


ᠨᠡᠢᠭᠡᠮ
✦ᠨᠠᠮ᠎ᠤᠨ ᠲᠥᠪ ᠬᠣᠷᠢᠶ᠎ᠠ᠎ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ
ᠠᠯᠪᠠᠨ ᠲᠢᠩᠬᠢᠮ ᠰᠠᠨᠠᠯ ᠨᠡᠢᠲᠡᠯᠡᠵᠦ᠂ ᠨᠠᠩ ᠥᠨᠳᠥᠷ ᠲᠦᠪᠰᠢᠨ ᠨᠠᠩ ᠴᠢᠨᠠᠷ ᠰᠠᠢᠲᠠᠢ᠎ᠪᠠᠷ ᠡᠨᠧᠷᠭᠢ ᠠᠷᠪᠢᠯᠠᠵᠤ
ᠨᠡᠭᠦᠷᠡᠰᠦᠲᠥ᠋ᠷᠥᠭᠴᠢ ᠪᠠᠭᠠᠰᠬᠠᠬᠤ ᠠᠵᠢᠯ᠎ᠢ ᠰᠠᠢᠲᠤᠷ ᠬᠢᠵᠦ᠂ ᠰᠠᠭᠤᠭᠠᠯᠢ ᠠᠷᠠᠳ᠎ᠤᠨ ᠱᠠᠲᠤᠴᠢ ᠴᠢᠨᠠᠷᠲᠠᠢ
ᠴᠠᠬᠢᠯᠭᠠᠨ᠎ᠤ ᠦᠨ᠎ᠡ᠎ᠶᠢᠨ ᠳᠦᠷᠢᠮ᠎ᠢ ᠰᠢᠯᠢᠳᠡᠭᠵᠢᠭᠦᠯᠬᠦ᠂ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢᠨ
ᠲᠣᠭᠲᠠᠴᠠ ᠶᠢ ᠪᠦᠷᠢᠨᠰᠢᠭᠦᠯᠬᠦ ᠵᠡᠷᠭᠡ ᠪᠣᠳᠠᠲᠠᠢ ᠠᠵᠢᠯ ᠤᠨ ᠪᠠᠢᠷᠢᠯᠠᠭᠤᠯᠤᠯᠲᠠ᠎ᠶᠢ ᠳᠤᠷᠠᠳᠪᠠ᠃
✦ᠡᠪ ᠬᠠᠮᠲᠤ ᠵᠠᠯᠠᠭᠤᠴᠤᠳ᠎ᠤᠨ ᠡᠪᠯᠡᠯ᠎ᠦᠨ
ᠲᠥᠪ ᠬᠣᠷᠢᠶ᠎ᠠ ᠵᠡᠷᠭᠡ 15 ᠰᠠᠯᠠᠭ᠎ᠠ ᠮᠥᠴᠢᠷ ᠬᠠᠮᠲᠤᠷᠠᠨ ᠰᠠᠨᠠᠯ ᠳᠠᠷᠤᠮᠠᠯᠯᠠᠨ ᠲᠠᠷᠬᠠᠭᠠᠵᠤ᠂
ᠵᠠᠯᠠᠭᠤᠴᠤᠳ᠎ᠤᠨ ᠬᠥᠭᠵᠢᠯᠲᠡ᠎ᠳᠦ ᠵᠤᠬᠢᠴᠠᠬᠰᠠᠨ ᠬᠡᠯᠪᠡᠷᠢ᠎ᠶᠢᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠬᠦ
18 ᠵᠦᠢᠯ᠎ᠦᠨ ᠠᠷᠭ᠎ᠠ ᠬᠡᠮᠵᠢᠶ᠎ᠡ ᠳᠤᠷᠠᠳᠪᠠ᠃ ᠡᠭᠦᠨ᠎ᠳᠦ ᠵᠠᠯᠠᠭᠤᠴᠤᠳ᠎ᠤᠨ
ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠬᠤ ᠳᠡᠮᠵᠢᠯᠭᠡ ᠶᠢᠨ ᠰᠢᠰᠲᠧᠮ ᠢ ᠲᠡᠭᠦᠯᠳᠡᠷᠵᠢᠭᠦᠯᠬᠦ᠂ ᠬᠣᠲᠠ᠎ᠶᠢᠨ
