4 ᠰᠠᠷ᠎ᠠ᠎ᠶ᠋ᠢᠨ 2᠎ᠤᠨ ᠡᠳᠦᠷ
ᠡᠬᠢᠯᠡᠬᠦ᠌ ᠴᠠᠭ᠄
2026-04-02 10:05:51
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_02.png


03盟市模板_01.png


ᠨᠡᠢᠭᠡᠮ                               

✦3 ᠰᠠᠷ᠎ᠠ ᠵᠢᠨ 31᠎ᠦ ᠡᠳᠦᠷ᠂ ᠴᠠᠩ ᠶᠢᠩ — 8 ᠲᠣᠮᠣ᠌ ᠬᠡᠯᠪᠡᠷᠢ᠎ᠶᠢᠨ ᠵᠢᠯᠣᠭᠣᠴᠢ ᠦᠭᠡᠢ ᠨᠢᠰᠬᠡᠯ ᠵᠧᠩᠵᠧᠦ᠎ᠶᠢᠨ ᠱᠠᠩᠵᠢᠶᠧ ᠨᠢᠰᠬᠡᠯ᠎ᠦᠨ ᠪᠠᠭᠤᠳᠠᠯ᠎ᠳᠤ ᠠᠩᠬᠠᠨ᠎ᠤ ᠨᠢᠰᠦᠯᠲᠡ᠎ᠪᠡᠨ ᠠᠮᠵᠢᠯᠲᠠ᠎ᠲᠠᠢ ᠪᠡᠶᠡᠯᠡᠬᠦᠯᠵᠦ᠂ ᠪᠥᠬᠥ ᠳᠡᠯᠡᠬᠡᠢ᠎ᠶᠢᠨ ᠠᠩᠬᠠᠳᠠᠭᠴᠢ ᠨᠢᠰᠦᠯᠲᠡ᠎ᠶᠢ ᠪᠡᠶᠡᠯᠡᠬᠦᠯᠦᠭᠰᠡᠨ ᠬᠠᠮᠤᠭ᠎ᠤᠨ ᠲᠣᠮᠣ᠌ ᠪᠠᠷᠠᠭᠠᠨ᠎ᠤ ᠲᠡᠭᠡᠭᠡᠪᠦᠷᠢ ᠵᠢᠨ ᠵᠢᠯᠣᠭᠣᠴᠢ ᠦᠭᠡᠢ ᠨᠢᠰᠬᠡᠯ ᠪᠣᠯᠤᠭᠰᠠᠨ ᠪᠠᠢᠨ᠎ᠠ᠃ ᠲᠤᠰ ᠨᠢᠰᠬᠡᠯ᠎ᠤᠨ ᠬᠠᠮᠤᠭ᠎ᠤᠨ ᠶᠡᠬᠡ ᠠᠴᠢᠶᠠᠨ᠎ᠤ ᠬᠡᠮᠵᠢᠶ᠎ᠡ ᠨᠢ 3.5 ᠲᠣᠨ᠎ᠪᠤᠯᠤᠨ᠎ᠠ᠃

✦ᠣᠲᠣᠬᠠᠨ ᠪᠣᠯᠲᠠᠯ᠎ᠠ ᠪᠥᠬᠥ ᠤᠯᠤᠰ᠎ᠲᠤ ᠡᠷᠬᠡᠲᠡᠨ᠎ᠢᠶᠡᠨ ᠬᠠᠨᠳᠢᠪᠯᠡᠬᠤ ᠪᠠᠷ ᠳᠠᠩᠰᠠᠯᠠᠭᠤᠯᠤᠭᠰᠠᠨ ᠬᠥᠮᠥᠨ᠎ᠦ ᠲᠣᠭ᠎ᠠ ᠨᠡᠶ᠋ᠢᠲᠡ 733 ᠲᠦᠮᠡ᠎ᠶᠢ ᠳᠠᠪᠠᠵᠤ᠂ ᠡᠷᠬᠡᠲᠡᠨ 20 ᠲᠦᠮᠡ ᠭᠠᠷᠤᠢ᠂ ᠡᠪᠡᠷᠯᠢᠭ ᠪᠦᠷᠬᠦᠪᠴᠢ 12 ᠲᠦᠮᠡ ᠭᠠᠷᠤᠢ᠂ ᠴᠢᠨᠳᠠᠷ 6.9 ᠲᠦᠮᠡ ᠭᠠᠷᠤᠢ ᠬᠠᠨᠳᠢᠪᠯᠡᠵᠤ᠂ ᠡᠷᠬᠡᠲᠡᠨ ᠮᠠᠭᠤᠳᠠᠭᠰᠠᠨ 20 ᠲᠦᠮᠡ ᠭᠠᠷᠤᠢ ᠡᠪᠡᠳᠴᠢᠲᠡᠨ᠎ᠦ ᠠᠮᠢ ᠨᠠᠰᠤ᠎ᠶᠢ ᠠᠪᠤᠷᠠᠵᠤ᠂ 10 ᠲᠦᠮᠡ ᠭᠠᠷᠤᠢ ᠬᠥᠮᠥᠨ ᠳ᠋ᠦ ᠬᠡᠷᠡᠯ ᠭᠡᠭᠡ ᠠᠪᠴᠢᠷᠠᠵᠤ ᠥᠭᠭᠦᠭᠰᠡᠨ ᠪᠠᠢᠨ᠎ᠠ᠃

