4 ᠰᠠᠷ᠎ᠠ᠎ᠶᠢᠨ 3᠎ᠦ ᠡᠳᠦᠷ
ᠡᠬᠢᠯᠡᠬᠦ᠌ ᠴᠠᠭ᠄
2026-04-03 10:44:14
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄
  
ᠤᠩᠰᠢᠭᠰᠠᠨ ᠤᠳᠠᠭ᠎ᠠ᠄


401.jpg


404.jpg


403.jpg


ᠨᠡᠢ᠌ᠭᠡᠮ

✦ ᠤᠢᠷ᠎ᠠ᠎ᠳᠦ ᠠᠭᠠᠷ᠎ᠤᠨ ᠠᠶᠠᠯᠠᠯ᠎ᠤᠨ ᠺᠣᠮᠫᠠᠨᠢ᠎ᠨᠤᠭᠤᠳ ᠵᠠᠷᠯᠠᠯ ᠨᠡᠢᠲᠡᠯᠡᠵᠦ᠂ 4 ᠰᠠᠷ᠎ᠠ᠎ᠶᠢᠨ 5᠎ᠤ ᠡᠳᠦᠷ᠎ᠦᠨ ᠲᠡᠭ ᠴᠠᠭ᠎ᠠᠴᠠ ᠡᠬᠢᠯᠡᠨ ᠤᠯᠤᠰ᠎ᠤᠨ ᠳᠣᠲᠣᠭᠠᠳᠤ᠎ᠶᠢᠨ ᠠᠭᠠᠷ᠎ᠤᠨ ᠠᠶᠠᠯᠠᠯ᠎ᠤᠨ ᠠᠶᠠᠨᠴᠢᠳ᠎ᠤᠨ ᠰᠢᠲᠠᠭᠠᠯᠭ᠎ᠠ᠎ᠶᠢᠨ ᠲᠣᠰᠣᠨ᠎ᠤ ᠨᠡᠮᠡᠯᠲᠡ ᠵᠠᠷᠤᠳᠠᠯ᠎ᠢ ᠳᠡᠭᠡᠭᠰᠢᠯᠡᠭᠦᠯᠵᠦ᠂ 800 ᠺᠢᠯᠣᠮᠧᠲᠷ (800 ᠺᠢᠯᠣᠮᠧᠲᠷ᠎ᠢ ᠪᠠᠭᠲᠠᠭᠠᠨ᠎ᠠ)᠎ᠠᠴᠠ ᠳᠣᠷᠣᠭ᠍ᠰᠢᠬᠢ ᠠᠭᠠᠷ᠎ᠤᠨ ᠠᠶᠠᠯᠠᠯ᠎ᠤᠨ ᠱᠤᠭᠤᠮ᠎ᠠᠴᠠ 60 ᠲᠥᠭᠥᠷᠢᠭ ᠬᠤᠷᠢᠶᠠᠵᠤ᠂ 800 ᠺᠢᠯᠣᠮᠧᠲᠷ᠎ᠡᠴᠡ ᠳᠡᠭᠡᠭᠰᠢᠬᠢ ᠠᠭᠠᠷ᠎ᠤᠨ ᠠᠶᠠᠯᠠᠯ᠎ᠤᠨ ᠱᠤᠭᠤᠮ᠎ᠠᠴᠠ 120 ᠲᠥᠭᠥᠷᠢᠭ ᠬᠤᠷᠢᠶᠠᠨ᠎ᠠ ᠭᠡᠵᠡᠢ᠃

