4 ᠰᠠᠷ᠎ᠠ ᠵᠢᠨ 28᠎ᠦ ᠡᠳᠦᠷ
ᠡᠬᠢᠯᠡᠬᠦ᠌ ᠴᠠᠭ᠄
2026-04-28 10:04:00
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


1000101010101010101010101010101010101014.28 封面模板0101.jpg



1000101010101010101010101010101010101014.28 天气预报模板0101.jpg


1000101010101010101010101010101010101014.28 盟市模板0101.jpg


ᠨᠡᠢᠭᠡᠮ 

✦4 ᠰᠠᠷ᠎ᠠ ᠵᠢᠨ 26᠎ᠤ ᠡᠳᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ 《ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠠᠮᠳᠤ ᠨᠡᠢᠳᠡ᠎ᠳᠤ ᠦᠢᠯᠡᠴᠢᠯᠡᠬᠦ ᠬᠠᠮᠢᠶᠠᠷᠤᠯᠲᠠ᠎ᠶᠢ ᠴᠢᠩᠭᠠᠳᠬᠠᠬᠤ ᠲᠤᠬᠠᠢ ᠰᠠᠨᠠᠯ》᠎ᠢ ᠨᠡᠢᠲᠡᠯᠡᠪᠡ᠃

✦ᠲᠡᠮᠦᠷ ᠵᠠᠮ᠎ᠤᠨ ᠰᠠᠯᠠᠭ᠎ᠠ ᠮᠥᠴᠢᠷ ᠤᠢᠷ᠎ᠠ᠎ᠳᠤ ᠵᠢᠭᠤᠯᠴᠢᠯᠠᠯ᠎ᠢᠶᠠᠷ ᠠᠷᠠᠳ ᠲᠤ᠌ ᠠᠰᠢᠭ᠋ ᠬᠦᠷᠲᠡᠭᠡᠬᠦ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠨᠡᠢᠲᠡᠯᠡᠵᠦ᠂ 5 ᠰᠠᠷ᠎ᠠ᠎ᠶᠢᠨ 30 ᠎ᠤ ᠡᠳᠤᠷ ᠡᠴᠡ 6 ᠰᠠᠷ᠎ᠠ᠎ᠶᠢᠨ 30᠎ᠤ ᠡᠳᠤᠷ ᠪᠤᠯᠳᠠᠯ᠎ᠠ ᠪᠦᠬᠦᠯᠢ 60 ᠨᠠᠰᠤ ᠬᠦᠷᠦᠭᠰᠡᠨ ᠳᠤᠮᠳᠠᠳᠤ ᠤᠯᠤᠰ᠎ᠤᠨ ᠢᠷᠭᠡᠨ ᠭᠠᠷᠠᠭ᠎ᠤᠨ ᠳᠤᠮᠳᠠ ᠬᠦᠳᠡᠯᠭᠡᠬᠦ ᠬᠦᠴᠦᠨ᠎ᠤ ᠭᠠᠯᠳᠤ ᠲᠡᠷᠭᠡᠨ᠎ᠳᠦ ᠰᠠᠭᠤᠬᠤ᠎ᠳᠤ ᠪᠢᠯᠧᠲ᠎ᠤᠨ ᠦᠨ᠎ᠡ ᠬᠢᠮᠳᠠᠷᠠᠬᠤ ᠬᠠᠷᠠᠭᠠᠯᠵᠠᠯ ᠦᠵᠡᠭᠦᠯᠦᠨ᠎ᠡ ᠭᠡᠪᠡ᠃

