5 ᠰᠠᠷ᠎ᠠ ᠵᠢᠨ 30 ᠎ᠤ ᠡᠳᠤᠷ
ᠡᠬᠢᠯᠡᠬᠦ᠌ ᠴᠠᠭ᠄
2026-05-30 12:01:32
ᠨᠠᠶ᠋ᠢᠷᠠᠭᠤᠯᠤᠭᠴᠢ ᠄
ᠭᠢᠯᠪᠡᠭᠡᠨ
ᠨᠡᠪᠲᠡᠷᠡᠬᠦᠯᠦᠭᠴᠢ ᠄
ᠭᠢᠯᠪᠡᠭᠡᠨ
ᠮᠡᠷᠭᠡᠵᠢᠯ ᠄

ᠤᠩᠰᠢᠭᠰᠠᠨ ᠤᠳᠠᠭ᠎ᠠ᠄



ᠨᠡᠢᠭᠡᠮ 

                       

✦ᠲᠥᠷᠥ ᠎ᠶᠢᠨ ᠶᠠᠪᠤᠳᠠᠯ ᠎ᠤᠨ ᠬᠣᠷᠢᠶ᠎ᠠ ᠣᠢᠷ᠎ᠠ᠎ᠳᠤ《ᠬᠣᠲᠠ᠎ᠶᠢᠨ ᠰᠢᠨᠡᠴᠢᠯᠡᠯᠲᠡ᠎ᠵᠢᠨ〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠦᠪᠵᠢᠭᠦᠯᠭᠡ》ᠵᠢ ᠳᠠᠷᠤᠮᠠᠯᠯᠠᠨ ᠲᠠᠷᠬᠠᠭᠠᠵᠤ᠂《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠣᠲᠠ᠎ᠶᠢᠨ ᠥᠭᠡᠷᠡᠴᠢᠯᠡᠯᠲᠡ ᠎ᠶᠢᠨ ᠠᠵᠢᠯ ᠎ᠤᠨ ᠬᠠᠷᠠᠯᠳᠠ ᠵᠢᠨ ᠭᠦᠢᠴᠡᠳᠬᠡᠬᠦ ᠲᠣᠭ᠎ᠠ᠂ ᠭᠣᠣᠯᠳᠠᠯᠭ᠎ᠠ᠎ᠲᠠᠢ ᠡᠭᠦᠷᠭᠡ᠂ ᠴᠢᠬᠤᠯᠠ ᠶᠡᠬᠡ ᠢᠨᠵᠧᠨᠧᠷᠢᠩ ᠪᠣᠯᠣᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠳᠣᠷᠬᠠᠢᠯᠠᠵᠠᠢ᠃

✦ᠲᠥᠪ ᠎ᠤᠨ ᠵᠣᠬᠢᠶᠠᠨ ᠪᠠᠶ᠋ᠢᠭᠤᠯᠬᠤ ᠬᠡᠯᠲᠡᠰ ᠲᠥᠪ ᠬᠣᠷᠢᠶ᠎ᠠ᠎ᠶᠢ ᠣᠷᠣᠯᠠᠨ ᠬᠠᠮᠢᠶᠠᠷᠴᠤ ᠪᠠᠢᠭ᠎ᠠ ᠨᠠᠮ᠎ᠤᠨ ᠰᠦᠢᠳᠬᠡᠯ᠎ᠡᠴᠡ 7200 ᠲᠦᠮᠡᠨ ᠲᠥᠭᠥᠷᠢᠭ ᠭᠠᠷᠭᠠᠵᠤ ᠠᠨᠾᠦ᠋ᠢ᠂ ᠭᠤᠸᠠᠩᠰᠢ ᠵᠡᠷᠭᠡ 6 ᠮᠤᠵᠢ ᠣᠷᠣᠨ ᠬᠤᠳᠠ᠎ᠶᠢᠨ ᠭᠠᠮᠰᠢᠭ᠋᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠳᠡᠮᠵᠢᠬᠦ᠎ᠳᠦ ᠬᠡᠷᠡᠭᠯᠡᠪᠡ᠃

