4 ᠰᠠᠷ᠎ᠠ᠎ᠶᠢᠨ 8᠎ᠤ ᠡᠳᠦᠷ
ᠡᠬᠢᠯᠡᠬᠦ᠌ ᠴᠠᠭ᠄
2026-04-08 10:14:54
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄

01封面模板_01.png


02天气模板_01.png


03盟市模板_01.png


ᠨᠡᠢ᠌ᠭᠡᠮ

✦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠬᠠᠩᠰᠢ᠎ᠶᠢᠨ ᠠᠮᠠᠷᠠᠯᠲᠠ ᠵᠢᠨ ᠬᠤᠭᠤᠴᠠᠭᠠᠨ᠎ᠳᠤ᠂ ᠪᠥᠬᠥ ᠨᠡᠢᠭᠡᠮ᠎ᠦᠨ ᠣᠷᠣᠨ ᠪᠦᠰᠡ ᠠᠯᠤᠰᠯᠠᠭᠰᠠᠨ ᠬᠥᠮᠥᠰ ᠦ᠋ᠨ ᠰᠢᠯᠵᠢᠯᠲᠡ᠎ᠶᠢᠨ ᠬᠡᠮᠵᠢᠶ᠎ᠡ 8.4 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠡᠳᠦᠷ ᠳᠤᠮᠳᠠᠴᠢ᠎ᠪᠠᠷ 2.8 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠷᠤᠭ 6% ᠪᠡᠷ ᠨᠡᠮᠡᠭᠳᠡᠪᠡ᠃ ᠡᠭᠦᠨ᠎ᠳᠦ᠂ ᠲᠡᠮᠦᠷ ᠵᠠᠮ᠂ ᠵᠠᠰᠠᠮᠠᠯ ᠵᠠᠮ᠎ᠤᠨ ᠠᠩᠬᠠᠨ᠎ᠤ ᠡᠳᠦᠷ᠎ᠦᠨ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ ᠴᠥᠮ ᠲᠡᠦᠬᠡ᠎ᠶᠢᠨ ᠠᠳᠠᠯᠢ ᠬᠤᠭᠤᠴᠠᠭᠠᠨ᠎ᠤ ᠣᠷᠭᠢᠯ ᠬᠡᠮᠵᠢᠭᠳᠡᠯ᠎ᠡᠴᠡ ᠳᠠᠪᠠᠭᠰᠠᠨ ᠪᠠᠢᠨ᠎ᠠ᠃

✦ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶ᠎ᠠ ᠠᠯᠪᠠᠨ ᠵᠠᠷᠯᠠᠯ ᠨᠡᠢᠲᠡᠯᠡᠵᠦ᠂ 4 ᠰᠠᠷ᠎ᠠ᠎ᠶᠢᠨ 15᠎ᠤ ᠡᠳᠦᠷ᠎ᠡᠴᠡ ᠡᠬᠢᠯᠡᠨ ᠬᠢᠯᠢ᠎ᠶᠢᠨ ᠬᠠᠮᠢᠶᠠᠷᠤᠯᠲᠠ᠎ᠶᠢᠨ ᠣᠷᠣᠨ᠎ᠤ ᠡᠯᠧᠺᠲᠷᠣᠨ ᠨᠡᠪᠲᠡᠷᠡᠬᠦ ᠦᠨᠡᠮᠯᠡᠯ᠎ᠢ ᠡᠬᠢᠯᠡᠨ ᠬᠡᠷᠡᠭᠯᠡᠬᠦ ᠎ᠶᠢᠨ ᠬᠠᠮᠲᠤ ᠴᠠᠭᠠᠰᠤᠨ ᠦᠨᠡᠮᠯᠡᠯ ᠣᠯᠭᠣᠬᠤ ᠎ᠶᠢ ᠵᠣᠭᠰᠣᠭᠠᠵᠤ᠂ ᠨᠢᠭᠡᠨᠲᠡ ᠭᠠᠷ᠎ᠤᠨ ᠥᠰᠥᠭ ᠵᠢᠷᠤᠵᠤ ᠣᠯᠭᠣᠭᠰᠠᠨ ᠴᠠᠭᠠᠰᠤᠨ ᠦᠨᠡᠮᠯᠡᠯ᠎ᠢ ᠬᠦᠴᠦᠨ᠎ᠲᠠᠢ ᠬᠤᠭᠤᠴᠠᠭᠠᠨ᠎ᠳᠤ ᠦᠷᠭᠦᠯᠵᠢᠯᠡᠨ ᠬᠡᠷᠡᠭᠯᠡᠵᠦ ᠪᠣᠯᠣᠨ᠎ᠠ ᠭᠡᠵᠡᠢ᠃

