4 ᠰᠠᠷ᠎ᠠ ᠵᠢᠨ 26᠎ᠦ ᠡᠳᠦᠷ
ᠡᠬᠢᠯᠡᠬᠦ᠌ ᠴᠠᠭ᠄
2026-04-26 11:50:41
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

01 封面模板_01.png


4.26天气模板_01.png


03盟市模板_01.png


ᠨᠡᠢ᠌ᠭᠡᠮ

✦ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠢᠳᠡᠭᠡᠨ᠎ᠦ ᠠᠮᠤᠷ ᠲᠦᠪᠰᠢᠨ ᠤ᠋ ᠠᠵᠢᠯ᠎ᠤᠨ ᠠᠯᠪᠠᠨ ᠭᠡᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ ᠤᠷᠢᠳᠴᠢᠯᠠᠨ ᠪᠠᠢᠷᠢᠯᠠᠭᠤᠯᠤᠨ ᠲᠣᠬᠢᠷᠠᠭᠤᠯᠵᠤ᠂ 《5.1》 ᠪᠠ ᠲᠠᠪᠤᠨ ᠰᠠᠷ᠎ᠠ᠎ᠶᠢᠨ ᠰᠢᠨ᠎ᠡ᠎ᠶᠢᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ ᠳ᠋ᠠᠬᠢ ᠢᠳᠡᠭᠡᠨ᠎ᠦ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠢᠲᠤᠷ ᠬᠢᠵᠦ᠂ ᠢᠳᠡᠭᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠠᠷᠠᠳ ᠣᠯᠠᠨ᠎ᠤ ᠪᠠᠶᠠᠷ ᠬᠥᠷ᠎ᠲᠠᠢ ᠥᠯᠵᠡᠢ ᠪᠡᠯᠭᠡ᠎ᠲᠠᠢ ᠪᠠᠶᠠᠷ᠎ᠤᠨ ᠡᠳᠦᠷ ᠵᠢᠡᠨ ᠦᠨᠭᠭᠡᠷᠡᠬᠦᠯᠬᠦ ᠵᠢ ᠪᠠᠳᠤᠯᠠᠬᠤ ᠬᠡᠷᠡᠭᠳᠡᠢ ᠭᠡᠵᠦ ᠱᠠᠭᠠᠷᠳᠠᠪᠠ᠃

✦ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠦ᠋ᠨ ᠤᠯᠤᠰ᠎ᠤᠨ ᠣᠳᠣᠨ ᠣᠷᠣᠨ᠎ᠤ ᠥᠷᠲᠡᠭᠡ᠎ᠡᠴᠡ ᠣᠢᠯᠠᠭᠠᠭᠰᠠᠨ᠎ᠢᠶᠠᠷ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠳᠠᠭᠠᠭᠤᠯᠤᠭᠰᠠᠨ ᠣᠯᠠᠨ ᠤᠯᠤᠰ᠎ᠤᠨ ᠰᠤᠳᠤᠯᠭᠠᠨ ᠤ᠋ ᠪᠦᠯᠬᠦᠮ 120 ᠳ᠋ᠦᠩᠰᠢᠭᠤᠷ ᠰᠢᠬᠠᠮ ᠬᠡᠷᠡᠯ ᠤ᠋ᠨ ᠵᠢᠯ᠎ᠦᠨ ᠬᠡᠮᠵᠢᠭᠦᠷ ᠳᠣᠲᠣᠷ᠎ᠠ ᠳᠡᠭᠡᠳᠦ ᠨᠠᠷᠢᠯᠢᠭ᠋ ᠬᠡᠮᠵᠢᠶ᠎ᠡ᠎ᠪᠡᠷ ᠣᠷᠴᠢᠯᠠᠩ᠎ᠤᠨ ᠵᠠᠭᠤᠨ ᠳ᠋ᠦᠩᠰᠢᠭᠤᠷ ᠵᠢᠯ᠎ᠦᠨ ᠤᠯᠠᠷᠢᠯᠲᠠ᠎ᠶᠢ ᠳᠠᠬᠢᠨ ᠢᠯᠡᠷᠡᠭᠦᠯᠵᠦ᠂ ᠣᠷᠴᠢᠯᠠᠩ ᠤ᠋ᠨ ᠬᠠᠢᠨ ᠰᠦᠪᠡᠭᠴᠢᠯᠡᠯᠳᠡ ᠳ᠋ᠦ 《ᠲᠣᠭᠠᠴᠢᠯᠠᠭᠰᠠᠨ ᠬᠥᠲᠥᠴᠢ ᠵᠢᠷᠤᠭ》 ᠬᠠᠩᠭᠠᠭᠰᠠᠨ ᠪᠠᠢᠨ᠎ᠠ᠃

