5 ᠰᠠᠷ᠎ᠠ ᠵᠢᠨ 29᠎ᠤ ᠡᠳᠦᠷ
ᠡᠬᠢᠯᠡᠬᠦ᠌ ᠴᠠᠭ᠄
2026-05-29 09:58:53
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄
  
ᠤᠩᠰᠢᠭᠰᠠᠨ ᠤᠳᠠᠭ᠎ᠠ᠄


1000101010101010101010101010101010101015.29 封面模板0101.jpg


1000101010101010101010101010101010101015.29 天气预报模板0101.jpg


1000101010101010101010101010101010101015.29 天气预报模板0101.jpg


ᠨᠡᠢᠭᠡᠮ

✦ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ  《ᠴᠡᠷᠢᠭ ᠠᠩᠭᠢ᠎ᠶᠢᠨ ᠳᠡᠭᠡᠳᠦ ᠵᠡᠷᠭᠡ᠎ᠶᠢᠨ ᠺᠠᠳ᠋ᠷ᠎ᠤᠨ ᠬᠥᠮᠦᠵᠢᠯ ᠬᠠᠮᠢᠶᠠᠷᠤᠯᠲᠠ ᠬᠢᠨᠠᠯᠲᠠ ᠲᠠᠯᠪᠢᠬᠤ᠎ᠶᠢ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ᠎ᠨᠦᠭᠦᠳ》 ᠎ᠢ ᠳᠠᠷᠤᠮᠠᠯᠯᠠᠨ ᠲᠠᠷᠬᠠᠭᠠᠪᠠ᠃

✦ᠤᠢᠷ᠎ᠠ᠎ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠠᠴᠠ᠂ 2026 ᠣᠨ᠎ᠦ ᠮᠠᠰᠢᠨ ᠲᠡᠷᠭᠡᠨ᠎ᠦ ᠪᠠᠷᠢᠮᠵᠢᠶᠠᠵᠢᠭᠤᠯᠤᠯᠲᠠ᠎ᠶᠢᠨ ᠠᠵᠢᠯ᠎ᠤᠨ ᠭᠣᠣᠯᠳᠠᠯᠭ᠎ᠠ ᠎ᠶᠢ ᠨᠡᠢᠲᠡᠯᠡᠵᠦ᠂ ᠶᠠᠰᠤ ᠴᠢᠨᠠᠷ ᠎ᠤᠨ ᠠᠮᠤᠷ ᠳᠥᠪᠰᠢᠨ᠎ᠦ ᠪᠠᠷᠢᠮᠵᠢᠶ᠎ᠠ᠎ᠶᠢ ᠳᠡᠭᠡᠭᠰᠢᠯᠡᠭᠦᠯᠬᠦ ᠠᠵᠢᠯᠯᠠᠭ᠎ᠠ᠂ ᠢᠷᠡᠬᠡᠳᠦᠶ᠎ᠶᠢᠨ ᠮᠡᠷᠭᠡᠵᠢᠯ᠎ᠦᠨ ᠪᠠᠷᠢᠮᠵᠢᠶ᠎ᠠ᠎ᠶᠢ ᠤᠷᠢᠳᠴᠢᠯᠠᠨ ᠰᠤᠳᠤᠯᠬᠤ ᠠᠵᠢᠯᠯᠠᠭ᠎ᠠ ᠵᠡᠷᠭᠡ ᠵᠢ ᠪᠠᠢᠷᠢᠯᠠᠭᠤᠯᠪᠠ ᠃

