5 ᠰᠠᠷ᠎ᠠ ᠵᠢᠨ 28᠎ᠦ ᠡᠳᠦᠷ
ᠡᠬᠢᠯᠡᠬᠦ᠌ ᠴᠠᠭ᠄
2026-05-28 07:58:13
ᠨᠠᠶ᠋ᠢᠷᠠᠭᠤᠯᠤᠭᠴᠢ ᠄

ᠨᠡᠪᠲᠡᠷᠡᠬᠦᠯᠦᠭᠴᠢ ᠄

ᠮᠡᠷᠭᠡᠵᠢᠯ ᠄
  
ᠤᠩᠰᠢᠭᠰᠠᠨ ᠤᠳᠠᠭ᠎ᠠ᠄


01封面模板_01.png


02天气模板_01.png


03盟市模板_01.png


ᠨᠡᠢᠭᠡᠮ                                  

✦ᠤᠰᠤᠨ ᠠᠰᠢᠭ᠍ᠯᠠᠯᠲᠠ᠎ᠶᠢᠨ ᠶᠠᠮᠤᠨ ᠤ᠋ ᠨᠡᠢᠲᠡᠯᠡᠭᠰᠡᠨ 2025 ᠣᠨ᠎ᠤ 《ᠳᠤᠮᠳᠠᠳᠤ ᠤᠯᠤᠰ᠎ᠤᠨ ᠭᠣᠣᠯ ᠮᠥᠷᠡᠨ᠎ᠦ ᠡᠯᠡᠰᠦ ᠰᠢᠪᠠᠷ᠎ᠤᠨ ᠠᠯᠪᠠᠨ ᠮᠡᠳᠡᠭᠡ》 ᠶ᠋ᠢ ᠦᠨᠳᠦᠰᠦᠯᠡᠪᠡᠯ᠂ 2025 ᠣᠨ᠎ᠤ᠋ ᠭᠣᠣᠯ ᠪᠣᠯᠬᠤ ᠭᠣᠣᠯ ᠮᠥᠷᠡᠨ ᠤ᠋ ᠲᠥᠯᠥᠭᠡᠯᠡᠬᠦ ᠤᠰᠤᠨ ᠰᠢᠨᠵᠢᠯᠡᠭᠡᠨ᠎ᠦ ᠥᠷᠲᠡᠭᠡ᠎ᠶᠢᠨ ᠶᠡᠷᠦᠩᠬᠡᠢ ᠤᠷᠤᠰᠬᠠᠯ ᠤ᠋ᠨ ᠬᠡᠮᠵᠢᠶ᠎ᠡ ᠨᠢ 11710 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢᠵᠤ᠂ ᠣᠯᠠᠨ ᠵᠢᠯ᠎ᠤᠨ ᠳᠤᠮᠳᠠᠴᠢ ᠤᠷᠤᠰᠬᠠᠯ᠎ᠤᠨ ᠬᠡᠮᠵᠢᠶ᠎ᠡ ᠡᠴᠡ 18% ᠪᠡᠷ ᠪᠠᠭᠠᠰᠪᠠ᠃ ᠲᠥᠯᠥᠭᠡᠯᠡᠭᠦ ᠤᠰᠤᠨ ᠰᠢᠨᠵᠢᠯᠡᠭᠡᠨ ᠤ᠋ ᠥᠷᠲᠡᠭᠡ ᠵᠢᠨ ᠵᠢᠯ᠎ᠦᠨ ᠡᠯᠡᠰᠦ ᠤᠷᠤᠰᠬᠠᠬᠤ ᠶᠡᠷᠦᠩᠬᠡᠢ ᠬᠡᠮᠵᠢᠶ᠎ᠡ 4.01 ᠳ᠋ᠦᠩᠰᠢᠭᠤᠷ ᠲᠣᠨ᠎ᠳᠤ ᠬᠦᠷᠴᠦ᠂ ᠣᠯᠠᠨ ᠵᠢᠯ᠎ᠦᠨ ᠳᠤᠮᠳᠠᠴᠢ ᠡᠯᠡᠰᠦ ᠤᠷᠤᠰᠬᠠᠬᠤ ᠬᠡᠮᠵᠢᠶ᠎ᠡ ᠡᠴᠡ 71% ᠪᠡᠷ ᠪᠠᠭᠠᠰᠴᠠᠢ᠃

✦《6·1》᠎ᠤ ᠳᠡᠯᠡᠬᠡᠢ᠎ᠶᠢᠨ ᠬᠡᠦᠬᠡᠳ᠎ᠦᠨ ᠪᠠᠶᠠᠷ ᠤᠳᠠᠯ ᠦᠭᠡᠢ ᠬᠦᠷᠴᠦ ᠢᠷᠡᠬᠦ ᠭᠡᠵᠦ ᠪᠠᠢᠭ᠎ᠠ ᠳᠠᠰᠢᠷᠠᠮ ᠵᠢᠡᠷ᠂ ᠪᠦᠬᠦ ᠤᠯᠤᠰ᠎ᠤᠨ ᠡᠮᠡᠭᠲᠡᠢᠴᠦᠳ ᠦ᠋ᠨ ᠬᠣᠯᠪᠣᠭ᠎ᠠ ᠵᠡᠷᠭᠡ 11 ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠡᠯᠪᠡᠭ ᠪᠠᠶᠠᠯᠢᠭ᠋ ᠠᠭᠤᠯᠭ᠎ᠠ ᠪᠦᠬᠦᠢ ᠪᠡᠯᠭᠡᠯᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠬᠦ᠎ᠶᠢ ᠲᠠᠢ᠍ᠢᠴᠢᠯᠠᠨ ᠪᠠᠢᠷᠢᠯᠠᠭᠤᠯᠵᠤ᠂ ᠬᠡᠦᠬᠡᠳ᠎ᠦᠨ ᠡᠷᠡᠭᠦᠯ ᠴᠢᠭᠢᠷᠠᠭ᠂ ᠪᠠᠶᠠᠷ ᠪᠠᠶᠠᠰᠤᠯ᠎ᠲᠠᠢ᠂ ᠤᠳᠬ᠎ᠠ ᠠᠭᠤᠯᠭ᠎ᠠ᠎ᠲᠠᠢ ᠪᠠᠶᠠᠷ᠎ᠤᠨ ᠡᠳᠦᠷ᠎ᠢ ᠥᠩᠭᠡᠷᠡᠭᠦᠯᠬᠦ ᠳ᠋ᠦ ᠬᠦᠴᠦᠨ ᠨᠡᠮᠡᠷᠢᠯᠡᠪᠡ᠃