✦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ ᠣᠢᠷ᠎ᠠ᠎ᠳᠤ ᠬᠠᠮᠲᠤᠷᠠᠨ 《2026 ᠣᠨ᠎ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶᠢ ᠢᠯᠡ᠎ᠪᠡᠷ ᠤᠷᠢᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠤᠷᠢᠵᠦ ᠬᠡᠷᠡᠭᠯᠡᠬᠦ ᠨᠠᠰᠤ᠎ᠶᠢ ᠪᠦᠬᠦᠯᠢ 38 ᠨᠠᠰᠤ ᠵᠢᠴᠢ ᠲᠡᠭᠦᠨ᠎ᠡᠴᠡ ᠳᠣᠷᠣᠭ᠍ᠰᠢ ᠪᠣᠯᠲᠠᠯ᠎ᠠ ᠤᠷᠲᠤᠳᠬᠠᠵᠤ᠂ ᠬᠡᠰᠡᠭ ᠬᠥᠮᠥᠰ᠎ᠢ ᠪᠦᠬᠦᠯᠢ 40 ᠨᠠᠰᠤ ᠬᠦᠷᠲᠡᠯ᠎ᠡ ᠤᠷᠲᠤᠳᠬᠠᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃

✦ 24᠎ᠦ ᠡᠳᠦᠷ᠂ 2026 ᠣᠨ᠎ᠤ ᠪᠡᠭᠡᠵᠢᠩ᠎ᠦᠨ ᠣᠯᠠᠨ ᠤᠯᠤᠰ᠎ᠤᠨ ᠮᠠᠰᠢᠨ ᠲᠡᠷᠭᠡᠨ᠎ᠦ ᠦᠵᠡᠰᠬᠦᠯᠡᠩ ᠡᠬᠢᠯᠡᠪᠡ᠃ ᠲᠤᠰ ᠬᠤᠭᠤᠴᠠᠭᠠᠨ᠎ᠤ ᠦᠵᠡᠰᠬᠦᠯᠡᠩ ᠨᠢ ᠠᠩᠬ᠎ᠠ ᠤᠳᠠᠭ᠎ᠠ ᠬᠣᠶᠠᠷ ᠲᠣᠮᠣ᠌ ᠲᠠᠯᠠᠪᠠᠶ ᠶ᠋ᠢ ᠬᠡᠷᠡᠭᠯᠡᠵᠦ᠂ ᠶᠡᠷᠦᠩᠬᠡᠢ ᠲᠠᠯᠠᠪᠠᠶ ᠨᠢ 38 ᠲᠦᠮᠡᠨ ᠲᠡᠭᠰᠢ ᠳᠥᠷᠪᠡᠯᠵᠢᠨ ᠮᠧᠲᠷ᠎ᠲᠦ ᠬᠦᠷᠴᠦ᠂ ᠦᠵᠡᠭᠦᠯᠭᠡ ᠶ᠋ᠢᠨ ᠲᠡᠷᠭᠡ ᠨᠡᠢᠳᠡ 1451 ᠪᠣᠯᠵᠤ᠂ ᠬᠡᠪᠴᠢᠶ᠎ᠠ ᠵᠢᠨ ᠳᠠᠯ᠎ᠠ ᠪᠡᠷ ᠪᠦᠬᠦ ᠪᠥᠮᠪᠥᠷᠴᠡᠭ᠎ᠦᠨ ᠲᠡᠷᠭᠡᠨ᠎ᠦ ᠦᠵᠡᠰᠬᠦᠯᠡᠩ᠎ᠤᠨ ᠲᠡᠷᠢᠭᠦᠨ᠎ᠳᠦ ᠣᠷᠣᠭᠰᠠᠨ ᠪᠠᠢᠨ᠎ᠠ ᠃

✦ 2026 ᠣᠨ᠎ᠳᠤ ᠥᠪᠥᠷ ᠮᠣᠩᠭᠣᠯ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠪᠡᠷ ᠬᠡᠷᠡᠭᠯᠡᠵᠦ᠂ ᠬᠤᠲᠠ ᠪᠠᠯᠭᠠᠰᠤᠨ᠎ᠤ᠋ 18 ᠲᠦᠮᠡ᠎ᠡᠴᠡ ᠳᠡᠭᠡᠭᠰᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ 50 ᠲᠦᠮᠡᠨ ᠠᠵᠢᠯ᠎ᠤᠨ ᠪᠠᠢᠷᠢ ᠬᠠᠨᠭᠭᠠᠨ᠂ 40 ᠲᠦᠮᠡᠨ ᠬᠥᠮᠥᠨ ᠤᠳᠠᠭ᠎ᠠ᠎ᠶᠢᠨ ᠤᠷ᠎ᠠ ᠴᠢᠳᠠᠪᠤᠷᠢ᠎ᠶᠢᠨ ᠪᠣᠯᠪᠠᠰᠤᠷᠠᠯ ᠥᠷᠨᠢᠭᠦᠯᠵᠦ᠂ 500 《ᠭᠡᠷ᠎ᠦᠨ ᠡᠭᠦᠳᠡᠨ ᠳ᠋ᠡᠬᠢ》 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠦᠷᠲᠡᠭᠡ᠎ᠶᠢ ᠰᠢᠨ᠎ᠡ᠎ᠪᠡᠷ ᠪᠠᠢᠭᠤᠯᠬᠤ ᠪᠡᠷ ᠪᠤᠢ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ ᠨᠢᠭᠡᠳᠦᠭᠡᠷ ᠤᠯᠠᠷᠢᠯ᠎ᠳᠤ ᠥᠪᠥᠷ ᠮᠣᠩᠭᠣᠯ ᠶᠡᠷᠦᠩᠬᠡᠢᠯᠡᠭᠰᠡᠨ ᠵᠠᠮ ᠬᠠᠷᠢᠯᠴᠠᠭᠠᠨ ᠤ᠋ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ᠎ᠶᠢ 17.4 ᠳ᠋ᠦᠩᠰᠢᠭᠤᠷ ᠲᠥᠭᠥᠷᠢᠭ ᠪᠡᠶᠡᠯᠡᠭᠦᠯᠵᠡᠢ᠂ ᠡᠭᠦᠨ᠎ᠳᠦ ᠵᠠᠰᠠᠮᠠᠯ ᠵᠠᠮ᠂ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠪᠡᠯᠡ ᠣᠷᠣᠭᠤᠯᠤᠯᠲᠠ ᠲᠣᠰ ᠲᠣᠰ 12.4 ᠳ᠋ᠦᠩᠰᠢᠭᠤᠷ ᠲᠥᠭᠥᠷᠢᠭ᠂ 4.8 ᠳ᠋ᠦᠩᠰᠢᠭᠤᠷ ᠲᠥᠭᠥᠷᠢᠭ᠂ 0.2 ᠳ᠋ᠦᠩᠰᠢᠭᠤᠷ ᠲᠥᠭᠥᠷᠢᠭ ᠪᠤᠯᠤᠨ᠎ᠠ᠃

