


ᠨᠡᠢ᠌ᠭᠡᠮ
✦ ᠨᠠᠮ᠎ᠤᠨ ᠲᠥᠪ ᠬᠣᠷᠢᠶ᠎ᠠ᠎ᠡᠴᠡ ᠪᠦᠬᠦ ᠨᠠᠮ᠎ᠳᠦ ᠥᠷᠨᠢᠭᠦᠯᠦᠭᠰᠡᠨ ᠵᠠᠰᠠᠭ᠎ᠤᠨ ᠠᠵᠢᠯ᠎ᠤᠨ
ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ
ᠨᠢᠭᠡᠳᠦᠯᠲᠡᠢ ᠪᠠᠢᠷᠢᠯᠠᠭᠤᠯᠤᠯᠲᠠ᠎ᠶᠢ ᠦᠨᠳᠦᠰᠦᠯᠡᠨ᠂ ᠣᠢᠷ᠎ᠠ᠎ᠳᠤ ᠲᠥᠪ᠎ᠦᠨ 8 ᠵᠢᠯᠤᠭᠣᠳᠬᠤ ᠳᠤᠭᠤᠢᠯᠠᠩ 20 ᠣᠷᠣᠨ ᠨᠤᠲᠤᠭ ᠪᠠ ᠨᠢᠭᠡᠴᠢ᠎ᠳᠦ ᠣᠷᠣᠵᠤ ᠰᠠᠭᠤᠬᠤ ᠠᠵᠢᠯ᠎ᠢ
ᠪᠡᠶᠡᠯᠡᠭᠦᠯᠪᠡ᠃
✦ ᠤᠢᠷ᠎ᠠ᠎ᠳᠦ 《ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ
ᠬᠡᠯᠬᠢᠶ᠎ᠡ᠎ᠶᠢᠨ ᠠᠮᠤᠷ ᠲᠦᠪᠰᠢᠨ᠎ᠦ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠲᠣᠭᠲᠠᠭᠠᠯ》 ᠨᠡᠢᠲᠡᠯᠡᠭᠳᠡᠪᠡ᠂
ᠡᠭᠦᠨ᠎ᠳᠦ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ᠎ᠦ ᠠᠵᠢᠯ᠎ᠤᠨ ᠵᠠᠷᠴᠢᠮ᠎ᠢ
ᠲᠣᠳᠣᠷᠬᠠᠢᠯᠠᠬᠤ ᠪᠠ ᠬᠢᠯᠢ᠎ᠶᠢᠨ ᠭᠠᠳᠠᠨ᠎ᠠ ᠠᠰᠢᠭᠯᠠᠬᠤ ᠵᠡᠷᠭᠡ 18 ᠵᠤᠷᠪᠤᠰ ᠠᠭᠤᠯᠭ᠎ᠠ ᠪᠤᠢ᠃
✦ ᠲᠦᠷᠦᠭᠦᠬᠡᠨ ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ
ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ᠎ᠡᠴᠡ ᠲᠡᠭᠷᠢ᠎ᠶᠢᠨ ᠵᠠᠪᠢ ᠠᠷᠪᠠᠳᠤᠭᠠᠷ᠎ᠤᠨ ᠨᠢᠰᠦᠯᠲᠡ᠎ᠶᠢᠨ ᠡᠭᠦᠷᠭᠡ᠎ᠶᠢᠨ
