


ᠨᠡᠢᠭᠡᠮ
✦ᠤᠯᠤᠰ᠎ᠤᠨ ᠮᠡᠳᠡᠯᠭᠡ ᠶᠢᠨ ᠥᠮᠴᠢᠯᠡᠯ᠎ᠤᠨ ᠡᠷᠬᠡ ᠶᠢᠨ ᠲᠣᠪᠴᠢᠶ᠎ᠠ᠎ᠶᠢᠨ ᠮᠡᠳᠡᠭᠡ᠎ᠶᠢ
ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠡᠷᠬᠡ ᠣᠯᠭᠣᠭᠰᠠᠨ ᠡᠭᠦᠳᠦᠯᠲᠡ᠎ᠶᠢᠨ ᠲᠤᠰᠬᠠᠢ ᠠᠰᠢᠭ᠋ 97.2 ᠲᠦᠮᠡᠨ ᠬᠤᠪᠢ ᠳᠤ ᠬᠦᠷᠴᠦ᠂
ᠳᠡᠯᠡᠬᠡᠢ ᠳᠡᠭᠡᠷᠡᠬᠢ ᠠᠩᠬᠠᠳᠠᠭ᠍ᠴᠢ ᠡᠭᠦᠳᠦᠯᠲᠡ᠎ᠶᠢᠨ ᠲᠤᠰᠬᠠᠢ ᠠᠰᠢᠭ᠋᠎ᠤᠨ ᠬᠦᠴᠦᠨ ᠪᠦᠬᠦᠢ ᠬᠡᠮᠵᠢᠶ᠎ᠡ 500 ᠲᠦᠮᠡ᠎ᠶᠢ ᠳᠠᠪᠠᠭᠰᠠᠨ ᠤᠯᠤᠰ
ᠪᠣᠯᠪᠠ᠃
✦ᠤᠢᠷ᠎ᠠ᠎ᠳᠦ ᠰᠤᠷᠭᠠᠨ ᠬᠥᠮᠦᠵᠢᠯ᠎ᠦᠨ ᠶᠠᠮᠤᠨ ᠤᠯᠤᠰ ᠤᠨ ᠰᠤᠷᠭᠠᠨ ᠬᠥᠮᠦᠵᠢᠯ ᠦᠨ ᠨᠢᠭᠡᠳᠦᠯᠲᠡᠢ ᠰᠢᠯᠭᠠᠯᠲᠠ᠎ᠶᠢᠨ
ᠠᠵᠢᠯ ᠤᠨ ᠶᠠᠮᠤᠨ ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠬᠤᠯᠪᠤᠬᠳᠠᠯ ᠪᠦᠬᠦᠢ ᠪᠦᠷᠢᠯᠳᠦᠭᠦᠨ ᠨᠢᠭᠡᠴᠢ᠎ᠲᠠᠢ
ᠬᠠᠮᠲᠤᠷᠠᠨ 2026 ᠣᠨ᠎ᠤ ᠪᠦᠬᠦ ᠤᠯᠤᠰ᠎ᠤᠨ ᠡᠩ᠎ᠦᠨ ᠶᠡᠬᠡ ᠳᠡᠭᠡᠳᠦ ᠰᠤᠷᠭᠠᠭᠤᠯᠢ ᠶᠢᠨ ᠰᠤᠷᠤᠭ᠍ᠴᠢ ᠡᠯᠰᠡᠬᠦ ᠰᠢᠯᠭᠠᠯᠲᠠ᠎ᠶᠢᠨ
ᠠᠮᠤᠷ ᠲᠦᠪᠰᠢᠨ ᠦ ᠠᠵᠢᠯ ᠤᠨ ᠸᠢᠳᠢᠤ᠋ ᠬᠤᠷᠠᠯ᠎ᠢ ᠬᠤᠷᠠᠯᠳᠤᠭᠤᠯᠵᠤ᠂ ᠰᠢᠯᠭᠠᠯᠲᠠ ᠶᠢᠨ ᠰᠡᠳᠦᠪ ᠰᠢᠯᠭᠠᠯᠲᠠ᠎ᠶᠢᠨ
