4 ᠰᠠᠷ᠎ᠠ ᠵᠢᠨ 19 ᠤ᠋ ᠡᠳᠤᠷ
ᠡᠬᠢᠯᠡᠬᠦ᠌ ᠴᠠᠭ᠄
2026-04-19 10:05:21
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄

ᠤᠩᠰᠢᠭᠰᠠᠨ ᠤᠳᠠᠭ᠎ᠠ᠄

01封面模板_01.png




 ᠨᠡᠢᠭᠡᠮ                                  

✦ᠮᠠᠨ᠎ᠤ ᠤᠯᠤᠰ᠎ᠤᠨ ᠣᠨᠴᠠ ᠡᠷᠲᠡ ᠪᠣᠯᠪᠠᠰᠤᠷᠠᠬᠤ ᠰᠢᠯᠢᠮᠳᠡᠭ᠎ᠦᠨ ᠡᠭᠦᠯᠳᠡᠷ ᠪᠣᠢᠵᠢᠭᠤᠯᠬᠤ ᠠᠵᠢᠯ ᠰᠢᠪᠲᠤᠯᠤᠯᠲᠠ᠎ᠲᠠᠢ ᠪᠣᠯᠵᠤ᠂ ᠨᠢᠭᠡ ᠯᠡ ᠤᠳᠠᠭ᠎ᠠ᠎ᠶᠢᠨ ᠴᠢᠨᠠᠷᠲᠠᠢ ᠮᠧᠬᠠᠨᠢᠭ᠋᠎ᠢᠶᠠᠷ ᠪᠣᠳᠠᠲᠠᠢ ᠬᠤᠷᠢᠶᠠᠭᠰᠠᠨ ᠰᠢᠯᠢᠮᠳᠡᠭ᠎ᠦᠨ ᠦᠷ᠎ᠡ᠎ᠶᠢᠨ ᠮᠦ᠍ ᠨᠢᠭᠡᠴᠢ ᠵᠢᠨ ᠤᠨᠠᠯᠲᠠ 201.96 ᠺᠢᠯᠣᠭ᠌ᠷᠠᠮ᠎ᠳᠤ ᠬᠦᠷᠴᠦ᠂ ᠪᠦᠬᠦ ᠤᠷᠭᠤᠯᠳᠠ᠎ᠦᠨ ᠬᠤᠭᠤᠴᠠᠭ᠎ᠠ ᠨᠢ 166 ᠡᠳᠦᠷ ᠪᠠᠢᠵᠤ᠂ ᠤᠯᠤᠰ᠎ᠤᠨ ᠪᠤᠭᠤᠮᠳᠠ ᠰᠢᠪᠲᠤᠯᠬᠤ ᠭᠦᠢᠴᠡᠳᠬᠡᠯ ᠲᠣᠭ᠎ᠠ᠎ᠠᠴᠠ 14 ᠡᠳᠦᠷ ᠪᠣᠭᠣᠨᠢᠰᠴᠠᠢ᠃

✦ᠤᠢᠷ᠎ᠠ ᠳ᠋ᠤ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ《ᠡᠮ᠎ᠦᠨ ᠵᠦᠢᠯᠡᠰ᠎ᠦᠨ ᠦᠨ᠎ᠡ ᠬᠠᠩᠰᠢ᠎ᠶᠢᠨ ᠪᠦᠷᠢᠯᠳᠦᠬᠦ ᠲᠣᠭᠲᠠᠴᠠ᠎ᠶᠢ ᠪᠦᠷᠢᠨᠰᠢᠭᠦᠯᠬᠦ ᠲᠤᠬᠠᠢ ᠰᠠᠨᠠᠯ᠎ᠤᠳ》᠎ᠢ ᠨᠡᠢᠲᠡᠯᠡᠵᠦ ᠂ 14 ᠵᠦᠢᠯ᠎ᠦᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃

✦ᠣᠲᠣᠬᠠᠨ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠪᠣᠢᠵᠢᠭᠤᠯᠬᠤ ᠨᠥᠬᠥᠪᠦᠷᠢ᠎ᠶᠢᠨ ᠳᠦᠷᠢᠮ ᠨᠢᠭᠡᠨᠲᠡ 47.7 ᠲᠦᠮᠡᠨ ᠬᠥᠮᠥᠨ᠎ᠳᠦ ᠠᠰᠢᠭ᠋ ᠬᠦᠷᠲᠡᠭᠡᠵᠦ᠂ ᠪᠥᠬᠥ ᠣᠷᠣᠨ᠎ᠤ ᠪᠣᠶ ᠪᠦᠬᠦᠢ ᠬᠥᠩᠭᠡᠵᠢᠭᠦᠯᠬᠦ ᠪᠠᠢᠭᠤᠯᠤᠮᠵᠢ᠎ᠨᠤᠭᠤᠳ ᠴᠥᠮ ᠨᠢᠷᠠᠢ ᠬᠡᠦᠬᠡᠳ᠎ᠦᠨ ᠡᠪᠡᠳᠴᠢᠨ ᠡᠮᠭᠡᠭ᠎ᠢ ᠰᠢᠭ᠌ᠰᠢᠨ ᠪᠠᠢᠴᠠᠭᠠᠬᠤ ᠦᠢᠯᠡᠴᠢᠯᠡᠭᠡ᠎ᠶᠢ ᠬᠠᠩᠭᠠᠵᠤ ᠳᠡᠶ᠋ᠢᠯᠬᠦ ᠪᠤᠯᠵᠠᠢ᠃

