5 ᠰᠠᠷ᠎ᠠ᠎ᠶᠢᠨ 31᠎ᠦ ᠡᠳᠦᠷ
ᠡᠬᠢᠯᠡᠬᠦ᠌ ᠴᠠᠭ᠄
2026-05-31 12:12:17
ᠨᠠᠶ᠋ᠢᠷᠠᠭᠤᠯᠤᠭᠴᠢ ᠄
ᠤᠷᠠᠨᠲᠠᠨ᠎ᠡ
ᠨᠡᠪᠲᠡᠷᠡᠬᠦᠯᠦᠭᠴᠢ ᠄
ᠤᠷᠠᠨᠲᠠᠨ᠎ᠠ
ᠮᠡᠷᠭᠡᠵᠢᠯ ᠄

ᠤᠩᠰᠢᠭᠰᠠᠨ ᠤᠳᠠᠭ᠎ᠠ᠄

1000101010101010101010101010101010101015.31 封面模板0101.jpg


1000101010101010101010101010101010101015.31 天气预报模板0101.jpg


1000101010101010101010101010101010101015.31 盟市模板0101.jpg


ᠨᠡᠢ᠌ᠭᠡᠮ

✦ 《ᠳᠤᠮᠳᠠᠳᠤ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠲᠡᠮᠦᠷ ᠵᠠᠮ᠎ᠤᠨ ᠠᠶᠠᠨᠴᠢᠳ᠎ᠤᠨ ᠵᠦᠭᠡᠭᠡᠪᠤᠷᠢ᠎ᠶᠢᠨ ᠳᠦᠷᠢᠮ》᠎ᠢ 6 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠬᠡᠷᠡᠭᠵᠢᠬᠦᠯᠬᠦ ᠪᠡᠷ ᠪᠤᠢ᠃ ᠰᠢᠨ᠎ᠡ ᠳᠦᠷᠢᠮ᠎ᠳᠤ ᠲᠣᠭᠲᠠᠭᠠᠯ᠎ᠠᠴᠠ ᠵᠥᠷᠢᠴᠡᠨ ᠲᠡᠷᠭᠡᠨ᠎ᠳᠦ ᠰᠠᠭᠤᠭᠰᠠᠨ ᠪᠥᠭᠡᠳ ᠪᠢᠯᠧᠲ ᠨᠥᠬᠥᠬᠦ᠎ᠶᠢ ᠲᠡᠪᠴᠢᠭᠰᠡᠨ ᠠᠶᠠᠨᠴᠢᠳ᠎ᠲᠤ ᠪᠢᠯᠧᠲ ᠬᠤᠳᠠᠯᠳᠤᠨ ᠠᠪᠬᠤ᠎ᠶᠢ ᠬᠢᠵᠠᠭᠠᠷᠯᠠᠬᠤ ᠲᠣᠭᠲᠠᠭᠠᠯ ᠭᠠᠷᠭᠠᠪᠠ᠃

✦ 《ᠬᠡᠦᠬᠡᠳ᠎ᠦᠨ ᠴᠡᠴᠡᠷᠯᠢᠭ᠎ᠦᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ᠎ᠶᠢᠨ ᠲᠣᠭᠲᠠᠭᠠᠯ》᠎ᠢ 6 ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠬᠡᠷᠡᠭᠵᠢᠬᠦᠯᠬᠦ  ᠪᠡᠷ ᠪᠤᠢ᠃