✦ 24᠎ᠦ ᠡᠳᠦᠷ᠂ ᠪᠠᠶᠠᠨᠨᠠᠭᠤᠷ ᠬᠣᠲᠠ᠎ᠶᠢᠨ ᠯᠢᠨᠾᠧ ᠲᠣᠭᠣᠷᠢᠭ᠋᠎ᠤᠨ ᠬᠠᠤᠯᠢ ᠴᠠᠭᠠᠵᠠ᠎ᠶᠢᠨ ᠲᠣᠪᠴᠢᠶ᠎ᠠ ᠡᠴᠡ ᠠᠷᠠᠳ᠎ᠤᠨ ᠰᠢᠭᠦᠬᠦ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠲᠠᠢ ᠬᠠᠮᠲᠤᠷᠠᠨ ᠠᠯᠪᠠᠨ ᠵᠠᠷᠯᠠᠯ ᠨᠡᠢᠲᠡᠯᠡᠵᠦ᠂ ᠠᠷᠠᠳ ᠣᠯᠠᠨ᠎ᠦ ᠬᠠᠤᠯᠢ ᠴᠠᠭᠠᠵᠠ᠎ᠶᠢᠨ ᠰᠢᠭᠦᠨ ᠲᠠᠰᠤᠯᠤᠯᠲᠠ ᠎ᠳᠤ ᠣᠷᠣᠯᠴᠠᠬᠤ᠎ᠶᠢ ᠪᠠᠲᠤᠯᠠᠵᠤ᠂ ᠲᠥᠪ ᠭᠣᠥᠯᠴᠢ᠎ᠪᠠᠷ ᠬᠠᠤᠯᠢ ᠬᠡᠷᠡᠭᠵᠢᠭᠦᠯᠬᠦ᠎ᠶᠢ ᠠᠬᠢᠭᠤᠯᠬᠤ᠎ᠶᠢᠨ ᠲᠥᠯᠥᠭᠡ ᠨᠡᠢᠭᠡᠮ ᠨᠡᠶ᠋ᠢᠲᠡ᠎ᠳᠦ ᠬᠠᠨᠳᠤᠭᠤᠯᠤᠨ 100 ᠨᠡᠷᠡᠰ ᠠᠷᠠᠳ᠎ᠤᠨ ᠬᠠᠪᠰᠤᠷᠤᠨ ᠰᠢᠭᠦᠭᠴᠢ᠎ᠶᠢ ᠢᠯᠡ᠎ᠪᠡᠷ ᠰᠣᠩᠭᠣᠨ ᠲᠣᠮᠢᠯᠠᠨ᠎ᠠ ᠭᠡᠵᠡᠢ᠃

✦ ᠣᠳᠣᠬᠠᠨ᠎ᠳᠤ ᠣᠳᠤᠭ ᠬᠣᠰᠢᠭᠤ ᠨᠢᠭᠡᠨᠲᠡ 185 ᠨᠡᠢᠭᠡᠮᠴᠢᠯᠡᠭᠰᠡᠨ ᠦᠢᠯᠡᠴᠢᠯᠡᠭᠡᠨ᠎ᠦ ᠵᠣᠬᠢᠶᠠᠨ  ᠪᠠᠢᠭᠤᠯᠤᠯᠲᠠ᠎ᠶᠢ ᠪᠠᠢᠭᠤᠯᠵᠤ᠂ ᠡᠭᠦᠨ᠎ᠳᠦ 92 ᠲᠠᠷᠢᠶᠠᠯᠠᠩ᠎ᠤᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ 8 ᠮᠠᠯ ᠠᠵᠤ ᠠᠬᠤᠢ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ 28 ᠮᠠᠯ ᠡᠮᠨᠡᠯᠭᠡ ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ 57 ᠲᠠᠷᠢᠶᠠᠯᠠᠩ᠎ᠤᠨ ᠮᠠᠰᠢᠨ᠎ᠤ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠪᠠᠢᠵᠤ᠂ ᠴᠢᠳᠠᠮᠵᠢ ᠨᠢ ᠪᠦᠷᠢᠨ ᠲᠡᠭᠦᠯᠳᠡᠷ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠪᠦᠷᠢᠯᠳᠦᠭᠦᠯᠵᠦ᠂ ᠮᠠᠯ ᠠᠵᠤ ᠠᠬᠤᠢ᠂ ᠲᠠᠷᠢᠶᠠᠯᠠᠩ᠎ᠤᠨ ᠮᠠᠰᠢᠨ ᠵᠡᠷᠭᠡ ᠤᠯᠠᠨ ᠲᠠᠯ᠎ᠠ᠎ᠪᠠᠷ ᠦᠢᠯᠡᠴᠢᠯᠡᠨ᠂ ᠮᠠᠯᠴᠢᠨ ᠲᠠᠷᠢᠶᠠᠴᠢᠳ ᠲᠤ᠌ ᠲᠤᠰᠬᠠᠢᠵᠢᠭ᠍ᠰᠠᠨ ᠦᠢᠯᠡᠴᠢᠯᠡᠭᠡ ᠬᠠᠩᠭᠠᠵᠤ ᠪᠠᠢᠨ᠎ᠠ᠃


