4 ᠰᠠᠷ᠎ᠠ ᠵᠢᠨ 20 ᠤ᠋ ᠡᠳᠤᠷ
ᠡᠬᠢᠯᠡᠬᠦ᠌ ᠴᠠᠭ᠄
2026-04-20 10:14:54
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄


 



                                          

ᠨᠡᠢᠭᠡᠮ 

✦ 4 ᠰᠠᠷ᠎ᠠ ᠵᠢᠨ 17᠎ᠤ ᠡᠳᠤᠷ᠂ ᠤᠯᠤᠰ᠎ᠤᠨ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠦᠪᠯᠡᠯ ᠡᠴᠡ ᠠᠯᠪᠠᠨ ᠮᠡᠳᠡᠭᠡ ᠨᠡᠢᠲᠡᠯᠡᠬᠦ᠎ᠳᠡᠭᠡᠨ ᠨᠠᠩ ᠣᠯᠠᠨ ᠨᠥᠬᠥᠴᠡᠯ ᠲᠠᠢ  ᠭᠠᠵᠠᠷ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ ᠨᠠᠮᠤᠷ᠎ᠤᠨ ᠠᠮᠠᠷᠠᠯᠲᠠ᠎ᠶᠢ ᠢᠳᠡᠪᠬᠢᠲᠡᠢ᠎ᠪᠠᠷ ᠬᠠᠢᠨ ᠰᠦᠪᠡᠭᠴᠢᠯᠡᠬᠦ᠎ᠶᠢ ᠵᠤᠷᠢᠬᠵᠢᠭᠤᠯᠬᠤ ᠵᠢᠨ ᠬᠠᠮᠲᠤ  ᠰᠤᠷᠤᠭ᠍ᠴᠢ ᠎ᠶᠢᠨ ᠠᠮᠠᠷᠠᠯᠲᠠ᠎ᠶᠢᠨ ᠬᠤᠭᠤᠴᠠᠭ᠎ᠠ ᠪᠣᠯᠣᠨ ᠭᠡᠷ᠎ᠦᠨ ᠠᠬᠠᠮᠠᠳ᠎ᠤᠨ ᠴᠠᠯᠢᠩ ᠎ᠲᠠᠢ  ᠠᠮᠠᠷᠠᠬᠤ ᠬᠤᠭᠤᠴᠠᠭ᠎ᠠ ᠎ᠶᠢ ᠰᠠᠢᠲᠤᠷ ᠵᠣᠯᠭᠠᠭᠤᠯᠬᠤ ᠬᠡᠷᠡᠭᠲᠡᠢ ᠭᠡᠪᠡ᠃  

✦ᠤᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠎ᠠᠴᠠ 《ᠫᠢᠨ  ᠳ᠋ᠥᠸᠧ ᠳ᠋ᠥᠸᠧ》᠂ 《ᠮᠧᠢ ᠲᠤᠸᠠᠨ》᠂《ᠵᠢᠩ ᠳ᠋ᠦᠩ》ᠵᠡᠷᠭᠡ 7 ᠬᠤᠳᠠᠯᠳᠤᠭᠠᠨ᠎ᠤ ᠲᠠᠪᠴᠠᠩ᠎ᠳᠡᠬᠢ《ᠬᠠᠤᠯᠢ ᠪᠤᠰᠤ ᠵᠠᠬᠢᠶᠠᠯᠠᠭ᠎ᠠ᠎ᠶᠢᠨ ᠬᠣᠭᠣᠯᠠᠨ᠎ᠤ ᠳᠡᠯᠭᠡᠭᠦᠷ》᠎ᠤᠨ ᠰᠢᠷᠢᠰ ᠬᠡᠷᠡᠭ᠎ᠲᠦ ᠨᠡᠶ᠋ᠢᠲᠡ 35.97 ᠳ᠋ᠦᠩᠰᠢᠭᠤᠷ ᠲᠥᠭᠥᠷᠢᠭ᠎ᠦᠨ ᠲᠤᠷᠭᠠᠭᠤᠯᠢ ᠵᠢᠨ ᠰᠢᠢᠳᠬᠡᠯ ᠥᠭᠴᠡᠢ ᠃