ᠬᠠᠭᠤᠳᠠᠰᠤ᠎ᠶᠢᠨ ᠪᠦᠬᠦ ᠶᠠᠪᠤᠴᠠ᠎ᠶᠢᠨ ᠬᠠᠮᠢᠶᠠᠷᠤᠯᠲᠠ ᠶᠢ ᠴᠢᠩᠳᠠᠯᠠᠵᠤ᠂ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ
ᠠᠮᠤᠷ ᠲᠦᠪᠰᠢᠨ᠎ᠦ ᠪᠠᠲᠤᠯᠠᠭ᠎ᠠ᠎ᠶᠢ ᠴᠢᠩᠭᠠᠳᠬᠠᠨ᠂ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ
ᠭᠡᠮ ᠦᠢᠯᠡᠳᠬᠦ᠎ᠶᠢ ᠰᠡᠷᠭᠡᠢᠯᠡᠨ ᠴᠣᠬᠢᠯᠲᠠ ᠥᠭᠴᠦ᠂ ᠬᠣᠯᠪᠣᠭᠳᠠᠯ
ᠪᠦᠬᠦᠢ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ᠎ᠶᠢ ᠯᠠᠪᠳᠠᠭᠤᠨ᠎ᠢᠶᠠᠷ ᠲᠦᠯᠬᠢᠨ ᠠᠬᠢᠭᠤᠯᠬᠤ ᠬᠡᠷᠡᠭᠲᠡᠢ
ᠭᠡᠵᠦ ᠱᠠᠭᠠᠷᠳᠠᠪᠠ᠃
✦ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ 4 ᠰᠠᠷ᠎ᠠ ᠶᠢᠨ 22᠎ᠤᠨ ᠡᠳᠦᠷ ᠰᠣᠨᠢᠨ ᠮᠡᠳᠡᠭᠡ ᠨᠡᠢᠲᠡᠯᠡᠬᠦ
ᠬᠤᠷᠠᠯ ᠬᠤᠷᠠᠯᠳᠤᠭᠤᠯᠵᠤ᠂ ᠤᠢᠷ᠎ᠠ ᠵᠢᠨ ᠬᠤᠭᠤᠴᠠᠭᠠᠨ᠎ᠤ ᠭᠣᠣᠯᠳᠠᠯᠭ᠎ᠠ᠎ᠲᠠᠢ ᠬᠠᠯᠳᠠᠪᠤᠷᠢᠲᠤ ᠡᠪᠡᠳᠴᠢᠨ᠎ᠦ ᠬᠢᠵᠢᠭ᠎ᠦᠨ
ᠪᠠᠢᠳᠠᠯ᠎ᠤᠨ ᠵᠠᠳᠠᠯᠤᠯᠲᠠ ᠪᠠ ᠡᠷᠡᠭᠦᠯ ᠮᠡᠨᠳᠦ᠎ᠶᠢᠨ ᠲᠦᠭᠰᠢᠭᠦᠷᠢ᠎ᠶᠢᠨ ᠰᠠᠨᠠᠭᠤᠯᠤᠮᠵᠢ ᠵᠡᠷᠭᠡ᠎ᠶᠢ ᠲᠠᠨᠢᠯᠴᠠᠭᠤᠯᠪᠠ᠃