✦ 6 ᠰᠠᠷ᠎ᠠ᠎ᠶᠢᠨ 1᠎ᠤ ᠡᠳᠦᠷ᠎ᠡᠴᠡ ᠡᠬᠢᠯᠡᠨ᠂ ᠬᠥᠭᠡᠬᠣᠳᠠ᠎ᠶᠢᠨ ᠠᠵᠢᠯᠴᠢᠨ᠎ᠦ ᠶᠡᠷᠦᠩᠬᠡᠢ ᠡᠪᠯᠡᠯ᠎ᠦᠨ ᠬᠢᠨ ᠬᠥᠬᠡᠬᠤᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠲᠠᠢ ᠬᠠᠮᠲᠤᠷᠠᠨ᠂ 《ᠤᠮᠠᠷᠠᠲᠤ ᠬᠢᠯᠢ᠎ᠶᠢᠨ ᠠᠵᠢᠯᠴᠢᠨ᠎ᠤ ᠡᠪᠯᠡᠯ》 APP ᠪᠡᠷ ᠳᠠᠮᠵᠢᠨ ᠬᠥᠬᠡᠬᠣᠲᠠ ᠎ᠶᠢᠨ ᠠᠵᠢᠯᠲᠠᠨ ᠠᠵᠢᠯᠴᠢᠨ᠎ᠳᠤ ᠪᠡᠶ᠎ᠡ ᠴᠢᠭᠢᠷᠠᠭᠵᠢᠭᠤᠯᠬᠤ 10000 ᠬᠤᠪᠢ ᠪᠢᠯᠧᠲ᠎ᠢ ᠰᠦᠢᠳᠬᠡᠯ ᠬᠤᠷᠢᠶᠠᠬᠤ ᠥᠭᠡᠶ ᠪᠡᠷ ᠲᠠᠷᠠᠬᠠᠭᠠᠬᠤ ᠪᠡᠷ ᠪᠤᠢ᠃

✦ ᠪᠦᠬᠦ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠡᠩᠨᠡᠭᠡ᠎ᠶᠢ ᠤᠯᠠᠮ  ᠬᠦᠴᠦᠷᠬᠡᠭᠵᠢᠭᠦᠯᠬᠦ ᠎ᠶᠢᠨ ᠲᠤᠰᠠᠳᠠ᠂ ᠮᠠᠨ᠎ᠤ ᠣᠷᠣᠨ 《1 + N》 ᠨᠥᠬᠥᠵᠦ ᠡᠯᠰᠡᠬᠦ ᠠᠵᠢᠯ ᠥᠷᠨᠢᠭᠦᠯᠵᠦ᠂ 2025 ᠣᠨ᠎ᠤ 12 ᠰᠠᠷ᠎ᠠ᠎ᠶᠢᠨ 28᠎ᠤ ᠡᠳᠦᠷ᠎ᠦᠨ ᠪᠦᠬᠦ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠮᠲᠤᠷᠠᠭᠰᠠᠨ ᠰᠢᠯᠭᠠᠯᠲᠠ᠎ᠳᠤ ᠣᠷᠣᠯᠴᠠᠭᠰᠠᠨ ᠰᠢᠯᠭᠠᠭᠤᠯᠤᠭ᠍ᠴᠢ᠎ᠠᠴᠠ 628 ᠠᠵᠢᠯᠲᠠᠨ ᠨᠥᠬᠥᠵᠦ ᠡᠯᠰᠡᠬᠦ᠎ᠪᠡᠷ ᠪᠣᠢ᠃