✦《ᠢᠲᠡᠭᠡᠮᠵᠢ᠎ᠶᠢ ᠰᠡᠷᠭᠦᠭᠡᠬᠦ ᠬᠠᠮᠢᠶᠠᠷᠤᠯᠲᠠ᠎ᠶᠢᠨ ᠠᠷᠭ᠎ᠠ》 ᠶ᠋ᠢ 4 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠪᠡ᠃ 《ᠠᠷᠭ᠎ᠠ》 ᠳ᠋ᠤ᠂ ᠵᠠᠷᠯᠠᠯ ᠨᠡᠢᠲᠡᠯᠡᠬᠦ ᠬᠠᠮᠤᠭ᠎ᠤᠨ ᠣᠬᠣᠷ ᠬᠤᠭᠤᠴᠠᠭᠠᠨ᠎ᠳᠤ ᠲᠤᠯᠬᠤ᠂ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ᠎ᠶᠢ ᠵᠠᠯᠠᠷᠠᠭᠤᠯᠬᠤ ᠵᠡᠷᠭᠡ ᠨᠥᠬᠥᠴᠡᠯ᠎ᠳᠦ ᠬᠦᠷᠦᠭᠰᠡᠨ᠎ᠤ ᠳᠠᠷᠠᠭ᠎ᠠ ᠢᠲᠡᠭᠡᠮᠵᠢ᠎ᠶᠢᠨ ᠭᠣᠣᠯ ᠴᠣᠭᠴᠠ ᠲᠣᠭᠲᠠᠭᠠᠯ ᠶᠣᠰᠣᠭᠠᠷ ᠢᠲᠡᠭᠡᠮᠵᠢ᠎ᠪᠡᠨ ᠰᠡᠷᠭᠦᠭᠡᠬᠦ᠎ᠪᠡᠷ ᠭᠤᠶᠤᠴᠢᠯᠠᠵᠤ ᠪᠣᠯᠣᠨ᠎ᠠ ᠬᠡᠵᠤ ᠲᠤᠳᠤᠷᠬᠠᠢ ᠲᠤᠬᠳᠠᠭᠠᠵᠠᠢ᠃

✦3 ᠰᠠᠷ᠎ᠠ᠎ᠶᠢᠨ 30᠎ᠤ ᠡᠳᠦᠷ ᠪᠣᠯᠲᠠᠯ᠎ᠠ᠂ ᠪᠦᠷᠢᠨ ᠪᠤᠰᠤ ᠪᠦᠷᠢᠳᠬᠡᠯ᠎ᠵᠢᠡᠷ᠂ ᠵᠧᠵᠢᠶᠠᠩ᠂ ᠵᠢᠶᠠᠩᠰᠤ ᠵᠡᠷᠭᠡ ᠠᠷᠪᠠ ᠭᠠᠷᠤᠢ ᠮᠤᠵᠢ ᠣᠷᠣᠨ᠂ 76 ᠭᠠᠵᠠᠷ᠎ᠤᠨ ᠬᠢᠨ ᠡᠨᠡ ᠵᠢᠯ᠎ᠦᠨ ᠬᠠᠪᠤᠷ᠎ᠤᠨ ᠠᠮᠠᠷᠠᠯᠲᠠ᠎ᠶᠢᠨ ᠪᠣᠳᠠᠲᠠᠢ ᠴᠠᠭ᠎ᠤᠨ ᠲᠣᠬᠢᠷᠠᠭᠤᠯᠤᠯᠲᠠ᠎ᠶᠢ ᠨᠢᠭᠡᠨᠳᠡ ᠲᠣᠳᠣᠷᠬᠠᠢ ᠲᠣᠭᠲᠠᠭᠠᠵᠦ᠂ ᠬᠠᠩᠰᠢ᠂ ᠲᠠᠪᠤᠨ ᠰᠠᠷ᠎ᠠ᠎ᠶᠢᠨ ᠨᠢᠭᠡᠨ᠂ ᠭᠠᠷᠠᠭ᠎ᠤᠨ ᠰᠡᠭᠦᠯᠴᠢ ᠵᠡᠷᠭᠡ ᠴᠠᠭ᠎ᠲᠠᠢ ᠵᠣᠯᠭᠠᠭᠤᠯᠬᠤ᠎ᠪᠠᠷ ᠳᠠᠮᠵᠢᠭᠤᠯᠤᠨ ᠠᠮᠠᠷᠠᠯᠲᠠ᠎ᠶᠢᠨ ᠬᠤᠭᠤᠴᠠᠭ᠎ᠠ᠎ᠵᠢ 4 — 8 ᠡᠳᠦᠷ᠎ᠦᠨ 《ᠪᠠᠭ᠎ᠠ ᠣᠷᠳᠣ᠌ ᠠᠮᠠᠷᠠᠯᠲᠠ》 ᠪᠣᠯᠭᠠᠨ ᠤᠷᠲᠤᠳᠬᠠᠪᠠ᠃