ᠢᠯᠡᠳᠬᠡᠮᠵᠢ ᠲᠡᠮᠳᠡᠭ᠎ᠢ ᠨᠡᠢᠲᠡᠯᠡᠪᠡ᠃
✦ ᠤᠢᠷ᠎ᠠ᠎ᠳᠦ ᠳᠤᠮᠳᠠᠳᠤ ᠤᠯᠤᠰ᠎ᠤᠨ 42 ᠲᠡᠬᠢ ᠡᠮᠦᠨᠡᠲᠦ ᠲᠤᠢᠯ᠎ᠤᠨ ᠰᠢᠨᠵᠢᠯᠡᠨ ᠪᠠᠢᠴᠠᠭᠠᠬᠤ ᠠᠩᠭᠢ
ᠮᠠᠨ᠎ᠤ ᠤᠯᠤᠰ᠎ᠤᠨ ᠠᠩᠬᠠᠳᠠᠭ᠍ᠴᠢ ᠡᠮᠦᠨᠡᠲᠦ ᠲᠤᠢᠯ᠎ᠤᠨ ᠮᠥᠰᠥᠨ ᠳᠠᠪᠬᠤᠷᠭ᠎ᠠ᠎ᠶᠢᠨ ᠬᠠᠯᠠᠭᠤᠨ ᠤᠰᠤ ᠥᠷᠥᠮᠳᠡᠨ
ᠬᠠᠢᠬᠤ ᠲᠤᠷᠰᠢᠯᠲᠠ᠎ᠶᠢ ᠠᠮᠵᠢᠯᠲᠠ᠎ᠲᠠᠢ ᠪᠡᠶᠡᠯᠡᠭᠦᠯᠵᠦ᠂ 3413 ᠮᠧᠲᠷ ᠭᠦᠨ ᠥᠷᠥᠮᠳᠡᠵᠦ᠂ ᠣᠯᠠᠨ ᠤᠯᠤᠰ᠎ᠤᠨ ᠲᠤᠢᠯ᠎ᠤᠨ ᠣᠷᠣᠨ᠎ᠤ
ᠬᠠᠯᠠᠭᠤᠨ ᠤᠰᠤ ᠥᠷᠥᠮᠳᠡᠨ ᠬᠠᠢᠭᠰᠠᠨ ᠬᠠᠮᠤᠭ᠎ᠤᠨ ᠭᠦᠨ ᠲᠡᠮᠳᠡᠭᠯᠡᠯ — 2540 ᠮᠧᠲᠷ᠎ᠢ ᠳᠠᠪᠠᠵᠠᠢ᠃
✦ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 2026 ᠣᠨ᠎ᠤ ᠪᠥᠬᠥ ᠣᠷᠣᠨ᠎ᠤ ᠡᠮ᠎ᠦᠨ ᠵᠦᠢᠯᠡᠰ᠎ᠢ ᠰᠤᠭᠤᠴᠢᠨ ᠪᠠᠢᠴᠠᠭᠠᠬᠤ
ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠪᠡ᠃
✦ ᠮᠠᠨ᠎ᠤ ᠣᠷᠣᠨ᠎ᠤ 2026 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢ
ᠡᠯᠰᠡᠬᠦ ᠪᠡᠶ᠎ᠡ᠎ᠶᠢᠨ ᠲᠠᠮᠢᠷ᠎ᠤᠨ ᠲᠥᠷᠥᠯ᠎ᠦᠨ ᠲᠤᠰᠬᠠᠢ ᠮᠡᠷᠭᠡᠵᠢᠯ᠎ᠦᠨ ᠨᠢᠭᠡᠳᠦᠯᠲᠡᠢ ᠰᠢᠯᠭᠠᠯᠲᠠ 4 ᠰᠠᠷ᠎ᠠ᠎ᠶᠢᠨ 20᠎ᠤ ᠡᠳᠦᠷ ᠡᠬᠢᠯᠡᠬᠦ᠎ᠪᠡᠷ ᠪᠤᠢ᠃
✦ 《ᠠᠷᠪᠠᠨ
ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ ᠡᠴᠡ ᠨᠠᠭᠠᠰᠢ᠂ ᠪᠥᠬᠥ ᠣᠷᠣᠨ᠎ᠤ ᠡᠯ᠎ᠡ