✦ ᠤᠷᠴᠢᠮᠬᠠᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠲᠥᠪ᠎ᠡᠴᠡ 《2026 ᠣᠨ᠎ᠤ ᠠᠩᠬᠠᠨ᠎ᠤ ᠪᠦᠯᠦᠭ ᠪᠦᠬᠦ ᠤᠯᠤᠰ᠎ᠤᠨ ᠨᠠᠷᠠᠲᠤ ᠤᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ》᠎ᠢ ᠵᠠᠷᠯᠠᠨ ᠨᠡᠢᠲᠡᠯᠡᠪᠡ᠃ ᠡᠭᠦᠨ᠎ᠳᠤ ᠣᠷᠳᠣᠰ ᠬᠣᠲᠠ᠎ᠶᠢᠨ ᠲᠠᠨᠢᠯᠴᠠᠭᠤᠯᠤᠭᠰᠠᠨ 《ᠵᠡᠭᠦᠨᠭᠠᠷ᠎ᠤᠨ ᠭᠦᠵᠡᠯᠵᠡᠭᠡᠨ᠎ᠡ》᠂ 《ᠳᠠᠯᠠᠳ᠎ᠤᠨ ᠦᠬᠡᠷ᠎ᠦᠨ ᠮᠢᠬ᠎ᠠ》 ᠨᠡᠷᠡᠰ᠎ᠲᠦ ᠪᠠᠭᠲᠠᠵᠤ᠂ ᠣᠷᠳᠣᠰ ᠬᠣᠲᠠ᠎ᠶᠢᠨ 《ᠪᠥᠬᠥ ᠤᠯᠤᠰ᠎ᠤᠨ ᠨᠠᠷᠠᠲᠤ ᠤᠨᠴᠠ ᠰᠢᠯᠢᠳᠡᠭ ᠰᠢᠨ᠎ᠡ ᠲᠠᠷᠢᠶᠠᠯᠠᠩ᠎ᠤᠨ ᠪᠦᠲᠦᠭᠡᠭᠳᠡᠬᠦᠨ》᠎ᠤ ᠶᠡᠷᠦᠩᠬᠡᠢ ᠲᠣᠭ᠎ᠠ 90᠎ᠪᠤᠯᠪᠠ᠃

✦ 5 ᠰᠠᠷ᠎ᠠ᠎ᠶᠢᠨ 30᠎ᠤ ᠡᠳᠦᠷ᠎ᠡᠴᠡ 6 ᠰᠠᠷ᠎ᠠ᠎ᠶᠢᠨ 9᠎ᠦ ᠡᠳᠦᠷ ᠪᠣᠯᠲᠠᠯ᠎ᠠ᠂ ᠣᠷᠳᠣᠰ ᠬᠤᠲᠠ᠎ᠶᠢᠨ ᠬᠢᠨ ᠮᠠᠨ᠎ᠤ ᠤᠷᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ 《ᠵᠢᠭᠤᠯᠴᠢᠯᠠᠯ᠎ᠤᠨ ᠲᠣᠮᠣ᠌ ᠪᠡᠯᠡᠭ》 ᠬᠦᠷᠭᠡᠵᠦ᠂ A ᠳᠡᠰ᠎ᠤᠨ ᠤᠯᠠᠨ ᠦᠵᠡᠮᠵᠢ᠎ᠶᠢᠨ ᠣᠷᠣᠨ᠎ᠤ ᠠᠩᠬᠠᠨ᠎ᠤ ᠡᠭᠦᠳᠡᠨ ᠪᠢᠯᠧᠲ᠎ᠢ ᠰᠦᠢᠳᠬᠡᠯ ᠬᠤᠷᠢᠶᠠᠬᠤ ᠦᠭᠡᠢ ᠪᠥᠭᠡᠳ ᠤᠯᠠᠨ ᠬᠠᠷᠠᠭᠠᠯᠵᠠᠯ᠎ᠤᠨ ᠠᠵᠢᠯᠯᠠᠭ᠎ᠠ᠎ᠶᠠᠪᠤᠬᠳᠠᠭᠤᠯᠬᠤ ᠪᠡᠷ ᠪᠤᠯᠪᠠ᠃