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ 10 ᠰᠠᠯᠠᠭ᠎ᠠ ᠮᠥᠴᠢᠷ ᠲᠦᠷᠦᠭᠦᠬᠡᠨ 《ᠵᠣᠬᠢᠶᠠᠮᠠᠯ ᠣᠶᠤᠨ ᠴᠢᠳᠠᠪᠤᠷᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣᠨ᠎ᠤ ᠬᠢᠨᠠᠨ ᠪᠠᠢᠴᠠᠭᠠᠯᠲᠠ ᠬᠢᠭᠡᠳ ᠦᠢᠯᠡᠴᠢᠯᠡᠭᠡᠨ ᠎ᠦ ᠠᠷᠭ᠎ᠠ (ᠲᠤᠷᠰᠢᠨ ᠬᠡᠷᠡᠭᠵᠢᠭᠦᠯᠬᠦ)》 ᠶ᠋ᠢ ᠨᠡᠢᠲᠡᠯᠡᠵᠦ᠂ ᠵᠣᠬᠢᠶᠠᠮᠠᠯ ᠣᠶᠤᠨ ᠴᠢᠳᠠᠪᠤᠷᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠯᠠᠭ᠎ᠠ ᠥᠷᠨᠢᠭᠦᠯᠬᠦ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣᠨ᠎ᠤ ᠱᠠᠭᠠᠷᠳᠠᠯᠭ᠎ᠠ᠎ᠶᠢ ᠪᠥᠬᠥ ᠶᠠᠪᠤᠴᠠ᠎ᠳᠤ ᠲᠤᠭᠤᠱᠢᠯᠠᠭᠤᠯᠵᠤ᠂ ᠡᠵᠡᠮᠳᠡᠵᠦ ᠪᠣᠯᠬᠤ ᠢᠲᠡᠭᠡᠮᠵᠢᠲᠡᠢ ᠵᠣᠬᠢᠶᠠᠮᠠᠯ ᠣᠶᠤᠨ ᠴᠢᠳᠠᠪᠤᠷᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠰᠢ ᠶᠣᠰᠣᠨ᠎ᠤ ᠵᠠᠷᠴᠢᠮ᠎ᠢ ᠦᠨᠡᠨ ᠬᠦ᠌ ᠪᠠᠲᠤᠯᠠᠵᠤ᠂ ᠮᠠᠨ᠎ᠤ ᠤᠯᠤᠰ᠎ᠤᠨ ᠦᠨᠳᠦᠰᠦᠨ ᠬᠠᠤᠯᠢ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠣᠯᠪᠣᠭᠳᠠᠯ ᠪᠦᠬᠦᠢ ᠲᠣᠭᠲᠠᠭᠠᠯ᠎ᠢ ᠵᠢᠷᠤᠮᠯᠠᠬᠤ ᠬᠡᠷᠡᠭᠲᠡᠢ ᠭᠡᠵᠦ ᠱᠠᠭᠠᠷᠳᠠᠵᠠᠢ᠃

✦ ᠳᠤᠮᠳᠠᠳᠤ ᠤᠯᠤᠰ᠎ᠤᠨ ᠰᠡᠳᠬᠢᠴᠡ᠎ᠶᠢᠨ ᠡᠷᠡᠭᠦᠯ ᠬᠠᠮᠠᠭᠠᠯᠠᠯ᠎ᠤᠨ ᠨᠡᠢᠭᠡᠮᠯᠢᠭ᠎ᠦᠨ ᠭᠡᠷ ᠰᠤᠷᠭᠠᠭᠤᠯᠢ ᠨᠡᠢᠭᠡᠮ ᠡᠮᠴᠢᠯᠡᠭᠡᠨ᠎ᠦ ᠬᠠᠮᠲᠤᠷᠠᠭᠰᠠᠨ ᠲᠤᠰᠬᠠᠢ ᠮᠡᠷᠭᠡᠵᠢᠯ ᠦ᠋ᠨ ᠵᠥᠪᠯᠡᠯ ᠣᠢᠷ᠎ᠠ᠎ᠳᠤ ᠪᠡᠭᠡᠵᠢᠩ᠎ᠳᠦ ᠪᠠᠢᠭᠤᠯᠤᠭᠳᠠᠪᠠ᠃ ᠡᠭᠦᠨ᠎ᠦ ᠵᠣᠷᠢᠯᠭ᠎ᠠ ᠨᠢ ᠬᠡᠦᠬᠡᠳ ᠪᠠᠭᠠᠴᠤᠳ᠎ᠤᠨ ᠰᠡᠳᠬᠢᠴᠡ᠎ᠶᠢᠨ ᠡᠷᠡᠭᠦᠯ ᠮᠡᠨᠳᠦ᠎ᠶᠢ ᠠᠬᠢᠭᠤᠯᠬᠤ ᠳᠤᠮᠳᠠᠬᠢ ᠵᠠᠩᠭᠢᠯᠠᠭ᠎ᠠ᠎ᠶᠢᠨ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠡᠷᠳᠡᠮ ᠰᠢᠨᠵᠢᠯᠡᠭᠡᠨ᠎ᠦ ᠰᠤᠳᠤᠯᠭᠠᠨ᠂ ᠦᠢᠯᠡᠳᠦᠯᠭᠡ᠎ᠶᠢᠨ ᠰᠦᠪᠡᠭᠴᠢᠯᠡᠯᠲᠡ᠂ ᠴᠢᠳᠠᠪᠤᠷᠢᠲᠠᠨ᠎ᠢ ᠬᠥᠮᠥᠵᠢᠭᠦᠯᠬᠦ ᠪᠠ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠬᠦ᠎ᠶᠢ ᠴᠢᠩᠭᠠᠳᠬᠠᠨ᠂ ᠣᠯᠠᠨ ᠭᠤᠤᠯ ᠴᠣᠭᠴᠠ ᠣᠷᠣᠯᠴᠠᠭᠰᠠᠨ᠂ ᠣᠯᠠᠨ ᠰᠢᠰᠲᠧᠮ ᠬᠣᠯᠪᠤᠭᠠᠯᠠᠨ ᠬᠥᠳᠡᠯᠦᠯᠴᠡᠭᠰᠡᠨ᠂ ᠣᠯᠠᠨ ᠲᠠᠰ ᠳᠠᠪᠬᠤᠷᠭ᠎ᠠ ᠬᠠᠮᠵᠢᠯᠴᠠᠭᠰᠠᠨ ᠰᠡᠳᠬᠢᠴᠡ᠎ᠶᠢᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠰᠢᠨ᠎ᠡ ᠪᠠᠢᠷᠢᠰᠢᠯ᠎ᠢ ᠪᠣᠶ ᠪᠣᠯᠭᠠᠬᠤ᠎ᠶᠢ ᠠᠬᠢᠭᠤᠯᠬᠤ᠎ᠶᠢᠨ ᠲᠥᠯᠥᠭᠡ ᠶᠤᠮ᠃

