


ᠨᠡᠢ᠌ᠭᠡᠮ
✦ ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠲᠦᠷᠦᠭᠦᠬᠡᠨ
2026 ᠣᠨ᠎ᠤ ᠮᠠᠨ᠎ᠤ ᠤᠯᠤᠰ᠎ᠤᠨ ᠵᠢᠰᠦ
ᠭᠣᠶᠣᠯᠠᠯ᠎ᠤᠨ ᠡᠳ᠋᠎ᠦᠨ ᠪᠠᠷᠢᠮᠵᠢᠶ᠎ᠠ᠎ᠶᠢ ᠲᠣᠭᠲᠠᠭᠠᠬᠤ ᠲᠥᠯᠥᠪᠯᠡᠭᠡ᠎ᠶᠢ ᠨᠡᠢᠲᠡᠯᠡᠵᠦ᠂ ᠭᠡᠵᠢᠭᠡ ᠪᠤᠳᠤᠬᠤ
ᠡᠳ᠋᠎ᠦᠨ ᠲᠦᠭᠦᠬᠡᠢ ᠮᠠᠲᠧᠷᠢᠶᠠᠯ᠂ ᠵᠢᠰᠦ ᠭᠣᠶᠣᠯᠠᠯ᠎ᠤᠨ ᠡᠳ᠋᠎ᠲᠦ ᠬᠡᠷᠡᠭᠯᠡᠬᠦ ᠲᠦᠭᠦᠬᠡᠢ ᠮᠠᠲᠧᠷᠢᠶᠠᠯ
ᠵᠡᠷᠭᠡ᠎ᠳᠦ ᠬᠣᠯᠪᠣᠭᠳᠠᠯ ᠪᠦᠬᠦᠢ ᠨᠡᠢᠳᠡᠮ ᠬᠡᠷᠡᠭᠯᠡᠬᠦ ᠮᠡᠷᠭᠡᠵᠢᠯ ᠪᠠ ᠰᠢᠯᠭᠠᠨ ᠪᠠᠢᠴᠠᠭᠠᠬᠤ ᠠᠷᠭ᠎ᠠ᠎ᠶᠢᠨ
ᠪᠠᠷᠢᠮᠵᠢᠶ᠎ᠠ ᠵᠡᠷᠭᠡ 27 ᠵᠦᠢᠯ᠎ᠦᠨ ᠪᠠᠷᠢᠮᠵᠢᠶ᠎ᠠ᠎ᠶᠢ
ᠲᠣᠭᠲᠠᠭᠠᠵᠤ ᠵᠠᠰᠠᠪᠤᠷᠢ ᠣᠷᠣᠭᠤᠯᠬᠤ᠎ᠪᠠᠷ ᠪᠤᠯᠪᠠ᠃
✦ ᠤᠢᠷ᠎ᠠ᠎ᠳᠦ ᠠᠽᠢᠶ᠎ᠠ ᠲᠢᠪ᠎ᠦᠨ ᠠᠩᠬᠠᠳᠠᠭ᠍ᠴᠢ ᠵᠠᠭᠤᠨ ᠲᠦᠮᠡᠨ ᠲᠡᠭᠰᠢ ᠳᠥᠷᠪᠡᠯᠵᠢᠨ
ᠲᠠᠰ᠎ᠤᠨ ᠳᠠᠪᠤᠰᠤᠨ ᠠᠭᠤᠢ᠎ᠶᠢᠨ ᠤᠰᠤᠲᠥ᠋ᠷᠥᠭᠴᠢ ᠬᠠᠳᠠᠭᠠᠯᠠᠬᠤ ᠵᠢᠱ᠌ᠢᠶ᠎ᠡ ᠦᠵᠡᠭᠦᠯᠬᠦ ᠢᠨᠵᠧᠨᠧᠷᠢᠩ ᠾᠧᠨᠠᠨ᠎ᠤ
ᠫᠢᠩ ᠳ᠋ᠢᠩ ᠱᠠᠨ ᠠᠭᠤᠯᠠᠨ᠎ᠳᠤ ᠠᠰᠢᠭ᠍ᠯᠠᠯᠲᠠ᠎ᠳᠤ ᠣᠷᠣᠵᠤ᠂ ᠵᠠᠩᠭᠢᠯᠠᠭ᠎ᠠ᠎ᠶᠢᠨ ᠭᠣᠣᠯᠯᠠᠬᠤ ᠲᠥᠬᠦᠭᠡᠷᠦᠮᠵᠢ᠎ᠶᠢ
100% ᠪᠡᠷ ᠤᠯᠤᠰ᠎ᠲᠠᠭᠠᠨ ᠦᠢᠯᠡᠳᠪᠦᠷᠢᠯᠡᠵᠦ᠂ ᠮᠠᠨ᠎ᠤ ᠤᠯᠤᠰ᠎ᠤᠨ