✦ᠤᠢᠷ᠎ᠠ ᠳ᠋ᠤ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》ᠠᠵᠢᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠵᠦ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶᠢᠨ ᠲᠣᠭᠣᠷᠢᠨ᠎ᠳᠤ ᠨᠠᠢ᠍ᠮᠠᠨ ᠵᠦᠢᠯ᠎ᠦᠨ ᠠᠷᠭ᠎ᠠ ᠬᠡᠮᠵᠢᠶ᠎ᠡ᠎ᠶᠢ ᠪᠠᠢᠷᠢᠯᠠᠭᠤᠯᠤᠨ ᠬᠡᠷᠡᠭᠵᠢᠭᠦᠯᠵᠦ᠂ ᠲᠠᠪᠤᠨ ᠬᠥᠮᠦᠵᠢᠯ᠎ᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠨ᠂ ᠰᠤᠷᠤᠭ᠍ᠴᠢᠳ᠎ᠤᠨ ᠪᠡᠶ᠎ᠡ ᠮᠠᠬᠠᠪᠤᠳ᠎ᠢ ᠪᠥᠬᠥ ᠲᠠᠯ᠎ᠠ᠎ᠪᠠᠷ ᠴᠢᠭᠢᠷᠠᠭᠵᠢᠭᠤᠯᠵᠤ᠂ ᠡᠷᠡᠭᠦᠯ ᠰᠡᠳᠬᠢᠴᠡ ᠵᠢ ᠪᠣᠢᠵᠢᠭᠤᠯᠬᠤ ᠬᠡᠷᠡᠭᠳᠡᠢ ᠭᠡᠵᠦ ᠱᠠᠭᠠᠷᠳᠠᠪᠠ᠃

✦2025 ᠣᠨ᠎ᠤ ᠰᠡᠭᠦᠯᠴᠢ ᠪᠣᠯᠲᠠᠯ᠎ᠠ᠂ ᠰᠢᠯᠢ᠎ᠶᠢᠨ ᠭᠣᠣᠯ ᠠᠢᠮᠠᠭ 《ᠤᠮᠠᠷᠠᠲᠤ᠎ᠶᠢᠨ ᠭᠤᠷᠪᠠᠨ ᠣᠷᠣᠨ》ᠤ᠋ ᠢᠨᠵᠧᠨᠧᠷᠢᠩ᠎ᠦᠨ ᠤᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ 1815.5 ᠲᠦᠮᠡᠨ ᠮᠦ᠍ ᠪᠡᠶᠡᠯᠡᠭᠦᠯᠵᠦ᠂ 2026 ᠣᠨ᠎ᠳᠤ ᠪᠠᠰᠠ ᠪᠦᠬᠦ ᠣᠷᠣᠨ᠎ᠤ ᠲᠠᠪᠤᠨ᠎ᠤ ᠨᠢᠭᠡ ᠬᠤᠪᠢ᠎ᠶᠢᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠡᠭᠦᠷᠭᠡᠯᠡᠬᠦ ᠪᠣᠯᠣᠨ᠎ᠠ᠃ ᠡᠨᠡ ᠵᠢᠯ ᠲᠥᠯᠥᠪᠵᠢᠭᠦᠯᠦᠨ ᠵᠠᠰᠠᠬᠤ ᠡᠭᠦᠷᠭᠡ ᠶ᠋ᠢᠨ 65% ᠠ᠋ᠴᠠ 70% ᠶ᠋ᠢ ᠪᠡᠶᠡᠯᠡᠭᠦᠯᠵᠦ᠂ 2027᠂ 2028 ᠣᠨ ᠠ᠋ᠴᠠ ᠡᠮᠦᠨ᠎ᠡ ᠡᠯᠡᠰᠦᠷᠬᠡᠭ ᠭᠠᠵᠠᠷ᠎ᠢ ᠵᠠᠰᠠᠬᠤ᠎ᠶᠢ ᠪᠥᠬᠥ ᠲᠠᠯ᠎ᠠ᠎ᠪᠠᠷ ᠪᠡᠶᠡᠯᠡᠭᠦᠯᠬᠦ᠎ᠪᠡᠷ ᠴᠢᠷᠮᠠᠢᠨ᠎ᠠ᠃

✦ᠲᠦᠩᠯᠢᠶᠣᠣ ᠬᠣᠲᠠ ᠡᠷᠲᠡᠨ᠎ᠦ ᠮᠣᠳᠣ᠌ ᠨᠠᠷᠠᠲᠤ ᠮᠣᠳᠣᠨ᠎ᠤ ᠬᠠᠮᠠᠭᠠᠯᠠᠯᠲᠠ ᠶ᠋ᠢᠨ ᠬᠠᠯᠬᠠᠪᠴᠢ᠎ᠶᠢ ᠪᠠᠲᠤ ᠴᠣᠭᠴᠠᠯᠠᠵᠦ᠂ ᠪᠦᠬᠦ ᠬᠤᠲᠠ᠎ᠶᠢᠨ 378 ᠲᠠᠷᠠᠬᠠᠢ ᠪᠤᠲᠠᠷᠬᠠᠢ ᠣᠷᠭᠣᠭᠰᠠᠨ ᠡᠷᠲᠡᠨ᠎ᠦ ᠮᠣᠳᠣ᠌ ᠪᠠ 5 ᠡᠷᠲᠡᠨ᠎ᠦ ᠮᠣᠳᠣᠨ᠎ᠤ ᠰᠦᠷᠦᠭᠵᠢᠯ ᠰᠢᠨ᠎ᠡ ᠠᠮᠢᠯᠠᠯ᠎ᠢᠶᠠᠨ ᠣᠯᠪᠠ᠃ ᠡᠭᠦᠨ᠎ᠳᠦ ᠣᠨ ᠵᠢᠯ᠎ᠢᠶᠡᠷ ᠬᠠᠮᠤᠭ ᠤ᠋ᠨ ᠤᠷᠳᠤ ᠡᠷᠲᠡᠨ᠎ᠦ ᠮᠣᠳᠣ᠌ ᠪᠣᠯ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠤᠳᠠᠨᠲᠠᠯ᠎ᠠ ᠣᠢ ᠰᠢᠭᠤᠢ᠎ᠶᠢᠨ ᠲᠠᠯᠠᠪᠠᠢ᠎ᠶᠢᠨ ᠨᠢᠭᠡᠨ ᠪᠠᠲᠤᠴᠠᠭᠠᠨ ᠪᠣᠯᠣᠨ᠎ᠠ᠂ ᠲᠤᠰ ᠮᠣᠳᠣ᠌ ᠪᠠᠷᠤᠭ 850 ᠵᠢᠯ ᠪᠣᠯᠵᠤ ᠪᠠᠢᠨ᠎ᠠ᠃