✦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ ᠲᠦᠷᠦᠭᠦᠬᠡᠨ ᠬᠠᠮᠲᠤᠷᠠᠨ 《ᠠᠵᠢᠯ ᠣᠯᠭᠣᠯᠲᠠ ᠶ᠋ᠢᠨ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠵᠠᠭᠤᠨ ᠡᠳᠦᠷ᠎ᠦᠨ ᠠᠵᠢᠯᠯᠠᠭ᠎ᠠ》ᠥᠷᠨᠢᠭᠦᠯᠵᠦ᠂ 2026 ᠤᠨ ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠤᠨ᠂ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠂ ᠠᠵᠢᠯᠲᠠᠨ ᠡᠯᠰᠡᠬᠦ ᠦᠢᠯᠡᠴᠢᠯᠡᠭᠡ᠂ ᠠᠵᠢᠯ ᠮᠡᠷᠭᠡᠵᠢᠯ᠎ᠦᠨ ᠪᠣᠯᠪᠠᠰᠤᠷᠠᠯ᠂ ᠠᠵᠢᠯ ᠮᠡᠷᠭᠡᠵᠢᠯ᠎ᠦᠨ ᠵᠢᠯᠣᠭᠣᠳᠤᠯᠭ᠎ᠠ ᠵᠡᠷᠭᠡ᠎ᠶᠢ ᠰᠤᠷᠭᠠᠭᠤᠯᠢ᠎ᠶᠢᠨ ᠬᠦᠷᠢᠶᠡᠨ᠎ᠳᠦ ᠤᠷᠤᠭᠤᠯᠪᠠ᠂ ᠲᠤᠰ ᠠᠵᠢᠯᠯᠠᠭ᠎ᠠ 7 ᠰᠠᠷ᠎ᠠ᠎ᠶᠢᠨ 10᠎ᠤ ᠡᠳᠦᠷ ᠪᠣᠯᠲᠠᠯ᠎ᠠ ᠦᠷᠭᠦᠯᠵᠢᠯᠡᠨ᠎ᠡ᠃

✦ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ᠎ᠶᠢ ᠦᠨᠡᠨᠬᠦ ᠴᠢᠩᠭᠠᠳᠬᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠲᠦᠷᠭᠡᠳᠬᠡᠬᠦ᠎ᠶᠢᠨ ᠲᠥᠯᠥᠭᠡ᠂ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠎ᠢ ᠶᠡᠷᠦᠩᠬᠡᠢᠯᠡᠨ ᠵᠠᠰᠠᠬᠤ ᠠᠵᠢᠯᠯᠠᠭ᠎ᠠ᠎ᠶᠢ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭᠠᠵᠠᠢ᠃

✦ ᠣᠢᠷ᠎ᠠ᠎ᠳᠤ ᠪᠠᠶᠠᠨᠨᠠᠭᠤᠷ ᠬᠣᠲᠠ 2026 ᠣᠨ᠎ᠤ ᠬᠠᠪᠤᠷ᠎ᠤᠨ ᠤᠯᠠᠷᠢᠯ᠎ᠤᠨ ᠲᠠᠷᠢᠮᠠᠯ᠎ᠤᠨ ᠦᠷ᠎ᠡ᠎ᠶᠢᠨ ᠵᠠᠬ᠎ᠠ ᠳᠡᠯᠭᠡᠭᠦᠷ᠎ᠦᠨ ᠶᠠᠰᠤ ᠴᠢᠨᠠᠷ᠎ᠢ ᠰᠤᠭᠤᠴᠢᠨ ᠪᠠᠢᠴᠠᠭᠠᠬᠤ ᠠᠵᠢᠯ ᠥᠷᠨᠢᠭᠦᠯᠪᠡ᠃ ᠲᠤᠰ ᠤᠳᠠᠭᠠᠨ᠎ᠤ ᠰᠤᠭᠤᠴᠢᠨ ᠪᠠᠢᠴᠠᠭᠠᠯᠲᠠ᠎ᠳᠤ 7 ᠬᠣᠰᠢᠭᠤ ᠰᠢᠶᠠᠨ ᠲᠣᠭᠣᠷᠢᠭ᠋᠎ᠤᠨ ᠲᠠᠷᠢᠮᠠᠯ᠎ᠤᠨ ᠦᠷ᠎ᠡ᠎ᠶᠢᠨ ᠵᠠᠬ᠎ᠠ ᠳᠡᠯᠭᠡᠭᠦᠷ᠂ ᠦᠷ᠎ᠡ᠎ᠶᠢ ᠲᠥᠪᠯᠡᠷᠡᠭᠦᠯᠦᠨ ᠲᠠᠷᠬᠠᠭᠠᠬᠤ ᠭᠠᠵᠠᠷ ᠵᠢᠴᠢ ᠰᠢᠶᠠᠩ ᠪᠠᠯᠭᠠᠰᠤᠨ᠎ᠤ ᠪᠣᠷᠤᠯᠠᠭᠤᠯᠭ᠎ᠠ᠎ᠶᠢᠨ ᠲᠣᠣᠷ ᠴᠡᠭ ᠲᠥᠪᠯᠡᠷᠡᠭᠰᠡᠨ ᠣᠷᠣᠨ ᠪᠦᠰᠡ᠎ᠪᠡᠷ ᠭᠣᠣᠯᠳᠠᠯᠭ᠎ᠠ ᠪᠣᠯᠭᠠᠵᠤ᠂ ᠲᠠᠷᠢᠮᠠᠯ᠎ᠤᠨ ᠦᠷ᠎ᠡ ᠦᠢᠯᠡᠳᠪᠦᠷᠢᠯᠡᠵᠦ ᠡᠵᠡᠩᠨᠡᠬᠦ ᠭᠣᠣᠯ ᠴᠣᠭᠴᠠ᠎ᠶᠢᠨ ᠡᠬᠡ ᠲᠡᠡᠭ᠌ᠰᠠ᠂ ᠰᠦᠯᠵᠢᠶᠡᠨ ᠳᠡᠭᠡᠷ᠎ᠡ ᠬᠠᠤᠯᠢ᠎ᠠᠴᠠ ᠵᠥᠷᠢᠴᠡᠨ ᠪᠣᠷᠣᠯᠠᠭᠤᠯᠤᠭᠰᠠᠨ ᠵᠡᠷᠭᠡ ᠥᠢᠯᠡ ᠠᠵᠢᠯᠯᠠᠭ᠎ᠠ ᠳ᠋ᠤ ᠭᠣᠣᠯᠳᠠᠯᠭ᠎ᠠ᠎ᠲᠠᠢ ᠪᠠᠢᠴᠠᠭᠠᠯᠲᠠ ᠬᠢᠵᠡᠢ᠃