ᠶᠡᠬᠡ ᠬᠡᠪᠴᠢᠶᠡᠨ᠎ᠦ ᠳᠠᠪᠤᠰᠤᠨ ᠠᠭᠤᠢ᠎ᠶᠢᠨ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ᠎ᠦᠨ ᠬᠣᠭᠣᠰᠤᠨ᠎ᠢ ᠨᠥᠬᠥᠪᠦᠷᠢᠯᠡᠭᠰᠡᠨ
ᠪᠠᠢᠨ᠎ᠠ᠃
✦ ᠳᠤᠮᠳᠠᠳᠤ ᠤᠯᠤᠰ᠎ᠤᠨ ᠦᠨᠡᠲᠦ ᠲᠡᠮᠳᠡᠭᠲᠦ᠎ᠶᠢᠨ
ᠬᠢᠨᠠᠯᠲᠠ ᠬᠠᠮᠢᠶᠠᠷᠤᠯᠲᠠ᠎ᠶᠢᠨ ᠵᠥᠪᠯᠡᠯ 《ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ
ᠬᠡᠷᠡᠭ ᠮᠡᠳᠡᠭᠴᠢᠳ᠎ᠦᠨ ᠵᠥᠪᠯᠡᠯ᠎ᠦᠨ ᠨᠠᠷᠢᠨ ᠪᠢᠴᠢᠭᠡᠴᠢ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ》᠎ᠢ ᠨᠡᠢᠲᠡᠯᠡᠵᠤ᠂
2026 ᠣᠨ᠎ᠤ 5 ᠰᠠᠷ᠎ᠠ᠎ᠶᠢᠨ 24᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ
ᠪᠤᠢ᠃
✦ 25᠎ᠤ ᠡᠳᠦᠷ᠂ ᠮᠠᠨ᠎ᠤ ᠤᠯᠤᠰ ᠲᠠᠢᠶᠤᠸᠠᠨ᠎ᠤ ᠳᠠᠭᠠᠭᠤᠯᠢ ᠣᠲᠣ᠌
ᠬᠠᠷᠪᠤᠬᠤ ᠲᠥᠪ᠎ᠲᠦ ᠴᠠᠩ ᠵᠧᠩ ᠵᠢᠷᠭᠤᠳᠤᠭᠠᠷ ᠬᠥᠯᠭᠡ ᠲᠡᠢᠷᠦᠯᠲᠦ ᠰᠤᠮᠤ᠎ᠶᠢ ᠬᠡᠷᠡᠭᠯᠡᠵᠦ᠂ ᠫᠠᠺᠢᠰᠲ᠋ᠠᠨ᠎ᠤ
PRSC - EO3 ᠳᠠᠭᠠᠭᠤᠯᠢ ᠣᠲᠣ᠌᠎ᠶᠢ ᠠᠮᠵᠢᠯᠲᠠ᠎ᠲᠠᠢ ᠬᠠᠷᠪᠤᠵᠤ᠂ ᠳᠠᠭᠠᠭᠤᠯᠢ
ᠣᠲᠣ᠌ ᠵᠢᠱ᠌ᠢᠭᠰᠡᠨ ᠲᠣᠭᠣᠷᠢᠯᠲᠠ᠎ᠶᠢᠨ ᠵᠠᠮ᠎ᠳᠠᠭᠠᠨ ᠤᠷᠤᠭᠰᠢᠲᠠᠢ ᠣᠷᠤᠪᠠ᠃