✦ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠮᠡᠳᠡᠭᠡ ᠵᠢ ᠦᠨᠳᠦᠰᠦᠯᠡᠪᠡᠯ᠂ ᠣᠳᠣᠬᠠᠨ᠎ᠳᠤ ᠮᠠᠨ᠎ᠤ ᠤᠯᠤᠰ ᠨᠢᠭᠡᠨᠲᠡ ᠨᠡᠶ᠋ᠢᠲᠡ 1750 ᠵᠦᠢᠯ᠎ᠦᠨ ᠢᠳᠡᠭᠡᠨ᠎ᠦ ᠠᠮᠤᠷ ᠲᠦᠪᠰᠢᠨ᠎ᠦ ᠤᠯᠤᠰ᠎ᠤᠨ ᠪᠠᠷᠢᠮᠵᠢᠶ᠎ᠠ ᠶ᠋ᠢ ᠨᠡᠢᠲᠡᠯᠡᠵᠦ᠂ 340 ᠭᠠᠷᠤᠢ ᠲᠦᠷᠦᠯ᠎ᠤᠨ ᠢᠳᠡᠭᠡᠨ᠎ᠦ ᠵᠦᠢᠯ ᠢ᠋ ᠬᠠᠮᠤᠷᠤᠨ᠂ ᠨᠡᠢᠳᠡᠮ ᠬᠡᠷᠡᠭᠯᠡᠬᠦ ᠪᠠᠷᠢᠮᠵᠢᠶ᠎ᠠ᠂ ᠦᠢᠯᠡᠳᠬᠦᠨ᠎ᠦ ᠪᠠᠷᠢᠮᠵᠢᠶ᠎ᠠ᠂ ᠦᠢᠯᠡᠳᠪᠦᠷᠢᠯᠡᠯ ᠦ᠋ᠨ ᠵᠢᠷᠤᠮᠵᠢᠯ ᠪᠠ ᠰᠢᠯᠭᠠᠨ ᠪᠠᠢᠴᠠᠭᠠᠬᠤ ᠠᠷᠭ᠎ᠠ ᠵᠡᠷᠭᠡ ᠭᠣᠭᠴᠣᠭ᠎ᠠ ᠪᠦᠷᠢ᠎ᠳᠦ ᠴᠥᠮ ᠵᠢᠷᠤᠮᠯᠠᠬᠤ ᠪᠠᠷᠢᠮᠵᠢᠶ᠎ᠠ ᠲᠤᠭᠲᠠᠭᠠᠵᠠᠢ᠃

✦ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠡᠳ᠋᠎ᠦᠨ ᠵᠠᠰᠠᠭ᠎ᠤᠨ ᠲᠢᠩᠬᠢᠮ ᠡᠴᠡ ᠤᠢᠯᠠᠭᠠᠭᠰᠠᠨ ᠵᠢᠡᠷ᠂ 15 ᠵᠦᠢᠯ᠎ᠦᠨ ᠰᠤᠷᠭᠠᠨ ᠬᠥᠮᠦᠵᠢᠯ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠨᠠᠢᠳᠠᠪᠤᠷᠢᠵᠢᠭᠤᠯᠬᠤ ᠶ᠋ᠢ ᠪᠥᠬᠥ ᠬᠦᠴᠦᠨ᠎ᠢᠶᠡᠷ ᠪᠠᠲᠤᠯᠠᠬᠤ᠎ᠶᠢᠨ ᠲᠥᠯᠥᠭᠡ᠂ 2026 ᠣᠨ᠎ᠳᠤ ᠨᠢᠭᠡᠨᠲᠡ 41.7365 ᠳ᠋ᠦᠩᠰᠢᠭᠤᠷ ᠲᠥᠭᠥᠷᠢᠭ᠎ᠦᠨ ᠬᠣᠯᠪᠣᠭᠳᠠᠯ ᠪᠦᠬᠦᠢ ᠪᠡᠯᠡ ᠮᠥᠩᠭᠥ᠎ᠶᠢ ᠤᠷᠢᠳᠴᠢᠯᠠᠨ ᠪᠠᠭᠤᠯᠭᠠᠪᠠ᠃