✦ 2026 ᠣᠨ᠎ᠳᠤ ᠲᠦᠩᠯᠢᠶᠣᠣ ᠬᠣᠲᠠ ᠲᠣᠰ ᠱᠠᠲᠤᠨ᠎ᠤ ᠡᠯ᠎ᠡ ᠲᠥᠷᠥᠯ᠎ᠦᠨ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠨᠥᠬᠥᠪᠦᠷᠢ ᠮᠥᠩᠭᠥ᠎ᠶᠢ 5995 ᠲᠦᠮᠡᠨ ᠲᠥᠭᠥᠷᠢᠭ ᠪᠣᠯᠭᠠᠨ ᠨᠡᠮᠡᠭᠳᠡᠭᠦᠯᠵᠦ᠂ ᠳᠡᠭᠡᠷ᠎ᠡ ᠵᠢᠯ᠎ᠦᠨ ᠬᠢ᠎ᠡᠴᠡ 2155 ᠲᠦᠮᠡᠨ ᠲᠥᠭᠥᠷᠢᠭ ᠨᠡᠮᠡᠭᠳᠡᠵᠡᠢ᠃

✦ ᠣᠢᠷ᠎ᠠ᠎ᠶᠢᠨ ᠵᠢᠯ᠎ᠡᠴᠡ ᠰᠢᠯᠢ᠎ᠶᠢᠨ ᠭᠣᠣᠯ ᠠᠢᠮᠠᠭ ᠮᠠᠯ ᠠᠵᠤ ᠠᠬᠤᠢ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲ᠋ᠸᠮ᠎ᠤᠨ ᠪᠠᠢᠭᠤᠯᠤᠯᠲᠠ᠎ᠶᠢ ᠲᠠᠰᠤᠷᠠᠯᠳᠡ ᠦᠭᠡᠢ ᠠᠬᠢᠭᠤᠯᠵᠤ᠂ ᠨᠡᠶ᠋ᠢᠲᠡ᠎ᠶᠢᠨ ᠠᠰᠠᠷᠠᠮᠵᠢ ᠶ᠋ᠢᠨ ᠴᠢᠨᠠᠷᠲᠠᠢ᠂ ᠡᠵᠡᠩᠨᠡᠯᠲᠡ᠎ᠶᠢᠨ ᠴᠢᠨᠠᠷᠲᠠᠢ ᠬᠠᠷᠢᠯᠴᠠᠨ ᠨᠥᠬᠥᠪᠦᠷᠢᠯᠡᠬᠦ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲ᠋ᠸᠮ᠎ᠢ ᠪᠠᠢᠭᠤᠯᠵᠤ᠂ 2025 ᠣᠨ᠎ᠤ ᠰᠡᠭᠦᠯᠴᠢ ᠪᠣᠯᠲᠠᠯ᠎ᠠ ᠨᠡᠢ᠍ᠢᠳᠡ 323 ᠦᠢᠯᠡᠴᠢᠯᠡᠭᠡᠨ᠎ᠦ ᠠᠩᠭᠢ᠎ᠶᠢ ᠪᠠᠢᠭᠤᠯᠵᠤ᠂ 8.5 ᠲᠦᠮᠡᠨ ᠤᠳᠠᠭ᠎ᠠ ᠦᠢᠯᠡᠴᠢᠯᠡᠭᠡ ᠥᠷᠨᠢᠭᠦᠯᠵᠦ᠂ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲ᠋ᠸᠮ᠎ᠤᠨ ᠪᠠᠢᠭᠤᠯᠤᠯᠲᠠ᠎ᠶᠢᠨ ᠲᠣᠭᠣᠷᠢᠨ᠎ᠳᠤ 2.9 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ 105 ᠲᠦᠷᠦᠯ ᠵᠦᠢᠯ᠎ᠢ ᠬᠡᠷᠡᠭᠵᠢᠭᠦᠯᠵᠡᠢ᠃