✦ 4 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠰᠠᠴᠤᠷᠠᠭ ᠳᠠᠪᠲᠠᠮᠵᠢ᠎ᠶᠢᠨ ᠡᠮᠴᠢᠯᠡᠭᠡᠨ᠎ᠦ ᠬᠡᠮᠵᠢᠭᠦᠷᠯᠢᠭ᠂ ᠰᠠᠴᠤᠷᠠᠭ ᠳᠠᠪᠲᠠᠮᠵᠢ᠎ᠶᠢᠨ ᠠᠷᠠᠰᠤᠨ᠎ᠤ ᠡᠮᠴᠢᠯᠡᠭᠡᠨ᠎ᠦ ᠬᠡᠮᠵᠢᠭᠦᠷᠯᠢᠭ᠎ᠦᠨ ᠲᠥᠷᠥᠯ᠎ᠦᠨ ᠦᠢᠯᠡᠳᠬᠦᠨ᠎ᠢ ᠭᠤᠷᠪᠠᠳᠤᠭᠠᠷ ᠲᠥᠷᠥᠯ᠎ᠦᠨ ᠡᠮᠴᠢᠯᠡᠭᠡᠨ᠎ᠦ ᠪᠠᠭᠠᠵᠢ ᠬᠡᠷᠡᠭᠰᠡᠯ᠎ᠦᠨ ᠬᠠᠮᠢᠶᠠᠷᠤᠯᠲᠠ᠎ᠳᠤ ᠣᠷᠣᠭᠤᠯᠵᠤ᠂ ᠡᠮᠴᠢᠯᠡᠭᠡᠨ᠎ᠦ ᠪᠠᠭᠠᠵᠢ ᠬᠡᠷᠡᠭᠰᠡᠯ᠎ᠦᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠦᠭᠡᠢ ᠦᠢᠯᠡᠳᠬᠦᠨ᠎ᠢ ᠦᠢᠯᠡᠳᠪᠦᠷᠢᠯᠡᠵᠦ᠂ ᠭᠠᠳᠠᠭᠠᠳᠤ᠎ᠠᠴᠠ ᠣᠷᠣᠭᠤᠯᠵᠤ᠂ ᠪᠣᠷᠣᠯᠠᠭᠤᠯᠵᠤ ᠪᠣᠯᠬᠤ ᠦᠭᠡᠢ ᠭᠡᠵᠤ ᠲᠤᠭᠲᠠᠭᠠᠪᠠ᠃

✦ 2026 ᠣᠨ᠎ᠤ ᠬᠠᠩᠰᠢ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠵᠢᠱ᠌ᠢᠯᠲᠡ᠎ᠪᠡᠷ ᠪᠦᠬᠦ ᠤᠯᠤᠰ᠎ᠤᠨ ᠬᠢᠯᠢ᠎ᠪᠡᠷ ᠣᠷᠣᠵᠤ ᠭᠠᠷᠬᠤ ᠵᠢᠭᠤᠯᠴᠢᠯᠠᠭᠰᠠᠳ ᠡᠳᠦᠷ ᠳᠤᠮᠳᠠᠴᠢ᠎ᠪᠠᠷ 230 ᠲᠦᠮᠡᠨ ᠬᠥᠮᠥᠨ ᠤᠳᠠᠭ᠎ᠠ ᠎ᠳᠦ ᠬᠦᠷᠦᠨ᠎ᠡ᠃

✦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠵᠢᠨ ᠲᠣᠪᠴᠢᠶ᠎ᠠ᠎ᠶᠢᠨ ᠠᠯᠪᠠᠨ ᠭᠡᠷ ᠣᠢᠷ᠎ᠠ᠎ᠳᠤ ᠬᠠᠮᠲᠤᠷᠠᠨ ᠠᠵᠢᠯᠲᠠᠨ᠎ᠢᠶᠡᠨ ᠥᠨᠳᠥᠷ ᠪᠦᠲᠦᠮᠵᠢᠲᠡᠶ᠎ᠪᠡᠷ ᠡᠯᠰᠡᠨ ᠬᠡᠷᠡᠭᠯᠡᠬᠦ᠎ᠳᠦ 《ᠨᠢᠭᠡ ᠯᠡ ᠤᠳᠠᠭ᠎ᠠ᠎ᠳᠤ ᠮᠡᠳᠡᠭᠳᠡᠬᠦ᠂ ᠨᠢᠭᠡ ᠬᠦᠰᠦᠨᠦᠭᠲᠦ᠎ᠪᠡᠷ ᠭᠤᠶᠤᠴᠢᠯᠠᠬᠤ᠂ ᠨᠢᠭᠡ ᠢᠵᠢ ᠮᠠᠲᠧᠷᠢᠶᠠᠯ ᠲᠤᠰᠢᠶᠠᠬᠤ᠂ ᠨᠢᠭᠡ ᠴᠣᠩᠬᠣ᠌᠎ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ᠎ᠪᠡᠷ ᠭᠦᠢᠴᠡᠳᠬᠡᠵᠦ ᠳᠠᠭᠤᠰᠬᠠᠬᠤ》 ᠲᠤᠬᠠᠢ ᠬᠡᠷᠡᠭᠵᠢᠭᠦᠯᠬᠦ ᠰᠠᠨᠠᠯ᠎ᠢ ᠳᠠᠷᠤᠮᠠᠯᠯᠠᠨ ᠲᠠᠷᠬᠠᠭᠠᠪᠠ᠃

