠯᠠᠷᠢᠯ᠎ᠤᠨ ᠳᠤᠮᠳᠠᠳᠤ ᠤᠯᠤᠰ᠎ᠤᠨ ᠠᠵᠤ ᠠᠬᠤᠢ ᠵᠢᠨ ᠲᠤᠭ᠎ᠠ ᠪᠠᠷᠢᠮᠲᠠ ᠵᠢ ᠨᠡᠢᠲᠡᠯᠡᠪᠡ᠃ ᠠᠩᠬ᠎ᠠ ᠠᠯᠬᠤᠮ ᠲᠣᠭᠠᠴᠠᠯᠠᠭᠰᠠᠨ᠎ᠢᠶᠠᠷ᠂ ᠨᠢᠭᠡᠳᠦᠭᠡᠷ ᠤᠯᠠᠷᠢᠯ᠎ᠤᠨ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠨᠭᠬᠡᠢ ᠥᠷᠲᠡᠭ 334193 ᠳ᠋ᠦᠩᠰᠢᠭᠤᠷ ᠲᠥᠭᠥᠷᠢᠭ᠎ᠲᠦ ᠬᠦᠷᠴᠦ᠂ ᠥᠯᠥ ᠬᠤᠪᠢᠰᠬᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 5.0% ᠪᠡᠷ ᠨᠡᠮᠡᠭᠳᠡᠵᠡᠢ᠃

 

ᠰᠤᠶᠤᠯ

✦ᠣᠢᠷ᠎ᠠ᠎ᠳᠤ ᠤᠷᠠᠳ᠎ᠤᠨ ᠳᠤᠮᠳᠠᠳᠤ ᠬᠣᠰᠢᠭᠤᠨ᠎ᠤ ᠤᠳᠬ᠎ᠠ ᠤᠷᠠᠯᠢᠭ᠋ ᠤ᠋ᠨ ᠬᠢᠨ᠎ᠦ ᠬᠣᠯᠪᠣᠭ᠎ᠠ᠎ᠡᠴᠡ ᠡᠷᠬᠢᠯᠡᠭᠰᠡᠨ ᠮᠣᠷᠢᠲᠠᠢ ᠠᠶᠠᠯᠠᠯ᠎ᠤᠨ ᠠᠵᠢᠯᠯᠠᠭ᠎ᠠ ᠤᠷᠠᠳ᠎ᠤᠨ ᠳᠤᠮᠳᠠᠳᠤ ᠬᠣᠰᠢᠭᠤᠨ᠎ᠤ ᠣᠩᠭᠣᠨ ᠪᠠᠯᠭᠠᠰᠤᠨ᠎ᠳᠤ ᠶᠠᠪᠤᠭᠳᠠᠵᠤ᠂ 100 ᠭᠠᠷᠤᠢ ᠮᠣᠷᠢᠲᠠᠨ ᠤᠷᠤᠯᠴᠠᠵᠦ᠂ ᠠᠳᠤᠭᠤᠨ ᠰᠤᠶᠤᠯ᠎ᠤᠨ ᠲᠤᠬᠠᠢ ᠪᠠᠶᠠᠯᠢᠭ ᠤᠢᠯᠠᠭᠠᠯᠳᠠ ᠲᠠᠢ ᠪᠤᠯᠵᠠᠢ᠃

 