✦ ᠰᠠᠭᠤᠭᠠᠯᠢ ᠲᠣᠭᠣᠷᠢᠭ᠋᠎ᠤᠨ ᠭᠠᠯ ᠰᠡᠷᠭᠡᠢᠯᠡᠵᠤ ᠭᠠᠯ ᠤᠨᠲᠠᠷᠠᠭᠠᠬᠤ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠡᠷᠡᠰ ᠰᠡᠷᠭᠡᠢᠯᠡᠵᠦ᠂ ᠰᠠᠭᠤᠭᠠᠯᠢ ᠠᠷᠠᠳ᠎ᠤᠨ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨᠬᠦ ᠪᠠᠲᠤᠯᠠᠬᠤ᠎ᠶᠢᠨ ᠲᠥᠯᠥᠭᠡ᠂ ᠡᠵᠡᠨ ᠬᠣᠷᠣᠭ᠎ᠠ ᠬᠣᠰᠢᠭᠤ ᠰᠠᠷ᠎ᠠ ᠭᠠᠷᠤᠢ ᠵᠢᠨ ᠬᠤᠭᠤᠴᠠᠭᠠᠨ᠎ᠳᠤ 201 ᠰᠠᠭᠤᠭᠠᠯᠢ ᠲᠣᠭᠣᠷᠢᠭ᠋᠎ᠤᠨ ᠭᠠᠯ ᠤᠨᠲᠠᠷᠠᠭᠠᠬᠤ ᠠᠮᠤᠷ ᠲᠦᠪᠰᠢᠨ᠎ᠦ ᠪᠠᠢᠴᠠᠭᠠᠯᠲᠠ᠎ᠶᠢ ᠳᠠᠭᠤᠰᠬᠠᠭᠠᠳ ᠠᠷᠠᠳ᠎ᠤᠨ ᠰᠡᠳᠬᠢᠯ᠎ᠢ ᠠᠮᠤᠷᠵᠢᠭᠤᠯᠪᠠ᠃


ᠠᠵᠤ ᠠᠬᠤᠢ

✦ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠦ ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠠᠷ᠂ 1 — 4 ᠰᠠᠷ᠎ᠠ᠎ᠳᠤ ᠮᠠᠨ᠎ᠦ ᠤᠯᠤᠰ᠎ᠤᠨ ᠡᠵᠡᠩᠨᠡᠯᠲᠡ᠎ᠶᠢᠨ ᠴᠢᠨᠠᠷᠲᠠᠢ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 181 ᠳ᠋ᠦᠩᠰᠢᠭᠤᠷ 7000 ᠲᠦᠮᠡᠨ ᠲᠣᠨ᠎ᠳᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 3.6% ᠪᠡᠷ ᠨᠡᠮᠡᠭᠳᠡᠪᠡ᠃

 

ᠰᠣᠶᠣᠯ

✦ 5 ᠰᠠᠷ᠎ᠠ᠎ᠶᠢᠨ 29᠎ᠤ ᠡᠳᠦᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠦ ᠤᠯᠠᠮᠵᠢᠯᠠᠯᠲᠤ ᠰᠤᠷ ᠬᠠᠷᠪᠤᠯᠲᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ᠎ᠦ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠬᠵᠢᠭᠤᠯᠬᠤ ᠵᠢᠨ ᠲᠥᠯᠥᠭᠡ᠂ ᠬᠥᠪᠡᠭᠡᠲᠦ ᠰᠢᠷ᠎ᠠ ᠬᠣᠰᠢᠭᠤ ᠠᠩᠬᠠᠳᠤᠭᠠᠷ ᠬᠤᠭᠤᠴᠠᠭᠠᠨ᠎ᠤ 《ᠬᠤᠯᠪᠤᠯᠴᠠᠭ᠎ᠠ》 ᠬᠤᠨᠳᠠᠭᠠᠳᠤ ᠰᠤᠷ ᠬᠠᠷᠪᠤᠯᠳᠠ ᠵᠢᠨ ᠤᠷᠤᠯᠳᠤᠭᠠᠨ᠎ᠢ ᠶᠠᠪᠤᠬᠳᠠᠭᠤᠯᠪᠠ᠃