✦ ᠣᠢᠷ᠎ᠠ ᠎ᠶᠢᠨ ᠵᠢᠯ᠎ᠡᠴᠡ ᠠᠯᠠᠱᠠ᠎ᠠᠢᠮᠠᠭ ᠨᠤᠭᠤ ᠭᠠᠵᠠᠷ ᠎ᠢ ᠰᠡᠷᠭᠦᠭᠡᠬᠦ᠂ ᠤᠷᠭᠤᠮᠠᠯ᠎ᠤᠨ ᠪᠦᠷᠬᠦᠴᠡ᠎ᠶᠢ ᠰᠡᠷᠭᠦᠭᠡᠬᠦ᠂ ᠤᠰᠤᠨ᠎ᠤ ᠡᠬᠢ ᠰᠤᠷᠪᠤᠯᠵᠢ᠎ᠶᠢ ᠵᠠᠰᠠᠬᠤ᠎ᠶᠢ ᠦᠷᠭᠦᠯᠵᠢᠯᠡᠨ ᠠᠬᠢᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠡᠷᠴᠢᠮ᠎ᠢᠶᠡᠨ ᠲᠠᠰᠤᠷᠠᠯᠲᠠ ᠦᠭᠡᠢ ᠴᠢᠩᠭᠠᠳᠬᠠᠪᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠣᠳᠣᠬᠠᠨ᠎ᠳᠤ ᠪᠥᠬᠥ ᠠᠢᠮᠠᠭ᠎ᠲᠦ 149 ᠵᠦᠢᠯ᠎ᠦᠨ ᠰᠢᠪᠠᠭᠤᠨ᠎ᠤ ᠲᠥᠷᠥᠯ᠎ᠢ ᠬᠢᠨᠠᠨ ᠬᠡᠮᠵᠢᠵᠦ ᠣᠯᠣᠭᠰᠠᠨ ᠪᠥᠭᠡᠳ ᠵᠥᠪᠬᠡᠨ ᠬᠠᠲᠤᠨ ᠭᠣᠣᠯ᠎ᠤᠨ ᠡᠷᠭᠢ ᠳᠠᠭᠠᠤ᠎ᠶᠢᠨ ᠨᠤᠭᠤ ᠭᠠᠵᠠᠷ᠎ᠲᠤ ᠵᠢᠯ ᠪᠦᠷᠢ᠎ᠶᠢᠨ ᠬᠠᠪᠤᠷ᠎ᠤᠨ ᠤᠯᠠᠷᠢᠯ᠎ᠳᠤ 60 ᠭᠠᠷᠤᠢ ᠵᠦᠢᠯ᠎ᠦᠨ ᠨᠡᠭᠦᠳᠡᠯ᠎ᠦᠨ ᠰᠢᠪᠠᠭᠤ ᠢᠷᠡᠵᠦ᠂ 3 ᠲᠦᠮᠡ ᠭᠠᠷᠤᠢ ᠨᠡᠭᠦᠳᠡᠯ᠎ᠦᠨ ᠰᠢᠪᠠᠭᠤ ᠦᠷᠳᠡᠭᠡᠯᠡᠵᠤ᠂ ᠰᠤᠪᠨᠠᠭᠤᠷ᠎ᠤᠨ ᠨᠤᠭᠤ ᠭᠠᠵᠠᠷ᠎ᠤᠨ ᠵᠢᠯ᠎ᠦᠨ ᠥᠩᠭᠡᠷᠡᠬᠦ ᠨᠡᠭᠦᠳᠡᠯ᠎ᠦᠨ ᠰᠢᠪᠠᠭᠤ 11 ᠲᠦᠮᠡ᠎ᠶᠢ ᠳᠠᠪᠠᠵᠠᠢ᠃

✦ ᠣᠳᠣᠬᠠᠨ᠎ᠳᠤ ᠪᠠᠷᠠᠭᠤᠨ ᠦᠵᠦᠮᠦᠴᠢᠨ ᠬᠣᠰᠢᠭᠤ ᠨᠢᠭᠡᠨᠲᠡ ᠭᠤᠷᠪᠠᠨ ᠳᠡᠰ᠎ᠤᠨ ᠡᠪᠡᠰᠦ ᠪᠣᠷᠳᠣᠭ᠎ᠠ ᠨᠥᠭᠡᠴᠡᠯᠡᠬᠦ ᠰᠠᠭᠤᠷᠢᠨ᠎ᠢ 15 ᠪᠠᠢᠭᠤᠯᠪᠠ᠂ ᠡᠭᠦᠨ ᠳ᠋ᠤ ᠬᠣᠰᠢᠭᠤᠨ᠎ᠤ ᠲᠠᠰ᠎ᠤᠨ 2 ᠂ ᠰᠤᠮᠤ ᠪᠠᠯᠭᠠᠰᠤᠨ᠎ᠤ ᠲᠠᠰ᠎ᠤᠨ 6᠂ ᠭᠠᠴᠠᠭᠠᠨ᠎ᠤ ᠲᠠᠰ᠎ᠤᠨ ᠰᠠᠭᠤᠷᠢᠨ 7 ᠪᠠᠢᠵᠦ᠂ ᠪᠠᠴᠢᠮ ᠪᠠᠢᠳᠠᠯ᠎ᠢ ᠠᠷᠭᠠᠴᠠᠭᠠᠬᠤ ᠡᠪᠡᠰᠦ ᠪᠣᠷᠳᠣᠭ᠎ᠠ᠎ᠶᠢ ᠨᠡᠶ᠋ᠢᠲᠡ 4 ᠲᠦᠮᠡᠨ ᠲᠣᠨ ᠨᠥᠭᠡᠴᠡᠯᠡᠵᠦ ᠂ ᠲᠠᠰ ᠬᠤᠪᠢᠶᠠᠨ ᠨᠥᠭᠡᠴᠡᠯᠡᠬᠦ ᠂ ᠪᠥᠬᠥ ᠣᠷᠣᠨ ᠪᠦᠰᠡ᠎ᠵᠢ ᠬᠠᠮᠤᠷᠬᠤ ᠪᠠᠲᠤᠯᠠᠭ᠎ᠠ᠎ᠶᠢᠨ ᠪᠠᠢᠷᠢᠰᠢᠯ᠎ᠢ ᠪᠣᠶ ᠪᠣᠯᠭᠠᠪᠠ᠃

 

