4 ᠰᠠᠷ᠎ᠠ ᠵᠢᠨ 22 ᠤ᠋ ᠡᠳᠤᠷ
ᠡᠬᠢᠯᠡᠬᠦ᠌ ᠴᠠᠭ᠄
2026-04-22 09:53:48
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

1000101010101010101010101010101010101014.22封面模板0101.jpg

ᠨᠡᠢᠭᠡᠮ

✦ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ 2025 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠤᠨ ᠲᠣᠭᠠᠴᠢᠯᠠᠭᠰᠠᠨ ᠤᠩᠰᠢᠯᠭ᠎ᠠ᠎ᠶᠢᠨ ᠪᠦᠲᠦᠭᠡᠯ᠎ᠦᠨ ᠶᠡᠷᠦᠩᠬᠡᠢ ᠬᠡᠮᠵᠢᠶ᠎ᠡ 705.92 ᠲᠦᠮᠡ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 11.87%᠎ᠪᠠᠷ ᠨᠡᠮᠡᠭᠳᠡᠪᠡ᠃

✦2025 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ᠎ᠤᠨ ᠳᠠᠩᠰᠠᠯᠠᠭᠤᠯᠤᠭᠰᠠᠨ ᠵᠢᠯᠣᠭᠣᠴᠢ ᠦᠭᠡᠢ ᠨᠢᠰᠬᠡᠯ ᠨᠡᠶ᠋ᠢᠲᠡ 328.7 ᠲᠦᠮᠡ ᠪᠣᠯᠵᠤ᠂ ᠠᠳᠠᠯᠢ ᠬᠤᠭᠤᠴᠠᠭᠠᠨ᠎ᠤ ᠬᠢ᠎ᠡᠴᠡ 51.0%᠎ᠪᠠᠷ ᠨᠡᠮᠡᠭᠳᠡᠪᠡ᠃

✦ᠡᠨᠡ ᠵᠢᠯ ᠮᠠᠨ᠎ᠤ ᠣᠷᠣᠨ᠎ᠤ ᠴᠢᠬᠤᠯᠠ ᠶᠡᠬᠡ ᠶᠠᠮ ᠬᠠᠷᠢᠯᠴᠠᠭᠠᠨ᠎ᠤ ᠲᠥᠰᠥᠯ᠎ᠦᠨ ᠪᠦᠲᠦᠭᠡᠨ ᠪᠠᠢᠭᠤᠯᠤᠯᠲᠠ ᠲᠦᠷᠭᠡᠨ᠎ᠢᠶᠠᠷ ᠠᠬᠢᠭ᠍ᠰᠠᠨ ᠮᠥᠷᠲᠡᠭᠡᠨ ᠲᠥᠪ᠎ᠦᠨ ᠪᠡᠯᠡ ᠮᠥᠩᠭᠥ᠎ᠶᠢᠨ ᠳᠡᠮᠵᠢᠯᠭᠡ᠎ᠶᠢ ᠣᠯᠵᠤ᠂ ᠣᠳᠣᠬᠠᠨ᠎ᠳᠦ ᠨᠢᠭᠡᠡᠲᠡ 2026 ᠣᠨ᠎ᠤ ᠲᠥᠪ᠎ᠦᠨ ᠨᠢᠭᠡᠳᠦᠭᠡᠷ ᠪᠦᠯᠦᠭ᠎ᠤᠨ ᠪᠡᠯᠡ ᠮᠥᠩᠭᠥ ᠎ᠶᠢ 80 ᠳ᠋ᠦᠩᠰᠢᠭᠤᠷ ᠲᠥᠭᠥᠷᠢᠭ ᠨᠠᠢᠳᠠᠪᠤᠷᠢᠵᠢᠭᠤᠯᠪᠠ᠃ ᠡᠭᠦᠨ᠎ᠤ ᠵᠡᠷᠭᠡᠪᠡᠷ ᠨᠢᠭᠡᠳᠦᠭᠡᠷ ᠤᠯᠠᠷᠢᠯ᠎ᠳᠦ ᠮᠠᠨ᠎ᠤ ᠤᠷᠤᠨ᠎ᠤ ᠶᠡᠷᠤᠩᠬᠡᠢᠯᠡᠭᠰᠡᠨ ᠵᠠᠮ ᠬᠠᠷᠢᠯᠴᠠᠭᠠᠨ᠎ᠤ ᠰᠠᠭᠤᠷᠢ ᠳᠦᠭᠦᠬᠡᠷᠤᠮᠵᠢ ᠵᠢᠨ ᠪᠡᠯᠡ ᠤᠷᠤᠭᠤᠯᠤᠯᠳᠠ ᠵᠢ 17᠎ᠳ᠋ᠦᠩᠰᠢᠭᠤᠷ 4000 ᠲᠦᠮᠡᠨ ᠲᠦᠭᠦᠷᠢᠭ ᠪᠡᠶᠡᠯᠡᠬᠦᠯᠪᠡ᠃