✦ᠡᠨᠡ ᠵᠢᠯ ᠣᠷᠳᠣᠰ ᠬᠣᠲᠠ 4 ᠰᠠᠷ᠎ᠠ᠎ᠶᠢᠨ 16᠎ᠠᠴᠠ 23᠎ᠤ ᠡᠳᠦᠷ ᠪᠣᠯᠳᠠᠯ᠎ᠠ ᠲᠥᠪᠯᠡᠷᠡᠭᠦᠯᠦᠨ ᠠᠯᠪᠠᠨ ᠵᠢᠷᠤᠮ᠎ᠤᠨ ᠮᠣᠳᠣ᠌ ᠲᠠᠷᠢᠵᠤ᠂《ᠤᠮᠠᠷᠠᠲᠤ ᠶ᠋ᠢᠨ ᠭᠤᠷᠪᠠᠨ ᠣᠷᠣᠨ》᠎ᠤ ᠢᠨᠵᠧᠨᠧᠷᠢᠩ ᠎ᠦᠨ ᠵᠢᠷᠭᠤᠳᠤᠭᠠᠷ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠳᠦ 1400 ᠲᠦᠮᠡᠨ ᠮᠦ᠍᠎ᠶᠢᠨ ᠣᠢᠵᠢᠭᠤᠯᠤᠯᠲᠠ ᠬᠢᠬᠦ ᠶ᠋ᠢ ᠪᠡᠶᠡᠯᠡᠭᠦᠯᠵᠦ᠂ ᠡᠭᠦᠨ᠎ᠳᠦ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠡᠭᠦᠷᠭᠡ᠎ᠶᠢ 600 ᠲᠦᠮᠡᠨ ᠮᠦ᠍ ᠪᠡᠶᠡᠯᠡᠭᠦᠯᠵᠦ᠂ 800 ᠲᠦᠮᠡᠨ ᠠᠯᠪᠠᠨ ᠵᠢᠷᠤᠮ᠎ᠤᠨ ᠮᠣᠳᠣ᠌ ᠲᠠᠷᠢᠬᠤ᠎ᠪᠡᠷ ᠲᠥᠯᠥᠪᠯᠡᠵᠦ ᠪᠠᠢᠨ᠎ᠠ᠃

✦15᠎ᠤ ᠡᠳᠦᠷ᠂ ᠬᠢᠩᠭᠠᠨ ᠠᠢᠮᠠᠭ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠢᠯᠡᠨ ᠪᠠᠢᠴᠠᠭᠠᠬᠤ ᠥᠷᠲᠡᠭᠡ ᠪᠥᠬᠥ ᠠᠢᠮᠠᠭ᠎ᠤᠨ ᠡᠯ᠎ᠡ ᠭᠠᠵᠠᠷ᠎ᠤᠨ ᠣᠶ ᠰᠢᠭᠤᠢ ᠨᠤᠲᠤᠭ ᠪᠡᠯᠴᠢᠭᠡᠷ ᠦ᠋ᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠢᠯᠡᠨ ᠪᠠᠢᠴᠠᠭᠠᠬᠤ ᠪᠠᠢᠭᠤᠯᠤᠮᠵᠢ᠎ᠶᠢ ᠨᠢᠭᠡᠳᠦᠯᠲᠡᠢ ᠲᠥᠯᠥᠪᠵᠢᠬᠦᠯᠦᠨ ᠵᠣᠬᠢᠶᠠᠨ ᠪᠠᠢᠭᠤᠯᠵᠤ᠂ ᠲᠤᠰᠬᠠᠢ ᠰᠡᠳᠦᠪᠲᠦ ᠰᠢᠨᠵᠢᠯᠡᠬᠦ ᠤᠬᠠᠭᠠᠨ ᠎ᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯᠯᠠᠭ᠎ᠠ᠎ᠶᠢ ᠲᠥᠪᠯᠡᠷᠡᠭᠦᠯᠦᠨ   ᠥᠷᠨᠢᠭᠦᠯᠪᠠ᠃