✦ 5 ᠰᠠᠷ᠎ᠠ᠎ᠶᠢᠨ 29᠎ᠤ ᠡᠳᠦᠷ᠂ ᠤᠯᠠᠭᠠᠨᠬᠠᠳᠠ ᠶᠡᠬᠡ ᠰᠤᠷᠭᠠᠭᠤᠯᠢ᠎ᠶᠢᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠎ᠶᠢᠨ 2026 ᠣᠨ᠎ᠤ ᠲᠡᠭᠦᠰᠬᠦ ᠣᠶᠤᠲᠠᠳ᠎ᠤᠨ ᠪᠦᠲᠦᠭᠡᠯ᠎ᠦᠨ ᠦᠵᠡᠰᠬᠦᠯᠡᠩ ᠵᠢᠴᠢ ᠲᠡᠭᠦᠰᠬᠦ ᠤᠶᠤᠲᠠᠳ ᠵᠢᠡᠨ ᠳᠡᠪᠰᠢᠭᠦᠯᠦᠨ ᠲᠠᠨᠢᠯᠴᠠᠭᠤᠯᠬᠤ ᠬᠤᠷᠠᠯ ᠤᠯᠠᠭᠠᠠᠬᠠᠳᠠ ᠶᠡᠬᠡ ᠰᠤᠷᠭᠠᠭᠤᠯᠢ᠎ᠳᠤ ᠶᠠᠪᠤᠭᠳᠠᠪᠠ᠃

✦ 5  ᠰᠠᠷ᠎ᠠ ᠎ᠶᠢᠨ  29 ᠎ᠦ ᠡᠳᠦᠷ᠂  ᠬᠠᠢᠯᠠᠷ   ᠬᠤᠳᠠ   ᠵᠢᠨ  ᠬᠥᠯᠥᠨ ᠪᠠᠭ᠎ᠠ ᠰᠤᠷᠭᠠᠭᠤᠯᠢ᠎ᠶᠢᠨ 2026 ᠣᠨ᠎ᠤ 《ᠨᠠᠮ᠎ᠤᠨ ᠲᠤᠶᠠᠭᠠᠷᠠᠯ ᠲᠠᠢ ᠵᠠᠭᠤᠨ᠎ᠤ ᠬᠥᠯᠥᠨ·ᠨᠠᠷᠠᠯᠠᠭ ᠬᠥᠮᠦᠵᠢᠯ᠎ᠲᠠᠢ ᠰᠤᠷᠭᠠᠭᠤᠯᠢ᠎ᠶᠢᠨ ᠬᠦᠷᠢᠶ᠎ᠡ》 ᠭᠡᠬᠦ ᠰᠡᠳᠤᠪᠳᠤ 《 6·1》᠎ᠤ ᠳᠡᠯᠡᠬᠡᠢ᠎ᠶᠢᠨ ᠬᠡᠦᠬᠡᠳ᠎ᠦᠨ ᠪᠠᠶᠠᠷ᠎ᠢ ᠪᠡᠯᠭᠡᠯᠡᠬᠦ ᠰᠤᠷᠭᠠᠭᠤᠯᠢ᠎ᠶᠢᠨ ᠬᠦᠷᠢᠶᠡᠨ᠎ᠦ ᠨᠠᠭᠠᠳᠤᠮ᠎ᠤᠨ ᠤᠷᠠᠨ ᠰᠠᠢᠬᠠᠨ᠎ᠤ ᠲᠣᠭᠯᠠᠯᠲᠠ ᠶᠠᠪᠤᠭᠳᠠᠪᠠ᠃