✦ᠮᠠᠨ᠎ᠤ ᠤᠯᠤᠰ᠎ᠤᠨ ᠰᠢᠨᠵᠢᠯᠡᠬᠦ ᠤᠬᠠᠭᠠᠨᠲᠠᠨ ᠭᠧᠨ᠎ᠦ ᠵᠠᠰᠠᠯ᠎ᠢᠶᠠᠷ ᠣᠨᠴᠠᠭᠠᠶ ᠲᠥᠷᠥᠯ᠎ᠦᠨ ᠲᠥᠷᠥᠯᠬᠢ
ᠳᠦᠯᠡᠢ ᠡᠪᠡᠳᠴᠢᠲᠡᠨ ᠦ ᠰᠣᠨᠣᠷ ᠢ ᠰᠡᠷᠭᠦᠭᠡᠬᠦ ᠳᠦ ᠲᠤᠰᠠᠯᠠᠮᠵᠢ ᠦᠵᠡᠭᠦᠯᠵᠦ᠂ ᠬᠠᠮᠢᠶ᠎ᠠ ᠪᠦᠬᠦᠢ ᠥᠭᠦᠯᠡᠯ᠎ᠢ
22 ᠤᠨ ᠡᠳᠤᠷ ᠣᠯᠠᠨ ᠤᠯᠤᠰ᠎ᠤᠨ ᠡᠷᠳᠡᠮ ᠰᠢᠨᠵᠢᠯᠡᠭᠡᠨ᠎ᠤ 《ᠪᠠᠢᠭᠠᠯᠢ》 ᠰᠡᠳᠬᠦᠯ᠎ᠳᠤ ᠨᠡᠢᠲᠡᠯᠡᠪᠡ᠃
✦2026 ᠤᠨ᠎ᠤ ᠬᠠᠤᠯᠢ ᠪᠤᠰᠤ ᠮᠦᠩᠬᠦᠨ ᠬᠦᠢᠯᠭᠡᠭᠡᠨ᠎ᠤ
ᠠᠵᠢᠯᠯᠠᠭ᠎ᠠ ᠵᠢ ᠰᠡᠷᠭᠡᠢᠯᠡᠬᠦ ᠪᠠ ᠲᠡᠭᠦᠨ᠎ᠳᠤ ᠴᠣᠬᠢᠯᠲᠠ ᠥᠭᠬᠦ ᠡᠯ᠎ᠡ ᠶᠠᠮᠤᠨ᠎ᠤ ᠬᠤᠭᠣᠷᠣᠨᠳᠤᠬᠢ ᠬᠠᠮᠲᠤᠷᠠᠭᠰᠠᠨ ᠬᠤᠷᠠᠯ ᠵᠢᠴᠢ ᠶᠡᠷᠦᠩᠬᠡᠢ ᠳᠠᠢᠴᠢᠯᠠᠯᠲᠠ ᠪᠠᠢᠷᠢᠯᠠᠭᠤᠯᠤᠯᠲᠠ᠎ᠶᠢᠨ ᠬᠤᠷᠠᠯ ᠤᠢᠷ᠎ᠠ᠎ᠳᠦ ᠪᠡᠭᠡᠵᠢᠩ᠎ᠳᠦ ᠬᠤᠷᠠᠯᠳᠤᠪᠠ᠃
ᠬᠤᠷᠠᠯ᠎ᠠᠴᠠ 2026 ᠣᠨ᠎ᠠᠴᠠ ᠡᠬᠢᠯᠡᠨ ᠭᠤᠷᠪᠠᠨ ᠵᠢᠯ᠎ᠦᠨ ᠬᠤᠭᠤᠴᠠᠭ᠎ᠠ᠎ᠲᠠᠢ᠎ᠪᠠᠷ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠶᠢ ᠰᠡᠷᠭᠡᠢᠯᠡᠬᠦ ᠪᠠ ᠲᠡᠭᠦᠨ᠎ᠳᠦ ᠴᠣᠬᠢᠯᠲᠠ
ᠥᠭᠬᠦ ᠶᠡᠷᠦᠩᠬᠡᠢ ᠳᠠᠢᠯᠠᠯᠳᠤᠭᠠᠨ᠎ᠢ ᠥᠷᠨᠢᠭᠦᠯᠬᠦ᠎ᠪᠡᠷ ᠲᠣᠭᠲᠠᠪᠠ᠃
✦ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠣᠢᠷ᠎ᠠ᠎ᠳᠤ ᠮᠡᠳᠡᠭᠳᠡᠯ