✦《5·1》᠎ᠤ ᠠᠮᠠᠷᠠᠯᠲᠠ᠎ᠶᠢᠨ ᠬᠤᠭᠤᠴᠠᠭᠠᠨ᠎ᠳᠤ ᠨᠠᠭᠠᠰᠢ ᠴᠠᠭᠠᠰᠢ ᠶᠠᠪᠤᠵᠤ ᠰᠠᠭᠤᠬᠤ ᠠᠶᠠᠨᠴᠢᠳ᠎ᠤᠨ ᠱᠠᠭᠠᠷᠳᠠᠯᠭ᠎ᠠ᠎ᠶᠢ ᠨᠠᠩ ᠰᠠᠢᠨ ᠬᠠᠩᠭᠠᠬᠤ᠎ᠶᠢᠨ ᠲᠥᠯᠥᠭᠡ᠂ ᠲᠡᠮᠦᠷ ᠵᠠᠮ᠎ᠤᠨ ᠰᠠᠯᠠᠭ᠎ᠠ ᠮᠥᠴᠢᠷ᠎ᠦᠨ ᠬᠢᠨ ᠬᠥᠬᠡᠬᠣᠲᠠ ᠵᠡᠭᠦᠨ ᠥᠷᠲᠡᠭᠡ᠎ᠡᠴᠡ ᠱᠦᠸᠧᠵᠧᠦ ᠵᠡᠭᠦᠨ ᠥᠷᠲᠡᠭᠡ᠂ ᠣᠷᠳᠣᠰ ᠥᠷᠲᠡᠭᠡ᠂ ᠰᠢᠩ ᠾᠧ ᠬᠣᠢᠲᠤ ᠥᠷᠲᠡᠭᠡ᠂ ᠪᠠᠶᠠᠨᠨᠠᠭᠤᠷ ᠥᠷᠲᠡᠭᠡ ᠵᠡᠷᠭᠡ ᠭᠠᠵᠠᠷ ᠬᠦᠷᠬᠦ ᠣᠯᠠᠨ ᠭᠠᠯᠲᠤ ᠲᠡᠷᠭᠡᠨ᠎ᠦ ᠡᠭᠡᠯᠵᠢ᠎ᠨᠡᠮᠡᠵᠦ ᠲᠣᠬᠢᠷᠠᠭᠤᠯᠬᠤ᠎ᠪᠠᠷ ᠪᠣᠯᠪᠠ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠎ᠶᠢᠨ ᠶᠠᠮᠤᠨ ᠤᠯᠤᠰ᠎ᠤᠨ ᠨᠢᠭᠡᠳᠦᠭᠡᠷ ᠪᠦᠯᠦᠭ᠎ᠦᠨ ᠳᠤᠮᠳᠠ ᠵᠢᠵᠢᠭ ᠠᠵᠤ ᠠᠬᠤᠢᠯᠠᠯ᠎ᠤᠨ ᠣᠯᠠᠨ ᠨᠡᠶ᠋ᠢᠲᠡ ᠎ᠶᠢᠨ ᠦᠢᠯᠡᠴᠢᠯᠡᠭᠡᠨ᠎ᠦ ᠵᠢᠱ᠌ᠢᠶ᠎ᠡ ᠦᠵᠡᠭᠦᠯᠬᠦ ᠲᠠᠪᠴᠠᠩ ᠪᠤᠶᠤ ᠰᠠᠭᠤᠷᠢᠨ᠎ᠤ ᠪᠠᠢᠭᠤᠯᠤᠯᠲᠠ᠎ᠶᠢᠨ ᠨᠡᠷᠡᠰ᠎ᠢ ᠲᠦᠷᠦᠬᠦᠬᠡᠨ ᠨᠡᠢᠲᠡᠯᠡᠵᠦ᠂ ᠮᠠᠨ᠎ᠤ ᠣᠷᠣᠨ᠎ᠠᠴᠠ ᠣᠷᠳᠣᠰ ᠬᠣᠲᠠ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠣᠯᠠᠨ ᠨᠡᠢᠲᠡ᠎ᠶᠢᠨ ᠦᠢᠯᠡᠴᠢᠯᠡᠭᠡᠨ᠎ᠦ ᠲᠠᠪᠴᠠᠩ ᠰᠣᠩᠭᠣᠭᠳᠠᠵᠠᠢ᠃