✦ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ ᠬᠠᠮᠲᠤᠷᠠᠨ 2026 ᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠢ ᠲᠥᠷᠥᠯ᠎ᠦᠨ ᠪᠡᠯᠡ ᠮᠥᠩᠭᠥ᠎ᠶᠢ 9900 ᠲᠦᠮᠡᠨ ᠲᠥᠭᠥᠷᠢᠭ ᠪᠠᠭᠤᠯᠭᠠᠵᠤ᠂ ᠰᠢᠨ᠎ᠡ ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠭᠤᠷᠪᠠᠨ ᠶᠡᠬᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠰᠥᠯ᠎ᠢ ᠪᠠᠢᠷᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠦ ᠰᠢᠨ᠎ᠡ ᠪᠠᠷ ᠮᠠᠨᠳᠤᠵᠤ ᠪᠠᠢᠭ᠎ᠠ ᠠᠵᠤ ᠦᠢᠯᠡᠰ᠎ᠢ ᠪᠣᠢᠵᠢᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠲᠦ ᠬᠥᠳᠡᠯᠭᠡᠬᠦ ᠬᠦᠴᠦᠨ ᠨᠡᠮᠡᠷᠢᠯᠡᠬᠦ᠎ᠪᠡᠷ ᠪᠤᠢ᠃

✦ᠤᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ 《ᠨᠠᠷᠠᠲᠤ ᠰᠢᠯᠢᠳᠡᠭ ᠣᠨᠴᠠ ᠰᠢᠨ᠎ᠡ》ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢᠨ ᠨᠡᠷᠡᠰ᠎ᠢ ᠨᠡᠢᠲᠡᠯᠡᠵᠤ᠂ ᠡᠭᠦᠨ᠎ᠳᠤ ᠪᠠᠶᠠᠠᠨᠠᠭᠤᠷ ᠬᠤᠲᠠ᠎ᠶᠢᠨ 17 ᠬᠤᠪᠢ᠎ᠶᠢᠨ ᠡᠵᠡᠩᠨᠡᠯᠳᠡ ᠵᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠰᠣᠩᠭᠣᠭᠳᠠᠵᠠᠢ᠃

✦ᠲᠦᠷᠦᠭᠦᠬᠡᠨ ᠪᠡᠭᠡᠵᠢᠩ ᠬᠤᠲᠠ᠎ᠳᠤ ᠶᠠᠪᠤᠭᠳᠠᠭᠰᠠᠨ《ᠳᠤᠮᠳᠠᠳᠤ ᠤᠯᠤᠰ᠎ᠤᠨ ᠤᠯᠤᠰ᠎ᠤᠨ ᠵᠢᠭᠤᠯᠴᠢᠯᠠᠯ》᠎ᠤᠨ ᠰᠢᠨ᠎ᠡ ᠵᠠᠭᠤᠴᠢᠯᠠᠭᠤᠷ᠎ᠤᠨ ᠬᠥᠭᠵᠢᠯᠲᠡ᠎ᠶᠢᠨ ᠬᠤᠷᠠᠯ ᠳᠡᠭᠡᠷ᠎ᠡ ᠲᠦᠩᠯᠢᠶᠤᠤ ᠬᠤᠲᠠ᠎ᠶᠢᠨ ᠬᠢᠨ ᠭᠦᠨ ᠵᠤᠵᠠᠭᠠᠨ ᠰᠣᠶᠣᠯ᠎ᠤᠨ ᠠᠭᠤᠯᠬᠤᠨ ᠬᠢᠭᠡᠳ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠷᠢᠳᠢ ᠰᠢᠳᠢ᠎ᠪᠡᠷ᠎ᠢᠶᠠᠨ ᠪᠦᠬᠦ ᠤᠯᠤᠰ᠎ᠤᠨ ᠲᠦᠷᠦᠭᠦᠦ ᠪᠦᠯᠦᠭ 《ᠡᠷᠳᠡᠨᠢᠰ᠎ᠦᠨ ᠰᠠᠩ᠎ᠤᠨ ᠵᠢᠵᠢᠭ ᠬᠤᠲᠠ》᠎ᠪᠡᠷ ᠰᠣᠩᠭᠣᠭᠳᠠᠭᠰᠠᠨ ᠪᠥᠭᠡᠳ ᠤᠯᠭᠤᠬᠰᠠᠨ ᠫᠠᠢᠰᠠ ᠵᠢ ᠬᠦᠯᠢᠶᠡᠨ ᠠᠪᠤᠭᠰᠠᠨ ᠪᠠᠢᠨ᠎ᠠ᠃

