


ᠨᠡᠢᠭᠡᠮ
✦ᠲᠦᠷᠦᠭᠦᠬᠡᠨ ᠬᠥᠮᠥᠨ᠎ᠦ ᠬᠦᠴᠦᠨ᠎ᠦ ᠡᠬᠢ ᠪᠠᠶᠠᠯᠢᠭ᠋
ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠨᠠᠰᠤ ᠬᠡᠲᠦᠷᠡᠭᠰᠡᠨ ᠬᠥᠳᠡᠯᠮᠦᠷᠢᠴᠢᠨ᠎ᠦ
ᠦᠨᠳᠦᠰᠦᠨ ᠡᠷᠬᠡ ᠠᠰᠢᠭ᠋᠎ᠢ ᠪᠠᠲᠤᠯᠠᠬᠤ ᠲᠤᠬᠠᠢ ᠲᠦᠷ ᠬᠡᠷᠡᠭᠵᠢᠭᠦᠯᠬᠦ ᠲᠣᠭᠲᠠᠭᠠᠯ》᠎ᠢ ᠨᠡᠢᠲᠡᠯᠡᠵᠦ᠂
ᠨᠠᠰᠤ ᠬᠡᠲᠦᠷᠡᠭᠰᠡᠨ ᠬᠥᠳᠡᠯᠮᠦᠷᠢᠴᠢᠨ᠎ᠦ ᠬᠥᠳᠡᠯᠮᠦᠷᠢ᠎ᠶᠢᠨ ᠬᠥᠯᠥᠰᠦ
ᠣᠯᠭᠣᠮᠵᠢ᠂ ᠠᠵᠢᠯᠯᠠᠬᠤ ᠴᠠᠭ᠂ ᠬᠥᠳᠡᠯᠮᠦᠷᠢ᠎ᠶᠢᠨ ᠡᠷᠴᠢᠮ ᠵᠡᠷᠭᠡ᠎ᠳᠦ ᠲᠣᠳᠣᠷᠬᠠᠢ ᠲᠣᠭᠲᠠᠭᠠᠯ ᠭᠠᠷᠭᠠᠵᠤ᠂ 7 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠤᠢ᠃
✦ᠤᠢᠷ᠎ᠠ᠎ᠳᠦ ᠤᠯᠤᠰ᠎ᠤᠨ ᠡᠮ᠎ᠦᠨ ᠵᠦᠢᠯᠡᠰ᠎ᠤᠨ ᠬᠢᠨᠠᠯᠲᠠ ᠬᠠᠮᠢᠶᠠᠷᠤᠯᠲᠠ᠎ᠶᠢᠨ
ᠲᠣᠪᠴᠢᠶ᠎ᠠ《ᠵᠣᠷ᠎ᠤᠨ
ᠡᠮ᠎ᠢ ᠰᠦᠯᠵᠢᠶ᠎ᠡ᠎ᠪᠡᠷ ᠵᠢᠵᠢᠭᠯᠡᠨ ᠬᠤᠳᠠᠯᠳᠤᠬᠤ ᠲᠣᠭᠲᠠᠭᠠᠯ᠎ᠳᠤ
ᠨᠡᠢᠴᠡᠬᠦ ᠵᠦᠭᠯᠡᠭᠦᠷ》᠎ᠢ ᠨᠡᠢᠲᠡᠯᠡᠵᠦ᠂ 《ᠦᠨᠡᠨ ᠨᠡᠷ᠎ᠡ᠎ᠪᠡᠷ ᠡᠮ ᠬᠤᠳᠠᠯᠳᠤᠨ ᠠᠪᠬᠤ᠂ ᠡᠮ ᠨᠠᠢᠷᠠᠭ᠍ᠴᠢ
ᠲᠣᠬᠢᠷᠠᠭᠤᠯᠬᠤ᠂ ᠮᠡᠳᠡᠭᠡ ᠵᠠᠩᠭᠢ᠎ᠶᠢᠨ ᠦᠨᠡᠨ ᠪᠣᠳᠠᠲᠠᠢ ᠪᠠᠢᠬᠤ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠂
ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ》 ᠵᠡᠷᠭᠡ ᠪᠣᠷᠤᠯᠠᠭᠤᠯᠭ᠎ᠠ᠎ᠶᠢᠨ ᠶᠠᠪᠤᠴᠠ᠎ᠶᠢ ᠵᠢᠷᠤᠮᠵᠢᠭᠤᠯᠬᠤ
ᠣᠯᠠᠨ ᠵᠦᠢᠯ᠎ᠦᠨ ᠱᠠᠭᠠᠷᠳᠠᠯᠭ᠎ᠠ᠎ᠶᠢ ᠲᠣᠳᠣᠷᠬᠠᠢ ᠳᠤᠷᠠᠳᠤᠨ ᠭᠠᠷᠭᠠᠪᠠ᠃
✦ᠡᠨᠡ
ᠵᠢᠯ᠎ᠤᠨ 4 ᠰᠠᠷ᠎ᠠ᠎ᠳᠤ᠂