✦5 ᠰᠠᠷ᠎ᠠ ᠵᠢᠨ 27᠎ᠤ ᠡᠳᠤᠷ᠂ ᠮᠠᠨ᠎ᠤ ᠤᠯᠤᠰ᠎ᠤᠨ ᠪᠦᠧᠧᠬᠠᠢ ᠲᠠᠩᠭᠢᠰ᠎ᠤᠨ ᠬᠡᠰᠡᠭ ᠲᠡᠬᠢ ᠨᠢᠭᠡ ᠳ᠋ᠦᠩᠰᠢᠭᠤᠷ ᠲᠣᠨ᠎ᠤ ᠲᠠᠰ᠎ᠤᠨ ᠴᠢᠯᠠᠭᠤᠨ ᠲᠣᠰᠣᠨ᠎ᠤ ᠠᠭᠤᠷᠬᠠᠢ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠪᠠ᠃

✦4 ᠰᠠᠷ᠎ᠠ᠎ᠶᠢᠨ ᠰᠡᠭᠦᠯᠴᠢ ᠪᠣᠯᠲᠠᠯ᠎ᠠ᠂ ᠮᠠᠨ᠎ᠤ ᠤᠯᠤᠰ᠎ᠤᠨ 5G᠎ᠶᠢᠨ ᠰᠠᠭᠤᠷᠢ ᠥᠷᠲᠡᠭᠡ᠎ᠶᠢᠨ ᠪᠦᠬᠦ ᠲᠣᠭ᠎ᠠ 500 ᠲᠦᠮᠡ᠎ᠶᠢ ᠳᠠᠪᠠᠵᠤ᠂ ᠲᠦᠷᠦᠭᠦᠦ ᠵᠢᠯ᠎ᠦᠨ ᠡᠴᠦᠰ᠎ᠦᠨ ᠬᠢ᠎ᠡᠴᠡ 17.1 ᠲᠦᠮᠡ ᠨᠡᠮᠡᠭᠳᠡᠪᠡ᠃

✦ᠡᠨᠡ ᠵᠢᠯ ᠤᠲᠤᠭ ᠬᠤᠰᠢᠭᠤ 7 ᠲᠦᠮᠡᠨ ᠮᠦ᠍ ᠨᠠᠷᠠᠨ ᠬᠤᠸᠠᠷ ᠲᠠᠷᠢᠬᠤ ᠪᠡᠷ ᠲᠦᠯᠦᠪᠯᠡᠵᠤ᠂ ᠤᠳᠤᠬᠠᠨ᠎ᠳᠤ ᠡᠯ᠎ᠠ ᠰᠤᠮᠤ ᠪᠠᠯᠭᠠᠰᠤᠨ᠎ᠤ ᠬᠠᠪᠤᠷ᠎ᠤᠨ ᠲᠠᠷᠢᠶᠠᠯᠠᠭ᠎ᠠ ᠨᠢᠭᠡᠨᠳᠡ ᠪᠦᠬᠦ ᠳᠠᠯ᠎ᠠ ᠪᠡᠷ ᠡᠬᠢᠯᠡᠭᠰᠡᠨ ᠪᠠᠢᠨ᠎ᠠ᠃