✦ᠬᠤᠷᠴᠢᠨ ᠵᠡᠬᠦᠨ ᠭᠠᠷᠤᠨ ᠬᠤᠢᠳᠤ ᠬᠤᠰᠢᠭᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠤ ᠵᠢᠨ ᠵᠥᠪᠯᠡᠯ᠎ᠦᠨ《ᠲᠣᠭᠣᠷᠢᠨ ᠡᠮᠴᠢᠯᠡᠬᠦ ᠡᠮᠴᠢᠯᠡᠭᠡᠨ᠎ᠦ ᠠᠩᠭᠢ》ᠪᠠᠢᠭᠤᠯᠤᠭᠳᠠᠭᠰᠠᠨ᠎ᠠᠴᠠ᠎ᠪᠠᠨ ᠨᠠᠭᠠᠰᠢ᠂ ᠪᠦᠬᠦ  ᠬᠣᠰᠢᠭᠤᠨ᠎ᠤ ᠪᠡᠨ 15 ᠰᠤᠮᠤ ᠰᠢᠶᠠᠩ ᠪᠠᠯᠭᠠᠰᠤ᠂ 32 ᠡᠷᠡᠭᠦᠯ ᠬᠠᠮᠠᠭᠠᠯᠠᠯ᠎ᠤᠨ ᠬᠣᠷᠢᠶ᠎ᠠ᠎ᠪᠠᠷ ᠲᠣᠭᠣᠷᠢᠨ ᠡᠮᠴᠢᠯᠡᠵᠦ᠂ ᠨᠡᠢᠲᠡ ᠪᠠᠷᠤᠭ 5000 ᠺᠢᠯᠣᠮᠧᠲᠷ ᠠᠶᠠᠯᠠᠨ᠂ 2730 ᠬᠥᠮᠥᠨ (ᠤᠳᠠᠭ᠎ᠠ )᠎ᠳᠤ ᠦᠢᠯᠡᠴᠢᠯᠡᠨ᠂ 31 ᠲᠠᠯᠠᠪᠠᠢ ( ᠤᠳᠠᠭ᠎ᠠ ) ᠮᠡᠷᠭᠡᠵᠢᠯ᠎ᠢᠶᠡᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ 300  ᠭᠠᠷᠤᠢ ᠦᠨᠳᠦᠰᠦᠨ ᠱᠠᠲᠤᠨ᠎ᠤ ᠡᠮᠴᠢᠯᠡᠭᠡᠨ᠎ᠦ ᠠᠵᠢᠯᠲᠠᠨ᠎ᠳᠤ ᠠᠰᠢᠭ᠋ ᠬᠦᠷᠲᠡᠭᠡᠭᠰᠡᠨ ᠪᠠᠢᠨ᠎ᠠ᠃