✦ ᠤᠢᠷ᠎ᠠ᠎ᠳᠦ ᠮᠠᠨ᠎ᠤ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠲᠠᠳ 99 ᠰᠢᠪᠠᠵᠢ᠎ᠶᠢᠨ ᠰᠢᠨ᠎ᠡ ᠳᠦᠷᠰᠦ᠎ᠶᠢ ᠢᠯᠡᠷᠡᠭᠦᠯᠵᠦ᠂ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠲᠤ ᠰᠢᠨ᠎ᠡ ᠠᠭᠤᠯᠭ᠎ᠠ ᠨᠡᠮᠡᠵᠦ᠂ ᠬᠠᠮᠢᠶ᠎ᠠ ᠪᠦᠬᠦᠢ ᠦᠷ᠎ᠡ ᠪᠦᠲᠦᠭᠡᠯ᠎ᠢ ᠣᠯᠠᠨ ᠤᠯᠤᠰ᠎ᠤᠨ ᠠᠮᠢᠲᠠᠨ᠎ᠤ ᠠᠩᠭᠢᠯᠠᠯ᠎ᠤᠨ ᠰᠤᠷᠤᠯᠭ᠎ᠠ᠎ᠶᠢᠨ ᠬᠤᠭᠤᠴᠠᠭᠠᠨ᠎ᠤ ᠰᠡᠳᠬᠦᠯ — 《ᠠᠮᠢᠲᠠᠨ᠎ᠤ ᠠᠩᠭᠢᠯᠠᠯ᠎ᠤᠨ ᠰᠡᠳᠬᠦᠯ》᠎ᠳᠦ ᠨᠡᠢᠲᠡᠯᠡᠪᠡ᠃

✦ ᠨᠡᠭᠦᠷᠡᠰᠦᠨ᠎ᠦ ᠪᠤᠰᠤ ᠠᠭᠤᠷᠬᠠᠢ᠎ᠶᠢᠨ ᠠᠮᠤᠷ ᠲᠦᠪᠰᠢᠨ᠎ᠦ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠵᠦ᠂ ᠨᠡᠭᠦᠷᠡᠰᠦᠨ᠎ᠦ ᠪᠤᠰᠤ ᠠᠭᠤᠷᠬᠠᠢ᠎ᠶᠢᠨ ᠬᠦᠨᠳᠦ ᠶᠡᠬᠡ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠪᠠᠭᠠᠰᠬᠠᠬᠤ᠎ᠶᠢᠨ ᠲᠤᠰᠠᠳᠠ᠂ ᠤᠢᠷ᠎ᠠ᠎ᠳᠦ ᠥᠪᠡᠷᠲᠡᠭᠡᠨ ᠵᠠᠰᠠᠬᠤ ᠣᠷᠣᠨ᠎ᠤ ᠠᠭᠤᠷᠬᠠᠢ᠎ᠶᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠵᠢᠨ ᠬᠢᠨ ᠤᠯᠤᠰ᠎ᠤᠨ ᠠᠭᠤᠷᠬᠠᠢ᠎ᠶᠢᠨ ᠠᠮᠤᠷ ᠲᠦᠪᠰᠢᠨ᠎ᠦ ᠬᠢᠨᠠᠨ ᠪᠠᠢᠴᠠᠭᠠᠬᠤ ᠲᠣᠪᠴᠢᠶ᠎ᠠ᠎ᠶᠢᠨ ᠥᠪᠥᠷ ᠮᠣᠩᠭᠣᠯ᠎ᠤᠨ ᠲᠣᠪᠴᠢᠶ᠎ᠠ᠎ᠲᠠᠢ ᠬᠠᠮᠲᠤᠷᠠᠨ ᠪᠥᠬᠥ ᠣᠷᠣᠨ᠎ᠤ ᠨᠡᠭᠦᠷᠡᠰᠦᠨ᠎ᠦ ᠪᠤᠰᠤ ᠠᠭᠤᠷᠬᠠᠢ᠎ᠳᠤ ᠠᠶᠤᠯ ᠦᠭᠡᠢ ᠦᠢᠯᠡᠳᠪᠦᠷᠢᠯᠡᠯ᠎ᠦᠨ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠪᠡ᠃