✦ ᠲᠦᠷᠦᠭᠦᠬᠡᠨ ᠰᠤᠷᠭᠠᠨ ᠬᠥᠮᠦᠵᠢᠯ᠎ᠦᠨ ᠶᠠᠮᠤᠨ᠂
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠠᠮᠲᠤᠷᠠᠨ ᠪᠢᠴᠢᠭ ᠮᠠᠲᠧᠷᠢᠶᠠᠯ
ᠪᠠᠭᠤᠯᠭᠠᠵᠤ᠂ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ
ᠣᠯᠭᠣᠬᠤ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠵᠦ᠂
ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠬᠥᠮᠥᠨ ᠬᠡᠷᠡᠭᠯᠡᠬᠦ ᠨᠢᠭᠡᠴᠢ᠎ᠶᠢ ᠬᠠᠪᠰᠤᠷᠤᠨ ᠠᠵᠢᠯ ᠣᠯᠭᠣᠬᠤ
ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠣᠢᠯᠠᠭᠠᠭᠤᠯᠬᠤ᠎ᠳᠦ ᠳᠡᠮᠵᠢᠯᠭᠡ
ᠦᠵᠡᠭᠦᠯᠪᠡ᠃
✦ ᠣᠢᠷ᠎ᠠ᠎ᠳᠤ 2026 ᠣᠨ᠎ᠤ ᠬᠣᠷᠴᠢᠨ ᠲᠣᠭᠣᠷᠢᠭ᠋᠎ᠤᠨ ᠡᠷᠳᠡᠨᠢ ᠰᠢᠰᠢ᠎ᠶᠢᠨ ᠲᠠᠯᠠᠪᠠᠶ
ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠨᠡᠢᠭᠡᠮᠴᠢᠯᠡᠭᠰᠡᠨ ᠦᠢᠯᠡᠴᠢᠯᠡᠭᠡᠨ᠎ᠦ ᠲᠤᠬᠠᠢ᠎ᠶᠢᠨ ᠲᠠᠯᠠᠪᠠᠶ᠎ᠶᠢᠨ
ᠲᠣᠭᠣᠷᠢᠨ ᠦᠵᠡᠵᠦ ᠪᠣᠯᠪᠠᠰᠤᠷᠠᠭᠤᠯᠬᠤ ᠬᠤᠷᠠᠯ ᠹᠸᠩ ᠲᠢᠶᠠᠨ ᠪᠠᠯᠭᠠᠰᠤᠨ᠎ᠳᠤ ᠶᠠᠪᠤᠭᠳᠠᠪᠠ᠂ ᠡᠨᠡ ᠨᠢ ᠲᠦᠩᠯᠢᠶᠣᠣ