 ᠰᠤᠶᠤᠯ

✦4 ᠰᠠᠷ᠎ᠠ᠎ᠶᠢᠨ 19᠎ᠦ ᠡᠳᠦᠷ᠂ ᠣᠷᠳᠣᠰ᠎ᠤᠨ ᠤᠯᠠᠭᠠᠨᠮᠥ᠋ᠴᠢᠷ ᠴᠦᠩᠴᠢᠩ᠎ᠳᠦ ᠲᠣᠭᠣᠷᠢᠨ ᠲᠣᠭᠯᠠᠯᠲᠠ ᠬᠢᠵᠦ᠂ ᠲᠣᠭᠣᠷᠢᠨ ᠲᠣᠭᠯᠠᠯᠲᠠ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠦᠨᠳᠦᠰᠦ ᠪᠣᠯᠭᠠᠵᠤ᠂ ᠭᠠᠵᠠᠷ ᠣᠷᠣᠨ᠎ᠤ ᠣᠨᠴᠠᠯᠢᠭ᠋᠎ᠲᠠᠢ ᠳᠠᠭᠤᠤ ᠪᠥᠵᠢᠭ᠎ᠢᠶᠡᠷ ᠬᠣᠯᠪᠣᠭᠠᠰᠤ ᠪᠣᠯᠭᠠᠨ᠂ ᠣᠷᠳᠣᠰ᠎ᠤᠨ ᠥᠪᠡᠷᠮᠢᠴᠡ ᠣᠨᠴᠠᠯᠢᠭ᠋᠎ᠲᠠᠢ ᠰᠣᠶᠣᠯ ᠤᠷᠠᠯᠢᠭ᠋᠎ᠤᠨ ᠬᠡᠪ ᠨᠠᠮᠪᠠ ᠵᠢ ᠪᠦᠬᠦ ᠲᠠᠯ᠎ᠠ᠎ᠪᠠᠷ ᠢᠯᠡᠷᠡᠭᠦᠯᠦᠭᠰᠡᠨ ᠪᠠᠢᠨ᠎ᠠ᠃

✦ᠤᠢᠷ᠎ᠠ᠎ᠳᠤ ᠪᠠᠶᠠᠠᠨᠠᠭᠤᠷ ᠬᠣᠲᠠ᠎ᠶᠢᠨ ᠬᠡᠪᠴᠢᠶᠡᠨ᠎ᠦ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠎ᠦᠨ ᠪᠠᠭ᠍ᠰᠢ ᠰᠤᠷᠤᠭ᠍ᠴᠢᠳ᠎ᠤᠨ《ᠳᠤᠮᠳᠠᠳᠤ᠎ᠶᠢᠨ ᠰᠣᠩᠭᠣᠳᠠᠭ ᠪᠦᠲᠦᠭᠡᠯ᠎ᠢ ᠤᠶᠠᠩᠭᠠᠯᠠᠵᠤ  ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ》ᠮᠡᠳᠡᠯᠭᠡ᠎ᠶᠢᠨ ᠠᠰᠠᠭᠤᠯᠲᠠ ᠬᠠᠷᠢᠭᠤᠯᠲᠠ᠎ᠶᠢᠨ ᠤᠷᠤᠯᠳᠤᠭᠠᠨ ᠤᠷᠠᠳ᠎ᠤᠨ ᠳᠤᠮᠳᠠᠳᠤ ᠬᠣᠰᠢᠭᠤᠨ᠎ᠳᠤ ᠨᠢᠵᠢᠭᠡᠷ ᠶᠠᠪᠤᠭᠳᠠᠵᠤ᠂ ᠪᠠᠶᠠᠠᠨᠠᠭᠤᠷ ᠬᠤᠲᠠ᠎ᠶᠢᠨ ᠬᠡᠪᠴᠢᠶᠡᠨ᠎ᠤ 56 ᠣᠷᠣᠯᠴᠠᠭ᠍ᠴᠢ ᠣᠷᠣᠯᠳᠤᠭᠰᠠᠨ ᠪᠠᠢᠨ᠎ᠠ᠃