ᠮᠠᠨ᠎ᠤ ᠤᠯᠤᠰ ᠲᠥᠪ ᠬᠤᠷᠢᠶ᠎ᠠ᠎ᠵᠢᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠡᠴᠡ ᠵᠥᠷᠢᠴᠡᠭᠰᠡᠨ ᠠᠰᠠᠭᠤᠳᠠᠯ᠎ᠢ
ᠨᠡᠶ᠋ᠢᠲᠡ 21889 ᠪᠠᠢᠴᠠᠭᠠᠨ ᠰᠢᠢᠳᠪᠦᠷᠢᠯᠡᠵᠦ᠂ 27852 ᠬᠥᠮᠥᠨ᠎ᠢ ᠰᠢᠭᠦᠮᠵᠢᠯᠡᠨ ᠰᠤᠷᠭᠠᠭᠰᠠᠨ ᠪᠠ ᠰᠢᠢᠳᠪᠦᠷᠢᠯᠡᠵᠡᠢ᠂
ᠡᠭᠦᠨ᠎ᠳᠦ 18649 ᠬᠥᠮᠥᠨ᠎ᠳᠦ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ
ᠰᠢᠢᠳᠬᠡᠯ ᠥᠭᠪᠡ᠃
✦ᠤᠯᠤᠰ᠎ᠤᠨ
ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ ᠲᠦᠷᠦᠭᠦᠬᠡᠨ ᠮᠡᠳᠡᠭᠳᠡᠯ
ᠳᠠᠷᠤᠮᠠᠯᠯᠠᠨ ᠲᠠᠷᠬᠠᠭᠠᠵᠤ᠂ 2020
— 2028 ᠣᠨ᠎ᠤ ᠰᠢᠨᠵᠢᠶᠠᠩ᠎ᠤᠨ ᠬᠥᠪᠥᠩ᠎ᠦᠨ ᠬᠠᠷᠠᠯᠲᠠ᠎ᠳᠤ
ᠦᠨ᠎ᠡ ᠲᠣᠨ ᠪᠦᠷᠢ᠎ᠳᠡᠭᠡᠨ 18600 ᠲᠥᠭᠥᠷᠢᠭ ᠪᠣᠯᠣᠨ᠎ᠠ ᠭᠡᠪᠡ᠃
✦ᠣᠷᠣᠨ ᠰᠠᠭᠤᠴᠠ
ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠮᠡᠳᠡᠭᠡ᠎ᠶᠢ ᠦᠨᠳᠦᠰᠦᠯᠡᠪᠡᠯ᠂ 2030 ᠣᠨ᠎ᠤ ᠡᠴᠦᠰ ᠪᠣᠯᠬᠤ᠎ᠳᠤ ᠪᠥᠬᠥ ᠤᠯᠤᠰ᠎ᠤᠨ ᠬᠣᠲᠠ᠎ᠶᠢᠨ ᠠᠮᠢᠳᠤᠷᠠᠯ᠎ᠤᠨ
ᠬᠣᠭ ᠨᠣᠪᠰᠢ᠎ᠶᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠨᠣᠷᠮ᠎ᠠ᠎ᠶᠢ 76%᠎ᠠᠴᠠ ᠳᠡᠭᠡᠭᠰᠢ᠎ᠳᠦ ᠬᠦᠷᠭᠡᠬᠦ᠎ᠪᠡᠷ ᠴᠢᠷᠮᠠᠢᠨ᠎ᠠ᠃
✦ᠲᠦᠷᠦᠭᠦᠬᠡᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠪᠠᠴᠢᠮ ᠪᠠᠢᠳᠠᠯ᠎ᠢ
ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠬᠠᠮᠲᠤᠷᠠᠨ 《ᠠᠵᠢᠯᠴᠢᠨ᠎ᠤ ᠡᠪᠯᠡᠯ᠎ᠦᠨ ᠡᠭᠦᠷᠭᠡ ᠴᠢᠳᠠᠪᠤᠷᠢ᠎ᠶᠢᠨ ᠦᠢᠯᠡᠳᠦᠯ᠎ᠢ