✦4 ᠰᠠᠷ᠎ᠠ ᠵᠢᠨ 17᠎ᠤ ᠡᠳᠤᠷ᠂ ᠠᠵᠤ ᠤᠢᠯᠡᠳᠪᠤᠷᠢ ᠪᠠ ᠮᠡᠳᠡᠭᠡ ᠵᠠᠩᠭᠢᠴᠢᠯᠠᠯᠳᠠ ᠵᠢᠨ ᠶᠠᠮᠤᠨ ᠵᠡᠷᠭᠡ 5 ᠰᠠᠯᠠᠭ᠎ᠠ ᠮᠦᠴᠢᠷ᠎ᠤᠨ ᠳᠠᠷᠤᠮᠠᠯᠯᠠᠨ ᠳᠠᠷᠬᠠᠭᠠᠬᠰᠠᠨ《ᠠᠵᠤ ᠤᠢᠯᠡᠳᠪᠤᠷᠢ ᠵᠢᠨ ᠤᠢᠯᠡᠳᠬᠦᠨ᠎ᠤ ᠪᠤᠬᠢᠷᠳᠤᠯ ᠦᠭᠡᠢ ᠵᠢᠷᠤᠭ ᠲᠦᠯᠦᠪᠯᠡᠭᠡ ᠵᠢᠨ ᠵᠦᠭᠯᠡᠬᠦᠷ᠎ᠤᠨ 2026 ᠤᠨ᠎ᠤ ᠬᠡᠪᠯᠡᠯ》᠎ᠢ ᠨᠡᠢᠲᠡᠯᠡᠪᠡ᠃

