4 ᠰᠠᠷ᠎ᠠ᠎ᠶᠢᠨ 7᠎ᠦ ᠡᠳᠦᠷ
ᠡᠬᠢᠯᠡᠬᠦ᠌ ᠴᠠᠭ᠄
2026-04-07 10:26:09
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_01.png



03盟市模板_01.png


ᠨᠡᠢ᠌ᠭᠡᠮ

✦ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ ᠣᠢᠷ᠎ᠠ᠎ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠢᠯᠡ᠎ᠪᠡᠷ ᠰᠣᠷᠣᠭ᠍ᠴᠢ ᠡᠯᠰᠡᠬᠦ ᠲᠤᠰᠬᠠᠢ ᠠᠵᠢᠯᠯᠠᠭ᠎ᠠ (2026 ᠣᠨ) ᠵᠢᠨ ᠲᠤᠬᠠᠢ ᠪᠠᠢᠷᠢᠯᠠᠭᠤᠯᠤᠯᠲᠠ ᠬᠢᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠭᠣᠣᠯᠳᠠᠯᠭ᠎ᠠ᠎ᠲᠠᠢ ᠠᠩᠭᠢ᠂ ᠲᠤᠷᠰᠢᠯᠲᠠ᠎ᠶᠢᠨ ᠠᠩᠭᠢ᠂ ᠲᠦᠷᠭᠡᠨ ᠤᠳᠠᠭᠠᠨ ᠠᠩᠭᠢ ᠭᠠᠷᠭᠠᠬᠤ ᠪᠤᠶᠤ ᠬᠡᠯᠪᠡᠷᠢ᠎ᠶᠢ ᠨᠢ ᠥᠭᠡᠷᠡᠲᠦᠭᠦᠯᠦᠨ ᠭᠠᠷᠭᠠᠬᠤ᠎ᠶᠢ ᠴᠢᠩᠭ᠎ᠠ ᠴᠠᠭᠠᠵᠠᠯᠠᠵᠤ᠂ ᠪᠠᠭ᠍ᠰᠢ᠎ᠶᠢᠨ ᠡᠩᠨᠡᠭᠡ᠎ᠶᠢ ᠲᠡᠩᠴᠡᠭᠦᠷᠢᠲᠡᠢ ᠲᠣᠬᠢᠷᠠᠭᠤᠯᠬᠤ᠎ᠶᠢ ᠠᠬᠢᠭᠤᠯᠵᠤ᠂ ᠲᠣᠬᠢᠶᠠᠯᠳᠤᠯ᠎ᠢᠶᠠᠷ ᠠᠩᠭᠢ ᠬᠤᠪᠢᠶᠠᠬᠤ᠂ ᠲᠡᠩᠴᠡᠭᠦᠷᠢᠲᠡᠢ ᠠᠩᠭᠢ ᠬᠤᠪᠢᠶᠠᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠩᠭᠢ ᠬᠤᠪᠢᠶᠠᠭᠰᠠᠨ ᠦᠷ᠎ᠡ ᠳ᠋ᠦᠩ᠎ᠢ ᠵᠠᠷᠯᠠᠨ ᠨᠡᠢᠲᠡᠯᠡᠮᠡᠭᠴᠡ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃

✦ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠡ ᠶ᠋ᠢ ᠦᠨᠳᠦᠰᠦᠯᠡᠪᠡᠯ᠂ ᠬᠠᠩᠰᠢ ᠶ᠋ᠢᠨ ᠠᠮᠠᠷᠠᠯᠲᠠ ᠶ᠋ᠢᠨ ᠡᠬᠢᠨ᠎ᠦ ᠡᠳᠦᠷ ᠪᠥᠬᠥ ᠤᠯᠤᠰ᠎ᠲᠤ ᠨᠡᠶ᠋ᠢᠲᠡ 6.63 ᠲᠦᠮᠡᠨ ᠣᠷᠣᠰᠢᠭᠤᠯᠭ᠎ᠠ᠎ᠶᠢᠨ ᠦᠢᠯᠡᠴᠢᠯᠡᠭᠡᠨ᠎ᠦ ᠪᠠᠢᠭᠤᠯᠤᠮᠵᠢ ᠲᠤᠬᠠᠢ᠎ᠶᠢᠨ ᠲᠠᠯᠠᠪᠤᠷ᠎ᠤᠨ ᠲᠠᠬᠢᠯᠭ᠎ᠠ ᠴᠡᠪᠡᠷᠯᠡᠭᠡ ᠵᠢᠨ ᠦᠢᠯᠡᠴᠢᠯᠡᠭᠡ ᠬᠠᠩᠭᠠᠵᠤ᠂ ᠲᠤᠬᠠᠢ᠎ᠶᠢᠨ ᠲᠠᠯᠠᠪᠤᠷ᠎ᠤᠨ ᠲᠠᠬᠢᠯᠭ᠎ᠠ᠎ᠴᠡᠪᠡᠷᠯᠡᠭᠡ ᠳ᠋ᠤ ᠤᠷᠤᠯᠴᠠᠭᠰᠠᠨ ᠣᠯᠠᠨ ᠲᠦᠮᠡᠨ 1928.93 ᠲᠦᠮᠡᠨ ᠬᠥᠮᠥᠨ ᠤᠳᠠᠭ᠎ᠠ ᠳ᠋ᠤ ᠬᠦᠷᠴᠦ᠂ ᠡᠭᠦᠨ᠎ᠳᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠬᠢᠯᠭ᠎ᠠ᠎ᠶᠢᠨ ᠠᠷᠭ᠎ᠠ ᠮᠠᠶᠢᠭ᠋᠎ᠢ ᠰᠣᠩᠭᠣᠭᠰᠠᠨ ᠣᠯᠠᠨ ᠲᠦᠮᠡᠨ 62.73% ᠶ᠋ᠢ ᠡᠵᠡᠯᠡᠪᠡ᠃