ᠭᠦᠢᠴᠡᠳ ᠪᠠᠳᠠᠷᠠᠭᠤᠯᠵᠤ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠶᠤᠯᠭᠦᠢ ᠦᠢᠯᠡᠳᠪᠦᠷᠢᠯᠡᠯ ᠪᠠ ᠬᠥᠳᠡᠯᠮᠦᠷᠢ᠎ᠶᠢᠨ
ᠬᠠᠮᠠᠭᠠᠯᠠᠯᠲᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭᠠᠵᠤ᠂ 16 ᠵᠦᠢᠯ᠎ᠦᠨ
ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠶᠤᠯᠭᠦᠢ
ᠦᠢᠯᠡᠳᠪᠦᠷᠢᠯᠡᠯ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠠᠮᠢᠶ᠎ᠠ ᠪᠦᠬᠦᠢ ᠠᠵᠢᠯ᠎ᠢ ᠤᠯᠠᠮ ᠨᠢᠭᠡ ᠠᠯᠬᠤᠮ
ᠰᠠᠢᠲᠤᠷ ᠬᠢᠵᠦ᠂ ᠠᠵᠢᠯᠲᠠᠨ ᠠᠵᠢᠯᠴᠢᠨ᠎ᠤ ᠠᠮᠤᠷ ᠲᠦᠪᠰᠢᠨ ᠡᠷᠡᠭᠦᠯ ᠮᠡᠨᠳᠦ᠎ᠶᠢᠨ ᠡᠷᠬᠡ ᠠᠰᠢᠭ᠋᠎ᠢ ᠦᠨᠡᠨ ᠬᠦ᠌
ᠬᠠᠮᠠᠭᠠᠯᠠᠬᠤ᠎ᠵᠢ ᠵᠤᠷᠢᠪᠠ᠃
✦2026 ᠣᠨ᠎ᠤ ᠣᠷᠳᠣᠰ ᠬᠣᠲᠠ᠎ᠶᠢᠨ 《ᠱᠠᠩᠨᠠᠯᠲᠤ ᠪᠠᠷᠢᠮᠲᠠ》 ᠵᠢᠨ ᠠᠵᠢᠯᠯᠠᠭ᠎ᠠ᠎ᠶᠢᠨ ᠭᠤᠶᠤᠴᠢᠯᠠᠨ ᠮᠡᠳᠡᠭᠦᠯᠬᠦ
ᠠᠵᠢᠯ ᠡᠬᠢᠯᠡᠪᠡ᠃ ᠠᠵᠢᠯᠯᠠᠭ᠎ᠠ ᠨᠢ ᠮᠠᠰᠢᠨ ᠲᠡᠷᠭᠡ ᠬᠤᠳᠠᠯᠳᠤᠨ ᠠᠪᠬᠤ ᠪᠠ ᠢᠳᠡᠭᠡᠨ ᠤᠮᠳᠠᠭᠠᠨ ᠪᠦᠷᠢᠨ ᠪᠠᠷᠠᠭ᠎ᠠ
ᠵᠡᠷᠭᠡ ᠬᠣᠶᠠᠷ ᠲᠥᠷᠥᠯ᠎ᠦᠨ ᠬᠡᠷᠡᠭᠯᠡᠭᠡ ᠳ᠋ᠤ᠌ ᠴᠢᠭᠯᠡᠭᠦᠯᠦᠨ᠂ ᠬᠡᠷᠡᠭᠯᠡᠭᠴᠢᠳ ᠬᠤᠳᠠᠯᠳᠤᠭᠠᠨ ᠡᠷᠦᠬᠡ᠎ᠳᠦ
ᠬᠡᠷᠡᠭᠯᠡᠭᠡ ᠬᠢᠭᠰᠡᠨ ᠮᠦᠷᠳᠡᠭᠡᠨ ᠠᠵᠢᠯᠯᠠᠭ᠎ᠠ ᠵᠢᠨ ᠨᠥᠬᠥᠴᠡᠯ᠎ᠳᠦ ᠨᠡᠢᠴᠡᠬᠦ ᠪᠠᠷᠢᠮᠲᠠ ᠭᠠᠷᠭᠠᠭᠰᠠᠨᠪᠤᠯ 《ᠶᠦᠨ ᠱᠠᠨ ᠹᠦ》 APPᠵᠢᠡᠷ ᠳᠠᠮᠵᠢᠨ ᠱᠠᠩᠨᠠᠯ ᠰᠤᠭᠤᠯᠬᠤ᠎ᠳᠤ ᠣᠷᠣᠯᠴᠠᠵᠤ ᠪᠣᠯᠬᠤ ᠪᠦᠭᠡᠳ ᠬᠠᠮᠤᠭ᠎ᠤᠨ ᠥᠨᠳᠥᠷ᠎ᠲᠡᠬᠡᠨ 2 ᠲᠦᠮᠡᠨ ᠲᠥᠭᠥᠷᠢᠭ᠎ᠦᠨ ᠱᠠᠩᠨᠠᠯ᠎ᠤᠨ ᠮᠥᠩᠭᠥ ᠣᠯᠵᠤ ᠪᠣᠯᠣᠨ᠎ᠠ᠃