ᠰᠣᠶᠣᠯ

✦ 22᠎ᠤᠨ ᠣᠷᠣᠢ᠂ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶᠢᠨ ᠤᠯᠠᠷᠢᠯ᠎ᠤᠨ ᠲᠣᠭᠯᠠᠯᠲᠠ᠎ᠶᠢᠨ ᠲᠦᠷᠦᠯ ᠵᠦᠢᠯ᠎ᠪᠤᠯᠬᠤ ᠲᠣᠮᠣ᠌ ᠬᠡᠯᠪᠡᠷᠢ᠎ᠶᠢᠨ ᠪᠥᠵᠢᠭᠲᠦ ᠵᠦᠴᠦᠭᠡ 《ᠪᠤᠭᠤᠷᠤᠯ ᠲᠡᠤᠬᠡ ᠵᠢᠨ ᠬᠥᠯᠥᠭ ᠤ᠋ᠨ ᠮᠠᠭᠲᠠᠭᠠᠯ》᠎ᠢ ᠥᠪᠥᠷ ᠮᠣᠩᠭᠣᠯ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨᠴᠢ ᠰᠣᠶᠣᠯ ᠲᠠᠮᠢᠷ᠎ᠤᠨ ᠬᠥᠳᠡᠯᠭᠡᠭᠡᠨ᠎ᠦ ᠲᠥᠪ᠎ᠲᠦ ᠲᠣᠭᠯᠠᠪᠠ᠃ ᠲᠤᠰ ᠵᠦᠴᠦᠭᠡ ᠵᠢ 2014 ᠣᠨ᠎ᠳᠤ ᠠᠩᠬ᠎ᠠ ᠲᠣᠭᠯᠠᠭᠰᠠᠨ ᠠ᠋ᠴᠠ ᠨᠠᠭᠠᠰᠢ ᠨᠡᠶ᠋ᠢᠲᠡ 856 ᠤᠳᠠᠭ᠎ᠠ ᠲᠣᠭᠯᠠᠵᠤ᠂ 20 ᠭᠠᠷᠤᠢ ᠤᠯᠤᠰ ᠪᠠ ᠭᠠᠵᠠᠷ ᠣᠷᠣᠨ᠎ᠤ ᠵᠢᠭᠤᠯᠴᠢᠯᠠᠭᠴᠢ᠂ ᠦᠵᠡᠭᠴᠢ ᠵᠢ 60 ᠭᠠᠷᠤᠢ ᠲᠦᠮᠡᠨ ᠬᠥᠮᠥᠨ ᠤᠳᠠᠭ᠎ᠠ ᠭᠥᠯᠢᠶᠡᠨ ᠠᠪᠴᠠᠢ᠃

✦ 23 ᠎ᠤ ᠡᠳᠤᠷ᠂ ᠬᠣᠶᠠᠳᠤᠭᠠᠷ ᠬᠣᠭᠤᠴᠠᠭᠠᠨ᠎ᠤ ᠠᠯᠠᠱᠨ᠎ᠶᠢᠨ ᠬᠠᠴᠢᠨ ᠴᠢᠯᠠᠭᠤᠨ᠎ᠤ ᠤᠷᠠᠯᠢᠭ᠋᠎ᠤᠨ ᠴᠣᠭᠯᠠᠭᠠᠨ ᠠᠯᠠᠱᠠ᠎ᠶᠢᠨ ᠡᠯᠠᠰᠤ ᠮᠠᠩᠬᠠᠨ᠎ᠤ ᠬᠠᠴᠢᠨ ᠴᠢᠯᠠᠭᠤᠨ᠎ᠤ ᠬᠦᠷᠢᠶᠡᠯᠠᠩ᠎ᠳᠤ ᠶᠠᠪᠤᠭᠳᠠᠵᠤ᠂ ᠪᠥᠬᠥ ᠤᠯᠤᠰ᠎ᠤᠨ ᠬᠠᠴᠢᠨ ᠴᠢᠯᠠᠭᠤ ᠬᠣᠷᠢᠶᠠᠨ ᠬᠠᠲᠠᠭᠠᠯᠠᠭ᠍ᠴᠢᠳ᠂ ᠡᠷᠳᠡᠮᠲᠠᠳ ᠪᠣᠯᠣᠨ ᠬᠠᠴᠢᠨ ᠴᠢᠯᠠᠭᠤᠨ ᠤ᠋ ᠪᠠᠠᠭᠲᠠᠳ ᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠤᠳᠠᠰ᠎ᠤᠨ ᠪᠤᠰᠤ ᠰᠣᠶᠣᠯ᠎ᠤᠨ ᠥᠪ ᠪᠣᠯᠬᠤ 《ᠠᠯᠠᠱᠠ᠎ᠶᠢᠨ ᠭᠣᠪᠢ᠎ᠶᠢᠨ ᠦᠵᠡᠮᠤᠷᠢ᠎ᠶᠢᠨ ᠴᠢᠯᠠᠭᠤᠨ᠎ᠤᠷᠠᠯᠢᠭ᠋》᠎ᠢ ᠳᠡᠯᠭᠡᠨ ᠦᠵᠡᠭᠦᠯᠪᠡ ᠃