✦28᠎ᠤ ᠡᠳᠦᠷ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠪᠠ ᠬᠤᠪᠢᠯᠭᠠᠨ ᠣᠩᠭᠣᠴᠠ ᠬᠣᠷᠢᠨ ᠭᠤᠷᠪᠠᠳᠤᠭᠠᠷ᠎ᠤᠨ ᠰᠠᠨᠰᠠᠷᠴᠢᠨ ᠎ᠤ ᠳᠤᠭᠤᠢᠯᠠᠩ᠎ᠤᠨ ᠬᠢᠨ ᠡᠭᠦᠷᠭᠡ᠎ᠪᠡᠨ ᠲᠤᠰᠢᠶᠠᠬᠤ ᠪᠠ ᠭᠥᠯᠢᠶᠡᠨ ᠠᠪᠬᠤ ᠠᠵᠢᠯ᠎ᠢ ᠪᠡᠶᠡᠯᠡᠭᠦᠯᠪᠡ᠃ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠳᠤᠭᠤᠢᠯᠠᠩ ᠣᠢᠷ᠎ᠠ ᠎ᠳᠤ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠣᠴᠠ᠎ᠪᠡᠷ ᠳ᠋ᠦᠩᠹᠧᠩ ᠪᠠᠭᠤᠯᠲᠠ᠎ᠵᠢᠨ ᠲᠠᠯᠠᠪᠠᠢ᠎ᠳᠦ ᠪᠠᠭᠤᠬᠤ᠎ᠪᠤᠯᠤᠨ᠎ᠠ᠃

✦ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ ᠎ᠶᠢᠨ ᠶᠠᠮᠤᠨ ᠲᠦᠷᠦᠭᠦᠬᠡᠨ ᠰᠢᠨ᠎ᠡ ᠎ᠪᠡᠷ ᠵᠠᠰᠠᠪᠤᠷᠢ ᠣᠷᠣᠭᠤᠯᠤᠭᠰᠠᠨ《ᠨᠡᠭᠦᠷᠡᠰᠦᠨ ᠠᠭᠤᠷᠬᠠᠢ ᠎ᠶᠢᠨ ᠬᠦᠨᠳᠦ ᠶᠡᠬᠡ ᠡᠨᠳᠡᠯ ᠎ᠦᠨ ᠳᠠᠯᠳᠠ ᠬᠡᠮ ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ》᠎ᠵᠢ ᠨᠡᠢᠲᠡᠯᠡᠵᠦ᠂ ᠴᠢᠳᠠᠪᠤᠷᠢ᠎ᠠᠴᠠ ᠬᠡᠲᠦᠷᠡᠭᠰᠡᠨ᠂ ᠬᠦᠴᠦᠯᠡᠴᠡ᠎ᠡᠴᠡ ᠬᠡᠲᠦᠷᠡᠭᠰᠡᠨ ᠪᠤᠶᠤ ᠲᠣᠭᠲᠠᠭᠰᠠᠨ ᠬᠥᠮᠥᠨ ᠎ᠦ ᠲᠣᠭ᠎ᠠ᠎ᠠᠴᠠ ᠬᠡᠲᠦᠷᠡᠭᠦᠯᠦᠨ ᠦᠢᠯᠡᠳᠪᠦᠷᠢᠯᠡᠬᠦ᠂ ᠭᠠᠰ ᠎ᠤᠨ ᠬᠡᠮᠵᠢᠶ᠎ᠡ᠎ᠡᠴᠡ ᠬᠡᠲᠦᠷᠡᠭᠰᠡᠨ ᠪᠠᠢᠳᠠᠯ ᠳᠤᠤᠷ᠎ᠠ ᠠᠵᠢᠯᠯᠠᠬᠤ ᠵᠡᠷᠭᠡ 17 ᠲᠥᠷᠥᠯ᠎ᠦᠨ ᠨᠡᠭᠦᠷᠡᠰᠦᠨ ᠠᠭᠤᠷᠬᠠᠢ᠎ᠶᠢᠨ ᠬᠦᠨᠳᠦ ᠶᠡᠬᠡ ᠡᠨᠳᠡᠯ᠎ᠦᠨ ᠳᠠᠯᠳᠠ ᠬᠡᠮ᠎ᠦᠨ ᠪᠣᠳᠠᠲᠠᠢ ᠪᠠᠢᠳᠠᠯ᠎ᠳᠤ ᠲᠣᠳᠣᠷᠬᠠᠢ ᠲᠣᠭᠲᠠᠭᠠᠯ ᠭᠠᠷᠭᠠᠵᠤ᠂ 7 ᠰᠠᠷ᠎ᠠ᠎ᠶᠢᠨ 1 ᠎ᠦ ᠡᠳᠦᠷ ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠤᠢ᠃