ᠲᠠᠮᠢᠷ

✦ 5 ᠰᠠᠷ᠎ᠠ ᠵᠢᠨ 27᠎ᠤ ᠡᠳᠦᠷ᠂ ᠵᠠᠷᠤᠳ ᠬᠣᠰᠢᠭᠤᠨ᠎ᠤ ᠠᠷᠤ ᠬᠥᠨᠳᠡᠯᠡᠨ ᠪᠠᠯᠭᠠᠰᠤ᠎ᠶᠢᠨ ᠵᠠᠯᠠᠭᠤ ᠤᠶᠠᠭᠠᠴᠢᠳ ᠮᠤᠷᠢᠨ ᠰᠣᠷᠢᠭᠠᠨ ᠨᠠᠢᠷ ᠡᠷᠬᠢᠯᠡᠨ ᠶᠠᠪᠤᠭᠳᠠᠭᠤᠯᠵᠤ ᠨᠠᠭᠠᠳᠤᠮᠴᠢᠨ ᠤᠯᠠᠨ᠎ᠢᠶᠠᠨ ᠪᠠᠶᠠᠰᠬᠠᠯ᠎ᠠ᠃ ᠡᠭᠦᠨ᠎ᠳᠦ ᠳᠠᠭ᠎ᠠ᠂ ᠦᠷᠢᠶ᠎ᠡ ᠮᠣᠷᠢ᠂ ᠬᠤᠷᠳᠤᠨ ᠮᠣᠷᠢ᠂ ᠬᠠᠳᠠᠷᠢᠶ᠎ᠠ ᠵᠢᠷᠤᠭ᠎ᠠ ᠮᠣᠷᠢ ᠵᠡᠷᠭᠡ 7 ᠲᠥᠷᠥᠯ᠎ᠦᠨ ᠤᠷᠤᠯᠲᠣᠭᠠᠨ ᠲᠣᠬᠢᠷᠠᠭᠤᠯᠵᠤ᠂ ᠬᠣᠯᠠ ᠣᠢᠷ᠎ᠠ ᠠᠢᠮᠠᠭ ᠬᠣᠲᠠ ᠬᠣᠰᠢᠭᠤ ᠵᠢᠨ 50 ᠭᠠᠷᠤᠢ ᠤᠶᠠᠭᠠᠴᠢ ᠰᠢᠨᠳᠠᠰᠤᠲᠤ ᠬᠥᠯᠦᠭ᠎ᠢᠶᠡᠨ ᠰᠣᠷᠢᠵᠠᠢ᠃


ᠳᠡᠯᠡᠬᠡᠢ

✦ ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠤᠢᠷ᠎ᠠ᠎ᠳᠤ ᠣᠷᠣᠰ ᠪᠣᠯᠣᠨ ᠺᠠᠽᠠᠭᠰᠲ᠋ᠠᠨ ᠴᠥᠮ᠎ᠡ᠎ᠶᠢᠨ ᠴᠠᠬᠢᠯᠭᠠᠨ ᠥᠷᠲᠡᠭᠡ᠎ᠶᠢ ᠬᠠᠮᠲᠤ᠎ᠪᠠᠷ ᠪᠠᠶ᠋ᠢᠭᠤᠯᠬᠤ ᠬᠡᠯᠡᠯᠴᠡᠭᠡᠷ᠎ᠲᠦ ᠭᠠᠷ᠎ᠤᠨ ᠦᠰᠦᠭ ᠵᠢᠷᠤᠪᠠ᠃

 

ᠦᠢ᠍ᠯᠡᠴᠢᠯᠡᠭᠡ

✦ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠢᠳᠠᠳ ᠮᠤᠩᠭᠤᠯ ᠡᠮ ᠡᠮᠨᠡᠯᠭᠡ ᠵᠢᠨ ᠰᠤᠳᠤᠯᠭᠠᠨ᠎ᠤ ᠬᠦᠷᠢᠶᠡᠯᠡᠩ ᠠᠵᠢᠯᠳᠠᠨ ᠡᠯᠰᠡᠵᠤ ᠪᠤᠢ᠃ 