ᠳᠠᠷᠤᠮᠠᠯᠯᠠᠨ ᠲᠠᠷᠬᠠᠭᠠᠵᠤ᠂ ᠬᠠᠭᠠᠰ ᠵᠢᠯ᠎ᠦᠨ ᠬᠤᠭᠤᠴᠠᠭ᠎ᠠ᠎ᠲᠠᠢ ᠢᠨᠲᠧᠷ ᠰᠦᠯᠵᠢᠶᠡᠨ᠎ᠦ ᠵᠠᠷ ᠮᠡᠳᠡᠭᠡ
ᠵᠢᠨ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠎ᠪᠡᠷ ᠪᠠᠢᠨ᠎ᠠ᠃
✦ᠤᠢᠷ᠎ᠠ᠎ᠶᠢᠨ ᠡᠳᠦᠷ ᠰᠢᠯᠢ᠎ᠶᠢᠨ ᠭᠣᠣᠯ ᠠᠢᠮᠠᠭ᠎ᠤᠨ ᠣᠯᠠᠨ ᠤᠯᠤᠰ᠎ᠤᠨ ᠳᠠᠮᠵᠢᠭᠤᠯᠭ᠎ᠠ᠎ᠶᠢᠨ ᠲᠥᠪ ᠫᠠᠢᠰᠠ᠎ᠪᠠᠨ
ᠰᠡᠬᠦᠪᠡ᠃ ᠲᠤᠰ ᠲᠥᠪ᠎ᠢ ᠰᠢᠨᠬᠤᠸᠠ ᠬᠤᠷᠢᠶ᠎ᠠ ᠵᠢᠨ ᠰᠣᠨᠢᠨ ᠮᠡᠳᠡᠭᠡ ᠰᠤᠷᠠᠭ ᠵᠠᠩᠭᠢ᠎ᠶᠢᠨ ᠲᠥᠪ᠎ᠦᠨ ᠥᠪᠥᠷ ᠮᠣᠩᠭᠣᠯ᠎ᠤᠨ
ᠲᠥᠪ ᠪᠣᠯᠣᠨ ᠰᠢᠯᠢ᠎ᠶᠢᠨ ᠭᠣᠣᠯ ᠠᠢᠮᠠᠭ᠎ᠤᠨ ᠪᠦᠷᠢᠨ ᠵᠠᠭᠤᠴᠢᠯᠠᠭᠤᠷ᠎ᠤᠨ ᠲᠥᠪ ᠬᠠᠮᠲᠤᠷᠠᠨ ᠪᠠᠢᠭᠤᠯᠪᠠ᠃ ᠲᠤᠰ
ᠲᠥᠪ ᠨᠢ ᠣᠯᠠᠨ ᠤᠯᠤᠰ᠎ᠤᠨ ᠳᠠᠮᠵᠢᠭᠤᠯᠭ᠎ᠠ᠎ᠶᠢᠨ ᠰᠢᠰᠲᠧᠮ᠎ᠢ ᠪᠠᠢᠭᠤᠯᠵᠤ᠂ ᠰᠢᠯᠢ᠎ᠶᠢᠨ ᠭᠣᠣᠯ ᠠᠢᠮᠠᠭ᠎ᠤᠨ ᠭᠠᠳᠠᠭ᠍ᠰᠢ
ᠤᠬᠠᠭᠤᠯᠬᠤ ᠠᠵᠢᠯ᠎ᠢ ᠰᠢᠰᠲᠧᠮᠵᠢᠭᠦᠯᠬᠦ᠂ ᠲᠤᠰᠬᠠᠢᠵᠢᠭᠤᠯᠬᠤ᠂ ᠣᠨᠣᠴᠠᠲᠠᠢ ᠪᠣᠯᠭᠠᠨ ᠳᠡᠭᠡᠭᠰᠢᠭᠦᠯᠬᠦ᠎ᠶᠢ ᠠᠬᠢᠭᠤᠯᠵᠤ᠂
ᠰᠢᠯᠢ᠎ᠶᠢᠨ ᠭᠣᠣᠯ ᠠᠢᠮᠠᠭ᠎ᠤᠨ ᠭᠠᠳᠠᠭᠠᠳᠤ ᠤᠬᠠᠭᠤᠯᠭ᠎ᠠ᠎ᠳᠤ ᠴᠣ ᠰᠢᠨ᠎ᠡ ᠴᠣᠩᠬᠣᠪᠴᠢ ᠬᠠᠩᠭᠠᠬᠤ᠎ᠪᠠᠷ ᠵᠣᠷᠢᠯᠭ᠎ᠠ᠎ᠪᠠᠨ