✦ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ᠎ᠦᠨ 4 ᠰᠠᠷ᠎ᠠ᠎ᠶᠢᠨ ᠰᠡᠭᠦᠯᠴᠢ ᠪᠣᠯᠲᠠᠯ᠎ᠠ ᠥᠪᠥᠷ ᠮᠣᠩᠭᠣᠯ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ᠎ᠳᠦ ᠲᠦᠰᠢᠭᠯᠡᠨ ᠠᠶᠠᠨᠴᠢᠳ᠎ᠤᠨ ᠪᠠ ᠪᠠᠷᠠᠭ᠎ᠠ ᠰᠢᠤᠳᠠᠨ᠎ᠤ ᠨᠡᠢᠯᠡᠮᠡᠯ ᠱᠤᠭᠤᠮ ᠎ᠢ 182 ᠨᠡᠪᠲᠡᠷᠡᠭᠦᠯᠵᠡᠢ᠂ ᠡᠭᠦᠨ᠎ᠳᠦ ᠬᠥᠳᠡᠭᠡ ᠲᠣᠰᠬᠣᠨ᠎ᠤ ᠠᠶᠠᠨᠴᠢᠳ ᠤ᠋ᠨ ᠵᠦᠭᠡᠭᠡᠪᠦᠷᠢ᠎ᠶᠢᠨ ᠡᠭᠡᠯᠵᠢ᠎ᠶᠢᠨ ᠱᠤᠭᠤᠮ᠎ᠢ 145᠂ ᠭᠠᠴᠠᠭ᠎ᠠ ᠲᠣᠰᠬᠣᠨ ᠳ᠋ᠤ ᠨᠡᠪᠲᠡᠷᠡᠬᠦ ᠨᠡᠶ᠋ᠢᠲᠡ᠎ᠶᠢᠨ ᠮᠠᠰᠢᠨ ᠲᠡᠷᠭᠡᠨ᠎ᠦ ᠱᠤᠭᠤᠮ᠎ᠢ 37 ᠨᠡᠪᠲᠡᠷᠡᠭᠦᠯᠵᠡᠢ᠃

✦25᠎ᠤ ᠡᠳᠦᠷ᠂ ᠲᠦᠩᠯᠢᠶᠣᠣ ᠬᠣᠲᠠ᠎ᠶᠢᠨ ᠣᠶ ᠰᠢᠭᠤᠢ ᠪᠠ ᠨᠤᠲᠤᠭ ᠪᠡᠯᠴᠢᠭᠡᠷ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠎ᠤᠨ ᠪᠡᠶ᠎ᠡ᠎ᠪᠡᠨ ᠳᠠᠭᠠᠭᠠᠵᠤ 16 ᠵᠢᠯ ᠪᠣᠢᠵᠢᠭᠤᠯᠤᠭᠰᠠᠨ ᠤᠩᠭᠠᠷᠢᠯ ᠦᠭᠡᠢ᠂ ᠲᠦᠷᠭᠡᠨ ᠤᠷᠭᠤᠬᠤ ᠤᠯᠢᠶᠠᠰᠤ ᠮᠣᠳᠣᠨ᠎ᠤ ᠰᠢᠨ᠎ᠡ ᠡᠭᠦᠯᠳᠡᠷ᠎ᠢ ᠬᠡᠪᠴᠢᠶᠡᠵᠢᠭᠦᠯᠦᠨ ᠪᠤᠢᠵᠢᠭᠤᠯᠬᠤ ᠱᠠᠲᠤᠨ᠎ᠳᠤ ᠣᠷᠣᠭᠤᠯᠪᠠ᠃ ᠡᠨᠡ ᠨᠢ ᠮᠠᠨ᠎ᠤ ᠤᠯᠤᠰ ᠤᠳᠤᠮᠰᠢᠯ ᠤ᠋ᠨ ᠲᠠᠯ᠎ᠠ᠎ᠠᠴᠠ ᠤᠩᠭᠠᠷᠢᠯ᠎ᠤᠨ ᠪᠣᠬᠢᠷᠲᠤᠯ᠎ᠢ ᠦᠨᠳᠦᠰᠦᠨ᠎ᠡᠴᠡ ᠨᠢ ᠵᠠᠰᠠᠬᠤ ᠲᠠᠯ᠎ᠠ᠎ᠪᠠᠷ ᠴᠢᠬᠤᠯᠠ ᠶᠡᠬᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠬᠤ ᠪᠥᠭᠡᠳ《ᠤᠮᠠᠷᠠᠲᠤ᠎ᠶᠢᠨ ᠭᠤᠷᠪᠠᠨ ᠣᠷᠣᠨ》᠎ᠤ ᠮᠠᠭᠤᠳᠠᠭᠰᠠᠨ ᠣᠢᠲᠤ ᠭᠠᠵᠠᠷ᠎ᠢ ᠰᠢᠨᠡᠳᠬᠡᠬᠦ ᠪᠠ ᠮᠣᠳᠣᠨ ᠮᠠᠲᠧᠷᠢᠶᠠᠯ᠎ᠤᠨ ᠠᠮᠤᠷ ᠲᠦᠪᠰᠢᠨ᠎ᠳᠦ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠰᠢᠯᠢᠳᠡᠭ ᠮᠣᠳᠣᠨ᠎ᠤ ᠲᠥᠷᠥᠯ᠎ᠢ ᠬᠠᠩᠭᠠᠪᠠ᠃

✦ᠣᠢᠷ᠎ᠠ᠎ᠳᠤ ᠪᠠᠶᠠᠨᠨᠠᠭᠤᠷ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠣᠪᠴᠢᠶ᠎ᠠ ᠦᠶᠡᠷ᠎ᠦᠨ ᠬᠤᠭᠤᠴᠠᠭ᠎ᠠ ᠵᠤᠨ᠎ᠤ ᠠᠮᠠᠷᠠᠯᠲᠠ᠎ᠶᠢᠨ ᠬᠤᠭᠤᠴᠠᠭᠠᠨ ᠤ᠋ ᠠᠶᠤᠯᠭᠦᠢ ᠦᠢᠯᠡᠳᠪᠦᠷᠢᠯᠡᠯ᠎ᠦᠨ ᠬᠦᠨᠳᠦ ᠶᠡᠬᠡ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠡᠬᠢᠯᠡᠭᠦᠯᠵᠦ᠂ ᠪᠥᠬᠥ ᠬᠣᠲᠠ᠎ᠳᠤ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠤᠨ ᠪᠡᠯᠡᠳᠬᠡᠯ ᠴᠡᠭ 19᠂ 215 ᠬᠥᠮᠥᠨ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠲᠤᠰᠬᠠᠢ ᠡᠩᠨᠡᠭᠡ᠎ᠶᠢ 11 ᠪᠠᠢᠷᠢᠯᠠᠭᠤᠯᠵᠤ᠂ ᠠᠴᠢᠶᠠᠯᠠᠬᠤ ᠮᠠᠰᠢᠨ᠂ ᠮᠠᠯᠲᠠᠭᠤᠷ ᠮᠠᠰᠢᠨ ᠵᠡᠷᠭᠡ ᠡᠯ᠎ᠡ ᠲᠥᠷᠥᠯ᠎ᠦᠨ ᠠᠶᠤᠯ᠎ᠠᠴᠠ ᠠᠪᠤᠷᠠᠬᠤ ᠮᠠᠰᠢᠨ ᠲᠥᠬᠦᠭᠡᠷᠦᠮᠵᠢ᠎ᠶᠢ 73 ᠲᠣᠬᠢᠷᠠᠭᠤᠯᠵᠠᠢ᠃