ᠲᠠᠮᠢᠷ

✦16᠎ᠤ ᠡᠳᠦᠷ᠂ 2026 ᠣᠨ᠎ᠤ ᠠᠽᠢᠶ᠎ᠠ ᠲᠢᠪ᠎ᠦᠨ ᠵᠢᠣᠳᠣᠣ ᠪᠥᠬᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ  ᠡᠬᠢᠯᠡᠯᠲᠡ᠎ᠶᠢᠨ ᠶᠣᠰᠣᠯᠠᠯ ᠣᠷᠳᠣᠰ ᠬᠤᠲᠠ᠎ᠶᠢᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠬᠥᠭᠵᠢᠭᠦᠯᠦᠯᠲᠡ᠎ᠶᠢᠨ ᠲᠥᠪ᠎ᠲᠦ ᠡᠬᠢᠯᠡᠵᠦ᠂ 21 ᠤᠯᠤᠰ ᠪᠣᠯᠣᠨ ᠭᠠᠵᠠᠷ ᠣᠷᠣᠨ᠎ᠠᠴᠠ ᠢᠷᠡᠭᠰᠡᠨ ᠠᠯᠪᠠᠨ ᠲᠤᠰᠢᠶᠠᠯᠲᠠᠨ᠂ ᠬᠦᠨᠳᠦᠲᠦ ᠵᠣᠴᠢᠨ᠂ ᠵᠢᠣᠳᠣᠣ ᠪᠥᠬᠡ᠎ᠶᠢᠨ ᠲᠠᠮᠢᠷᠴᠢᠨ᠂ ᠳᠠᠰᠬᠠᠯᠵᠢᠭᠤᠯᠤᠭ᠍ᠴᠢ᠂ ᠬᠢᠨᠠᠭ᠍ᠴᠢ ᠨᠠᠷ ᠣᠷᠣᠯᠴᠠᠵᠠᠢ᠃ ᠲᠤᠰ ᠤᠷᠤᠯᠳᠤᠭᠠᠨ 19᠎ᠤ ᠡᠳᠦᠷ ᠪᠤᠯᠳᠠᠯ᠎ᠠ ᠦᠷᠬᠦᠯᠵᠢᠯᠡᠬᠦ ᠪᠤᠯᠤᠨ᠎ᠠ᠃

✦16᠎ᠤ ᠡᠳᠦᠷ᠂ 2025 ︱ 2026 ᠤᠷᠤᠯᠳᠤᠭᠠᠨ᠎ᠤ ᠤᠯᠠᠷᠢᠯ ᠤ᠋ᠨ ᠪᠥᠬᠥ ᠤᠯᠤᠰ᠎ᠤᠨ ᠮᠥᠰᠥᠨ ᠳᠡᠪᠦᠷ᠎ᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠣᠯ᠎ᠤᠨ ᠮᠥᠰᠥᠨ ᠳᠡᠭᠡᠷᠡᠬᠢ ᠪᠡᠶ᠎ᠡ᠎ᠶᠢᠨ ᠲᠠᠮᠢᠷ᠎ᠤᠨ ᠪᠣᠯᠪᠠᠰᠤᠷᠠᠯ ᠤ᠋ᠨ ᠲᠥᠪ᠎ᠦᠨ ᠮᠥᠰᠥᠨ ᠳᠡᠪᠦᠷ᠎ᠡ᠎ᠶᠢᠨ ᠣᠷᠳᠣᠨ᠎ᠳᠤ ᠡᠬᠢᠯᠡᠪᠡ᠃ ᠤᠯᠤᠰ᠎ᠤᠨ ᠳᠣᠲᠣᠭᠠᠳᠤ᠎ᠶᠢᠨ ᠮᠥᠰᠥᠨ ᠳᠡᠪᠦᠷ᠎ᠡ᠎ᠶᠢᠨ ᠬᠦᠷᠢᠶᠡᠨ᠎ᠳᠡᠬᠢ ᠲᠡᠷᠢᠭᠦᠨ ᠳᠡᠰ᠎ᠤᠨ ᠤᠷᠤᠯᠳᠤᠭᠠᠨ᠎ᠤ ᠨᠢᠭᠡ ᠪᠣᠯᠤᠭᠰᠠᠨ᠎ᠤ ᠬᠤᠪᠢ᠎ᠳᠤ᠂ ᠲᠤᠰ ᠤᠳᠠᠭᠠᠨ᠎ᠤ ᠤᠷᠤᠯᠳᠤᠭᠠᠨ᠎ᠳᠤ ᠪᠦᠬᠦ ᠤᠯᠤᠰ᠎ᠤᠨ16 ᠲᠥᠯᠥᠭᠡᠯᠡᠭᠴᠢ᠎ᠶᠢᠨ ᠪᠠᠭ᠎ᠤᠨ128 ᠲᠠᠮᠢᠷᠴᠢᠨ ᠤᠷᠤᠯᠴᠠᠵᠠᠢ᠃