✦ ᠲᠣᠰ ᠰᠠᠷ᠎ᠠ᠎ᠠᠴᠠ ᠡᠬᠢᠯᠡᠨ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠡᠮ ᠡᠮᠨᠡᠯᠭᠡ᠎ᠶᠢᠨ ᠳᠠᠭᠠᠳᠬᠠᠯ᠎ᠳ᠋ᠤ ᠪᠠᠬᠲᠠᠬᠤ ᠡᠮ᠎ᠦᠨ ᠵᠦᠢᠯᠡᠰ᠎ᠦᠨ ᠬᠦᠷᠢᠶᠡᠨ᠎ᠳᠡᠬᠢ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ᠎ᠳᠤ ᠴᠣᠬᠢᠯᠲᠠ ᠥᠭᠬᠦ ᠠᠵᠢᠯᠯᠠᠭ᠎ᠠ ᠦᠷᠨᠢᠬᠦᠯᠵᠦ᠂  ᠡᠯ᠎ᠡ ᠭᠠᠵᠠᠷ᠎ᠤᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠦᠨ ᠬᠢᠨ ᠡᠮ᠎ᠦᠨ ᠵᠦᠢᠯᠡᠰ᠎ᠦᠨ ᠰᠡᠵᠢᠭᠲᠡᠢ ᠰᠦᠪᠡᠭᠴᠢ᠎ᠶᠢ ᠬᠠᠷᠭᠤᠭᠤᠯᠤᠨ ᠪᠠᠢᠴᠠᠭᠠᠬᠤ᠎ᠪᠠᠷ ᠭᠠᠷᠳᠠᠴᠠ ᠪᠣᠯᠭᠠᠵᠤ᠂ ᠡᠮ ᠡᠮᠨᠡᠯᠭᠡ᠎ᠶᠢᠨ ᠳᠠᠭᠠᠳᠬᠠᠯ᠎ᠳ᠋ᠤ ᠪᠠᠭᠲᠠᠬᠤ ᠡᠮ᠎ᠦᠨ ᠵᠦᠢᠯᠡᠰ᠎ᠢ ᠰᠣᠯᠢᠬᠤ᠂ ᠭᠡᠷᠡᠴᠢ ᠪᠠᠷᠢᠮᠲᠠ ᠵᠢ ᠬᠣᠭᠣᠰᠤᠯᠠᠬᠤ᠂ ᠵᠣᠷ᠎ᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠲᠣᠭᠲᠠᠭᠠᠯ᠎ᠡᠴᠡ ᠵᠥᠷᠢᠴᠡᠭᠰᠡᠨ ᠠᠰᠠᠭᠤᠳᠠᠯ᠎ᠳᠤ ᠴᠣᠬᠢᠯᠲᠠ ᠥᠭᠴᠦ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠣᠬᠢᠷᠠᠯ᠎ᠢ ᠴᠠᠭ ᠲᠤᠬᠠᠢ ᠳ᠋ᠤᠨᠢ ᠨᠡᠬᠡᠮᠵᠢᠯᠡᠨ ᠠᠪᠴᠢᠷᠠᠬᠤ ᠪᠣᠯᠣᠨ᠎ᠠ᠃

✦ 5᠎ᠤ ᠡᠳᠦᠷ᠎ᠡᠴᠡ ᠡᠬᠢᠯᠡᠨ 《ᠣᠷᠣᠰᠢᠭᠤᠯᠭ᠎ᠠ᠎ᠶᠢᠨ ᠦᠢᠯᠡᠴᠢᠯᠡᠭᠡᠨ᠎ᠦ ᠣᠯᠠᠨ ᠨᠡᠶ᠋ᠢᠲᠡ᠎ᠶᠢᠨ ᠬᠠᠨᠤᠮᠵᠢ ᠵᠢᠨ ᠬᠡᠮᠵᠢᠶ᠎ᠡ᠎ᠶᠢᠨ ᠰᠢᠯᠭᠠᠨ ᠦᠨᠡᠯᠡᠯᠳᠡ》᠂ 《ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠮᠡᠳᠡᠭᠡ ᠵᠠᠩᠭᠢ᠎ᠶᠢᠨ ᠰᠢᠰᠲᠧᠮ᠎ᠦᠨ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ ᠪᠠ ᠰᠣᠯᠢᠯᠴᠠᠬᠤ ᠵᠢᠷᠤᠮᠵᠢᠯ》ᠵᠡᠷᠭᠡ 6 ᠵᠦᠢᠯ᠎ᠦᠨ ᠠᠷᠠᠳ᠎ᠤᠨ ᠶᠠᠪᠤᠳᠠᠯ᠎ᠤᠨ ᠶᠠᠮᠤᠨ᠎ᠤ ᠰᠢᠨ᠎ᠡ᠎ᠪᠡᠷ ᠲᠣᠭᠲᠠᠭᠠᠵᠤ ᠵᠠᠰᠠᠪᠤᠷᠢ ᠣᠷᠣᠭᠤᠯᠤᠭᠰᠠᠨ ᠣᠷᠣᠰᠢᠭᠤᠯᠭ᠎ᠠ ᠶ᠋ᠢᠨ ᠠᠵᠢᠯ ᠲᠥᠷᠥᠯ᠎ᠦᠨ ᠪᠠᠷᠢᠮᠵᠢᠶ᠎ᠠ᠎ᠶᠢ ᠡᠬᠢᠯᠡᠨ ᠬᠡᠷᠡᠭᠵᠢᠭᠦᠯᠵᠦ᠂ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ᠂ ᠦᠢᠯᠡᠴᠢᠯᠡᠭᠡᠨ᠎ᠦ ᠶᠠᠰᠤ ᠴᠢᠨᠠᠷ᠎ᠢ ᠰᠢᠯᠢᠳᠡᠭᠵᠢᠭᠦᠯᠬᠦ᠂ ᠪᠠᠷᠢᠮᠵᠢᠶ᠎ᠠ ᠪᠠᠷ ᠠᠵᠢᠯ ᠲᠥᠷᠥᠯ᠎ᠢ ᠵᠢᠷᠤᠮᠵᠢᠭᠤᠯᠬᠤ᠂ ᠨᠥᠭᠴᠢᠭᠰᠡᠳ᠎ᠦᠨ ᠨᠡᠷ᠎ᠡ ᠬᠦᠨᠳᠦ᠎ᠶᠢ ᠨᠠᠩ ᠰᠠᠢᠲᠤᠷ ᠬᠠᠮᠠᠭᠠᠯᠠᠬᠤ ᠳ᠋ᠤ ᠠᠩᠬᠠᠷᠤᠯ᠎ᠢᠶᠠᠨ ᠲᠥᠪᠯᠡᠷᠡᠭᠦᠯᠪᠡ᠃