✦ᠤᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ᠎ᠠᠴᠠ《ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠤᠩᠰᠢᠯᠭ᠎ᠠ᠎ᠶᠢᠨ ᠬᠡᠪ ᠪᠣᠯᠪᠠᠰᠤᠷᠠᠯ᠎ᠤᠨ ᠪᠣᠷᠣ᠌ ᠲᠥᠯᠥᠪ》᠎ᠤᠨ ᠰᠤᠷᠭᠠᠨ ᠬᠥᠮᠦᠵᠢᠯ᠎ᠤᠨ ᠠᠵᠢᠯ ᠲᠥᠷᠥᠯ᠎ᠦᠨ ᠪᠠᠷᠢᠮᠵᠢᠶ᠎ᠠ᠎ᠶᠢ ᠨᠡᠢᠲᠡᠯᠡᠵᠡᠢ᠃ ᠡᠭᠦᠨ᠎ᠳᠦ ᠠᠳᠠᠯᠢ ᠪᠤᠰᠤ ᠰᠤᠷᠤᠯᠭ᠎ᠠ᠎ᠶᠢᠨ ᠱᠠᠲᠤ ᠦᠶ᠎ᠡ᠂ ᠠᠳᠠᠯᠢ ᠪᠤᠰᠤ ᠤᠩᠰᠢᠯᠭ᠎ᠠ᠎ᠶᠢᠨ ᠬᠢᠷᠢ ᠲᠦᠪᠰᠢᠨ᠎ᠲᠠᠢ ᠵᠠᠯᠠᠭᠤᠴᠤᠳ ᠪᠠᠭᠠᠴᠤᠳ᠎ᠲᠤ ᠦᠰᠦᠨ ᠪᠣᠢᠵᠢᠬᠤ ᠲᠣᠳᠣᠷᠬᠠᠢ ᠠᠷᠭ᠎ᠠ ᠵᠠᠮ ᠬᠠᠩᠭᠠᠵᠤ᠂ ᠵᠠᠯᠠᠭᠤᠴᠤᠳ ᠪᠠᠭᠠᠴᠤᠳ᠎ᠤᠨ ᠤᠩᠰᠢᠯᠭ᠎ᠠ᠎ᠶᠢᠨ ᠬᠡᠪ ᠪᠣᠯᠪᠠᠰᠤᠷᠠᠯ᠎ᠤᠨ ᠬᠥᠭᠵᠢᠯᠲᠡ᠎ᠶᠢᠨ ᠦᠷᠭᠦᠯᠵᠢᠯᠡᠬᠦ ᠴᠢᠨᠠᠷ᠂ ᠳᠡᠰ ᠳᠡᠪᠰᠢᠬᠦ ᠴᠢᠨᠠᠷ ᠪᠠ ᠵᠣᠬᠢᠴᠠᠬᠤ ᠴᠢᠨᠠᠷ᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠪᠡ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠤᠢᠷ᠎ᠠ᠎ᠳᠦ ᠨᠠᠷᠢᠯᠢᠭ᠋ ᠬᠢᠮᠢ᠎ᠶᠢᠨ ᠠᠵᠤ ᠦᠢᠯᠡᠳᠪᠦᠷᠢ᠎ᠶᠢᠨ ᠵᠠᠩᠭᠢᠯᠠᠭ᠎ᠠ᠎ᠶᠢᠨ ᠦᠢᠯᠡᠳᠬᠦᠨ᠎ᠦ ᠰᠢᠨ᠎ᠡ᠎ᠶᠢ ᠡᠭᠦᠳᠬᠦ ᠡᠭᠦᠷᠭᠡ᠎ᠶᠢᠨ ᠨᠡᠷᠡᠰ᠎ᠢ ᠵᠠᠷᠯᠠᠨ  ᠨᠡᠢᠲᠡᠯᠡᠵᠦ᠂ ᠣᠳᠤᠭ ᠬᠣᠰᠢᠭᠤᠨ᠎ᠤ ᠥᠪᠥᠷ ᠮᠣᠩᠭᠣᠯ᠎ᠤᠨ ᠱᠤᠸᠠᠩ ᠰᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠮᠠᠲᠧᠷᠢᠶᠠᠯ᠎ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ — ᠡᠲ᠋ᠢᠯ ᠠᠯᠺᠣᠣᠯ᠎ᠤᠨ ᠪᠥᠭᠡᠭᠡᠨᠡᠷᠡᠯ ( EVOH ) ᠠᠮᠵᠢᠯᠲᠠ᠎ᠲᠠᠢ ᠰᠤᠩᠭᠤᠬᠳᠠᠵᠤ᠂ ᠤᠲᠤᠭ ᠬᠣᠰᠢᠭᠤᠨ᠎ᠤ ᠨᠠᠷᠢᠯᠢᠭ᠋ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠣᠳᠠᠲᠤ ᠬᠦᠴᠦᠨ ᠪᠠ ᠬᠥᠭᠵᠢᠯᠲᠡ᠎ᠶᠢᠨ ᠳᠠᠯᠳᠠ ᠬᠦᠴᠦᠨ᠎ᠢ ᠢᠯᠡᠷᠡᠭᠦᠯᠪᠡ᠃