✦ᠤᠢᠷ᠎ᠡ᠎ᠳᠤ
2026 ᠳᠤᠮᠳᠠᠳᠤ ᠤᠯᠤᠰ᠎ᠤᠨ ᠵᠢᠭᠤᠯᠴᠢᠯᠠᠯ᠎ᠤᠨ ᠲᠠᠸᠠᠷ᠎ᠤᠨ ᠤᠷᠤᠯᠳᠤᠭᠠᠨ᠎ᠤ
ᠱᠠᠩᠨᠠᠯ ᠣᠯᠭᠣᠬᠤ ᠶᠣᠰᠣᠯᠠᠯ ᠬᠤᠨᠠᠨ ᠮᠤᠵᠢ᠎ᠳᠤ ᠶᠠᠪᠤᠭᠳᠠᠵᠤ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠲᠠᠸᠠᠷ᠎ᠤᠨ
ᠠᠵᠤ ᠠᠬᠤᠢᠯᠠᠯ ᠨᠢ 1 ᠠᠯᠲᠠᠨ ᠮᠧᠳᠠᠯ᠂ 1 ᠮᠥᠩᠭᠥᠨ ᠮᠧᠳᠠᠯ᠂ 5 ᠬᠦᠷᠡᠯ ᠮᠧᠳᠠᠯ ᠤᠯᠤᠬᠰᠠᠨ ᠪᠦᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠵᠢᠭᠤᠯᠴᠢᠯᠠᠯ᠎ᠤᠨ ᠨᠡᠢᠭᠡᠮᠯᠢᠭ ᠨᠢ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ᠎ᠪᠡᠷ ᠦᠨᠡᠯᠡᠭᠳᠡᠪᠡ᠃
✦2026 ᠣᠨ᠎ᠠᠴᠠ ᠡᠬᠢᠯᠡᠨ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠳᠤ
ᠰᠤᠷᠤᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠳᠤ 《ᠬᠢᠯᠢ᠎ᠶᠢ ᠬᠥᠭᠵᠢᠭᠦᠯᠦᠨ ᠬᠢᠵᠠᠭᠠᠷ᠎ᠢ ᠪᠡᠬᠢᠵᠢᠭᠦᠯᠬᠦ》 ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ᠎ᠪᠡᠷ
ᠪᠣᠶ᠃
✦5 ᠰᠠᠷ᠎ᠠ᠎ᠶᠢᠨ 23᠎ᠤ ᠡᠳᠦᠷ᠂ ᠣᠷᠳᠣᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ
ᠰᠢᠨ᠎ᠡ᠎ᠶᠢ ᠡᠭᠦᠳᠬᠦ ᠣᠷᠳᠣᠨ ᠡᠭᠦᠳᠡ᠎ᠪᠡᠨ ᠨᠡᠭᠡᠭᠡᠬᠦ ᠵᠢᠴᠢ ᠪᠦᠬᠦ ᠤᠯᠤᠰ᠎ᠤᠨ ᠰᠢᠨᠵᠢᠯᠡᠬᠦ ᠤᠬᠠᠭᠠᠨ
ᠲᠸᠭᠨᠢᠭ ᠮᠡᠷᠭᠡᠵᠢᠯ᠎ᠦᠨ ᠠᠵᠢᠯᠲᠠᠳ᠎ᠤᠨ ᠡᠳᠦᠷ᠎ᠦᠨ ᠰᠢᠷᠢᠰ ᠠᠵᠢᠯᠯᠠᠭ᠎ᠠ ᠤᠷᠳᠤᠰ ᠬᠤᠲᠠ᠎ᠵᠢᠨ ᠬᠢᠶ᠎ᠡ ᠪᠠᠭ᠍ᠰᠢ