ᠬᠣᠲᠠ᠎ᠶᠢᠨ ᠥᠨᠳᠥᠷ ᠪᠠᠷᠢᠮᠵᠢᠶᠠᠲᠤ ᠬᠠᠪᠤᠷ᠎ᠤᠨ ᠲᠠᠷᠢᠶᠠᠯᠠᠭ᠎ᠠ ᠡᠬᠢᠯᠡᠭᠰᠡᠨ᠎ᠢ ᠬᠠᠷᠠᠭᠤᠯᠵᠤ ᠪᠠᠢᠨ᠎ᠠ᠃
✦ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠤᠨ ᠮᠡᠳᠡᠭᠡᠵᠢ ᠦᠨᠳᠦᠰᠦᠯᠡᠪᠡᠯ᠂
ᠨᠢᠭᠡᠳᠦᠭᠡᠷ ᠤᠯᠠᠷᠢᠯ᠎ᠳᠤ ᠥᠪᠥᠷ ᠮᠣᠩᠭᠣᠯ ᠬᠣᠲᠠ ᠪᠠᠯᠭᠠᠰᠤᠨ᠎ᠤ 4.98 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠨᠢᠳᠤᠨᠤᠨ᠎ᠤ
ᠬᠢ᠎ᠲᠠᠢ ᠠᠳᠠᠯᠢ ᠪᠠᠢᠵᠤ᠂ 10.35 ᠳ᠋ᠦᠩᠰᠢᠭᠤᠷ ᠲᠥᠭᠥᠷᠢᠭ᠎ᠦᠨ ᠲᠥᠷᠥ᠎ᠶᠢᠨ ᠪᠣᠳᠣᠯᠭ᠎ᠠ᠎ᠶᠢᠨ
ᠠᠰᠢᠭ᠋ ᠬᠦᠷᠲᠡᠭᠡᠵᠦ᠂ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠨ᠎ᠠ᠃
✦ 2026 ᠤᠨ᠎ᠳᠦ ᠰᠢᠯᠢ᠎ᠵᠢᠨ ᠭᠤᠤᠯ ᠠᠢᠮᠠᠭ ᠬᠦᠷᠢᠶᠡᠯᠡᠩ
ᠲᠤᠭᠤᠷᠢᠭ᠎ᠤᠨ ᠰᠠᠭᠤᠷᠢ ᠳᠥᠬᠥᠭᠡᠷᠦᠮᠵᠢᠵᠢᠨ 17 ᠲᠥᠰᠥᠯ᠎ᠢ ᠪᠥᠲᠥᠭᠡᠨ ᠪᠠᠢᠭᠤᠯᠬᠤ᠎ᠪᠡᠷ ᠲᠥᠯᠥᠪᠯᠡᠵᠦ᠂
ᠶᠡᠷᠦᠩᠬᠡᠢ ᠪᠡᠯᠡ ᠤᠷᠤᠭᠤᠯᠤᠯᠲᠠ ᠨᠢ 5.47 ᠳ᠋ᠦᠩᠰᠢᠭᠤᠷ ᠲᠥᠭᠥᠷᠢᠭ᠎ᠲᠦ ᠬᠦᠷᠴᠦ᠂ ᠲᠤᠰ ᠵᠢᠯ᠎ᠳᠡᠭᠡᠨ 3.56 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠤᠯᠲᠠ᠎ᠵᠢ