ᠱᠠᠲᠤᠨ᠎ᠤ ᠡᠳ᠋᠎ᠦᠨ ᠵᠠᠰᠠᠭ᠎ᠠᠴᠠ ᠨᠡᠶ᠋ᠢᠲᠡ 1 ᠳ᠋ᠦᠩᠰᠢᠭᠤᠷ ᠭᠠᠷᠤᠢ ᠲᠥᠭᠥᠷᠢᠭ᠎ᠦᠨ ᠬᠠᠪᠰᠤᠷᠤᠨ ᠲᠡᠳᠬᠦᠬᠦ
ᠪᠡᠯᠡ ᠮᠥᠩᠭᠥ ᠪᠠᠭᠤᠯᠭᠠᠵᠤ᠂ ᠴᠡᠷᠢᠭ᠎ᠡᠴᠡ ᠬᠠᠯᠠᠭᠳᠠᠭᠰᠠᠨ ᠬᠦᠴᠢᠷᠳᠡᠯᠲᠡᠢ ᠬᠥᠮᠥᠰ᠎ᠢ ᠨᠡᠶ᠋ᠢᠲᠡ 32000 ᠬᠥᠮᠥᠨ ᠤᠳᠠᠭ᠎ᠠ ᠬᠠᠪᠰᠤᠷᠤᠨ ᠲᠡᠳᠬᠦᠭᠰᠡᠨ ᠪᠠᠢᠨ᠎ᠠ᠃
✦ ᠣᠳᠣᠠᠠᠨᠨᠳᠦ ᠰᠢᠯᠢ᠎ᠵᠢᠨ ᠭᠤᠤᠯ
ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠬᠢᠨ ᠨᠡᠶ᠋ᠢᠲᠡ 65.62 ᠲᠦᠮᠡᠡ ᠲᠥᠯ ᠲᠤᠰᠪᠠ᠂ ᠡᠭᠦᠨ᠎ᠳᠦ ᠪᠣᠳᠠ ᠮᠠᠯ᠎ᠤᠨ ᠲᠥᠯ 9.82 ᠲᠦᠮᠡ᠂ ᠪᠣᠭ ᠮᠠᠯ᠎ᠤᠨ ᠲᠥᠯ 55.8 ᠲᠦᠮᠡ ᠪᠠᠢᠵᠤ᠂ ᠲᠥᠯ ᠮᠠᠯ᠎ᠤᠨ ᠤᠨᠳᠤᠷᠤᠯᠲᠠ᠎ᠶᠢᠨ ᠨᠣᠷᠮ᠎ᠠ
99.7%᠎ᠳᠤ ᠬᠦᠷᠴᠡᠢ᠃
✦ ᠡᠨᠡ ᠵᠢᠯ ᠤᠷᠳᠤᠰ ᠬᠤᠲᠠ᠎ᠵᠢᠨ ᠳ᠋ᠦᠩᠱᠧᠩ
ᠲᠣᠭᠣᠷᠢᠭ᠋ 20 ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠪᠠᠶ᠋ᠢᠭᠤᠯᠬᠤ᠎ᠪᠠᠷ
ᠲᠥᠯᠥᠪᠯᠡᠵᠦ᠂ ᠡᠭᠦᠨ᠎ᠳᠦ 102 ᠠᠰᠠᠷ᠎ᠤᠨ 5010 ᠡᠷᠦᠬᠡ ᠰᠠᠭᠤᠭᠠᠯᠢ ᠠᠷᠠᠳ᠎ᠲᠠᠢ ᠬᠣᠯᠪᠣᠭᠳᠠᠵᠤ᠂ 5 ᠰᠠᠷ᠎ᠠ ᠠᠴᠠ ᠡᠬᠢᠯᠡᠨ ᠵᠠᠯᠭᠠᠭ᠎ᠠ᠎ᠪᠠᠷ ᠠᠵᠢᠯ ᠡᠬᠢᠯᠡᠭᠦᠯᠦᠨ
ᠪᠦᠲᠦᠭᠡᠨ ᠪᠠᠶ᠋ᠢᠭᠤᠯᠬᠤ᠎ᠪᠠᠷ ᠪᠤᠢ᠃
✦ 2026 ᠣᠨ᠎ᠳᠤ ᠪᠠᠶᠠᠨᠨᠠᠭᠤᠷ ᠬᠤᠲᠠ᠎ᠵᠢᠨ ᠤᠷᠠᠳ᠎ᠤᠨ ᠡᠮᠦᠨᠡᠲᠦ ᠬᠣᠰᠢᠭᠤᠨ᠎ᠤ