✦ᠳᠡᠯᠡᠬᠡᠢ᠎ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ᠎ᠢᠶᠠᠷ᠂ ᠰᠦᠨᠢᠳ ᠪᠠᠷᠠᠭᠤᠨ ᠬᠤᠰᠢᠭᠤᠨ᠎ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠨᠣᠮ᠎ᠤᠨ ᠰᠠᠩ᠎ᠠᠴᠠ ᠬᠠᠮᠲᠤᠷᠠᠨ ᠡᠷᠬᠢᠯᠡᠭᠰᠡᠨ《ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠵᠤ᠂ ᠨᠣᠮ᠎ᠤᠨ ᠬᠡᠰᠢᠭᠲᠦ ᠨᠡᠢᠭᠡᠮ᠎ᠢ ᠪᠠᠢᠭᠤᠯᠬᠤ》 ᠭᠤᠴᠢᠨ ᠨᠢᠭᠡᠳᠡᠬᠢ ᠳᠡᠯᠡᠬᠡᠢ᠎ᠶᠢᠨ ᠨᠣᠮ ᠤᠩᠰᠢᠬᠤ ᠡᠳᠦᠷᠯᠢᠭ ᠵᠢᠴᠢ ᠭᠤᠷᠪᠠᠳᠠᠭᠢ ᠤᠳᠠᠭᠠᠨ᠎ᠤ ᠬᠡᠯᠡᠴᠡ ᠦᠭᠡ᠂ ᠵᠦᠢᠷ ᠴᠠᠴᠠᠨ ᠦᠭᠡ᠎ᠶᠢᠨ ᠤᠷᠤᠯᠳᠤᠭᠠᠨ ᠤᠷᠴᠢᠮᠬᠠᠨ ᠠᠮᠵᠢᠯᠲᠠᠲᠠᠢ ᠶᠠᠪᠤᠭᠳᠠᠵᠤ᠂ ᠨᠣᠮ ᠰᠣᠶᠣᠯ᠎ᠤᠨ ᠭᠦᠨ ᠵᠤᠵᠠᠭᠠᠨ ᠠᠭᠤᠷ ᠠᠮᠢᠰᠬᠤᠯ᠎ᠢ ᠪᠣᠢ ᠪᠣᠯᠭᠠᠪᠠ᠃

✦ᠤᠷᠠᠳ᠎ᠤᠨ ᠡᠮᠦᠨᠡᠲᠦ ᠬᠣᠰᠢᠭᠤᠨ᠎ᠤ ᠳᠡᠯᠡᠬᠡᠢ᠎ᠶᠢᠨ ᠨᠣᠮ ᠤᠩᠰᠢᠬᠤ ᠡᠳᠦᠷ ᠵᠢᠴᠢ ᠪᠦᠬᠦ ᠠᠷᠠᠳ᠎ᠢᠶᠠᠷ᠎ᠢᠶᠡᠨ ᠨᠣᠮ ᠤᠩᠰᠢᠬᠤ ᠠᠵᠢᠯᠯᠠᠭ᠎ᠠ᠎ᠶᠢᠨ ᠭᠠᠷᠠᠭ᠎ᠤᠨ ᠰᠢᠷᠢᠰ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠲᠦᠷᠦᠬᠦᠬᠡᠨ ᠤᠷᠠᠳ᠎ᠤᠨ ᠡᠮᠦᠨᠡᠳᠤ ᠬᠤᠰᠢᠭᠤᠨ᠎ᠤ ᠤᠯᠠᠭᠠᠨᠮᠥ᠋ᠴᠢᠷ᠎ᠦᠨ ᠪᠣᠯᠪᠠᠰᠤᠷᠠᠯ᠎ᠤᠨ ᠲᠦᠪ ᠲ‍ᠦ ᠶᠠᠪᠤᠬᠳᠠᠪᠠ᠃ ᠪᠦᠬᠦ ᠬᠤᠰᠢᠭᠤᠨ᠎ᠤ ᠡᠯ᠎ᠡ ᠡᠳᠡᠭᠡᠳ᠎ᠤᠨ ᠤᠯᠠᠨ ᠲᠦᠮᠡᠨ ᠨᠢᠭᠡ ᠳᠠᠩᠬᠢᠮ᠎ᠳᠤ ᠴᠤᠬᠯᠠᠷᠠᠨ᠂ ᠪᠦᠬᠦ ᠠᠷᠠᠳ ᠵᠢᠡᠷ ᠵᠢᠡᠨ ᠨᠤᠮ ᠤᠩᠰᠢᠬᠤ ᠰᠢᠨ᠎ᠡ ᠬᠡᠪ ᠰᠤᠷᠳᠠᠯ᠎ᠢ ᠬᠠᠮᠳᠤ ᠪᠡᠷ ᠰᠠᠨᠠᠭᠠᠴᠢᠯᠠᠵᠠᠢ᠃