ᠪᠣᠯᠭᠠᠵᠠᠢ᠃
✦ᠲᠦᠩᠯᠢᠶᠤᠤ ᠬᠣᠲᠠ ᠨᠢᠭᠡᠳᠦᠭᠡᠷ ᠤᠯᠠᠷᠢᠯ᠎ᠳᠤ ᠬᠣᠲᠠ ᠪᠠᠯᠭᠠᠰᠤᠨ᠎ᠤ 4009 ᠬᠥᠮᠥᠨ᠎ᠳᠤ ᠰᠢᠨ᠎ᠡ᠎ᠪᠠᠷ ᠠᠵᠢᠯ
ᠤᠯᠭᠤᠵᠤ᠂ ᠳᠤᠰ ᠤᠨ᠎ᠤ ᠬᠠᠷᠠᠯᠳᠠ ᠡᠭᠦᠷᠭᠡ ᠵᠢᠨ 30.84% ᠵᠢ ᠪᠡᠶᠡᠯᠡᠬᠦᠯᠪᠡ᠃
✦4 ᠰᠠᠷ᠎ᠠ᠎ᠶᠢᠨ 22᠎ᠤᠨ ᠡᠳᠦᠷ᠂ ᠠᠪᠠᠭ᠎ᠠ ᠬᠣᠰᠢᠭᠤᠨ᠎ᠤ ᠵᠡᠮᠳᠡᠭᠴᠦᠳ᠎ᠦᠨ
ᠬᠤᠯᠪᠤᠭ᠎ᠠ ᠭᠠᠵᠠᠷ ᠣᠷᠣᠨ᠎ᠤ ᠪᠠᠨ ᠴᠢᠨᠠᠷ ᠰᠠᠢᠲᠠᠢ ᠰᠦ
ᠪᠠ ᠤᠯᠠᠮᠵᠢᠯᠠᠯᠲᠤ ᠴᠠᠭᠠᠨ ᠢᠳᠡᠭᠡ ᠪᠣᠯᠪᠠᠰᠤᠷᠠᠭᠤᠯᠬᠤ ᠳᠠᠪᠠᠭᠤᠯᠢᠭ᠋᠎ᠲᠠᠭᠠᠨ ᠰᠠᠭᠤᠷᠢᠯᠠᠨ᠂ ᠴᠠᠭᠠᠨ ᠢᠳᠡᠭᠡᠨ᠎ᠦ
ᠬᠡᠷᠡᠭᠯᠡᠭᠡᠨ᠎ᠦ ᠮᠡᠷᠭᠡᠵᠢᠯ᠎ᠦᠨ ᠪᠣᠯᠪᠠᠰᠤᠷᠠᠯ᠎ᠢ ᠵᠣᠬᠢᠶᠠᠨ ᠪᠠᠢᠭᠤᠯᠵᠤ ᠥᠷᠨᠢᠭᠦᠯᠪᠡ᠃ ᠪᠦᠬᠦ ᠬᠣᠰᠢᠭᠤᠨ᠎ᠤ
ᠡᠯ᠎ᠡ ᠰᠤᠮᠤ ᠪᠠᠯᠭᠠᠰᠤᠨ᠎ᠤ 20 ᠭᠠᠷᠤᠢ ᠠᠵᠢᠯ ᠣᠯᠵᠤ ᠦᠢᠯᠡᠰ ᠪᠣᠰᠬᠠᠬᠤ ᠬᠦᠰᠡᠯ᠎ᠲᠠᠢ ᠵᠡᠮᠳᠡᠭᠴᠤᠳ ᠪᠣᠯᠪᠠᠰᠤᠷᠠᠯ᠎ᠳᠤ
ᠣᠷᠣᠯᠴᠠᠵᠤ᠂ ᠪᠣᠳᠠᠲᠤ ᠦᠢᠯᠡᠳᠦᠯᠭᠡ᠎ᠶᠢᠨ ᠳᠤᠮᠳᠠ ᠪᠠᠷᠢᠮᠵᠢᠶ᠎ᠠ ᠶᠣᠰᠣᠭᠠᠷ ᠴᠠᠭᠠᠨ ᠢᠳᠡᠭᠡᠨ ᠡᠳ᠋ᠰᠢᠭᠦᠯᠬᠦ
ᠤᠷ᠎ᠠ ᠴᠢᠳᠠᠪᠤᠷᠢ ᠵᠢ ᠡᠵᠡᠮᠰᠢᠭᠰᠡᠨ ᠪᠠᠢᠨ᠎ᠠ᠃
ᠰᠤᠶᠤᠯ