ᠪᠡᠶᠡᠯᠡᠭᠦᠯᠬᠦ᠎ᠪᠡᠷ ᠲᠥᠯᠥᠪᠯᠡᠵᠦ ᠪᠤᠢ᠃
✦ 25᠎ᠤ ᠡᠳᠦᠷ᠂ 2026 ᠣᠨ᠎ᠤ ᠰᠢᠯᠢ᠎ᠶᠢᠨ ᠭᠣᠣᠯ ᠠᠢᠮᠠᠭ᠎ᠤᠨ 《ᠰᠢᠪᠠᠭᠤ ᠬᠠᠢᠷᠠᠯᠠᠬᠤ ᠭᠠᠷᠠᠭ》᠎ᠤᠨ ᠠᠵᠢᠯᠯᠠᠭ᠎ᠠ᠎ᠵᠢᠨ ᠡᠬᠢᠯᠡᠯᠲᠡ᠎ᠶᠢᠨ
ᠶᠣᠰᠣᠯᠠᠯ ᠰᠢᠯᠢᠩᠬᠤᠲᠠ᠎ᠳᠤ ᠶᠠᠪᠤᠭᠳᠠᠪᠠ᠃ 2026 ᠣᠨ᠎ᠳᠤ ᠰᠢᠯᠢ᠎ᠶᠢᠨ ᠭᠣᠣᠯ ᠠᠢᠮᠠᠭ ᠬᠢᠨᠠᠨ ᠬᠡᠮᠵᠢᠬᠦ ᠨᠢᠭᠡᠴᠢ᠎ᠶᠢ
7 ᠪᠣᠯᠭᠠᠵᠤ᠂ ᠨᠡᠶ᠋ᠢᠲᠡ 15317 ᠰᠢᠪᠠᠭᠤᠨ᠎ᠤ ᠲᠥᠷᠥᠯ᠎ᠢ ᠲᠡᠮᠳᠡᠭᠯᠡᠪᠡ᠂ ᠡᠭᠦᠨ᠎ᠳᠦ ᠤᠯᠤᠰ᠎ᠤᠨ
ᠨᠢᠭᠡᠳᠦᠭᠡᠷ ᠳᠡᠰ᠎ᠤᠨ ᠬᠠᠮᠠᠭᠠᠯᠠᠯᠲᠠ᠎ᠶᠢᠨ ᠠᠮᠢᠲᠠᠨ 4 ᠲᠥᠷᠥᠯ᠂ ᠤᠯᠤᠰ᠎ᠤᠨ ᠬᠣᠶᠠᠳᠤᠭᠠᠷ ᠳᠡᠰ᠎ᠤᠨ
ᠬᠠᠮᠠᠭᠠᠯᠠᠯᠲᠠ᠎ᠶᠢᠨ ᠠᠮᠢᠲᠠᠨ 8 ᠲᠥᠷᠥᠯ ᠪᠣᠶ᠃
✦ ᠣᠲᠣᠬᠠᠨ᠎ᠳᠦ ᠶᠠᠭ ᠬᠠᠪᠤᠷ᠎ᠤᠨ ᠤᠯᠠᠷᠢᠯ᠎ᠤᠨ
ᠲᠥᠯ ᠲᠤᠰᠬᠤ ᠵᠠᠩᠭᠢᠯᠠᠭ᠎ᠠ᠎ᠶᠢᠨ ᠬᠤᠭᠤᠴᠠᠭᠠᠨ᠎ᠳᠦ ᠪᠠᠢᠵᠤ᠂ ᠵᠡᠭᠦᠨ ᠦᠵᠦᠮᠦᠴᠢᠨ ᠬᠣᠰᠢᠭᠤ 64.8 ᠲᠦᠮᠡᠨ ᠲᠥᠯ ᠲᠣᠰᠴᠤ᠂ ᠨᠢᠳᠤᠨᠤᠨ᠎ᠤ ᠬᠢ᠎ᠲᠠᠢ ᠦᠨᠳᠦᠰᠦᠨ᠎ᠳᠡᠭᠡᠨ
ᠲᠡᠩᠴᠡᠵᠦ᠂ ᠲᠥᠯ ᠮᠠᠯ᠎ᠤᠨ ᠤᠨᠳᠤᠷᠤᠯᠲᠠ᠎ᠶᠢᠨ ᠨᠣᠷᠮ᠎ᠠ 99.63%᠎ᠳᠤ ᠬᠦᠷᠴᠦ᠂ ᠨᠢᠳᠤᠨᠤᠨ᠎ᠤ ᠬᠢ᠎ᠡᠴᠡ 0.1%᠎ᠪᠡᠷ ᠨᠡᠮᠡᠭᠳᠡᠵᠡᠢ᠃
ᠠᠵᠤ ᠠᠬᠤᠢ