ᠦᠢᠯᠡᠴᠢᠯᠡᠭᠡ᠎ᠪᠡᠷ ᠵᠠᠯᠠᠭᠤᠴᠤᠳ᠎ᠲᠤ ᠠᠰᠢᠭ᠋ ᠬᠦᠷᠲᠡᠭᠡᠬᠦ ᠡᠷᠴᠢᠮ᠎ᠢ ᠴᠢᠩᠭᠠᠷᠠᠭᠤᠯᠬᠤ ᠵᠡᠷᠭᠡ ᠠᠭᠤᠯᠭ᠎ᠠ ᠪᠠᠭᠲᠠᠵᠠᠢ᠃
✦ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ
ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠩᠬᠠᠳᠠᠭ᠍ᠴᠢ ᠪᠦᠯᠦᠭ ᠭᠠᠳᠠᠭᠠᠳᠤ᠎ᠶᠢᠨ ᠰᠠᠨᠰᠠᠷᠴᠢᠨ᠎ᠢ ᠰᠢᠯᠢᠨ
ᠰᠣᠩᠭᠣᠬᠤ ᠠᠵᠢᠯ ᠲᠦᠷᠦᠭᠦᠬᠡᠨ ᠳᠠᠭᠤᠰᠴᠤ᠂ ᠫᠠᠺᠢᠰᠲ᠋ᠠᠨ᠎ᠤ ᠵᠢᠱ᠌ᠢᠭᠳᠡᠭᠴᠢ ᠮᠦᠬᠠᠮᠦ᠋ᠳ᠋·ᠽᠸᠱᠠᠩ· ᠠᠯᠢ ᠪᠣᠯᠣᠨ ᠺᠦᠷᠸᠷᠠᠮ·
ᠳ᠋ᠠᠦ᠋ᠳ᠋ ᠰᠣᠩᠭᠣᠭᠳᠠᠵᠤ᠂ ᠡᠭᠦᠨ᠎ᠳᠦ 1 ᠬᠥᠮᠥᠨ ᠨᠢ ᠲᠤᠰᠬᠠᠢ ᠮᠡᠷᠭᠡᠵᠢᠯᠲᠡᠨ᠎ᠦ ᠬᠤᠪᠢ᠎ᠪᠠᠷ ᠨᠢᠰᠦᠯᠲᠡ᠎ᠶᠢᠨ
ᠡᠭᠦᠷᠭᠡ᠎ᠳᠦ ᠣᠷᠣᠯᠴᠠᠵᠤ᠂ ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ᠎ᠳᠦ ᠣᠷᠣᠬᠤ ᠠᠩᠬᠠᠳᠠᠭ᠍ᠴᠢ ᠭᠠᠳᠠᠭᠠᠳᠤ᠎ᠶᠢᠨ
ᠰᠠᠨᠰᠠᠷᠴᠢᠨ ᠪᠣᠯᠬᠤ ᠪᠣᠯᠣᠨ᠎ᠠ᠃
✦4 ᠰᠠᠷ᠎ᠠ᠎ᠶᠢᠨ 22᠎ᠤᠨ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ
ᠴᠡᠷᠢᠭ᠎ᠦᠨ ᠵᠡᠭᠦᠨ ᠬᠡᠰᠡᠭ᠎ᠦᠨ ᠪᠠᠢᠯᠳᠤᠭᠠᠨ᠎ᠤ ᠲᠣᠭᠣᠷᠢᠭ᠋ 133 ᠠᠩᠭᠢ᠎ᠶᠢ ᠵᠣᠬᠢᠶᠠᠨ ᠪᠠᠢᠭᠤᠯᠵᠤ᠂ ᠪᠠᠷᠠᠭᠤᠨ ᠨᠣᠮᠣᠬᠠᠨ ᠳᠠᠯᠠᠶ᠎ᠶᠢᠨ