✦ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ ᠨᠢ《ᠨᠡᠭᠦᠳᠡᠯ ᠡᠮᠨᠡᠯᠭᠡ᠎ᠶᠢᠨ ᠬᠣᠷᠢᠶ᠎ᠠ》᠎ᠶᠢᠨ  ᠣᠨᠣᠰᠢᠯᠠᠨ ᠡᠮᠴᠢᠯᠡᠬᠦ ᠲᠡᠷᠭᠡᠨ᠎ᠳᠦ ᠲᠦᠰᠢᠭᠯᠡᠨ ᠣᠨᠣᠰᠢᠯᠠᠨ ᠡᠮᠴᠢᠯᠡᠬᠦ᠂ ᠰᠢᠨᠵᠢᠯᠡᠨ ᠪᠠᠢᠴᠠᠭᠠᠬᠤ᠂ ᠮᠡᠰᠡ ᠵᠠᠰᠠᠯ ᠬᠢᠬᠦ᠂ ᠳᠠᠭᠠᠭᠤᠯᠤᠨ ᠰᠤᠷᠭᠠᠬᠤ᠎ᠶᠢ ᠨᠢᠭᠡ ᠴᠣᠭᠴᠠᠵᠢᠭᠤᠯᠵᠦ᠂ ᠲᠤᠰᠬᠠᠢ ᠰᠠᠯᠠᠭᠠᠨ᠎ᠤ ᠭᠣᠣᠯᠯᠠᠭ᠍ᠴᠢ ᠬᠦᠴᠦᠨ ᠵᠢᠴᠢ ᠬᠢᠲᠠᠳ ᠮᠣᠩᠭᠣᠯ ᠡᠮᠨᠡᠯᠭᠡ᠎ᠶᠢᠨ ᠣᠨᠴᠠᠯᠢᠭ᠍ᠲᠤ ᠲᠤᠰᠬᠠᠢ ᠮᠡᠷᠭᠡᠵᠢᠯᠲᠡᠨ᠎ᠦ ᠪᠦᠯᠬᠦᠮ᠎ᠢ ᠲᠣᠬᠢᠷᠠᠭᠤᠯᠵᠤ᠂ ᠪᠥᠬᠥ ᠬᠣᠰᠢᠭᠤᠨ᠎ᠤ 20 ᠰᠢᠶᠠᠩ ᠪᠠᠯᠭᠠᠰᠤ(ᠲᠠᠯᠠᠪᠠᠶ)ᠳ᠋ᠤ ᠭᠦᠨᠵᠡᠭᠡᠢᠷᠡᠨ ᠲᠣᠭᠣᠷᠢᠨ ᠡᠮᠴᠢᠯᠡᠬᠦ ᠦᠢᠯᠡᠴᠢᠯᠡᠭᠡ ᠬᠠᠩᠭᠠᠨᠵᠦ ᠪᠠᠢᠨ᠎ᠠ᠃

 

ᠠᠵᠤ ᠠᠬᠤᠢ 

✦ᠳᠤᠮᠳᠠᠳᠤ ᠤᠯᠤᠰ᠎ᠤᠨ ᠵᠥᠭᠡᠯᠡᠨ ᠲᠣᠨᠣᠭ᠎ᠤᠨ ᠦᠨᠡᠯᠡᠯᠲᠡ ᠶ᠋ᠢᠨ ᠲᠥᠪ᠎ᠡᠴᠡ ᠨᠡᠢᠲᠡᠯᠡᠭᠰᠡᠨ 《ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠣᠶᠤᠨᠲᠤ ᠮᠠᠰᠢᠨ ᠬᠥᠮᠥᠨ᠎ᠦ ᠠᠵᠤ ᠦᠢᠯᠡᠰ᠎ᠦᠨ ᠤᠯᠠᠷᠢᠯ ᠬᠤᠪᠢᠰᠤᠯ ᠬᠢᠭᠡᠳ ᠢᠷᠡᠭᠡᠳᠦᠢ᠎ᠶᠢᠨ ᠬᠠᠨᠳᠤᠰᠢ᠎ᠶᠢᠨ ᠰᠤᠳᠤᠯᠤᠯ》ᠭᠡᠬᠦ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠮᠠᠰᠢᠨ ᠬᠥᠮᠥᠨ᠎ᠦ ᠠᠵᠤ ᠦᠢᠯᠡᠰ ᠨᠢᠭᠡᠨᠲᠡ ᠠᠩᠬ᠎ᠠ ᠠᠯᠬᠤᠮ ᠰᠢᠰᠲᠧᠮ ᠪᠣᠯᠣᠨ ᠪᠦᠷᠢᠯᠳᠦᠵᠦ᠂ ᠵᠢᠱ᠌ᠢᠯᠲᠡ᠎ᠪᠡᠷ ᠡᠨᠡ ᠵᠢᠯ ᠮᠠᠨ᠎ᠤ ᠤᠯᠤᠰ᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠮᠠᠰᠢᠨ ᠬᠥᠮᠥᠨ᠎ᠦ ᠵᠠᠬ᠎ᠠ ᠳᠡᠯᠭᠡᠭᠦᠷ᠎ᠦᠨ ᠬᠡᠪᠴᠢᠶ᠎ᠡ 100 ᠳ᠋ᠦᠩᠰᠢᠭᠤᠷ ᠲᠥᠭᠥᠷᠢᠭ᠎ᠢ ᠳᠠᠪᠠᠬᠤ ᠪᠤᠯᠤᠨ᠎ᠠ᠃