✦ ᠣᠢᠷ᠎ᠠ᠎ᠳᠤ ᠪᠤᠭᠤᠲᠤ᠎ᠶᠢᠨ ᠳ᠋ᠦᠩ ᠾᠧ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠡᠴᠡ ᠪᠤᠭᠤᠲᠤ — ᠬᠠᠨ ᠵᠥᠩ — ᠰᠢᠶᠠᠮᠧᠨ᠂ ᠪᠤᠭᠤᠲᠤ — ᠤᠯᠠᠭᠠᠨᠬᠣᠲᠠ — ᠮᠠᠨᠵᠤᠤᠷ᠎ᠬᠦᠷᠬᠦ ᠬᠣᠶᠠᠷ ᠵᠤᠷᠪᠤᠰ ᠠᠶᠠᠨᠴᠢᠳ᠎ᠤᠨ ᠵᠥᠭᠡᠭᠡᠪᠦᠷᠢ᠎ᠶᠢᠨ ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠮᠡᠵᠡᠢ᠃

✦ 4 ᠰᠠᠷ᠎ᠠ᠎ᠶᠢᠨ 1᠎ᠦ ᠡᠳᠦᠷ᠂ ᠪᠦᠬᠥ ᠤᠯᠤᠰ᠎ᠤᠨ ᠰᠢᠨ᠎ᠡ ᠡᠨᠧᠷᠭᠢ᠎ᠶᠢᠨ ᠮᠠᠰᠢᠨ  ᠲᠡᠷᠭᠡᠨ᠎ᠦ ᠬᠥᠳᠡᠯᠭᠡᠬᠦ ᠬᠦᠴᠦᠨ᠎ᠦ ᠳ᠋ᠢᠶᠠᠨ ᡂᠢ᠎ᠶᠢ ᠮᠥᠷᠳᠡᠬᠦ ᠮᠡᠳᠡᠭᠡ ᠵᠠᠩᠭᠢ᠎ᠶᠢᠨ ᠲᠠᠪᠴᠠᠩ ᠰᠦᠯᠵᠢᠶᠡᠨ᠎ᠳᠦ ᠭᠠᠷᠴᠤ᠂ ᠮᠠᠨ᠎ᠤ ᠤᠯᠤᠰ᠎ᠤᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠵᠤ ᠦᠢᠯᠡᠰ᠎ᠦᠨ ᠪᠣᠬᠢᠷᠲᠤᠯ ᠦᠭᠡᠢ ᠣᠷᠴᠢᠯ ᠬᠥᠭᠵᠢᠯᠲᠡ᠎ᠳᠦ ᠤᠯᠤᠰ᠎ᠤᠨ ᠳᠡᠰ᠎ᠤᠨ ᠮᠡᠳᠡᠭᠡ ᠵᠠᠩᠭᠢ᠎ᠶᠢᠨ ᠲᠠᠪᠴᠠᠩ᠎ᠤᠨ ᠲᠤᠯᠭᠠᠭᠤᠷᠢᠯᠠᠯ ᠬᠠᠩᠭᠠᠪᠠ᠃