ᠲᠣᠭᠣᠷᠢᠭ᠋᠎ᠲᠤ ᠶᠠᠪᠤᠭᠳᠠᠪᠠ᠃
ᠠᠵᠤ ᠠᠬᠤᠢ
✦ᠬᠤᠳᠠᠯᠳᠤᠭᠠᠨ᠎ᠤ
ᠶᠠᠪᠤᠳᠠᠯ᠎ᠤᠨ ᠶᠠᠮᠤᠨ᠎ᠤ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠵᠢ ᠦᠨᠳᠦᠰᠦᠯᠡᠪᠡᠯ᠂ 1 — 4 ᠰᠠᠷ᠎ᠠ ᠪᠣᠯᠲᠠᠯ᠎ᠠ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ
ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 1163.3 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ
ᠬᠢ᠎ᠡᠴᠡ 20.3%᠎ᠪᠡᠷ ᠨᠡᠮᠡᠭᠳᠡᠪᠡ᠃
✦ᠥᠪᠡᠷᠲᠡᠭᠡᠨ
ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠵᠢᠨ ᠮᠡᠳᠡᠭᠡᠵᠢ ᠦᠨᠳᠦᠰᠦᠯᠡᠪᠡᠯ᠂ 1 — 4 ᠰᠠᠷ᠎ᠠ᠎ᠳᠤ
ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ
ᠬᠢ᠎ᠡᠴᠡ 5.6%᠎ᠪᠡᠷ ᠨᠡᠮᠡᠭᠳᠡᠪᠡ᠃ ᠪᠥᠬᠥ ᠣᠷᠣᠨ᠎ᠤ
ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ ( ᠲᠠᠷᠢᠶᠠᠴᠢᠨ ᠡᠷᠦᠬᠡ᠎ᠶᠢ ᠪᠠᠭᠲᠠᠭᠠᠬᠤ ᠦᠭᠡᠢ ) ᠠᠳᠠᠯᠢ
ᠬᠤᠭᠤᠴᠠᠭᠠᠨ᠎ᠤ ᠬᠢ᠎ᠡᠴᠡ 4.7%᠎ᠪᠠᠷ ᠨᠡᠮᠡᠭᠳᠡᠵᠤ᠂ ᠪᠥᠬᠥ ᠣᠷᠣᠨ᠎ᠤ
ᠨᠡᠢᠭᠡᠮ᠎ᠦᠨ ᠬᠡᠷᠡᠭᠯᠡᠭᠡᠨ᠎ᠦ ᠵᠦᠢᠯᠡᠰ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 1676 ᠳ᠋ᠦᠩᠰᠢᠭᠤᠷ
ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.0%ᠵᠢᠡᠷ ᠨᠡᠮᠡᠭᠳᠡᠵᠤ᠂ ᠪᠥᠬᠥ ᠣᠷᠣᠨ᠎ᠤ