✦ᠤᠢᠷ᠎ᠠ ᠵᠢᠨ ᠡᠳᠦᠷ ᠡᠴᠡ ᠦᠦᠰᠢᠨ ᠬᠣᠰᠢᠭᠤ ᠣᠷᠳᠣᠰ᠎ᠤᠨ ᠨᠠᠷᠢᠨ ᠨᠣᠣᠰᠣᠲᠤ ᠬᠣᠨᠢᠨ᠎ᠳᠤ ᠬᠢᠨᠠᠨ ᠲᠣᠭᠲᠠᠭᠠᠯᠲᠠ ᠬᠢᠵᠦ ᠡᠬᠢᠯᠡᠭᠰᠡᠨ ᠪᠠᠢᠨ᠎ᠠ᠃ ᠦᠦᠰᠢᠨ ᠬᠣᠰᠢᠭᠤᠨ᠎ᠳᠤ ᠪᠠᠷᠢᠮᠵᠢᠶᠠᠵᠢᠭ᠍ᠰᠠᠨ ᠦᠷ᠎ᠡ᠎ᠶᠢᠨ ᠮᠠᠯ᠎ᠢ ᠪᠣᠢᠵᠢᠭᠤᠯᠬᠤ ᠰᠠᠭᠤᠷᠢᠨ ᠨᠡᠢᠲᠡ 3 ᠂ ᠦᠷ᠎ᠡ᠎ᠶᠢᠨ ᠮᠠᠯ ᠪᠣᠢᠵᠢᠭᠤᠯᠵᠤ ᠪᠠᠢᠭ᠎ᠠ ᠡᠷᠦᠬᠡ 30 ᠭᠠᠷᠤᠢ ᠪᠠᠢᠵᠦ᠂ ᠨᠡᠢᠲᠡ 4000 ᠭᠠᠷᠤᠢ ᠣᠷᠳᠣᠰ᠎ᠤᠨ ᠨᠠᠷᠢᠨ ᠨᠣᠣᠰᠣᠲᠤ ᠬᠣᠨᠢᠨ᠎ᠳᠦ ᠬᠢᠨᠠᠨ ᠲᠣᠭᠲᠠᠭᠠᠯᠲᠠ ᠬᠢᠬᠦ᠎ᠪᠦᠭᠡᠳ ᠬᠢᠨᠠᠨ ᠲᠣᠭᠲᠠᠭᠠᠯᠲᠠ᠎ᠶᠢᠨ ᠠᠵᠢᠯ ᠢ᠋ ᠳᠥᠷᠪᠡᠳᠦᠭᠡᠷ ᠰᠠᠷ᠎ᠠ᠎ᠶᠢᠨ ᠰᠡᠭᠦᠯᠴᠢ᠎ᠪᠡᠷ ᠪᠦᠬᠦᠨ᠎ᠢ ᠬᠢᠵᠦ ᠳᠠᠭᠤᠰᠬᠠᠬᠤ ᠪᠠᠷ ᠲᠥᠯᠥᠪᠯᠡᠵᠦ ᠪᠠᠢᠨ᠎ᠠ᠃

 ᠠᠵᠦ ᠠᠬᠤᠢ 

✦ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 70 ᠲᠣᠮᠣ᠌ ᠳᠤᠮᠳᠠ ᠬᠣᠲᠠ᠎ᠶᠢᠨ ᠳᠣᠲᠣᠷ᠎ᠠ᠂ ᠲᠤᠮᠤ ᠬᠣᠲᠠ᠎ᠶᠢᠨ ᠲᠠᠸᠠᠷ᠎ᠤᠨ ᠣᠷᠣᠨ ᠰᠠᠭᠤᠴᠠ ᠶ᠋ᠢᠨ ᠪᠤᠷᠤᠯᠠᠭᠤᠯᠭ᠎ᠠ ᠵᠢᠨ ᠦᠨ᠎ᠡ ᠳᠡᠭᠡᠷ᠎ᠠ ᠰᠠᠷ᠎ᠠ᠎ᠶᠢᠨ ᠬᠢ᠎ᠡᠴᠡ᠎ᠪᠡᠨ ᠥᠰᠴᠦ᠂ ᠳᠤᠮᠳᠠ ᠪᠠᠭ᠎ᠠ ᠬᠣᠲᠠ᠎ᠶᠢᠨ ᠦᠨ᠎ᠠ ᠵᠢᠨ ᠳᠡᠭᠡᠷ᠎ᠠ ᠰᠠᠷ᠎ᠠ᠎ᠶᠢᠨ ᠬᠢ᠎ᠡᠴᠡ᠎ᠪᠡᠨ ᠪᠠᠭᠤᠷᠠᠭᠰᠠᠨ ᠬᠡᠮᠵᠢᠶ᠎ᠡ ᠪᠠᠭᠠᠰᠤᠭᠰᠠᠨ ᠪᠤᠶᠤ ᠠᠳᠠᠯᠢ ᠪᠣᠯᠤᠭᠰᠠᠨ ᠪᠠᠢᠨ᠎ᠠ᠃