ᠣᠷᠣᠨ᠎ᠳᠤ ᠰᠣᠷᠢᠯᠲᠠ ᠬᠢᠵᠦ᠂ ᠴᠡᠷᠢᠭ ᠠᠩᠭᠢ᠎ᠶᠢᠨ ᠠᠯᠤᠰ ᠳᠠᠯᠠᠶ᠎ᠶᠢᠨ ᠪᠠᠢᠯᠳᠤᠬᠤ ᠴᠢᠳᠠᠪᠤᠷᠢ᠎ᠶᠢ ᠪᠦᠲᠦᠮᠵᠢᠲᠡᠶ
ᠰᠢᠯᠭᠠᠵᠠᠢ᠃
✦《ᠡᠯᠡᠰᠦᠨ
ᠰᠢᠭᠤᠷᠭ᠎ᠠ᠎ᠶᠢ ᠤᠷᠢᠳᠴᠢᠯᠠᠨ ᠰᠡᠷᠡᠮᠵᠢᠯᠡᠭᠦᠯᠬᠦ ᠲᠠᠰ》 ᠤᠨ ᠤᠯᠤᠰ᠎ᠤᠨ ᠰᠢᠨ᠎ᠡ ᠪᠠᠷᠢᠮᠵᠢᠶ᠎ᠠ ᠤᠢᠷ᠎ᠠ᠎ᠳᠦ ᠨᠡᠢᠲᠡᠯᠡᠭᠳᠡᠵᠦ᠂
ᠲᠣᠭᠣᠰᠣ᠌ ᠳᠡᠭᠳᠡᠬᠦ᠎ᠶᠢ ᠤᠷᠢᠳᠴᠢᠯᠠᠨ ᠰᠡᠷᠡᠮᠵᠢᠯᠡᠭᠦᠯᠬᠦ ᠬᠡᠪᠴᠢᠶᠡᠨ᠎ᠳᠦ ᠣᠷᠣᠭᠤᠯᠬᠤ᠎ᠶᠢᠨ ᠬᠠᠮᠲᠤ ᠤᠷᠢᠳᠴᠢᠯᠠᠨ
ᠰᠡᠷᠡᠮᠵᠢᠯᠡᠭᠦᠯᠬᠦ ᠲᠠᠰ᠎ᠢ 4 ᠲᠠᠰ ᠬᠤᠪᠢᠶᠠᠵᠤ᠂ ᠤᠷᠢᠳᠴᠢᠯᠠᠨ ᠰᠡᠷᠡᠮᠵᠢᠯᠡᠭᠦᠯᠬᠦ ᠬᠡᠮᠵᠢᠶ᠎ᠡ᠎ᠶᠢ
24 ᠴᠠᠭ ᠤᠷᠢᠳᠴᠢᠯᠠᠭᠤᠯᠬᠤ᠎ᠪᠡᠷ ᠪᠤᠯᠪᠠ᠃
✦ᠮᠠᠨ᠎ᠤ ᠤᠯᠤᠰ᠎ᠤᠨ ᠢᠯᠡᠷᠡᠭᠦᠯᠦᠭᠰᠡᠨ ᠪᠥᠭᠡᠳ
ᠮᠡᠳᠡᠭᠦᠯᠦᠭᠰᠡᠨ ᠰᠠᠷᠠᠨ ᠪᠥᠮᠪᠥᠷᠴᠡᠭ᠎ᠦᠨ ᠰᠢᠨ᠎ᠡ ᠡᠷᠦᠳᠡᠰᠦ — ᠼᠧᠷᠢ ᠮᠠᠭ᠍ᠨᠢᠶᠢᠨ ᠴᠠᠩ ᠧ ᠴᠢᠯᠠᠭᠤ ᠤᠢᠷ᠎ᠠ᠎ᠳᠦ
ᠣᠯᠠᠨ ᠤᠯᠤᠰ᠎ᠤᠨ ᠠᠭᠤᠷᠬᠠᠢ᠎ᠶᠢᠨ ᠰᠢᠨᠵᠢᠯᠡᠭᠡᠨ᠎ᠦ ᠨᠡᠢᠭᠡᠮᠯᠢᠭ᠎ᠦᠨ ᠵᠥᠪᠰᠢᠶᠡᠷᠡᠯ ᠢ ᠣᠯᠪᠠ᠃ ᠡᠨᠡ ᠪᠣᠯ ᠬᠥᠮᠥᠨ
ᠲᠥᠷᠥᠯᠬᠢᠲᠡᠨ᠎ᠦ ᠰᠠᠷᠠᠨ ᠪᠥᠮᠪᠥᠷᠴᠡᠭ᠎ᠡᠴᠡ ᠢᠯᠡᠷᠡᠭᠦᠯᠦᠭᠰᠡᠨ ᠠᠷᠪᠠᠨ ᠨᠢᠭᠡᠳᠦᠭᠡᠷ ᠵᠦᠢᠯ᠎ᠦᠨ ᠰᠢᠨ᠎ᠡ ᠡᠷᠦᠳᠡᠰᠦ
ᠪᠣᠯᠣᠨ᠎ᠠ᠃
✦4 ᠰᠠᠷ᠎ᠠ᠎ᠶᠢᠨ 22᠎ᠤᠨ ᠡᠳᠦᠷ᠂ 2026 ᠣᠨ᠎ᠤ ᠵᠠᠯᠠᠭᠤᠴᠤᠳ ᠪᠠᠭᠠᠴᠤᠳ᠎ᠤᠨ ᠠᠮᠢ ᠠᠬᠤᠢ᠎ᠶᠢᠨ