✦ᠲᠥᠷᠥ᠎ᠶᠢᠨ ᠶᠠᠪᠤᠳᠠᠯ᠎ᠤᠨ ᠬᠣᠷᠢᠶ᠎ᠠ 6 ᠰᠠᠷ᠎ᠠ᠎ᠡᠴᠠ ᠡᠬᠢᠯᠡᠨ ᠭᠤᠷᠪᠠᠳᠤᠭᠠᠷ ᠤᠳᠠᠭᠠᠨ᠎ᠤ ᠪᠥᠬᠥ ᠤᠯᠤᠰ᠎ᠤᠨ ᠵᠡᠮᠳᠡᠭᠴᠦᠳ᠎ᠦᠨ ᠥᠯᠢᠭᠡᠷ ᠠᠪᠴᠤ ᠪᠠᠢᠴᠠᠭᠠᠬᠤ ᠠᠵᠢᠯ᠎ᠢ ᠥᠷᠨᠢᠭᠦᠯᠬᠦ᠎ᠪᠡᠷ ᠲᠣᠭᠲᠠᠵᠤ᠂ ᠮᠠᠨ ᠎ᠤ ᠤᠯᠤᠰ᠎ᠤᠨ ᠬᠢᠯᠢ ᠳᠣᠲᠣᠷᠠᠬᠢ ᠰᠣᠩᠭᠣᠨ ᠠᠪᠴᠤ ᠪᠠᠢᠴᠠᠭᠠᠬᠤ ᠲᠣᠭᠣᠷᠢᠭ᠋ ᠎ᠲᠦ ᠪᠠᠢᠩᠭᠤ ᠰᠠᠭᠤᠭ᠎ᠠ ᠨᠡᠶ᠋ᠢᠲᠡ 280 ᠲᠦᠮᠡᠨ ᠬᠥᠮᠥᠨ᠎ᠳᠦ ᠪᠠᠢᠴᠠᠭᠠᠯᠲᠠ ᠬᠢᠬᠦ ᠪᠤᠯᠤᠨ᠎ᠠ᠃

✦ᠬᠥᠮᠥᠨ ᠎ᠦ ᠬᠦᠴᠦᠨ ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠎ᠶᠢᠨ ᠶᠠᠮᠤᠨ 6 ᠰᠠᠷ᠎ᠠ᠎ᠶᠢᠨ 1 ᠡᠴᠡ 30᠎ᠤ ᠡᠳᠦᠷ ᠪᠣᠯᠲᠠᠯ᠎ᠠ ᠢᠨᠲᠧᠷ ᠰᠦᠯᠵᠢᠶᠡᠨ᠎ᠦ ᠠᠵᠤ ᠠᠬᠤᠢᠯᠠᠯ᠎ᠤᠨ ᠡᠭᠦᠯᠡᠨ ᠳᠠᠪᠴᠠᠩ᠎ᠦᠨ ᠠᠵᠢᠯᠲᠠᠨ ᠡᠯᠰᠡᠬᠦ ᠰᠠᠷ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠢᠨᠲᠧᠷ ᠰᠦᠯᠵᠢᠶᠡᠨ᠎ᠦ ᠠᠵᠤ ᠠᠬᠤᠢᠯᠠᠯ᠎ᠢᠶᠠᠷ ᠭᠣᠣᠯ ᠪᠣᠯᠭᠠᠭᠰᠠᠨ ᠬᠥᠮᠥᠨ ᠬᠡᠷᠡᠭᠯᠡᠬᠦ ᠨᠢᠭᠡᠴᠢ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠬᠦᠮᠦᠰ᠎ᠲᠦ ᠦᠢᠯᠡᠴᠢᠯᠡᠬᠦ ᠪᠤᠯᠤᠨ᠎ᠠ᠃

✦28᠎ᠤ ᠡᠳᠦᠷ᠂ 2026 ᠣᠨ᠎ᠤ ᠬᠣᠷᠢᠨ ᠭᠤᠷᠪᠠᠳᠤᠭᠠᠷ ᠬᠤᠭᠤᠴᠠᠭᠠᠨ ᠎ᠤ ᠥᠪᠥᠷ ᠮᠣᠩᠭᠣᠯ᠎ᠤᠨ ᠮᠠᠯ ᠠᠵᠤ ᠠᠬᠤᠢ᠎ᠶᠢᠨ ᠦᠵᠡᠰᠬᠦᠯᠡᠩ ᠬᠥᠬᠡᠬᠤᠲᠠ᠎ᠳᠦ ᠡᠬᠢᠯᠡᠪᠡ᠃ ᠲᠤᠰ ᠦᠵᠡᠰᠬᠦᠯᠡᠩ ᠨᠢ 5 ᠰᠠᠷ᠎ᠠ ᠎ᠶᠢᠨ 30᠎ᠤ ᠡᠳᠦᠷ ᠪᠣᠯᠲᠠᠯ᠎ᠠ ᠭᠤᠷᠪᠠᠨ ᠡᠳᠦᠷ ᠎ᠦᠨ ᠬᠤᠭᠤᠴᠠᠭ᠎ᠠ᠎ᠲᠠᠢ ᠶᠠᠪᠤᠭᠳᠠᠨ᠎ᠠ᠃