✦ᠪᠤᠭᠤᠲᠤ ᠬᠣᠲᠠ ᠎ᠶᠢᠨ ᠮᠠᠰᠢᠨ ᠲᠡᠷᠭᠡᠨ ᠎ᠦ ᠨᠡᠢᠭᠡᠮᠯᠢᠭ ᠎ᠦᠨ ᠳᠥᠷᠪᠡᠳᠦᠭᠡᠷ ᠬᠤᠭᠤᠴᠠᠭᠠᠨ᠎ᠤ ᠮᠠᠰᠢᠨ ᠲᠡᠷᠭᠡᠨ᠎ᠦ ᠬᠡᠷᠡᠭᠯᠡᠭᠡ ᠵᠢ ᠠᠬᠢᠭᠤᠯᠬᠤ ᠠᠵᠢᠯᠯᠠᠭ᠎ᠠ 4 ᠰᠠᠷ᠎ᠠ᠎ᠶᠢᠨ 30 ᠤ᠋ ᠡᠳᠦᠷ᠎ᠡᠴᠡ 5 ᠰᠠᠷ᠎ᠠ᠎ᠶᠢᠨ 5 ᠤ᠋ ᠡᠳᠦᠷ ᠪᠣᠯᠲᠠᠯ᠎ᠠ ᠶᠠᠪᠤᠭᠳᠠᠵᠦ᠂ ᠨᠡᠶ᠋ᠢᠲᠡ 150 ᠲᠦᠮᠡᠨ ᠲᠥᠭᠥᠷᠢᠭ᠎ᠦᠨ ᠲᠤᠰᠬᠠᠢ ᠨᠥᠬᠥᠪᠦᠷᠢ᠎ᠶᠢᠨ ᠪᠡᠯᠡ ᠮᠥᠩᠭᠥ ᠳᠤᠬᠢᠷᠠᠭᠤᠯᠬᠤ ᠪᠤᠯᠤᠨ᠎ᠠ᠃

 ᠰᠤᠶᠤᠯ 

✦16᠎ᠤ ᠣᠷᠣᠢ᠂ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠭᠡᠵᠢᠩ᠎ᠦᠨ ᠣᠯᠠᠨ ᠤᠯᠤᠰ᠎ᠤᠨ ᠺᠢᠨᠣ᠋ ᠶ᠋ᠢᠨ ᠨᠠᠢᠷ ᠡᠬᠢᠯᠡᠪᠡ᠃ ᠲᠣᠰ ᠬᠤᠭᠤᠴᠠᠭᠠᠨ᠎ᠤ ᠪᠡᠭᠡᠵᠢᠩ᠎ᠦᠨ ᠺᠢᠨᠣ᠋᠎ᠶᠢᠨ ᠨᠠᠢᠷ᠎ᠲᠤ 139 ᠤᠯᠤᠰ ᠪᠠ ᠭᠠᠵᠠᠷ ᠣᠷᠣᠨ ᠠ᠋ᠴᠠ ᠢᠷᠡᠭᠰᠡᠨ 1826 ᠺᠢᠨᠣ᠋ 《ᠲᠢᠶᠠᠨ ᠲᠠᠨ ᠱᠠᠩᠨᠠᠯ》ᠳ᠋ᠤ ᠦᠷᠢᠰᠦᠯᠳᠦᠵᠦ᠂ ᠳᠡᠯᠡᠬᠡᠢᠴᠢᠯᠡᠯᠲᠡ᠎ᠶᠢᠨ ᠬᠢᠷᠢ ᠲᠦᠪᠰᠢᠨ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃

✦2026 ᠣᠨ᠎ᠤ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶᠢᠨ ᠤᠯᠠᠷᠢᠯ 4 ᠰᠠᠷ᠎ᠠ᠎ᠶᠢᠨ 21᠎ᠦ ᠡᠳᠦᠷ᠎ᠡᠴᠡ ᠡᠬᠢᠯᠡᠵᠦ᠂ 9 ᠰᠠᠷ᠎ᠠ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ ᠶ᠋ᠢᠨ ᠤᠯᠠᠷᠢᠯ᠎ᠳᠤ ᠠᠷᠠᠳ᠎ᠲᠤ ᠠᠰᠢᠭ᠋ ᠬᠦᠷᠲᠡᠭᠡᠬᠦ ᠪᠢᠯᠧᠲ ᠵᠡᠷᠭᠡ ᠬᠡᠯᠪᠡᠷᠢ᠎ᠪᠡᠷ ᠬᠠᠮᠤᠭ᠎ᠤᠨ ᠳᠤᠤᠷ᠎ᠠ᠎ᠳᠠᠭᠠᠨ 5.9 ᠲᠥᠭᠥᠷᠢᠭ᠎ᠦᠨ ᠪᠢᠯᠧᠲ ᠲᠣᠬᠢᠷᠠᠭᠤᠯᠤᠨ᠎ᠠ᠃

✦ᠠᠯᠠᠱᠠ ᠵᠢᠨ ᠬᠤᠳᠠ᠎ᠶᠢᠨ ᠨᠠᠭᠠᠳᠤᠮ᠎ᠤᠨ ᠠᠵᠢᠯᠯᠠᠭ᠎ᠠ 17 ᠤ᠋ ᠡᠳᠦᠷ ᠡᠬᠢᠯᠡᠵᠦ᠂ ᠭᠤᠷᠪᠠᠨ ᠡᠳᠦᠷ ᠶᠠᠪᠤᠭᠳᠠᠬᠤ ᠪᠤᠯᠤᠨ᠎ᠠ᠃ ᠲᠤᠰ ᠠᠵᠢᠯᠯᠠᠭ᠎ᠠ ᠨᠢ ᠠᠯᠠᠱᠠ ᠮᠦᠽᠧᠢ᠂ ᠠᠯᠠᠱᠠ ᠠᠢᠮᠠᠭ᠎ᠤᠨ ᠨᠣᠮ᠎ᠤᠨ ᠰᠠᠩ᠎ᠵᠡᠷᠭᠡ ᠭᠠᠵᠠᠷ ᠵᠢᠡᠷ ᠠᠴᠢᠶᠠᠯᠠᠪᠤᠷᠢ ᠪᠤᠯᠭᠠᠵᠦ᠂ ᠠᠯᠠᠱᠠ᠎ᠨᠤᠲᠤᠭ᠎ᠤᠨ ᠥᠪᠡᠷᠮᠢᠴᠡ ᠵᠠᠩ ᠠᠭᠠᠯᠢ ᠪᠣᠯᠣᠨ ᠠᠮᠲᠠᠲᠤ ᠢᠳᠡᠭᠡᠨ᠂ ᠦᠨᠳᠦᠰᠦᠲᠡᠨ᠎ᠦ ᠵᠠᠩ ᠠᠭᠠᠯᠢ᠂ ᠴᠠᠭ᠎ᠤᠨ ᠤᠷᠤᠰᠬᠠᠯ᠎ᠤᠨ ᠵᠤᠭ᠎ᠠ ᠴᠡᠩᠭᠡᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠤᠬᠠᠢ ᠣᠢᠯᠠᠭᠠᠯᠲᠠ ᠵᠡᠷᠭᠡ ᠠᠭᠤᠯᠭ᠎ᠠ ᠵᠢ ᠪᠠᠭᠲᠠᠭᠠᠵᠠᠢ᠃