✦ᠤᠢᠷ᠎ᠠ ᠵᠢᠨ ᠡᠳᠤᠷ ᠯᠢᠶᠤᠤᠨᠢᠩ ᠦᠪᠤᠷ ᠮᠤᠩᠭᠤᠯ᠎ᠤᠨ ᠲᠡᠮᠤᠷ ᠵᠠᠮ ᠪᠠ ᠳᠠᠯᠠᠢ ᠬᠤᠯᠪᠤᠭᠠᠯᠠᠬᠰᠠᠨ ᠲᠡᠭᠡᠭᠡᠪᠤᠷᠢ ᠵᠢᠨ ᠤᠯᠠᠭᠠᠠᠬᠠᠳᠠ ᠵᠢᠨ ᠤᠯᠠᠨ ᠤᠯᠤᠰ᠎ᠤᠨ ᠳᠤᠳᠤᠭᠠᠳᠤ ᠬᠠᠭᠤᠷᠠᠢ ᠵᠢᠨ ᠭᠠᠷᠠᠮ ᠵᠢᠴᠢ ᠯᠢᠶᠤᠤ ᠭᠠᠩ ᠪᠦᠯᠦᠭᠯᠡᠯ᠎ᠤᠨ ᠤᠯᠠᠭᠠᠠᠬᠠᠳᠠ ᠵᠢᠨ ᠬᠡᠷᠡᠭᠯᠡᠭᠴᠢᠳ᠎ᠲᠦ ᠤᠢᠯᠡᠴᠢᠯᠡᠬᠦ ᠲᠦᠪ ᠫᠠᠢᠰᠠ ᠡᠯᠭᠦᠪᠡ᠃ ᠡᠨᠡ ᠨᠢ ᠤᠯᠠᠭᠠᠠᠬᠠᠳᠠ ᠵᠢᠨ ᠠᠵᠤ ᠠᠬᠤᠢᠯᠠᠯ ᠤᠳᠤ ᠡᠴᠡ ᠡᠬᠢᠯᠡᠨ 《ᠡᠭᠦᠳᠡᠨ᠎ᠳᠡᠭᠡᠨ ᠭᠠᠷᠠᠮ》 ᠲᠠᠢ ᠪᠤᠯᠵᠤ᠂ ᠦᠪᠤᠷ ᠮᠤᠩᠭᠤᠯ᠎ᠤᠨ ᠵᠡᠬᠦᠨ ᠬᠡᠰᠡᠭ᠎ᠤᠨ ᠭᠠᠵᠠᠷ ᠤᠷᠤᠨ᠎ᠤ ᠳᠠᠯᠠᠢ᠎ᠳᠤ ᠭᠠᠷᠬᠤ ᠪᠠᠷᠠᠭᠠᠨ᠎ᠤ ᠬᠦᠢᠯᠭᠡᠭᠡᠨ᠎ᠤ ᠵᠠᠮ᠎ᠤᠨ ᠪᠠᠬᠳᠠᠭᠠᠮᠵᠢ ᠵᠢ ᠦᠷᠭᠡᠳᠬᠡᠬᠦ ᠪᠠ ᠶᠠᠰᠤ ᠴᠢᠨᠠᠷ᠎ᠢ ᠳᠡᠭᠡᠭᠰᠢᠯᠡᠬᠦᠯᠬᠦ ᠵᠢ ᠪᠡᠶᠡᠯᠡᠬᠦᠯᠦᠭᠰᠡᠨ᠎ᠢ ᠬᠠᠷᠠᠭᠤᠯᠵᠤ ᠪᠠᠢᠨ᠎ᠠ᠃

✦ᠦᠪᠡᠷᠳᠡᠭᠡᠨ ᠵᠠᠰᠠᠬᠤ ᠤᠷᠤᠨ᠎ᠤ ᠠᠵᠤ ᠤᠢᠯᠡᠳᠪᠤᠷᠢ ᠪᠠ ᠮᠡᠳᠡᠭᠡ ᠵᠠᠩᠬᠢᠴᠢᠯᠠᠯᠳᠠ ᠵᠢᠨ ᠳᠢᠩᠬᠢᠮ᠂ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ᠎ᠤ ᠳᠢᠩᠬᠢᠮ ᠵᠡᠷᠭᠡ ᠪᠠᠢᠭᠤᠯᠭ᠎ᠠ ᠨᠢᠭᠡᠴᠢ ᠤᠢᠷ᠎ᠠ᠎ᠳᠤ ᠬᠠᠮᠳᠤᠷᠠᠨ ᠮᠡᠳᠡᠭᠳᠡᠯ ᠳᠠᠷᠬᠠᠭᠠᠵᠤ᠂ ᠦᠪᠤᠷ ᠮᠤᠩᠭᠤᠯ᠎ᠤᠨ 2026 ᠤᠨ᠎ᠤ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠦᠭᠡᠢ ᠤᠢᠯᠡᠳᠪᠤᠷᠢ ᠵᠢ ᠪᠦᠲᠦᠭᠡᠨ ᠪᠠᠢᠭᠤᠯᠬᠤ ᠠᠵᠢᠯ᠎ᠢ ᠡᠬᠢᠯᠡᠬᠦᠯᠪᠡ᠃