✦5 ᠰᠠᠷ᠎ᠠ᠎ᠶᠢᠨ26᠎ᠤ ᠡᠳᠦᠷ᠂ ᠬᠥᠪᠡᠭᠡᠲᠦ ᠰᠢᠷ᠎ᠠ ᠬᠣᠰᠢᠭᠤᠨ᠎ᠤ ᠰᠢᠨᠡᠪᠤᠯᠠᠭ ᠪᠠᠯᠭᠠᠰᠤᠨ᠎ᠤ ᠬᠠᠰᠢᠶᠠᠲᠤ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠨᠢ ᠬᠣᠰᠢᠭᠤᠨ᠎ᠤ ᠪᠡᠨ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠨᠠᠮ᠎ᠤᠨ ᠡᠭᠦᠷ᠎ᠲᠠᠢ ᠬᠠᠮᠲᠤᠷᠠᠨ 《ᠰᠤᠷᠭᠠᠭᠤᠯᠢ ᠨᠡᠢᠭᠡᠮ ᠲᠣᠭᠣᠷᠢᠭ᠋᠎ᠤᠨ ᠨᠠᠮ᠎ᠤᠨ ᠪᠠᠢᠭᠤᠯᠤᠯᠲᠠ ᠬᠦᠴᠦ ᠎ᠪᠡᠨ ᠬᠠᠮᠲᠤᠳᠬᠠᠵᠤ᠂ ᠦᠨᠳᠦᠰᠦᠲᠡᠨ᠎ᠦ ᠪᠦᠯᠬᠦᠮᠳᠡᠯ᠎ᠢᠶᠡᠷ ᠰᠡᠳᠬᠢᠯ᠎ᠢ ᠳᠤᠯᠠᠭᠠᠴᠠᠭᠤᠯᠬᠤ》 ᠰᠤᠷᠤᠭ᠍ᠴᠢ᠎ᠶᠢᠨ ᠭᠡᠷ ᠪᠦᠯᠢ᠎ᠳᠦ ᠪᠢᠴᠢᠭ᠎ᠦᠨ ᠰᠢᠷᠡᠭᠡ ᠰᠠᠨᠳᠠᠯᠢ ᠬᠠᠨᠳᠢᠪᠯᠡᠬᠤ ᠠᠵᠢᠯᠯᠠᠭ᠎ᠠ ᠥᠷᠨᠢᠭᠦᠯᠵᠠᠢ᠃

✦2026 ᠣᠨ᠎ᠳᠤ᠂ ᠺᠠᠢᠯᠤ ᠰᠢᠶᠠᠨ ᠠᠯᠠᠰᠢᠨ ᠦᠬᠡᠷ᠎ᠦᠨ ᠨᠡᠢᠲᠡᠯᠢᠭ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ ᠲᠠᠯᠠᠪᠠᠢ᠎ᠶᠢ 24᠂ ᠬᠣᠨᠢ ᠲᠡᠵᠢᠭᠡᠬᠦ ᠲᠤᠰᠬᠠᠢ ᠭᠠᠴᠠᠭ᠎ᠠ ᠲᠣᠰᠬᠣᠨ᠎ᠢ 15 ᠪᠠᠢᠭᠤᠯᠬᠤ᠎ᠪᠠᠷ ᠲᠥᠯᠥᠪᠯᠡᠵᠦ᠂ ᠵᠢᠯ᠎ᠦᠨ ᠡᠴᠦᠰ ᠪᠣᠯᠬᠤ᠎ᠳᠤ ᠪᠦᠬᠦ ᠰᠢᠶᠠᠨ᠎ᠤ ᠠᠯᠠᠰᠢᠨ ᠬᠣᠨᠢᠨ᠎ᠤ ᠬᠠᠰᠢᠶᠠᠯᠠᠯᠲᠠ᠎ᠶᠢᠨ ᠬᠡᠮᠵᠢᠶ᠎ᠡ᠎ᠶᠢ 130 ᠲᠦᠮᠡ᠂ ᠲᠡᠵᠢᠭᠡᠨ ᠦᠷᠡᠵᠢᠭᠦᠯᠬᠦ ᠬᠡᠮᠵᠢᠶ᠎ᠡ᠎ᠶᠢ 240 ᠲᠦᠮᠡ᠂ ᠬᠠᠰᠢᠶᠠᠯᠠᠯᠲᠠ᠎ᠠᠴᠠ ᠭᠠᠷᠭᠠᠬᠤ ᠬᠡᠮᠵᠢᠶ᠎ᠡ᠎ᠶᠢ 92 ᠲᠦᠮᠡ᠎ᠳᠦ ᠬᠦᠷᠭᠡᠬᠦ᠎ᠪᠡᠷ ᠴᠢᠷᠮᠠᠢᠵᠤ ᠪᠣᠶ᠃