ᠬᠠᠲᠤᠨ ᠭᠣᠥᠯ᠎ᠤᠨ ᠬᠠᠪᠤᠷ ᠵᠤᠨ᠎ᠤ ᠤᠰᠤᠯᠠᠯᠲᠠ᠎ᠶᠢᠨ ᠠᠵᠢᠯ 4 ᠰᠠᠷ᠎ᠠ᠎ᠶᠢᠨ 6᠎ᠤ ᠡᠳᠦᠷ᠎ᠠᠴᠠ ᠡᠬᠢᠯᠡᠵᠦ᠂ 6 ᠰᠠᠷ᠎ᠠ᠎ᠶᠢᠨ ᠰᠡᠭᠦᠯᠴᠢ ᠪᠡᠷ ᠳᠠᠭᠤᠰᠴᠤ᠂ 3 ᠰᠠᠷ᠎ᠠ᠎ᠶᠢᠨ ᠬᠤᠭᠤᠴᠠᠭᠠᠨ᠎ᠳᠤ ᠪᠥᠬᠥ ᠬᠣᠰᠢᠭᠤᠨ᠎ᠤ 82.92 ᠲᠦᠮᠡᠨ ᠮᠦ᠍ ᠬᠠᠭᠤᠷᠠᠢ ᠲᠠᠷᠢᠶ᠎ᠠ᠂ 61.79 ᠲᠦᠮᠡᠨ ᠮᠦ᠍ ᠬᠥᠬᠡ ᠴᠢᠬᠢ᠎ᠶᠢ ᠤᠰᠤᠯᠠᠬᠤ᠎ᠪᠠᠷ ᠲᠥᠯᠥᠪᠯᠡᠵᠦ
ᠪᠤᠢ᠃
ᠠᠵᠤ ᠠᠬᠤᠢ
✦ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ
ᠲᠣᠪᠴᠢᠶ᠎ᠠ᠎ᠶᠢᠨ ᠵᠠᠷᠯᠠᠯ᠎ᠢ ᠦᠨᠳᠦᠰᠦᠯᠡᠪᠡᠯ᠂ ᠡᠨᠡ ᠵᠢᠯ᠎ᠦᠨ ᠬᠠᠩᠰᠢ᠎ᠶᠢᠨ ᠠᠮᠠᠷᠠᠯᠲᠠ᠎ᠶᠢᠨ ᠬᠤᠭᠤᠴᠠᠭᠠᠨ᠎ᠳᠤ
ᠪᠥᠬᠥ ᠤᠯᠤᠰ᠎ᠤᠨ ᠪᠣᠭᠣᠮᠲᠠ᠎ᠶᠢᠨ ᠡᠳᠦᠷ ᠳᠤᠮᠳᠠᠴᠢ᠎ᠶᠢᠨ ᠬᠢᠯᠢ᠎ᠪᠡᠷ ᠣᠷᠣᠵᠤ ᠭᠠᠷᠤᠭᠰᠠᠨ ᠬᠥᠮᠥᠨ᠎ᠤ ᠲᠤᠭ᠎ᠠ
226 ᠲᠦᠮᠡᠨ
ᠬᠥᠮᠥᠨ ᠤᠳᠠᠭ᠎ᠠ᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 9.1% ᠪᠠᠷ ᠨᠡᠮᠡᠭᠳᠡᠪᠡ᠃
✦ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ
ᠶᠡᠷᠦᠩᠬᠡᠢ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ 2025 ᠣᠨ᠎ᠳᠤ ᠪᠥᠬᠥ ᠤᠯᠤᠰ᠎ᠤᠨ ᠠᠵᠢᠯ ᠦᠢᠯᠡᠰ᠎ᠦᠨ ᠨᠢᠭᠡᠴᠢ ᠪᠠ
