


ᠨᠡᠢᠭᠡᠮ
✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ 4᠎ᠦ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠲᠣᠰ ᠡᠳᠦᠷ
ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ ᠬᠥᠮᠥᠰ᠎ᠦᠨ ᠰᠢᠯᠵᠢᠯᠲᠡ᠎ᠶᠢᠨ ᠬᠡᠮᠵᠢᠶ᠎ᠡ ᠪᠠᠷᠤᠭ 2.96 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ
ᠬᠢ᠎ᠡᠴᠡ 2.7%᠎ᠪᠠᠷ ᠨᠡᠮᠡᠭᠳᠡᠪᠡ᠃
✦ᠲᠦᠷᠦᠭᠦᠬᠡᠨ 2026 ᠣᠨ᠎ᠤ ᠪᠥᠬᠥ ᠤᠯᠤᠰ᠎ᠤᠨ ᠬᠣᠲᠠ᠎ᠶᠢᠨ ᠬᠠᠮᠲᠤᠷᠠᠭᠰᠠᠨ ᠶᠡᠬᠡ
ᠳᠡᠭᠡᠳᠦ ᠰᠤᠷᠭᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠬᠠᠪᠤᠷ᠎ᠤᠨ ᠤᠯᠠᠷᠢᠯ᠎ᠤᠨ ᠲᠤᠰᠬᠠᠢ ᠠᠵᠢᠯᠯᠠᠭ᠎ᠠ ᠡᠬᠢᠯᠡᠵᠦ᠂
2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ
ᠥᠩᠭᠡᠷᠡᠭᠰᠡᠨ ᠬᠤᠭᠤᠴᠠᠭᠠᠨ᠎ᠤ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠭᠣᠣᠯᠳᠠᠯᠭ᠎ᠠ᠎ᠲᠠᠢ
ᠬᠠᠨᠳᠤᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠵᠢᠨ ᠤᠷᠢᠵᠤ ᠡᠯᠰᠡᠬᠦ ᠠᠵᠢᠯᠯᠠᠭ᠎ᠠ ᠵᠡᠷᠭᠡ᠎ᠵᠢ ᠥᠷᠨᠢᠭᠦᠯᠵᠡᠢ᠃
✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ
ᠶᠠᠮᠤᠨ᠂ ᠬᠠᠩᠭᠠᠨ ᠪᠣᠷᠣᠯᠠᠭᠤᠯᠬᠤ ᠶᠡᠷᠦᠩᠬᠡᠢ ᠬᠣᠷᠰᠢᠶ᠎ᠠ ᠲᠦᠷᠦᠭᠦᠬᠡᠨ ᠬᠠᠮᠲᠤᠷᠠᠨ 《ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠵᠢᠨ
ᠯᠢᠲ᠋ᠢ ᠢᠶᠤᠨ ᠳ᠋ᠢᠶᠠᠨ ᡂᠢᠶᠢ ᠬᠣᠷᠢᠶᠠᠨ ᠠᠪᠴᠤ ᠠᠰᠢᠭ᠍ᠯᠠᠬᠤ ᠰᠢᠰᠲᠧᠮ᠎ᠦᠨ ᠪᠠᠢᠭᠤᠯᠤᠯᠲᠠ᠎ᠶᠢ ᠤᠯᠠᠮ ᠨᠢᠭᠡ
ᠠᠯᠬᠤᠮ ᠴᠢᠩᠭᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠪᠠ᠃
✦ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶᠢᠨ ᠪᠦᠷᠢᠳᠬᠡᠯ᠎ᠢ ᠦᠨᠳᠦᠰᠦᠯᠡᠪᠡᠯ᠂
ᠡᠨᠡ ᠵᠢᠯ᠎ᠦᠨ ᠲᠦᠷᠦᠭᠦᠦ 2 ᠰᠠᠷ᠎ᠠ᠎ᠳᠤ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ
ᠪᠠᠢᠭᠤᠯᠤᠮᠵᠢ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠵᠢᠭᠡᠯᠡᠯᠭᠡ᠎ᠶᠢ ᠨᠡᠶ᠋ᠢᠲᠡ 1113.3 ᠳ᠋ᠦᠩᠰᠢᠭᠤᠷ ᠲᠥᠭᠥᠷᠢᠭ ᠲᠠᠯᠪᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ
ᠬᠢ᠎ᠡᠴᠡ 142.6 ᠳ᠋ᠦᠩᠰᠢᠭᠤᠷ ᠲᠥᠭᠥᠷᠢᠭ ᠨᠡᠮᠡᠭᠳᠡᠪᠡ᠃
✦ᠲᠦᠷᠦᠭᠦᠬᠡᠨ ᠪᠤᠭᠤᠲᠤ ᠬᠤᠲᠠ᠎ᠵᠢᠨ
ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ᠎ᠤ ᠲᠤᠪᠴᠢᠶ᠎ᠠ᠎ᠵᠢᠨ ᠬᠢᠨ ᠬᠠᠲᠤᠨ