✦ᠣᠲᠣᠬᠠᠨ ᠪᠣᠯᠲᠠᠯ᠎ᠠ ᠰᠢᠯᠢ᠎ᠶᠢᠨ ᠭᠣᠣᠯ ᠠᠢᠮᠠᠭ᠎ᠤᠨ ᠳᠠᠩᠰᠠᠯᠠᠭᠤᠯᠤᠭᠰᠠᠨ ᠠᠳᠤᠭᠤᠨ᠎ᠤ ᠪᠦᠲᠦᠭᠡᠭᠳᠡᠬᠦᠨ᠎ᠦ ᠬᠣᠯᠪᠣᠭᠳᠠᠯ ᠪᠦᠬᠦᠢ ᠲᠠᠸᠠᠷ᠎ᠤᠨ ᠲᠡᠮᠳᠡᠭ 120 ᠪᠠᠢᠵᠤ᠂ ᠤᠯᠤᠰ᠎ᠤᠨ ᠲᠤᠰᠬᠠᠢ ᠠᠰᠢᠭ᠋᠎ᠤᠨ ᠡᠷᠬᠡ᠎ᠶᠢ 2 ᠭᠤᠶᠤᠴᠢᠯᠠᠨ ᠮᠡᠳᠡᠭᠦᠯᠵᠦ᠂ ᠠᠳᠤᠭᠤᠨ ᠤ᠋ ᠪᠦᠲᠦᠭᠡᠭᠳᠡᠬᠦᠨ᠎ᠦ ᠭᠣᠣᠯ ᠰᠡᠳᠦᠪᠲᠦ 200 ᠭᠠᠷᠤᠢ ᠵᠦᠢᠯ᠎ᠦᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠰᠤᠳᠤᠯᠤᠨ ᠨᠡᠭᠡᠭᠡᠭᠰᠡᠨ ᠪᠠᠢᠨ᠎ᠠ᠃ 2025 ᠣᠨ ᠪᠣᠯᠲᠠᠯ᠎ᠠ ᠪᠥᠬᠥ ᠠᠢᠮᠠᠭ᠎ᠤᠨ ᠠᠳᠤᠭᠤᠨ᠎ᠤ ᠠᠵᠤ ᠦᠢᠯᠡᠰ᠎ᠦᠨ ᠶᠡᠷᠦᠩᠬᠡᠢᠯᠡᠭᠰᠡᠨ ᠦᠢᠯᠡᠳᠬᠦᠨ᠎ᠦ ᠥᠷᠲᠡᠭ 25 ᠳ᠋ᠦᠩᠰᠢᠭᠤᠷ ᠲᠥᠭᠥᠷᠢᠭ᠎ᠢ ᠳᠠᠪᠠᠪᠠ᠃

 

ᠰᠤᠶᠤᠯ

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ᠎ᠤᠨ ᠠᠮᠠᠷᠠᠯᠲᠠ ᠬᠦᠷᠴᠦ ᠢᠷᠡᠬᠦ᠎ᠶᠢ ᠳᠠᠭᠠᠯᠳᠤᠨ᠂ ᠪᠦᠬᠦ ᠣᠷᠣᠨ᠎ᠤ ᠡᠯ᠎ᠡ ᠠᠢᠮᠠᠭ ᠬᠤᠳᠠ᠎ᠶᠢᠨ ᠰᠣᠶᠣᠯ᠎ᠤᠨ ᠣᠷᠳᠣᠨ (ᠤᠯᠠᠨ ᠲᠦᠮᠡᠨᠴᠢ ᠤᠷᠠᠯᠢᠭ᠋᠎ᠤᠨ ᠣᠷᠳᠣᠨ) ᠨᠢ ᠵᠠᠯᠠᠭᠤᠴᠤᠳ ᠪᠠᠭᠠᠴᠤᠳ᠎ᠤᠨ ᠳᠤᠷ᠎ᠠ ᠰᠣᠨᠢᠷᠬᠠᠯ᠎ᠤᠨ ᠣᠨᠴᠠᠯᠢᠭ᠋ ᠪᠣᠯᠣᠨ ᠦᠰᠦᠨ ᠪᠣᠶ᠋ᠢᠵᠢᠯᠲᠠ᠎ᠶᠢᠨ ᠬᠡᠷᠡᠭᠴᠡᠭᠡ᠎ᠳᠦ ᠵᠣᠬᠢᠴᠠᠭᠤᠯᠵᠤ᠂ ᠭᠣᠣᠯ ᠰᠡᠳᠦᠪ᠎ᠢᠶᠡᠷ ᠢᠯᠡ ᠲᠣᠳᠣ᠌᠂ ᠬᠡᠯᠪᠡᠷᠢ᠎ᠪᠡᠷ ᠤᠯᠠᠨ ᠡᠰᠢᠴᠢᠯᠡᠭᠰᠡᠨ ᠠᠯᠢ ᠤᠯᠠᠨ ᠰᠣᠶᠣᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠲᠥᠰᠥᠪᠯᠡᠨ ᠳᠤᠬᠢᠷᠠᠭᠤᠯᠵᠠᠢ᠃