ᠲᠠᠮᠢᠷ 

✦ᠥᠪᠡᠷᠳᠡᠬᠡᠨ ᠵᠠᠰᠠᠬᠤ ᠣᠷᠣᠨ᠎ᠦ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠬᠤᠪᠧᠢ ᠮᠤᠵᠢ᠎ᠶᠢᠨ ᠰᠢᠶᠣᠣ ᠭᠠᠨ ᠬᠣᠲᠠ᠎ᠳᠤ ᠶᠠᠪᠤᠭᠳᠠᠭᠰᠠᠨ 2026 ᠣᠨ᠎ᠤ ᠪᠦᠬᠥ ᠤᠯᠤᠰ᠎ᠤᠨ ᠵᠠᠯᠠᠭᠤᠴᠤᠳ ᠎ᠤᠨ ᠵᠢᠣᠳᠣᠣ ᠪᠥᠬᠡ᠎ᠶᠢᠨ ᠮᠠᠩᠯᠠᠢ ᠰᠢᠯᠭᠠᠷᠠᠭᠤᠯᠬᠤ ᠤᠷᠣᠯᠳᠤᠭᠠᠨ ( U18 ᠳᠤᠭᠤᠢᠯᠠᠩ᠂ U20 ᠳᠤᠭᠤᠢᠯᠠᠩ ) ᠵᠢᠴᠢ ᠪᠥᠬᠦ ᠤᠯᠤᠰ᠎ᠤᠨ ᠵᠢᠣᠳᠣᠣ ᠪᠥᠬᠡ ᠵᠢᠨ ᠬᠤᠪᠢ ᠬᠤᠷᠠᠮᠳᠤᠭᠤᠯᠬᠤ ᠤᠷᠤᠯᠳᠤᠭᠠᠨ ( ᠬᠣᠶᠠᠳᠤᠭᠠᠷ ᠥᠷᠲᠡᠭᠡ )᠎ᠳᠤ ᠮᠠᠨ᠎ᠤ ᠣᠷᠣᠨ᠎ᠤ ᠲᠥᠯᠥᠭᠡᠯᠡᠭᠴᠢᠳ᠎ᠦᠨ ᠠᠩᠬᠢ 2 ᠠᠯᠲᠠᠨ ᠮᠧᠳᠠᠯ᠂ 2 ᠬᠦᠷᠡᠯ ᠮᠸᠳᠠᠯ ᠬᠦᠷᠳᠡᠪᠠ᠃

✦ᠤᠢᠷ᠎ᠠ᠎ᠳᠤ 2026 ᠣᠨ᠎ᠤ ᠦᠦᠰᠢᠨ ᠤᠰᠤᠨ ᠵᠢᠷᠤᠭ᠎ᠠ ᠮᠣᠷᠢᠨ᠎ᠤ ᠬᠠᠪᠤᠷ᠎ᠤᠨ ᠤᠯᠠᠷᠢᠯ᠎ᠤᠨ ᠰᠣᠷᠢᠶ᠎ᠠ ᠪᠣᠯᠪᠠᠰᠤᠷᠠᠯ᠎ᠤᠨ ᠤᠷᠤᠯᠳᠤᠭᠠᠨ ᠦᠦᠰᠢᠨ ᠤᠰᠤᠨ ᠵᠢᠷᠤᠭ᠎ᠠ ᠮᠣᠷᠢᠨ᠎ᠤ ᠵᠢᠭᠤᠯᠴᠢᠯᠠᠯ᠎ᠤᠨ ᠣᠷᠣᠨ ᠳ᠋ᠤ᠌ ᠶᠠᠪᠤᠭᠳᠠᠪᠠ᠃ ᠦᠦᠰᠢᠨ ᠤᠰᠤᠨ ᠵᠢᠷᠤᠭ᠎ᠠ ᠮᠣᠷᠢᠨ᠎ᠤ ᠤᠷᠤᠯᠳᠤᠭᠠᠨ ᠪᠣᠯ ᠲᠠᠪᠤᠳᠤᠭᠠᠷ ᠪᠦᠯᠦᠭ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠲᠤ ᠵᠢᠭ᠍ᠰᠠᠭᠠᠭᠳᠠᠭᠰᠠᠨ ᠤᠯᠠᠮᠵᠢᠯᠠᠯᠲᠤ ᠪᠡᠶ᠎ᠡ᠎ᠶᠢᠨ ᠲᠠᠮᠢᠷ ᠎ᠤᠨ ᠤᠷᠤᠯᠳᠤᠭᠠᠨ ᠶᠤᠮ᠃ ᠲᠤᠰ ᠤᠳᠠᠭᠠᠨ᠎ᠤ ᠤᠷᠤᠯᠳᠤᠭᠠᠨ᠎ᠳᠤ ᠨᠡᠶ᠋ᠢᠲᠡ 300 ᠭᠠᠷᠤᠢ ᠠᠵᠢᠨᠠᠢ ᠬᠥᠯᠦᠭ ᠰᠢᠨᠳᠠᠰᠤ  ᠰᠣᠷᠢᠭ᠍ᠰᠠᠨ ᠪᠠᠢᠨ᠎ᠠ᠃