ᠠᠵᠤ ᠠᠬᠤᠢ

✦ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠠᠴᠠ ᠨᠢᠭᠡᠨᠲᠡ 2063 ᠲᠦᠮᠡᠨ ᠲᠥᠭᠥᠷᠢᠭ᠎ᠦᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠵᠦ᠂ ᠳᠠᠭᠠᠭᠠᠨ ᠬᠠᠳᠠᠭᠠᠯᠠᠬᠤ ᠠᠵᠤ ᠠᠬᠤᠢᠯᠠᠯ᠎ᠤᠨ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ 2026 ᠣᠨ᠎ᠤ ᠬᠢᠮᠢ᠎ᠶᠢᠨ ᠪᠣᠷᠳᠣᠭᠤᠷ ᠨᠥᠭᠡᠴᠡᠯᠡᠬᠦ ᠡᠭᠦᠷᠭᠡ᠎ᠵᠢ ᠥᠨᠳᠥᠷ ᠪᠦᠲᠦᠮᠵᠢᠲᠡᠶ ᠪᠡᠷ ᠪᠡᠶᠡᠯᠡᠭᠦᠯᠬᠦ᠎ᠶᠢ ᠣᠨᠣᠴᠠᠳᠠᠢ᠎ᠪᠠᠷ ᠳᠡᠮᠵᠢᠵᠦ᠂ ᠠᠵᠤ ᠠᠬᠤᠢᠯᠠᠯ᠎ᠤᠨ ᠪᠠᠷᠠᠭ᠎ᠠ ᠪᠡᠯᠡᠳᠬᠡᠬᠦ᠂ ᠬᠥᠮᠥᠷᠭᠡᠯᠡᠨ ᠬᠠᠳᠠᠭᠠᠯᠠᠬᠤ᠂ ᠡᠳ᠋ ᠪᠠᠷᠠᠭᠠᠨ᠎ᠤ ᠭᠦᠢᠯᠭᠡᠭᠡ ᠵᠢᠨ ᠪᠡᠯᠡ ᠮᠥᠩᠭᠥ᠎ᠶᠢᠨ ᠳᠠᠷᠤᠯᠲᠠ᠎ᠶᠢ ᠪᠦᠲᠦᠮᠵᠢᠲᠡᠶ ᠬᠥᠩᠭᠡᠷᠡᠭᠦᠯᠪᠠ᠃

✦ ᠡᠨᠡ ᠵᠢᠯ ᠡᠴᠡ ᠰᠢᠯᠢ᠎ᠶᠢᠨ ᠭᠣᠣᠯ ᠠᠢᠮᠠᠭ᠎ᠤᠨ ᠬᠢᠨ ᠦᠢᠯᠡᠰ ᠪᠣᠰᠬᠠᠬᠤ᠎ᠶᠢ ᠲᠡᠳᠬᠦᠬᠦ ᠡᠷᠴᠢᠮ᠎ᠢᠶᠡᠨ ᠴᠢᠩᠭᠠᠳᠬᠠᠵᠤ᠂ ᠦᠢᠯᠡᠰ ᠪᠣᠰᠬᠠᠬᠤ ᠪᠠᠳᠤᠯᠠᠨ ᠲᠠᠭᠠᠭᠠᠬᠤ ᠵᠢᠭᠡᠯᠡᠯᠭᠡ ᠲᠠᠯᠪᠢᠬᠤ ᠬᠡᠮᠵᠢᠶ᠎ᠡ᠎ᠶᠢ 6500 ᠲᠦᠮᠡᠨ ᠲᠥᠭᠥᠷᠢᠭ᠎ᠡᠴᠡ ᠳᠣᠣᠷ᠎ᠠ ᠦᠭᠡᠢ ᠪᠠᠢᠯᠭᠠᠵᠤ᠂ ᠬᠤᠪᠢ ᠬᠥᠮᠥᠨ᠎ᠦ 10 ᠲᠦᠮᠡᠨ ᠲᠥᠭᠥᠷᠢᠭ᠎ᠡᠴᠡ ᠳᠣᠷᠣᠭ᠍ᠰᠢᠬᠢ ᠵᠢᠭᠡᠯᠡᠯᠭᠡ᠎ᠶᠢᠨ ᠭᠡᠳᠡᠷᠭᠦ ᠳᠠᠭᠠᠭᠠᠯᠲᠠ᠎ᠶᠢ ᠵᠠᠷᠴᠢᠮ ᠳᠡᠭᠡᠷ᠎ᠡ᠎ᠪᠡᠨ ᠬᠦᠴᠦᠨ ᠦᠭᠡᠢ ᠪᠣᠯᠭᠠᠨ᠎ᠠ᠃

✦ ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠲᠠᠷᠢᠶᠠᠯᠠᠩ᠎ᠤᠨ ᠪᠠᠩᠬᠢ ᠶ᠋ᠢᠨ ᠠᠪᠠᠭ᠎ᠠ ᠬᠣᠰᠢᠭᠤᠨ᠎ᠤ ᠰᠠᠯᠪᠤᠷᠢ ᠪᠠᠩᠬᠢ ᠨᠡᠶ᠋ᠢᠲᠡ 4000 ᠲᠦᠮᠡᠨ ᠲᠥᠭᠥᠷᠢᠭ᠎ᠦᠨ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ᠂ ᠲᠥᠯ ᠲᠤᠰᠴᠤ ᠪᠣᠢᠵᠢᠭᠤᠯᠬᠤ᠂ ᠡᠪᠡᠰᠦ ᠪᠣᠷᠳᠣᠭ᠎ᠠ ᠬᠤᠳᠠᠯᠳᠤᠨ ᠠᠪᠬᠤ ᠵᠡᠷᠭᠡ ᠵᠠᠩᠭᠢᠯᠠᠭ᠎ᠠ᠎ᠶᠢᠨ ᠪᠡᠯᠡ ᠮᠥᠩᠭᠥᠨ᠎ᠦ ᠬᠡᠷᠡᠭᠴᠡᠭᠡ᠎ᠶᠢ ᠭᠣᠣᠯᠳᠠᠯᠭ᠎ᠠ ᠲᠠᠢ ᠪᠠᠲᠤᠯᠠᠪᠠ᠃