✦ᠰᠦᠨᠢᠳ ᠪᠠᠷᠠᠭᠤᠨ ᠬᠤᠰᠢᠭᠤᠨ᠎ᠤ ᠵᠢᠷᠦᠬᠡ ᠪᠠᠯᠭᠠᠰᠤᠨ᠎ᠤ ᠠᠩᠬᠠᠨ᠎ᠤ ᠬᠤᠭᠤᠴᠠᠭᠠᠨ᠎ᠤ ᠢᠩᠲᠣᠣᠷ ᠲᠡᠭᠦᠬᠦ ᠤᠯᠠᠷᠢᠯ ᠵᠢᠴᠢ ᠲᠠᠷᠢᠶᠠᠯᠠᠩ᠎ᠤᠨ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠎ᠶᠢᠨ ᠠᠵᠢᠯᠯᠠᠭ᠎ᠠ ᠤᠢᠷ᠎ᠠ᠎ᠶᠢᠨ ᠡᠳᠦᠷ ᠬᠥᠭᠵᠢᠶᠡᠨᠲᠡᠢ ᠡᠬᠢᠯᠡᠪᠡ᠃ ᠲᠤᠰ ᠤᠳᠠᠭᠠᠨ᠎ᠤ ᠠᠵᠢᠯᠯᠠᠭ᠎ᠠ ᠨᠢ ᠵᠢᠮᠢᠰ ᠲᠡᠭᠦᠬᠦ᠎ᠪᠡᠷ ᠭᠠᠷᠳᠠᠴᠠ ᠪᠣᠯᠭᠠᠨ᠂ ᠠᠵᠤ ᠦᠢᠯᠡᠰ᠂ ᠰᠣᠶᠣᠯ ᠵᠢᠭᠤᠯᠴᠢᠯᠠᠯ᠂ ᠰᠤᠳᠤᠯᠤᠨ ᠰᠤᠷᠤᠯᠴᠠᠬᠤ ᠣᠯᠠᠨ ᠳᠠᠪᠬᠤᠷ ᠡᠬᠢ ᠪᠠᠶᠠᠯᠢᠭ᠋᠎ᠢ ᠬᠣᠯᠪᠣᠵᠤ᠂ ᠮᠠᠯᠴᠢᠨ ᠲᠠᠷᠢᠶᠠᠴᠢᠨ᠎ᠳᠤ ᠠᠵᠤ ᠦᠢᠯᠡᠰ᠎ᠦᠨ ᠬᠥᠭᠵᠢᠯᠲᠡ᠂ ᠵᠢᠭᠤᠯᠴᠢᠯᠠᠯ᠎ᠤᠨ ᠤᠷᠤᠯᠭ᠎ᠠ ᠵᠢᠨ ᠨᠡᠮᠡᠭᠳᠡᠯ᠎ᠤᠨ ᠪᠤᠳᠠᠳᠤ ᠦᠷ᠎ᠠ ᠠᠰᠢᠭ ᠬᠦᠷᠳᠡᠭᠡᠪᠡ᠃

✦ᠤᠢᠷ᠎ᠠ᠎ᠳᠤ ᠤᠷᠠᠳ᠎ᠤᠨ ᠬᠤᠢᠳᠤ ᠬᠣᠰᠢᠭᠤᠨ᠎ᠤ ᠡᠷᠡᠭᠦᠯ ᠬᠠᠮᠠᠭᠠᠯᠠᠯ᠎ᠤᠨ ᠵᠥᠪᠯᠡᠯ 2026 ᠣᠨ᠎ᠤ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠠᠵᠢᠯ᠎ᠦᠨ ᠬᠠᠭᠠᠰ ᠵᠢᠯ᠎ᠤᠨ ᠬᠢᠨᠠᠨ ᠵᠢᠯᠣᠭᠣᠳᠤᠯᠭ᠎ᠠ᠎ᠶᠢᠨ ᠪᠠᠢᠴᠠᠭᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠪᠦᠬᠦ ᠬᠣᠰᠢᠭᠤᠨ᠎ᠤ 15 ᠦᠨᠳᠦᠰᠦᠨ ᠱᠠᠳᠤᠨ᠎ᠦ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠠᠷᠪᠠᠨ ᠡᠳᠦᠷ᠎ᠦᠨ ᠬᠤᠭᠤᠴᠠᠭ᠎ᠠ᠎ᠲᠠᠢ ᠪᠦᠬᠦ ᠲᠠᠯ᠎ᠠ᠎ᠶᠢᠨ ᠬᠢᠨᠠᠨ ᠵᠢᠯᠣᠭᠣᠳᠤᠯᠭ᠎ᠠ ᠬᠢᠭᠰᠡᠨ ᠪᠠᠢᠨ᠎ᠠ᠃ 