 ✦ᠦᠪᠡᠷᠲᠡᠭᠡᠨ ᠵᠠᠰᠠᠬᠤ ᠤᠷᠤᠨ᠎ᠤ 2026 ᠤᠨ᠎ᠤ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ 25᠎ᠤ ᠡᠳᠤᠷ ᠤᠷᠳᠤᠰ ᠬᠤᠳᠠ ᠵᠢᠨ ᠎ᠳ᠋ᠦᠩᠱᠸᠩ ᠲᠤᠭᠤᠷᠢᠭ᠎ᠲᠦ ᠡᠬᠢᠯᠡᠪᠡ᠃ ᠠᠵᠢᠯᠯᠠᠭ᠎ᠠ ᠨᠢ《ᠬᠡᠪᠯᠡᠯ᠎ᠦᠨ ᠡᠷᠬᠡ᠎ᠶᠢᠨ ᠬᠠᠮᠠᠭᠠᠯᠠᠯᠲᠠ᠎ᠶᠢ ᠴᠢᠩᠭᠠᠳᠬᠠᠨ᠂ ᠰᠣᠶᠣᠯ᠎ᠤᠨ ᠰᠢᠨᠡᠴᠢᠯᠡᠯᠲᠡ᠎ᠳᠦ ᠬᠦᠴᠦᠨ ᠨᠡᠮᠡᠷᠢᠯᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠲᠤᠰᠠᠯᠠᠬᠤ》ᠪᠠᠷ ᠭᠣᠣᠯ ᠰᠡᠳᠦᠪ ᠪᠣᠯᠭᠠᠨ᠂ ᠪᠦᠬᠦ ᠣᠷᠣᠨ᠎ᠤ ᠬᠡᠪᠯᠡᠯ᠎ᠦᠨ ᠡᠷᠬᠡ᠎ᠶᠢᠨ ᠠᠵᠢᠯ ᠦᠢᠯᠡᠰ᠎ᠦᠨ ᠬᠥᠭᠵᠢᠯᠲᠡ᠎ᠶᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃

✦ᠤᠢᠷ᠎ᠠ ᠵᠢᠨ ᠡᠳᠤᠷ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠣᠳᠤᠭ ᠬᠣᠰᠢᠭᠤᠨ᠎ᠤ ᠬᠣᠷᠢᠶ᠎ᠠ᠂ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠨᠢᠭᠡᠳᠦᠯᠲᠡᠢ ᠲᠣᠬᠢᠷᠠᠭᠤᠯᠤᠯᠲᠠ ᠳᠣᠣᠷ᠎ᠠ᠂ ᠵᠧᠵᠢᠶᠠᠩ ᠶᠡᠬᠡ  ᠰᠤᠷᠭᠠᠭᠤᠯᠢ᠎ᠶᠢᠨ ᠠᠰᠫᠢᠷᠠᠨᠲ᠎ᠤᠨ ᠰᠤᠷᠭᠠᠨ ᠬᠥᠮᠦᠵᠢᠯ᠎ᠢ ᠳᠡᠮᠵᠢᠬᠦ ᠪᠦᠯᠬᠦᠮ ᠣᠳᠣᠭ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠬᠦᠷᠴᠦ ᠰᠠᠨᠠᠯ᠎ᠢᠶᠠᠨ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠪᠦᠯᠬᠦᠮ᠎ᠦᠨ ᠭᠡᠰᠢᠭᠦᠳ ᠰᠤᠷᠭᠠᠭᠤᠯᠢ᠎ᠶᠢᠨ ᠬᠦᠷᠢᠶᠡᠨ᠎ᠦ ᠣᠷᠴᠢᠨ ᠲᠣᠭᠣᠷᠢᠨ᠎ᠢ ᠲᠣᠭᠣᠷᠢᠨ ᠦᠵᠡᠵᠦ᠂ ᠰᠤᠷᠭᠠᠭᠤᠯᠢ ᠡᠷᠬᠢᠯᠡᠬᠦ ᠣᠨᠴᠠᠯᠢᠭ᠋᠎ᠢ ᠨᠢ ᠣᠢᠯᠠᠭᠠᠭᠰᠠᠨ ᠪᠥᠭᠡᠳ ᠰᠤᠷᠭᠠᠨ ᠬᠦᠮᠦᠵᠢᠯ᠎ᠤᠨ ᠬᠦᠭᠵᠢᠯᠳᠡ ᠵᠢ ᠬᠠᠮᠳᠤ ᠪᠡᠷ ᠶᠠᠷᠢᠯᠴᠠᠬᠰᠠᠨ ᠪᠠᠢᠨ᠎ᠠ᠃