✦ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠎ᠦᠨ ᠮᠡᠳᠡᠭᠡ ᠎ᠶᠢ ᠦᠨᠳᠦᠰᠦᠯᠡᠪᠡᠯ᠂ ᠣᠷᠳᠣᠰ ᠬᠣᠲᠠ᠎ᠶᠢᠨ 2026 ᠣᠨ᠎ᠤ ᠭᠣᠣᠯᠳᠠᠯᠭ᠎ᠠ᠎ᠲᠠᠢ ᠲᠥᠷᠥᠯ ᠵᠦᠢᠯ ᠪᠣᠯᠬᠤ S215 ᠱᠤᠭᠤᠮ᠎ᠤᠨ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ ᠵᠢᠱ᠌ᠢᠯᠲᠡ᠎ᠪᠠᠷ 7 ᠰᠠᠷ᠎ᠠ᠎ᠶᠢᠨ ᠰᠡᠭᠦᠯᠴᠢ᠎ᠪᠠᠷ ᠪᠠᠷᠢᠯᠭ᠎ᠠ ᠳᠠᠭᠤᠰᠬᠠᠵᠤ ᠲᠡᠷᠭᠡ ᠨᠡᠪᠲᠡᠷᠡᠭᠦᠯᠬᠦ᠎ᠪᠡᠷ ᠪᠣᠢ᠃ ᠡᠨᠡᠬᠦ ᠲᠥᠷᠥᠯ ᠵᠦᠢᠯ᠎ᠦᠨ ᠪᠦᠬᠦ ᠤᠷᠳᠤ ᠨᠢ 87 ᠺᠢᠯᠣᠮᠧᠲᠷ ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1.8 ᠳ᠋ᠦᠩᠰᠢᠭᠤᠷ ᠲᠥᠭᠥᠷᠢᠭ᠎ᠲᠦ ᠬᠦᠷᠴᠡᠢ᠃

✦28 ᠎ᠤ ᠡᠳᠦᠷ᠂ 《6·1》᠎ᠤ ᠳᠡᠯᠡᠬᠡᠢ᠎ᠶᠢᠨ ᠪᠠᠭᠠᠴᠤᠳ ᠬᠡᠦᠬᠡᠳ ᠎ᠦᠨ ᠪᠠᠶᠠᠷ ᠎ᠤᠨ ᠡᠳᠦᠷ ᠬᠦᠷᠴᠦ ᠢᠷᠡᠬᠦ ᠲᠠᠰᠢᠷᠠᠮ᠎ᠢᠶᠠᠷ᠂ ᠥᠪᠥᠷ ᠮᠣᠩᠭᠣᠯ ᠎ᠤᠨ《ᠲᠤᠰᠤᠯ ᠳᠠᠯᠠᠢ》ᠪᠤᠶᠠᠨ᠎ᠤ ᠦᠢᠯᠡᠰ ᠎ᠦᠨ ᠨᠡᠢᠭᠡᠮᠯᠢᠭ ᠎ᠦᠨ ᠣᠲᠤᠭ᠎ᠤᠨ ᠡᠮᠦᠨᠡᠲᠦ ᠬᠣᠰᠢᠭᠤᠨ᠎ᠳᠠᠬᠢ ᠬᠤᠪᠢᠶᠠᠷᠢ ᠨᠡᠢᠭᠡᠮᠯᠢᠭ ᠎ᠦᠨ ᠬᠡᠰᠡᠭ ᠬᠡᠰᠢᠭᠦᠳ ᠲᠤᠰ ᠬᠣᠰᠢᠭᠤᠨ ᠎ᠤ ᠨᠢᠭᠡᠳᠦᠭᠡᠷ ᠪᠠᠭ᠎ᠠ ᠰᠤᠷᠭᠠᠭᠤᠯᠢ᠎ᠳᠤ ᠬᠦᠷᠴᠦ᠂ ᠬᠦᠴᠢᠷᠳᠡᠯᠲᠡᠢ ᠰᠤᠷᠤᠭ᠍ᠴᠢᠳ ᠎ᠲᠦ ᠥᠪᠡᠷ᠎ᠢᠶᠡᠨ ᠪᠤᠯᠪᠠᠰᠤᠷᠠᠭᠤᠯᠤᠭᠰᠠᠨ ᠬᠥᠳᠡᠭᠡ ᠎ᠶᠢᠨ ᠴᠠᠭᠠᠨ ᠢᠳᠡᠭᠡ ᠪᠠ ᠲᠤᠰᠠᠯᠠᠮᠵᠢ᠎ᠶᠢᠨ ᠮᠥᠩᠭᠥ ᠭᠠᠷᠳᠠᠭᠤᠯᠵᠠᠢ᠃