ᠪᠣᠯᠪᠠᠰᠤᠨ᠎ᠤ ᠦᠢᠯᠡᠳᠦᠯᠭᠡ᠎ᠶᠢᠨ ᠠᠵᠢᠯᠯᠠᠭ᠎ᠠ᠎ᠶᠢᠨ ᠭᠣᠣᠯ ᠲᠠᠯᠠᠪᠠᠢ᠎ᠶᠢᠨ ᠠᠵᠢᠯᠯᠠᠭ᠎ᠠ ᠠᠯᠠᠱᠠ ᠵᠡᠭᠦᠨ ᠬᠣᠰᠢᠭᠤᠨ᠎ᠳᠤ
ᠶᠠᠪᠤᠭᠳᠠᠪᠠ᠃
✦2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠤᠷᠤᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠶᠢᠨ ᠪᠡᠶ᠎ᠡ᠎ᠶᠢᠨ
ᠲᠠᠮᠢᠷ᠎ᠤᠨ ᠲᠥᠷᠥᠯ᠎ᠦᠨ ᠲᠤᠰᠬᠠᠢ ᠮᠡᠷᠭᠡᠵᠢᠯ᠎ᠦᠨ ᠰᠢᠯᠭᠠᠯᠲᠠ
ᠤᠢᠷ᠎ᠡ᠎ᠳᠦ ᠳᠠᠭᠤᠰᠴᠤ᠂ ᠦᠬᠠᠢ ᠬᠣᠲᠠ᠎ᠶᠢᠨ ᠥᠨᠳᠥᠷ ᠳᠤᠮᠳᠠᠳᠤ᠎ᠶᠢᠨ ᠭᠤᠷᠪᠠᠳᠤᠭᠠᠷ ᠣᠨ᠎ᠤ ᠰᠤᠷᠤᠭ᠍ᠴᠢ ᠴᠧᠨ ᠬᠤᠤ
ᠪᠡᠶ᠎ᠡ ᠵᠢᠨ ᠲᠠᠮᠢᠷ᠎ᠤᠨ ᠲᠥᠷᠪᠡᠨ ᠲᠥᠷᠥᠯ᠎ᠦᠨ ᠰᠢᠯᠭᠠᠯᠲᠠ᠎ᠳᠤ 100 ᠬᠤᠪᠢ᠎ᠶᠢᠨ ᠶᠡᠷᠦᠩᠬᠡᠢ ᠬᠢᠷᠢ ᠪᠦᠲᠦᠮᠵᠢ᠎ᠪᠠᠷ ᠥᠪᠡᠷᠲᠡᠭᠡᠨ
ᠵᠠᠰᠠᠬᠤ ᠣᠷᠣᠨ᠎ᠦ ᠪᠡᠶ᠎ᠡ᠎ᠶᠢᠨ ᠲᠠᠮᠢᠷ᠎ᠤᠨ ᠨᠢᠭᠡᠳᠦᠯᠲᠡᠢ ᠰᠢᠯᠭᠠᠯᠲᠠ᠎ᠶᠢᠨ ᠲᠡᠦᠬᠡᠨ᠎ᠳᠡᠬᠢ ᠪᠦᠷᠢᠨ ᠬᠤᠪᠢ
ᠭᠥᠷᠳᠡᠭᠰᠡᠨ ᠠᠩᠬᠠᠳᠠᠭ᠍ᠴᠢ ᠡᠮᠡᠭᠲᠡᠢ ᠰᠤᠷᠤᠭ᠍ᠴᠢ ᠪᠣᠯᠤᠭᠰᠠᠨ ᠪᠠᠢᠨ᠎ᠠ᠃
✦4 ᠰᠠᠷ᠎ᠠ᠎ᠶᠢᠨ 22᠎ᠤᠨ ᠡᠳᠦᠷ᠂ ᠰᠢᠯᠢᠩᠬᠤᠲᠠ᠎ᠶᠢᠨ ᠨᠢᠰᠬᠡᠯ᠎ᠦᠨ ᠪᠠᠭᠤᠳᠠᠯ᠎ᠢ
ᠥᠭᠡᠷᠡᠴᠢᠯᠡᠵᠦ ᠥᠷᠭᠡᠳᠬᠡᠨ ᠪᠠᠶ᠋ᠢᠭᠤᠯᠬᠤ(ᠬᠣᠶᠠᠳᠤᠭᠠᠷ ᠬᠤᠭᠤᠴᠠᠭᠠᠨ᠎ᠤ ᠢᠨᠵᠧᠨᠧᠷᠢᠩ)ᠠᠵᠢᠯ ᠡᠬᠢᠯᠡᠪᠡ᠃ ᠲᠣᠰ ᠤᠳᠠᠭ᠎ᠠ 4.01 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ 895 ᠡᠳᠦᠷ᠎ᠦᠨ ᠪᠠᠷᠢᠯᠭ᠎ᠠ᠎ᠶᠢᠨ ᠬᠤᠭᠤᠴᠠᠭ᠎ᠠ ᠬᠡᠷᠡᠭᠰᠡᠵᠦ᠂ 2028 ᠣᠨ᠎ᠤ 9 ᠰᠠᠷ᠎ᠠ᠎ᠳᠤ ᠪᠠᠷᠢᠯᠭ᠎ᠠ ᠳᠠᠭᠤᠰᠴᠤ ᠠᠰᠢᠭ᠍ᠯᠠᠯᠲᠠ᠎ᠳᠤ ᠣᠷᠣᠭᠤᠯᠬᠤ᠎ᠪᠠᠷ
ᠲᠥᠯᠥᠪᠯᠡᠵᠦ ᠪᠣᠶ᠃
ᠠᠵᠦ ᠠᠬᠤᠢ
✦ᠡᠳ᠋᠎ᠦᠨ ᠵᠠᠰᠠᠭ᠎ᠤᠨ ᠶᠠᠮᠤᠨ ᠰᠢᠶᠠᠩᠭᠠᠩ
ᠣᠨᠴᠠᠭᠠᠢ ᠵᠠᠰᠠᠭ ᠵᠠᠬᠢᠷᠭᠠᠨ᠎ᠤ ᠣᠷᠣᠨ᠎ᠳᠤ᠂ ᠪᠠᠢᠭᠤᠯᠤᠮᠵᠢ᠎ᠶᠢᠨ ᠪᠡᠯᠡ ᠣᠷᠣᠭᠤᠯᠤᠭ᠍ᠴᠢᠳᠲᠤ ᠬᠠᠨᠳᠤᠭᠤᠯᠤᠨ
2026 ᠣᠨ᠎ᠤ ᠬᠣᠶᠠᠳᠤᠭᠠᠷ
ᠬᠤᠭᠤᠴᠠᠭᠠᠨ᠎ᠤ 155 ᠳ᠋ᠦᠩᠰᠢᠭᠤᠷ ᠲᠥᠭᠥᠷᠢᠭ᠎ᠦᠨ ᠠᠷᠠᠳ᠎ᠤᠨ ᠵᠣᠭᠣᠰ᠎ᠤᠨ ᠤᠯᠤᠰ᠎ᠤᠨ
ᠵᠢᠭᠡᠯᠡᠯᠭᠡ᠎ᠶᠢ ᠲᠠᠷᠬᠠᠭᠠᠵᠠᠢ᠃
ᠠᠮᠢ ᠠᠬᠤᠢ
✦ᠠᠭᠤᠷ ᠠᠮᠢᠰᠬᠤᠯ ᠳᠤᠯᠠᠭᠠᠷᠠᠬᠤ᠎ᠶᠢ ᠳᠠᠭᠠᠯᠳᠤᠨ
ᠬᠥᠯᠥᠨ ᠨᠠᠭᠤᠷ᠎ᠤᠨ ᠤᠯᠤᠰ᠎ᠤᠨ ᠲᠠᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠨᠡᠭᠦᠳᠡᠯ᠎ᠦᠨ ᠰᠢᠪᠠᠭᠤᠳ᠎ᠤᠨ
ᠨᠡᠭᠦᠳᠡᠯ᠎ᠦᠨ ᠣᠷᠭᠢᠯ ᠦᠶ᠎ᠡ ᠵᠢ ᠤᠭᠲᠤᠨ ᠠᠪᠴᠢᠷᠠᠯ᠎ᠠ᠃ ᠬᠥᠯᠥᠨ ᠨᠠᠭᠤᠷ᠎ᠤᠨ ᠬᠠᠮᠠᠭᠠᠯᠠᠯᠲᠠ᠎ᠶᠢᠨ ᠣᠷᠣᠨ᠎ᠤ
ᠬᠠᠮᠢᠶᠠᠷᠤᠯᠲᠠ᠎ᠶᠢᠨ ᠲᠣᠪᠴᠢᠶ᠎ᠠ᠎ᠶᠢᠨ 22᠎ᠤᠨ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠵᠢ
ᠦᠨᠳᠦᠰᠦᠯᠡᠪᠡᠯ᠂ ᠬᠥᠯᠥᠨ ᠨᠠᠭᠤᠷ᠎ᠤᠨ ᠨᠡᠭᠦᠳᠡᠯ᠎ᠦᠨ ᠰᠢᠪᠠᠭᠤᠳ᠎ᠤᠨ ᠲᠣᠭ᠎ᠠ ᠦᠷᠭᠦᠯᠵᠢᠯᠡᠨ ᠨᠡᠮᠡᠭᠳᠡᠬᠦ ᠬᠠᠨᠳᠤᠰᠢ᠎ᠲᠠᠢ