 

ᠠᠵᠤ ᠠᠬᠤᠢ

✦ᠡᠨᠡ ᠵᠢᠯ᠎ᠦᠨ ᠲᠦᠷᠦᠭᠦᠦ ᠲᠦᠷᠪᠡᠨ ᠰᠠᠷ᠎ᠠ᠎ᠳᠤ᠂ ᠮᠠᠨ᠎ᠤ ᠤᠯᠤᠰ᠎ᠤᠨ ᠪᠦᠬᠦ ᠠᠵᠢᠯ ᠲᠥᠷᠥᠯ᠎ᠤᠨ ᠭᠠᠳᠠᠭᠠᠳᠤ᠎ᠳᠠᠬᠢ ᠰᠢᠭᠤᠳ ᠪᠡᠯᠡ ᠣᠷᠣᠭᠤᠯᠤᠯᠲᠠ 4294 ᠳ᠋ᠦ᠋ᠩᠰᠢᠭᠤᠷ 2000 ᠲᠦᠮᠡᠨ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 3.9% ᠪᠠᠷ ᠨᠡᠮᠡᠭᠳᠡᠪᠡ᠃

✦ᠡᠨᠡ ᠵᠢᠯ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ 33 ᠭᠣᠣᠯᠳᠠᠯᠭ᠎ᠠ᠎ᠲᠠᠢ ᠲᠥᠷᠥᠯ ᠵᠦᠢᠯ᠎ᠢ ᠬᠡᠷᠡᠭᠵᠢᠭᠦᠯᠬᠦ᠎ᠪᠡᠷ ᠲᠥᠯᠥᠪᠯᠡᠵᠦ ᠪᠣᠶ᠃ ᠡᠭᠦᠨ᠎ᠳᠦ 18 ᠲᠥᠷᠥᠯ ᠵᠦᠢᠯ᠎ᠢ ᠰᠢᠨ᠎ᠡ᠎ᠪᠡᠷ ᠪᠠᠢᠭᠤᠯᠤᠨ᠂15 ᠲᠥᠷᠥᠯ ᠵᠦᠢᠯ᠎ᠢ ᠦᠷᠭᠦᠯᠵᠢᠯᠡᠨ ᠪᠠᠢᠭᠤᠯᠵᠤ᠂ ᠵᠢᠯ᠎ᠳᠦ 52 ᠳ᠋ᠦᠩᠰᠢᠭᠤᠷ ᠲᠥᠭᠥᠷᠢᠭ ᠪᠡᠯᠡ ᠣᠷᠣᠭᠤᠯᠬᠤ᠎ᠪᠠᠷ ᠲᠥᠯᠥᠪᠯᠡᠨ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠬᠡᠮᠵᠢᠶ᠎ᠡ ᠵᠢᠱ᠌ᠢᠯᠲᠡ᠎ᠪᠡᠷ15% ᠣᠷᠴᠢᠮ᠎ᠳᠤ ᠬᠦᠷᠬᠦ ᠪᠣᠯᠣᠨ᠎ᠠ᠃