ᠲᠠᠮᠢᠷ 

✦ᠲᠦᠩᠯᠢᠶᠣᠣ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋ 《15 ᠮᠢᠨᠦ᠋ᠲ᠎ᠦᠨ ᠪᠡᠶ᠎ᠡ ᠴᠢᠭᠢᠷᠠᠭᠵᠢᠭᠤᠯᠬᠤ ᠲᠣᠭᠣᠷᠢᠭ᠋》᠎ᠢ ᠦᠷᠭᠦᠯᠵᠢᠯᠡᠨ ᠪᠠᠢᠭᠤᠯᠵᠤ ᠪᠣᠢ᠃ ᠣᠳᠣᠬᠠᠨ ᠪᠣᠯᠲᠠᠯ᠎ᠠ 2 ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠂ 30 ᠭᠠᠷᠤᠢ ᠲᠤᠰᠬᠠᠢ ᠮᠡᠷᠭᠡᠵᠢᠯ᠎ᠦᠨ  ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠪᠠᠢᠭᠤᠯᠵᠤ᠂ 516 ᠭᠡᠷ᠎ᠦᠨ ᠳᠣᠲᠣᠨ᠎ᠠ ᠭᠠᠳᠠᠨᠠᠬᠢ ᠬᠥᠳᠡᠯᠭᠡᠭᠡᠨ᠎ᠦ ᠲᠠᠯᠠᠪᠤᠷ ᠂ 125 ᠢᠵᠢ ᠪᠡᠶ᠎ᠡ ᠴᠢᠭᠢᠷᠠᠭᠵᠢᠭᠤᠯᠬᠤ ᠵᠠᠮ ᠱᠤᠭᠤᠮ ᠵᠢᠴᠢ 218 ᠭᠡᠷ᠎ᠦᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠠᠯᠠᠪᠤᠷ ᠂ 3 ᠪᠡᠶ᠎ᠡ᠎ᠶᠢᠨ ᠲᠠᠮᠢᠷ᠎ᠤᠨ ᠴᠡᠴᠡᠷᠯᠢᠭ᠂ 4 ᠣᠯᠠᠨ ᠴᠢᠳᠠᠮᠵᠢᠲᠤ ᠪᠡᠶ᠎ᠡ᠎ᠶᠢᠨ ᠲᠠᠮᠢᠷ᠎ᠤᠨ ᠲᠠᠯᠠᠪᠤᠷ ᠂ 18 ᠴᠢᠨᠭᠭᠡᠯᠢᠲᠦ ᠬᠥᠯ ᠪᠥᠮᠪᠥᠭᠡ ᠶ᠋ᠢᠨ ᠲᠠᠯᠠᠪᠤᠷ᠎ᠢ ᠲᠥᠬᠥᠷᠵᠢᠭᠦᠯᠪᠡ᠃ 