✦ ᠤᠢᠷ᠎ᠠ᠎ᠳᠤ ᠥᠪᠥᠷ ᠮᠣᠩᠭᠣᠯ᠎ᠤᠨ ᠮᠦᠽᠧᠢ᠎ᠶᠢᠨ ᠬᠢᠨ ᠮᠡᠳᠡᠭᠳᠡᠯ ᠨᠡᠢᠲᠡᠯᠡᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ᠎ᠤᠨ ᠠᠮᠠᠷᠠᠯᠲᠠ᠎ᠶᠢᠨ ᠬᠤᠭᠤᠴᠠᠭᠠᠨ᠎ᠳᠡᠬᠢ ᠭᠠᠷᠠᠭ᠎ᠤᠨ ᠨᠢᠭᠡᠨ᠎ᠳᠦ ᠡᠭᠦᠳᠡ᠎ᠪᠠᠨ ᠬᠠᠭᠠᠬᠤ ᠦᠭᠡᠢ ᠮᠥᠷᠲᠡᠭᠡᠨ 5 ᠰᠠᠷ᠎ᠠ᠎ᠶᠢᠨ 30 — 6 ᠰᠠᠷ᠎ᠠ᠎ᠶᠢᠨ 3᠎ᠤ ᠡᠳᠦᠷ᠎ᠤᠨ ᠡᠵᠡᠩᠨᠡᠯᠲᠡ᠎ᠶᠢᠨ ᠴᠠᠭ᠎ᠢᠶᠠᠨ 18᠄ 00 ᠴᠠᠭ ᠪᠣᠯᠲᠠᠯ᠎ᠠ ᠤᠷᠲᠤᠳᠬᠠᠨ᠎ᠠ ᠭᠡᠪᠡ᠃


ᠲᠠᠨ᠎ᠤ ᠲᠤᠰᠠ᠎ᠳᠤ 

✦ ᠬᠡᠷᠬᠢᠨ ᠨᠠᠷᠠᠰᠢᠬᠤ ᠡᠴᠡ ᠰᠡᠷᠭᠡᠢᠯᠡᠬᠦ ᠪᠤᠢ?

1. ᠦᠳᠡ ᠳᠤᠮᠳᠠ ᠵᠢᠨ ᠬᠠᠯᠠᠭᠤᠨ ᠵᠢᠡᠷ  ᠭᠠᠳᠠᠬᠰᠢ  ᠭᠠᠷᠬᠤ  ᠪᠡᠨ ᠪᠠᠭᠠᠰᠬᠠᠨ᠎ᠠ᠃

2. ᠨᠠᠷᠠᠨ ᠡᠴᠡ  ᠬᠠᠯᠬᠠᠯᠠᠬᠤ  ᠮᠠᠯᠠᠭᠠᠢ᠂ ᠨᠢᠳᠤᠨ ᠰᠢᠯ ᠪᠤᠶᠦ ᠰᠢᠬᠦᠷ ᠬᠡᠷᠡᠭᠯᠡᠨ᠎ᠡ᠃

3. ᠴᠠᠭ  ᠦᠷᠭᠦᠯᠵᠢ  ᠤᠰᠤ  ᠨᠦᠬᠦᠪᠤᠷᠢᠯᠡᠵᠤ᠂  ᠭᠠᠳᠠᠬᠰᠢ  ᠭᠠᠷᠪᠠᠯ ᠯᠤᠩᠬᠤᠨ᠎ᠳᠤ ᠪᠦᠯᠢᠶᠡᠨ ᠤᠰᠤ ᠠᠪᠴᠤ ᠶᠠᠪᠤᠪᠠᠯ ᠵᠤᠬᠢᠨ᠎ᠠ᠃

ᠵᠠᠯᠭᠠᠭᠠᠳ 《ᠠᠳᠤᠭᠤᠴᠢᠨ᠎ᠤ ᠬᠡᠢᠮᠤᠷᠢ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

ᠬᠤᠪᠢᠶᠠᠯᠴᠠᠬᠤ᠄
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6635435 ᠢᠮᠧᠯ᠄mgyxw@163.com   蒙ICP备10000005号