✦ 25᠎ᠤ ᠡᠳᠦᠷ ᠪᠣᠯᠲᠠᠯ᠎ᠠ᠂ 2026 ᠣᠨ᠎ᠤ ᠺᠢᠨᠣ᠋᠎ᠶᠢᠨ ᠶᠡᠷᠦᠩᠬᠡᠢ ᠪᠢᠯᠧᠲ᠎ᠦᠨ ᠣᠷᠣᠯᠭ᠎ᠠ (ᠤᠷᠢᠳᠴᠢᠯᠠᠨ ᠬᠤᠳᠠᠯᠳᠤᠭᠰᠠᠨ᠎ᠢ ᠪᠠᠭᠲᠠᠭᠠᠨ᠎ᠠ) 128 ᠳ᠋ᠦᠩᠰᠢᠭᠤᠷ ᠲᠥᠭᠥᠷᠢᠭ᠎ᠢ ᠳᠠᠪᠠᠵᠤ᠂ 2026 ᠣᠨ᠎ᠤ ᠲᠠᠪᠤᠨ ᠰᠠᠷ᠎ᠠ᠎ᠶᠢᠨ ᠨᠢᠭᠡᠨ᠎ᠦ ᠰᠢᠨ᠎ᠡ ᠺᠢᠨᠤ᠋᠎ᠵᠢᠨ
ᠤᠷᠢᠳᠴᠢᠯᠠᠨ ᠬᠤᠳᠠᠯᠳᠤᠭᠰᠠᠨ ᠪᠢᠯᠧᠲ᠎ᠦᠨ ᠣᠷᠣᠯᠭ᠎ᠠ ᠨᠢᠭᠡᠨᠲᠡ 1500 ᠲᠦᠮᠡᠨ ᠲᠥᠭᠥᠷᠢᠭ᠎ᠢ ᠳᠠᠪᠠᠪᠠ᠃
ᠲᠠᠮᠢᠷ
✦ ᠳᠡᠯᠡᠬᠡᠢ᠎ᠶᠢᠨ ᠥᠳᠥᠨ ᠪᠥᠮᠪᠥᠭᠡ᠎ᠶᠢᠨ ᠬᠣᠯᠪᠣᠭ᠎ᠠ
15 ᠬᠤᠪᠢ᠎ᠶᠢᠨ ᠥᠭᠡᠷᠡᠴᠢᠯᠡᠯᠲᠡ᠎ᠶᠢᠨ ᠲᠥᠰᠥᠯ᠎ᠢ ᠤᠢᠷ᠎ᠠ᠎ᠳᠦ
ᠪᠠᠲᠤᠯᠠᠵᠤ᠂ 2027 ᠣᠨ᠎ᠤ 1 ᠰᠠᠷ᠎ᠠ᠎ᠶᠢᠨ 4᠎ᠦ ᠡᠳᠦᠷ᠎ᠡᠴᠡ ᠬᠡᠷᠡᠭᠵᠢᠭᠦᠯᠬᠦ᠎ᠪᠡᠷ ᠪᠤᠢ᠃
ᠳᠡᠯᠡᠬᠡᠢ
✦ ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂
ᠣᠷᠣᠰ᠎ᠲᠤ ᠰᠠᠭᠤᠭ᠎ᠠ ᠢᠷᠠᠨ᠎ᠤ ᠡᠯᠴᠢᠨ ᠰᠠᠢᠳ ᠢᠯᠡᠷᠬᠡᠢᠯᠡᠬᠦ᠎ᠳᠡᠭᠡᠨ᠂ ᠢᠷᠠᠨ᠎ᠤ ᠳᠡᠭᠡᠳᠦ ᠤᠳᠤᠷᠢᠳᠤᠭ᠍ᠴᠢ ᠮᠦᠵᠢᠶᠸᠲ᠋ᠠᠪᠠ·
ᠬᠠᠮᠸᠢᠨ᠋ᠸᠶ᠋ᠢ ᠪᠣᠯᠣᠨ ᠣᠷᠣᠰ᠎ᠤᠨ ᠶᠡᠷᠦᠩᠬᠡᠢᠯᠡᠭᠴᠢ ᠫᠦᠲ᠋ᠢᠨ 8 ᠰᠠᠷ᠎ᠠ᠎ᠶᠢᠨ 12᠎ᠤᠨ ᠡᠳᠦᠷ ᠶᠠᠪᠤᠭᠳᠠᠬᠤ ᠺᠠᠰᠫᠢ ᠲᠠᠩᠭᠢᠰ᠎ᠤᠨ