ᠭᠤᠤᠯ᠎ᠤᠨ ᠪᠤᠭᠤᠲᠤ᠎ᠵᠢᠨ ᠬᠡᠰᠡᠭ᠎ᠲᠡᠬᠢ ᠭᠤᠤᠯᠳᠠᠯᠭ᠎ᠠ ᠲᠠᠢ ᠤᠰᠤᠨ ᠤᠷᠤᠨ᠎ᠳᠦ 2026 ᠤᠨ᠎ᠤ ᠬᠠᠲᠤᠨ ᠭᠤᠤᠯ᠎ᠤᠨ ᠪᠤᠭᠤᠲᠤ᠎ᠵᠢᠨ ᠬᠡᠰᠡᠭ᠎ᠲᠡᠬᠢ
ᠵᠢᠭᠠᠰᠤ ᠠᠩᠨᠠᠬᠤ᠎ᠶᠢ ᠴᠠᠭᠠᠵᠠᠯᠠᠬᠤ ᠴᠠᠭ ᠬᠤᠭᠤᠴᠠᠭ᠎ᠠ᠎ᠵᠢᠨ ᠲᠥᠪᠯᠡᠷᠡᠭᠦᠯᠦᠭᠰᠡᠨ ᠤᠬᠠᠭᠤᠯᠭ᠎ᠠ ᠵᠢᠴᠢ
ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠡᠢ᠃
✦4 ᠰᠠᠷ᠎ᠠ᠎ᠵᠢᠨ 3᠎ᠤ ᠡᠳᠦᠷ᠂《2026·ᠬᠠᠩᠰᠢ᠎ᠵᠢᠨ ᠡᠳᠦᠷ ᠦᠷᠡᠭᠳᠡᠭᠰᠡᠨ ᠪᠠᠭᠠᠲᠤᠷᠴᠤᠳ᠎ᠵᠢᠡᠨ
ᠳᠤᠷᠠᠰᠤᠨ ᠰᠠᠨᠠᠭᠠᠯᠵᠠᠨᠠᠮ》ᠭᠡᠬᠦ ᠠᠵᠢᠯᠯᠠᠭ᠎ᠠ ᠬᠦᠬᠡᠬᠤᠲᠠ᠎ᠵᠢᠨ ᠳᠠᠯᠠᠨ ᠬᠠᠷ᠎ᠠ
ᠠᠭᠤᠯᠠ᠎ᠵᠢᠨ ᠬᠤᠪᠢᠰᠬᠠᠯ᠎ᠤᠨ ᠰᠤᠶᠤᠯ᠎ᠤᠨ ᠴᠡᠴᠡᠷᠯᠢᠭ᠎ᠲᠦ ᠶᠠᠪᠤᠭᠳᠠᠪᠠ᠃
✦ᠰᠢᠯᠢ᠎ᠶᠢᠨ ᠭᠣᠣᠯ ᠠᠢᠮᠠᠭ᠎ᠤᠨ ᠤᠰᠤᠨ ᠠᠰᠢᠭ᠍ᠯᠠᠯᠲᠠ᠎ᠶᠢᠨ
ᠲᠣᠪᠴᠢᠶ᠎ᠠ 4 — 11 ᠰᠠᠷ᠎ᠠ ᠪᠣᠯᠲᠠᠯ᠎ᠠ᠂ ᠪᠥᠬᠥ ᠠᠢᠮᠠᠭ᠎ᠤᠨ ᠬᠡᠪᠴᠢᠶᠡᠨ᠎ᠳᠦ ᠲᠣᠭᠲᠠᠭᠠᠯ᠎ᠠᠴᠠ
ᠵᠥᠷᠢᠴᠡᠨ ᠤᠰᠤ ᠲᠠᠲᠠᠵᠤ ᠬᠡᠷᠡᠭᠯᠡᠬᠦ᠎ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠎ᠪᠡᠷ ᠲᠣᠭᠲᠠᠪᠠ᠃
ᠠᠵᠦ ᠠᠬᠤᠢ
✦ᠡᠨᠡ ᠵᠢᠯ᠎ᠦᠨ 1 — 3 ᠰᠠᠷ᠎ᠠ᠎ᠳᠦ᠂ ᠬᠡᠷᠡᠭᠯᠡᠭᠡᠨ᠎ᠦ ᠵᠦᠢᠯᠡᠰ᠎ᠦᠨ ᠬᠠᠭᠤᠴᠢᠨᠵᠢᠡᠷ
ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ ᠬᠣᠯᠪᠣᠭᠳᠠᠯ ᠪᠦᠬᠦᠢ ᠲᠠᠸᠠᠷ᠎ᠤᠨ ᠪᠣᠷᠣᠯᠠᠭᠤᠯᠤᠯᠲᠠ᠎ᠶᠢ 4331.7 ᠳ᠋ᠦᠩᠰᠢᠭᠤᠷ ᠲᠥᠭᠥᠷᠢᠭ ᠳᠠᠶ᠋ᠢᠴᠢᠯᠠᠵᠤ᠂ 6093.3 ᠲᠦᠮᠡᠨ ᠬᠥᠮᠥᠨ ᠤᠳᠠᠭ᠎ᠠ᠎ᠳᠦ ᠠᠰᠢᠭ᠋ ᠭᠥᠷᠳᠡᠭᠡᠪᠡ᠃