 

ᠠᠵᠤ ᠠᠬᠤᠢ 

✦ᠳᠤᠮᠳᠠᠳᠤ ᠤᠯᠤᠰ ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ  ᠪᠠᠩᠬᠢ 1500 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠎ᠶᠢ ᠤᠷᠢᠳᠴᠢᠯᠠᠨ ᠲᠣᠬᠢᠷᠠᠭᠤᠯᠵᠤ᠂ ᠵᠣᠨ᠎ᠤ ᠬᠤᠷᠢᠶᠠᠯᠲᠠ᠎ᠶᠢᠨ ᠪᠡᠯᠡ ᠮᠥᠩᠭᠥ᠎ᠶᠢᠨ ᠬᠠᠩᠭᠠᠯᠭ᠎ᠠ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ ᠪᠤᠢ᠃

 

 


✦ ᠪᠠᠶᠠᠨᠨᠠᠭᠤᠷ ᠬᠤᠲᠠ᠎ᠵᠢᠨ ᠤᠷᠠᠳ ᠎ᠤᠨ ᠳᠣᠮᠳᠠᠳᠤ ᠬᠤᠰᠢᠭᠤᠨ ᠎ᠤ ᠬᠥᠭᠡᠮᠡᠢ᠂ ᠲᠣᠪᠰᠢᠭᠤᠷ ᠎ᠦᠨ ᠤᠷᠠᠯᠢᠭ᠋᠎ᠤᠨ ᠲᠤᠬᠠᠢᠯᠠᠭᠰᠠᠨ ᠠᠵᠢᠯ ᠎ᠤᠨ ᠪᠣᠯᠪᠠᠰᠤᠷᠠᠯ ᠎ᠤᠨ ᠠᠩᠭᠢ ᠤᠢᠷ᠎ᠠ᠎ᠳᠦ ᠲᠤᠰ ᠬᠣᠰᠢᠭᠤᠨ ᠎ᠤ ᠰᠣᠶᠣᠯ ᠎ᠤᠨ ᠣᠷᠳᠣᠨ᠎ᠳᠤ ᠬᠢᠴᠢᠶᠡᠯ ᠡᠬᠢᠯᠡᠵᠦ᠂ ᠲᠤᠰᠬᠠᠢ ᠮᠡᠷᠭᠡᠵᠢᠯ ᠎ᠦᠨ ᠪᠠᠭ᠍ᠰᠢ᠎ᠡᠴᠡ ᠦᠨ᠎ᠡ ᠲᠥᠯᠥᠪᠦᠷᠢ ᠦᠭᠡᠢ ᠬᠢᠴᠢᠶᠡᠯᠯᠡᠵᠦ᠂ ᠥᠷᠭᠡᠨ ᠣᠯᠠᠨ ᠤᠷᠠᠯᠢᠭ᠋ ᠎ᠤᠨ ᠪᠠᠬᠠᠲᠠᠳ ᠎ᠲᠤ ᠲᠤᠰᠬᠠᠢ ᠮᠡᠷᠭᠡᠵᠢᠯ᠎ᠦᠨ ᠰᠤᠷᠤᠯᠴᠠᠬᠤ ᠲᠠᠪᠴᠠᠩ ᠬᠠᠩᠭᠠᠵᠠᠢ᠃