✦ᠦᠦᠰᠢᠨ ᠬᠣᠰᠢᠭᠤᠨ᠎ᠤ ᠲᠣᠯᠢ᠎ᠶᠢᠨ ᠰᠦᠮ᠎ᠡ ᠥᠷᠲᠡᠭᠡ᠎ᠡᠴᠡ ᠭᠤᠸᠠᠩᠳᠦ᠋ᠩ ᠮᠤᠵᠢ ᠬᠦᠷᠬᠦ ᠠᠩᠬᠠᠳᠠᠭ᠍ᠴᠢ ᠪᠠᠷᠠᠭ᠎ᠠ ᠲᠡᠭᠡᠭᠡᠪᠤᠷᠢᠯᠡᠬᠦ ᠭᠠᠯᠲᠤ ᠲᠡᠷᠭᠡ ᠤᠷᠴᠢᠮᠬᠠᠨ ᠠᠶᠠᠯᠠᠯ ᠨᠡᠪᠲᠡᠷᠡᠪᠡ᠃ ᠲᠤᠰ ᠡᠭᠡᠯᠵᠢ᠎ᠶᠢᠨ ᠭᠠᠯᠲᠤ ᠲᠡᠷᠭᠡ ᠨᠢ ᠣᠷᠳᠣᠰ ᠬᠣᠲᠠ ᠵᠢᠴᠢ ᠣᠢᠷ᠎ᠠ ᠬᠠᠪᠢ᠎ᠶᠢᠨ ᠣᠷᠣᠨ ᠪᠦᠰᠡ᠎ᠶᠢᠨ ᠨᠡᠭᠦᠷᠡᠰᠦ᠂ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠬᠦᠨ ᠵᠡᠷᠭᠡ ᠶᠡᠬᠡ ᠬᠡᠮᠵᠢᠶᠡᠨ᠎ᠦ ᠪᠠᠷᠠᠭ᠎ᠠ᠎ᠶᠢ ᠡᠮᠦᠨᠡᠰᠢ ᠲᠡᠭᠡᠭᠡᠪᠤᠷᠢᠯᠡᠬᠦ ᠪᠠᠷᠠᠭᠠᠨ᠎ᠦ ᠭᠦᠢᠯᠭᠡᠭᠡᠨ᠎ᠦ ᠵᠠᠮ᠎ᠢ ᠪᠦᠲᠦᠮᠵᠢᠲᠡᠶ ᠨᠠᠪᠲᠠᠷᠡᠭᠦᠯᠵᠦ᠂ ᠣᠷᠣᠨ ᠪᠦᠰᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠭᠰᠡᠨ ᠪᠠᠢᠨ᠎ᠠ᠃

✦ᠠᠷᠤ ᠬᠣᠷᠴᠢᠨ ᠬᠣᠰᠢᠭᠤᠨ᠎ᠤ ᠬᠠᠨ ᠠᠭᠤᠯᠠ ᠪᠤᠭᠤ᠎ᠶᠢᠨ ᠠᠵᠤ ᠦᠢᠯᠡᠰ᠎ᠦᠨ ᠬᠢᠵᠠᠭᠠᠷᠲᠤ ᠺᠣᠮᠫᠠᠨᠢ᠎ᠶᠢᠨ ᠪᠤᠭᠤ ᠲᠡᠵᠢᠭᠡᠨ ᠦᠷᠡᠵᠢᠭᠦᠯᠬᠦ ᠲᠠᠯᠠᠪᠠᠢ ᠪᠣᠯ ᠣᠨᠴᠠᠯᠢᠭ᠍ᠲᠤ ᠲᠡᠵᠢᠭᠡᠪᠦᠷᠢ ᠡᠷᠬᠢᠯᠡᠵᠦ ᠪᠠᠢᠭ᠎ᠠ 50 ᠭᠠᠷᠤᠢ ᠵᠢᠯ᠎ᠦᠨ ᠲᠡᠦᠬᠡ᠎ᠲᠠᠢ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ᠎ᠠ᠃ ᠣᠳᠣ᠌ ᠲᠤᠰ ᠲᠠᠯᠠᠪᠠᠢ᠎ᠳᠤ ᠲᠡᠵᠢᠭᠡᠨ ᠦᠷᠡᠵᠢᠭᠦᠯᠵᠦ ᠪᠠᠢᠭ᠎ᠠ ᠳᠣᠷᠣᠭ ᠪᠤᠭᠤ ᠰᠤᠸ᠋ ᠪᠤᠭᠤ ᠨᠢ 100 ᠭᠠᠷᠤᠢ ᠲᠣᠯᠣᠭᠠᠢ᠎ᠳᠤ ᠬᠦᠷᠴᠦ᠂ ᠪᠤᠭᠤ᠎ᠶᠢᠨ ᠠᠰᠢᠭ᠋ ᠰᠢᠮ᠎ᠡ᠎ᠶᠢᠨ ᠪᠦᠲᠦᠭᠡᠭᠳᠡᠬᠦᠨ ᠨᠢ ᠠᠵᠤ ᠠᠬᠤᠢ᠎ᠶᠢᠨ ᠠᠰᠢᠭ᠋ ᠣᠷᠣᠯᠭ᠎ᠠ ᠡᠭᠦᠳᠴᠦ᠂ ᠣᠨᠴᠠᠯᠢᠭ᠍ᠲᠤ ᠲᠡᠵᠢᠭᠡᠪᠦᠷᠢ᠎ᠶᠢᠨ ᠦᠢᠯᠡᠰ᠎ᠠᠴᠠ ᠣᠷᠣᠯᠭ᠎ᠠ ᠣᠯᠬᠤ  ᠪᠦᠲᠦᠮᠵᠢᠲᠡᠶ ᠲᠤᠷᠰᠢᠯᠭ᠎ᠠ ᠨᠢ ᠮᠠᠯᠴᠢᠳ᠎ᠤᠨ ᠠᠩᠬᠠᠷᠤᠯ᠎ᠢ ᠲᠠᠲᠠᠵᠤ ᠪᠠᠢᠨ᠎ᠠ᠃