✦ ᠣᠳᠣᠬᠠᠨ ᠪᠤᠯᠲᠠᠯ᠎ᠠ ᠲᠦᠩᠯᠢᠶᠣᠣ ᠬᠣᠲᠠ ᠨᠢᠭᠡᠨᠲᠡ 7000 ᠬᠥᠮᠥᠨ᠎ᠦ ᠬᠡᠪᠴᠢᠶ᠎ᠡ᠎ᠪᠦᠬᠦᠢ 《ᠬᠣᠷᠴᠢᠨ ᠨᠣᠮ᠎ᠤᠨ ᠬᠣᠷᠣᠬᠠᠢᠳᠠᠳ》 ᠤ᠋ᠨ ᠬᠠᠮᠲᠤ᠎ᠶᠢᠨ ᠤᠩᠰᠢᠯᠭ᠎ᠠ᠎ᠶᠢᠨ ᠰᠦᠯᠵᠢᠶ᠎ᠡ᠎ᠶᠢ ᠪᠣᠶ ᠪᠣᠯᠭᠠᠵᠤ᠂ ᠬᠣᠲᠠ ᠬᠥᠳᠡᠭᠡ᠎ᠶᠢᠨ 4000 ᠭᠠᠷᠤᠢ ᠤᠩᠰᠢᠯᠭ᠎ᠠ᠎ᠶᠢᠨ ᠴᠡᠭ᠎ᠢ ᠪᠠᠢᠭᠤᠯᠵᠤ᠂ ᠪᠠᠰᠠ 200 ᠭᠠᠷᠤᠢ ᠤᠩᠰᠢᠯᠭ᠎ᠠ᠎ᠶᠢᠨ ᠨᠠᠷᠠᠲᠤ ᠲᠡᠮᠳᠡᠭ᠎ᠢ ᠡᠭᠦᠳᠦᠭᠰᠡᠨ ᠪᠠᠢᠨ᠎ᠠ᠃

✦ 25᠎ᠤ ᠡᠳᠦᠷ᠂ ᠡᠵᠡᠨ᠎ᠡ ᠬᠣᠰᠢᠭᠤᠨ᠎ᠤ 2026 ᠣᠨ᠎ᠤ 《ᠮᠢᠨᠭᠭᠠᠨ ᠪᠤᠲᠤᠭᠤ》 ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠡᠵᠡᠨ᠎ᠡ ᠬᠣᠰᠢᠭᠤᠨ᠎ᠤ ᠲᠡᠮᠡᠭᠡᠨ ᠤᠷᠤᠯᠳᠤᠭᠠᠨ᠎ᠤ ᠲᠠᠯᠠᠪᠠᠶ᠎ᠳᠤ ᠦᠪᠡᠳᠡᠭᠰᠢ ᠶᠡᠬᠡ᠎ᠪᠡᠷ ᠡᠬᠢᠯᠡᠵᠤ᠂ 3 ᠡᠳᠦᠷ ᠶᠠᠪᠤᠭᠳᠠᠬᠤ ᠪᠤᠯᠤᠨ᠎ᠠ᠃ ᠲᠤᠰ ᠠᠵᠢᠯᠯᠠᠭ᠎ᠠ ᠨᠢ ᠲᠡᠮᠡᠭᠡᠨ ᠰᠣᠶᠣᠯ᠎ᠢᠶᠠᠷ ᠭᠣᠣᠯ ᠰᠢᠵᠢᠮ ᠪᠣᠯᠭᠠᠵᠤ᠂ ᠠᠷᠠᠳ᠎ᠤᠨ ᠵᠠᠩ ᠦᠶ᠋ᠯᠡ᠂ ᠤᠷᠠᠨ ᠰᠠᠢᠬᠠᠨ᠎ᠤ ᠲᠣᠭᠯᠠᠯᠲᠠ᠂ ᠣᠨᠴᠠᠯᠢᠭ᠍ᠲᠤ ᠤᠷᠤᠯᠳᠤᠭᠠᠨ᠂ ᠠᠷᠠᠯᠵᠢᠶ᠎ᠠ ᠬᠤᠳᠠᠯᠳᠤᠭᠠᠨ᠎ᠤ ᠳᠡᠯᠭᠡᠨ ᠦᠵᠡᠭᠦᠯᠭᠡ ᠵᠡᠷᠭᠡ ᠠᠭᠤᠯᠭ᠎ᠠ᠎ᠶᠢ ᠳᠤᠬᠢᠷᠠᠭᠤᠯᠵᠡᠢ᠃