✦25᠎ᠤ ᠡᠳᠦᠷ᠂ 《ᠬᠠᠮᠤᠭ᠎ᠤᠨ ᠰᠠᠢᠬᠠᠨ ᠰᠠᠨᠰᠠᠷ᠎ᠤᠨ ᠠᠶᠠᠯᠠᠯ᠎ᠤᠨ ᠵᠡᠭᠦᠳᠦ》 ᠪᠠᠭᠠᠴᠤᠳ᠎ᠤᠨ ᠤᠷᠠᠨ ᠵᠢᠷᠤᠭ᠎ᠤᠨ ᠪᠦᠲᠦᠭᠡᠯ᠎ᠦᠨ ᠦᠵᠡᠰᠬᠦᠯᠡᠨᠭ ᠡᠵᠡᠨ᠎ᠡ  ᠶ᠋ᠢᠨ ᠲᠣᠣᠷᠠᠢ ᠶ᠋ᠢᠨ ᠤᠷᠠᠯᠢᠭ᠋᠎ᠤᠨ ᠣᠷᠳᠣᠨ᠎ᠳᠤ ᠡᠬᠢᠯᠡᠵᠦ᠂ ᠪᠥᠬᠥ ᠤᠯᠤᠰ ᠤ᠋ᠨ ᠡᠯ᠎ᠡ ᠭᠠᠵᠠᠷ᠎ᠤᠨ ᠰᠤᠷᠤᠭ᠍ᠴᠢᠳ᠎ᠤᠨ 213 ᠰᠢᠯᠢᠳᠡᠭ ᠪᠦᠲᠦᠭᠡᠯ ᠢ᠋ ᠳᠡᠯᠭᠡᠨ ᠦᠵᠡᠬᠦᠯᠵᠡᠢ᠃

✦ᠡᠨᠡ ᠵᠢᠯ ᠡᠴᠡ ᠨᠠᠭᠠᠰᠢ᠂ ᠠᠪᠠᠭ᠎ᠠ ᠬᠣᠰᠢᠭᠤᠨ ᠤ᠋ 《ᠬᠡᠦᠬᠡᠳ ᠪᠠ ᠮᠣᠷᠢ》 ᠭᠣᠣᠯ ᠰᠡᠳᠦᠪᠲᠦ ᠰᠣᠶᠣᠯ᠎ᠤᠨ ᠬᠦᠷᠢᠶᠡᠯᠡᠩ ᠨᠢ ᠭᠣᠣᠯᠳᠠᠭᠤ ᠬᠡᠦᠬᠡᠳ ᠦ᠋ᠨ᠎ᠰᠤᠳᠤᠯᠤᠨ ᠰᠤᠷᠤᠯᠴᠠᠬᠤ᠂ ᠴᠡᠭᠡ ᠰᠤᠪᠢᠯᠠᠯ ᠵᠡᠷᠭᠡ ᠣᠨᠴᠠᠯᠢᠭ᠍ᠲᠤ ᠠᠵᠢᠯᠯᠠᠭ᠎ᠠ ᠶ᠋ᠢᠨ ᠲᠣᠭᠣᠷᠢᠨ᠎ᠳᠤ ᠮᠣᠷᠢᠨ ᠨᠢᠷᠤᠭᠤᠨ ᠳᠡᠭᠡᠷᠡᠬᠢ ᠰᠤᠳᠤᠯᠤᠨ ᠰᠤᠷᠤᠯᠴᠠᠬᠤ ᠬᠢᠴᠢᠶᠡᠯ ᠢ᠋ ᠭᠣᠣᠯᠳᠠᠯᠭ᠎ᠠ᠎ᠲᠠᠢ ᠨᠡᠬᠡᠬᠡᠨ ᠬᠦᠭᠵᠢᠬᠦᠯᠵᠦ ᠪᠠᠢᠨ᠎ᠠ᠃

 

ᠲᠠᠮᠢᠷ

✦26᠎ᠤ ᠡᠳᠦᠷ᠂ 21 ᠳ᠋ᠤᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠡᠯᠡᠰᠦᠨ ᠲᠠᠩ᠎ᠤᠨ ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠴᠢ ᠲᠠᠯ᠎ᠠ ᠨᠤᠲᠤᠭ᠎ᠤᠨ ᠲᠣᠰᠬᠣᠨ᠎ᠤ ᠠᠯᠠᠭᠠᠳᠠᠬᠤ ᠪᠥᠮᠪᠥᠭᠡ᠎ᠶᠢᠨ ᠰᠢᠷᠢᠰ ᠤᠷᠤᠯᠳᠤᠭᠠᠨ ᠣᠲᠣᠭ᠎ᠤᠨ ᠡᠮᠦᠨᠡᠲᠦ ᠬᠣᠰᠢᠭᠤ ᠳ᠋ᠤ ᠡᠬᠢᠯᠡᠵᠦ᠂ ᠴᠦᠩᠴᠢᠩ᠂ ᠰᠧᠴᠦᠸᠠᠨ᠂ ᠵᠧᠵᠢᠶᠠᠩ᠂ ᠬᠠᠢᠨᠠᠨ᠂ ᠥᠪᠥᠷ ᠮᠣᠩᠭᠣᠯ ᠵᠡᠷᠭᠡ ᠭᠠᠵᠠᠷ᠎ᠤᠨ 99 ᠳᠤᠭᠤᠢᠯᠠᠡᠭ ᠤᠷᠤᠯᠴᠠᠪᠠ᠃ ᠲᠤᠰ ᠤᠷᠤᠯᠳᠤᠭᠠᠨ 5 ᠰᠠᠷ᠎ᠠ᠎ᠶᠢᠨ 29᠎ᠦ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠃

 