ᠰᠤᠶᠤᠯ
✦ᠤᠢᠷ᠎ᠠ᠎ᠳᠦ 《ᠬᠥᠯᠥᠨ ᠪᠤᠢᠷ᠎ᠤᠨ ᠠᠷᠠᠳ᠎ᠤᠨ
ᠳᠠᠭᠤᠤ᠎ᠵᠢᠨ ᠪᠦᠷᠢᠨ ᠲᠡᠭᠦᠪᠦᠷᠢ》ᠨᠤᠮ᠎ᠤᠨ ᠠᠩᠬᠠᠨ᠎ᠤ
ᠲᠠᠷᠬᠠᠭᠠᠯᠲᠠ᠎ᠵᠢᠨ ᠶᠤᠰᠤᠯᠠᠯ ᠬᠥᠯᠥᠨ ᠪᠤᠢᠷ ᠬᠤᠲᠠ᠎ᠵᠢᠨ ᠤᠷᠠᠯᠢᠭ ᠵᠥᠴᠥᠭᠡ᠎ᠵᠢᠨ ᠬᠦᠷᠢᠶᠡᠯᠡᠩ᠎ᠳᠦ
ᠶᠠᠪᠤᠭᠳᠠᠪᠠ᠃
✦ᠲᠦᠷᠦᠭᠦᠬᠡᠨ ᠤᠷᠳᠤᠰ ᠬᠤᠲᠠ᠎ᠵᠢᠨ ᠤᠲᠤᠭ᠎ᠤᠨ ᠡᠮᠦᠨᠡᠲᠦ ᠬᠤᠰᠢᠭᠤᠨ᠎ᠤ ᠨᠢᠭᠡᠳᠦᠭᠡᠷ
ᠪᠠᠭ᠎ᠠ ᠰᠤᠷᠭᠠᠭᠤᠯᠢ᠎ᠳᠦ ᠰᠤᠷᠤᠭᠴᠢᠳ᠎ᠤᠨ ᠠᠮᠠᠨ ᠦᠯᠢᠭᠡᠷ᠎ᠤᠨ ᠤᠷᠤᠯᠳᠤᠭᠠᠨ ᠶᠠᠪᠤᠭᠳᠠᠵᠤ᠂ ᠨᠡᠢᠲᠡ 96 ᠰᠤᠷᠤᠭᠴᠢ ᠤᠷᠤᠯᠴᠠᠵᠤ᠂ ᠦᠯᠢᠭᠡᠷ
ᠶᠠᠷᠢᠬᠤ ᠠᠪᠢᠶᠠᠰ ᠪᠢᠯᠢᠭᠵᠢᠡᠨ ᠰᠤᠷᠢᠵᠠᠭᠠᠵᠠᠢ᠃
ᠲᠠᠮᠢᠷ
✦2026 ᠣᠣᠮᠧᠨ᠎ᠦ ᠫᠢᠩᠫᠠᠩ ᠪᠥᠮᠪᠥᠭᠡ᠎ᠶᠢᠨ
ᠳᠠᠩᠵᠢᠡᠷ ᠴᠣᠬᠢᠬᠤ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ᠎ᠤ 1/4 ᠵᠢᠨ ᠰᠢᠢᠳᠪᠦᠷᠢᠲᠦ ᠤᠷᠤᠯᠳᠤᠭᠠᠨ᠎ᠳᠤ
ᠳᠤᠮᠳᠠᠳᠤ ᠤᠯᠤᠰ᠎ᠤᠨ ᠲᠠᠮᠢᠷᠴᠢᠨ ᠰᠦᠨ ᠶᠢᠩ ᠱᠠ ᠪᠠ ᠸᠠᠩ ᠴᠦ ᠴᠢᠨ ᠲᠤᠰ ᠲᠤᠰ ᠳᠥᠷᠪᠡᠨ ᠬᠦᠴᠦᠷᠬᠡᠭ᠎ᠲᠦ ᠳᠠᠪᠰᠢᠪᠠ᠃
✦2026 ᠣᠨ᠎ᠤ ᠵᠧᠵᠢᠶᠠᠩ ᠮᠤᠵᠢ᠎ᠶᠢᠨ ᠬᠤᠳᠠ᠎ᠶᠢᠨ
ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ 4 ᠰᠠᠷ᠎ᠠ᠎ᠶᠢᠨ 6᠎ᠤ ᠡᠳᠦᠷ ᠡᠬᠢᠯᠡᠨ᠎ᠠ᠃ ᠲᠦᠷᠦᠭᠦᠬᠡᠨ