✦ᠲᠦᠷᠦᠭᠦᠬᠡᠨ 7 ᠡᠳᠦᠷ᠎ᠦᠨ ᠬᠤᠭᠤᠴᠠᠭ᠎ᠠ᠎ᠲᠠᠢ ᠶᠠᠪᠤᠭᠳᠠᠭᠰᠠᠨ ᠤᠯᠠᠭᠠᠨᠬᠠᠳᠠ ᠬᠤᠲᠠ ᠶ᠋ᠢᠨ ᠠᠷᠪᠠᠨ ᠬᠣᠶᠠᠳᠤᠭᠠᠷ ᠬᠤᠭᠤᠴᠠᠭᠠᠨ᠎ᠤ ᠰᠤᠷᠭᠠᠭᠤᠯᠢ ᠶ᠋ᠢᠨ ᠬᠦᠷᠢᠶᠡᠨ ᠤ᠋ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠠᠩᠬ᠎ᠠ ᠳᠤᠮᠳᠠᠳᠤ᠎ᠶᠢᠨ ᠳᠤᠭᠤᠢᠯᠠᠩ᠎ᠤᠨ ᠤᠷᠤᠯᠳᠤᠭᠠᠨ ᠠᠷᠤ ᠬᠣᠷᠴᠢᠨ ᠬᠣᠰᠢᠭᠤᠨ ᠳ᠋ᠤ᠌ ᠥᠨᠳᠥᠷᠯᠡᠵᠦ᠂ ᠪᠦᠬᠦ ᠬᠤᠲᠠ᠎ᠶᠢᠨ 12 ᠬᠣᠰᠢᠭᠤ ᠰᠢᠶᠠᠨ ᠲᠣᠭᠣᠷᠢᠭ᠋᠎ᠤᠨ 27 ᠰᠠᠯᠪᠤᠷᠢ ᠠᠩᠬ᠎ᠠ ᠳᠤᠮᠳᠠᠳᠤ᠎ᠶᠢᠨ ᠬᠥᠯ ᠪᠥᠮᠪᠥᠭᠡ᠎ᠶᠢᠨ ᠰᠣᠳᠣᠨ ᠪᠠᠭ᠎ᠤᠨ 500 ᠭᠠᠷᠤᠢ ᠵᠠᠯᠠᠭᠤ ᠪᠠᠭ᠎ᠠ ᠲᠠᠮᠢᠷᠴᠢᠨ ᠣᠷᠣᠯᠴᠠᠭᠰᠠᠨ ᠪᠠᠢᠨ᠎ᠠ᠃

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ 16᠎ᠤ ᠡᠳᠦᠷ ᠢᠯᠡᠷᠬᠡᠢᠯᠡᠬᠦ᠎ᠳᠡᠭᠡᠨ᠂ ᠠᠮᠧᠷᠢᠺᠠ ᠲᠣᠰ ᠭᠠᠷᠠᠭ᠎ᠤᠨ ᠰᠡᠭᠦᠯᠴᠢ᠎ᠪᠡᠷ ᠢᠷᠡᠨ᠎ᠲᠠᠢ ᠳᠠᠬᠢᠨᠲᠠ ᠨᠢᠭᠤᠷᠲᠠᠨ ᠬᠡᠯᠡᠯᠴᠡᠭᠡ ᠬᠢᠬᠦ ᠪᠣᠯᠣᠮᠵᠢ᠎ᠲᠠᠢ ᠪᠥᠭᠡᠳ ᠬᠡᠷᠪᠡ ᠠᠮᠧᠷᠢᠺᠠ ᠢᠷᠠᠨ ᠨᠠᠢᠷᠠᠮᠳᠠᠯ᠎ᠤᠨ ᠬᠡᠯᠡᠯᠴᠡᠭᠡᠷ ᠲᠣᠭᠲᠠᠪᠠᠯ ᠲᠡᠷᠡ ᠫᠠᠺᠢᠰᠲ᠋ᠠᠨ᠎ᠳᠤ ᠬᠦᠷᠴᠦ ᠭᠠᠷ᠎ᠤᠨ ᠥᠰᠥᠭ ᠵᠢᠷᠤᠬᠤ ᠵᠢ ᠪᠣᠳᠣᠯᠬᠢᠯᠠᠨ᠎ᠠ ᠭᠡᠵᠡᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠰᠷᠧᠯ᠎ᠦᠨ ᠶᠡᠷᠦᠩᠬᠡᠢ ᠰᠠᠢᠳ ᠨᠸᠢᠢᠲ᠋ᠠᠨᠢᠶᠠᠬᠣ᠋ 16 ᠎ᠤ ᠣᠷᠣᠢ ᠢᠯᠡᠷᠬᠡᠢᠯᠡᠯᠲᠡ ᠨᠡᠢᠲᠡᠯᠡᠵᠦ᠂ ᠢᠰᠷᠧᠯ᠎ᠦᠨ ᠬᠢᠨ ᠯᠧᠪᠠᠨᠣᠨ ᠯᠤᠭ᠎ᠠ《ᠲᠡᠦᠬᠡᠲᠦ ᠴᠢᠨᠠᠷᠲᠠᠢ ᠨᠠᠢᠷᠠᠮᠳᠠᠯ᠎ᠤᠨ ᠬᠡᠯᠡᠯᠴᠡᠭᠡᠷ》ᠲᠣᠬᠢᠷᠠᠯᠴᠠᠬᠤ ᠪᠤᠯᠤᠮᠵᠢ᠎ᠲᠠᠢ ᠪᠠᠢᠵᠦ᠂ ᠴᠡᠷᠢᠭ᠎ᠦᠨ ᠶᠠᠪᠤᠳᠠᠯ᠎ᠤᠨ ᠳᠠᠷᠤᠯᠲᠠ᠎ᠶᠢ ᠪᠠᠲᠤᠯᠠᠬᠤ᠎ᠶᠢᠨ ᠬᠠᠮᠲᠤ ᠬᠣᠯᠪᠣᠭᠳᠠᠯ ᠪᠦᠬᠦᠢ ᠬᠡᠯᠡᠯᠴᠡᠭᠡ᠎ᠶᠢ ᠠᠬᠢᠭᠤᠯᠤᠨ᠎ᠠ ᠭᠡᠪᠡ᠃