✦ 2026 ᠣᠨ᠎ᠳᠤ ᠪᠠᠶᠠᠨᠨᠠᠭᠤᠷ ᠬᠣᠲᠠ  ᠴᠠᠬᠢᠯᠭᠠᠨ  ᠴᠡᠨᠡᠭᠯᠡᠬᠦ ᠪᠠᠭᠠᠨ᠎ᠠ᠎ᠶᠢ 680 ᠰᠢᠨ᠎ᠡ᠎ᠪᠠᠷ ᠨᠡᠮᠡᠭᠳᠡᠭᠦᠯᠵᠦ᠂ 5G ᠰᠠᠭᠤᠷᠢ ᠥᠷᠲᠡᠭᠡ᠎ᠶᠢ 500᠎ᠠᠴᠠ ᠳᠡᠭᠡᠭᠰᠢ ᠰᠢᠨ᠎ᠡ᠎ᠪᠡᠷ ᠪᠠᠢᠭᠤᠯᠵᠤ᠂ ᠳᠥᠷᠪᠡᠨ ᠲᠥᠷᠥᠯ᠎ᠦᠨ ᠬᠣᠭᠣᠯᠠᠢ᠎ᠶᠢᠨ ᠲᠣᠣᠷ᠎ᠢ 100 ᠺᠢᠯᠣᠮᠧᠲᠷ ᠰᠢᠨ᠎ᠡ᠎ᠪᠡᠷ ᠥᠭᠡᠷᠡᠴᠢᠯᠡᠨ ᠪᠠᠢᠭᠤᠯᠵᠤ᠂ 100 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠬᠠᠭᠤᠴᠢᠨ ᠵᠢᠵᠢᠭ ᠰᠠᠭᠤᠭᠠᠯᠢ ᠲᠣᠭᠣᠷᠢᠭ᠋᠎ᠢ ᠰᠢᠨᠡᠳᠬᠡᠨ ᠵᠠᠰᠠᠵᠤ᠂ ᠬᠣᠲᠠ᠎ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠢᠰᠢᠩ᠎ᠢ 320 ᠢᠵᠢ ᠰᠢᠨᠡᠳᠬᠡᠨ ᠵᠠᠰᠠᠵᠤ᠂ ᠣᠯᠠᠨ ᠲᠦᠮᠡᠨ᠎ᠦ ᠣᠷᠣᠰᠢᠨ ᠰᠠᠭᠤᠬᠤ ᠣᠷᠴᠢᠨ᠎ᠢ ᠲᠠᠰᠤᠷᠠᠯᠲᠠ ᠦᠭᠡᠢ ᠰᠠᠢᠵᠢᠷᠠᠭᠤᠯᠬᠤ᠎ᠪᠠᠷ ᠲᠥᠯᠥᠪᠯᠡᠵᠦ ᠪᠣᠶ᠃

✦ ᠣᠢᠷ᠎ᠠ᠎ᠳᠤ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠲᠡᠩᠴᠡᠭᠦᠷᠢ᠎ᠶᠢ ᠬᠠᠤᠯᠢ ᠶᠣᠰᠣᠭᠠᠷ ᠬᠠᠮᠠᠭᠠᠯᠠᠵᠤ᠂ ᠭᠠᠳᠠᠨ᠎ᠠ᠎ᠠᠴᠠ ᠮᠠᠯ ᠣᠷᠣᠭᠤᠯᠵᠤ ᠮᠠᠯᠵᠢᠬᠤ᠎ᠠᠴᠠ ᠪᠣᠯᠤᠭᠰᠠᠨ ᠪᠡᠯᠴᠢᠭᠡᠷ᠎ᠦᠨ ᠳᠠᠭᠠᠭᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠬᠣᠷᠢᠭ᠍ᠯᠠᠬᠤ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ᠎ᠤᠨ ᠣᠯᠠᠨ ᠭᠠᠵᠠᠷ ᠠᠯᠪᠠᠨ ᠵᠠᠷᠯᠠᠯ ᠨᠡᠢᠲᠡᠯᠡᠵᠦ᠂ ᠭᠠᠳᠠᠨ᠎ᠠ᠎ᠶᠢᠨ ᠮᠠᠯ᠎ᠢ ᠣᠷᠣᠭᠤᠯᠵᠤ ᠮᠠᠯᠵᠢᠬᠤ᠎ᠶᠢ ᠴᠠᠭᠠᠵᠠᠯᠠᠪᠠ᠃