✦ ᠬᠠᠩᠭᠢᠨ ᠬᠣᠰᠢᠭᠤ ᠨᠢ ᠣᠷᠳᠣᠰ ᠬᠣᠲᠠ᠎ᠶᠢᠨ ᠲᠡᠮᠡᠭᠡ ᠲᠡᠵᠢᠭᠡᠨ ᠦᠷᠡᠵᠢᠭᠦᠯᠬᠦ ᠲᠣᠮᠣ᠌ ᠬᠣᠰᠢᠭᠤ ᠪᠣᠯᠤᠭᠰᠠᠨ᠎ᠤ ᠬᠤᠪᠢ᠎ᠳᠤ ᠪᠥᠬᠥ ᠬᠣᠰᠢᠭᠤᠨ᠎ᠳᠤ 6600 ᠭᠠᠷᠤᠢ ᠲᠡᠮᠡᠭᠡ ᠲᠠᠢ᠃ ᠣᠳᠣᠬᠠᠨ ᠪᠣᠯᠲᠠᠯ᠎ᠠ ᠨᠡᠢᠲᠡ 300 ᠭᠠᠷᠤᠢ ᠪᠣᠲᠣᠭᠣ᠌ ᠲᠤᠰᠴᠤ᠂ ᠪᠣᠲᠣᠭᠣᠯᠠᠬᠤ ᠨᠣᠷᠮ᠎ᠠ ᠪᠠ ᠤᠨᠳᠤᠷᠤᠯᠲᠠ᠎ᠶᠢᠨ ᠨᠣᠷᠮ᠎ᠠ ᠨᠢ ᠵᠢᠯ ᠳᠠᠷᠠᠭᠠᠯᠠᠨ ᠳᠡᠭᠡᠭᠰᠢᠯᠡᠪᠡ᠃

 

ᠳᠡᠯᠡᠬᠡᠢ

✦ ᠴᠢᠯᠠᠭᠤᠨ ᠲᠣᠰᠣ᠌ ᠭᠠᠷᠭᠠᠬᠤ ᠤᠯᠤᠰ᠎ᠤᠨ ᠵᠣᠬᠢᠶᠠᠨ ᠪᠠᠢᠭᠤᠯᠤᠯᠲᠠ 5᠎ᠤ ᠡᠳᠦᠷ ᠢᠯᠡᠷᠬᠡᠢᠯᠡᠯᠲᠡ ᠨᠡᠢᠲᠡᠯᠡᠬᠦ᠎ᠳᠡᠭᠡᠨ᠂ ᠴᠢᠯᠠᠭᠤᠨ ᠲᠣᠰᠣ᠌ ᠭᠠᠷᠳᠠᠭ 8 ᠭᠣᠣᠯ ᠪᠣᠯᠬᠤ ᠤᠯᠤᠰ᠎ᠤᠨ 5 ᠰᠠᠷ᠎ᠠ ᠶ᠋ᠢᠨ ᠡᠳᠦᠷ ᠳᠤᠮᠳᠠᠴᠢ᠎ᠵᠢᠨ ᠲᠦᠭᠦᠬᠡᠢ ᠴᠢᠯᠠᠭᠤᠨ ᠲᠣᠰᠣᠨ᠎ᠤ ᠭᠠᠷᠤᠯᠲᠠ ᠶ᠋ᠢ 20.6 ᠲᠦᠮᠡᠨ ᠲᠦᠨᠭᠰᠡ ᠨᠡᠮᠡᠭᠳᠡᠭᠦᠯᠬᠦ᠎ᠪᠡᠷ ᠲᠣᠭᠲᠠᠪᠠ ᠭᠡᠵᠡᠢ᠃ ᠡᠨᠡ ᠨᠢ ᠲᠤᠰ 8 ᠤᠯᠤᠰ ᠨᠢᠭᠡᠨᠲᠡ ᠬᠣᠶᠠᠷ ᠰᠠᠷ᠎ᠠ ᠳᠠᠷᠠᠭᠠᠯᠠᠨ ᠭᠠᠷᠤᠯᠲᠠ᠎ᠪᠠᠨ ᠨᠡᠮᠡᠭᠳᠡᠭᠦᠯᠬᠦ᠎ᠪᠡᠷ ᠲᠤᠭᠳᠠᠭᠰᠠᠨ᠎ᠢ ᠬᠠᠷᠠᠭᠤᠯᠵᠤ ᠪᠠᠢᠨ᠎ᠠ᠃

✦ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ ᠪᠣᠯᠣᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ 4 ᠎ᠦ ᠡᠳᠦᠷ ᠬᠠᠮᠲᠤᠷᠠᠭᠰᠠᠨ ᠢᠯᠡᠷᠬᠡᠢᠯᠡᠯᠲᠡ ᠨᠡᠢᠲᠡᠯᠡᠵᠦ᠂ 2023 ᠣᠨ᠎ᠤ 4 ᠰᠠᠷ᠎ᠠ᠎ᠳᠤ ᠰᠦᠳᠠᠨ᠎ᠤ ᠮᠥᠷᠭᠥᠯᠳᠦᠭᠡᠨ ᠡᠭᠦᠰᠦᠭᠰᠡᠨ᠎ᠡᠴᠡ ᠨᠠᠭᠠᠰᠢ ᠲᠤᠰ ᠤᠯᠤᠰ᠎ᠤᠨ ᠬᠢᠯᠢ ᠳᠣᠲᠣᠷ᠎ᠠ 214 ᠤᠳᠠᠭ᠎ᠠ ᠡᠮᠴᠢᠯᠡᠭᠡᠨ᠎ᠦ ᠪᠠᠢᠭᠤᠯᠤᠮᠵᠢ᠎ᠳᠤ ᠴᠢᠭᠯᠡᠭᠦᠯᠦᠭᠰᠡᠨ ᠳᠠᠭᠠᠷᠢᠯᠲᠠ ᠡᠭᠦᠰᠦᠭᠰᠡᠨ᠎ᠢ ᠬᠢᠨᠠᠨ ᠬᠠᠷᠭᠤᠭᠤᠯᠵᠤ᠂ ᠨᠡᠢ᠍ᠢᠳᠡ 2042 ᠬᠥᠮᠥᠨ ᠡᠨᠳᠡᠵᠦ᠂ 785 ᠬᠥᠮᠥᠨ ᠰᠢᠷᠬᠠᠲᠤᠵᠠᠢ ᠬᠡᠪᠡ᠃