ᠰᠠᠭᠤᠭᠠᠯᠢ ᠠᠷᠠᠳ᠎ᠤᠨ ᠬᠡᠷᠡᠭᠯᠡᠭᠡᠨ᠎ᠦ ᠦᠨ᠎ᠡ ᠬᠠᠩᠰᠢ ( CPI ) ᠠᠳᠠᠯᠢ ᠬᠤᠭᠤᠴᠠᠭᠠᠨ᠎ᠤ ᠬᠢ᠎ᠡᠴᠡ 1.2%᠎ᠢᠶᠠᠷ
ᠥᠰᠪᠡ᠃
ᠲᠠᠮᠢᠷ
✦5 ᠰᠠᠷ᠎ᠠ᠎ᠶᠢᠨ 23 — 24᠎ᠦ ᠡᠳᠦᠷ ᠪᠤᠯᠲᠠᠯ᠎ᠠ᠂ ᠰᠢᠯᠢ᠎ᠶᠢᠨ
ᠭᠣᠣᠯ ᠠᠢᠮᠠᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠵᠢᠴᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨᠦ ᠣᠯᠠᠨ ᠲᠦᠮᠡᠨᠴᠢ
ᠳᠤᠭᠤᠢᠯᠠᠩ᠎ᠤᠨ ᠰᠢᠯᠭᠠᠷᠠᠭᠤᠯᠬᠤ ᠤᠷᠤᠯᠳᠤᠭᠠᠨ᠎ᠤ ᠡᠭᠦᠳᠡᠨ ᠪᠥᠮᠪᠥᠭᠡ᠎ᠶᠢᠨ ᠲᠥᠷᠥᠯ ᠵᠦᠢᠯ᠎ᠤᠨ ᠠᠵᠢᠯᠯᠠᠭ᠎ᠠ
ᠰᠢᠯᠢᠩᠬᠤᠲᠠ᠎ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ᠎ᠶᠢ ᠠᠬᠢᠭᠤᠯᠬᠤ ᠲᠥᠪ᠎ᠲᠦ ᠶᠠᠪᠤᠭᠳᠠᠪᠠ᠃
ᠳᠡᠯᠡᠬᠡᠢ
✦ᠲᠥᠪ ᠲᠸᠯᠸᠢᠰ᠎ᠤᠨ ᠮᠡᠳᠡᠭᠡᠵᠢ
ᠦᠨᠳᠦᠰᠦᠯᠡᠪᠡᠯ᠂
ᠳᠤᠮᠳᠠᠳᠤ ᠳᠣᠷᠣᠨᠠᠲᠤ᠎ᠶᠢᠨ ᠪᠠᠢᠳᠠᠯ᠎ᠤᠨ
ᠨᠥᠯᠥᠭᠡᠯᠡᠯ᠎ᠢᠶᠡᠷ᠂ ᠶᠠᠫᠤᠨ᠎ᠤ Toyota ᠮᠠᠰᠢᠨ ᠲᠡᠷᠭᠡᠨ᠎ᠦ ᠺᠣᠮᠫᠠᠨᠢ ᠭᠠᠳᠠᠭᠠᠳᠤ ᠭᠠᠷᠤᠯᠲᠠ᠎ᠪᠠᠨ
ᠪᠠᠭᠠᠰᠬᠠᠬᠤ ᠬᠡᠪᠴᠢᠶ᠎ᠡ᠎ᠪᠡᠨ ᠤᠯᠠᠮ ᠨᠢᠭᠡ ᠠᠯᠬᠤᠮ ᠥᠷᠭᠡᠳᠬᠡᠬᠦ᠎ᠪᠡᠷ ᠪᠤᠯᠵᠤ᠂ ᠵᠢᠱ᠌ᠢᠯᠲᠡ᠎ᠪᠡᠷ 11 ᠰᠠᠷ᠎ᠠ᠎ᠶᠢᠨ ᠤᠷᠢᠳ ᠬᠣᠵᠢᠳ᠎ᠢᠶᠠᠷ ᠨᠡᠶ᠋ᠢᠲᠡ 8.3 ᠲᠦᠮᠡ ᠪᠠᠭᠠᠰᠬᠠᠬᠤ ᠪᠣᠯᠣᠨ᠎ᠠ᠃
✦ᠲᠤᠬᠠᠢ᠎ᠶᠢᠨ ᠭᠠᠵᠠᠷ᠎ᠤᠨ ᠴᠠᠭ᠎ᠢᠶᠠᠷ 25᠎ᠤ ᠡᠳᠦᠷ᠂
ᠣᠷᠣᠰ᠎ᠤᠨ ᠭᠠᠳᠠᠭᠠᠳᠤ ᠬᠠᠷᠢᠯᠴᠠᠭᠠᠨ᠎ᠤ ᠶᠠᠮᠤᠨ ᠮᠡᠳᠡᠭᠳᠡᠯ ᠨᠡᠢᠲᠡᠯᠡᠵᠦ᠂ ᠣᠷᠣᠰ᠎ᠤᠨ ᠴᠡᠷᠢᠭ ᠦᠺᠷᠠᠢᠨ᠎ᠤ ᠨᠡᠢᠰᠯᠡᠯ