✦《ᠪᠠᠭᠠᠷᠢᠨ ᠭᠡᠰᠡᠷ ᠰᠣᠶᠣᠯ》᠂ 《ᠭᠡᠰᠡᠷ ᠪᠠᠭᠠᠲᠤᠷ》᠂ 《ᠳᠣᠷᠤᠩᠭ᠎ᠠ ᠰᠤᠳᠤᠯᠤᠯ》 ᠵᠡᠷᠭᠡ ᠭᠤᠷᠪᠠᠨ ᠨᠣᠮ᠎ᠤᠨ ᠠᠩᠬ᠎ᠠ ᠲᠠᠷᠬᠠᠭᠠᠬᠤ ᠶᠣᠰᠣᠯᠠᠯ
ᠤᠷᠴᠢᠮᠬᠠᠨ ᠪᠠᠭᠠᠷᠢᠨ ᠪᠠᠷᠠᠭᠤᠨ ᠬᠣᠰᠢᠭᠤᠨ᠎ᠤ ᠭᠡᠰᠡᠷ ᠤᠨ ᠤᠯᠠᠮᠵᠢᠯᠠᠨ ᠰᠤᠷᠬᠤ ᠭᠠᠵᠠᠷ᠎ᠲᠤ ᠶᠠᠪᠤᠭᠳᠠᠪᠠ᠃
✦4 ᠰᠠᠷ᠎ᠠ᠎ᠶᠢᠨ 23᠎ᠤ ᠡᠳᠦᠷ᠂ ᠦᠦᠰᠢᠨ ᠬᠣᠰᠢᠭᠤᠨ᠎ᠤ ᠲᠠᠪᠤᠳᠤᠭᠠᠷ ᠪᠠᠭ᠎ᠠ ᠰᠤᠷᠭᠠᠭᠤᠯᠢ᠎ᠶᠢᠨ ᠬᠣᠶᠠᠳᠤᠭᠠᠷ ᠬᠤᠭᠤᠴᠠᠭᠠᠨ ᠤ 《ᠬᠤᠷᠠᠬᠤ ᠶᠢᠨ ᠨᠠᠬᠢᠶ᠎ᠠ》 ᠰᠢᠯᠦᠭ ᠦᠨ ᠤᠷᠤᠯᠳᠤᠭᠠᠨ ᠶᠠᠪᠤᠭᠳᠠᠵᠤ᠂
ᠳᠤᠰ ᠰᠤᠷᠭᠠᠭᠤᠯᠢ ᠶᠢᠨ 24 ᠠᠩᠭᠢ ᠵᠢᠨ 800 ᠭᠠᠷᠤᠢ ᠰᠤᠷᠤᠭ᠍ᠴᠢ ᠣᠷᠣᠯᠴᠠᠵᠤ᠂ ᠥᠪᠡᠷ ᠥᠪᠡᠷ ᠦᠨ ᠲᠣᠭᠣᠵᠤ ᠪᠠᠬᠠᠷᠬᠠᠭᠰᠠᠨ ᠰᠢᠯᠦᠭ᠎ᠢᠶᠡᠨ ᠤᠶᠠᠩᠭᠠᠯᠠᠵᠤ᠂ ᠣᠯᠠᠨ᠎ᠳᠤ ᠤᠷ᠎ᠠ ᠠᠪᠢᠶᠠᠰ᠎ᠢᠶᠠᠨ ᠬᠠᠷᠠᠭᠤᠯᠤᠯ᠎ᠠ᠃
ᠲᠠᠮᠢᠷ
✦4 ᠰᠠᠷ᠎ᠠ᠎ᠶᠢᠨ 23 ᠤ ᠡᠳᠦᠷ᠂ ᠵᠢᠷᠭᠤᠳᠤᠭᠠᠷ ᠬᠤᠭᠤᠴᠠᠭᠠᠨ᠎ᠤ ᠠᠽᠢᠶ᠎ᠠ ᠲᠢᠪ ᠦᠨ
ᠡᠯᠡᠰᠦᠨ ᠲᠠᠩ᠎ᠤᠨ ᠲᠠᠮᠢᠷ᠎ᠤᠨ ᠴᠤᠭᠯᠠᠭᠠᠨ ᠤ ᠤᠮᠪᠠᠬᠤ ᠬᠦᠶᠦᠬᠦ ᠬᠣᠶᠠᠷ ᠲᠦᠷᠦᠯ᠎ᠦᠨ ᠡᠷᠡᠭᠲᠡᠢ᠎ᠶᠢᠨ ᠬᠤᠪᠢ
ᠬᠥᠮᠥᠨ᠎ᠦ ᠤᠷᠤᠯᠳᠤᠭᠠᠨ ᠬᠠᠢᠨᠠᠨ᠎ᠤ ᠰᠠᠨᠶᠠ᠎ᠳᠤ ᠶᠠᠪᠤᠬᠳᠠᠵᠤ᠂ ᠳᠤᠮᠳᠠᠳᠤ ᠤᠯᠤᠰ᠎ᠤᠨ ᠠᠩᠭᠢ᠎ᠶᠢᠨ ᠲᠠᠮᠢᠷᠴᠢᠨ