✦ 23᠎ᠤ ᠡᠳᠦᠷ᠂ ᠦᠦᠰᠢᠨ ᠬᠣᠰᠢᠭᠤᠨ᠎ᠦ ᠲᠤᠷᠰᠢᠯᠲᠠ᠎ᠶᠢᠨ ᠪᠠᠭ᠎ᠠ ᠰᠤᠷᠭᠠᠭᠤᠯᠢ ᠨᠣᠮ᠎ᠤᠨ ᠰᠣᠯᠢᠯᠴᠠᠭᠠᠨ᠎ᠤ ᠵᠠᠬ᠎ᠠ ᠳᠡᠯᠭᠡᠭᠦᠷ᠎ᠢ ᠵᠣᠬᠢᠶᠠᠨ ᠪᠠᠢᠭᠤᠯᠵᠤ᠂ ᠰᠤᠷᠤᠭ᠍ᠴᠢᠳ ᠬᠣᠭᠣᠷᠣᠨᠳᠤ᠎ᠪᠠᠨ ᠨᠣᠮ᠎ᠢᠶᠠᠨ ᠬᠠᠷᠢᠯᠴᠠᠨ ᠰᠣᠯᠢᠵᠤ ᠦᠵᠡᠬᠦ᠂ ᠨᠣᠮ ᠪᠣᠷᠣᠯᠠᠭᠤᠯᠬᠤ ᠵᠡᠷᠭᠡ ᠠᠭᠤᠯᠭ᠎ᠠ ᠲᠣᠬᠢᠷᠠᠭᠤᠯᠤᠨ᠂ ᠪᠠᠭ᠍ᠰᠢ ᠰᠤᠷᠤᠭ᠍ᠴᠢᠳ ᠤ᠋ᠨ ᠰᠤᠯᠠ ᠬᠠᠳᠠᠭᠠᠯᠠᠵᠤ ᠪᠠᠢᠭ᠎ᠠ ᠨᠣᠮ᠎ᠢ ᠳᠠᠬᠢᠨ ᠠᠮᠢᠯᠠᠭᠤᠯᠵᠤ᠂ ᠨᠣᠮ ᠪᠢᠴᠢᠭ ᠦ᠋ᠨ ᠠᠰᠢᠭ᠍ᠯᠠᠮᠵᠢ᠎ᠶᠢ ᠳᠡᠭᠡᠭᠰᠢᠯᠡᠭᠦᠯᠦᠨ᠂ ᠰᠤᠷᠤᠭ᠍ᠴᠢᠳ᠎ᠤᠨ ᠨᠣᠮ ᠤᠩᠰᠢᠬᠤ ᠢᠳᠡᠪᠬᠢᠵᠢᠯ᠎ᠢ ᠳᠠᠶ᠋ᠢᠴᠢᠯᠠᠭᠰᠠᠨ ᠪᠠᠢᠨ᠎ᠠ᠃

✦ 24 ᠤ᠋ ᠡᠳᠦᠷ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠵᠢᠷᠭᠤᠳᠤᠭᠠᠷ ᠬᠤᠭᠤᠴᠠᠭᠠᠨ᠎ᠤ ᠬᠦᠢᠯᠡᠰᠦᠨ ᠴᠡᠴᠡᠭ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠮᠤᠳᠤᠳᠤ ᠰᠤᠮᠤ ᠶ᠋ᠢᠨ ᠲᠦᠮᠡᠨ ᠮᠦ᠍ ᠬᠦᠢᠯᠡᠰᠦᠨ ᠣᠢ᠎ᠳᠤ ᠡᠬᠢᠯᠡᠵᠡᠢ᠃


ᠲᠠᠮᠢᠷ

✦ ᠣᠢᠷ᠎ᠠ᠎ᠳᠤ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ ᠡᠴᠡ 《ᠳᠤᠮᠳᠠᠳᠤ ᠤᠯᠤᠰ᠎ᠤᠨ ᠠᠩᠭᠢ᠎ᠶᠢᠨ ᠵᠠᠯᠠᠭᠤᠴᠤᠳ ᠪᠠᠭᠠᠴᠤᠳ᠎ᠢ ᠤᠷᠮᠠᠰᠢᠭᠤᠯᠤᠨ ᠵᠣᠷᠢᠭ᠍ᠵᠢᠭᠤᠯᠬᠤ ᠲᠥᠯᠥᠪᠯᠡᠭᠡ》 ᠶ᠋ᠢ ᠡᠬᠢᠯᠡᠭᠦᠯᠵᠦ᠂ ᠳᠤᠮᠳᠠᠳᠤ ᠤᠯᠤᠰ᠎ᠤᠨ ᠰᠢᠯᠢᠳᠡᠭ ᠵᠠᠯᠠᠭᠤ ᠪᠥᠮᠪᠥᠭᠡᠴᠢᠳ ᠤ᠋ᠨ ᠬᠥᠯ ᠪᠥᠮᠪᠥᠭᠡ᠎ᠶᠢᠨ ᠥᠨᠳᠥᠷ ᠬᠢᠷᠢ ᠲᠦᠪᠰᠢᠨ ᠪᠦᠬᠦᠢ ᠤᠯᠤᠰ ᠪᠠ ᠭᠠᠵᠠᠷ ᠣᠷᠣᠨ᠎ᠳᠤ ᠬᠦᠷᠴᠦ ᠪᠣᠯᠪᠠᠰᠤᠷᠠᠬᠤ᠂ ᠤᠷᠤᠯᠳᠤᠬᠤ᠂ ᠠᠮᠢᠳᠤᠷᠠᠬᠤ ᠵᠢ ᠪᠥᠬᠥ ᠬᠦᠴᠦᠨ᠎ᠢᠶᠡᠷ᠎ᠢᠶᠡᠨ ᠳᠡᠮᠵᠢᠵᠦ᠂ ᠬᠤᠪᠢ ᠬᠥᠮᠥᠨ᠎ᠦ ᠴᠢᠳᠠᠪᠤᠷᠢ ᠪᠠ ᠤᠯᠤᠰ᠎ᠤᠨ ᠠᠩᠭᠢ᠎ᠶᠢᠨ ᠪᠦᠬᠦᠯᠢ ᠴᠣᠭᠴᠠ᠎ᠶᠢᠨ ᠥᠷᠢᠰᠦᠯᠳᠦᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠵᠠᠯᠠᠭᠤ ᠬᠥᠯ ᠪᠥᠮᠪᠥᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠨᠡᠢᠲᠡᠯᠡᠪᠡ᠃