✦ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠡᠪᠯᠡᠯ ᠎ᠦᠨ ᠬᠥᠳᠡᠯᠮᠦᠷᠢ ᠎ᠶᠢᠨ ᠬᠠᠤᠯᠢ ᠴᠠᠭᠠᠵᠠ ᠎ᠶᠢᠨ ᠬᠡᠷᠡᠭᠵᠢᠬᠦᠯᠦᠯᠳᠡ ᠳ᠋ᠤ ᠬᠢᠨᠠᠯᠲᠠ ᠲᠠᠯᠪᠢᠬᠤ ᠵᠥᠪᠯᠡᠯ ᠡᠴᠡ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠡᠷᠡᠭᠵᠢᠬᠦᠯᠦᠯᠳᠡ ᠳ᠋ᠤ ᠬᠢᠨᠠᠯᠲᠠ ᠲᠠᠯᠪᠢᠬᠤ ᠰᠠᠨᠠᠭᠤᠯᠤᠮᠵᠢ᠎ᠶᠢᠨ ᠪᠢᠴᠢᠭ ᠨᠡᠢᠲᠡᠯᠡᠵᠦ᠂ ᠡᠮᠡᠭᠲᠡᠢ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ᠎ᠳᠤ ᠠᠩᠬᠠᠷᠤᠯ ᠵᠢᠡᠨ ᠲᠥᠪᠯᠡᠷᠡᠭᠦᠯᠦᠨ᠂ ᠬᠥᠮᠥᠨ ᠬᠡᠷᠡᠭᠯᠡᠬᠦ ᠨᠢᠭᠡᠴᠢ᠎ᠶᠢ ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢ᠎ᠶᠢᠨ ᠡᠷᠬᠡ ᠠᠰᠢᠭ᠋᠎ᠢ ᠦᠨᠡᠨ ᠬᠦ᠌ ᠬᠠᠮᠠᠭᠠᠯᠠᠵᠤ᠂ ᠠᠵᠢᠯᠯᠠᠬᠤ ᠲᠠᠯᠠᠪᠤᠷ ᠤ᠋ᠨ ᠬᠦᠢᠰᠦ ᠢᠯᠭᠠᠯ᠎ᠤᠨ ᠡᠷᠬᠡ ᠲᠡᠭᠰᠢ ᠪᠠᠢᠬᠤ᠎ᠶᠢ ᠠᠬᠢᠭᠤᠯᠤᠨ᠂ ᠡᠶ᠎ᠡ ᠵᠣᠬᠢᠴᠠᠯ ᠲᠠᠢ ᠬᠦᠳᠡᠯᠮᠦᠷᠢ ᠵᠢᠨ ᠬᠠᠷᠢᠴᠠᠭ᠎ᠠ ᠵᠢ ᠬᠠᠮᠳᠤ ᠪᠡᠷ ᠪᠠᠢᠭᠤᠯᠬᠤ ᠬᠡᠷᠡᠭᠳᠡᠢ ᠭᠡᠵᠦ ᠱᠠᠭᠠᠷᠳᠠᠵᠠᠢ᠃

✦ᠥᠪᠥᠷ ᠮᠣᠩᠭᠣᠯ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ 82 ᠬᠣᠰᠢᠭᠤ ᠰᠢᠶᠠᠨ᠎ᠳᠤ ᠨᠢᠭ᠍ᠲᠠ ᠬᠡᠯᠪᠡᠷᠢ᠎ᠶᠢᠨ ᠬᠤᠰᠢᠭᠤ ᠰᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠥᠷᠨᠢᠭᠦᠯᠪᠡ᠃ ᠣᠲᠣᠬᠠᠨ ᠪᠣᠯᠲᠠᠯ᠎ᠠ ᠨᠢᠭᠡᠨᠲᠡ 74 ᠬᠣᠰᠢᠭᠤ ᠰᠢᠶᠠᠨ ᠪᠠᠷᠢᠮᠵᠢᠶ᠎ᠠ᠎ᠳᠤ ᠬᠦᠷᠴᠦ᠂ 2888 ᠨᠡᠷᠡᠰ ᠬᠤᠰᠢᠭᠤ ᠰᠢᠶᠠᠨ᠎ᠤ ᠱᠠᠲᠤᠨ᠎ᠤ ᠡᠮᠨᠡᠯᠭᠡ᠎ᠶᠢᠨ ᠠᠵᠢᠯᠲᠠᠨ ᠦᠷᠭᠦᠯᠵᠢᠯᠡᠨ 6 ᠰᠠᠷ᠎ᠠ ᠦᠨᠳᠦᠰᠦᠨ ᠱᠠᠲᠤᠨ᠎ᠳᠤ ᠪᠠᠭᠤᠵᠤ ᠦᠢᠯᠡᠴᠢᠯᠡᠨ᠂ 11148 ᠭᠡᠷ ᠪᠦᠯᠢ᠎ᠶᠢᠨ ᠡᠮᠴᠢ᠎ᠶᠢᠨ ᠪᠦᠯᠬᠦᠮ᠎ᠢ ᠵᠣᠬᠢᠶᠠᠨ ᠪᠠᠢᠭᠤᠯᠵᠤ᠂ ᠭᠣᠣᠯᠳᠠᠯᠭ᠎ᠠ᠎ᠲᠠᠢ ᠬᠥᠮᠥᠰ᠎ᠦᠨ ᠭᠡᠷ᠎ᠡ ᠲᠣᠭᠲᠠᠭᠰᠠᠨ ᠨᠣᠷᠮ᠎ᠠ 81.62%᠎ᠲᠤ ᠬᠦᠷᠴᠡᠢ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ 7 ᠰᠠᠷ᠎ᠠ᠎ᠶᠢᠨ 1᠎ᠦ ᠡᠳᠦᠷ᠎ᠡᠴᠡ ᠡᠬᠢᠯᠡᠨ ᠪᠥᠬᠥ ᠣᠷᠣᠨ᠎ᠳᠤ ᠰᠢᠨ᠎ᠡ ᠠᠵᠢᠯ ᠤᠯᠭᠤᠯᠳᠠ ᠵᠢᠨ ᠬᠡᠯᠪᠡᠷᠢ ᠵᠢᠨ ᠬᠦᠳᠡᠯᠮᠦᠷᠢᠴᠢᠳ᠎ᠤᠨ ᠠᠵᠢᠯ ᠮᠡᠷᠭᠡᠵᠢᠯ᠎ᠦᠨ ᠭᠡᠮᠲᠦᠯ᠎ᠢ ᠪᠠᠲᠤᠯᠠᠬᠤ ᠲᠤᠷᠰᠢᠯᠲᠠ ᠶ᠋ᠢᠨ ᠠᠵᠢᠯ᠎ᠢ ᠡᠬᠢᠯᠡᠬᠦᠯᠬᠦ ᠪᠤᠯᠤᠨ᠎ᠠ᠃