ᠪᠣᠯᠵᠤ᠂ 10 ᠵᠢᠯ᠎ᠦᠨ ᠬᠣᠭᠣᠷᠣᠨᠳᠤ 10 ᠲᠦᠮᠡ ᠭᠠᠷᠤᠢ ᠨᠡᠮᠡᠭᠳᠡᠵᠡᠢ᠃
ᠰᠤᠶᠤᠯ
✦ᠠᠩᠬᠠᠳᠤᠭᠠᠷ ᠬᠤᠭᠤᠴᠠᠭᠠᠨ᠎ᠤ ᠰᠢᠯᠢ᠎ᠶᠢᠨ ᠭᠣᠣᠯ ᠠᠢᠮᠠᠭ᠎ᠤᠨ ᠬᠥᠳᠡᠭᠡ
ᠲᠣᠰᠬᠣᠨ᠎ᠤ ᠳᠠᠭᠤᠤ᠎ᠶᠢᠨ ᠲᠤᠭᠯᠠᠯᠲᠠ 4 ᠰᠠᠷ᠎ᠠ᠎ᠶᠢᠨ 25᠎ᠤ ᠡᠳᠦᠷ ᠬᠥᠪᠡᠭᠡᠲᠦ ᠰᠢᠷ᠎ᠠ ᠬᠣᠰᠢᠭᠤᠨ᠎ᠤ ᠰᠢᠨᠡᠪᠤᠯᠠᠭ ᠪᠠᠯᠭᠠᠰᠤᠨ᠎ᠳᠤ
ᠶᠠᠪᠤᠭᠳᠠᠬᠤ᠎ᠪᠡᠷ ᠪᠤᠢ᠃
✦4 ᠰᠠᠷ᠎ᠠ᠎ᠶᠢᠨ 22᠎ᠤᠨ ᠡᠳᠦᠷ᠂ ᠤᠷᠳᠤᠰ ᠬᠤᠲᠠ᠎ᠵᠢᠨ ᠲᠤᠭ ᠪᠠᠯᠭᠠᠰᠤᠨ᠎ᠤ
ᠠᠵᠠ᠎ᠲᠠᠢ ᠨᠡᠢᠭᠡᠮ ᠲᠣᠭᠣᠷᠢᠭ᠋᠎ᠲᠤ 《ᠪᠢᠴᠢᠭ᠎ᠦᠨ ᠰᠤᠷᠪᠤᠯᠵᠢᠲᠤ ᠠᠵᠠ᠎ᠲᠠᠢ ᠶᠢ ᠬᠠᠮᠲᠤ᠎ᠪᠠᠷ ᠪᠠᠶ᠋ᠢᠭᠤᠯᠬᠤ》ᠠᠵᠢᠯᠯᠠᠭ᠎ᠠ ᠶᠠᠪᠤᠭᠳᠠᠵᠤ᠂ ᠲᠣᠭ ᠪᠠᠭ᠎ᠠ
ᠰᠤᠷᠭᠠᠭᠤᠯᠢ᠎ᠶᠢᠨ ᠪᠠᠭ᠍ᠰᠢ ᠰᠤᠷᠤᠭ᠍ᠴᠢ ᠭᠡᠷ᠎ᠤᠨ ᠠᠬᠠᠮᠠᠳ ᠵᠢᠴᠢ ᠠᠵᠠ᠎ᠲᠠᠢ ᠨᠡᠢᠭᠡᠮ ᠲᠣᠭᠣᠷᠢᠭ᠋᠎ᠤᠨ ᠠᠵᠢᠯᠲᠠᠨ
ᠵᠡᠷᠭᠡ ᠵᠢᠷᠠᠭᠠᠳ ᠬᠥᠮᠥᠨ ᠠᠵᠢᠯᠯᠠᠭ᠎ᠠ᠎ᠳᠤ ᠣᠷᠣᠯᠴᠠᠭᠰᠠᠨ ᠪᠠᠢᠨ᠎ᠠ᠃
ᠲᠠᠮᠢᠷ
✦2026 ᠣᠨ᠎ᠤ ᠣᠯᠠᠨ ᠤᠯᠤᠰ᠎ᠤᠨ ᠰᠠᠭᠰᠤᠨ ᠪᠥᠮᠪᠥᠭᠡ᠎ᠶᠢᠨ
ᠬᠣᠯᠪᠣᠭ᠎ᠠ᠎ᠶᠢᠨ ᠨᠠᠷᠠᠲᠤ ᠬᠥᠮᠥᠰ᠎ᠦᠨ ᠲᠠᠩᠬᠢᠮ᠎ᠳᠤ ᠰᠣᠩᠭᠣᠭᠳᠠᠭᠰᠠᠨ ᠨᠡᠷᠡᠰ᠎ᠢ ᠨᠡᠢᠲᠡᠯᠡᠬᠦ ᠶᠣᠰᠣᠯᠠᠯ 21᠎ᠦ ᠡᠳᠦᠷ ᠪᠸᠷᠯᠢᠨ᠎ᠳᠤ ᠶᠠᠪᠤᠭᠳᠠᠵᠤ᠂
ᠳᠤᠮᠳᠠᠳᠤ ᠤᠯᠤᠰ᠎ᠤᠨ ᠡᠷᠡᠭᠲᠡᠢ ᠰᠠᠭᠰᠤᠨ ᠪᠥᠮᠪᠥᠭᠡᠴᠢᠨ ᠸᠠᠩ ᡁᠢ ᡁᠢ ᠰᠣᠩᠭᠣᠭᠳᠠᠵᠤ᠂ ᠡᠨᠡᠬᠦ ᠨᠡᠷᠡᠰ᠎ᠲᠦ