✦ 2026 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠬᠡᠳᠦ ᠲᠠᠰ ᠤ᠋ᠨ ᠬᠣᠯᠪᠣᠭᠠᠲᠤ ᠤᠷᠤᠯᠳᠤᠭᠠᠨ 5 ᠰᠠᠷ᠎ᠠ᠎ᠶᠢᠨ 15᠎ᠤ ᠡᠳᠦᠷ ᠡᠬᠢᠯᠡᠵᠦ᠂ ᠬᠥᠰᠢᠭᠡ ᠰᠡᠬᠦᠬᠦ ᠤᠷᠤᠯᠳᠤᠭᠠᠨ 5 ᠰᠠᠷ᠎ᠠ᠎ᠶᠢᠨ 15 ᠤ᠋ ᠡᠳᠦᠷ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠢ᠎ᠳᠤ ᠶᠠᠪᠤᠭᠳᠠᠬᠤ ᠪᠤᠯᠤᠨ᠎ᠠ᠃


ᠳᠡᠯᠡᠬᠡᠢ

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠵᠠᠰᠠᠭ᠎ᠤᠨ ᠣᠷᠳᠣᠨ᠎ᠤ ᠲᠤᠰᠢᠶᠠᠯᠲᠠᠨ 23᠎ᠤ ᠡᠳᠦᠷ ᠬᠡᠯᠡᠬᠦ᠎ᠳᠡᠭᠡᠨ᠂ ᠠᠮᠧᠷᠢᠺᠠ ᠶ᠋ᠢᠨ ᠲᠠᠯ᠎ᠠ᠎ᠶᠢᠨ ᠬᠢᠨ ᠣᠷᠣᠰ᠎ᠤᠨ ᠶᠡᠷᠦᠩᠬᠡᠢᠯᠡᠭᠴᠢ ᠫᠦᠲ᠋ᠢᠨ᠎ᠢ ᠡᠨᠡ ᠵᠢᠯ᠎ᠦᠨ 12 ᠰᠠᠷ᠎ᠠ᠎ᠳᠤ ᠠᠮᠧᠷᠢᠺᠠ ᠳ᠋ᠥ ᠶᠠᠪᠤᠭᠳᠠᠬᠤ᠎ᠪᠡᠷ ᠲᠣᠭᠲᠠᠭᠰᠠᠨ ᠬᠣᠷᠢᠨ ᠤᠯᠤᠰ᠎ᠤᠨ ᠪᠦᠯᠦᠭᠯᠡᠯ (G20)᠎ᠤᠨ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠳᠤ ᠤᠷᠢᠬᠤ ᠰᠠᠨᠠᠭ᠎ᠠ᠎ᠲᠠᠢ ᠪᠠᠢᠨ᠎ᠠ ᠭᠡᠵᠡᠢ᠃

✦ ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋᠎ᠶᠢᠨ ᠬᠣᠶᠠᠳᠠᠭᠢ ᠲᠤᠰᠢᠶᠠᠯ᠎ᠤᠨ ᠬᠤᠭᠤᠴᠠᠭᠠᠨ᠎ᠤ ᠲᠦᠷᠦᠭᠦᠸ᠋ ᠵᠢᠯ᠎ᠳᠡᠬᠢ ᠠᠯᠢ ᠣᠯᠠᠨ ᠲᠥᠷᠥ᠎ᠶᠢᠨ ᠪᠣᠳᠣᠯᠭ᠎ᠠ  ᠨᠢ ᠠᠮᠧᠷᠢᠺᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠲᠡᠭᠡᠳ᠎ᠲᠦ ᠳᠣᠩᠰᠣᠯᠤᠯ ᠠᠪᠴᠢᠷᠠᠵᠦ᠂ ᠠᠮᠧᠷᠢᠺᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠡᠯᠡ ᠮᠥᠩᠭᠥ᠎ᠶᠢᠨ ᠳᠡᠮᠵᠢᠯᠭᠡ᠎ᠶᠢᠨ ᠲᠣᠭᠲᠠᠴᠠ᠎ᠳᠤ ᠳᠠᠭᠠᠷᠢᠯᠲᠠ ᠤᠴᠠᠷᠠᠭᠤᠯᠵᠤ᠂ ᠠᠮᠧᠷᠢᠺᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ ᠶᠠᠭ ᠠᠪᠴᠢᠬᠤ ᠬᠠᠨᠳᠤᠰᠢ᠎ᠲᠠᠢ ᠪᠠᠢᠨ᠎ᠠ᠃