ᠹᠠᠨ ᠵᠢᠶᠦ᠋ᠨ ᠵᠢᠶᠧ 28 ᠮᠢᠨᠦ᠋ᠲ 20 ᠰᠧᠺᠦ᠋ᠨ᠋ᠳ᠋᠎ᠤᠨ ᠬᠢᠷᠢ ᠪᠦᠲᠦᠮᠵᠢ ᠪᠡᠷ ᠮᠠᠩᠯᠠᠢᠯᠠᠵᠤ᠂ ᠲᠤᠰ ᠬᠤᠭᠤᠴᠠᠭᠠᠨ᠎ᠤ
ᠤᠷᠤᠯᠳᠤᠭᠠᠨ᠎ᠤ ᠠᠩᠬᠠᠳᠠᠭ᠍ᠴᠢ ᠠᠯᠲᠠᠨ ᠮᠧᠳᠠᠯ ᠢ ᠬᠦᠷᠳᠡᠪᠡ᠃
ᠲᠠᠯᠡᠬᠡᠢ
✦ᠰᠢᠨᠬᠤᠸᠠ ᠬᠤᠷᠢᠶ᠎ᠠ ᠵᠢᠨ
ᠮᠡᠳᠡᠭᠡ ᠵᠢ ᠦᠨᠳᠦᠰᠦᠯᠡᠪᠡᠯ᠂ ᠠᠮᠧᠷᠢᠺᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ 23 ᠤ
ᠡᠳᠦᠷ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠳᠡᠭᠡᠷ᠎ᠡ ᠬᠡᠯᠡᠬᠦ᠎ᠳᠡᠭᠡᠨ᠂ ᠠᠮᠧᠷᠢᠺᠠ᠎ᠶᠢᠨ ᠴᠡᠷᠢᠭ
ᠢᠷᠠᠨ᠎ᠠᠴᠠ ᠴᠢᠯᠠᠭᠤᠨ ᠲᠣᠰᠣ᠌ ᠲᠡᠭᠡᠭᠡᠪᠤᠷᠢᠯᠡᠭᠰᠡᠨ ᠨᠢᠭᠡᠨ ᠬᠥᠯᠭᠡ ᠣᠩᠭᠣᠴᠠ᠎ᠶᠢ ᠳᠠᠯᠠᠶ ᠳᠡᠭᠡᠷ᠎ᠡ ᠬᠠᠰᠢᠵᠤ
ᠣᠩᠭᠣᠴᠠᠨ᠎ᠳᠤ ᠭᠠᠷᠴᠤ ᠪᠠᠢᠴᠠᠭᠠᠯᠳᠠ ᠬᠢᠵᠠᠢ᠃
✦ᠲᠦᠷᠺ ᠦᠨ ᠵᠥᠪᠯᠡᠯᠭᠡᠨ᠎ᠦ ᠬᠤᠷᠠᠯ ᠬᠠᠤᠯᠢ᠎ᠶᠢᠨ ᠲᠥᠰᠥᠯ ᠪᠠᠲᠤᠯᠠᠵᠤ᠂ 15 ᠨᠠᠰᠤᠨ᠎ᠠᠴᠠ ᠳᠣᠷᠣᠭ᠍ᠰᠢᠬᠢ ᠬᠥᠮᠥᠰ᠎ᠦᠨ
ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠬᠡᠷᠡᠭᠯᠡᠬᠦ᠎ᠶᠢ ᠴᠠᠭᠠᠵᠠᠯᠠᠪᠠ᠃
ᠦᠢᠯᠡᠴᠢᠯᠡᠭᠡ