✦ᠲᠦᠷᠦᠭᠦᠬᠡᠨ ᠬᠥᠯᠥᠨ ᠪᠤᠢᠷ ᠬᠤᠲᠠ ᠎ᠵᠢᠨ ᠰᠢᠨ᠎ᠡ ᠪᠠᠷᠭᠤ ᠵᠡᠭᠦᠨ ᠬᠣᠰᠢᠭᠤᠨ ᠎ᠤ ᠭᠠᠨᠵᠤᠤᠷ ᠰᠤᠮᠤᠨ᠎ᠳᠤ《ᠤᠷᠠᠨ ᠭᠣᠶᠤᠯ》ᠤᠷᠠᠯᠢᠭ᠋ ᠎ᠤᠨ ᠨᠠᠭᠠᠳᠤᠮ ᠶᠠᠪᠤᠭᠳᠠᠪᠠ᠃ ᠨᠠᠭᠠᠳᠤᠮ᠎ᠳᠤ ᠬᠥᠯᠥᠨ ᠪᠤᠢᠷ ᠬᠤᠳᠠ ᠎ᠶᠢᠨ ᠮᠠᠯᠵᠢᠬᠤ ᠳᠥᠷᠪᠡᠨ ᠬᠣᠰᠢᠭᠤᠨ ᠎ᠤ 18 ᠪᠦᠯᠬᠦᠮ ᠣᠷᠣᠯᠴᠠᠵᠤ᠂ ᠦᠨᠳᠦᠰᠦᠲᠡᠨ ᠎ᠦ ᠬᠤᠪᠴᠠᠰᠤ ᠵᠠᠰᠠᠯ᠎ᠢᠶᠠᠷ᠎ᠢᠶᠠᠨ ᠦᠵᠡᠭᠦᠯᠭᠡ ᠭᠠᠷᠭᠠᠨ᠂ ᠤᠷ᠎ᠠ ᠠᠪᠢᠶᠠᠰ᠎ᠢᠶᠠᠨ ᠮᠥᠷᠥᠢᠴᠡᠵᠡᠢ᠃


 ᠲᠠᠮᠢᠷ

✦27᠎ᠤ ᠡᠳᠦᠷ᠂ 2025 — 2026 ᠣᠨ᠎ᠤ ᠪᠥᠬᠥ ᠤᠯᠤᠰ ᠎ᠤᠨ ᠣᠶᠤᠲᠠᠳ᠎ᠤᠨ ᠤᠮᠪᠠᠯᠲᠠ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠎ᠤ ᠶᠡᠷᠦᠩᠬᠡᠢ ᠰᠢᠢᠳᠪᠦᠷᠢᠲᠦ ᠤᠷᠤᠯᠳᠤᠭᠠᠨ ᠣᠷᠳᠣᠰ ᠬᠣᠲᠠ ᠎ᠶᠢᠨ ᠪᠡᠶ᠎ᠡ ᠎ᠶᠢᠨ ᠲᠠᠮᠢᠷ ᠎ᠤᠨ ᠦᠢᠯᠡᠰ ᠎ᠦᠨ ᠬᠥᠭᠵᠢᠯᠲᠡ᠎ᠶᠢᠨ ᠲᠥᠪ ᠎ᠦᠨ ᠤᠮᠪᠠᠯᠲᠠ ᠎ᠶᠢᠨ ᠣᠷᠳᠣᠨ ᠎ᠳᠤ ᠡᠬᠢᠯᠡᠪᠡ᠃ ᠲᠤᠰ ᠤᠷᠤᠯᠳᠤᠭᠠᠨ ᠎ᠳᠦ ᠪᠥᠬᠥ ᠤᠯᠤᠰ ᠎ᠤᠨ 200 ᠭᠠᠷᠤᠢ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ᠎ᠶᠢᠨ 1500 ᠣᠷᠴᠢᠮ ᠲᠠᠮᠢᠷᠴᠢᠨ᠂ ᠲᠠᠰᠬᠠᠯᠵᠢᠭᠤᠯᠤᠭᠴᠢ᠂ ᠬᠢᠨᠠᠭ᠍ᠴᠢ ᠵᠢᠴᠢ ᠤᠷᠤᠯᠳᠤᠭᠠᠨ᠎ᠤ ᠠᠵᠢᠯᠲᠠᠨ ᠣᠷᠣᠯᠴᠠᠵᠤ᠂ 5 ᠡᠳᠦᠷ ᠎ᠤᠨ ᠬᠤᠭᠤᠴᠠᠭ᠎ᠠ ᠲᠠᠢ ᠶᠠᠪᠤᠭᠳᠠᠬᠤ ᠪᠤᠯᠤᠨ᠎ᠠ᠃