 ᠲᠡᠯᠡᠬᠡᠢ 

✦ᠢᠷᠡᠨ᠎ᠤ ᠳᠠᠯ᠎ᠠ ᠵᠢᠨ ᠬᠢᠨ 17᠎ᠤ ᠣᠷᠣᠢ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠲᠤ ᠣᠩᠭᠣᠴᠠ ᠰᠠᠯ ᠬᠤᠷᠮᠤᠽ ᠬᠣᠭᠣᠯᠠᠢ᠎ᠪᠠᠷ ᠨᠡᠪᠲᠡᠷᠡᠬᠦ ᠲᠤᠬᠠᠢ ᠰᠢᠨ᠎ᠡ ᠲᠣᠭᠲᠠᠭᠠᠯ᠎ᠢ ᠨᠡᠢᠲᠡᠯᠡᠪᠡ᠃ ᠢᠷᠠᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ᠎ᠤ ᠥᠭᠦᠯᠡᠭᠴᠢ ᠴᠢᠬᠤᠯᠠᠴᠢᠯᠠᠭᠰᠠᠨ ᠵᠢᠡᠷ᠂ ᠡᠨᠡ ᠨᠢ ᠬᠤᠷᠮᠤᠽ ᠬᠣᠭᠣᠯᠠᠢ ᠵᠢ ᠨᠥᠬᠥᠴᠡᠯ᠎ᠲᠠᠢ ᠪᠡᠷ᠂ ᠲᠦᠷ ᠴᠠᠭ ᠴᠢᠯᠦᠭᠡᠲᠡᠢ ᠨᠡᠪᠲᠡᠷᠡᠬᠦᠯᠵᠦ ᠪᠠᠢᠭ᠎ᠠ ᠶᠠᠪᠤᠳᠠᠯ ᠭᠡᠵᠡᠢ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 17᠎ᠤ ᠡᠳᠦᠷ᠂ ᠹᠷᠠᠨᠼᠢ᠎ᠶᠢᠨ ᠶᠡᠷᠦᠩᠬᠡᠢᠯᠡᠭᠴᠢ ᠮᠠᠢᠺᠷᠤᠨ ᠡᠸᠦ᠋ᠷᠦᠫᠡ ᠲᠢᠪ᠎ᠦᠨ ᠤᠳᠤᠷᠢᠳᠬᠤ ᠬᠥᠮᠥᠰ᠎ᠦᠨ ᠸᠢᠳᠢᠤ᠋ ᠬᠤᠷᠠᠯ ᠳᠡᠭᠡᠷ᠎ᠡ ᠬᠡᠯᠡᠬᠦ᠎ᠳᠡᠭᠡᠨ᠂ ᠣᠳᠣᠬᠠᠨ ᠳ᠋ᠤ ᠶᠠᠷᠢᠯᠴᠠᠵᠤ ᠪᠠᠢᠭ᠎ᠠ ᠵᠠᠯᠠᠭᠤᠴᠤᠳ ᠪᠠᠭᠠᠴᠤᠳ ᠤ᠋ᠨ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ ᠬᠡᠷᠡᠭᠯᠡᠬᠦ᠎ᠶᠢ ᠴᠠᠭᠠᠵᠠᠯᠠᠬᠤ ᠠᠰᠠᠭᠤᠳᠠᠯ᠎ᠳᠤ ᠴᠢᠭᠯᠡᠭᠦᠯᠦᠨ᠂ 15 ᠨᠠᠰᠤᠨ᠎ᠠᠴᠠ ᠳᠣᠷᠣᠭ᠍ᠰᠢᠬᠢ ᠵᠠᠯᠠᠭᠤᠴᠤᠳ ᠪᠠᠭᠠᠴᠤᠳ᠎ᠤᠨ ᠬᠡᠷᠡᠭᠯᠡᠬᠦ᠎ᠶᠢ ᠴᠠᠭᠠᠵᠠᠯᠠᠬᠤ ᠠᠷᠭ᠎ᠠ ᠬᠡᠮᠵᠢᠶ᠎ᠡ᠎ᠶᠢ ᠰᠢᠭᠤᠳ ᠬᠡᠷᠡᠭᠵᠢᠬᠦᠯᠬᠦ᠎ᠶᠢ ᠰᠠᠨᠠᠭᠤᠯᠵᠤ ᠪᠠᠢᠨ᠎ᠠ᠂ ᠬᠠᠷᠢᠨ ᠭᠡᠷ᠎ᠦᠨ ᠠᠬᠠᠮᠠᠳ ᠤ᠋ᠨ ᠵᠥᠪᠰᠢᠶᠡᠷᠡᠯ᠎ᠦᠨ ᠲᠣᠭᠲᠠᠴᠠ᠎ᠶᠢ ᠤᠷᠢᠳ ᠵᠢᠡᠷ ᠪᠤᠳᠤᠯᠬᠢᠯᠠᠬᠤ ᠪᠢᠰᠢ ᠭᠡᠵᠡᠢ᠃

✦ᠲᠥᠪ ᠲᠧᠯᠸᠢᠰ᠎ᠦᠨ ᠮᠡᠳᠡᠭᠡ ᠵᠢ ᠦᠨᠳᠦᠰᠦᠯᠡᠪᠡᠯ᠂ ᠲᠤᠬᠠᠢ  ᠶ᠋ᠢᠨ ᠭᠠᠵᠠᠷ᠎ᠤᠨ ᠴᠠᠭ᠎ᠢᠶᠠᠷ 16᠎ᠤ ᠡᠳᠦᠷ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠳ᠋ᠦᠪᠠᠢ ᠳ᠋ᠤ ᠪᠦᠬᠦ ᠪᠥᠮᠪᠥᠷᠴᠡᠭ᠎ᠦᠨ ᠠᠩᠬᠠᠳᠠᠭ᠍ᠴᠢ ᠶᠡᠷᠦᠩᠬᠡᠢᠯᠡᠭᠰᠡᠨ ᠠᠭᠠᠷ᠎ᠤᠨ ᠲᠦᠷᠢᠶᠡᠰᠦᠨ ᠮᠠᠰᠢᠨ᠎ᠦ ᠡᠭᠴᠡ ᠨᠢᠰᠴᠦ ᠪᠠᠭᠤᠬᠤ ᠲᠠᠯᠠᠪᠠᠶ ᠶ᠋ᠢ ᠡᠬᠢᠯᠡᠵᠦ ᠬᠡᠷᠡᠭᠯᠡᠨ᠎ᠡ ᠭᠡᠵᠦ ᠨᠡᠢᠲᠡᠯᠡᠵᠡᠢ᠃ ᠡᠭᠴᠡ ᠨᠢᠰᠴᠦ ᠪᠠᠭᠤᠬᠤ ᠲᠠᠯᠠᠪᠠᠶ᠎ᠶᠢᠨ ᠵᠢᠯ᠎ᠦᠨ ᠭᠥᠯᠢᠶᠡᠨ ᠠᠪᠬᠤ ᠴᠢᠳᠠᠪᠤᠷᠢ ᠪᠠᠷᠤᠭ 17 ᠲᠦᠮᠡᠨ ᠬᠥᠮᠥᠨ ᠤᠳᠠᠭ᠎ᠠ᠎ᠳᠤ ᠬᠦᠷᠴᠦ᠂ ᠠᠭᠠᠷ᠎ᠤᠨ ᠲᠦᠷᠢᠶᠡᠰᠦᠨ ᠮᠠᠰᠢᠨ ᠤ᠋ ᠬᠤᠳᠠᠯᠳᠤᠭᠠᠨ᠎ᠤ ᠡᠵᠡᠩᠨᠡᠯᠲᠡ ᠶ᠋ᠢᠨ ᠲᠥᠯᠥᠪᠯᠡᠭᠡ᠎ᠶᠢ 2026 ᠣᠨ᠎ᠤ ᠡᠴᠦᠰ᠎ᠡᠴᠡ ᠡᠬᠢᠯᠡᠭᠦᠯᠦᠨ᠎ᠡ᠃