✦4 ᠰᠠᠷ᠎ᠠ ᠵᠢᠨ18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠦ ᠠᠵᠢᠯ ᠣᠯᠭᠣᠯᠲᠠ ᠎ᠶᠢᠨ ᠦᠢᠯᠡᠴᠢᠯᠡᠭᠡᠨ᠎ᠦ ᠲᠦᠪ᠂ ᠪᠣᠷᠣᠳᠣᠬᠣᠢ ᠳᠡᠭᠡᠳᠦ ᠰᠤᠷᠭᠠᠭᠤᠯᠢ᠂ ᠪᠠᠶᠠᠨᠨᠠᠭᠤᠷ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠳᠠᠭᠠᠭᠠᠴᠢᠯᠠᠨ ᠡᠷᠬᠢᠯᠡᠭᠰᠡᠨ 2026 ᠣᠨ᠎ᠤ ᠪᠦᠬᠦ ᠤᠯᠤᠰ᠎ᠤᠨ ᠣᠯᠠᠨ ᠬᠣᠲᠠ ᠬᠠᠮᠲᠤᠷᠠᠭᠰᠠᠨ ᠠᠵᠢᠯᠲᠠᠨ ᠡᠯᠰᠡᠬᠦ ᠴᠤᠭᠯᠠᠭᠠᠨ᠎ᠤ ᠶᠡᠬᠡ ᠳᠡᠭᠡᠳᠦ ᠰᠤᠷᠭᠠᠭᠤᠯᠢ  ᠲᠡᠭᠦᠰᠦᠭᠰᠡᠳ ᠎ᠤᠨ ᠬᠠᠪᠤᠷ᠎ᠤᠨ ᠤᠯᠠᠷᠢᠯ᠎ᠤᠨ ᠲᠤᠰᠬᠠᠢ ᠲᠠᠯᠠᠪᠠᠶ ᠪᠣᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠲᠠᠯᠠᠪᠠᠢ᠎ᠶᠢᠨ ᠠᠵᠢᠯᠯᠠᠭ᠎ᠠ ᠪᠣᠷᠣᠳᠣᠬᠣᠢ ᠳᠡᠭᠡᠳᠦ ᠰᠤᠷᠭᠠᠭᠤᠯᠢ᠎ᠳᠤ ᠶᠠᠪᠤᠭᠳᠠᠪᠠ᠃ ᠲᠤᠰ ᠡᠳᠦᠷ᠎ᠲᠤ 3370 ᠭᠠᠷᠤᠢ ᠠᠵᠢᠯ ᠡᠷᠢᠭᠰᠡᠳ᠎ᠢ ᠲᠠᠯᠠᠪᠠᠢ᠎ᠳᠤ ᠣᠷᠣᠭᠤᠯᠤᠨ᠂ ᠬᠥᠮᠥᠨ ᠬᠡᠷᠡᠭᠯᠡᠬᠦ ᠪᠠᠢᠭᠤᠯᠭ᠎ᠠ ᠨᠢᠭᠡᠴᠢ ᠨᠡᠢᠲᠡ 5842 ᠲᠣᠪᠴᠢ ᠨᠠᠮᠲᠠᠷ᠎ᠢ ᠬᠦᠯᠢᠶᠡᠨ ᠠᠪᠴᠤ᠂ 487 ᠬᠥᠮᠥᠨ ᠤᠳᠠᠭ᠎ᠠ᠎ᠶᠢᠨ ᠠᠵᠢᠯ ᠣᠯᠭᠣᠬᠤ ᠰᠠᠨᠠᠮᠵᠢ ᠳᠣᠬᠢᠷᠠᠵᠠᠶ᠃