✦2026 ᠣᠨ᠎ᠤ ᠬᠠᠩᠭᠢᠨ ᠬᠣᠰᠢᠭᠤᠨ᠎ᠤ ᠰᠤᠷᠭᠠᠭᠤᠯᠢ᠎ᠶᠢᠨ ᠬᠦᠷᠢᠶᠡᠨ᠎ᠦ ᠪᠥᠬᠡ᠎ᠶᠢᠨ ᠤᠷᠤᠯᠳᠤᠭᠠᠨ ᠤᠷᠴᠢᠮᠬᠠᠨ ᠬᠠᠩᠭᠢᠨ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠬᠥᠭᠵᠢᠶᠡᠨ᠎ᠲᠠᠢ ᠶᠠᠪᠤᠬᠳᠠᠵᠤ᠂ ᠪᠦᠬᠦ ᠬᠤᠰᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠨ 290 ᠭᠠᠷᠤᠢ ᠰᠤᠷᠤᠬᠴᠢ ᠢᠳᠡ ᠬᠦᠴᠦ ᠤᠷᠠᠨ ᠪᠠᠷᠢᠯᠳᠤᠭᠠᠨ ᠵᠢᠡᠨ ᠭᠠᠢᠬᠠᠭᠤᠯᠤᠨ᠂ ᠬᠤᠷᠠᠬᠰᠠᠨ ᠤᠯᠠᠨ ᠵᠢᠡᠨ ᠪᠠᠶᠠᠰᠬᠠᠵᠠᠢ᠃

ᠲᠡᠯᠡᠬᠡᠢ 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠶᠠᠫᠤᠨ᠎ᠤ ᠴᠠᠭ ᠠᠭᠤᠷ᠎ᠤᠨ ᠲᠢᠩᠬᠢᠮ᠎ᠤᠨ 20 ᠎ᠤ ᠡᠳᠦᠷ᠎ᠤᠨ ᠮᠡᠳᠡᠭᠡ᠎ᠳᠤ ᠶᠠᠫᠤᠨ᠎ᠤ ᠵᠡᠭᠦᠨ ᠬᠣᠢᠲᠤ ᠬᠡᠰᠡᠭ᠎ᠦᠨ ᠳᠠᠯᠠᠶ᠎ᠶᠢᠨ ᠣᠷᠣᠨ᠎ᠳᠤ ᠲᠤᠰ ᠡᠳᠦᠷ 7.5 ᠳᠡᠰ᠎ᠤᠨ ᠭᠠᠵᠠᠷ ᠬᠥᠳᠡᠯᠵᠦ᠂ ᠪᠠᠷᠤᠭ 80 ᠰᠠᠨᠲ᠋ᠢᠮᠧᠲᠷ ᠥᠨᠳᠥᠷ ᠳᠠᠯᠠᠶ᠎ᠶᠢᠨ ᠢᠰᠬᠡᠷᠦᠯᠲᠡ᠎ᠶᠢ ᠠᠵᠢᠭ᠍ᠯᠠᠨ ᠣᠯᠵᠠᠢ᠃