✦ ᠤᠷᠴᠢᠮ ᠡᠴᠡ ᠥᠪᠥᠷ ᠮᠣᠩᠭᠣᠯ ᠬᠠᠪᠤᠷ᠎ᠤᠨ ᠤᠯᠠᠷᠢᠯ᠎ᠤᠨ ᠴᠡᠴᠡᠭ᠎ᠦᠨ ᠲᠣᠭᠣᠰᠣᠨ᠎ᠤ ᠤᠯᠠᠷᠢᠯ᠎ᠳᠤ ᠤᠷᠤᠵᠠᠢ᠃ 4 ᠰᠠᠷ᠎ᠠ᠎ᠶᠢᠨ 5᠎ᠤ ᠡᠳᠦᠷ᠎ᠦᠨ ᠴᠡᠴᠡᠭ᠎ᠦᠨ ᠲᠣᠭᠣᠰᠣᠨ᠎ᠤ ᠥᠳᠬᠡᠴᠡ᠎ᠶᠢᠨ ᠬᠡᠮᠵᠢᠶ᠎ᠡ᠎ᠶᠢᠨ ᠪᠠᠢᠴᠠᠭᠠᠯᠳᠠ ᠳ᠋ᠤ ᠣᠷᠳᠣᠰ᠂ ᠤᠯᠠᠭᠠᠨᠬᠠᠳᠠ ᠮᠠᠰᠢ ᠥᠨᠳᠥᠷ ᠲᠠᠰ ᠲᠦ᠍ ᠬᠦᠷᠴᠦ᠂ ᠬᠥᠬᠡᠬᠣᠲᠠ᠂ ᠲᠦᠩᠯᠢᠶᠣᠣ ᠦᠨᠳᠦᠷ ᠲᠠᠰ ᠪᠠᠢᠵᠦ᠂ ᠪᠤᠰᠤᠳ ᠭᠠᠵᠠᠷ ᠣᠷᠣᠨ ᠳᠣᠣᠷ᠎ᠠ ᠳᠡᠰ ᠲᠦ᠍ ᠬᠦᠷᠴᠠᠢ᠃

✦ ᠣᠢᠷ᠎ᠠ᠎ᠳᠤ ᠥᠪᠥᠷ ᠮᠣᠩᠭᠣᠯ ᠬᠣᠲᠠ᠎ᠶᠢᠨ ᠵᠠᠮ᠎ᠢ ᠨᠠᠷᠢᠯᠢᠭ᠍ᠵᠢᠭᠤᠯᠤᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ᠎ᠶᠢ ᠪᠦᠬᠦ ᠲᠠᠯ᠎ᠠ᠎ᠪᠠᠷ ᠥᠷᠨᠢᠭᠦᠯᠵᠦ᠂ ᠬᠣᠲᠠ᠎ᠶᠢᠨ ᠵᠠᠮ ᠬᠠᠷᠢᠯᠴᠠᠭᠠᠨ᠎ᠤ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠬᠢᠨ 《ᠬᠣᠣᠰ ᠵᠠᠭᠤᠨ ᠢᠨᠵᠧᠨᠧᠷᠢᠩ》᠎ᠢ ᠬᠡᠷᠡᠭᠵᠢᠭᠦᠯᠬᠦ᠎ᠪᠡᠷ ᠪᠣᠶ᠂ ᠲᠤᠬᠠᠢᠯᠠᠪᠠᠯ ᠪᠥᠬᠥ ᠣᠷᠣᠨ᠎ᠤ ᠬᠡᠪᠴᠢᠶᠡᠨ᠎ᠳᠦ 100 ᠭᠣᠣᠯᠳᠠᠯᠭ᠎ᠠ᠎ᠲᠠᠢ ᠣᠷᠣᠨ ᠪᠦᠰᠡ ᠪᠠ 100 ᠲᠦᠭᠵᠢᠷᠡᠯ᠎ᠦᠨ ᠴᠡᠭ᠎ᠢ ᠰᠣᠩᠭᠣᠨ ᠪᠡᠷᠬᠡ ᠰᠡᠳᠦᠪ᠎ᠢ ᠲᠥᠪᠯᠡᠷᠡᠭᠦᠯᠦᠨ ᠰᠢᠢᠳᠪᠦᠷᠢᠯᠡᠬᠦ ᠪᠤᠯᠤᠨ᠎ᠠ ᠃