ᠲᠦᠷᠦᠭᠦᠴᠦᠳ᠎ᠦᠨ ᠬᠤᠷᠠᠯ᠎ᠤᠨ ᠬᠤᠭᠤᠴᠠᠭᠠᠨ᠎ᠳᠤ ᠠᠩᠬ᠎ᠠ ᠤᠳᠠᠭ᠎ᠠ ᠠᠭᠤᠯᠵᠠᠯᠲᠠ ᠬᠢᠵᠦ ᠮᠡᠳᠡᠨ᠎ᠡ ᠭᠡᠵᠡᠢ᠃
✦ ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠳᠤᠯᠤᠭᠠᠨ ᠤᠯᠤᠰ᠎ᠤᠨ ᠪᠦᠯᠦᠭᠯᠡᠯ᠎ᠦᠨ ᠣᠷᠴᠢᠨ ᠲᠣᠭᠣᠷᠢᠨ᠎ᠤ ᠶᠠᠮᠤᠨ᠎ᠤ ᠰᠠᠢᠳ ᠨᠠᠷ᠎ᠤᠨ ᠬᠤᠷᠠᠯ
24᠎ᠦ ᠡᠳᠦᠷ ᠹᠷᠠᠨᠼᠢ᠎ᠶᠢᠨ ᠫᠠᠷᠢᠰ᠎ᠲᠤ
ᠲᠡᠭᠦᠰᠴᠦ᠂ ᠬᠣᠶᠠᠷ ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠠᠢ᠃ ᠬᠤᠷᠠᠯ ᠨᠢ ᠣᠯᠠᠨ ᠵᠦᠢᠯ᠎ᠦᠨ ᠪᠢᠴᠢᠭ ᠮᠠᠲᠧᠷᠢᠶᠠᠯ᠎ᠢ
ᠪᠠᠲᠤᠯᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠬᠠᠮᠢᠶ᠎ᠠ ᠪᠦᠬᠦᠢ ᠪᠡᠯᠡ ᠲᠣᠬᠢᠷᠠᠭᠤᠯᠬᠤ᠂ ᠲᠡᠯᠡᠶ ᠲᠠᠩᠭᠢᠰ᠎ᠢ
ᠬᠠᠮᠠᠭᠠᠯᠠᠬᠤ᠂ ᠤᠰᠤᠨ᠎ᠤ ᠪᠣᠬᠢᠷᠲᠤᠯ᠎ᠢ ᠠᠷᠭᠠᠴᠠᠭᠠᠬᠤ ᠪᠠ ᠭᠠᠵᠠᠷ ᠰᠢᠷᠣᠢ ᠮᠠᠭᠤᠳᠠᠬᠤ ᠵᠡᠷᠭᠡ ᠬᠦᠷᠢᠶᠡᠨ᠎ᠳᠡᠬᠢ
ᠠᠵᠢᠯᠯᠠᠭ᠎ᠠ᠎ᠶᠢ ᠲᠦᠷᠭᠡᠳᠬᠡᠬᠦ᠎ᠪᠡᠷ ᠵᠣᠷᠢᠯᠭ᠎ᠠ ᠪᠣᠯᠭᠠᠵᠠᠢ᠃
✦ ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠣᠯᠠᠨ ᠤᠯᠤᠰ᠎ᠤᠨ ᠨᠡᠭᠦᠳᠡᠯ ᠠᠷᠠᠳ᠎ᠤᠨ ᠵᠣᠬᠢᠶᠠᠨ ᠪᠠᠢᠭᠤᠯᠤᠯᠲᠠ᠎ᠶᠢᠨ ᠨᠡᠢᠲᠡᠯᠡᠭᠰᠡᠨ ᠲᠣᠭ᠎ᠠ