✦29 ᠎ᠤ ᠡᠳᠦᠷ᠂ 2026 ᠤᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ ᠎ᠤᠨ U ᠰᠢᠷᠢᠰ 7 ᠬᠥᠮᠥᠨ᠎ᠤ ᠳᠦᠷᠢᠮᠲᠦ ᠠᠷᠤᠷ᠎ᠠ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠦᠬᠡᠬᠤᠲᠠ᠎ᠵᠢᠨ ᠤᠮᠠᠷᠠᠲᠤ ᠵᠢᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ᠎ᠳᠦ ᠡᠬᠢᠯᠡᠵᠦ᠂ 31᠎ᠤ ᠡᠳᠦᠷ ᠪᠤᠯᠲᠠᠯ᠎ᠠ  ᠶᠠᠪᠤᠭᠳᠠᠵᠤ᠂ ᠤᠷᠤᠯᠳᠤᠭᠠᠨ᠎ᠳᠤ 21 ᠲᠥᠯᠥᠭᠡᠯᠡᠭᠴᠢ᠎ᠵᠢᠨ ᠠᠩᠭᠢ᠎ᠶᠢᠨ 343 ᠲᠠᠮᠢᠷᠴᠢᠨ ᠣᠷᠣᠯᠴᠠᠬᠤ ᠪᠣᠯᠣᠨ᠎ᠠ᠃

 

ᠲᠡᠯᠡᠬᠡᠢ 

✦ᠲᠥᠪ ᠲᠸᠯᠸᠢᠰ ᠎ᠤᠨ ᠮᠡᠳᠡᠭᠡ᠎ᠵᠢ ᠦᠨᠳᠦᠰᠦᠯᠡᠪᠡᠯ᠂ ᠳᠡᠯᠡᠬᠡᠢ᠎ᠶᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ᠎ᠶᠢᠨ ᠬᠢᠨ ᠢᠯᠡᠷᠬᠡᠢᠯᠡᠬᠦ᠎ᠳᠡᠭᠡᠨ᠂ 2026 — 2030 ᠣᠨ᠎ᠤ ᠬᠣᠭᠣᠷᠣᠨᠳᠣᠬᠢ ᠠᠯᠢ ᠨᠢᠭᠡᠨ ᠵᠢᠯ᠎ᠨᠢ ᠲᠡᠮᠳᠡᠭᠯᠡᠯ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠬᠠᠯᠠᠭᠤᠨ ᠵᠢᠯ ᠪᠣᠯᠬᠤ ᠲᠣᠬᠢᠶᠠᠯᠳᠤᠮᠵᠢ ᠨᠢ 86%᠎ᠳᠦ ᠬᠦᠷᠴᠦ ᠪᠤᠢ ᠭᠡᠪᠡ᠃

✦ᠲᠥᠪ ᠲᠸᠯᠸᠢᠰ ᠎ᠤᠨ ᠮᠡᠳᠡᠭᠡ᠎ᠵᠢ ᠦᠨᠳᠦᠰᠦᠯᠡᠪᠡᠯ᠂ ᠠᠦ᠋ᠰᠲᠷᠠᠯᠢᠶ᠎ᠠ᠎ᠶᠢᠨ ᠵᠠᠰᠠᠭ ᠎ᠤᠨ ᠣᠷᠳᠣᠨ ᠤᠢᠷ᠎ᠠ᠎ᠳᠦ ᠠᠮᠧᠷᠢᠺᠠ᠎ᠶᠢᠨ 3M ᠺᠣᠮᠫᠠᠨᠢ᠎ᠵᠢ ᠵᠠᠭᠠᠯᠳᠤᠵᠤ᠂ ᠲᠤᠰ ᠺᠤᠮᠫᠠᠨᠢ᠎ᠵᠢᠨ ᠦᠢᠯᠡᠳᠬᠦᠨ ᠨᠢ ᠠᠦ᠋ᠰᠲᠷᠠᠯᠢᠶ᠎ᠠ᠎ᠶᠢᠨ ᠡᠯ᠎ᠡ ᠭᠠᠵᠠᠷ᠎ᠤᠨ 28 ᠴᠡᠷᠢᠭ ᠎ᠦᠨ ᠶᠠᠪᠤᠳᠠᠯ᠎ᠤᠨ ᠰᠠᠭᠤᠷᠢᠨ ᠵᠢᠴᠢ ᠡᠷᠭᠢᠨ ᠲᠣᠭᠣᠷᠢᠨ ᠎ᠤ ᠣᠷᠴᠢᠨ ᠲᠣᠭᠣᠷᠢᠨ᠎ᠳᠤ ᠪᠣᠬᠢᠷᠲᠤᠯ ᠠᠪᠴᠢᠷᠠᠵᠤ᠂ 20 ᠳ᠋ᠦᠩᠰᠢᠭᠤᠷ ᠠᠦ᠋ᠰᠲᠷᠠᠯᠢᠶ᠎ᠠ ᠵᠤᠭᠤᠰ ( ᠠᠷᠠᠳ ᠎ᠤᠨ ᠵᠣᠭᠣᠰ ᠎ᠢᠶᠠᠷ ᠪᠠᠷᠤᠭ 96 ᠳ᠋ᠦᠩᠰᠢᠭᠤᠷ ᠲᠥᠭᠥᠷᠢᠭ )᠎ᠤᠨ ᠲᠥᠯᠥᠪᠦᠷᠢ ᠥᠭᠬᠦ ᠎ᠵᠢ ᠱᠠᠭᠠᠷᠳᠠᠵᠠᠢ᠃