✦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 4 ᠰᠠᠷ᠎ᠠ ᠶ᠋ᠢᠨ 1᠎ᠦ ᠡᠳᠦᠷ᠎ᠡᠴᠡ ᠡᠬᠢᠯᠡᠨ ᠥᠪᠥᠷ ᠮᠣᠩᠭᠣᠯ᠎ᠤᠨ 9.7 ᠳ᠋ᠦᠩᠰᠢᠭᠤᠷ ᠮᠦ᠍ ᠨᠤᠲᠤᠭ ᠪᠡᠯᠴᠢᠭᠡᠷ ᠵᠠᠯᠭᠠᠭ᠎ᠠ᠎ᠪᠠᠷ ᠪᠡᠯᠴᠢᠭᠡᠷᠯᠡᠬᠦᠯᠬᠦ᠎ᠶᠢ ᠵᠣᠭᠰᠤᠭᠠᠬᠤ ᠬᠤᠭᠤᠴᠠᠭᠠᠨ᠎ᠳᠤ ᠣᠷᠣᠭᠰᠠᠨ ᠪᠠᠢᠨ᠎ᠠ᠃ ᠡᠭᠦᠨ᠎ᠳᠦ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠣᠷᠣᠨ᠎ᠤ ᠨᠤᠲᠤᠭ ᠪᠡᠯᠴᠢᠭᠡᠷ᠎ᠲᠦ 45 ᠡᠳᠦᠷ ᠡᠴᠡ ᠳᠤᠲᠠᠭᠤ ᠦᠭᠡᠢ ᠬᠠᠪᠤᠷ᠎ᠤᠨ ᠤᠯᠠᠷᠢᠯ᠎ᠤᠨ ᠪᠡᠯᠴᠢᠭᠡᠷ ᠰᠡᠷᠭᠦᠭᠡᠬᠦ ᠳᠦᠷᠢᠮ ᠢ᠋ ᠬᠡᠷᠡᠭᠵᠢᠭᠦᠯᠵᠦ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠪᠠ ᠱᠠᠩᠨᠠᠯ᠎ᠤᠨ ᠲᠥᠷᠥ᠎ᠶᠢᠨ ᠪᠣᠳᠣᠯᠭ᠎ᠠ᠎ᠶᠢ ᠵᠡᠷᠭᠡ ᠳ᠋ᠦ᠍ᠨᠢ ᠬᠡᠷᠡᠭᠵᠢᠭᠦᠯᠦᠨ᠎ᠡ᠃

✦ ᠣᠢᠷ᠎ᠠ᠎ᠳᠦ ᠠᠯᠠᠱᠠ ᠠᠢᠮᠠᠭ᠎ᠤᠨ ᠣᠢ ᠰᠢᠭᠤᠢ ᠪᠠ ᠨᠤᠲᠤᠭ ᠪᠡᠯᠴᠢᠭᠡᠷ᠎ᠦᠨ  ᠰᠤᠳᠤᠯᠭᠠᠨ᠎ᠤ ᠭᠠᠵᠠᠷ᠎ᠠᠴᠠ ᠳᠠᠭᠠᠭᠠᠴᠢᠯᠠᠨ ᠪᠡᠶᠡᠯᠡᠭᠦᠯᠵᠦ ᠪᠠᠢᠭ᠎ᠠ ᠲᠥᠪ᠎ᠦᠨ ᠡᠳ᠋᠎ᠦᠨ ᠵᠠᠰᠠᠭ᠎ᠤᠨ ᠣᠢ ᠰᠢᠭᠤᠢ ᠪᠠ ᠨᠤᠲᠤᠭ ᠪᠡᠯᠴᠢᠭᠡᠷ᠎ᠦᠨ ᠰᠢᠨᠵᠢᠯᠡᠭᠡ ᠮᠡᠷᠭᠡᠵᠢᠯ᠎ᠢ ᠳᠡᠯᠭᠡᠷᠡᠭᠦᠯᠦᠨ ᠵᠢᠱ᠌ᠢᠶ᠎ᠡ ᠦᠵᠡᠭᠦᠯᠬᠦ 《ᠪᠥᠭᠡᠷᠡᠭ᠎ᠦᠨ ᠦᠷ᠎ᠡ ᠪᠣᠢᠵᠢᠭᠤᠯᠬᠤ ᠪᠠ ᠣᠢᠵᠢᠭᠤᠯᠬᠤ ᠮᠡᠷᠭᠡᠵᠢᠯ᠎ᠢ ᠳᠡᠯᠭᠡᠷᠡᠭᠦᠯᠬᠦ》 ᠲᠥᠷᠥᠯ ᠵᠦᠢᠯ  ᠠᠮᠵᠢᠯᠲᠠ᠎ᠲᠠᠢ ᠶᠠᠪᠤᠭᠳᠠᠵᠤ᠂ ᠠᠯᠠᠱᠠ ᠵᠡᠭᠦᠨ ᠬᠣᠰᠢᠭᠤᠨ᠎ᠤ ᠵᠢᠷᠠᠲᠠᠢ ᠪᠠᠯᠭᠠᠰᠤᠨ ᠳ᠋ᠤ ᠤᠯᠠᠭᠠᠨ ᠭᠣᠶᠣᠣ ᠲᠠᠷᠢᠬᠤ ᠲᠤᠷᠰᠢᠯᠲᠠ᠎ᠶᠢᠨ  ᠵᠢᠱ᠌ᠢᠶ᠎ᠡ ᠦᠵᠡᠭᠦᠯᠬᠦ ᠣᠷᠣᠨ ᠪᠠᠢᠭᠤᠯᠤᠭᠳᠠᠵᠠᠢ᠃

✦ ᠣᠲᠣᠭ᠎ᠤᠨ ᠡᠮᠦᠨᠡᠲᠦ ᠬᠣᠰᠢᠭᠤ ᠵᠢᠨ 2026 ᠣᠨ᠎ᠤ 《ᠬᠣᠶᠠᠷ ᠥᠮᠡᠨ ᠳᠥᠷᠪᠡᠨ ᠥᠨᠳᠥᠷ》᠎ᠢ ᠦᠨ᠎ᠡ ᠲᠥᠯᠥᠪᠦᠷᠢ ᠦᠭᠡᠢ ᠰᠢᠭ᠌ᠰᠢᠨ ᠪᠠᠢᠴᠠᠭᠠᠬᠤ ᠠᠵᠢᠯ ᠲᠦᠷᠦᠭᠦᠬᠡᠨ ᠡᠬᠢᠯᠡᠵᠦ᠂ ᠡᠯ᠎ᠡ ᠡᠷᠡᠭᠦᠯ ᠬᠠᠮᠠᠭᠠᠯᠠᠯ᠎ᠤᠨ ᠬᠣᠷᠢᠶ᠎ᠠ ᠪᠠ ᠪᠠᠯᠭᠠᠰᠤᠨ᠎ᠤ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠶᠢᠨ ᠦᠢᠯᠡᠴᠢᠯᠡᠭᠡᠨ ᠤ᠋ ᠲᠥᠪ᠎ᠲᠦ ᠵᠢᠷᠭᠤᠭᠠᠨ ᠡᠳᠦᠷ᠎ᠦᠨ ᠬᠤᠭᠤᠴᠠᠭ᠎ᠠ᠎ᠲᠠᠢ ᠶᠠᠪᠤᠭᠳᠠᠨ᠂ ᠣᠷᠳᠣᠰ ᠬᠤᠲᠠ᠎ᠶᠢᠨ ᠡᠷᠦᠬᠡ ᠠᠮᠠ᠎ᠲᠠᠢ 40 ᠨᠠᠰᠤᠨ᠎ᠠᠴᠠ ᠳᠡᠭᠡᠭᠰᠢᠬᠢ ᠰᠠᠭᠤᠭᠠᠯᠢ ᠠᠷᠠᠳ᠎ᠲᠤ ᠪᠠᠢᠴᠠᠭᠠᠯᠲᠠ ᠬᠢᠵᠦ ᠦᠭᠪᠡ᠃