✦ ᠲᠦᠷᠦᠭᠦᠬᠡᠨ ᠤᠯᠤᠰ᠎ᠤᠨ ᠭᠤᠷᠪᠠᠳᠤᠭᠠᠷ ᠪᠦᠯᠦᠭ᠎ᠦᠨ 《ᠡᠯᠡᠰᠦ ᠭᠣᠪᠢ ᠴᠥᠯ》 ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠤᠨ ᠰᠠᠭᠤᠷᠢᠨ᠎ᠤ ᠢᠵᠢ ᠪᠦᠷᠢᠳᠦᠭᠰᠡᠨ ᠢᠨᠵᠧᠨᠧᠷᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ — ᠤᠯᠠᠭᠠᠨᠬᠠᠳᠠ ᠬᠤᠲᠠ᠎ᠶᠢᠨ ᠠᠷᠤ ᠬᠣᠷᠴᠢᠨ ᠬᠣᠰᠢᠭᠤᠨ᠎ᠤ ᠬᠣᠢᠲᠤ ᠬᠡᠰᠡᠭ᠎ᠦᠨ 500 ᠺᠢᠯᠦᠸᠠᠲ᠎ᠦᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠰᠢᠭ᠍ᠯᠠᠯᠲᠠ᠎ᠳᠤ ᠣᠷᠣᠪᠠ᠃

✦ ᠤᠢᠷ᠎ᠠ᠎ᠳᠦ ᠥᠪᠥᠷ ᠮᠣᠩᠭᠣᠯ᠎ᠤᠨ 《ᠡᠷᠳᠡᠨᠢ》 ᠬᠣᠨᠢᠨ᠎ᠤ ᠦᠢᠯᠡᠰ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷᠠᠭᠤᠨ ᠦᠵᠦᠮᠦᠴᠢᠨ ᠬᠣᠰᠢᠭᠤᠨ᠎ᠳᠤ ᠳᠠᠩᠰᠠᠯᠠᠭᠤᠯᠵᠤ᠂ ᠲᠤᠬᠠᠢ᠎ᠶᠢᠨ ᠭᠠᠵᠠᠷ᠎ᠤᠨ ᠭᠤᠷᠪᠠᠳᠠᠬᠢ ᠰᠢᠨ᠎ᠡ᠎ᠪᠡᠷ ᠨᠡᠮᠡᠭᠳᠡᠭᠰᠡᠨ ᠠᠵᠤ ᠠᠬᠤᠢᠯᠠᠯ ᠪᠣᠯᠪᠠ᠃