ᠬᠡᠪᠴᠢᠶᠡᠵᠢᠯ᠎ᠡᠴᠡ ᠳᠡᠭᠡᠭᠰᠢᠬᠢ ᠠᠵᠤ ᠠᠬᠤᠢᠯᠠᠯ᠎ᠤᠨ ᠵᠠᠷ ᠮᠡᠳᠡᠭᠡᠨ᠎ᠦ ᠲᠤᠬᠠᠢᠯᠠᠭᠰᠠᠨ ᠠᠵᠢᠯ᠎ᠤᠨ ᠣᠷᠣᠯᠭ᠎ᠠ
ᠠᠩᠬ᠎ᠠ ᠤᠳᠠᠭ᠎ᠠ 2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠵᠢᠯ ᠳᠤᠮᠳᠠᠴᠢ᠎ᠶᠢᠨ
ᠨᠡᠮᠡᠭᠳᠡᠯ᠎ᠦᠨ ᠨᠣᠷᠮ᠎ᠠ ᠨᠢ
16.8%᠎ᠳᠤ ᠬᠦᠷᠴᠡᠢ᠃
ᠰᠣᠶᠣᠯ
✦ ᠤᠢᠷ᠎ᠠ᠎ᠳᠦ ᠦᠬᠠᠢ᠎ᠵᠢᠨ ᠡᠯᠡᠰᠦᠨ
ᠴᠥᠯ᠎ᠤᠨ ᠪᠠᠭᠠᠲᠤᠳ᠎ᠤᠨ ᠴᠤᠭᠯᠠᠭᠠᠠ ᠦᠬᠠᠢ ᠨᠠᠭᠤᠷ᠎ᠤᠨ ᠰᠡᠯᠡᠭᠦᠴᠡᠨ ᠠᠮᠠᠷᠠᠬᠤ ᠵᠢᠭᠤᠯᠴᠢᠯᠠᠯ᠎ᠤᠨ ᠣᠷᠣᠨ᠎ᠤ
ᠡᠯᠡᠰᠦᠨ ᠴᠥᠯ᠎ᠳᠤ ᠡᠬᠢᠯᠡᠪᠡ᠃
ᠲᠠᠮᠢᠷ
✦ ᠤᠢᠷ᠎ᠠ᠎ᠳᠦ ᠳᠡᠯᠡᠬᠡᠢ᠎ᠶᠢᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠬᠣᠯᠪᠣᠭᠠᠲᠤ ᠬᠤᠷᠠᠯ᠎ᠤᠨ
ᠬᠢᠨ 2030 ᠣᠨ᠎ᠠᠴᠠ ᠡᠬᠢᠯᠡᠨ ᠳᠡᠯᠡᠬᠡᠢ᠎ᠶᠢᠨ
ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ ᠬᠣᠯᠪᠣᠭᠠᠨ᠎ᠤ ᠮᠠᠷᠠᠽᠤᠨᠤ ᠮᠠᠩᠯᠠᠢ ᠰᠢᠯᠭᠠᠷᠠᠭᠤᠯᠬᠤ ᠤᠷᠤᠯᠳᠤᠭᠠᠨ᠎ᠢ
ᠵᠤᠬᠢᠶᠠᠨ ᠪᠠᠢᠭᠤᠯᠵᠤ᠂ ᠮᠠᠷᠠᠽᠤᠨ ᠤᠷᠤᠯᠳᠤᠭᠠᠨ᠎ᠢ ᠳᠡᠯᠡᠬᠡᠢ᠎ᠶᠢᠨ ᠬᠦᠨᠳᠦ ᠬᠥᠩᠭᠡᠨ ᠪᠡᠶ᠎ᠡ᠎ᠵᠢᠨ ᠲᠠᠮᠢᠷ᠎ᠤᠨ
ᠮᠠᠩᠯᠠᠢ ᠰᠢᠯᠭᠠᠷᠠᠭᠤᠯᠬᠤ ᠤᠷᠤᠯᠳᠤᠭᠠᠨ᠎ᠠᠴᠠ ᠲᠤᠰᠠᠭᠠᠷᠯᠠᠨ᠎ᠠ ᠭᠡᠵᠦ ᠨᠡᠢᠲᠡᠯᠡᠪᠡ᠃
ᠳᠡᠯᠡᠬᠡᠢ
✦ ᠲᠥᠪ ᠲᠸᠯᠸᠢᠰ᠎ᠤᠨ ᠮᠡᠳᠡᠭᠡ᠎ᠶᠢ ᠦᠨᠳᠦᠰᠦᠯᠡᠪᠡᠯ᠂ ᠢᠰᠷᠧᠯ᠎ᠦᠨ
ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠴᠡᠷᠢᠭ 7᠎ᠤ ᠡᠳᠦᠷ ᠢᠯᠡᠷᠬᠡᠢᠯᠡᠯᠲᠡ ᠨᠡᠢᠲᠡᠯᠡᠵᠦ᠂ ᠢᠷᠠᠨ᠎ᠤ ᠬᠢᠯᠢ᠎ᠳᠡᠬᠢ
ᠤᠯᠠᠨ ᠭᠠᠵᠠᠷ ᠣᠷᠣᠨ᠎ᠤ ᠬᠡᠳᠦᠨ ᠠᠷᠪᠠᠨ ᠰᠠᠭᠤᠷᠢ ᠲᠥᠬᠦᠭᠡᠷᠦᠮᠵᠢ᠎ᠳᠦ ᠶᠡᠬᠡ ᠬᠡᠪᠴᠢᠶᠡᠨ᠎ᠦ ᠳᠠᠭᠠᠷᠢᠯᠲᠠᠶᠠᠪᠤᠭᠤᠯᠵᠠᠢ
ᠭᠡᠪᠡ᠃
✦ ᠰᠢᠨᠬᠤᠸᠠ ᠬᠤᠷᠢᠶ᠎ᠠ᠎ᠵᠢᠨ ᠮᠡᠳᠡᠭᠡ᠎ᠶᠢ
ᠦᠨᠳᠦᠰᠦᠯᠡᠪᠡᠯ᠂ ᠶᠠᠫᠤᠨ᠎ᠤ ᠶᠡᠷᠦᠩᠬᠡᠢ ᠶᠠᠪᠤᠳᠠᠯ᠎ᠤᠨ
ᠶᠠᠮᠤᠨ᠎ᠤ ᠬᠢᠨ 7᠎ᠤ ᠡᠳᠦᠷ ᠪᠠᠢᠴᠠᠭᠠᠯᠲᠠ᠎ᠶᠢᠨ ᠳ᠋ᠦᠩ ᠨᠡᠢᠲᠡᠯᠡᠵᠦ᠂ ᠵᠣᠭᠣᠰ
ᠮᠠᠭᠤᠳᠠᠬᠤ ᠪᠠᠢᠳᠠᠯ ᠦᠷᠭᠦᠯᠵᠢᠯᠡᠵᠤ ᠪᠠᠢᠭ᠎ᠠ ᠪᠣᠯᠬᠣᠷ ᠠᠷᠠᠳ ᠣᠯᠠᠨ᠎ᠤ ᠪᠣᠳᠠᠲᠠᠢ ᠡᠵᠡᠮᠳᠡᠵᠦ ᠪᠣᠯᠬᠤ ᠣᠷᠣᠯᠭ᠎ᠠ
ᠪᠠᠭᠠᠰᠴᠤ᠂ ᠡᠨᠡ ᠵᠢᠯ᠎ᠦᠨ 2 ᠰᠠᠷ᠎ᠠ᠎ᠳᠤ ᠶᠠᠫᠤᠨ᠎ᠤ ᠭᠡᠷ ᠪᠦᠯᠢ᠎ᠶᠢᠨ ᠬᠡᠷᠡᠭᠯᠡᠭᠡᠨ᠎ᠦ
ᠵᠠᠷᠤᠯᠭ᠎ᠠ ᠭᠤᠷᠪᠠᠨ ᠰᠠᠷ᠎ᠠ ᠳᠠᠷᠠᠭᠠᠯᠠᠨ ᠠᠳᠠᠯᠢ ᠬᠤᠭᠤᠴᠠᠭᠠᠨ᠎ᠤ ᠬᠢ᠎ᠡᠴᠡ ᠪᠠᠭᠤᠷᠠᠵᠠᠢ ᠭᠡᠪᠡ᠃
ᠦᠢ᠍ᠯᠡᠴᠢᠯᠡᠭᠡ
✦ ᠣᠷᠳᠣᠰ᠎ᠤᠨ ᠢ ᠳ᠋ᠢᠩ ᠠᠮᠢ ᠠᠬᠤᠢ᠎ᠶᠢᠨ ᠲᠠᠷᠢᠶᠠᠯᠠᠩ᠎ᠤᠨ ᠨᠡᠭᠡᠭᠡᠯᠲᠡ᠎ᠶᠢᠨ
ᠬᠢᠵᠠᠭᠠᠷᠲᠤ ᠺᠣᠮᠫᠠᠨᠢ ᠠᠵᠢᠯᠲᠠᠨ ᠡᠯᠰᠡᠵᠦ ᠪᠤᠢ᠃

ᠵᠠᠯᠭᠠᠭᠠᠳ 《ᠮᠢᠨᠤ ᠵᠢᠭᠠᠬᠠᠨ
ᠠᠯᠳᠠᠷᠠᠢ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)