✦ᠣᠢᠷ᠎ᠠ᠎ᠶᠢᠨ ᠵᠢᠯ᠎ᠡᠴᠡ ᠨᠠᠭᠠᠰᠢ᠂ ᠳ᠋ᠧᠩᠺᠸᠦ ᠰᠢᠶᠠᠨ ᠲᠠᠷᠢᠶᠠᠯᠠᠩ ᠣᠢ ᠰᠢᠭᠤᠢ᠎ᠳᠤ ᠵᠤᠷᠢᠭᠤᠯᠤᠬᠰᠠᠨ 100 ᠭᠠᠷᠤᠢ ᠵᠢᠯᠣᠭᠣᠴᠢ ᠦᠭᠡᠢ ᠨᠢᠰᠬᠡᠯ ᠵᠢᠡᠷ ᠪᠤᠭᠤᠳᠠᠢ᠂ ᠡᠷᠳᠡᠨᠢ ᠰᠢᠰᠢ ᠵᠢᠨ ᠲᠠᠷᠢᠶᠠᠨ᠎ᠳᠤ ᠡᠮ ᠰᠦᠷᠴᠢᠨ᠂ ᠪᠣᠷᠳᠣᠭᠤᠷ ᠣᠷᠣᠭᠤᠯᠵᠤ ᠡᠪᠡᠰᠦ ᠠᠷᠢᠯᠭᠠᠨ ᠠᠵᠢᠯ᠎ᠤᠨ ᠦᠷ᠎ᠡ ᠪᠦᠲᠦᠮᠵᠢ᠎ᠶᠢ 50 ᠳᠠᠬᠢᠨ᠎ᠠᠴᠠ ᠢᠯᠡᠭᠦᠦ ᠳᠡᠭᠡᠭᠰᠢᠯᠡᠭᠦᠯᠵᠡᠢ᠃  

 

 ᠰᠤᠶᠤᠯ 

✦4 ᠰᠠᠷ᠎ᠠ ᠵᠢᠨ 18᠎ᠤ ᠡᠳᠤᠷ᠂《ᠠᠷᠤ ᠬᠤᠷᠴᠢᠨ ᠬᠤᠰᠢᠭᠤᠨ᠎ᠤ ᠡᠮᠳᠤ ᠤᠷᠭᠤᠮᠠᠯ᠎ᠤᠨ ᠵᠢᠷᠤᠬᠳᠤ ᠳᠤᠯᠢ》ᠨᠤᠮ᠎ᠤᠨ ᠳᠠᠷᠬᠠᠭᠠᠯᠳᠠ ᠵᠢᠨ ᠶᠤᠰᠤᠯᠠᠯ ᠵᠢᠴᠢ ᠳᠤᠰ ᠨᠤᠮ᠎ᠤᠨ ᠳᠤᠬᠠᠢ ᠦᠨᠡᠯᠡᠯᠳᠡ ᠵᠢᠨ ᠬᠤᠷᠠᠯ ᠠᠷᠤ ᠬᠤᠷᠴᠢᠨ ᠬᠤᠰᠢᠭᠤᠨ᠎ᠤ ᠮᠤᠩᠭᠤᠯ ᠡᠮᠨᠡᠯᠭᠡ ᠵᠢᠨ ᠬᠤᠷᠢᠶᠠᠨ᠎ᠳᠤ ᠤᠳᠬ᠎ᠠ ᠳᠡᠭᠦᠯᠳᠡᠷ ᠶᠠᠪᠤᠬᠳᠠᠪᠠ᠃