✦《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ᠎ᠶᠢ ᠪᠣᠳᠠᠲᠠᠢᠵᠢᠭᠤᠯᠤᠨ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠎ᠶᠢᠨ ᠲᠥᠯᠥᠭᠡ ᠰᠦᠨᠢᠳ ᠪᠠᠷᠠᠭᠤᠨ ᠬᠣᠰᠢᠭᠤᠨ᠎ᠤ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡᠨ᠎ᠦ ᠲᠥᠪ ᠤᠷᠴᠢᠮᠬᠠᠨ ᠠᠵᠢᠯᠲᠠᠳ᠎ᠢᠶᠠᠨ ᠵᠣᠬᠢᠶᠠᠨ ᠪᠠᠢᠭᠤᠯᠵᠤ᠂ ᠰᠠᠢᠬᠠᠨᠲᠠᠯ᠎ᠠ ᠪᠠᠯᠭᠠᠰᠤᠨ᠎ᠤ ᠪᠤᠯᠠᠭ ᠨᠡᠢᠭᠡᠮ ᠲᠣᠭᠣᠷᠢᠭ᠋᠎ᠲᠤ ᠬᠦᠷᠴᠦ᠂ ᠨᠡᠢᠭᠡᠮ᠎ᠦᠨ ᠳᠠᠭᠠᠳᠬᠠᠯ᠎ᠤᠨ ᠭᠡᠷᠡᠴᠢᠯᠡᠭᠡ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠵᠡᠷᠭᠡ  ᠵᠢ ᠦᠷᠨᠢᠭᠦᠯᠵᠦ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》᠎ᠢ ᠨᠡᠪᠲᠡᠷᠡᠭᠦᠯᠪᠡ᠃

 

ᠠᠵᠤ ᠠᠬᠤᠢ

✦ᠲᠣᠭ᠎ᠠ ᠪᠠᠷᠢᠮᠲᠠ ᠎ᠳᠤ ᠢᠯᠡᠷᠡᠭᠦᠯᠦᠭᠰᠡᠨ ᠎ᠢᠶᠠᠷ᠂ ᠨᠢᠭᠡᠳᠦᠭᠡᠷ ᠤᠯᠠᠷᠢᠯ᠎ᠳᠤ ᠮᠠᠨ᠎ᠤ ᠤᠯᠤᠰ᠎ᠤᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠯ᠎ᠦᠨ ᠬᠠᠨᠳᠤᠰᠢ᠎ᠪᠠᠨ ᠦᠷᠭᠦᠯᠵᠢᠯᠡᠭᠦᠯᠵᠦ᠂ ᠡᠵᠡᠩᠨᠡᠯᠲᠡ᠎ᠶᠢᠨ ᠴᠢᠨᠠᠷᠲᠠᠢ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 131.9 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.1% ᠪᠠᠷ ᠨᠡᠮᠡᠭᠳᠡᠪᠡ᠃