✦ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ ᠳᠥᠷᠪᠡᠨ ᠰᠠᠷ᠎ᠠ᠎ᠳᠤ ᠣᠷᠳᠣᠰ᠎ᠦᠨ ᠢᠮᠠᠭᠠᠨ ᠨᠣᠣᠯᠣᠭᠤᠷ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠬᠰᠠᠨ ᠥᠷᠲᠡᠭ 1.2 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 140.2% ᠵᠢᠡᠷ ᠨᠡᠮᠡᠭᠳᠡᠨ᠂ ᠤᠮᠠᠷᠠᠲᠤ ᠣᠷᠣᠨ᠎ᠤ ᠣᠨᠴᠠᠯᠢᠭ᠍ᠲᠤ ᠭᠠᠳᠠᠭᠠᠳᠤ ᠠᠷᠠᠯᠵᠢᠶᠠᠨ᠎ᠤ ᠠᠵᠤ ᠦᠢᠯᠡᠰ᠎ᠦᠨ ᠬᠥᠭᠵᠢᠯᠲᠡ᠎ᠶᠢᠨ ᠬᠤᠷᠢᠶᠠᠩᠭᠤᠢ ᠳᠦᠷᠬᠦ ᠪᠣᠯᠤᠭᠰᠠᠨ ᠪᠠᠢᠨ᠎ᠠ᠃ 

 

ᠲᠠᠮᠢᠷ

✦2026 ᠣᠨ᠎ᠤ ᠤᠯᠠᠭᠠᠨᠴᠠᠪ᠎ᠤᠨ ᠮᠠᠷᠠᠽᠤᠨ ᠤᠷᠤᠯᠳᠤᠭᠠᠨ 6 ᠰᠠᠷ᠎ᠠ᠎ᠶᠢᠨ 14᠎ᠤ ᠡᠳᠦᠷ ᠤᠯᠠᠭᠠᠨᠴᠠᠪ᠎ᠤᠨ ᠪᠡᠶ᠎ᠡ ᠵᠢᠨ ᠲᠠᠮᠢᠷ᠎ᠤᠨ ᠲᠠᠯᠠᠪᠠᠢ᠎ᠳᠤ ᠡᠬᠢᠯᠡᠬᠦ᠎ᠪᠡᠷ ᠪᠣᠢ᠃

✦6 ᠰᠠᠷ᠎ᠠ᠎ᠶᠢᠨ 19 — 21᠎ᠤ ᠡᠳᠦᠷ ᠪᠣᠯᠲᠠᠯ᠎ᠠ᠂ ᠬᠥᠯᠥᠨ ᠪᠣᠢᠷ ᠬᠣᠲᠠ᠎ᠶᠢᠨ ᠬᠦᠬᠡᠨᠠᠭᠤᠷ ᠵᠢᠭᠤᠯᠴᠢᠯᠠᠯ᠎ᠤᠨ ᠭᠠᠵᠠᠷ᠎ᠲᠤ ᠬᠥᠯᠥᠨ ᠪᠣᠢᠷ᠎ᠤᠨ ᠲᠠᠯ᠎ᠠ ᠨᠤᠲᠤᠭ᠎ᠤᠨ 2026 《ᠬᠥᠬᠡᠨᠠᠭᠤᠷ ᠬᠤᠨᠳᠠᠭᠠᠲᠤ》 ᠮᠣᠩᠭᠣᠯ ᠪᠥᠬᠡ᠎ᠶᠢᠨ ᠮᠠᠩᠯᠠᠢ ᠰᠢᠯᠭᠠᠷᠠᠭᠤᠯᠬᠤ 1024 ᠪᠥᠬᠡ᠎ᠶᠢᠨ ᠶᠡᠬᠡ ᠨᠠᠭᠠᠳᠤᠮ᠎ᠢ ᠵᠣᠬᠢᠶᠠᠨ ᠪᠠᠢᠭᠤᠯᠬᠤ ᠪᠡᠷ ᠪᠤᠯᠤᠬᠰᠠᠨ ᠪᠠᠢᠨ᠎ᠠ᠃