ᠳᠡᠯᠡᠬᠡᠢ

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠤᠯᠤᠰ᠎ᠤᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠪᠴᠢᠶ᠎ᠠ 26᠎ᠤ ᠡᠳᠦᠷ ᠰᠠᠷᠠᠨ ᠪᠥᠮᠪᠥᠷᠴᠡᠭ᠎ᠦᠨ ᠤ᠋ ᠪᠦᠲᠦᠭᠡᠨ ᠪᠠᠢᠭᠤᠯᠤᠯᠲᠠ ᠶ᠋ᠢᠨ ᠶᠠᠪᠤᠴᠠ ᠵᠢᠨ ᠵᠢᠷᠤᠭ᠎ᠢ ᠨᠡᠢᠲᠡᠯᠡᠵᠦ᠂ ᠢᠷᠡᠭᠡᠳᠦᠢ᠎ᠳᠦ ᠰᠠᠷᠠᠨ ᠪᠥᠮᠪᠥᠷᠴᠡᠭ ᠦ᠋ᠨ ᠡᠮᠦᠨᠡᠲᠦ ᠲᠤᠢᠯ᠎ᠳᠤ ᠣᠷᠳᠣ᠌ ᠬᠤᠭᠤᠴᠠᠭ᠎ᠠ᠎ᠪᠠᠷ ᠣᠷᠣᠰᠢᠨ ᠰᠠᠭᠤᠬᠤ ᠲᠥᠬᠦᠭᠡᠷᠦᠮᠵᠢ ᠪᠠᠶ᠋ᠢᠭᠤᠯᠬᠤ ᠬᠥᠭᠵᠢᠯᠲᠡ᠎ᠶᠢᠨ ᠬᠠᠷᠠᠯᠲᠠ ᠪᠠ ᠬᠡᠷᠡᠭᠵᠢᠭᠦᠯᠬᠦ ᠠᠷᠭ᠎ᠠ ᠵᠠᠮ᠎ᠢ ᠤᠯᠠᠮ ᠨᠢᠭᠡ ᠠᠯᠬᠤᠮ ᠨᠠᠷᠢᠯᠢᠭ᠍ᠵᠢᠭᠤᠯᠵᠠᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠰᠣᠯᠣᠩᠭᠣᠰ ᠤ᠋ᠨ ᠭᠠᠳᠠᠭᠠᠳᠤ ᠶᠠᠪᠤᠳᠠᠯ᠎ᠤᠨ ᠶᠠᠮᠤᠨ᠎ᠤ ᠤᠷᠢᠯᠭ᠎ᠠ᠎ᠪᠠᠷ ᠰᠢᠩᠭᠠᠫᠤᠷ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠧᠢ ᠸᠸᠨ ᠨᠠᠷ 26 ᠎ᠤ ᠡᠳᠦᠷ ᠫᠢᠩᠷᠠᠩ᠎ᠳᠤ ᠬᠦᠷᠴᠦ᠂ ᠰᠣᠯᠣᠩᠭᠣᠰ᠎ᠲᠡᠬᠢ ᠠᠶ᠋ᠢᠯᠴᠢᠯᠠᠯᠲᠠ᠎ᠪᠠᠨ ᠡᠬᠢᠯᠡᠭᠦᠯᠵᠡᠢ᠃ ᠡᠨᠡ ᠪᠣᠯ ᠰᠢᠩᠭᠠᠫᠤᠷ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ 8 ᠵᠢᠯ ᠠᠯᠤᠰᠯᠠᠭᠠᠳ ᠰᠣᠯᠣᠩᠭᠣᠰ᠎ᠲᠤ ᠳᠠᠬᠢᠨᠲᠠ ᠠᠢᠯᠴᠢᠯᠠᠵᠤ ᠪᠠᠢᠭ᠎ᠠ ᠶᠠᠪᠤᠳᠠᠯ ᠪᠣᠯᠣᠨ᠎ᠠ᠃

 

ᠦᠢᠯᠡᠴᠢᠯᠡᠭᠡ

✦ᠥᠪᠥᠷ ᠮᠣᠩᠭᠣᠯ᠎ᠤᠨ ᠶᠡᠬᠡ ᠰᠤᠷᠭᠠᠭᠤᠯᠢ ᠵᠢᠭᠠᠨ ᠰᠤᠷᠭᠠᠯᠲᠠ᠎ᠶᠢᠨ ᠲᠤᠰᠠᠯᠠᠭ᠍ᠴᠢ᠂ ᠬᠠᠮᠢᠶᠠᠷᠤᠯᠲᠠ᠎ᠶᠢᠨ ᠲᠤᠰᠠᠯᠠᠭ᠍ᠴᠢ᠎ᠶᠢᠨ ᠠᠵᠢᠯ᠎ᠤᠨ ᠪᠠᠢᠷᠢ ᠳ᠋ᠤ 58 ᠬᠦᠮᠦᠨ ᠡᠯᠰᠡᠨ᠎ᠠ᠃ 