✦ᠲᠦᠩᠯᠢᠶᠤᠤ ᠬᠤᠳᠠ ᠵᠢᠨ ᠮᠤᠩᠭᠤᠯ ᠡᠮᠨᠡᠯᠬᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃
ᠲᠠᠨ ᠤ ᠲᠤᠰᠡ ᠳ᠋ᠤ
✦ᠦᠷᠭᠦᠯᠵᠢ ᠬᠦᠳᠡᠯᠭᠡᠭᠡᠨ ᠬᠢᠬᠦ ᠨᠢ ᠠᠭᠤᠰᠬᠢᠨ᠎ᠳᠤ ᠳᠤᠰᠠᠳᠠᠢ ᠪᠠᠢᠳᠠᠭ᠃ ᠵᠤᠬᠢᠬᠤ ᠬᠡᠮᠵᠢᠶ᠎ᠡ ᠪᠡᠷ
ᠬᠦᠳᠡᠯᠭᠡᠭᠡᠨ ᠬᠢᠪᠡᠯ ᠪᠡᠶ᠎ᠡ ᠮᠠᠬᠠᠪᠤᠳ ᠴᠢᠬᠢᠷᠠᠬᠵᠢᠵᠤ᠂ ᠠᠭᠤᠰᠬᠢᠨ᠎ᠤ ᠬᠡᠢ ᠵᠢ ᠨᠦᠬᠦᠪᠤᠷᠢᠯᠡᠵᠤ
ᠠᠭᠤᠰᠬᠢᠨ ᠤ ᠰᠢᠷᠬᠡᠭᠯᠢᠭᠵᠢᠬᠦ ᠵᠢ ᠤᠳᠠᠭᠠᠰᠢᠷᠠᠭᠤᠯᠵᠤ᠂ ᠠᠭᠤᠰᠬᠢᠨ ᠤ ᠠᠮᠢᠰᠬᠤᠯ ᠤᠨ ᠪᠠᠬᠲᠠᠭᠠᠮᠵᠢ ᠵᠢ
ᠴᠢᠩᠭᠠᠷᠠᠭᠤᠯᠵᠤ᠂ ᠠᠭᠤᠰᠬᠢᠨ ᠤ ᠡᠪᠡᠳᠴᠢᠨ ᠢ ᠳᠠᠷᠤᠬᠤ ᠴᠢᠳᠠᠪᠤᠷᠢ ᠵᠢ ᠳᠡᠭᠡᠭᠰᠢᠯᠡᠬᠦᠯᠬᠦ᠎ᠳᠤ ᠴᠦᠮ
ᠳᠤᠢᠯ᠎ᠤᠨ ᠴᠢᠬᠤᠯᠠ ᠤᠢᠯᠡᠳᠤᠯ ᠦᠵᠡᠬᠦᠯᠦᠨ᠎ᠡ᠃
ᠵᠠᠯᠭᠠᠭᠠᠳ《ᠴᠢ
ᠮᠢᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ
ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ ᠪᠠᠶᠠᠷᠯᠠᠯ᠎ᠠ᠂
ᠪᠠᠶᠠᠷᠳᠠᠢ︕
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ
ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)