ᠠᠵᠤ ᠠᠬᠤᠢ 

✦ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠡᠨᠡ ᠵᠢᠯ᠎ᠦᠨ 1 ᠰᠠᠷ᠎ᠠ᠎ᠶᠢᠨ 1᠎ᠦ ᠡᠳᠦᠷ᠎ᠡᠴᠡ 3 ᠰᠠᠷ᠎ᠠ᠎ᠶᠢᠨ 25᠎ᠤ ᠡᠳᠦᠷ ᠪᠣᠯᠲᠠᠯ᠎ᠠ᠂ ᠮᠠᠨ᠎ᠤ ᠤᠯᠤᠰ᠎ᠤᠨ ᠦᠢᠯᠡᠳᠬᠦ ᠦᠢᠯᠡᠰ᠎ᠦᠨ ᠪᠣᠷᠣᠯᠠᠭᠤᠯᠤᠯᠲᠠ᠎ᠶᠢᠨ ᠣᠷᠣᠯᠭ᠎ᠠ ᠠᠳᠠᠯᠢ ᠬᠤᠭᠤᠴᠠᠭᠠᠨ᠎ᠤ ᠬᠢ᠎ᠡᠴᠡ 5.4% ᠪᠠᠷ ᠨᠡᠮᠡᠭᠳᠡᠵᠦ᠂ ᠪᠥᠬᠥ ᠤᠯᠤᠰ᠎ᠤᠨ ᠠᠵᠤ ᠠᠬᠤᠢᠯᠠᠯ᠎ᠤᠨ ᠪᠣᠷᠣᠯᠠᠭᠤᠯᠤᠯᠲᠠ᠎ᠶᠢᠨ ᠣᠷᠣᠯᠭ᠎ᠠ᠎ᠳᠤ ᠡᠵᠡᠯᠡᠬᠦ ᠬᠤᠪᠢ᠎ᠶᠢᠨ ᠵᠢᠩ ᠨᠢ 29.2%᠎ᠲᠦ ᠬᠦᠷᠴᠡᠢ᠃


ᠰᠣᠶᠣᠯ

✦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ ᠣᠢᠷ᠎ᠠ᠎ᠶᠢᠨ ᠡᠳᠦᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠦᠬᠦ ᠤᠯᠤᠰ᠎ᠤᠨ ᠤᠯᠤᠰ᠎ᠤᠨ ᠥᠮᠴᠢᠯᠡᠯ᠎ᠦᠨ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠲᠤᠰᠬᠠᠢ ᠠᠵᠢᠯᠯᠠᠭ᠎ᠠ᠎ᠶᠢ ᠠᠬᠢᠭᠤᠯᠵᠤ᠂ ᠤᠯᠤᠰ᠎ᠤᠨ ᠥᠮᠴᠢᠯᠡᠯ᠎ᠦᠨ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠎ᠢ ᠪᠦᠷᠢᠳᠬᠡᠬᠦ ᠪᠠ ᠠᠮᠤᠷ ᠲᠦᠪᠰᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ ᠲᠤᠬᠠᠢ ᠪᠠᠢᠷᠢᠯᠠᠭᠤᠯᠪᠠ᠃

 

ᠲᠠᠮᠢᠷ

✦ 2026 ᠠᠮᠧᠷᠢᠺᠠ ᠺᠠᠨᠠᠳᠠ ᠮᠸᠺᠰᠢᠺᠦ᠎ᠶᠢᠨ ᠳᠡᠯᠡᠬᠡᠢ᠎ᠶᠢᠨ ᠬᠤᠨᠳᠠᠭᠠᠲᠤ ᠬᠥᠯ ᠪᠥᠮᠪᠥᠭᠡ᠎ᠶᠢᠨ ᠤᠷᠤᠯᠳᠤᠭᠠᠨ᠎ᠤ ᠶᠠᠪᠤᠴᠠ᠎ᠶᠢ ᠤᠢᠷ᠎ᠠ᠎ᠳᠦ ᠨᠡᠢᠲᠡᠯᠡᠵᠤ᠂ ᠡᠭᠦᠨ᠎ᠳᠦ ᠠᠩᠬᠠᠨ᠎ᠤ ᠤᠷᠤᠯᠳᠤᠭᠠᠨ ᠨᠢ ᠪᠡᠭᠡᠵᠢᠩ᠎ᠦᠨ ᠴᠠᠭ᠎ᠢᠶᠠᠷ 6 ᠰᠠᠷ᠎ᠠ᠎ᠶᠢᠨ 12᠎ᠤᠨ ᠡᠳᠦᠷ᠎ᠦᠨ 3 ᠴᠠᠭ᠎ᠲᠤ ᠶᠠᠪᠤᠭᠳᠠᠬᠤ ᠪᠣᠯᠣᠨ᠎ᠠ᠃ ᠣᠯᠠᠨ ᠤᠯᠤᠰ᠎ᠤᠨ ᠬᠥᠯ ᠪᠥᠮᠪᠥᠭᠡ᠎ᠶᠢᠨ ᠬᠣᠯᠪᠣᠭ᠎ᠠ᠎ᠶᠢᠨ ᠲᠡᠷᠢᠭᠦᠯᠡᠭᠴᠢ ᠢᠯᠡᠷᠬᠡᠢᠯᠡᠬᠦ᠎ᠳᠡᠭᠡᠨ ᠢᠷᠠᠨ ᠤᠭ ᠲᠥᠯᠥᠪᠯᠡᠭᠡ ᠶᠣᠰᠣᠭᠠᠷ ᠠᠮᠧᠷᠢᠺᠠ᠎ᠳᠤ ᠤᠷᠤᠯᠳᠤᠭᠠᠨ᠎ᠳᠤ ᠣᠷᠣᠯᠴᠠᠨ᠎ᠠ ᠭᠡᠪᠡ᠃