ᠰᠤᠩᠭᠤᠭᠳᠠᠭᠰᠠᠨ ᠳᠤᠮᠳᠠᠳᠤ ᠤᠯᠤᠰ᠎ᠤᠨ ᠲᠠᠪᠤᠳᠤᠭᠠᠷ ᠰᠠᠭᠰᠤᠨ ᠪᠥᠮᠪᠥᠭᠡᠴᠢᠨ ᠪᠤᠯᠪᠠ᠃
✦4
ᠰᠠᠷ᠎ᠠ᠎ᠵᠢᠨ 22᠎ᠤᠨ ᠣᠷᠣᠢ᠂ ᠵᠢᠷᠭᠤᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ
ᠡᠯᠡᠰᠦᠨ ᠲᠠᠩ᠎ᠤᠨ ᠲᠠᠮᠢᠷ᠎ᠤᠨ ᠴᠤᠭᠯᠠᠭᠠᠨ ᠰᠠᠨᠶᠠ᠎ᠳᠦ ᠡᠬᠢᠯᠡᠵᠤ᠂ 4
ᠰᠠᠷ᠎ᠠ᠎ᠵᠢᠨ 30᠎ᠤ ᠡᠳᠦᠷ ᠪᠤᠯᠲᠠᠯ᠎ᠠ ᠶᠠᠪᠤᠭᠳᠠᠨ᠎ᠠ᠃
ᠲᠡᠯᠡᠬᠡᠢ
✦ᠲᠥᠪ
ᠲᠸᠯᠸᠢᠰ᠎ᠤᠨ ᠮᠡᠳᠡᠭᠡᠵᠢ ᠦᠨᠳᠦᠰᠦᠯᠡᠪᠡᠯ᠂
ᠠᠨᠭ᠌ᠭ᠌ᠯᠢ᠎ᠶᠢᠨ ᠵᠥᠪᠯᠡᠯᠭᠡᠨ᠎ᠦ ᠬᠤᠷᠠᠯ᠎ᠤᠨ ᠬᠣᠶᠠᠷ ᠵᠥᠪᠯᠡᠯᠭᠡᠨ 《ᠲᠠᠮᠠᠬᠢ
ᠪᠣᠯᠣᠨ ᠡᠯᠧᠺᠲᠷᠣᠨ ᠲᠠᠮᠠᠬᠢᠨ᠎ᠤ ᠬᠠᠤᠯᠢ᠎ᠶᠢᠨ ᠲᠥᠰᠥᠯ》᠎ᠢ ᠬᠢᠨᠠᠨ ᠵᠦᠪᠯᠡᠵᠤ ᠪᠠᠲᠤᠯᠠᠭᠠᠳ᠂
2009 ᠣᠨ᠎ᠤ 1 ᠰᠠᠷ᠎ᠠ
ᠶᠢᠨ 1᠎ᠦ ᠡᠳᠦᠷ ᠵᠢᠴᠢ ᠲᠡᠭᠦᠨ᠎ᠡᠴᠡ ᠰᠡᠭᠦᠯᠡᠷ ᠲᠥᠷᠥᠭᠰᠡᠨ ᠬᠥᠮᠥᠰ᠎ᠤᠨ
ᠲᠠᠮᠠᠬᠢ ᠬᠤᠳᠠᠯᠳᠤᠨ ᠠᠪᠬᠤ᠎ᠶᠢ ᠡᠭᠦᠷᠢᠳᠡ ᠴᠠᠭᠠᠵᠠᠯᠠᠨ᠎ᠠ ᠭᠡᠵᠦ ᠲᠣᠭᠲᠠᠭᠠᠵᠠᠢ᠃
✦ᠲᠥᠪ
ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠭᠧᠷᠮᠠᠨ᠎ᠤ ᠨᠢᠭᠡᠨ ᠠᠭᠠᠷ᠎ᠤᠨ ᠠᠶᠠᠯᠠᠯ᠎ᠤᠨ ᠺᠣᠮᠫᠠᠨᠢ ᠡᠨᠡ ᠵᠢᠯ᠎ᠦᠨ 10 ᠰᠠᠷ᠎ᠠ᠎ᠶᠢᠨ
ᠰᠡᠭᠦᠯᠴᠢ᠎ᠡᠴᠡ ᠡᠮᠦᠨ᠎ᠡ᠂ 20000 ᠣᠢᠷ᠎ᠠ ᠵᠠᠢ᠎ᠶᠢᠨ ᠡᠭᠡᠯᠵᠢ᠎ᠵᠢᠨ ᠨᠢᠰᠦᠯᠳᠡ᠎ᠶᠢ ᠵᠤᠭᠰᠤᠭᠠᠵᠦ᠂ ᠰᠢᠲᠠᠭᠠᠯᠭ᠎ᠠ᠎ᠶᠢᠨ