ᠠᠵᠤ ᠠᠬᠤᠢ

✦ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠶᠢᠨ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠠᠴᠠ ᠦᠵᠡᠪᠡᠯ᠂ ᠣᠲᠣᠬᠠᠨ ᠪᠣᠯᠲᠠᠯ᠎ᠠ ᠪᠥᠬᠥ ᠤᠯᠤᠰ᠎ᠤᠨ ᠡᠯ᠎ᠡ ᠲᠥᠷᠥᠯ᠎ᠦᠨ ᠠᠮᠤ ᠪᠤᠳᠠᠭᠠᠨ᠎ᠤ ᠡᠵᠡᠩᠨᠡᠯᠲᠡ᠎ᠶᠢᠨ ᠭᠣᠣᠯ ᠴᠣᠭᠴᠠ᠎ᠶᠢᠨ ᠬᠤᠳᠠᠯᠳᠤᠨ ᠠᠪᠤᠭᠰᠠᠨ ᠨᠠᠮᠤᠷ᠎ᠤᠨ ᠠᠮᠤ ᠪᠤᠳᠠᠭ᠎ᠠ 3.2 ᠳ᠋ᠦᠩᠰᠢᠭᠤᠷ ᠲᠣᠨ᠎ᠢ ᠳᠠᠪᠠᠵᠤ᠂ ᠣᠢᠷ᠎ᠠ᠎ᠶᠢᠨ ᠵᠢᠯ᠎ᠦᠨ ᠨᠡᠯᠢᠶᠡᠳ ᠥᠨᠳᠥᠷ ᠲᠦᠪᠰᠢᠨ᠎ᠳᠦ ᠬᠦᠷᠴᠡᠢ᠃ ᠵᠠᠬ᠎ᠠ ᠳᠡᠯᠭᠡᠭᠦᠷ᠎ᠦᠨ ᠦᠨ᠎ᠡ ᠬᠠᠩᠰᠢ ᠲᠣᠭᠲᠠᠭᠤᠨ ᠪᠠᠢᠬᠤ᠎ᠶᠢᠨ ᠵᠡᠷᠭᠡ᠎ᠳᠦ ᠳᠡᠭᠡᠭᠰᠢᠯᠡᠯᠲᠡ᠎ᠲᠠᠢ ᠪᠣᠯᠵᠤ᠂ ᠴᠢᠨᠠᠷ ᠰᠠᠢᠲᠠᠢ ᠪᠥᠭᠡᠳ ᠥᠨᠳᠥᠷ ᠦᠨ᠎ᠡ᠎ᠲᠠᠢ ᠪᠠᠢᠬᠤ ᠣᠨᠴᠠᠯᠢᠭ᠋ ᠨᠠᠩ ᠲᠣᠪᠣᠢᠮ᠎ᠠ ᠪᠣᠯᠪᠠ᠃

✦ ᠤᠳᠤᠬᠠᠨ ᠪᠣᠯᠲᠠᠯ᠎ᠠ ᠰᠢᠯᠢ᠎ᠶᠢᠨ ᠭᠣᠣᠯ ᠠᠢᠮᠠᠭ 389 ᠲᠦᠮᠡᠨ ᠲᠦᠯ ᠲᠤᠰᠴᠤ᠂ ᠠᠳᠠᠯᠢ ᠬᠤᠭᠤᠴᠠᠭᠠᠨ᠎ᠤ ᠬᠢ᠎ᠡᠴᠡ 6.9% ᠨᠡᠮᠡᠭᠳᠡᠵᠦ᠂ ᠤᠨᠳᠤᠷᠤᠯᠲᠠ᠎ᠶᠢᠨ ᠨᠤᠷᠮ᠎ᠠ 99.87% ᠳ᠋ᠤ ᠬᠦᠷᠴᠡᠢ᠃ ᠡᠭᠦᠨ᠎ᠳᠦ ᠪᠤᠳᠠ ᠮᠠᠯ 54.7 ᠲᠦᠮᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 10.2% ᠵᠢᠡᠷ ᠨᠡᠮᠡᠭᠳᠡᠵᠦ᠂ ᠪᠣᠭ ᠮᠠᠯ 334.2 ᠲᠦᠮᠡ ᠪᠠᠢᠵᠤ᠂ ᠠᠳᠠᠯᠢ ᠬᠤᠭᠤᠴᠠᠭᠠᠨ ᠤ᠋ ᠬᠢ᠎ᠡᠴᠡ 6.3% ᠨᠡᠮᠡᠭᠳᠡᠪᠡ᠃ 2026 ᠣᠨ᠎ᠳᠤ ᠵᠢᠱ᠌ᠢᠯᠲᠡ ᠪᠡᠷ ᠪᠥᠬᠥ ᠵᠢᠯ᠎ᠳᠦ 680 ᠲᠦᠮᠡ ᠣᠷᠴᠢᠮ ᠲᠥᠯ ᠲᠤᠰᠴᠤ᠂ ᠪᠥᠬᠥ ᠵᠢᠯ᠎ᠦᠨ 57.2% ᠢ᠋ ᠨᠢᠭᠡᠨᠲᠡ ᠪᠡᠶᠡᠯᠡᠭᠦᠯᠦᠭᠰᠡᠨ ᠪᠠᠢᠨ᠎ᠠ᠃