✦ᠪᠠᠶᠠᠨᠨᠠᠭᠤᠷ ᠬᠣᠲᠠ᠎ᠶᠢᠨ 2026 ᠣᠨ᠎ᠤ ᠬᠠᠪᠤᠷ᠎ᠤᠨ ᠤᠯᠠᠷᠢᠯ᠎ᠤᠨ ᠠᠮᠢᠲᠠᠨ᠎ᠤ ᠬᠢᠵᠢᠭ ᠡᠪᠡᠳᠴᠢᠨ᠎ᠢ ᠲᠥᠪᠯᠡᠷᠡᠭᠦᠯᠦᠨ ᠡᠵᠡᠮᠳᠡᠬᠦ ᠠᠵᠢᠯ ᠪᠥᠬᠥ ᠲᠠᠯ᠎ᠠ᠎ᠪᠠᠷ ᠡᠬᠢᠯᠡᠵᠦ᠂ 5 ᠰᠠᠷ᠎ᠠ᠎ᠶᠢᠨ ᠳᠤᠮᠳᠠᠴᠢ ᠪᠣᠯᠲᠠᠯ᠎ᠠ ᠦᠷᠭᠦᠯᠵᠢᠯᠡᠨ᠂ ᠪᠥᠬᠥ ᠬᠣᠲᠠ ᠶ᠋ᠢᠨ 1130.68 ᠭᠠᠷᠤᠢ ᠲᠦᠮᠡᠨ ᠭᠡᠷ᠎ᠦᠨ ᠲᠡᠵᠢᠭᠡᠪᠦᠷᠢ᠂ 268.83 ᠭᠠᠷᠤᠢ ᠲᠦᠮᠡᠨ ᠭᠡᠷ᠎ᠦᠨ ᠵᠢᠭᠦᠷᠲᠡᠨ᠎ᠳᠦ ᠬᠠᠯᠳᠠᠪᠤᠷᠢᠲᠤ ᠬᠢᠵᠢᠭ ᠤ᠋ᠨ ᠰᠡᠷᠬᠡᠢᠯᠡᠯᠳᠡ ᠬᠢᠨ᠎ᠠ᠃

✦ᠤᠳᠤᠬᠠᠨ ᠳ᠋ᠤ ᠬᠥᠯᠥᠨ ᠪᠣᠶ᠋ᠢᠷ ᠬᠤᠳᠠ ᠵᠢᠨ ᠬᠢᠨ ᠲᠥᠯ ᠲᠤᠰᠴᠤ ᠪᠣᠢᠵᠢᠭᠤᠯᠬᠤ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠵᠤ᠂ ᠨᠢᠭᠡᠨᠲᠡ 163.7 ᠲᠦᠮᠡᠨ ᠲᠥᠯ ᠲᠤᠰᠴᠤ᠂ ᠤᠨᠳᠤᠷᠤᠯᠳᠠ ᠵᠢᠨ ᠨᠣᠷᠮ᠎ᠠ ᠨᠢ 98.2% ᠲᠦ᠍ ᠬᠦᠷᠴᠡᠢ᠃ ᠡᠨᠡ ᠵᠢᠯ᠎ᠦᠨ ᠲᠥᠯ ᠲᠤᠰᠬᠤ ᠠᠵᠢᠯ 3 ᠰᠠᠷ᠎ᠠ᠎ᠶᠢᠨ ᠡᠬᠢ᠎ᠪᠡᠷ ᠡᠬᠢᠯᠡᠵᠦ᠂ ᠵᠢᠱ᠌ᠢᠯᠲᠡ᠎ᠪᠡᠷ 5 ᠰᠠᠷ᠎ᠠ᠎ᠶᠢᠨ ᠰᠢᠨᠡᠳ᠎ᠢᠶᠡᠷ ᠳᠠᠭᠤᠰᠤᠨ᠎ᠠ᠂ ᠪᠥᠬᠥ ᠵᠢᠯ᠎ᠳ᠋ᠤ ᠪᠤᠳᠠ ᠪᠤᠭ ᠮᠠᠯ᠎ᠤᠨ ᠲᠦᠯ ᠨᠡᠶ᠋ᠢᠲᠡ 450 ᠲᠦᠮᠡ᠎ᠳᠦ ᠬᠦᠷᠬᠦ ᠪᠣᠯᠣᠨ᠎ᠠ᠃