✦ᠨᠢᠭᠡᠳᠦᠭᠡᠷ ᠤᠯᠠᠷᠢᠯ᠎ᠳᠤ᠂ ᠮᠠᠨ᠎ᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠪᠠᠷᠠᠭᠠᠨ᠎ᠤ ᠲᠡᠭᠡᠭᠡᠪᠦᠷᠢ᠎ᠶᠢᠨ ᠵᠠᠬ᠎ᠠ ᠳᠡᠯᠭᠡᠭᠦᠷ ᠲᠦᠷᠭᠡᠨ᠎ᠢᠶᠡᠷ ᠨᠡᠮᠡᠭᠳᠡᠵᠦ᠂ ᠪᠠᠷᠠᠭ᠎ᠠ ᠪᠠ ᠰᠢᠤᠳᠠᠨ᠎ᠤ ᠲᠡᠭᠡᠭᠡᠪᠦᠷᠢ᠎ᠶᠢᠨ ᠬᠡᠮᠵᠢᠶ᠎ᠡ᠎ᠶᠢ ᠨᠡᠢ᠍ᠢᠲᠡ 245.2 ᠲᠦᠮᠡᠨ ᠲᠣᠨ ᠪᠡᠶᠡᠯᠡᠭᠦᠯᠵᠡᠢ᠃


ᠰᠤᠶᠤᠯ

✦ᠤᠢᠷ᠎ᠠ᠎ᠳᠤ ᠤᠷᠠᠳ᠎ᠤᠨ ᠳᠤᠮᠳᠠᠳᠤ ᠬᠣᠰᠢᠭᠤᠨ᠎ᠤ ᠪᠠᠶᠠᠨ᠌ᠤ᠋ᠯᠠᠭᠠᠨ ᠰᠤᠮᠤ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠶᠢᠨ ᠮᠥᠷᠡᠨ ᠵᠡᠷᠭᠡ ᠪᠠᠭ᠍ᠰᠢ ᠨᠠᠷ᠎ᠢ ᠤᠷᠢᠵᠦ᠂ ᠲᠤᠰ ᠰᠤᠮᠤᠨ᠎ᠤ ᠭᠠᠷ ᠤᠷᠠᠯᠠᠯ᠎ᠳᠤ ᠳᠤᠷ᠎ᠠ ᠪᠠᠬᠠᠳᠠᠢ 30 ᠭᠠᠷᠤᠢ ᠮᠠᠯᠴᠢᠳ᠎ᠢ ᠵᠣᠬᠢᠶᠠᠨ ᠪᠠᠢᠭᠤᠯᠤᠨ ᠤᠯᠠᠮᠵᠢᠯᠯᠠᠲᠤ  ᠭᠠᠷ ᠤᠷᠠᠯᠠᠯ ᠠᠷᠠᠰᠤᠨ ᠵᠢᠷᠤᠭ᠎ᠤᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠦ ᠪᠣᠯᠪᠠᠰᠤᠷᠠᠯ᠎ᠤᠨ ᠠᠩᠭᠢ᠎ᠡᠷᠭᠢᠯᠡᠭᠰᠡᠨ ᠪᠠᠢᠨ᠎ᠠ᠃


ᠲᠠᠮᠢᠷ

✦4 ᠰᠠᠷ᠎ᠠ᠎ᠶᠢᠨ 26᠎ᠤ ᠡᠳᠦᠷ᠂ 《ᠬᠥᠳᠡᠯᠮᠦᠷᠢᠴᠢᠨ ᠬᠤᠨᠳᠠᠭᠠᠲᠤ》 2026 ᠳᠤᠮᠳᠠᠳᠤ ᠤᠯᠤᠰ᠎ᠤᠨ ᠠᠵᠢᠯᠲᠠᠨ ᠠᠵᠢᠯᠴᠢᠨ᠎ᠤ ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠣᠷᠳᠣᠰ ᠥᠷᠲᠡᠭᠡ᠎ᠳᠡᠬᠢ ᠤᠷᠤᠯᠳᠤᠭᠠᠨ ᠵᠢᠴᠢ ᠲᠠᠯ᠎ᠠ ᠨᠤᠲᠤᠭ᠎ᠤᠨ ᠠᠯᠠᠭᠠᠳᠠᠬᠤ ᠪᠥᠮᠪᠥᠭᠡ᠎ᠶᠢᠨ ᠰᠢᠷᠢᠰ ᠤᠷᠤᠯᠳᠤᠭᠠᠨ ᠬᠣᠶᠠᠷ ᠡᠳᠦᠷ᠎ᠦᠨ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠠᠮᠵᠢᠭᠠᠳ ᠲᠡᠭᠦᠰ ᠠᠮᠵᠢᠯᠲᠠ᠎ᠲᠠᠢ ᠥᠨᠳᠥᠷᠯᠡᠪᠡ᠃