 

ᠰᠣᠶᠣᠯ

✦ ᠣᠢᠷ᠎ᠠ᠎ᠳᠤ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠠ᠋ᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠬᠡᠷᠡᠯ ᠵᠢᠷᠤᠭ᠍ᠴᠢᠳ᠎ᠤᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠭᠰᠡᠨ 2025 ᠣᠨ᠎ᠤ ᠠᠭᠠᠷ ᠠ᠋ᠴᠠ ᠰᠡᠭᠦᠳᠡᠷᠯᠡᠭᠰᠡᠨ ᠥᠪᠥᠷ ᠮᠣᠩᠭᠣᠯ᠎ᠤᠨ ᠵᠡᠭᠦᠨ ᠳᠥᠷᠪᠡᠨ ᠠᠢᠮᠠᠭ ᠬᠣᠲᠠ᠎ᠶᠢᠨ ᠡᠬᠡ ᠭᠠᠵᠠᠷ᠎ᠤᠨ ᠥᠪ᠎ᠦᠨ ᠦᠵᠡᠰᠬᠦᠯᠡᠩ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠡᠬᠢᠯᠡᠵᠦ᠂ 4 ᠰᠠᠷ᠎ᠠ᠎ᠶᠢᠨ 12᠎ᠤᠨ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ᠃

✦ ᠡᠨᠡ ᠵᠢᠯ᠎ᠤᠨ 7 ᠰᠠᠷ᠎ᠠ ᠳ᠋ᠤ 《ᠰᠦᠨ ᠨᠠᠭᠤᠷ᠎ᠤᠨ ᠬᠤᠷᠢᠮ》 ᠭᠡᠬᠦ ᠺᠢᠨᠣ᠋ ᠵᠢ ᠲᠠᠶ᠋ᠢᠹᠤᠰᠸ ᠬᠣᠰᠢᠭᠤᠨ᠎ᠳᠤ ᠰᠡᠬᠦᠳᠡᠷᠯᠡᠬᠦ ᠪᠡᠷ ᠪᠤᠢ᠃ ᠣᠲᠣ᠌ ᠨᠢᠭᠡᠨᠲᠡ ᠰᠦᠯᠵᠢᠶᠡᠨ ᠳᠡᠭᠡᠷᠡᠬᠢ ᠪᠡᠯᠡᠳᠬᠡᠯ ᠱᠠᠲᠤᠨ᠎ᠳᠤ ᠣᠷᠣᠵᠤ᠂ ᠨᠡᠢᠭᠡᠮ ᠨᠡᠢᠳᠡ᠎ᠡᠴᠡ ᠢᠯᠡ᠎ᠪᠡᠷ ᠲᠣᠭᠯᠠᠭ᠍ᠴᠢ ᠡᠯᠰᠡᠵᠦ ᠪᠠᠢᠨ᠎ᠠ᠃

 

ᠲᠠᠮᠢᠷ

✦ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠰᠦᠯᠵᠢᠶ᠎ᠡ ᠵᠢᠨ ᠮᠡᠳᠡᠭᠡ ᠵᠢ ᠦᠨᠳᠦᠰᠦᠯᠡᠪᠡᠯ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ᠎ᠦᠨ ᠲᠡᠷᠢᠭᠦᠯᠡᠭᠴᠢ ᠰᠥᠩ ᠺᠠᠢ ᠴᠣᠷ᠎ᠤᠨ ᠭᠠᠭᠴᠠ ᠵᠢᠱ᠌ᠢᠭᠳᠡᠭᠴᠢ᠎ᠶᠢᠨ ᠬᠤᠪᠢ᠎ᠪᠠᠷ ᠰᠢᠨ᠎ᠡ ᠨᠢᠭᠡ ᠬᠤᠭᠤᠴᠠᠭᠠᠨ᠎ᠤ ᠵᠡᠭᠦᠨ ᠠᠽᠢᠶ᠎ᠠ᠎ᠶᠢᠨ ᠬᠥᠯ ᠪᠥᠮᠪᠥᠭᠡ᠎ᠶᠢᠨ ᠬᠣᠯᠪᠣᠭ᠎ᠠ ᠵᠢᠨ ᠲᠡᠷᠢᠭᠦᠯᠡᠭᠴᠢ᠎ᠪᠡᠷ ᠠᠮᠵᠢᠯᠲᠠᠲᠠᠢ ᠰᠣᠩᠭᠣᠭᠳᠠᠵᠦ᠂ 2028 ᠣᠨ ᠪᠤᠯᠳᠠᠯ᠎ᠠ ᠳᠤᠰᠢᠶᠠᠯ ᠡᠭᠦᠷᠭᠡᠯᠡᠨ᠎ᠠ᠃