 

ᠠᠵᠤ ᠠᠬᠤᠢ 

✦ᠳᠤᠮᠳᠠᠳᠤ ᠤᠯᠤᠰ᠎ᠤᠨ ᠠᠷᠠᠳ᠎ᠤᠨ ᠪᠠᠩᠬᠢ ᠶ᠋ᠢᠨ ᠨᠡᠢᠲᠡᠯᠡᠭᠰᠡᠨ 《ᠳᠤᠮᠳᠠᠳᠤ ᠤᠯᠤᠰ᠎ᠤᠨ ᠠᠷᠠᠳ᠎ᠤᠨ ᠪᠠᠩᠬᠢ ᠶ᠋ᠢᠨ ᠳᠤᠲᠠᠭᠤ ᠳᠣᠷᠭᠣᠨ ᠭᠬᠢᠷᠲᠦᠵᠦ ᠬᠣᠬᠢᠷᠠᠭᠰᠠᠨ ᠠᠷᠠᠳ᠎ᠤᠨ ᠵᠣᠭᠣᠰ ᠢ᠋ ᠰᠣᠯᠢᠬᠤ ᠠᠷᠭ᠎ᠠ》᠎ᠶᠢ 3 ᠰᠠᠷ᠎ᠠ  ᠶ᠋ᠢᠨ 31᠎ᠦ ᠡᠳᠦᠷ᠎ᠡᠴᠡ ᠡᠬᠢᠯᠡᠵᠦ ᠬᠡᠷᠡᠭᠵᠢᠬᠦᠯᠵᠡᠢ᠃ ᠲᠣᠰ ᠠᠷᠭ᠎ᠠ᠎ᠳᠤ ᠠᠷᠠᠳ᠎ᠤᠨ ᠵᠣᠭᠣᠰ᠎ᠤᠨ ᠳᠤᠲᠠᠭᠤ ᠳᠣᠷᠭᠣᠨ᠂ ᠭᠬᠢᠷᠲᠦᠵᠦ ᠬᠣᠬᠢᠷᠠᠭᠰᠠᠨ ᠢ᠋ ᠵᠠᠭᠠᠭᠯᠠᠨ ᠲᠣᠭᠲᠠᠭᠠᠬᠤ ᠪᠠᠷᠢᠮᠵᠢᠶ᠎ᠠ ᠶ᠋ᠢ ᠠᠩᠬ᠎ᠠ ᠤᠳᠠᠭ᠎ᠠ ᠰᠢᠰᠲᠧᠮ᠎ᠲᠠᠢ ᠲᠣᠳᠣᠷᠬᠠᠢᠯᠠᠵᠤ᠂ ᠰᠣᠯᠢᠵᠤ ᠪᠣᠯᠬᠤ ᠪᠠ ᠰᠣᠯᠢᠵᠤ ᠥᠯᠥ ᠪᠣᠯᠬᠤ ᠵᠠᠭᠠᠭ ᠱᠤᠭᠤᠮ  ᠢ᠋ ᠲᠣᠳᠣᠷᠬᠠᠢ ᠢᠯᠭᠠᠵᠤ᠂ ᠰᠣᠯᠢᠬᠤ ᠪᠠᠢᠳᠠᠯ  ᠢ᠋ ᠤᠯᠠᠮ ᠨᠠᠷᠢᠯᠢᠭ᠍ᠵᠢᠭᠤᠯᠪᠠ᠃

✦2026 ᠣᠨ᠎ᠳᠤ᠂ ᠲᠦᠩᠯᠢᠶᠣᠣ ᠬᠣᠲᠠ 《ᠤᠷᠤᠯᠳᠤᠭᠠᠨ + ᠵᠢᠭᠤᠯᠴᠢᠯᠠᠯ》᠂ 《ᠤᠢᠷ᠎ᠠ ᠤᠭᠲᠠᠷᠭᠤᠢ + ᠰᠣᠶᠣᠯ᠎ᠤᠨ ᠵᠢᠭᠤᠯᠴᠢᠯᠠᠯ》 ᠤ᠋ᠨ ᠵᠠᠭᠪᠤᠷ᠎ᠤᠨ ᠰᠢᠨ᠎ᠡ᠎ᠶᠢ ᠡᠭᠦᠳᠴᠦ᠂ ᠡᠯ᠎ᠡ ᠲᠥᠷᠥᠯ᠎ᠦᠨ ᠤᠷᠤᠯᠳᠤᠭᠠᠨ᠎ᠤ ᠠᠵᠢᠯᠯᠠᠭ᠎ᠠ᠎ᠶᠢ 100 ᠤᠳᠠᠭ᠎ᠠ ᠠ᠋ᠴᠠ ᠳᠡᠭᠡᠭᠰᠢ ᠡᠷᠭᠢᠯᠡᠵᠦ᠂ ᠬᠡᠷᠡᠭᠯᠡᠭᠡ᠎ᠶᠢ 4 ᠳ᠋ᠦᠩᠰᠢᠭᠤᠷ ᠲᠥᠭᠥᠷᠢᠭ᠎ᠡᠴᠡ ᠳᠡᠭᠡᠭᠰᠢ ᠳᠠᠶ᠋ᠢᠴᠢᠯᠠᠵᠤ᠂ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠤᠳᠠᠯᠳᠤᠭᠠᠨ᠎ᠤ ᠠᠭᠤᠰᠤᠯᠴᠠᠯ᠎ᠤᠨ ᠭᠦᠨᠵᠡᠭᠡᠢᠷᠡᠨ ᠬᠥᠭᠵᠢᠬᠦ᠎ᠶᠢ ᠦᠷᠭᠦᠯᠵᠢᠯᠡᠨ ᠠᠬᠢᠭᠤᠯᠬᠤ᠎ᠪᠠᠷ ᠲᠥᠯᠥᠪᠯᠡᠵᠦ ᠪᠣᠶ᠃