ᠵᠧᠵᠢᠶᠠᠩ ᠮᠤᠵᠢ᠎ᠶᠢᠨ ᠬᠣᠲᠠ᠎ᠶᠢᠨ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠵᠣᠬᠢᠶᠠᠨ ᠪᠠᠶ᠋ᠢᠭᠤᠯᠬᠤ
ᠺᠣᠮᠢᠰ᠎ᠤᠨ ᠠᠯᠪᠠᠨ ᠭᠡᠷ᠎ᠤᠨ ᠬᠢᠨ ᠡᠯ᠎ᠡ ᠤᠷᠤᠯᠳᠤᠭᠠᠨ᠎ᠳᠤ ᠣᠷᠣᠯᠴᠠᠬᠤ ᠠᠩᠭᠢ᠎ᠶᠢᠨ ᠨᠡᠷᠡᠰ᠎ᠢ ᠨᠡᠢᠲᠡᠯᠡᠪᠡ᠃
ᠡᠭᠦᠨ᠎ᠳᠦ ᠳᠠᠭᠠᠭᠤᠯᠤᠭ᠍ᠴᠢ᠂ ᠳᠡᠳ᠋ ᠳᠠᠭᠠᠭᠤᠯᠤᠭ᠍ᠴᠢ᠂ ᠭᠣᠣᠯ ᠳᠠᠰᠬᠠᠯᠵᠢᠭᠤᠯᠤᠭ᠍ᠴᠢ᠂ ᠲᠤᠰᠠᠯᠠᠬᠤ ᠳᠠᠰᠬᠠᠯᠵᠢᠭᠤᠯᠤᠭ᠍ᠴᠢ
ᠪᠠ ᠤᠷᠤᠯᠳᠤᠭᠠᠨ᠎ᠳᠤ ᠣᠷᠣᠯᠴᠠᠭ᠍ᠴᠢ᠎ᠵᠢᠨ ᠨᠡᠷᠡᠰ ᠪᠤᠢ᠃
✦ᠠᠷᠪᠠᠨ ᠵᠢᠷᠭᠤᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠥᠯᠥᠨ ᠪᠣᠶ᠋ᠢᠷ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ ᠪᠠᠢᠭᠤᠯᠤᠭᠳᠠᠬᠤ
ᠵᠢᠴᠢ ᠲᠠᠩᠭᠠᠷᠢᠭ᠍ᠯᠠᠬᠤ ᠬᠤᠷᠠᠯ ᠲᠦᠷᠦᠭᠦᠬᠡᠨ ᠥᠪᠥᠷ ᠮᠣᠩᠭᠣᠯ᠎ᠤᠨ ᠴᠠᠰᠤ ᠮᠥᠰᠥᠨ᠎ᠤ ᠪᠡᠶ᠎ᠡ᠎ᠶᠢᠨ ᠲᠠᠮᠢᠷ᠎ᠤᠨ
ᠰᠤᠷᠭᠠᠭᠤᠯᠢ᠎ᠳᠤ ᠶᠠᠪᠤᠭᠳᠠᠪᠠ᠃ ᠲᠣᠰ ᠬᠤᠭᠤᠴᠠᠭᠠᠨ᠎ᠤ ᠪᠥᠬᠥ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ
8 ᠰᠠᠷ᠎ᠠ᠎ᠶᠢᠨ 8᠎ᠤ ᠡᠳᠦᠷ ᠪᠤᠭᠤᠲᠤ ᠬᠣᠲᠠ᠎ᠳᠤ ᠶᠠᠪᠤᠭᠳᠠᠬᠤ᠎ᠪᠠᠷ
ᠪᠠᠢᠵᠤ᠂ ᠤᠷᠤᠯᠳᠤᠭᠠᠨ᠎ᠳᠤ ᠨᠡᠶ᠋ᠢᠲᠡ 32 ᠲᠥᠷᠥᠯ ᠵᠦᠢᠯ᠎ᠢ ᠲᠣᠬᠢᠷᠠᠭᠤᠯᠪᠠ᠃
ᠲᠡᠯᠡᠬᠡᠢ