✦ ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠣᠶᠤᠲᠠᠳ᠎ᠤᠨ ᠲᠠᠮᠢᠷ᠎ᠤᠨ ᠴᠤᠭᠯᠠᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠡᠬᠢᠯᠡᠵᠦ᠂ ᠨᠡᠶ᠋ᠢᠲᠡ 10 ᠶᠡᠬᠡ ᠲᠥᠷᠥᠯ᠂ 339 ᠵᠦᠢᠯ᠎ᠤᠨ ᠤᠷᠤᠯᠳᠤᠭᠠᠨ ᠲᠣᠬᠢᠷᠠᠭᠤᠯᠤᠭᠰᠠᠨ ᠪᠠᠢᠨ᠎ᠠ᠃ 4 ᠰᠠᠷ᠎ᠠ᠎ᠳᠤ ᠰᠠᠭᠰᠤᠨ ᠪᠥᠮᠪᠥᠭᠡ᠂ ᠬᠥᠯ ᠪᠥᠮᠪᠥᠭᠡ ᠵᠡᠷᠭᠡ ᠤᠷᠤᠯᠳᠤᠭᠠᠨ᠎ᠢ ᠤᠷᠢᠳ᠎ᠢᠶᠠᠷ ᠡᠬᠢᠯᠡᠭᠦᠯᠵᠦ᠂ 6 — 7 ᠰᠠᠷ᠎ᠠ᠎ᠶᠢᠨ ᠡᠬᠢ ᠪᠣᠯᠲᠠᠯ᠎ᠠ ᠠᠯᠠᠭᠠᠳᠠᠬᠤ ᠪᠥᠮᠪᠥᠭᠡ᠂ ᠥᠳᠥᠨ ᠪᠥᠮᠪᠥᠭᠡ ᠵᠡᠷᠭᠡ ᠤᠷᠤᠯᠳᠤᠭᠠᠨ᠎ᠢ ᠶᠠᠪᠤᠭᠳᠠᠭᠤᠯᠵᠦ᠂ ᠤᠷᠤᠯᠳᠤᠭᠠᠨ᠎ᠳᠤ ᠣᠷᠣᠯᠴᠠᠭᠰᠠᠨ ᠪᠦᠬᠦ ᠬᠥᠮᠥᠨ᠎ᠦ ᠲᠣᠭ᠎ᠠ 10000 ᠬᠥᠮᠥᠨ ᠤᠳᠠᠭ᠎ᠠ᠎ᠳᠤ ᠬᠦᠷᠬᠦ ᠪᠣᠯᠣᠨ᠎ᠠ᠃


ᠳᠡᠯᠡᠬᠡᠢ

✦ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠲᠠᠷᠢᠶᠠᠯᠠᠩ ᠤ᠋ᠨ ᠵᠣᠬᠢᠶᠠᠨ ᠪᠠᠢᠭᠤᠯᠤᠯᠲᠠ 3᠎ᠤ ᠡᠳᠦᠷ ᠮᠡᠳᠡᠭᠦᠯᠦᠯᠲᠡ ᠨᠡᠢᠲᠡᠯᠡᠵᠦ ᠬᠡᠯᠡᠬᠦ ᠳ᠋ᠡᠭᠡᠨ᠂ ᠳᠤᠮᠳᠠᠳᠤ ᠳᠣᠷᠣᠨᠠᠲᠤ᠎ᠶᠢᠨ ᠮᠥᠷᠭᠥᠯᠳᠦᠭᠡᠨ ᠡᠨᠧᠷᠭᠢ᠎ᠶᠢᠨ ᠦᠨ᠎ᠡ ᠶ᠋ᠢ ᠥᠰᠬᠡᠬᠰᠡᠨ ᠡᠴᠡ ᠲᠠᠷᠢᠶᠠᠯᠠᠩ᠎ᠤᠨ ᠦᠢᠯᠡᠳᠪᠦᠷᠢᠯᠡᠯ ᠪᠠ ᠲᠡᠭᠡᠭᠡᠪᠦᠷᠢ᠎ᠶᠢᠨ ᠦᠪᠡᠷ᠎ᠤᠨ ᠦᠷᠳᠡᠭ ᠳᠡᠭᠡᠭᠰᠢᠯᠡᠵᠦ᠂ 2026 ᠣᠨ᠎ᠤ 3 ᠰᠠᠷ᠎ᠠ᠎ᠳᠤ ᠪᠥᠬᠥ ᠳᠡᠯᠡᠬᠡᠢ᠎ᠶᠢᠨ ᠢᠳᠡᠭᠡᠨ᠎ᠦ ᠵᠦᠢᠯ᠎ᠦᠨ ᠦᠨ᠎ᠡ᠎ᠶᠢᠨ ᠵᠢᠭᠠᠯᠲᠠ ᠲᠣᠭ᠎ᠠ ᠳᠡᠭᠡᠷ᠎ᠠ ᠰᠠᠷ᠎ᠠ᠎ᠶᠢᠨ ᠬᠢ᠎ᠡᠴᠡ᠎ᠪᠡᠨ 2.4% ᠪᠡᠷ ᠥᠰᠴᠦ᠂ ᠬᠣᠶᠠᠷ ᠰᠠᠷ᠎ᠠ ᠳᠠᠷᠠᠭᠠᠯᠠᠨ ᠥᠰᠴᠠᠢ᠃