ᠳᠡᠯᠡᠬᠡᠢ

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠢᠷᠠᠨ᠎ᠤ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂ ᠤᠷᠴᠢᠮᠬᠠᠨ ᠢᠷᠠᠨ ᠪᠣᠯᠣᠨ ᠠᠮᠧᠷᠢᠺᠠ᠎ᠶᠢᠨ ᠣᠢᠯᠠᠭᠠᠯᠴᠠᠬᠤ ᠰᠠᠨᠠᠭᠤᠯᠤᠮᠵᠢ᠎ᠶᠢᠨ ᠪᠦᠳᠦᠭᠦᠪᠴᠢ ᠲᠥᠰᠥᠪ᠎ᠦᠨ 《ᠠᠩᠬ᠎ᠠ ᠠᠯᠬᠤᠮ᠎ᠤᠨ ᠠᠯᠪᠠᠨ ᠶᠣᠰᠣᠨ᠎ᠤ ᠪᠤᠰᠤ ᠪᠢᠴᠢᠭ ᠮᠠᠲᠧᠷᠢᠶᠠᠯ》 ᠵᠠᠳᠠᠷᠠᠭᠤᠯᠤᠬᠳᠠᠪᠠ᠃ ᠠᠭᠤᠯᠭ᠎ᠠ ᠨᠢ ᠬᠤᠷᠮᠤᠽ ᠬᠣᠭᠣᠯᠠᠢ᠂ ᠭᠠᠵᠠᠷ ᠣᠷᠣᠨ᠎ᠤ ᠴᠡᠷᠢᠭ᠎ᠦᠨ ᠶᠠᠪᠤᠳᠠᠯ᠎ᠤᠨ ᠪᠠᠢᠷᠢᠯᠠᠭᠤᠯᠤᠯᠲᠠ ᠵᠢᠴᠢ ᠢᠷᠡᠭᠡᠳᠦᠢ᠎ᠶᠢᠨ ᠵᠥᠪᠯᠡᠯᠴᠡᠭᠡᠷ᠎ᠦᠨ ᠲᠣᠬᠢᠷᠠᠭᠤᠯᠤᠯᠲᠠ ᠵᠡᠷᠭᠡ ᠠᠰᠠᠭᠤᠳᠠᠯ᠎ᠳᠤ ᠬᠤᠯᠪᠤᠬᠳᠠᠵᠤ ᠪᠤᠢ᠃ 

 

ᠦᠢᠯᠡᠴᠢᠯᠡᠭᠡ

✦ᠦᠪᠤᠷ ᠮᠤᠩᠭᠤᠯ᠎ᠤᠨ ᠦᠨᠳᠦᠰᠦᠳᠡᠨ᠎ᠤ ᠶᠡᠬᠡ ᠰᠤᠷᠭᠠᠭᠤᠯᠢ ᠴᠢᠳᠠᠪᠤᠷᠢᠳᠠᠨ ᠤᠷᠢᠨ ᠡᠯᠰᠡᠵᠤ ᠪᠤᠢ᠃


ᠲᠠᠨ᠎ᠤ ᠲᠤᠰᠠ᠎ᠳᠤ

✦ᠴᠡᠴᠡᠭ᠎ᠤᠨ ᠲᠤᠭᠤᠰᠤ ᠵᠢ ᠬᠡᠷᠬᠢᠨ ᠰᠡᠷᠭᠡᠢᠯᠡᠬᠦ ᠪᠤᠢ?