✦ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠢᠰᠷᠧᠯ᠎ᠳᠦ ᠰᠠᠭᠤᠭ᠎ᠠ ᠳᠤᠮᠳᠠᠳᠤ ᠤᠯᠤᠰ᠎ᠤᠨ
ᠡᠯᠴᠢᠨ ᠰᠠᠢᠳ᠎ᠤᠨ ᠶᠠᠮᠤᠨ ᠤᠢᠷ᠎ᠠ᠎ᠳᠦ ᠮᠡᠳᠡᠭᠳᠡᠯ ᠨᠡᠢᠲᠡᠯᠡᠵᠦ᠂ ᠢᠰᠷᠧᠯ᠎ᠳᠦ ᠪᠠᠢᠭ᠎ᠠ ᠳᠤᠮᠳᠠᠳᠤ ᠤᠯᠤᠰ᠎ᠤᠨ
ᠠᠷᠠᠳ ᠢᠷᠭᠡᠳ ᠡᠷᠬᠡᠪᠰᠢ ᠠᠮᠤᠷ ᠲᠦᠪᠰᠢᠨ᠎ᠦ ᠰᠡᠷᠭᠡᠢᠯᠡᠯᠲᠡ᠎ᠪᠡᠨ ᠴᠢᠩᠭᠠᠳᠬᠠᠵᠤ᠂ ᠠᠷᠠᠳ᠎ᠤᠨ ᠬᠡᠷᠡᠭᠯᠡᠭᠡᠨ᠎ᠦ
ᠰᠠᠭᠤᠷᠢ ᠲᠥᠬᠦᠭᠡᠷᠦᠮᠵᠢ᠎ᠡᠴᠡ ᠬᠤᠯᠠ ᠵᠠᠢᠳᠠᠵᠤ᠂ ᠴᠠᠭ ᠲᠤᠬᠠᠢ ᠳ᠋ᠤᠨᠢ ᠰᠢᠯᠵᠢᠵᠦ ᠠᠶᠤᠯ᠎ᠠᠴᠠ ᠵᠠᠢᠯᠠᠬᠤ ᠬᠡᠷᠡᠭᠲᠡᠢ
ᠭᠡᠵᠦ ᠰᠠᠨᠠᠭᠤᠯᠪᠠ᠃
✦ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ ᠠᠹᠭᠠᠨᠢᠰᠲ᠋ᠠᠨ᠎ᠤ ᠵᠠᠰᠠᠭ᠎ᠤᠨ ᠣᠷᠳᠣᠨ᠎ᠤ ᠥᠭᠦᠯᠡᠭᠴᠢ 4᠎ᠦ ᠡᠳᠦᠷ ᠨᠡᠢᠭᠡᠮ᠎ᠦᠨ ᠬᠠᠷᠢᠯᠴᠠᠭᠠᠨ᠎ᠤ
ᠵᠠᠭᠤᠴᠢᠯᠠᠭᠤᠷ᠎ᠲᠦ ᠮᠡᠳᠡᠭᠡ ᠨᠡᠢᠲᠡᠯᠡᠵᠦ᠂ ᠣᠢᠷ᠎ᠠ᠎ᠶᠢᠨ ᠬᠤᠭᠤᠴᠠᠭᠠᠨ᠎ᠳᠤ ᠪᠦᠬᠦ ᠤᠯᠤᠰ᠎ᠤᠨ ᠬᠡᠪᠴᠢᠶᠡᠨ᠎ᠳᠦ
ᠠᠭᠠᠳᠠᠷ ᠪᠣᠷᠣᠭᠠᠨ ᠣᠷᠣᠵᠤ 61 ᠬᠥᠮᠥᠨ ᠡᠨᠳᠡᠵᠦ᠂ 116 ᠬᠥᠮᠥᠨ ᠰᠢᠷᠬᠠᠲᠤᠨ᠂ 4 ᠬᠥᠮᠥᠨ ᠪᠠᠷ᠎ᠠ ᠰᠤᠷᠠᠭ ᠲᠠᠰᠤᠷᠠᠵᠠᠢ ᠭᠡᠪᠡ᠃
✦ᠰᠢᠨᠬᠤᠸᠠ ᠬᠤᠷᠢᠶ᠎ᠠ᠎ᠵᠢᠨ ᠮᠡᠳᠡᠭᠡ᠎ᠶᠢ ᠦᠨᠳᠦᠰᠦᠯᠡᠪᠡᠯ᠂ ᠤᠢᠷ᠎ᠠ᠎ᠳᠦ ᠹᠢᠨᠯᠠᠨᠳ᠋᠎ᠤᠨ ᠨᠢᠭᠡᠨ
ᠶᠡᠬᠡ ᠰᠤᠷᠭᠠᠭᠤᠯᠢ᠎ᠶᠢᠨ ᠰᠤᠳᠤᠯᠭᠠᠲᠠᠳ ᠬᠥᠮᠥᠨ ᠲᠥᠷᠥᠯᠬᠢᠲᠡᠨ᠎ᠦ ᠤᠨᠲᠠᠬᠤ ᠬᠤᠭᠤᠴᠠᠭᠠᠨ᠎ᠳᠠᠬᠢ ᠲᠠᠷᠢᠬᠢᠨ᠎ᠤ