✦ᠲᠤᠬᠠᠢ ᠶ᠋ᠢᠨ ᠭᠠᠵᠠᠷ᠎ᠤᠨ ᠴᠠᠭ᠎ᠢᠶᠠᠷ 16᠎ᠤ ᠡᠳᠦᠷ ᠢᠷᠡᠨ᠎ᠤ ᠰᠤᠷᠭᠠᠨ ᠬᠥᠮᠦᠵᠢᠯ ᠦ᠋ᠨ ᠶᠠᠮᠤᠨ᠎ᠤ ᠥᠭᠦᠯᠡᠭᠴᠢ ᠢᠯᠡᠷᠬᠡᠢᠯᠡᠭᠰᠡᠨ ᠵᠢᠡᠷ᠂ ᠰᠤᠷᠭᠠᠨ ᠬᠥᠮᠦᠵᠢᠯ᠎ᠦᠨ ᠶᠠᠮᠤᠨ᠎ᠤ ᠲᠣᠭᠲᠠᠭᠠᠯ ᠶᠤᠰᠤᠭᠠᠷ ᠲᠤᠰ ᠰᠠᠷ᠎ᠠ  ᠶ᠋ᠢᠨ 21᠎ᠦ ᠡᠳᠦᠷ᠎ᠡᠴᠡ ᠡᠬᠢᠯᠡᠨ ᠳᠠᠬᠢᠨ ᠮᠡᠳᠡᠭᠳᠡᠯ ᠪᠠᠭᠤᠯᠭᠠᠬᠤ ᠪᠤᠯᠲᠠᠯ᠎ᠠ ᠪᠦᠬᠦ ᠤᠯᠤᠰ᠎ᠤᠨ ᠡᠯ᠎ᠡ ᠱᠠᠲᠤᠨ᠎ᠤ ᠰᠤᠷᠭᠠᠭᠤᠯᠢ ᠰᠦᠯᠵᠢᠶᠡᠨ ᠳᠡᠭᠡᠷ᠎ᠡ ᠬᠢᠴᠢᠶᠡᠯᠯᠡᠨ᠎ᠡ ᠭᠡᠵᠡᠢ᠃

 