1. ᠬᠤᠸᠠᠷ ᠴᠡᠴᠡᠭ ᠲᠠᠢ ᠰᠢᠭᠤᠳ ᠤᠢᠷᠠᠳᠤᠬᠤ ᠦᠭᠡᠢ᠃ ᠴᠡᠴᠡᠭ᠎ᠦᠨ ᠲᠣᠭᠣᠰᠣ᠌ ᠶᠡᠬᠡᠲᠡᠢ ᠦᠶᠡᠰ ᠡᠭᠦᠳᠡ ᠴᠣᠩᠬᠣ᠌᠎ᠪᠠᠨ ᠬᠠᠭᠠᠵᠤ᠂ ᠭᠡᠷ ᠳᠣᠲᠣᠷ᠎ᠠ᠎ᠪᠠᠨ ᠠᠭᠠᠷ ᠴᠡᠪᠡᠷᠰᠢᠭᠦᠯᠦᠭᠴᠢ ᠬᠡᠷᠡᠭᠯᠡᠨ᠎ᠡ᠃

2. ᠭᠠᠳᠠᠭ᠍ᠰᠢ ᠭᠠᠷᠪᠠᠯ ᠰᠡᠷᠭᠡᠢᠯᠡᠯᠲᠡ᠎ᠪᠡᠨ ᠰᠠᠢᠲᠤᠷ ᠬᠢᠨ᠎ᠡ᠃ ᠭᠠᠳᠠᠭ᠍ᠰᠢ ᠭᠠᠷᠬᠤ᠎ᠳᠠᠭᠠᠨ ᠠᠮᠠᠪᠴᠢ᠂ ᠨᠢᠳᠦᠨ ᠰᠢᠯ ᠵᠡᠭᠦᠵᠦ᠂ ᠭᠡᠷ᠎ᠲᠡᠬᠡᠨ ᠬᠠᠷᠢᠭ᠍ᠰᠠᠨ᠎ᠤ ᠳᠠᠷᠠᠭ᠎ᠠ ᠭᠠᠳᠠᠷ ᠬᠤᠪᠴᠠᠰᠤ᠎ᠪᠠᠨ ᠳᠠᠷᠤᠢᠬᠠᠨ ᠰᠣᠯᠢᠵᠤ᠂ ᠨᠢᠭᠤᠷ᠎ᠢᠶᠠᠨ ᠤᠬᠢᠶᠠᠨ᠎ᠠ᠃

3. ᠡᠭᠡᠯᠢᠯᠡᠭᠡ ᠵᠢᠨ ᠴᠢᠳᠠᠪᠤᠷᠢ᠎ᠪᠠᠨ ᠰᠠᠢᠵᠢᠷᠠᠭᠤᠯᠤᠨ᠎ᠠ᠃ ᠰᠠᠢᠨ ᠤᠨᠲᠠᠵᠤ ᠠᠮᠠᠷᠠᠨ᠂ ᠢᠳᠡᠭᠡᠨ ᠤᠮᠳᠠᠭᠠᠨ᠎ᠢᠶᠠᠨ ᠵᠣᠬᠢᠴᠠᠭᠤᠯᠵᠤ᠂ ᠲᠣᠭᠲᠠᠭᠰᠠᠨ ᠬᠤᠭᠤᠴᠠᠭ᠎ᠠ᠎ᠲᠠᠢ ᠳᠠᠮᠢᠷ᠎ᠤᠨ ᠪᠤᠯᠪᠠᠰᠤᠷᠠᠯ᠎ᠳᠤ ᠤᠷᠤᠯᠴᠠᠨ᠎ᠠ᠃

4.  ᠬᠠᠷᠰᠢᠯ ᠬᠦᠨᠳᠦᠷᠡᠪᠡᠯ ᠳᠠᠷᠤᠢᠬᠠᠨ ᠡᠮᠴᠢᠯᠡᠭᠦᠯᠬᠦ ᠬᠡᠷᠡᠭᠲᠡᠢ᠃


ᠵᠠᠯᠭᠠᠭᠠᠳ 《ᠮᠦᠩᠬᠡ ᠵᠢᠨ ᠰᠠᠬᠢᠶ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号