✦2026 ᠣᠨ᠎ᠳᠤ᠂ ᠰᠢᠯᠢ᠎ᠶᠢᠨ ᠭᠣᠣᠯ ᠠᠢᠮᠠᠭ᠎ᠤᠨ ᠬᠢᠨ ᠡᠷᠬᠡ ᠣᠯᠭᠣᠭᠰᠠᠨ ᠠᠵᠤ ᠠᠬᠤᠢᠯᠠᠯ᠎ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ᠎ᠶᠢ ᠪᠠᠢᠭᠤᠯᠦᠨ᠂ ᠭᠤᠶᠤᠴᠢᠯᠠᠨ ᠮᠡᠳᠡᠭᠦᠯᠬᠦ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠮᠠᠯ ᠪᠡᠯᠴᠢᠭᠡᠷ᠎ᠦᠨ ᠲᠡᠩᠴᠡᠭᠦᠷᠢ ᠎ᠶᠢ ᠪᠠᠲᠤᠯᠠᠭᠰᠠᠨ ᠤᠷᠢᠲᠠᠯ ᠳᠣᠣᠷ᠎ᠠ ᠪᠦᠬᠦ ᠵᠢᠯ᠎ᠳᠦ 100 ᠲᠦᠮᠡᠨ ᠲᠦᠷᠥᠯ ᠳᠡᠮᠳᠡᠭᠲᠦ ᠬᠣᠨᠢ ᠡᠳ᠋ᠰᠢᠭᠦᠯᠦᠨ ᠪᠣᠯᠪᠠᠰᠤᠷᠠᠭᠤᠯᠬᠤ᠎ᠶᠢ ᠲᠣᠭᠲᠠᠪᠤᠷᠢᠵᠢᠭᠤᠯᠵᠤ᠂ ᠡᠷᠬᠡ ᠣᠯᠭᠣᠭᠰᠠᠨ ᠭᠣᠣᠯ ᠴᠣᠭᠴᠠ᠎ᠶᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠎ᠢ ᠰᠠᠢᠲᠤᠷ ᠪᠠᠳᠠᠷᠠᠭᠤᠯᠬᠤ᠎ᠪᠠᠷ ᠴᠢᠷᠮᠠᠢᠵᠦ ᠪᠤᠢ᠃

 

ᠲᠠᠮᠢᠷ

✦ᠯᠣᠰ ᠠᠩᠵᠸᠯᠸᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠨᠡᠢᠲᠡᠯᠡᠭᠰᠡᠨ ᠵᠢᠡᠷ᠂ 2028 ᠣᠨ᠎ᠤ ᠯᠣᠰ ᠠᠩᠵᠸᠯᠸᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠪᠢᠯᠸᠲ ᠢ᠋ 4 ᠰᠠᠷ᠎ᠠ ᠵᠢᠨ 9 ᠤ᠋ ᠡᠳᠦᠷ ᠡᠴᠡ ᠡᠬᠢᠯᠡᠨ ᠤᠯᠠᠨ ᠨᠡᠢᠳᠡ ᠳ᠋ᠤ ᠬᠤᠳᠠᠯᠳᠤᠨ᠎ᠠ᠃

✦ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ᠎ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠲᠢᠩᠬᠢᠮ ᠬᠠᠮᠲᠤᠷᠠᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠵᠡᠷᠭᠡ ᠭᠣᠣᠯᠳᠠᠯᠭ᠎ᠠ᠎ᠲᠠᠢ ᠪᠡᠶ᠎ᠡ᠎ᠶᠢᠨ ᠲᠠᠮᠢᠷ᠎ᠤᠨ ᠤᠷᠤᠯᠳᠤᠭᠠᠨ ᠤ᠋ ᠠᠵᠢᠯᠯᠠᠭ᠎ᠠ᠎ᠶᠢᠨ ᠵᠢᠭ᠍ᠰᠠᠭᠠᠯᠲᠠ (ᠨᠢᠭᠡᠳᠦᠭᠡᠷ ᠪᠦᠯᠦᠭ) ᠶ᠋ᠢ ᠨᠡᠢᠲᠡᠯᠡᠵᠦ᠂ ᠨᠡᠶ᠋ᠢᠲᠡ 49 ᠵᠦᠢᠯ᠎ᠦᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠵᠢᠴᠢ ᠬᠠᠮᠢᠶ᠎ᠠ ᠪᠦᠬᠦᠢ ᠠᠵᠢᠯᠯᠠᠭ᠎ᠠ ᠪᠠᠭᠲᠠᠭᠰᠠᠨ ᠪᠠᠢᠨ᠎ᠠ᠃

 

ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠢᠰᠯᠠᠮ᠎ᠤᠨ ᠵᠥᠪᠯᠡᠯᠭᠡᠨ᠎ᠦ ᠬᠤᠷᠠᠯ᠎ᠤᠨ ᠤᠯᠤᠰ᠎ᠤᠨ ᠠᠮᠤᠷ ᠲᠦᠪᠰᠢᠨ᠎ᠦ ᠵᠥᠪᠯᠡᠯ ᠡᠴᠡ ᠬᠤᠷᠮᠤᠽ ᠬᠣᠭᠣᠯᠠᠢ᠎ᠶᠢᠨ ᠬᠠᠮᠢᠶᠠᠷᠤᠯᠲᠠ᠎ᠶᠢᠨ ᠲᠥᠰᠥᠯ᠎ᠢ ᠪᠠᠲᠤᠯᠠᠵᠤ᠂ ᠢᠷᠠᠨ᠎ᠤ ᠵᠡᠪᠰᠡᠭᠲᠦ ᠴᠡᠷᠢᠭ ᠠᠩᠭᠢ᠎ᠶᠢᠨ ᠬᠠᠮᠢᠶᠠᠷᠤᠨ ᠡᠵᠡᠮᠳᠡᠬᠦ ᠳᠦᠷᠢ᠎ᠶᠢ ᠲᠣᠭᠲᠠᠭᠠᠵᠤ᠂ ᠠᠮᠧᠷᠢᠺᠠ᠂ ᠢᠰᠷᠧᠯ ᠵᠢᠴᠢ ᠢᠷᠠᠨ᠎ᠳᠤ ᠭᠠᠭᠴᠠ ᠲᠠᠯ᠎ᠠ᠎ᠶᠢᠨ ᠵᠠᠯᠬᠠᠭᠠᠯ ᠦᠵᠡᠭᠦᠯᠵᠦ ᠪᠠᠢᠭ᠎ᠠ ᠤᠯᠤᠰ᠎ᠤᠨ ᠣᠩᠭᠣᠴᠠ ᠲᠤᠰ ᠳᠠᠯᠠᠢ᠎ᠶᠢᠨ ᠬᠣᠭᠣᠯᠠᠢ᠎ᠪᠠᠷ ᠥᠩᠭᠡᠷᠡᠬᠦ᠎ᠶᠢ ᠲᠣᠳᠣᠷᠬᠠᠢ ᠴᠠᠭᠠᠵᠠᠯᠠᠵᠠᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶᠢᠨ 14 ᠳ᠋ᠤᠭᠡᠷ ᠬᠤᠭᠤᠴᠠᠭᠠᠨ᠎ᠤ ᠰᠠᠢᠳ᠎ᠤᠨ ᠲᠠᠰ᠎ᠤᠨ ᠬᠤᠷᠠᠯ ᠲᠦᠷᠦᠭᠦᠭᠡᠨ ᠶᠠᠪᠤᠭᠳᠠᠵᠤ᠂ 《ᠬᠥᠭᠵᠢᠯᠲᠡ᠎ᠶᠢ ᠠᠬᠢᠭᠤᠯᠵᠤ ᠪᠡᠯᠡ ᠣᠷᠣᠭᠤᠯᠤᠯᠲᠠ᠎ᠶᠢ ᠳᠥᠭᠥᠮᠴᠢᠯᠡᠬᠦ ᠬᠡᠯᠡᠯᠴᠡᠭᠡᠷ》᠂ 《ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠡᠯᠡᠯᠴᠡᠭᠡᠷ》 ᠤ᠋ᠨ ᠲᠦᠷ ᠬᠡᠷᠡᠭᠵᠢᠭᠦᠯᠬᠦ ᠲᠣᠬᠢᠷᠠᠭᠤᠯᠤᠯᠲᠠ᠂ ᠵᠢᠭᠠᠰᠤᠨ ᠠᠵᠤ ᠠᠬᠤᠢ᠎ᠶᠢᠨ ᠨᠥᠬᠥᠪᠦᠷᠢ᠂ ᠵᠢᠵᠢᠭ ᠠᠵᠤ ᠠᠬᠤᠢ᠎ᠶᠢᠨ ᠴᠣᠭᠴᠠ᠂ ᠰᠢᠯᠭᠠᠨ ᠪᠠᠢᠴᠠᠭᠠᠬᠤ ᠬᠢᠵᠢᠭ ᠪᠠᠢᠴᠠᠭᠠᠬᠤ ᠪᠠ ᠮᠡᠷᠭᠡᠵᠢᠯ᠎ᠦᠨ ᠬᠠᠤᠯᠢ ᠲᠣᠭᠲᠠᠭᠠᠯ᠎ᠤᠨ ᠠᠷᠭ᠎ᠠ ᠬᠡᠮᠵᠢᠶ᠎ᠡ᠎ᠶᠢᠨ ᠣᠨᠴᠠᠭᠠᠶ ᠪᠠ ᠵᠥᠷᠢᠶᠡᠲᠦ ᠬᠠᠷᠠᠭᠠᠯᠵᠠᠯ ᠵᠡᠷᠭᠡ ᠳᠠᠯ᠎ᠠ ᠪᠡᠷ ᠤᠯᠠᠨ ᠵᠦᠢᠯ᠎ᠤᠨ ᠦᠷ᠎ᠠ ᠪᠦᠲᠦᠭᠡᠯ ᠲᠠᠢ ᠪᠤᠯᠵᠠᠢ᠃