 

ᠦᠢ᠍ᠯᠡᠴᠢᠯᠡᠭᠡ

✦ ᠠᠪᠠᠭ᠎ᠠ ᠬᠣᠰᠢᠭᠤ ᠣᠶ ᠰᠢᠭᠤᠢ ᠨᠤᠲᠤᠭ ᠪᠡᠯᠴᠢᠭᠡᠷ᠎ᠦᠨ ᠬᠠᠤᠯᠢ ᠬᠡᠷᠡᠭᠵᠢᠭᠦᠯᠬᠦ ᠠᠵᠢᠯᠲᠠᠨ ᠡᠯᠰᠡᠵᠤ ᠪᠤᠢ᠃

 

ᠲᠠᠨ᠎ᠤ ᠲᠤᠰᠠ᠎ᠳᠤ

✦ ᠦᠳᠡ᠎ᠳᠦ ᠴᠣᠬᠣᠮ ᠬᠡᠳᠦᠢ ᠤᠳᠠᠭᠠᠨ ᠤᠨᠲᠠᠪᠠᠯ ᠵᠣᠬᠢᠬᠤ ᠪᠤᠢ? ᠬᠠᠮᠢᠶ᠎ᠠ ᠪᠦᠬᠦᠢ ᠰᠤᠳᠤᠯᠭᠠᠨ ᠳ᠋ᠤ ᠦᠳᠡ᠎ᠶᠢᠨ ᠤᠨᠲᠠᠯᠭ᠎ᠠ ᠵᠢᠨ ᠶᠡᠬᠡ ᠲᠠᠷᠢᠬᠢᠨ᠎ᠤ ᠮᠡᠳᠡᠷᠡᠯ᠎ᠦᠨ ᠲᠣᠭᠲᠠᠴᠠ᠎ᠳᠤ ᠦᠵᠡᠭᠦᠯᠬᠦ ᠨᠥᠯᠥᠭᠡ᠎ᠶᠢ ᠢᠯᠡᠷᠡᠭᠦᠯᠵᠦ᠂ ᠵᠥᠪᠬᠡᠨ 30 ᠮᠢᠨᠦ᠋ᠲ᠎ᠦᠨ ᠣᠬᠣᠷᠬᠠᠨ ᠤᠨᠲᠠᠯᠭ᠎ᠠ ᠨᠢ ᠶᠡᠬᠡ ᠲᠠᠷᠢᠬᠢ᠎ᠶᠢ 《ᠳᠠᠬᠢᠨ ᠨᠡᠭᠡᠭᠡᠵᠦ》᠂ ᠲᠠᠨᠢᠨ ᠮᠡᠳᠡᠬᠦᠢ᠎ᠶᠢᠨ ᠢᠯᠡᠷᠡᠯ ᠎ᠢ ᠳᠡᠭᠡᠭᠰᠢᠯᠡᠭᠦᠯᠬᠦ᠎ᠳᠦ ᠬᠠᠪᠰᠤᠷᠤᠮᠵᠢ ᠪᠣᠯᠳᠠᠭ᠎ᠢ ᠳᠤᠳᠤᠯᠠᠵᠠᠢ᠃ ᠡᠨᠡ ᠨᠢ ᠦᠳᠡ᠎ᠳᠦ ᠪᠠᠭ᠎ᠠ ᠤᠨᠲᠠᠭᠠᠳ ᠪᠤᠰᠬᠤ ᠳ᠋ᠤ ᠲᠠᠷᠢᠬᠢ ᠶᠠᠭᠠᠬᠢᠭᠠᠳ ᠬᠤᠷᠳᠤᠨ ᠪᠤᠯᠤᠭᠰᠠᠨ ᠮᠡᠲᠦ ᠰᠠᠨᠠᠭᠳᠠᠳᠠᠭ᠎ᠢ ᠳᠠᠢᠯᠪᠤᠷᠢᠯᠠᠵᠤ ᠪᠤᠯᠬᠤ ᠮᠠᠭᠠᠳ᠃ ᠭᠡᠪᠡᠴᠦ ᠬᠡᠲᠦ ᠣᠷᠳᠣ᠌ ᠦᠳᠡ᠎ᠶᠢᠨ ᠤᠨᠲᠠᠯᠭ᠎ᠠ ᠨᠢ ᠭᠡᠳᠡᠷᠭᠦ᠎ᠪᠡᠨ ᠡᠪᠡᠳᠴᠢᠨ ᠡᠮᠭᠡᠭ᠎ᠦᠨ ᠲᠦᠭᠰᠢᠭᠦᠷᠢ ᠶ᠋ᠢ ᠨᠡᠮᠡᠭᠳᠡᠭᠦᠯᠳᠡᠭ᠃

ᠵᠠᠯᠭᠠᠭᠠᠳ 《ᠡᠨᠭᠭᠡᠷ᠎ᠤᠨ ᠴᠠᠭᠠᠨ ᠳᠡᠷᠡᠰᠦ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 (ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号