✦ ᠣᠢᠷ᠎ᠠ᠎ᠳᠤ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ 2026 ᠣᠨ᠎ᠤ ᠭᠣᠣᠯᠳᠠᠯᠭ᠎ᠠ᠎ᠲᠠᠢ ᠤᠷᠤᠯᠳᠤᠭᠠᠨ᠎ᠢ ᠤᠬᠠᠭᠤᠯᠤᠨ ᠲᠠᠨᠢᠯᠴᠠᠭᠤᠯᠬᠤ ᠵᠢᠴᠢ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠬᠤᠷᠠᠯᠳᠤᠵᠤ᠂ ᠬᠤᠷᠠᠯ ᠳᠡᠭᠡᠷ᠎ᠡ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ 2026 ᠣᠨ᠎ᠤ 30 ᠲᠥᠷᠥᠯ᠎ᠦᠨ ᠭᠣᠣᠯᠳᠠᠯᠭ᠎ᠠ᠎ᠲᠠᠢ ᠲᠠᠮᠢᠷ᠎ᠤᠨ ᠤᠷᠤᠯᠳᠤᠭᠠᠨ᠎ᠢ ᠲᠠᠨᠢᠯᠴᠠᠭᠤᠯᠪᠠ᠃


ᠳᠡᠯᠡᠬᠡᠢ

✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ 3 ᠰᠠᠷ᠎ᠠ᠎ᠶᠢᠨ 31᠎ᠦ ᠡᠳᠦᠷ᠂ ᠠᠮᠧᠷᠢᠺᠠ᠎ᠶᠢᠨ ᠨᠢᠦ᠋ ᠶᠣᠷᠺ ᠬᠣᠲᠠ᠎ᠵᠢᠨ ᠬᠢᠨ ᠵᠠᠰᠠᠭ᠎ᠤᠨ ᠣᠷᠳᠣᠨ᠎ᠤ ᠡᠯᠧᠺᠲᠷᠣᠨ ᠲᠥᠬᠦᠭᠡᠷᠦᠮᠵᠢ ᠳᠡᠭᠡᠷ᠎ᠡ Tik Tok ᠲᠠᠪᠴᠠᠩ᠎ᠢ ᠰᠡᠷᠭᠦᠭᠡᠨ ᠬᠡᠷᠡᠭᠯᠡᠬᠦ᠎ᠶᠢ ᠵᠥᠪᠰᠢᠶᠡᠷᠡᠨ᠎ᠡ ᠭᠡᠵᠦ ᠨᠡᠢᠲᠡᠯᠡᠪᠡ᠃

 

ᠦᠢ᠍ᠯᠡᠴᠢᠯᠡᠭᠡ

✦ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠠᠵᠢᠯᠲᠠᠨ ᠡᠯᠰᠡᠵᠦ ᠪᠤᠢ᠃ 


406.jpg

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号