✦ 4 ᠰᠠᠷ᠎ᠠ ᠵᠢᠨ 18᠎ᠤ ᠡᠳᠦᠷ᠂ ᠪᠠᠶᠠᠠᠨᠠᠭᠤᠷ ᠬᠤᠳᠠ ᠵᠢᠨ ᠯᠢᠨᠾᠧ ᠲᠣᠭᠣᠷᠢᠭ᠋᠎ᠤᠨ ᠨᠠᠢ᠍ᠮᠠᠳᠤᠭᠠᠷ ᠬᠤᠭᠤᠴᠠᠭᠠᠨ᠎ᠤ ᠠᠯᠢᠮ᠎ᠠ᠎ᠶᠢᠨ ᠴᠡᠴᠡᠭ᠎ᠦᠨ ᠰᠣᠶᠣᠯ᠎ᠤᠨ ᠰᠢᠷᠢᠰ ᠠᠵᠢᠯᠯᠠᠭ᠎ᠠ ᠭᠠᠨᠵᠤᠤᠷ ᠰᠦᠮ᠎ᠡ ᠪᠠᠯᠭᠠᠰᠤᠨ᠎ᠤ ᠮᠢᠨ ᠵᠸ᠋ ᠲᠣᠰᠬᠣᠨ᠎ᠳᠤ ᠡᠬᠢᠯᠡᠵᠦ᠂ ᠬᠣᠲᠠ᠎ᠶᠢᠨ ᠠᠷᠠᠳ᠎ᠤᠨ ᠬᠠᠯᠠᠭᠤᠨ ᠬᠦᠷᠢᠶᠡᠯᠡᠯ᠎ᠢ ᠣᠯᠵᠠᠢ᠃

✦ᠤᠷᠴᠢᠮᠬᠠᠨ 2026 ᠣᠨ᠎ᠤ ᠣᠷᠳᠣᠰ ᠲᠣᠪᠰᠢᠭᠤᠷ᠎ᠤᠨ ᠨᠡᠶ᠋ᠢᠲᠡ᠎ᠶᠢᠨ ᠠᠰᠠᠷᠠᠮᠵᠢ᠎ᠶᠢᠨ ᠪᠣᠯᠪᠠᠰᠤᠷᠠᠯ᠎ᠤᠨ ᠬᠠᠷᠢᠭᠤ ᠮᠡᠳᠡᠭᠦᠯᠦᠯᠲᠡ᠎ᠶᠢᠨ ᠲᠣᠭᠯᠠᠯᠲᠠ ᠬᠠᠩᠭᠢᠨ ᠬᠣᠰᠢᠭᠤᠨ᠎ᠳᠤ ᠶᠠᠪᠤᠭᠳᠠᠵᠤ᠂ 30 ᠭᠠᠷᠤᠢ ᠪᠠᠬᠠᠲᠠᠨ ᠣᠷᠣᠯᠴᠠᠵᠠᠢ᠃ 


 ᠲᠠᠮᠢᠷ 

✦2026 ᠣᠨ ᠎ᠤ ᠳᠡᠯᠡᠬᠡᠢ ᠎ᠶᠢᠨ ᠎ᠲᠠᠢᠺᠢᠨᠳᠤᠤ ᠎ᠶᠢᠨ ᠵᠠᠯᠠᠭᠤᠴᠤᠳ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠰᠠᠶᠢᠬᠠᠨ ᠦᠨᠳᠤᠷᠯᠡᠵᠤ᠂ ᠳᠤᠮᠳᠠᠳᠤ ᠤᠯᠤᠰ᠎ᠤᠨ ᠠᠩᠭᠢ 3 ᠠᠯᠲᠠᠨ ᠮᠧᠳᠠᠯ 1 ᠮᠥᠩᠭᠥᠨ ᠮᠧᠳᠠᠯ ᠣᠯᠵᠠᠢ᠃


 ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠣᠯᠠᠨ ᠤᠯᠤᠰ᠎ᠤᠨ ᠳᠠᠯᠠᠶ᠎ᠶᠢᠨ ᠶᠠᠪᠤᠳᠠᠯ᠎ᠤᠨ ᠵᠣᠬᠢᠶᠠᠨ ᠪᠠᠢᠭᠤᠯᠤᠯᠲᠠ᠎ᠶᠢᠨ ᠨᠠᠷᠢᠨ ᠪᠢᠴᠢᠭ᠎ᠦᠨ ᠳᠠᠷᠤᠭ᠎ᠠ ᠬᠡᠯᠡᠬᠦ᠎ᠳᠡᠭᠡᠨ᠂ ᠣᠳᠣᠬᠠᠨ᠎ᠳᠤ ᠪᠠᠷᠤᠭ 2 ᠲᠦᠮᠡᠨ ᠳᠠᠯᠠᠢᠴᠢᠨ ᠪᠠ 2000 ᠰᠢᠬᠠᠮ ᠣᠩᠭᠣᠴᠠ ᠫᠸᠷᠰ ᠪᠤᠯᠤᠩ᠎ᠳᠤ ᠬᠠᠰᠢᠭ᠍ᠳᠠᠵᠠᠢ᠃