✦4 ᠰᠠᠷ᠎ᠠ᠎ᠶᠢᠨ 26᠎ᠤ ᠡᠳᠦᠷ᠂ ᠤᠯᠠᠭᠠᠨᠬᠠᠳᠠ ᠬᠣᠲᠠ᠎ᠶᠢᠨ ᠭᠤᠷᠪᠠᠳᠤᠭᠠᠷ ᠤᠳᠠᠭᠠᠨ᠎ᠤ ᠪᠥᠬᠡ᠎ᠶᠢᠨ ᠴᠣᠯᠠ ᠣᠯᠭᠣᠬᠤ ᠨᠠᠢᠷ ᠠᠮᠵᠢᠯᠲᠠ ᠳᠦᠭᠦᠷᠡᠩ ᠶᠠᠪᠤᠬᠳᠠᠵᠤ᠂ ᠪᠠᠭᠠᠷᠢᠨ ᠪᠠᠷᠠᠭᠤᠨ ᠬᠤᠰᠢᠭᠤ ᠪᠡᠷ ᠨᠤᠲᠤᠭᠳᠠᠢ ᠭᠡᠭᠡᠷᠡᠬᠦ ᠨᠢ᠋ᠮᠠ ᠳᠠᠪᠠᠨ ᠲᠦᠷᠦᠭᠦᠯᠡᠵᠡᠢ᠃

✦ᠤᠢᠷ᠎ᠠ᠎ᠳᠤ ᠤᠷᠠᠳ᠎ᠤᠨ ᠡᠮᠦᠨᠡᠲᠦ ᠬᠣᠰᠢᠭᠤᠨ᠎ᠤ ᠠᠵᠢᠯᠴᠢᠨ᠎ᠤ ᠶᠡᠷᠦᠩᠬᠡᠢ ᠡᠪᠯᠡᠯ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠠ ᠨᠠᠰᠤᠲᠠᠢᠴᠤᠳ᠎ᠤᠨ ᠪᠡᠶ᠎ᠡ᠎ᠶᠢᠨ ᠲᠠᠮᠢᠷ᠎ᠤᠨ ᠨᠡᠶ᠋ᠢᠭᠡᠮᠯᠢᠢᠭ ᠡᠴᠡ 《5·1》᠎ᠤ ᠠᠷᠪᠠᠨ ᠨᠢᠭᠡᠳᠦᠭᠡᠷ ᠬᠤᠭᠤᠴᠠᠭᠠᠨ᠎ᠤ ᠢᠳᠡᠷ ᠨᠠᠰᠤᠲᠠᠢᠴᠤᠳ᠎ᠤᠨ ᠫᠢᠩᠫᠠᠩ ᠪᠥᠮᠪᠥᠭᠡ᠎ᠶᠢᠨ ᠤᠷᠤᠯᠳᠤᠭᠠᠨ ᠎ᠢ ᠬᠠᠮᠳᠤᠷᠠᠨ ᠡᠷᠬᠢᠯᠡᠵᠤ᠂ ᠪᠥᠬᠥ ᠬᠣᠰᠢᠭᠤᠨ᠎ᠤ ᠡᠯ᠎ᠡ ᠨᠡᠢᠭᠡᠮᠯᠢᠭ᠂ ᠨᠡᠢᠭᠡᠮ ᠲᠣᠭᠣᠷᠢᠭ᠋᠎ᠤᠨ 21 ᠲᠥᠯᠥᠭᠡᠯᠡᠭᠴᠢᠳ᠎ᠦᠨ ᠠᠩᠭᠢ᠎ᠶᠢᠨ 102 ᠲᠠᠮᠢᠷᠴᠢᠨ ᠣᠷᠣᠯᠴᠠᠪᠠ᠃

 