 ᠦᠢᠯᠡᠴᠢᠯᠡᠭᠡ 

✦ᠬᠥᠯᠥᠨ ᠪᠣᠶ᠋ᠢᠷ ᠬᠣᠲᠠ ᠣᠶ ᠰᠢᠭᠤᠢ ᠨᠤᠲᠤᠭ ᠪᠡᠯᠴᠢᠭᠡᠷ᠎ᠦᠨ ᠬᠠᠤᠯᠢ ᠬᠡᠷᠡᠭᠵᠢᠭᠦᠯᠬᠦ ᠠᠵᠢᠯᠲᠠᠨ 35 ᠬᠦᠮᠦᠨ ᠡᠯᠰᠡᠨ᠎ᠠ᠃ ᠨᠠᠷᠢᠨ ᠠᠭᠤᠯᠭ᠎ᠠ ᠶ᠋ᠢ 《ᠤᠤᠯ ᠵᠤᠬᠢᠶᠠᠯ᠎ᠢ ᠦᠵᠡᠬᠦ》(阅读原文)ᠦᠰᠦᠭ᠎ᠢ ᠳᠤᠪᠴᠢᠳᠠᠵᠤ ᠦᠵᠡᠭᠡᠷᠡᠢ! 

 ᠲᠠᠨ᠎ᠤ ᠲᠤᠰᠠ᠎ᠳᠤ 

✦ᠤᠷᠤᠭᠤᠯ ᠬᠥᠬᠡᠷᠡᠵᠦ ᠪᠣᠷᠣᠯᠠᠬᠤ ᠨᠢ ᠨᠡᠢᠲᠡᠯᠢᠭ ᠴᠢᠨᠠᠷᠳᠠᠢ ᠬᠦᠴᠢᠯᠲᠥ᠋ᠷᠥᠭᠴᠢ ᠳᠤᠲᠠᠭᠳᠠᠬᠰᠠᠨ ᠢᠯᠡᠷᠡᠯ᠎ᠳᠦ ᠲᠣᠭᠠᠴᠠᠭᠳᠠᠨ᠎ᠠ᠂ ᠡᠨᠡ ᠨᠢ ᠵᠢᠷᠦᠬᠡ ᠠᠭᠤᠰᠬᠢᠨ᠎ᠤ ᠰᠢᠰᠲᠧᠮ᠎ᠦᠨ ᠳᠠᠭᠠᠭᠠᠴᠠ ᠬᠡᠳᠦᠷᠡᠵᠦ᠂ ᠵᠢᠷᠦᠬᠡ ᠴᠢᠰᠤᠨ ᠰᠤᠳᠠᠯ᠎ᠤᠨ ᠡᠪᠡᠳᠴᠢᠨ ᠤ᠋ ᠲᠦᠭᠰᠢᠭᠦᠷᠢ ᠥᠨᠳᠥᠷᠵᠢᠭᠰᠡᠨ᠎ᠤ ᠴᠢᠬᠤᠯᠠ ᠰᠡᠷᠡᠮᠵᠢᠯᠡᠭᠦᠯᠦᠯ ᠮᠥᠨ᠃ ᠬᠡᠷᠪᠡ ᠡᠢᠮᠦ ᠢᠯᠡᠷᠡᠯ ᠭᠠᠷᠪᠠᠯ᠂ ᠡᠷᠬᠡᠪᠰᠢ ᠴᠢᠩᠭ᠎ᠠ ᠬᠦᠴᠦᠯᠡᠴᠡ᠎ᠲᠠᠢ ᠠᠵᠢᠯᠯᠠᠬᠤ᠎ᠪᠠᠨ ᠳᠠᠷᠤᠢᠬᠠᠨ ᠵᠣᠭᠰᠣᠵᠤ᠂ ᠭᠦᠢᠴᠡᠳ ᠠᠮᠠᠷᠠᠬᠤ᠎ᠶᠢᠨ ᠬᠠᠮᠲᠤ ᠴᠠᠭ ᠲᠤᠬᠠᠢ ᠳ᠋ᠤᠨᠢ ᠡᠮᠨᠡᠯᠭᠡ᠎ᠳᠦ ᠦᠵᠡᠭᠦᠯᠵᠦ᠂ ᠵᠢᠷᠦᠬᠡ ᠠᠭᠤᠰᠬᠢᠨ᠎ᠤ ᠠᠵᠢᠯᠯᠠᠭ᠎ᠠ ᠵᠡᠷᠭᠡ᠎ᠶᠢᠨ ᠪᠦᠬᠦ ᠲᠠᠯ᠎ᠠ᠎ᠶᠢᠨ ᠪᠠᠢᠴᠠᠭᠠᠯᠲᠠ ᠬᠢᠬᠦ ᠬᠡᠷᠡᠭᠲᠡᠢ᠃

ᠵᠠᠯᠭᠠᠭᠠᠳ《ᠬᠠᠪᠤᠷ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ! 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号