ᠲᠣᠰᠣᠨ᠎ᠤ ᠥᠪᠡᠷ᠎ᠦᠨ ᠥᠷᠲᠡᠭ ᠥᠨᠳᠥᠷ ᠪᠤᠯᠵᠤ ᠪᠠᠢᠬᠤ ᠪᠠᠢᠳᠠᠯ᠎ᠢ ᠠᠷᠭᠠᠴᠠᠭᠠᠨ᠎ᠠ ᠭᠡᠵᠦ ᠨᠡᠢᠲᠡᠯᠡᠵᠡᠢ᠃
ᠦᠢᠯᠡᠴᠢᠯᠡᠭᠡ
✦ᠬᠢᠩᠭᠠᠨ
ᠠᠢᠮᠠᠭ᠎ᠤᠨ ᠭᠤᠷᠪᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶ᠎ᠠ ᠠᠵᠢᠯᠲᠠᠨ ᠡᠯᠰᠡᠵᠦ ᠪᠤᠢ᠃ ᠨᠠᠷᠢᠨ
ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文) ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠨᠠᠷᠢᠮᠤ᠎ᠶᠢᠨ ᠰᠢᠩᠭᠡᠨ ᠪᠤᠳᠠᠭ᠎ᠠ ᠴᠢᠨᠠᠬᠤ
ᠦᠶᠡᠰ ᠰᠢᠯᠢᠮᠳᠡᠭ᠂ ᠰᠢᠷ᠎ᠠ ᠯᠤᠤᠪᠠᠩ᠂ ᠨᠠᠩᠭᠤᠸᠠ ᠵᠡᠷᠭᠡ ᠨᠣᠭᠣᠭᠠᠬᠢᠪᠡᠯ ᠪᠡᠶ᠎ᠡ᠎ᠵᠢᠨ ᠡᠷᠡᠭᠦᠯ
ᠮᠡᠨᠳᠦ᠎ᠳᠦ ᠨᠡᠩ ᠰᠠᠢᠨ᠃ ᠢᠳᠡᠰᠢᠨ ᠨᠣᠭᠣᠭ᠎ᠠ ᠢᠳᠡᠭᠰᠡᠨ᠎ᠤ ᠳᠠᠷᠠᠭᠠᠬᠢ ᠴᠢᠰᠤᠨ ᠰᠢᠬᠢᠷ ᠦᠨ ᠤᠷᠪᠠᠯ
ᠨᠡᠯᠢᠶᠡᠳ ᠳᠣᠣᠷ᠎ᠠ᠂ ᠢᠩᠭᠢᠵᠦ ᠲᠣᠬᠢᠷᠠᠭᠤᠯᠪᠠᠯ ᠢᠳᠡᠰᠢᠨ ᠨᠣᠭᠣᠭ᠎ᠠ ᠶᠢ ᠢᠯᠡᠭᠦᠦ ᠰᠢᠭ ᠢᠳᠡᠬᠦ
ᠮᠥᠷᠲᠡᠭᠡᠨ ᠵᠥᠪᠬᠡᠨ ᠨᠠᠷᠢᠮᠤ᠎ᠶᠢᠨ ᠰᠢᠩᠭᠡᠨ ᠪᠤᠳᠠᠭ᠎ᠠ ᠤᠤᠭᠤᠬᠤ᠎ᠠᠴᠠ ᠢᠯᠡᠭᠦᠦ ᠴᠢᠰᠤᠨ ᠰᠢᠬᠢᠷ᠎ᠢ
ᠬᠢᠵᠠᠭᠠᠷᠯᠠᠬᠤ᠎ᠳᠤ ᠲᠤᠰᠠᠲᠠᠢ ᠪᠠᠢᠳᠠᠭ᠃
ᠵᠠᠯᠭᠠᠭᠠᠳ 《ᠰᠦᠨ
ᠬᠠᠢᠷ᠎ᠠ᠎ᠵᠢᠨ ᠭᠡᠭᠡ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)