ᠦᠢᠯᠡᠴᠢᠯᠡᠭᠡ

✦ᠬᠥᠬᠡᠬᠣᠲᠠ᠎ᠶᠢᠨ ᠰᠠᠢᠬᠠᠨ ᠲᠣᠭᠣᠷᠢᠭ᠋ 150 ᠠᠵᠢᠯ ᠣᠯᠭᠣᠯᠲᠠ᠎ᠶᠢᠨ ᠲᠤᠰᠠᠯᠠᠭ᠍ᠴᠢ ᠡᠯᠰᠡᠨ᠎ᠠ᠃ 

 

ᠲᠠᠨ᠎ᠤ ᠲᠤᠰᠠ᠎ᠳᠤ

✦ ᠡᠳᠦᠷ ᠲᠤᠲᠤᠮ᠎ᠤᠨ ᠶᠠᠯᠢᠮ ᠦᠭᠡᠢ ᠪᠠᠭ᠎ᠠ ᠬᠥᠳᠡᠯᠭᠡᠭᠡᠨ ᠨᠢ ᠪᠦᠷ ᠪᠦᠰᠡᠯᠡᠭᠦᠷ ᠰᠡᠭᠡᠷ᠎ᠦᠨ ᠡᠷᠡᠭᠦᠯ ᠴᠢᠭᠢᠷᠠᠭ᠎ᠢ ᠨᠥᠯᠥᠭᠡᠯᠡᠨ᠎ᠡ᠃ ᠵᠢᠱ᠌ᠢᠶᠡᠯᠡᠪᠡᠯ ᠲᠣᠯᠣᠭᠠᠢ ᠤᠬᠢᠶᠠᠬᠤ ᠳ᠋ᠠᠭᠠᠨ ᠬᠡᠳᠦ ᠪᠥᠬᠥᠢᠪᠡᠯ ᠨᠢᠷᠤᠭᠤᠨ᠎ᠤ ᠬᠡᠰᠡᠭ᠎ᠦᠨ ᠳᠠᠷᠤᠯᠲᠠ᠎ᠶᠢ ᠶᠡᠬᠡ ᠪᠣᠯᠭᠠᠳᠠᠭ᠃ ᠡᠢᠮᠦ ᠡᠴᠡ ᠨᠢᠭᠤᠷ ᠭᠠᠷ ᠵᠢᠡᠨ ᠤᠭᠢᠶᠠᠬᠤ᠂ ᠭᠡᠷ ᠲᠡᠷᠭᠡ ᠪᠡᠨ ᠴᠡᠪᠡᠷᠯᠡᠬᠦ᠂ ᠶᠠᠭᠤᠮ᠎ᠠ ᠬᠡᠤᠮ᠎ᠠ ᠡᠷᠭᠦᠭᠦ ᠵᠡᠷᠭᠡ ᠡᠨᠭ᠎ᠤᠨ ᠪᠠᠢᠳᠠᠯ ᠳ᠋ᠤ ᠴᠦ᠍ ᠤᠷᠢᠳ ᠵᠢᠡᠷ ᠡᠪᠦᠳᠦᠭ᠎ᠤᠨ ᠦᠶ᠎ᠠ ᠪᠡᠨ ᠪᠠᠭ᠎ᠠ ᠵᠡᠷᠭᠡ ᠨᠤᠭᠤᠷᠠᠨ ᠳᠠᠬᠢᠨ ᠪᠦᠬᠦᠢᠬᠦ ᠨᠢ ᠪᠦᠰᠡᠯᠡᠭᠦᠷ ᠰᠡᠭᠡᠷ᠎ᠦᠨ ᠳᠠᠷᠤᠯᠲᠠ᠎ᠶᠢ ᠪᠠᠭᠠᠰᠬᠠᠵᠤ᠂ ᠰᠡᠭᠡᠷ᠎ᠦᠨ ᠲᠠᠪᠠᠭ᠎ᠤᠨ ᠳᠠᠭᠠᠭᠠᠴᠠ᠎ᠠᠴᠠ ᠬᠡᠲᠦᠷᠡᠲᠡᠯ᠎ᠡ ᠬᠦᠴᠦᠯᠡᠬᠦ ᠡᠴᠡ ᠵᠠᠢᠯᠠᠰᠬᠢᠵᠤ ᠴᠢᠳᠠᠳᠠᠭ᠃

ᠵᠠᠯᠭᠠᠭᠠᠳ 《ᠨᠠᠷᠠᠨ᠎ᠤ ᠢᠪᠡᠭᠡᠯᠲᠦ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号