 

ᠦᠢᠯᠡᠴᠢᠯᠡᠭᠡ

✦ᠪᠤᠭᠤᠲᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 10 ᠴᠢᠳᠠᠪᠤᠷᠢᠲᠠᠨ ᠡᠯᠰᠡᠨ᠎ᠠ᠃

✦2026 ᠣᠨ᠎ᠤ ᠬᠠᠩᠰᠢ᠎ᠶᠢᠨ ᠠᠮᠠᠷᠠᠯᠲᠠ᠎ᠶᠢᠨ ᠬᠤᠭᠤᠴᠠᠭᠠᠨ᠎ᠳᠤ᠂ 7 ᠰᠠᠭᠤᠳᠠᠯ  ᠠ᠋ᠴᠠ ᠳᠣᠷᠣᠭ᠍ᠰᠢᠬᠢ (7 ᠰᠠᠭᠤᠳᠠᠯ  ᠢ᠋ ᠪᠠᠭᠲᠠᠭᠠᠨ᠎ᠠ) ᠵᠢᠵᠢᠭ ᠰᠠᠭᠤᠳᠠᠯ᠎ᠤᠨ ᠮᠠᠰᠢᠨ ᠲᠡᠷᠭᠡ ᠡᠴᠡ ᠲᠦᠷᠭᠡᠨ᠎ᠤ ᠵᠠᠰᠠᠮᠠᠯ ᠵᠠᠮ᠎ᠤᠨ ᠰᠦᠢᠳᠬᠡᠯ ᠬᠤᠷᠢᠶᠠᠬᠤ ᠦᠭᠡᠢ᠃ ᠰᠦᠢᠳᠬᠡᠯ ᠬᠤᠷᠢᠶᠠᠬᠤ ᠦᠭᠡᠢ ᠨᠡᠪᠲᠡᠷᠡᠬᠦ ᠴᠠᠭ ᠨᠢ 4 ᠰᠠᠷ᠎ᠠ᠎ᠶᠢᠨ 4᠎ᠦ ᠡᠳᠦᠷ᠎ᠦᠨ 0 ᠴᠠᠭ ᠠ᠋ᠴᠠ 4 ᠰᠠᠷ᠎ᠠ᠎ᠶᠢᠨ 6᠎ᠤ ᠡᠳᠦᠷ᠎ᠦᠨ 24 ᠴᠠᠭ ᠪᠣᠯᠲᠠᠯ᠎ᠠ ᠨᠡᠶ᠋ᠢᠲᠡ 3 ᠡᠳᠦᠷ ᠪᠣᠯᠣᠨ᠎ᠠ᠃

  

ᠲᠠᠨ᠎ᠤ ᠳᠤᠰᠠ᠎ᠳᠤ

✦ᠰᠤᠨᠢᠶᠠᠬᠤ ᠪᠣᠯ ᠪᠤᠯᠴᠢᠩ ᠪᠠ ᠰᠢᠷᠪᠦᠰᠦᠯᠢᠭ ᠪᠦᠷᠬᠦᠪᠴᠢ᠎ᠶᠢ ᠰᠤᠯᠠᠷᠠᠭᠤᠯᠬᠤ ᠨᠢᠭᠡ ᠵᠦᠢᠯ᠎ᠦᠨ ᠬᠥᠳᠡᠯᠭᠡᠭᠡᠨ ᠪᠣᠯᠣᠨ᠎ᠠ᠂ ᠲᠡᠷᠡ ᠨᠢ ᠪᠡᠶ᠎ᠡ ᠎ᠶᠢᠨ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠵᠦ᠂ ᠰᠥᠰᠥᠨ ᠎ᠤ ᠠᠭᠰᠢᠭᠠᠬᠤ ᠴᠢᠳᠠᠪᠤᠷᠢ ᠎ᠶᠢ ᠴᠢᠩᠭᠠᠷᠠᠭᠤᠯᠤᠨ᠎ᠠ᠃ ᠡᠳᠦᠷ ᠪᠦᠷᠢ ᠰᠤᠨᠢᠶᠠᠬᠤ ᠬᠥᠳᠡᠯᠭᠡᠭᠡᠨ ᠬᠢᠬᠦ᠎ᠶᠢ ᠪᠠᠷᠢᠮᠲᠠᠯᠠᠪᠠᠯ ᠰᠥᠰᠥᠨ ᠤ᠋ ᠴᠢᠳᠠᠪᠤᠷᠢ ᠎ᠶᠢ ᠭᠦᠢᠴᠡᠳ ᠪᠣᠯᠪᠠᠰᠤᠷᠠᠭᠤᠯᠵᠤ᠂ ᠰᠥᠰᠥᠨ ᠎ᠦ ᠴᠢᠯᠠᠭᠤᠵᠢᠯ ᠵᠡᠷᠭᠡ ᠡᠪᠡᠳᠴᠢᠨ ᠡᠭᠦᠰᠬᠦ᠎ᠶᠢ ᠰᠡᠷᠭᠡᠢᠯᠡᠵᠦ ᠴᠢᠳᠠᠨ᠎ᠠ᠃

ᠵᠠᠯᠭᠠᠭᠠᠳ《ᠴᠠᠰᠤᠲᠤ ᠴᠠᠭᠠᠨ ᠠᠭᠤᠯᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号