  

ᠦᠢᠯᠡᠴᠢᠯᠡᠭᠡ  


✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠨᠢᠰᠬᠡᠯ᠎ᠦᠨ ᠪᠠᠭᠤᠳᠠᠯ᠎ᠤᠨ ᠪᠦᠯᠦᠭᠯᠡᠯᠳᠦ ᠬᠢᠵᠠᠭᠠᠷᠲᠤ ᠺᠣᠮᠫᠠᠨᠢ᠎ᠶᠢᠨ ᠪᠤᠭᠤᠲᠤ᠎ᠶᠢᠨ ᠬᠤᠪᠢᠶᠠᠷᠢ ᠺᠣᠮᠫᠠᠨᠢ ᠠᠵᠢᠯᠲᠠᠨ ᠡᠯᠰᠡᠵᠦ ᠪᠤᠢ᠃ 

 

  

 

ᠲᠠᠨ ᠎ᠤ ᠲᠤᠰᠡ ᠳ᠋ᠤ 

 

✦ᠤᠮᠪᠠᠬᠤ ᠦᠶ᠎ᠡ᠎ᠳᠦ ᠭᠠᠷ ᠪᠠ ᠬᠦᠯ᠎ᠤᠨ ᠬᠦᠴᠦ ᠨᠢ ᠬᠥᠮᠥᠨ᠎ᠦ ᠪᠡᠶ᠎ᠡ᠎ᠶᠢ ᠲᠦᠯᠬᠢᠨ ᠤᠷᠤᠭᠰᠢᠯᠠᠭᠤᠯᠵᠤ᠂ ᠨᠢᠷᠤᠭᠤ ᠬᠡᠪᠡᠯᠢ᠎ᠶᠢᠨ ᠬᠦᠴᠦ ᠨᠢ ᠵᠣᠬᠢᠰᠲᠠᠢ ᠤᠮᠪᠠᠯᠲᠠ᠎ᠶᠢᠨ  ᠬᠡᠯᠪᠡᠷᠢ᠎ᠵᠢ ᠪᠠᠲᠤᠯᠠᠳᠠᠭ᠃ ᠡᠢᠮᠦ ᠎ᠡᠴᠡ ᠤᠮᠪᠠᠬᠤ ᠨᠢ ᠪᠡᠶ᠎ᠡ᠎ᠶᠢᠨ ᠡᠯ᠎ᠡ ᠬᠡᠰᠡᠭ ᠎ᠦᠨ ᠪᠤᠯᠴᠢᠩ ᠎ᠢ  ᠪᠦᠬᠦ  ᠲᠠᠯ᠎ᠠ ᠎ᠪᠠᠷ  ᠪᠣᠯᠪᠠᠰᠤᠷᠠᠭᠤᠯᠵᠤ᠂ ᠪᠡᠶ᠎ᠡ᠎ᠭᠠᠯᠪᠢᠷ ᠎ᠢ ᠭᠤᠶᠤ ᠪᠤᠯᠭᠠᠵᠤ᠂ ᠪᠤᠯᠴᠢᠩ᠎ᠢ ᠴᠢᠭᠢᠷᠠᠭᠵᠢᠭᠤᠯᠬᠤ ᠦᠢᠯᠡᠳᠦᠯ ᠲᠠᠢ᠃

 

 

 

 ᠵᠠᠯᠭᠠᠭᠠᠳ《ᠥᠷᠯᠥᠭ ᠠᠴᠢᠳᠠᠨ ᠮᠢᠨᠤ ᠡᠵᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ ᠎ᠳᠤ ᠤᠷᠮ᠎ᠠ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!


ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ

 


ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号