ᠺᠢᠶᠸᠹᠲᠦ ᠴᠡᠷᠢᠭ᠎ᠤᠨ ᠶᠠᠪᠤᠳᠠᠯ᠎ᠤᠨ ᠣᠯᠠᠨ ᠴᠣᠬᠢᠯᠲᠠ ᠥᠭᠬᠦ ᠪᠣᠯᠣᠨ᠎ᠠ ᠭᠡᠵᠡᠢ᠃
ᠦᠢᠯᠡᠴᠢᠯᠡᠭᠡ
✦ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠵᠢᠯ ᠣᠯᠭᠣᠬᠤ ᠦᠢᠯᠡᠴᠢᠯᠡᠭᠡᠨ᠎ᠦ
ᠲᠥᠪ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠳᠦ ᠠᠵᠢᠯᠲᠠᠨ ᠡᠯᠰᠡᠵᠤ ᠪᠤᠢ᠃
ᠲᠠᠨ᠎ᠤ ᠲᠤᠰᠠ᠎ᠳᠦ
✦ᠲᠤᠰᠬᠠᠢ ᠮᠡᠷᠭᠡᠵᠢᠯᠲᠡᠨ᠎ᠤ
ᠰᠠᠨᠠᠭᠤᠯᠤᠭᠰᠠᠨᠵᠢᠡᠷ᠂ ᠤᠷᠤᠢ ᠤᠨᠲᠠᠬᠤ ᠨᠢ ᠪᠠᠮᠪᠠᠢ ᠪᠤᠯᠴᠢᠷᠬᠠᠢ᠎ᠶᠢᠨ ᠥᠷᠪᠢᠰᠦᠯ ᠤᠯᠬᠤ
ᠲᠦᠭᠰᠢᠭᠦᠷᠢ᠎ᠵᠢ ᠨᠡᠮᠡᠭᠳᠡᠭᠦᠯᠵᠦ ᠮᠡᠳᠡᠨ᠎ᠡ᠃ ᠤᠴᠢᠷ ᠨᠢ ᠪᠠᠮᠪᠠᠢ ᠪᠤᠯᠴᠢᠷᠬᠠᠢ᠎ᠶᠢᠨ ᠬᠣᠷᠮᠣᠨ ᠨᠢ ᠡᠳᠦᠷ ᠰᠥᠨᠢ᠎ᠶᠢᠨ
ᠰᠤᠯᠢᠯᠴᠠᠭ᠎ᠠ᠎ᠵᠢ ᠳᠠᠭᠠᠨ ᠬᠡᠯᠪᠡᠯᠵᠡᠵᠦ᠂ ᠤᠷᠤᠢ ᠤᠨᠲᠠᠬᠤ ᠨᠢ ᠠᠮᠠᠷᠬᠠᠨ ᠳᠣᠲᠣᠭᠠᠳᠤ ᠱᠦᠭᠦᠷᠡᠯ᠎ᠦᠨ
ᠰᠢᠰᠲᠸᠮ᠎ᠤᠨ ᠲᠡᠩᠴᠡᠭᠦᠷᠢ᠎ᠶᠢ ᠠᠯᠳᠠᠭᠤᠯᠵᠤ᠂ ᠬᠥᠮᠥᠨ᠎ᠦ ᠪᠡᠶ᠎ᠡ᠎ᠶᠢᠨ ᠡᠭᠡᠯᠢᠯᠡᠭᠡ᠎ᠶᠢᠨ ᠴᠢᠳᠠᠪᠤᠷᠢ᠎ᠶᠢ ᠰᠠᠮᠠᠭᠤᠷᠠᠭᠤᠯᠳᠠᠭ᠃
ᠡᠨᠡ ᠨᠢ ᠤᠳᠠᠭᠠᠨ᠎ᠳᠠᠭᠠᠨ ᠡᠯ᠎ᠡ ᠵᠦᠢᠯ᠎ᠦᠨ ᠪᠠᠮᠪᠠᠢ ᠪᠤᠯᠴᠢᠷᠬᠠᠢ᠎ᠶᠢᠨ ᠠᠰᠠᠭᠤᠳᠠᠯ᠎ᠢ ᠡᠭᠦᠰᠬᠡᠬᠦ
ᠪᠤᠯᠤᠯᠴᠠᠭ᠎ᠠ ᠲᠠᠢ᠃
ᠵᠠᠯᠭᠠᠭᠠᠳ《ᠬᠦᠰᠡᠯ᠎ᠤᠨ ᠵᠠᠮ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ
ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂
ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ
ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)