 ᠦᠢᠯᠡᠴᠢᠯᠡᠭᠡ 

✦ᠬᠦᠬᠡᠬᠤᠳᠠ ᠵᠢᠨ ᠲᠦᠮᠡᠳ ᠰᠤᠷᠭᠠᠭᠤᠯᠢ ᠪᠠᠬᠰᠢ ᠡᠯᠰᠡᠵᠤ ᠪᠤᠢ᠃ 


ᠲᠠᠨ᠎ᠤ ᠲᠤᠰᠠ᠎ᠳᠤ  

✦ᠮᠠᠭᠠᠵᠢᠨ ᠲᠣᠰᠣᠨ᠎ᠤ ᠡᠮᠲᠦ ᠬᠡᠷᠡᠭᠴᠡᠭᠡ᠄ ᠴᠢᠰᠤᠨ ᠰᠤᠳᠠᠯ᠎ᠢ ᠬᠠᠮᠠᠭᠠᠯᠠᠨ᠎ᠠ᠃ ᠮᠠᠭᠠᠵᠢᠨ ᠲᠣᠰᠣᠨ᠎ᠳᠤ 40% ᠣᠷᠴᠢᠮ᠎ᠤᠨ ᠳᠤᠲᠠᠭᠤ ᠲᠣᠰᠣᠨ ᠬᠦᠴᠢᠯ᠂ ᠬᠢᠯᠭᠠᠰᠤᠲᠤ ᠮᠣᠳᠣᠨ ᠬᠦᠴᠢᠯ ᠵᠡᠷᠭᠡ ᠬᠠᠨᠤᠭᠠᠳᠤᠢ ᠥᠭᠡᠬᠦᠨ ᠬᠦᠴᠢᠯ ᠪᠠᠢᠵᠤ᠂ ᠬᠥᠮᠥᠨ᠎ᠦ ᠪᠡᠶ᠎ᠡ᠎ᠳᠦ ᠬᠢᠯᠪᠠᠷᠬᠠᠨ ᠰᠢᠩᠭᠡᠭᠡᠭᠳᠡᠨ ᠰᠥᠰᠥᠨ᠎ᠦ ᠠᠯᠺᠣᠣᠯ᠎ᠢ ᠠᠷᠢᠯᠭᠠᠵᠤ᠂ ᠪᠠᠰᠠ ᠯᠤᠭᠰᠢᠭᠤᠨ ᠰᠤᠳᠠᠯ᠎ᠤᠨ ᠠᠭᠰᠢᠷᠠᠯ᠎ᠢ ᠬᠣᠷᠢᠭ᠍ᠯᠠᠵᠤ ᠴᠢᠰᠤᠨ ᠰᠤᠳᠠᠯ᠎ᠢ ᠵᠥᠭᠡᠯᠡᠷᠡᠭᠦᠯᠬᠦ᠂ ᠴᠢᠰᠤ᠎ᠶᠢ ᠰᠢᠩᠭᠡᠵᠢᠭᠦᠯᠬᠦ᠎ᠳᠦ ᠠᠰᠢᠭ᠍ᠲᠠᠢ ᠪᠠᠢᠳᠠᠭ᠃


ᠵᠠᠯᠭᠠᠭᠠᠳ 《ᠠᠪᠤ ᠡᠵᠢ ᠰᠢᠭ ᠰᠠᠢᠬᠠᠨ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号