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ 2026 ᠣᠨ᠎ᠤ 5 ᠰᠠᠷ᠎ᠠ᠎ᠶᠢᠨ 29᠎ᠦ ᠡᠳᠦᠷ᠎ᠦᠨ 12 ᠴᠠᠭ ᠠ᠋ᠴᠠ 6 ᠰᠠᠷ᠎ᠠ᠎ᠶᠢᠨ 1᠎ᠦ ᠡᠳᠦᠷ᠎ᠦᠨ 14 ᠴᠠᠭ 30 ᠮᠢᠨᠦ᠋ᠲ ᠪᠣᠯᠲᠠᠯ᠎ᠠ ᠪᠥᠬᠥ ᠣᠷᠣᠨ᠎ᠤ ᠬᠥᠮᠥᠨ ᠠᠮᠠ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲᠧᠮ᠎ᠤᠨ ᠳᠤᠭ᠎ᠠ ᠪᠠᠷᠢᠮᠳᠠ ᠵᠢ ᠨᠡᠭᠦᠯᠭᠡᠨ ᠰᠢᠯᠵᠢᠬᠦᠯᠬᠦ ᠤᠴᠢᠷ ᠡᠴᠡ ᠡᠨᠡ ᠬᠤᠭᠤᠴᠠᠭᠠᠨ᠎ᠳᠤ ᠰᠦᠯᠵᠢᠶᠡᠨ ᠭᠠᠳᠠᠨᠠᠬᠢ ᠴᠣᠩᠬᠣᠪᠴᠢ᠂ ᠰᠦᠯᠵᠢᠶᠡᠨ ᠳᠡᠭᠡᠷᠡᠬᠢ ᠲᠠᠪᠴᠠᠩ᠎ᠤᠨ ᠬᠢᠨ ᠮᠤᠵᠢ ᠠᠯᠤᠰᠯᠠᠨ ᠨᠡᠢᠳᠡᠮ ᠰᠢᠢᠳᠪᠦᠷᠢᠯᠡᠬᠦ᠂ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠵᠡᠷᠭᠡ ᠬᠣᠯᠪᠣᠭᠳᠠᠯ ᠪᠦᠬᠦᠢ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠪᠡᠨ ᠲᠦᠷ ᠵᠣᠭᠰᠣᠭᠠᠨ᠎ᠠ᠃ ᠵᠢᠱ᠌ᠢᠯᠲᠡ᠎ᠪᠡᠷ 2026 ᠣᠨ᠎ᠤ 6 ᠰᠠᠷ᠎ᠠ᠎ᠶᠢᠨ 1᠎ᠦ ᠡᠳᠦᠷ᠎ᠦᠨ 14 ᠴᠠᠭ 30 ᠮᠢᠨᠦ᠋ᠲ᠎ᠡᠴᠡ ᠪᠣᠶ ᠪᠦᠬᠦᠢ ᠲᠤᠬᠠᠢᠯᠠᠭᠰᠠᠨ ᠠᠵᠢᠯ᠎ᠤᠨ ᠬᠡᠪ᠎ᠦᠨ ᠶᠤᠰᠤᠭᠠᠷ ᠭᠦᠢᠴᠡᠳᠬᠡᠬᠦ ᠵᠢ ᠰᠡᠷᠭᠦᠭᠡᠨ᠎ᠠ᠃


ᠲᠠᠨ᠎ᠤ ᠲᠤᠰᠠ᠎ᠳᠤ

✦ᠵᠤᠨ᠎ᠤ ᠤᠯᠠᠷᠢᠯ᠎ᠳᠤ ᠠᠭᠠᠭᠢᠮ᠎ᠠ ᠬᠠᠯᠠᠭᠤᠨ ᠪᠠᠢᠵᠦ᠂ ᠵᠢᠷᠦᠬᠡ ᠴᠢᠰᠤᠨ ᠰᠤᠳᠠᠯ᠎ᠤᠨ ᠡᠪᠡᠳᠴᠢᠨ᠎ᠲᠠᠢ ᠨᠢᠭ᠍ᠲᠠ ᠬᠠᠷᠢᠴᠠᠭ᠎ᠠ᠎ᠲᠠᠢ ᠺᠠᠯᠢ᠎ᠶᠢᠨ ᠡᠯᠧᠮᠧᠨ᠋ᠲ ᠵᠢᠴᠢ ᠬᠥᠮᠥᠨ᠎ᠦ ᠪᠡᠶ᠎ᠡ᠎ᠶᠢᠨ ᠪᠤᠰᠤᠳ ᠪᠢᠴᠢᠯ ᠡᠯᠧᠮᠧᠨ᠋ᠲ ᠬᠥᠯᠥᠰᠦ᠎ᠶᠢ ᠳᠠᠭᠠᠯᠳᠤᠨ ᠠᠮᠠᠷᠬᠠᠨ ᠤᠷᠤᠰᠳᠠᠭ᠃ ᠵᠤᠨ᠎ᠤ ᠤᠯᠠᠷᠢᠯ᠎ᠳᠤ ᠦᠷᠭᠦᠯᠵᠢ ᠴᠠᠢ ᠤᠤᠭᠤᠪᠠᠯ ᠬᠠᠯᠠᠭᠤᠨ᠎ᠢ ᠪᠠᠭᠤᠷᠠᠭᠤᠯᠬᠤ ᠮᠥᠷᠲᠡᠭᠡᠨ ᠪᠠᠰᠠ ᠺᠠᠯᠢ᠎ᠶᠢ ᠨᠥᠬᠥᠪᠦᠷᠢᠯᠡᠳᠡᠭ᠃ ᠴᠠᠢ ᠤᠰᠤ ᠤᠤᠭᠤᠬᠤ᠎ᠠᠴᠠ ᠭᠠᠳᠠᠨ᠎ᠠ ᠪᠠᠰᠠ ᠳᠥᠭᠥᠮᠬᠡᠨ ᠬᠢᠲᠠᠳ ᠡᠮ᠎ᠦᠨ ᠴᠠᠢ ᠵᠢ ᠦᠪᠡᠰᠦᠪᠡᠨ ᠨᠠᠢᠷᠠᠭᠤᠯᠵᠤ ᠤᠤᠭᠤᠬᠤ ᠨᠢ᠂ ᠬᠠᠯᠠᠭᠤᠨ᠎ᠢ ᠬᠦᠬᠡᠬᠡᠬᠦ ᠵᠢᠨ ᠬᠠᠮᠲᠤ ᠰᠡᠳᠬᠢᠯ ᠰᠠᠨᠠᠭ᠎ᠠ᠎ᠶᠢ ᠲᠠᠢᠪᠤᠰᠢᠷᠠᠭᠤᠯᠳᠠᠭ᠃

ᠵᠠᠯᠭᠠᠭᠠᠳ 《ᠤᠨ ᠵᠢᠯ᠎ᠤᠨ ᠤᠷᠤᠰᠬᠠᠯ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号