ᠪᠠᠷᠢᠮᠲᠠ᠎ᠳᠦ ᠢᠯᠡᠷᠡᠭᠦᠯᠦᠭᠰᠡᠨᠵᠢᠡᠷ᠂ 2026 ᠣᠨ᠎ᠠᠴᠠ ᠨᠠᠭᠠᠰᠢ ᠰᠣᠮᠠᠯᠢ᠎ᠳᠤ ᠨᠢᠭᠡᠨᠲᠡ 6.2 ᠲᠦᠮᠡ ᠰᠢᠬᠠᠮ ᠬᠥᠮᠥᠨ ᠭᠠᠩ ᠬᠠᠭᠰᠠᠷᠠᠭᠠᠨ᠎ᠠᠴᠠ
ᠪᠣᠯᠵᠤ ᠣᠷᠣᠬᠤ ᠭᠡᠷ ᠦᠭᠡᠢ ᠪᠣᠯᠵᠠᠢ᠃
ᠦᠢ᠍ᠯᠡᠴᠢᠯᠡᠭᠡ
✦ ᠥᠪᠥᠷ ᠮᠣᠩᠭᠣᠯ᠎ᠤᠨ ᠡᠨᠧᠷᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ
ᠪᠠᠭᠰᠢ ᠡᠯᠰᠡᠵᠦ ᠪᠤᠢ᠃
ᠲᠠᠨ᠎ᠤ ᠲᠤᠰᠠ᠎ᠳᠤ
✦ ᠥᠷᠭᠡᠰᠦᠲᠦ ᠨᠣᠭᠣᠭ᠎ᠠ᠂ ᠬᠤᠯᠤᠰᠤᠨ ᠰᠦᠶ᠎ᠡ᠂
ᠤᠰᠤᠨ ᠴᠠᠭᠠᠨ ᠰᠦᠶ᠎ᠡ ᠵᠡᠷᠭᠡ ᠡᠪᠡᠰᠦᠨ ᠬᠦᠴᠢᠯ ᠠᠷᠪᠢᠨ ᠠᠭᠤᠯᠤᠭᠳᠠᠳᠠᠭ ᠢᠳᠡᠰᠢᠨ ᠨᠣᠭᠣᠭ᠎ᠠ᠎ᠵᠢ
ᠬᠦᠢᠲᠡᠨᠵᠢᠡᠷ ᠢᠳᠡᠬᠦᠡᠴᠡᠪᠡᠨ ᠡᠮᠦᠨ᠎ᠡ ᠤᠰᠤᠨ᠎ᠳᠦ ᠪᠤᠴᠠᠯᠭᠠᠨ ᠨᠤᠭᠤᠭᠠᠨ᠎ᠳᠦ ᠠᠭᠤᠯᠤᠭᠳᠠᠬᠤ ᠡᠪᠡᠰᠦᠨ
ᠬᠦᠴᠢᠯ᠎ᠢ ᠨᠢ ᠠᠷᠢᠯᠭᠠᠪᠠᠯ ᠵᠤᠬᠢᠨ᠎ᠠ᠃ ᠤᠴᠢᠷ ᠨᠢ ᠡᠪᠡᠰᠦᠨ ᠬᠦᠴᠢᠯ ᠨᠢ ᠭᠡᠳᠡᠰᠦᠨ ᠳᠣᠲᠣᠷᠠᠬᠢ ᠺᠠᠯᠼ᠎ᠲᠠᠢ
ᠨᠡᠢᠯᠡᠭᠡᠳ ᠰᠢᠩᠭᠡᠭᠡᠬᠦ᠎ᠳᠦ ᠬᠦᠴᠢᠷ ᠡᠪᠡᠰᠦᠨ ᠬᠦᠴᠢᠯ᠎ᠦᠨ ᠺᠠᠯᠼ ᠪᠣᠯᠵᠤ᠂ ᠬᠥᠮᠥᠨ᠎ᠦ ᠪᠡᠶ᠎ᠡ᠎ᠶᠢᠨ ᠺᠠᠯᠼ
ᠰᠢᠩᠭᠡᠭᠡᠬᠦ᠎ᠶᠢ ᠬᠠᠷᠰᠢᠯᠠᠳᠠᠭ᠃
ᠵᠠᠯᠭᠠᠭᠠᠳ 《ᠡᠵᠢ ᠨᠤᠲᠤᠭ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)