✦ ᠺᠣᠷᠢᠶᠠ ᠶ᠋ᠢᠨ ᠶᠡᠷᠦᠩᠬᠡᠢᠯᠡᠭᠴᠢ ᠶ᠋ᠢᠨ ᠣᠷᠳᠣᠨ 3᠎ᠤ ᠡᠳᠦᠷ ᠢᠯᠡᠷᠬᠡᠢᠯᠡᠭᠰᠡᠨ ᠵᠢᠡᠷ᠂ ᠳᠤᠮᠳᠠᠳᠤ ᠳᠣᠷᠣᠨᠠᠲᠤ ᠶ᠋ᠢᠨ ᠪᠠᠢᠳᠠᠯ ᠲᠣᠭᠲᠠᠭᠤᠨ ᠦᠭᠡᠢ᠎ᠡᠴᠡ ᠪᠣᠯᠤᠭᠰᠠᠨ ᠡᠨᠧᠷᠭᠢ ᠶ᠋ᠢᠨ ᠬᠠᠩᠭᠠᠯᠭ᠎ᠠ ᠶ᠋ᠢᠨ ᠪᠠᠴᠢᠮ ᠪᠠᠢᠳᠠᠯ ᠢ᠋ ᠠᠷᠭᠠᠴᠠᠭᠠᠬᠤ  ᠶ᠋ᠢᠨ ᠲᠥᠯᠥᠭᠡ᠂ ᠵᠠᠰᠠᠭ᠎ᠤᠨ ᠣᠷᠳᠣᠨ ᠱᠠᠩᠨᠠᠵᠦ ᠨᠦᠬᠦᠪᠦᠷᠢᠯᠡᠬᠦ ᠠᠷᠭ᠎ᠠ ᠪᠡᠷ ᠠᠷᠠᠳ ᠣᠯᠠᠨ᠎ᠤ ᠣᠷᠭᠢᠯ ᠪᠤᠰᠤ ᠦᠶ᠎ᠡ᠎ᠳᠦ ᠭᠠᠳᠠᠭ᠍ᠰᠢ ᠭᠠᠷᠬᠤ᠎ᠳᠤ ᠰᠠᠨᠠᠭᠠᠴᠢᠯᠠᠭ᠎ᠠ ᠠ᠋ᠴᠠ᠎ᠪᠠᠨ ᠣᠯᠠᠨ ᠨᠡᠶ᠋ᠢᠲᠡ ᠶ᠋ᠢᠨ ᠵᠠᠮ ᠬᠠᠷᠢᠯᠴᠠᠭ᠎ᠠ ᠵᠢ ᠠᠰᠢᠬᠯᠠᠬᠤ ᠵᠢ ᠳᠡᠮᠵᠢᠬᠦ ᠪᠡᠷ ᠲᠦᠯᠦᠪᠯᠡᠵᠦ ᠪᠠᠢᠨ᠎ᠠ ᠭᠡᠵᠡᠢ᠃

 

ᠦᠢ᠍ᠯᠡᠴᠢᠯᠡᠭᠡ

✦ ᠲᠦᠩᠯᠢᠶᠣᠣ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ 10 ᠠᠵᠢᠯᠲᠠᠨ ᠡᠯᠰᠡᠨ᠎ᠠ᠃ 


ᠲᠠᠨ᠎ᠤ ᠲᠤᠰᠠ᠎ᠳᠤ

✦ ᠬᠠᠪᠤᠷ᠎ᠤᠨ ᠤᠯᠠᠷᠢᠯ᠎ᠤᠨ ᠠᠭᠠᠷ᠎ᠤᠨ ᠳᠤᠯᠠᠭᠠᠨ ᠳᠤᠭᠲᠠᠪᠤᠷᠢ ᠦᠭᠡᠢ᠂ ᠡᠳᠦᠷ ᠰᠦᠨᠢ᠎ᠶᠢᠨ ᠳᠤᠯᠠᠭᠠᠨ᠎ᠤ ᠵᠥᠷᠢᠶ᠎ᠡ ᠶᠡᠬᠡ ᠪᠠᠢᠳᠠᠭ ᠡᠴᠡ ᠠᠮᠠᠷᠬᠠᠨ ᠬᠢᠮᠤᠷᠠᠭ᠎ᠠ ᠲᠠᠭᠰᠢᠭᠤᠷ ᠳᠡᠯᠭᠡᠷᠡᠳᠡᠭ᠃ ᠬᠤᠪᠴᠠᠰᠤ ᠬᠤᠨᠠᠷ᠎ᠢᠶᠠᠨ ᠴᠠᠭ ᠲᠤᠬᠠᠢ ᠳ᠋ᠤᠨᠢ ᠵᠤᠵᠠᠭᠠᠯᠠᠵᠤ ᠨᠢᠮᠭᠡᠯᠡᠬᠦ᠎ᠶᠢ ᠠᠩᠬᠠᠷᠴᠤ᠂ ᠴᠣᠩᠬᠣ᠌᠎ᠪᠠᠨ ᠨᠡᠭᠡᠭᠡᠵᠦ ᠰᠠᠯᠬᠢ ᠨᠡᠪᠲᠡᠷᠡᠬᠦ᠎ᠶᠢ ᠪᠠᠲᠤᠯᠠᠬᠤ ᠬᠡᠷᠡᠭᠳᠡᠢ᠃ ᠬᠥᠮᠥᠨ ᠣᠯᠠᠨ ᠴᠤᠭᠯᠠᠷᠠᠭᠰᠠᠨ ᠪᠢᠲᠡᠭᠦᠦ ᠭᠠᠵᠠᠷ᠎ᠲᠤ ᠴᠥᠭᠡᠨ ᠣᠴᠢᠵᠤ᠂ ᠭᠠᠷ᠎ᠢᠶᠠᠨ ᠰᠠᠢᠲᠤᠷ ᠤᠬᠢᠶᠠᠬᠤ ᠬᠡᠷᠡᠭᠳᠡᠢ᠃ ᠤᠰᠤ ᠠᠷᠪᠢᠨ ᠤᠤᠭᠤᠵᠤ᠂ ᠸᠢᠲ᠋ᠠᠮᠢᠨ ᠡᠯᠪᠡᠭ ᠠᠭᠤᠯᠤᠭᠰᠠᠨ ᠨᠣᠭᠣᠭ᠎ᠠ ᠵᠢᠮᠢᠰ᠎ᠢ ᠢᠯᠡᠭᠦᠦ ᠢᠳᠡᠵᠦ᠂ ᠵᠣᠬᠢᠬᠤ ᠬᠡᠮᠵᠢᠶᠡᠨ᠎ᠦ ᠪᠡᠶ᠎ᠠ ᠵᠢᠨ ᠪᠣᠯᠪᠠᠰᠤᠷᠠᠯ ᠬᠢᠵᠦ᠂ ᠸᠢᠷᠦ᠋ᠰ᠎ᠦᠨ ᠬᠠᠯᠳᠠᠪᠤᠷᠢᠯᠠᠯ᠎ᠢ ᠪᠠᠭᠠᠰᠬᠠᠬᠤ ᠬᠡᠷᠡᠭᠳᠡᠢ᠃

ᠵᠠᠯᠭᠠᠭᠠᠳ 《ᠮᠢᠨᠦ ᠰᠠᠢᠬᠠᠨ ᠡᠭᠡᠴᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 (ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号