 ᠦᠢᠯᠡᠴᠢᠯᠡᠭᠡ 

✦ᠦᠪᠤᠷ ᠮᠤᠩᠭᠤᠯ᠎ᠤᠨ ᠤᠷᠠᠯᠢᠭ᠎ᠤᠨ ᠳᠡᠭᠡᠳᠤ ᠰᠤᠷᠭᠠᠭᠤᠯᠢ ᠵᠢᠨ ᠬᠠᠷᠢᠶᠠᠳᠤ ᠳᠤᠮᠳᠠᠳᠤ ᠰᠤᠷᠭᠠᠭᠤᠯᠢ ᠪᠠᠬᠰᠢ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ  ᠵᠤᠬᠢᠶᠠᠯ ᠎ᠢ ᠦᠵᠡᠬᠦ》 (阅读原文) ᠦᠰᠦᠭ᠎ᠢ  ᠳᠤᠪᠴᠢᠳᠠᠵᠤ ᠦᠵᠡᠭᠡᠷᠡᠢ!

ᠲᠠᠨ᠎ᠤ ᠲᠤᠰᠠ᠎ᠳᠤ

✦ᠬᠡᠤᠬᠡᠳ᠎ᠤᠨ ᠬᠤᠳᠤᠭᠤᠳᠤ ᠭᠡᠳᠡᠰᠦᠨ᠎ᠤ ᠠᠵᠢᠯᠯᠠᠭ᠎ᠠ ᠵᠢᠨ ᠴᠢᠳᠠᠪᠤᠷᠢ ᠨᠢ ᠠᠨᠠᠢᠬᠠᠨ ᠪᠤᠯᠬᠤᠷ ᠵᠢᠮᠢᠰ ᠠᠷᠪᠢᠨ ᠢᠳᠡᠪᠡᠯ ᠰᠢᠩᠭᠡᠭᠡᠯᠳᠡ ᠵᠢᠨ ᠡᠷᠬᠡᠳᠡᠨ᠎ᠤ ᠳᠠᠷᠤᠭᠠᠰᠤ ᠵᠢ ᠬᠦᠨᠳᠦᠷᠡᠬᠦᠯᠵᠤ ᠰᠢᠩᠭᠡᠭᠡᠯᠳᠡ ᠵᠢᠨ ᠠᠵᠢᠯᠯᠠᠭ᠎ᠠ ᠵᠢ ᠨᠦᠯᠦᠭᠡᠯᠡᠨ᠎ᠡ᠃ ᠡᠢᠮᠤ ᠡᠴᠡ ᠬᠡᠤᠬᠡᠳ ᠵᠢᠮᠢᠰ ᠪᠤᠶᠤ ᠵᠢᠮᠢᠰ᠎ᠤᠨ ᠰᠢᠭᠦᠰᠦ ᠡᠴᠡ ᠶᠡᠬᠡ ᠬᠡᠮᠵᠢᠶᠡᠨ᠎ᠤ ᠵᠢᠮᠢᠰ᠎ᠤᠨ ᠰᠢᠬᠢᠷ᠎ᠢ ᠰᠢᠩᠭᠡᠭᠡᠨ ᠠᠪᠤᠪᠠᠯ ᠬᠡᠤᠬᠡᠳ᠎ᠤᠨ ᠢᠳᠡᠰᠢᠨ ᠳᠤᠷᠠᠰᠢᠯ ᠮᠠᠭᠤᠳᠠᠵᠤ᠂ ᠬᠡᠪᠡᠯᠢ ᠡᠪᠡᠳᠬᠦ ᠪᠤᠶᠤ ᠰᠠᠭᠤᠯᠭᠠᠬᠤ ᠭᠡᠮ ᠡᠭᠦᠰᠳᠡᠭ᠃

ᠵᠠᠯᠭᠠᠭᠠᠳ 《ᠤᠷᠭ᠎ᠠ ᠵᠢᠨ ᠵᠢᠭᠠᠬᠠᠨ ᠪᠤᠷᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号