ᠰᠢᠩᠭᠡᠨ ᠪᠡᠶᠡᠲᠦ᠎ᠶᠢᠨ ᠡᠷᠭᠢᠯᠲᠡ᠎ᠶᠢᠨ ᠬᠤᠪᠢᠷᠠᠯᠲᠠ᠎ᠶᠢ ᠰᠢᠭᠤᠳ ᠬᠢᠨᠠᠨ ᠬᠡᠮᠵᠢᠬᠦ ᠨᠢᠭᠡ ᠵᠦᠢᠯ᠎ᠦᠨ ᠲᠦᠷᠭᠡᠨ
ᠮᠥᠷᠲᠡᠭᠡᠨ ᠪᠡᠶᠡᠳᠦ ᠰᠢᠷᠬᠠᠲᠤᠯ ᠦᠭᠡᠢ ᠰᠢᠨ᠎ᠡ ᠠᠷᠭ᠎ᠠ᠎ᠶᠢ ᠰᠤᠳᠤᠯᠤᠨ ᠭᠠᠷᠭᠠᠵᠤ᠂ ᠤᠨᠲᠠᠬᠤ᠎ᠳᠤ ᠬᠡᠷᠬᠢᠨ
ᠶᠡᠬᠡ ᠲᠠᠷᠢᠬᠢ᠎ᠶᠢ ᠬᠠᠪᠰᠤᠷᠴᠤ ᠰᠣᠯᠢᠯᠴᠠᠭᠠᠨ᠎ᠤ ᠬᠠᠶᠠᠭᠳᠠᠮᠠᠯ ᠪᠣᠳᠠᠰ᠎ᠢ ᠠᠷᠢᠯᠭᠠᠬᠤ᠎ᠶᠢ ᠰᠤᠳᠤᠯᠬᠤ᠎ᠳᠤ ᠰᠢᠨ᠎ᠡ
ᠪᠠᠭᠠᠵᠢ ᠬᠠᠩᠭᠠᠭᠰᠠᠨ ᠪᠠᠢᠨ᠎ᠠ᠃
ᠦᠢᠯᠡᠴᠢᠯᠡᠭᠡ
✦ᠣᠷᠳᠣᠰ᠎ᠤᠨ
ᠡᠷᠡᠭᠦᠯ ᠮᠡᠨᠳᠦ᠎ᠶᠢᠨ ᠪᠡᠶ᠎ᠡ᠎ᠶᠢᠨ ᠪᠠᠢᠴᠠᠭᠠᠯᠲᠠ᠎ᠶᠢᠨ ᠲᠥᠪ ᠠᠵᠢᠯᠲᠠᠨ ᠡᠯᠰᠡᠵᠤ ᠪᠤᠢ᠃ ᠨᠠᠷᠢᠨ ᠠᠭᠤᠯᠭ᠎ᠠ᠎ᠶᠢ 《ᠤᠤᠯ
ᠵᠤᠬᠢᠶᠠᠯ᠎ᠢ ᠦᠵᠡᠬᠦ》 (阅读原文) ᠦᠰᠦᠭ᠎ᠢ
ᠳᠤᠪᠴᠢᠳᠠᠵᠤ ᠦᠵᠡᠭᠡᠷᠡᠢ!
ᠲᠠᠨ᠎ᠤ ᠲᠤᠰᠠ᠎ᠳᠤ
✦ᠳ᠋ᠧᠦᠹᠦ᠋᠎ᠳᠦ ᠰᠥᠰᠥᠨᠦ ᠭᠤᠨᠠᠨ ᠠᠯᠺᠣᠣᠯ
ᠠᠭᠤᠯᠬᠤ ᠦᠭᠡᠢ᠂ ᠬᠠᠷᠢᠨ ᠰᠥᠰᠥᠨᠦ ᠭᠤᠨᠠᠨ ᠠᠯᠺᠣᠣᠯ᠎ᠤᠨ ᠰᠢᠩᠭᠡᠭᠡᠯᠲᠡ᠎ᠶᠢ ᠬᠣᠷᠢᠭ᠍ᠯᠠᠬᠤ ᠤᠷᠭᠤᠮᠠᠯ ᠤᠨ
ᠭᠤᠨᠠᠨ ᠠᠯᠺᠣᠣᠯ ᠵᠢᠴᠢ ᠢᠳᠡᠭᠡᠨ᠎ᠦ ᠰᠢᠷᠬᠡᠭᠯᠢᠭ ᠪᠣᠯᠣᠨ ᠰᠢᠷ᠎ᠠ ᠪᠤᠷᠴᠠᠭ᠎ᠤᠨ ᠣᠨᠳᠣᠣ ᠺᠸᠲ᠋ᠤᠨ
ᠠᠭᠤᠯᠳᠠᠭ᠂ ᠡᠳᠡᠭᠡᠷ ᠪᠦᠷᠢᠯᠳᠦᠭᠦᠨ ᠨᠢ ᠪᠦᠷ ᠵᠢᠷᠦᠬᠡ ᠴᠢᠰᠤᠨ ᠰᠤᠳᠠᠯ᠎ᠤᠨ ᠡᠪᠡᠳᠴᠢᠨ᠎ᠦ ᠲᠦᠭᠰᠢᠭᠦᠷᠢ᠎ᠶᠢ
ᠪᠠᠭᠤᠷᠠᠭᠤᠯᠬᠤ᠎ᠳᠤ ᠠᠰᠢᠭ᠍ᠲᠠᠢ ᠶᠤᠮ᠃
ᠵᠠᠯᠭᠠᠭᠠᠳ 《ᠳᠡᠭᠡᠵᠢ ᠠᠶᠠᠯᠭᠤ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)