ᠳᠡᠯᠡᠬᠡᠢ

✦ᠠᠷᠠᠳ᠎ᠤᠨ ᠡᠳᠤᠷ᠎ᠤᠨ ᠰᠤᠨᠢᠨ᠎ᠤ ᠮᠡᠳᠡᠭᠡ ᠵᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 25᠎ᠤ ᠡᠳᠦᠷ᠂ ᠠᠮᠧᠷᠢᠺᠠ᠎ᠶᠢᠨ ᠴᠠᠭᠠᠨ ᠣᠷᠳᠣᠨ᠎ᠤ ᠰᠤᠷᠪᠤᠯᠵᠢᠯᠠᠭ᠍ᠴᠢ ᠎ᠶᠢᠨ ᠣᠷᠣᠢ ᠎ᠶᠢᠨ ᠳᠠᠶ᠋ᠢᠯᠠᠯᠭ᠎ᠠ ᠎ᠶᠢᠨ ᠲᠢᠩᠬᠢᠮ᠎ᠳᠦ ᠫᠤᠤᠳᠠᠯᠭ᠎ᠠ᠎ᠶᠢᠨ ᠬᠡᠷᠡᠭ ᠡᠭᠦᠰᠴᠦ᠂ ᠠᠮᠧᠷᠢᠺᠠ ᠎ᠶᠢᠨ ᠶᠡᠷᠦᠩᠬᠡᠢᠯᠡᠭᠴᠢ ᠲᠸᠷᠠᠮᠫᠦ᠋ ᠲᠡᠷᠡ ᠳᠠᠷᠤᠢ ᠳᠠᠢᠯᠠᠯᠭ᠎ᠠ ᠡᠴᠡ ᠪᠤᠴᠠᠬᠰᠠᠨ ᠪᠠᠢᠨ᠎ᠠ᠃


ᠦᠢᠯᠡᠴᠢᠯᠡᠭᠡ

✦ᠬᠦᠬᠡᠬᠤᠳᠠ ᠵᠢᠨ ᠪᠦᠬᠦ ᠠᠷᠠᠳ᠎ᠤᠨ ᠪᠡᠶ᠎ᠡ ᠴᠢᠬᠢᠷᠠᠬᠵᠢᠭᠤᠯᠬᠤ ᠤᠢᠯᠡᠴᠢᠯᠡᠭᠡᠨ᠎ᠤ ᠲᠦᠪ ᠠᠵᠢᠯᠳᠠᠨ ᠡᠯᠰᠡᠵᠤ ᠪᠤᠢ᠃ 


ᠲᠠᠨ᠎ᠤ ᠲᠤᠰᠠ᠎ᠳᠦ 

✦ᠡᠳᠦᠷ ᠪᠦᠷᠢ ᠵᠣᠬᠢᠬᠤ ᠬᠡᠮᠵᠢᠶᠡᠨ᠎ᠦ ᠠᠢᠷᠠᠭ ᠤᠤᠭᠤᠪᠠᠯ ᠵᠢᠷᠦᠬᠡᠨ᠎ᠦ ᠡᠪᠡᠳᠴᠢᠨ᠎ᠢ ᠰᠡᠷᠭᠡᠢᠯᠡᠵᠦ᠂ ᠨᠠᠰᠤᠳᠠᠢᠴᠤᠳ᠎ᠦᠨ ᠬᠣᠳᠣᠭᠣᠳᠤ ᠭᠡᠳᠡᠰᠦ᠎ᠶᠢ ᠬᠠᠮᠠᠭᠠᠯᠠᠵᠤ᠂ ᠪᠡᠶ᠎ᠡ᠎ᠶᠢᠨ ᠳᠠᠷᠬᠠᠯᠠᠭ᠎ᠠ᠎ᠶᠢ ᠰᠠᠢᠵᠢᠷᠠᠭᠤᠯᠵᠤ᠂ ᠶᠠᠰᠤ ᠰᠡᠢᠷᠡᠭᠵᠢᠬᠦ᠎ᠶᠢ ᠰᠡᠷᠭᠡᠢᠯᠡᠳᠡᠭ᠃

ᠵᠠᠯᠭᠠᠭᠠᠳ《ᠬᠤᠪᠤᠷᠬᠠᠨ ᠤᠴᠠᠷᠠᠯ》ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂ ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号