ᠦᠢ᠍ᠯᠡᠴᠢᠯᠡᠭᠡ

✦ ᠲᠦᠩᠯᠢᠶᠣᠣ ᠬᠣᠲᠠ᠎ᠶᠢᠨ ᠮᠣᠩᠭᠣᠯ ᠡᠮᠨᠡᠯᠭᠡ᠎ᠶᠢᠨ ᠬᠣᠷᠢᠶ᠎ᠠ 6 ᠳᠤᠰᠬᠠᠢ ᠮᠡᠷᠭᠡᠵᠢᠯ ᠤ᠋ᠨ ᠠᠵᠢᠯᠲᠠᠨ ᠡᠯᠰᠡᠨ᠎ᠠ᠃


ᠲᠠᠨ᠎ᠤ ᠲᠤᠰᠠ᠎ᠳᠤ

✦ ᠬᠠᠪᠤᠷ᠎ᠤᠨ ᠤᠯᠠᠷᠢᠯ᠎ᠳᠤ ᠰᠠᠯᠬᠢ ᠶᠡᠬᠡ ᠭᠠᠩ ᠬᠠᠭᠤᠷᠠᠢ ᠪᠥᠭᠡᠳ ᠴᠡᠴᠡᠭ᠎ᠦᠨ ᠲᠣᠭᠣᠰᠣ᠌᠂ ᠡᠯᠡᠰᠦ ᠲᠣᠭᠣᠰᠣᠨ᠎ᠤ ᠰᠡᠳᠦᠯᠲᠡ᠎ᠡᠴᠡ ᠪᠣᠯᠵᠤ ᠨᠢᠳᠦ ᠠᠮᠠᠷᠬᠠᠨ ᠶᠠᠳᠠᠷᠠᠳᠠᠭ᠃ ᠡᠩ᠎ᠦᠨ ᠦᠶ᠎ᠡ᠎ᠳᠦ ᠨᠢᠳᠦ᠎ᠪᠡᠨ ᠪᠠᠭ᠎ᠠ ᠨᠤᠬᠤᠯᠠᠵᠤ᠂ ᠨᠢᠳᠦ᠎ᠪᠡᠨ ᠠᠨᠢᠨ ᠪᠡᠶ᠎ᠡ᠎ᠪᠡᠨ ᠠᠮᠠᠷᠠᠭᠠᠵᠤ᠂ ᠣᠷᠳᠣ᠌ ᠬᠤᠭᠤᠴᠠᠭ᠎ᠠ᠎ᠪᠠᠷ ᠺᠣᠮᠫᠢᠦ᠋ᠲᠧᠷ ᠦᠵᠡᠬᠦ ᠡᠴᠡ ᠵᠠᠢᠯᠠᠰᠬᠢᠬᠦ ᠬᠡᠷᠡᠭᠲᠡᠢ᠃ ᠰᠢᠷ᠎ᠠ ᠯᠤᠤᠪᠠᠩ᠂ ᠥᠷᠭᠡᠰᠦᠲᠦ ᠨᠣᠭᠣᠭ᠎ᠠ ᠵᠡᠷᠭᠡ ᠨᠢᠳᠦ᠎ᠶᠢ ᠬᠠᠮᠠᠭᠠᠯᠠᠬᠤ ᠢᠳᠡᠭᠡᠨ᠎ᠢ ᠢᠯᠡᠭᠦᠦ ᠢᠳᠡᠵᠦ᠂ ᠪᠦᠯᠢᠶᠡᠨ ᠠᠯᠴᠢᠭᠤᠷ᠎ᠢᠶᠠᠷ ᠨᠢᠳᠦᠨ᠎ᠦ ᠬᠡᠰᠡᠭ᠎ᠢᠶᠡᠨ ᠬᠥᠩᠭᠡᠬᠡᠨ ᠵᠦᠯᠭᠦᠵᠦ᠂ ᠤᠰᠤ ᠢᠯᠡᠭᠦᠦ ᠤᠤᠭᠤᠬᠤ ᠬᠡᠷᠡᠭᠲᠡᠢ᠃ ᠰᠠᠯᠬᠢ ᠶᠡᠬᠡ᠎ᠦᠶ᠎ᠠ ᠳ᠋ᠤ ᠭᠠᠳᠠᠭ᠍ᠰᠢ ᠭᠠᠷᠬᠤ᠎ᠳᠠᠭᠠᠨ ᠨᠢᠳᠦᠨ ᠰᠢᠯ ᠵᠡᠭᠦᠵᠦ᠂ ᠰᠡᠳᠡᠯᠲᠡ᠎ᠶᠢ ᠪᠠᠭᠠᠰᠬᠠᠪᠠᠯ ᠰᠠᠢᠨ ᠪᠠᠢᠳᠠᠭ᠃

ᠵᠠᠯᠭᠠᠭᠠᠳ 《ᠬᠣᠣᠰ ᠡᠷᠳᠡᠨᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号